9 ᠰᠠᠷ᠎ᠠ ᠵᠢᠨ 13᠎ᠤ ᠠ᠋ᠳᠦᠷ᠂ 《2023 ᠳᠤᠮᠳᠠᠳᠤ ᠤᠯᠤᠰ · ᠡᠵᠡᠨ᠎ᠡ ᠵᠢᠨ ᠳᠣᠯᠣᠳᠤᠭ᠋ᠠᠷ ᠬᠤᠭᠤᠴᠠᠭ᠋ᠠᠨ᠎ᠤ ᠲᠣᠣᠷᠠᠢ ᠵᠢᠨ ᠤᠢ ᠵᠢ ᠲᠣᠭᠣᠷᠢᠬᠤ ᠳᠤᠭᠤᠢ ᠲᠡᠷᠭᠡᠨ᠎ᠤ ᠤᠷᠢᠯᠭ᠎ᠠ ᠵᠢᠨ ᠤᠷᠤᠯᠳᠤᠭ᠋ᠠᠨ》 ᠪᠣᠯᠣᠨ 2023 《ᠭᠣᠪᠢ ᠵᠢᠨ ᠨᠣᠭᠣᠭ᠋ᠠᠨ ᠪᠦᠷᠢᠳᠦ》 ᠡᠵᠡᠨ᠎ᠡ ᠵᠢᠨ ᠲᠣᠣᠷᠠᠢ ᠵᠢᠨ ᠤᠢ ᠵᠢ ᠶᠠᠪᠠᠭ᠋ᠠᠨ ᠵᠢᠡᠷ ᠲᠤᠭᠤᠯᠬᠤ ᠨᠠᠢ᠌ᠷ ᠵᠢᠴᠢ ᠬᠡᠭᠡᠷᠡᠯᠡᠨ ᠭᠦᠶᠦᠬᠦ ᠤᠷᠤᠯᠳᠤᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠪᠡᠭᠡᠵᠢᠩ᠎ᠳᠤ ᠶᠠᠪᠤᠭᠳᠠᠵᠤ᠂ ᠳᠤᠮᠳᠠᠳᠤ ᠤᠯᠤᠰ ᠤᠨ ᠣᠯᠢᠮᠫᠢᠺ ᠤᠨ ᠲᠠᠮᠢᠷ ᠤᠨ ᠴᠤᠭᠯᠠᠭ᠋ᠠᠨ ᠤ ᠠᠩᠬᠠᠳᠠᠭᠴᠢ ᠠᠯᠲᠠᠨ ᠮᠧᠳᠠᠯ ᠭᠦᠷᠲᠡᠭᠴᠢ᠂ 《ᠥᠭᠡᠷᠡᠴᠢᠯᠡᠯᠲᠡ ᠨᠡᠭᠡᠭᠡᠯᠲᠡ ᠵᠢᠨ ᠬᠣᠰᠢᠭᠤᠴᠢ》 ᠵᠢᠨ ᠴᠣᠯᠠ ᠭᠦᠷᠲᠡᠭᠴᠢ ᠰᠢᠦᠢ ᠬᠠᠢ ᠹᠧᠩ᠂ ᠳᠤᠮᠳᠠᠳᠤ ᠤᠯᠤᠰ᠎ᠤᠨ ᠳᠤᠭᠤᠢ ᠲᠡᠷᠭᠡᠨ᠎ᠤ ᠲᠠᠮᠢᠷᠴᠢᠨ᠂ ᠠᠭᠤᠯᠠᠨ ᠭᠠᠵᠠᠷ᠎ᠤᠨ ᠳᠤᠭᠤᠢ ᠲᠡᠷᠭᠡᠨ᠎ᠤ ᠤᠯᠤᠰ᠎ᠤᠨ ᠮᠠᠩᠯᠠᠢ ᠹᠧᠩ ᠺᠤᠸᠠᠨ ᠵᠢᠶᠧ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠪᠠ᠃
ᠶᠣᠰᠣᠯᠠᠯ ᠳᠡᠭᠡᠷ᠎ᠡ᠂ ᠡᠵᠡᠨ᠎ᠡ ᠬᠣᠰᠢᠭᠤ᠎ᠠᠴᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠥᠷᠭᠡᠨ ᠤᠯᠠᠨ ᠮᠠᠰᠢᠨ ᠲᠡᠷᠭᠡᠨ᠎ᠤ ᠪᠠᠬᠠᠲᠠᠳ᠎ᠲᠤ ᠴᠢᠩ ᠰᠡᠳᠬᠢᠯ᠎ᠤᠨ ᠤᠷᠢᠯᠭ᠎ᠠ ᠲᠠᠯᠪᠢᠬᠤ ᠵᠢᠨ ᠬᠠᠮᠲᠤ᠂ ᠹᠧᠩ ᠺᠤᠸᠠᠨ ᠵᠢᠶᠧ᠎ᠳᠤ ᠤᠷᠤᠯᠳᠤᠭ᠋ᠠᠨ᠎ᠤ ᠶᠠᠪᠤᠳᠠᠯ᠎ᠢ ᠳᠡᠯᠭᠡᠷᠡᠭᠦᠯᠬᠦ ᠠ᠋ᠯᠴᠢᠨ ᠰᠠᠢ᠌ᠳ ᠵᠶ᠋ᠠᠷ ᠤᠷᠢᠬᠤ ᠤᠷᠢᠯᠭ᠎ᠠ ᠵᠢᠨ ᠪᠢᠴᠢᠭ ᠭᠠᠷᠳᠠᠭᠤᠯᠪᠠ᠃
《2023 ᠳᠤᠮᠳᠠᠳᠤ ᠤᠯᠤᠰ · ᠡᠵᠡᠨ᠎ᠡ ᠵᠢᠨ ᠳᠣᠯᠣᠳᠤᠭ᠋ᠠᠷ ᠬᠤᠭᠤᠴᠠᠭ᠋ᠠᠨ᠎ᠤ ᠲᠣᠣᠷᠠᠢ ᠵᠢᠨ ᠤᠢ ᠵᠢ ᠲᠣᠭᠣᠷᠢᠬᠤ ᠳᠤᠭᠤᠢ ᠲᠡᠷᠭᠡᠨ᠎ᠤ ᠤᠷᠢᠯᠭ᠎ᠠ ᠵᠢᠨ ᠤᠷᠤᠯᠳᠤᠭ᠋ᠠᠨ》 10 ᠰᠠᠷ᠎ᠠ ᠵᠢᠨ 14 — 15᠎ᠤ ᠠ᠋ᠳᠦᠷ ᠪᠤᠯᠲᠠᠯ᠎ᠠ ᠡᠵᠡᠨ᠎ᠡ ᠬᠣᠰᠢᠭᠤᠨ᠎ᠳᠤ ᠶᠠᠪᠤᠭᠳᠠᠵᠤ᠂ 2023 《ᠭᠣᠪᠢ ᠵᠢᠨ ᠨᠣᠭᠣᠭ᠋ᠠᠨ ᠪᠦᠷᠢᠳᠦ》 ᠡᠵᠡᠨ᠎ᠡ ᠵᠢᠨ ᠲᠣᠣᠷᠠᠢ ᠵᠢᠨ ᠤᠢ ᠵᠢ ᠶᠠᠪᠠᠭ᠋ᠠᠨ ᠵᠢᠡᠷ ᠲᠤᠭᠤᠯᠬᠤ ᠨᠠᠢ᠌ᠷ ᠵᠢᠴᠢ ᠬᠡᠭᠡᠷᠡᠯᠡᠨ ᠭᠦᠶᠦᠬᠦ ᠤᠷᠤᠯᠳᠤᠭ᠋ᠠᠨ 9 ᠰᠠᠷ᠎ᠠ ᠵᠢᠨ 23 — 24᠎ᠤ ᠠ᠋ᠳᠦᠷ ᠪᠤᠯᠲᠠᠯ᠎ᠠ ᠡᠵᠡᠨ᠎ᠡ ᠬᠣᠰᠢᠭᠤᠨ᠎ᠳᠤ ᠶᠠᠪᠤᠭᠳᠠᠬᠤ᠎ᠪᠠᠷ ᠪᠤᠢ᠃ ᠤᠷᠤᠯᠳᠤᠭ᠋ᠠᠨ᠎ᠤ ᠵᠠᠮ ᠱᠤᠭᠤᠮ᠎ᠨᠢ ᠰᠤᠪᠠᠨᠠᠭᠤᠷ᠂ ᠭᠣᠪᠢ᠂ ᠠ᠋ᠯᠡᠰᠦ ᠮᠠᠩᠬ᠎ᠠ᠂ ᠵᠠᠭᠤᠨ ᠤᠢ᠂ ᠲᠣᠣᠷᠠᠢ ᠵᠢᠨ ᠤᠢ ᠵᠡᠷᠭᠡ ᠪᠠᠢ᠌ᠭ᠋ᠠᠯᠢ ᠵᠢᠨ ᠦᠵᠡᠮᠵᠢ ᠵᠢᠨ ᠣᠷᠣᠨ ᠵᠢᠡᠷ ᠥᠩᠭᠡᠷᠡᠵᠦ᠂ ᠤᠷᠤᠯᠳᠤᠭ᠋ᠠᠨ᠎ᠳᠤ ᠪᠠᠰᠠ ᠳᠤᠭᠤᠢ ᠲᠡᠷᠭᠡᠨ᠎ᠤ ᠭᠣᠣᠯ ᠰᠡᠳᠦᠪᠲᠦ ᠪᠢᠴᠢᠯ ᠸᠢᠳᠢᠤ᠋ ᠪᠤᠯᠤᠩ᠂ ᠨᠠᠷᠠᠲᠤ ᠬᠥᠮᠥᠰ᠎ᠤᠨ ᠤᠷᠠᠨ ᠪᠢᠴᠢᠯᠭᠡ ᠤᠷᠠᠨ ᠵᠢᠷᠤᠭ᠎ᠤᠨ ᠤᠷᠢᠯᠭ᠎ᠠ ᠵᠢᠨ ᠦᠵᠡᠭᠦᠯᠭᠡ᠂ ᠳᠠᠭᠤᠤ ᠬᠥᠭᠵᠢᠮ᠎ᠤᠨ ᠦᠳᠡᠰᠢᠯᠡᠭᠡ ᠵᠡᠷᠭᠡ ᠠᠯᠢ ᠣᠯᠠᠨ ᠠᠵᠢᠯᠯᠠᠭ᠎ᠠ ᠵᠢ ᠰᠢᠨ᠎ᠡ᠎ᠪᠠᠷ ᠨᠡᠮᠡᠭᠰᠡᠨ ᠪᠠᠢ᠌ᠨ᠎ᠠ᠃