
7 ᠰᠠᠷ᠎ᠠ ᠵᠢᠨ 29᠎ᠤ ᠡᠳᠦᠷ᠂ ᠲᠦᠩᠯᠢᠶᠣᠣ ᠵᠢᠨ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠭᠡᠮᠯᠢᠭ᠎ᠠᠴᠠ ᠭᠣᠣᠯᠯᠠᠨ ᠡᠷᠭᠢᠯᠡᠵᠦ᠂ ᠲᠦᠩᠯᠢᠶᠣᠣ ᠵᠢᠨ ᠦᠱ᠌ᠦ ᠵᠢᠨ ᠨᠡᠢ᠌ᠭᠡᠮᠯᠢᠭ᠎ᠠᠴᠠ ᠲᠠᠭ᠋ᠠᠭᠴᠢᠯᠠᠨ ᠡᠷᠭᠢᠯᠡᠵᠦ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠦᠱ᠌ᠦ ᠵᠢᠨ ᠨᠡᠢ᠌ᠭᠡᠮᠯᠢᠭ᠎ᠠᠴᠠ ᠬᠠᠮᠵᠢᠨ ᠡᠷᠭᠢᠯᠡᠭᠰᠡᠨ ᠲᠦᠩᠯᠢᠶᠣᠣ ᠬᠣᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠬᠣᠷᠴᠢᠨ᠎ᠤ ᠪᠡᠶ᠎ᠡ ᠵᠢᠨ ᠲᠠᠮᠢᠷ᠎ᠤᠨ ᠶᠡᠬᠡ ᠬᠤᠷᠠᠯ᠎ᠤᠨ ᠦᠱ᠌ᠦ ᠵᠢᠨ ᠤᠷᠤᠯᠳᠤᠭ᠋ᠠᠨ ᠲᠦᠩᠯᠢᠶᠣᠣ ᠵᠢᠨ ᠲᠡᠮᠦᠷ ᠵᠠᠮ᠎ᠤᠨ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠣᠷᠳᠣᠨ᠎ᠳᠤ ᠠᠮᠵᠢᠯᠲᠠ᠎ᠲᠠᠢ ᠥᠨᠳᠥᠷᠯᠡᠪᠡ᠃ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠠᠴᠠ ᠢᠷᠡᠭᠰᠡᠨ 32 ᠠᠩᠭᠢ᠂ 420 ᠭᠠᠷᠤᠢ ᠬᠥᠮᠥᠨ ᠤᠷᠤᠯᠳᠤᠭ᠋ᠠᠨ᠎ᠳᠤ ᠣᠷᠣᠯᠴᠠᠵᠠᠢ᠃

