7 ᠰᠠᠷ᠎ᠠ ᠵᠢᠨ 30᠎ᠤ ᠡᠳᠦᠷ᠂ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭ᠋ᠠᠲᠤ》 ᠵᠠᠯᠠᠭᠤᠴᠤᠳ ᠪᠠᠭ᠋ᠠᠴᠤᠳ (ᠳᠤᠮᠳᠠᠳᠤ ᠰᠤᠷᠭ᠋ᠠᠭᠤᠯᠢ ᠵᠢᠨ ᠰᠣᠷᠣᠭᠴᠢ)᠎ᠤᠨ ᠨᠢᠳᠤᠷᠭ᠋ᠠᠨ ᠡᠷᠳᠡᠮ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠥᠪ᠎ᠤᠨ ᠫᠢᠩᠫᠠᠩ ᠪᠥᠮᠪᠥᠭᠡ ᠵᠢᠨ ᠣᠷᠳᠣᠨ᠎ᠳᠤ ᠥᠨᠳᠥᠷᠯᠡᠪᠡ᠃

ᠲᠣᠰ ᠤᠳᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠤᠷᠤᠯᠳᠤᠭ᠋ᠠᠨ᠎ᠳᠤ ᠬᠥᠬᠡ᠂ ᠬᠥᠬᠡᠭᠴᠢᠨ ᠬᠣᠶᠠᠷ ᠳᠤᠭᠤᠢ᠌ᠯᠠᠩ ᠬᠤᠪᠢᠶᠠᠨ᠂ ᠪᠥᠬᠥ ᠣᠷᠣᠨ᠎ᠤ ᠡᠯ᠎ᠡ ᠠᠢ᠌ᠮᠠᠭ ᠬᠣᠲᠠ ᠵᠢᠨ 9 ᠲᠥᠯᠥᠭᠡᠯᠡᠭᠴᠢᠳ᠎ᠤᠨ ᠠᠩᠭᠢ ᠵᠢᠨ 120 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠤ᠂ ᠬᠣᠶᠠᠷ ᠡᠳᠦᠷ᠎ᠤᠨ ᠰᠢᠷᠦᠭᠦᠨ ᠥᠷᠢᠰᠦᠯᠳᠦᠭᠡᠨ ᠵᠶ᠋ᠡᠷ ᠳᠡᠮᠵᠢᠨ᠂ ᠨᠡᠶ᠋ᠢᠲᠡ 19 ᠠᠯᠲᠠᠨ ᠮᠧᠳᠠᠯ ᠬᠦᠷᠳᠡᠭᠰᠡᠳ ᠲᠤᠳᠤᠷᠠᠭᠰᠠᠨ ᠪᠠᠢ᠌ᠨ᠎ᠡ᠃


