ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
《ᠤᠷᠤᠭᠰᠢᠯᠠᠭ᠋ᠠᠷᠠᠢ · ᠪᠠᠭ᠋ᠠᠴᠤᠳ ᠮᠢᠨᠢ》 ᠪᠠᠶᠠᠨᠨᠠᠭᠤᠷ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠦᠨᠳᠦ ᠬᠥᠩᠭᠡᠨ ᠲᠠᠮᠢᠷ᠎ᠤᠨ ᠴᠤᠭᠯᠠᠭ᠋ᠠᠨ ᠶᠠᠪᠤᠭᠳᠠᠪᠠ
ᠨᠡᠶ᠋ᠢᠲᠡᠯᠡᠭᠰᠡᠨ ᠴᠠᠭ᠄ 2022-07-06

    7 ᠰᠠᠷ᠎ᠠ ᠵᠢᠨ 1᠎ᠤ ᠡᠳᠦᠷ᠎ᠠᠴᠠ 4᠎ᠤ ᠡᠳᠦᠷ ᠪᠣᠯᠲᠠᠯ᠎ᠠ᠂ 《ᠤᠷᠤᠭᠰᠢᠯᠠᠭ᠋ᠠᠷᠠᠢ · ᠪᠠᠭ᠋ᠠᠴᠤᠳ ᠮᠢᠨᠢ》 2022 ᠣᠨ᠎ᠤ 《ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭ᠋ᠠᠳᠦ》 ᠪᠠᠶᠠᠨᠨᠠᠭᠤᠷ ᠬᠣᠲᠠ ᠵᠢᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠦᠨᠳᠦ ᠬᠥᠩᠭᠡᠨ ᠲᠠᠮᠢᠷ᠎ᠤᠨ ᠴᠤᠭᠯᠠᠭ᠋ᠠᠨ ᠪᠠᠶᠠᠨᠨᠠᠭᠤᠷ ᠬᠣᠲᠠ ᠵᠢᠨ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠳᠤ ᠶᠠᠪᠤᠭᠳᠠᠪᠠ᠃


    ᠲᠠᠮᠢᠷ᠎ᠤᠨ ᠴᠤᠭᠯᠠᠭ᠋ᠠᠨ᠎ᠳᠤ ᠨᠡᠶ᠋ᠢᠲᠡ 25 ᠲᠥᠯᠥᠭᠡᠯᠡᠭᠴᠢᠳ᠎ᠤᠨ ᠪᠠᠭ᠎ᠤᠨ 602 ᠲᠠᠮᠢᠷᠴᠢᠨ ᠣᠷᠣᠯᠴᠠᠵᠤ᠂ ᠪᠠᠭ᠎ᠠ ᠰᠤᠷᠭ᠋ᠠᠭᠤᠯᠢ ᠵᠢᠨ ᠳᠤᠭᠤᠢ᠌ᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠢ᠌ᠯᠠᠩ᠂ ᠠᠵᠢᠯ ᠮᠡᠷᠭᠡᠵᠢᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠢ᠌ᠯᠠᠩ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠢ᠌ᠯᠠᠩ ᠵᠡᠷᠭᠡ ᠨᠡᠶ᠋ᠢᠲᠡ 127 ᠤᠷᠤᠯᠳᠤᠭ᠋ᠠᠨ᠎ᠤ ᠵᠦᠢ᠍ᠯ᠎ᠢ ᠲᠤᠬᠢᠷᠠᠭᠤᠯᠪᠠ᠃


    ᠬᠤᠷᠴᠠ ᠰᠢᠷᠦᠭᠦᠨ ᠥᠷᠢᠰᠦᠯᠳᠦᠭᠡᠨ ᠵᠶ᠋ᠡᠷ ᠳᠠᠮᠵᠢᠨ᠂ 2022 ᠣᠨ᠎ᠤ 《ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭ᠋ᠠᠲᠤ》 ᠪᠠᠶᠠᠨᠨᠠᠭᠤᠷ ᠬᠤᠲᠠ ᠵᠢᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠦᠨᠳᠦ ᠬᠥᠩᠭᠡᠨ ᠲᠠᠮᠢᠷ᠎ᠤᠨ ᠴᠤᠭᠯᠠᠭ᠋ᠠᠨ᠎ᠤ ᠡᠯ᠎ᠡ ᠲᠦᠷᠦᠯ ᠵᠦᠢ᠍ᠯ᠎ᠤᠨ ᠨᠡᠷᠡᠰ᠎ᠤᠨ ᠳᠠᠷᠠᠭ᠋ᠠᠯᠠᠯ᠎ᠢ ᠨᠡᠢ᠌ᠲᠡᠯᠡᠵᠦ᠂ ᠲᠤᠬᠠᠢ ᠵᠢᠨ ᠲᠠᠯᠠᠪᠠᠢ᠎ᠳᠤ ᠬᠥᠬᠢᠭᠦᠯᠦᠨ ᠰᠠᠢ᠌ᠰᠢᠶᠠᠭᠰᠠᠨ ᠪᠥᠭᠡᠳ ᠱᠠᠩᠨᠠᠯ ᠬᠦᠷᠲᠡᠭᠰᠡᠳ᠎ᠤᠨ ᠪᠦᠯᠬᠦᠮ ᠪᠣᠯᠣᠨ ᠰᠢᠯᠢᠳᠡᠭ ᠳᠠᠰᠬᠠᠯᠵᠢᠭᠤᠯᠤᠭᠴᠢ᠂ ᠬᠢᠨᠠᠭᠴᠢ᠎ᠳᠤ ᠱᠠᠩᠨᠠᠯ ᠭᠠᠷᠳᠠᠭᠤᠯᠵᠠᠢ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠫᠢᠩᠫᠠᠩ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
ᠨᠠᠢ᠍ᠮᠠᠨ ᠬᠤᠰᠢᠭᠤᠨ᠎ᠤ ᠫᠢᠩᠫᠠᠩ ᠪᠥᠮᠪᠦᠭᠡ ᠵᠢᠨ ᠨᠡᠶ᠋ᠢᠭᠡᠮᠯᠢᠭ᠎ᠤᠨ ᠲᠥᠯᠥᠭᠡᠯᠡᠭᠴᠢᠳ᠎ᠤᠨ ᠡᠷᠡᠭᠲᠡᠶ᠋ᠢᠴᠤᠳ᠎ᠤᠨ ᠪᠦᠯᠬᠦᠮ ᠲᠦᠩᠯᠢᠶᠣᠤ ᠬᠤᠲᠠ ᠵᠢᠨ ᠠᠩᠬᠠᠳᠤᠭ᠋ᠠᠷ ᠬᠤᠭᠤᠴᠠᠭ᠋ᠠᠨ᠎ᠤ 《ᠫᠢᠩᠫᠠᠩ ᠪᠥᠮᠪᠦᠭᠡ ᠵᠢᠨ ᠨᠡᠶ᠋ᠢᠭᠡᠮᠯᠢᠭ ᠬᠤᠨᠳᠠᠭ᠋ᠠᠲᠤ》 ᠫᠢᠩᠫᠠᠩ ᠪᠥᠮᠪᠦᠭᠡ ᠵᠢᠨ ᠲᠣᠭᠤᠷᠢᠨ ᠦᠵᠡᠬᠦ ᠤᠷᠤᠯᠳᠤᠭ᠋ᠠᠨ᠎ᠤ ᠶᠡᠷᠦᠩᠬᠡᠶ ᠮᠠᠩᠯᠠᠶ ᠪᠣᠯᠪᠠ
2022 ᠤᠨ᠎ᠤ ᠬᠦᠬᠡᠬᠤᠳᠠ ᠵᠢᠨ ᠲᠡᠭᠡᠰᠦ ᠦᠰᠦᠷᠬᠦ ᠢᠯᠠ ᠤᠷᠤᠯᠳᠤᠭ᠋ᠠᠨ ᠶᠠᠪᠤᠭᠳᠠᠪᠠ
ᠲᠦᠩᠯᠢᠶᠣᠣ ᠬᠣᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠬᠣᠷᠴᠢᠨ᠎ᠤ ᠪᠡᠶ᠎ᠡ ᠵᠢᠨ ᠲᠠᠮᠢᠷ᠎ᠤᠨ ᠶᠡᠬᠡ ᠬᠤᠷᠠᠯ᠎ᠤᠨ ᠦᠱ᠌ᠦ ᠵᠢᠨ ᠤᠷᠤᠯᠳᠤᠭ᠋ᠠᠨ ᠥᠨᠳᠥᠷᠯᠡᠪᠡ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭ᠋ᠠᠲᠤ》 ᠵᠠᠯᠠᠭᠤᠴᠤᠳ ᠪᠠᠭ᠋ᠠᠴᠤᠳ (ᠳᠤᠮᠳᠠᠳᠤ ᠰᠤᠷᠭ᠋ᠠᠭᠤᠯᠢ ᠵᠢᠨ ᠰᠣᠷᠣᠭᠴᠢ)᠎ᠤᠨ ᠫᠢᠩᠫᠠᠩ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
 
            