ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
2023 ᠣᠨ᠎ᠤ ᠦᠬᠠᠢ ᠬᠣᠲᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠤᠭᠤᠢ ᠲᠡᠷᠭᠡᠨ᠎ᠤ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2023-09-04

    9 ᠰᠠᠷ᠎ᠠ ᠵᠢᠨ 1᠎ᠤ ᠡᠳᠦᠷ᠂ 2023 ᠣᠨ᠎ᠤ ᠦᠬᠠᠢ ᠬᠤᠳᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠴᠤᠭᠯᠠᠭ᠋ᠠᠨ᠎ᠤ 《ᠦᠬᠠᠢ᠎ᠳᠤ ᠪᠤᠯᠵᠤᠵᠤ ᠦᠵᠦᠮ᠎ᠤᠨ ᠬᠦᠷᠢᠶᠡᠯᠡᠩ ᠵᠶ᠋ᠡᠷ ᠵᠤᠭ᠋ᠠᠴᠠᠶ᠎ᠠ》 ᠬᠡᠬᠦ ᠳᠤᠭᠤᠢ ᠲᠡᠷᠭᠡᠨ᠎ᠤ ᠤᠷᠤᠯᠳᠤᠭ᠋ᠠᠨ ᠦᠵᠦᠮ᠎ᠤᠨ ᠬᠦᠷᠢᠶᠡᠯᠡᠩ᠎ᠤᠨ ᠨᠣᠭᠣᠭ᠋ᠠᠨ ᠵᠠᠮ᠎ᠤᠨ ᠠᠭᠤᠳᠠᠮ ᠲᠠᠯᠠᠪᠠᠢ᠎ᠳᠤ ᠬᠦᠷ ᠬᠥᠭᠵᠢᠶᠡᠨ᠎ᠲᠠᠢ ᠡᠬᠢᠯᠡᠵᠦ᠂ ᠨᠡᠢ᠍ᠢ᠍ᠳᠡ 200 ᠭᠠᠷᠤᠢ ᠳᠤᠭᠤᠢ ᠣᠨᠣᠬᠣ ᠳᠤᠷᠠᠲᠠᠢ ᠬᠥᠮᠥᠰ ᠣᠷᠣᠯᠴᠠᠪᠠ᠃      
    ᠲᠤᠰ ᠣᠳᠠᠭ᠋ᠠᠨ᠎ᠤ ᠤᠷᠤᠯᠳᠤᠭ᠋ᠠᠨ᠎ᠨᠢ 《ᠦᠬᠠᠢ᠎ᠳᠤ ᠪᠤᠯᠵᠤᠵᠤ ᠦᠵᠦᠮ᠎ᠤᠨ ᠬᠦᠷᠢᠶᠡᠯᠡᠩ ᠵᠶ᠋ᠡᠷ ᠵᠤᠭ᠋ᠠᠴᠠᠶ᠎ᠠ》 ᠬᠡᠬᠦ᠎ᠪᠠᠷ ᠭᠣᠣᠯ ᠰᠡᠳᠦᠪ ᠪᠣᠯᠭ᠋ᠠᠵᠤ᠂ ᠳᠤᠭᠤᠢ ᠤᠨᠤᠬᠤ ᠤᠷᠤᠯᠳᠤᠭ᠋ᠠᠨ᠎ᠤ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠳᠡᠯᠭᠡᠨ ᠦᠵᠡᠭᠦᠯᠬᠦ ᠪᠠ ᠡᠷᠡᠭᠦᠯ ᠰᠠᠷᠠᠭᠤᠯ ᠪᠣᠬᠢᠷᠲᠤᠯ ᠦᠭᠡᠢ ᠳᠤᠭᠤᠢ ᠤᠨᠤᠬᠤ ᠤᠷᠤᠯᠳᠤᠭ᠋ᠠᠨ᠎ᠢ ᠠᠭᠤᠰᠤᠯᠴᠠᠭᠤᠯᠪᠡ᠃ ᠤᠷᠤᠯᠳᠤᠭ᠋ᠠᠨ᠎ᠳᠤ ᠣᠷᠣᠯᠴᠠᠭᠰᠠᠳ ᠦᠵᠦᠮ᠎ᠤᠨ ᠬᠦᠷᠢᠶᠡᠯᠡᠩ᠎ᠤᠨ ᠨᠣᠭᠣᠭ᠋ᠠᠨ ᠵᠠᠮ᠎ᠤᠨ ᠠᠭᠤᠳᠠᠮ ᠲᠠᠯᠠᠪᠠᠢ᠎ᠪᠠᠷ ᠡᠬᠢᠯᠡᠯᠲᠡ ᠵᠢᠨ ᠴᠢᠭ ᠪᠣᠯᠭ᠋ᠠᠵᠤ᠂ ᠿᠣ᠌ ᠢ ᠨᠠᠭᠤᠷ᠎ᠤᠨ ᠦᠷᠳᠡᠬᠡ᠂ ᠶᠦᠨ ᠰᠢᠶᠠᠩ ᠵᠢᠵᠢᠭ ᠪᠠᠯᠭ᠋ᠠᠰᠤ᠂ ᠲᠢᠶᠠᠨ ᠶᠸ ᠠᠮᠢ ᠠᠬᠤᠢ ᠵᠢᠨ ᠵᠢᠮᠢᠰ ᠲᠡᠬᠦᠬᠦ ᠬᠦᠷᠢᠶᠡᠯᠡᠩ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠤᠢ ᠰᠢᠭᠤᠢ ᠵᠢᠨ ᠦᠷᠳᠡᠬᠡ᠎ᠪᠠᠷ ᠥᠩᠭᠡᠷᠡᠵᠦ᠂ ᠬᠠᠮᠤᠭ ᠡᠴᠦᠰ᠎ᠲᠡᠭᠡᠨ ᠦᠵᠦᠮ᠎ᠤᠨ ᠬᠦᠷᠢᠶᠡᠯᠡᠩ᠎ᠤᠨ ᠨᠣᠭᠣᠭ᠋ᠠᠨ ᠵᠠᠮ᠎ᠤᠨ ᠠᠭᠤᠳᠠᠮ ᠲᠠᠯᠠᠪᠠᠢ᠎ᠳᠤ ᠪᠤᠴᠠᠵᠦ᠂ ᠪᠦᠬᠦ ᠶᠠᠪᠤᠴᠠ᠎ᠨᠢ ᠪᠠᠷᠤᠭ 17 ᠺᠢᠯᠤᠮᠸᠲᠷ᠎ᠲᠤ ᠬᠦᠷᠴᠡᠢ᠃      
    ᠲᠤᠭᠤᠢ ᠤᠨᠤᠭᠰᠠᠨ ᠲᠠᠮᠢᠷᠴᠢᠳ ᠡᠷᠡᠯᠭᠡᠭᠯᠡᠨ ᠤᠷᠤᠭᠰᠢᠯᠠᠵᠤ᠂ ᠬᠠᠷᠢᠯᠴᠠᠨ ᠦᠷᠢᠰᠦᠯᠳᠦᠵᠦ᠂ ᠲᠠᠷᠢᠬᠦᠨ᠎ᠳᠤ ᠤᠷᠣᠬᠣ᠎ᠪᠠᠷ ᠴᠢᠷᠮᠠᠢ᠌ᠪᠠ ᠁ ᠲᠡᠳᠡ ᠬᠤᠷᠳᠤᠴᠠ ᠪᠣᠯᠣᠨ ᠣᠷᠭᠢᠯᠤᠮ᠎ᠠ ᠰᠡᠳᠬᠢᠯᠭᠡ᠎ᠪᠠᠷ ᠣᠷᠣᠭᠰᠢᠯᠠᠨ ᠥᠷᠢᠰᠦᠯᠳᠦᠵᠦ᠂ ᠬᠦᠴᠦ ᠬᠥᠯᠥᠰᠦ᠎ᠪᠠᠷ ᠵᠶ᠋ᠡᠨ ᠲᠡᠷᠢᠭᠦᠨ᠎ᠳᠤ ᠣᠷᠣᠬᠤ᠎ᠪᠠᠷ ᠡᠷᠡᠯᠬᠡᠭᠯᠡᠨ ᠲᠡᠮᠡᠴᠡᠬᠦ ᠵᠢᠨ ᠬᠠᠮᠲᠤ ᠦᠵᠦᠮ᠎ᠤᠨ ᠬᠦᠷᠢᠶᠡᠯᠡᠩ᠎ᠤᠨ ᠨᠣᠭᠣᠭ᠋ᠠᠨ ᠵᠠᠮ᠎ᠤᠨ ᠵᠠᠮ ᠳᠠᠭ᠋ᠠᠤ ᠵᠢᠨ ᠭᠤᠶᠤ ᠰᠠᠢ᠌ᠬᠠᠨ ᠦᠵᠡᠮᠵᠢ ᠵᠢ ᠡᠳ᠋ᠯᠡᠵᠦ᠂ ᠰᠢᠨ᠎ᠡ ᠰᠣᠷᠭᠣᠭ ᠠᠭᠤᠷ ᠠᠮᠢᠰᠬᠤᠯ᠎ᠢ ᠠᠭᠤᠵᠢᠷᠠᠲᠠᠯ᠎ᠠ ᠠᠮᠢᠰᠬᠤᠵᠤ᠂ ᠮᠠᠨ᠎ᠤ ᠬᠤᠳᠠ ᠵᠢᠨ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠣᠢ᠌ᠯᠠᠭ᠋ᠠᠪᠠ᠃      
    ᠲᠤᠰ ᠣᠳᠠᠭ᠋ᠠᠨ᠎ᠤ ᠤᠷᠤᠯᠳᠤᠭ᠋ᠠᠨ᠎ᠳᠤ ᠣᠷᠣᠯᠴᠠᠵᠤ ᠲᠠᠮᠢᠷ᠎ᠤᠨ ᠬᠥᠳᠡᠯᠭᠡᠭᠡᠨ᠎ᠤ ᠪᠠᠶᠠᠷ ᠪᠠᠶᠠᠰᠤᠯ᠎ᠢ ᠡᠳ᠋ᠯᠡᠯ᠎ᠡ ᠭᠡᠵᠦ ᠲᠠᠮᠢᠷᠴᠢᠳ ᠢᠯᠡᠳᠬᠡᠵᠡᠭᠡᠪᠡ᠃ 《ᠥᠨᠥᠳᠥᠷ᠎ᠤᠨ ᠳᠤᠭᠤᠢ ᠤᠨᠤᠬᠤ ᠵᠠᠮ ᠱᠤᠭᠤᠮ᠎ᠢ ᠮᠠᠰᠢ ᠰᠠᠢ᠌ᠬᠠᠨ ᠲᠣᠬᠢᠷᠠᠭᠤᠯᠵᠠᠢ᠂ ᠳᠤᠭᠤᠢ ᠤᠨᠤᠬᠤ ᠵᠠᠮ᠎ᠳᠠᠭᠠᠨ ᠪᠢᠳᠡ ᠮᠠᠰᠢ ᠣᠯᠠᠨ ᠭᠣᠶᠣ ᠰᠠᠢ᠌ᠬᠠᠨ ᠦᠵᠡᠮᠵᠢ ᠵᠢ ᠣᠯᠵᠤ ᠬᠠᠷᠠᠵᠠᠢ᠂ ᠡᠨᠡ᠎ᠨᠢ ᠪᠡᠶ᠎ᠡ ᠮᠠᠬᠠᠪᠤᠳ ᠵᠶ᠋ᠠᠨ ᠳᠠᠪᠲᠠᠨ ᠪᠣᠯᠪᠠᠰᠤᠷᠠᠭᠤᠯᠤᠭᠰᠠᠨ ᠵᠶ᠋ᠠᠷ ᠪᠠᠷᠠᠬᠤ ᠦᠭᠡᠢ ᠪᠠᠰᠠ ᠰᠡᠳᠬᠢᠯ ᠰᠠᠨᠠᠭ᠎ᠠ᠎ᠪᠠᠨ ᠪᠠᠶᠠᠰᠬᠠᠵᠠᠢ᠂ ᠬᠣᠢ᠌ᠰᠢᠳᠠ ᠪᠢ ᠪᠦᠬᠦ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠬᠥᠳᠡᠯᠭᠡᠭᠡᠨ᠎ᠳᠤ ᠦᠷᠬᠦᠯᠵᠢᠯᠠᠨ ᠢᠳᠡᠪᠬᠢᠲᠡᠢ ᠣᠷᠣᠯᠴᠠᠵᠤ᠂ ᠲᠠᠮᠢᠷ᠎ᠤᠨ ᠬᠥᠳᠡᠯᠭᠡᠭᠡᠨ᠎ᠠᠴᠠ ᠪᠣᠯᠤᠭᠰᠠᠨ ᠬᠠᠪᠤ ᠴᠡᠩᠭᠡᠯ᠎ᠢ ᠡᠳ᠋ᠯᠡᠨ᠎ᠡ》 ᠭᠡᠵᠦ ᠤᠷᠤᠯᠳᠤᠭ᠋ᠠᠨ᠎ᠳᠤ ᠣᠷᠣᠯᠴᠠᠭᠴᠢ ᠯᠢ ᠨᠠ ᠬᠡᠯᠡᠪᠡ᠃

ᠢᠷᠡᠯᠲᠡ᠄ ᠦᠬᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
2023 ᠳᠤᠮᠳᠠᠳᠤ ᠤᠯᠤᠰ · ᠡᠵᠡᠨ᠎ᠡ ᠵᠢᠨ ᠳᠣᠯᠣᠳᠤᠭ᠋ᠠᠷ ᠬᠤᠭᠤᠴᠠᠭ᠋ᠠᠨ᠎ᠤ ᠲᠣᠣᠷᠠᠢ ᠵᠢᠨ ᠤᠢ ᠵᠢ ᠲᠣᠭᠣᠷᠢᠬᠤ ᠳᠤᠭᠤᠢ ᠲᠡᠷᠭᠡᠨ᠎ᠤ ᠤᠷᠢᠯᠭ᠎ᠠ ᠵᠢᠨ ᠤᠷᠤᠯᠳᠤᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠵᠠᠢ
2023 ᠤᠨ᠎ᠤ ᠬᠦᠬᠡᠬᠤᠳᠠ ᠪᠤᠭᠤᠳᠤ ᠤᠷᠳᠤᠰ ᠤᠯᠠᠭ᠋ᠠᠨᠴᠠᠪ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠦᠮᠪᠦᠭᠡ ᠵᠢᠨ ᠬᠤᠯᠪᠤᠭ᠋ᠠᠳᠦ ᠤᠷᠤᠯᠳᠤᠭ᠋ᠠᠨ ᠡᠬᠢᠯᠡᠪᠡ
2023 ᠣᠨ᠎ᠤ ᠡᠷᠢᠶᠡᠨ ᠬᠤᠲᠠ ᠵᠢᠨ ᠳᠤᠮᠳᠠᠳᠤ ᠮᠣᠩᠭᠤᠯ ᠣᠷᠣᠰ᠎ᠤᠨ ᠮᠤᠷᠢᠨ ᠤᠷᠤᠯᠳᠤᠭ᠋ᠠᠨ᠎ᠤ ᠬᠤᠯᠪᠣᠭ᠋ᠠᠲᠤ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
2023 ᠪᠤᠭᠤᠲᠤ ᠵᠢᠨ ᠬᠣᠶᠠᠳᠤᠭ᠋ᠠᠷ ᠬᠤᠭᠤᠴᠠᠭ᠋ᠠᠨ᠎ᠤ ᠮᠣᠷᠢᠨ ᠪᠥᠮᠪᠥᠭᠡ ᠵᠢᠨ ᠢᠯᠡ ᠤᠷᠤᠯᠳᠤᠭ᠋ᠠᠨ ᠶᠠᠪᠤᠭᠳᠠᠪᠠ
《ᠲᠠᠢ᠌ᠺᠢᠨᠳᠤᠤ ᠵᠢᠨ ᠰᠣᠳᠣᠴᠤᠤᠯ》᠎ᠤᠨ ᠪᠣᠯᠪᠠᠰᠤᠷᠠᠯ ᠶᠠᠪᠤᠭᠳᠠᠵᠠᠢ
 
            