ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠲᠦᠩᠯᠢᠶᠣᠣ ᠬᠣᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠬᠣᠷᠴᠢᠨ ᠪᠡᠶ᠎ᠡ ᠵᠢᠨ ᠲᠠᠮᠢᠷ᠎ᠤᠨ ᠶᠡᠬᠡ ᠬᠤᠷᠠᠯ᠎ᠤᠨ ᠰᠠᠭᠰᠤᠨ ᠪᠥᠮᠪᠥᠭᠡ ᠵᠢᠨ ᠤᠷᠤᠯᠳᠤᠭ᠋ᠠᠨ ᠥᠨᠳᠥᠷᠯᠡᠪᠡ
ᠨᠡᠶ᠋ᠢᠲᠡᠯᠡᠭᠰᠡᠨ ᠴᠠᠭ᠄ 2022-06-29

 

    6 ᠰᠠᠷ᠎ᠠ ᠵᠢᠨ 26᠎ᠤ ᠡᠳᠦᠷ᠂ ᠲᠦᠩᠯᠢᠶᠣᠣ ᠬᠣᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠬᠣᠷᠴᠢᠨ ᠪᠡᠶ᠎ᠡ ᠵᠢᠨ ᠲᠠᠮᠢᠷ᠎ᠤᠨ ᠶᠡᠬᠡ ᠬᠤᠷᠠᠯ᠎ᠤᠨ ᠰᠠᠭᠰᠤᠨ ᠪᠥᠮᠪᠥᠭᠡ ᠵᠢᠨ ᠤᠷᠤᠯᠳᠤᠭ᠋ᠠᠨ ᠯᠢᠶᠣᠤ ᠾᠧ ᠴᠡᠴᠡᠷᠯᠢᠭ᠎ᠲᠤ ᠥᠨᠳᠥᠷᠯᠡᠪᠡ᠃
    ᠲᠤᠰ ᠤᠳᠠᠭ᠋ᠠᠨ᠎ᠤ ᠤᠷᠤᠯᠳᠤᠭ᠋ᠠᠨ᠎ᠳᠤ ᠪᠦᠬᠦ ᠬᠣᠲᠠ ᠵᠢᠨ 23 ᠪᠠᠭ᠎ᠤᠨ 300 ᠭᠠᠷᠤᠢ ᠲᠠᠮᠢᠷᠴᠢᠨ ᠤᠷᠤᠯᠳᠤᠭ᠋ᠠᠨ᠎ᠳᠤ ᠣᠷᠣᠯᠴᠠᠵᠤ᠂ 7 ᠡᠳᠦᠷ᠎ᠤᠨ ᠵᠠᠭᠤ ᠭᠠᠷᠤᠢ ᠤᠳᠠᠭ᠋ᠠᠨ᠎ᠤ ᠰᠢᠷᠦᠭᠦᠨ ᠤᠷᠤᠯᠳᠤᠭ᠋ᠠᠨ ᠵᠶ᠋ᠠᠷ ᠳᠡᠮᠵᠢᠨ᠂ ᠲᠦᠩᠯᠢᠶᠣᠣ ᠵᠢᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠪᠠᠭ᠂ ᠲᠦᠩᠯᠢᠶᠣᠣ ᠵᠢᠨ ᠰᠢᠨ᠎ᠡ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠪᠠᠭ᠂ ᠲᠦᠩᠯᠢᠶᠣᠣ ᠬᠣᠲᠠ ᠵᠢᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠪᠠᠭ ᠲᠣᠰ ᠲᠣᠰ ᠲᠡᠷᠢᠭᠦᠨ᠂ ᠲᠡᠳ᠋᠂ ᠭᠤᠲᠠᠭ᠋ᠠᠷ᠎ᠲᠤ ᠲᠤᠳᠤᠷᠠᠪᠠ᠃
    ᠲᠣᠰ ᠤᠳᠠᠭ᠋ᠠᠨ᠎ᠤ ᠤᠷᠤᠯᠳᠤᠭ᠋ᠠᠨ᠎ᠨᠢ ᠲᠦᠩᠯᠢᠶᠣᠣ ᠵᠢᠨ ᠰᠠᠭᠰᠤᠨ ᠪᠥᠮᠪᠥᠭᠡᠨ᠎ᠳᠤ ᠪᠠᠬᠠᠲᠠᠢ ᠬᠥᠮᠥᠰ᠎ᠲᠤ ᠮᠠᠰᠢ ᠰᠠᠢ᠌ᠨ ᠲᠠᠪᠴᠠᠩ ᠪᠠᠢ᠌ᠭᠤᠯᠵᠤ ᠥᠭᠭᠦᠭᠰᠡᠨ ᠵᠶ᠋ᠡᠷ ᠪᠠᠷᠠᠬᠤ ᠦᠭᠡᠢ᠂ ᠪᠠᠰᠠ ᠲᠦᠩᠯᠢᠶᠣᠣ ᠬᠣᠲᠠ ᠵᠢᠨ ᠰᠠᠭᠰᠤᠨ ᠪᠥᠮᠪᠥᠭᠡ ᠵᠢᠨ ᠬᠥᠳᠡᠯᠭᠡᠭᠡᠨ᠎ᠤ ᠲᠦᠭᠡᠮᠡᠯᠵᠢᠯᠲᠡ ᠪᠠ ᠬᠢᠷᠢ ᠲᠦᠪᠰᠢᠨ᠎ᠤ ᠳᠡᠭᠡᠭᠰᠢᠯᠡᠯᠲᠡ ᠵᠢ ᠪᠦᠲᠦᠮᠵᠢᠲᠡᠶ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠨ᠂ ᠣᠯᠠᠨ ᠲᠦᠮᠡᠨ᠎ᠤ ᠠᠵᠢᠯ᠎ᠤᠨ ᠴᠢᠯᠦᠭᠡᠨ᠎ᠤ ᠰᠣᠶᠣᠯ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠲᠦᠩᠯᠢᠶᠤᠤ ᠬᠣᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠢ ᠥᠷᠭᠡᠨ ᠵᠶ᠋ᠡᠷ ᠥᠷᠨᠢᠭᠦᠯᠬᠦ᠎ᠳᠤ ᠬᠦᠴᠦᠨ ᠨᠡᠮᠡᠷᠢᠯᠡᠭᠰᠡᠨ ᠪᠠᠢ᠌ᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠬᠣᠷᠴᠢᠨ ᠪᠡᠶ᠎ᠡ ᠵᠢᠨ ᠲᠠᠮᠢᠷ᠎ᠤᠨ ᠶᠡᠬᠡ ᠬᠤᠷᠠᠯ᠎ᠤᠨ 《ᠠᠯᠪᠠᠨ ᠵᠠᠷᠤᠴᠠ ᠬᠤᠨᠳᠠᠭ᠋ᠠᠲᠤ》 ᠬᠥᠯ ᠪᠥᠮᠪᠥᠭᠡ ᠵᠢᠨ ᠤᠷᠤᠯᠳᠤᠭ᠋ᠠᠨ ᠡᠬᠢᠯᠡᠪᠡ
ᠪᠠᠶᠠᠠᠳᠦ᠋ᠬᠦᠮ ᠭᠠᠴᠠᠭ᠋ᠠᠨ᠎ᠤ ᠪᠠᠶᠠᠰᠤᠯᠲᠤ ᠨᠠᠭ᠋ᠠᠲᠤᠮ
《ᠤᠷᠤᠭᠰᠢᠯᠠᠭ᠋ᠠᠷᠠᠢ · ᠪᠠᠭ᠋ᠠᠴᠤᠳ ᠮᠢᠨᠢ》 ᠬᠥᠯ ᠪᠥᠮᠪᠥᠭᠡ ᠵᠢᠨ ᠵᠤᠰᠠᠯᠠᠩ ᠬᠥᠭᠵᠢᠶᠡᠨ᠎ᠲᠠᠢ ᠶᠠᠪᠤᠭᠳᠠᠵᠤ ᠪᠠᠢ᠌ᠨ᠎ᠠ
《ᠤᠷᠤᠭᠰᠢᠯᠠᠭ᠋ᠠᠷᠠᠢ · ᠪᠠᠭ᠋ᠠᠴᠤᠳ ᠮᠢᠨᠢ》 ᠪᠠᠶᠠᠨᠨᠠᠭᠤᠷ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠦᠨᠳᠦ ᠬᠥᠩᠭᠡᠨ ᠲᠠᠮᠢᠷ᠎ᠤᠨ ᠴᠤᠭᠯᠠᠭ᠋ᠠᠨ ᠶᠠᠪᠤᠭᠳᠠᠪᠠ
ᠣᠷᠳᠣᠰ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠫᠢᠩᠫᠠᠩ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
 
            