
9 ᠰᠠᠷ᠎ᠠ ᠵᠢᠨ 28᠎ᠤ ᠡᠳᠦᠷ᠂ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ ᠵᠢᠴᠢ 《ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠍ᠢ᠍ᠭᠡᠮᠯᠢᠭ ᠬᠤᠨᠳᠠᠭ᠋ᠠᠲᠤ》 ᠳᠤᠮᠳᠠᠳᠤ ᠤᠯᠤᠰ᠎ᠤᠨ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠎ᠤ ᠪᠡᠯᠡᠳᠬᠡᠯ ᠤᠷᠤᠯᠳᠤᠭ᠋ᠠᠨ᠎ᠤ ᠰᠢᠷᠢᠰ ᠤᠷᠤᠯᠳᠤᠭ᠋ᠠᠨ᠎ᠤ ᠡᠮᠡᠭᠲᠡᠢ ᠵᠢᠨ ᠳᠤᠭᠤᠢ᠌ᠯᠠᠩ᠎ᠤᠨ ᠰᠢᠢ᠍ᠳᠪᠦᠷᠢᠲᠦ ᠤᠷᠤᠯᠳᠤᠭ᠋ᠠᠨ ᠶᠠᠪᠤᠭᠳᠠᠵᠤ᠂ ᠬᠤᠷᠴᠠ ᠰᠢᠷᠦᠭᠦᠨ ᠦᠷᠢᠰᠦᠯᠳᠦᠭᠡᠨ ᠵᠶ᠋ᠡᠷ ᠳᠠᠮᠵᠢᠭ᠋ᠠᠳ᠂ ᠬᠥᠬᠡᠬᠣᠲᠠ ᠵᠢᠨ ᠪᠠᠭ ᠤᠯᠠᠭ᠋ᠠᠨᠬᠠᠳᠠ ᠵᠢᠨ ᠪᠠᠭ᠎ᠢ ᠢᠯᠠᠵᠤ ᠮᠠᠩᠯᠠᠢ᠌ᠯᠠᠪᠠ᠃

ᠡᠷᠡᠭᠳᠡᠢ ᠵᠢᠨ ᠳᠤᠭᠤᠢ᠌ᠯᠠᠩ᠎ᠤᠨ ᠲᠠᠯ᠎ᠠ᠎ᠪᠠᠷ᠂ ᠤᠯᠠᠭ᠋ᠠᠨᠴᠠᠪ᠎ᠤᠨ ᠪᠠᠭ ᠬᠥᠬᠡᠬᠣᠲᠠ ᠵᠢᠨ ᠪᠠᠭ᠎ᠢ ᠢᠯᠠᠵᠤ ᠵᠠᠯᠭ᠋ᠠᠭ᠎ᠠ᠎ᠪᠠᠷ ᠭᠤᠷᠪᠠᠨ ᠡᠭᠡᠯᠵᠢ ᠵᠢᠨ ᠤᠷᠤᠯᠳᠤᠭ᠋ᠠᠨ᠎ᠳᠤ ᠢᠯᠠᠯᠲᠠ ᠤᠯᠪᠠ᠂ ᠣᠷᠳᠣᠰ᠎ᠤᠨ ᠪᠠᠭ 5᠄ 1᠎ᠪᠠᠷ ᠤᠯᠠᠭ᠋ᠠᠨᠬᠠᠳᠠ ᠵᠢᠨ ᠪᠠᠭ᠎ᠢ ᠢᠯᠠᠵᠤ᠂ ᠰᠢᠯᠢ ᠵᠢᠨ ᠭᠣᠣᠯ᠎ᠤᠨ ᠪᠠᠭ 4᠄ 6 ᠪᠠᠷ ᠲᠦᠩᠯᠢᠶᠣᠣ ᠵᠢᠨ ᠪᠠᠭ᠎ᠲᠤ ᠢᠯᠠᠭᠳᠠᠭᠰᠠᠨ ᠪᠠᠢ᠌ᠨ᠎ᠠ᠃

ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠤ ᠱᠠᠩᠨᠠᠯ ᠣᠯᠭᠣᠬᠤ ᠶᠣᠰᠣᠯᠠᠯ᠎ᠳᠤ ᠣᠷᠣᠯᠴᠠᠭᠰᠠᠨ ᠪᠥᠭᠡᠳ ᠬᠥᠬᠡᠬᠣᠲᠠ ᠵᠢᠨ ᠪᠠᠭ᠎ᠲᠤ ᠱᠠᠩᠨᠠᠯ᠎ᠤᠨ ᠬᠤᠨᠳᠠᠭ᠎ᠠ ᠭᠠᠷᠳᠠᠭᠤᠯᠵᠤ᠂ ᠪᠠᠢ᠌ᠭᠤᠯᠭ᠎ᠠ ᠵᠢᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠣᠷᠣᠯᠴᠠᠵᠠᠢ᠃