
7 ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ᠂ ᠦᠬᠠᠢ ᠬᠣᠲᠠ ᠵᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠦᠬᠠᠢ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠳᠠᠭ᠋ᠠᠭ᠋ᠠᠴᠢᠯᠠᠨ ᠡᠷᠭᠢᠯᠡᠭᠰᠡᠨ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭ᠋ᠠᠲᠤ》 ᠵᠠᠯᠠᠭᠤᠴᠤᠳ ᠪᠠᠭ᠋ᠠᠴᠤᠳ (ᠳᠤᠮᠳᠠᠳᠤ ᠰᠤᠷᠭ᠋ᠠᠭᠤᠯᠢ ᠵᠢᠨ ᠰᠣᠷᠣᠭᠴᠢ)᠎ᠤᠨ ᠫᠢᠩᠫᠠᠩ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠦᠬᠠᠢ ᠬᠣᠲᠠ᠎ᠳᠤ ᠡᠬᠢᠯᠡᠪᠡ᠃
ᠲᠤᠰ ᠤᠳᠠᠭ᠋ᠠᠨ᠎ᠤ ᠤᠷᠤᠯᠳᠤᠭ᠋ᠠᠨ᠎ᠨᠢ 5 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠦ᠂ ᠬᠥᠬᠡ᠂ ᠬᠥᠬᠡᠭᠴᠢᠨ ᠳᠤᠭᠤᠢ᠌ᠯᠠᠩ᠎ᠤᠨ 2 ᠳᠤᠭᠤᠢ᠌ᠯᠠᠩ ᠬᠤᠪᠢᠶᠠᠵᠦ᠂ ᠳ᠋ᠠᠩ ᠵᠶ᠋ᠠᠷ ᠴᠣᠬᠢᠬᠤ᠂ ᠬᠣᠣᠰᠯᠠᠨ ᠴᠣᠬᠢᠬᠤ᠂ ᠪᠠᠭ᠎ᠤᠨ ᠤᠷᠤᠯᠳᠤᠭ᠋ᠠᠨ᠂ ᠡᠷᠡᠭᠳᠡᠢ ᠡᠮᠡᠭᠳᠡᠢ ᠬᠣᠣᠰᠯᠠᠨ ᠴᠣᠬᠢᠬᠤ ᠵᠡᠷᠭᠡ 4 ᠵᠦᠢ᠍ᠯ᠎ᠤᠨ ᠤᠷᠤᠯᠳᠤᠭ᠋ᠠᠨ ᠲᠤᠬᠢᠷᠠᠭᠤᠯᠵᠦ᠂ ᠪᠥᠬᠥ ᠣᠷᠣᠨ ᠤ 9 ᠠᠢ᠌ᠮᠠᠭ ᠬᠣᠲᠠ ᠵᠢᠨ 230 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃

