ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
2022 ᠪᠤᠭᠤᠲᠤ ᠵᠢᠨ ᠠᠩᠬᠠᠳᠤᠭ᠋ᠠᠷ ᠬᠤᠭᠤᠴᠠᠭ᠋ᠠᠨ᠎ᠤ ᠮᠣᠷᠢᠨ ᠪᠥᠮᠪᠥᠭᠡ ᠵᠢᠨ ᠢᠯᠡ ᠤᠷᠤᠯᠳᠤᠭ᠋ᠠᠨ ᠡᠷᠬᠢᠯᠡᠪᠡ
ᠨᠡᠶ᠋ᠢᠲᠡᠯᠡᠭᠰᠡᠨ ᠴᠠᠭ᠄ 2022-09-20

    9 ᠰᠠᠷ᠎ᠠ ᠵᠢᠨ 17᠎ᠤ ᠡᠳᠦᠷ᠂ 2022 ᠣᠨ᠎ᠤ ᠪᠤᠭᠤᠲᠤ ᠵᠢᠨ ᠠᠩᠬᠠᠳᠤᠭ᠋ᠠᠷ ᠬᠤᠭᠤᠴᠠᠭ᠋ᠠᠨ᠎ᠤ ᠮᠣᠷᠢᠨ ᠪᠥᠮᠪᠥᠭᠡ ᠵᠢᠨ ᠢᠯᠡ ᠤᠷᠤᠯᠳᠤᠭ᠋ᠠᠨ᠎ᠤ ᠡᠬᠢᠯᠡᠯᠲᠡ ᠵᠢᠨ ᠶᠣᠰᠣᠯᠠᠯ ᠵᠢᠴᠢ ᠰᠢᠢ᠍ᠳᠪᠦᠷᠢᠲᠦ ᠤᠷᠤᠯᠳᠤᠭ᠋ᠠᠨ ᠵᠢᠤᠶᠤᠸᠠᠨ ᠲᠣᠭᠣᠷᠢᠭ᠎ᠤᠨ ᠪᠤᠭᠤᠲᠤ ᠵᠢᠨ ᠳᠤᠮᠳᠠᠳᠤ ᠤᠯᠤᠰ᠎ᠤᠨ ᠮᠣᠷᠢᠨ ᠦᠢ᠍ᠯᠡᠰ᠎ᠤᠨ ᠰᠠᠭᠤᠷᠢᠨ ᠭᠠᠵᠠᠷ᠎ᠲᠤ ᠶᠠᠪᠤᠠᠠᠳᠠᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠤᠷᠤᠯᠳᠤᠭ᠋ᠠᠨ᠎ᠢ ᠡᠬᠢᠯᠡᠭᠦᠯᠪᠡ᠃
    ᠪᠡᠭᠡᠵᠢᠩ᠂ ᠱᠠᠩᠬᠠᠢ᠂ ᠲᠢᠶᠠᠨᠵᠢᠨ᠂ ᠥᠪᠥᠷ ᠮᠣᠩᠭᠣᠯ᠎ᠠᠴᠠ ᠢᠷᠡᠭᠰᠡᠨ ᠳᠥᠷᠪᠡᠨ ᠲᠥᠯᠥᠭᠡᠯᠡᠭᠴᠢᠳ᠎ᠤᠨ   ᠪᠠᠭ᠎ᠤᠨ ᠲᠠᠮᠢᠷᠴᠢᠨ ᠲᠣᠰ ᠤᠳᠠᠭ᠋ᠠᠨ᠎ᠤ ᠢᠯᠡ ᠤᠷᠤᠯᠳᠤᠭ᠋ᠠᠨ᠎ᠳᠤ ᠣᠷᠣᠯᠴᠠᠵᠤ᠂ ᠬᠤᠷᠴᠠ ᠰᠢᠷᠦᠭᠦᠨ ᠦᠷᠢᠰᠦᠯᠳᠦᠭᠡᠨ ᠵᠶ᠋ᠠᠷ ᠲᠠᠮᠵᠢᠨ᠂ ᠥᠪᠥᠷ ᠮᠣᠩᠭᠣᠯ᠎ᠤᠨ ᠪᠠᠭ 2022 ᠪᠤᠭᠤᠲᠤ ᠵᠢᠨ ᠮᠣᠷᠢᠨ ᠪᠥᠮᠪᠥᠭᠡ ᠵᠢᠨ ᠢᠯᠡ ᠤᠷᠤᠯᠳᠤᠭ᠋ᠠᠨ᠎ᠳᠤ ᠮᠠᠩᠯᠠᠢ᠌ᠯᠠᠵᠤ᠂ ᠱᠠᠩᠬᠠᠢ ᠵᠢᠨ ᠪᠠᠭ ᠬᠣᠶᠠᠳᠤᠭ᠋ᠠᠷ᠎ᠲᠤ ᠣᠷᠣᠵᠤ᠂ ᠪᠡᠭᠡᠵᠢᠩ᠎ᠤᠨ ᠪᠠᠭ ᠭᠤᠷᠪᠠᠳᠤᠭ᠋ᠠᠷ᠎ᠲᠤ ᠣᠷᠣᠵᠤ᠂ ᠲᠢᠶᠠᠨᠵᠢᠨ᠎ᠤ ᠪᠠᠭ ᠳᠥᠷᠪᠡᠳᠦᠭᠡᠷ᠎ᠲᠤ ᠣᠷᠣᠵᠠᠢ᠃
    2022 ᠪᠤᠭᠤᠲᠤ ᠵᠢᠨ ᠠᠩᠬᠠᠳᠤᠭ᠋ᠠᠷ ᠬᠤᠭᠤᠴᠠᠭ᠋ᠠᠨ᠎ᠤ ᠮᠣᠷᠢᠨ ᠪᠥᠮᠪᠥᠭᠡ ᠵᠢᠨ ᠢᠯᠡ ᠤᠷᠤᠯᠳᠤᠭ᠋ᠠᠨ᠎ᠢ ᠡᠷᠭᠢᠯᠡᠬᠦ᠎ᠪᠠᠷ ᠳᠠᠮᠵᠢᠭᠤᠯᠤᠨ᠂ ᠬᠣᠲᠠ ᠵᠢᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠬᠣᠲᠠ ᠵᠢᠨ ᠪᠡᠶ᠎ᠡ ᠵᠢᠨ ᠲᠠᠮᠢᠷ᠎ᠤᠨ ᠰᠢᠨ᠎ᠡ ᠨᠡᠷ᠎ᠡ ᠵᠢᠨ ᠬᠠᠭᠤᠳᠠᠰᠤ ᠵᠢ ᠪᠣᠶ ᠪᠣᠯᠭ᠋ᠠᠨ᠂ ᠥᠪᠥᠷ ᠮᠣᠩᠭᠣᠯ᠎ᠤᠨ ᠮᠣᠷᠢᠨ ᠪᠥᠮᠪᠥᠭᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠪᠡᠶ᠎ᠡ ᠵᠢᠨ ᠲᠠᠮᠢᠷ᠂ ᠰᠣᠶᠣᠯ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠰᠤᠷᠭ᠋ᠠᠨ ᠬᠥᠮᠦᠵᠢᠯ᠎ᠢ ᠬᠠᠷᠢᠯᠴᠠᠨ ᠬᠣᠯᠪᠣᠭᠰᠠᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠲᠠᠪᠴᠠᠩ᠎ᠢ   ᠪᠠᠢ᠌ᠭᠤᠯᠬᠤ᠎ᠪᠠᠷ ᠴᠢᠷᠮᠠᠢ᠌ᠵᠦ ᠪᠤᠢ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ ᠵᠢᠴᠢ 《ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠭᠡᠮᠯᠢᠭ ᠬᠤᠨᠳᠠᠭ᠋ᠠᠲᠤ》 ᠳᠤᠮᠳᠠᠳᠤ ᠤᠯᠤᠰ᠎ᠤᠨ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠎ᠤ ᠪᠡᠯᠡᠳᠬᠡᠯ ᠤᠷᠤᠯᠳᠤᠭ᠋ᠠᠨ᠎ᠤ ᠰᠢᠷᠢᠰ ᠤᠷᠤᠯᠳᠤᠭ᠋ᠠᠨ᠎ᠤ ᠡᠮᠡᠭᠲᠡᠢ ᠵᠢᠨ ᠳᠤᠭᠤᠢ᠌ᠯᠠᠩ᠎ᠤᠨ ᠮᠠᠩᠯᠠᠢ᠎ᠳᠤ ᠰᠢᠯᠭ᠋ᠠᠷᠠᠪᠠ
ᠲᠦᠩᠯᠢᠶᠣᠣ ᠬᠣᠲᠠ ᠵᠢᠨ ᠨᠡᠢ᠌ᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠠᠮᠵᠢᠯᠲᠠ᠎ᠲᠠᠢ ᠥᠨᠳᠥᠷᠯᠡᠪᠡ
ᠪᠤᠭᠤᠲᠤ ᠬᠣᠲᠠ 10 ᠺᠢᠯᠣᠮᠧᠲᠷ᠎ᠤᠨ ᠰᠦᠯᠢᠶᠥᠦ ᠭᠣᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ ᠪᠠᠢ᠌ᠭᠤᠯᠪᠠ
ᠬᠢᠩᠭ᠋ᠠᠨ ᠠᠢ᠌ᠮᠠᠭ ᠬᠣᠶᠠᠳᠤᠭ᠋ᠠᠷ ᠳᠡᠰ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠪᠣᠯᠪᠠᠰᠤᠷᠠᠯ᠎ᠤᠨ ᠠᠩᠭᠢ ᠡᠷᠬᠢᠯᠡᠪᠡ
ᠬᠢᠩᠭ᠋ᠠᠨ ᠠᠢ᠌ᠮᠠᠭ ᠭᠤᠷᠪᠠᠳᠤᠭ᠋ᠠᠷ ᠬᠤᠭᠤᠴᠠᠭ᠋ᠠᠨ᠎ᠤ ᠨᠡᠷᠡᠭᠦᠢ ᠨᠢᠳᠤᠷᠭ᠎ᠠ ᠵᠢᠨ ᠦᠵᠡᠭᠦᠯᠦᠯᠭᠡ ᠵᠢᠨ ᠠᠵᠢᠯᠯᠠᠭ᠎ᠠ ᠡᠷᠭᠢᠯᠡᠪᠡ
 
            