11 ᠰᠠᠷ᠎ᠠ ᠵᠢᠨ 19᠎ᠤ ᠡᠳᠦᠷ᠂ ᠬᠦᠯᠦᠨ ᠪᠤᠢ᠌ᠷ ᠬᠣᠲᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠲᠠᠩᠭ᠋ᠠᠷᠢᠭᠯᠠᠬᠤ ᠶᠡᠬᠡ ᠬᠤᠷᠠᠯ ᠬᠢᠵᠦ᠂ ᠪᠦᠬᠦ ᠬᠤᠳᠠ ᠵᠢ ᠤᠯᠠᠮ ᠴᠢᠨᠠᠭᠰᠢᠳᠠ ᠲᠠᠢ᠍ᠢ᠍ᠴᠢᠯᠠᠵᠦ ᠦᠷᠭᠦᠯᠵᠢᠯᠡᠨ ᠪᠠᠢ᠌ᠯᠳᠤᠬᠤ᠂ ᠵᠤᠷᠢᠭᠳᠠᠢ᠎ᠪᠠᠷ ᠲᠡᠮᠡᠴᠡᠬᠦ᠂ ᠲᠡᠷᠢᠭᠦᠨ᠎ᠢ ᠴᠢᠷᠮᠠᠢ᠌ᠨ ᠡᠭᠦᠳᠬᠦ ᠰᠢᠯᠢᠳᠡᠭ ᠰᠤᠷᠲᠠᠯ᠎ᠢ ᠪᠠᠳᠠᠷᠠᠭᠤᠯᠵᠤ᠂ 《ᠨᠢᠭᠡ ᠬᠤᠷᠠᠯ᠎ᠢ ᠰᠠᠢ᠌ᠳᠤᠷ ᠡᠷᠬᠢᠯᠡᠵᠦ᠂ ᠨᠢᠭᠡ ᠬᠤᠳᠠ ᠵᠢ ᠳᠡᠭᠡᠭᠰᠢᠯᠡᠭᠦᠯᠬᠦ》 ᠬᠠᠷᠠᠯᠳᠠ ᠵᠢᠨ ᠲᠤᠭᠤᠷᠢᠨ᠎ᠳᠤ᠂ 《ᠶᠡᠷᠡᠨ ᠡᠳᠦᠷ ᠡᠷᠡᠯᠬᠡᠭᠯᠡᠨ ᠪᠠᠢ᠌ᠯᠳᠤᠵᠦ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠢᠯᠠᠯᠳᠠ ᠵᠢ ᠲᠡᠮᠡᠴᠡᠨ ᠣᠯᠬᠤ》 ᠬᠠᠯᠠᠭᠤᠨ ᠥᠷᠨᠢᠯᠲᠡ ᠭᠠᠷᠭ᠋ᠠᠵᠤ᠂ ᠴᠢᠩᠭ᠎ᠠ ᠠᠳᠬᠤᠨ ᠲᠦᠷᠭᠡᠨ ᠡᠷᠬᠢᠯᠡᠵᠦ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠢ᠌ᠳᠤᠷ ᠬᠢᠵᠦ᠂ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠲᠡᠭᠦᠰ ᠠᠮᠵᠢᠯᠳᠠ᠎ᠲᠠᠢ ᠶᠠᠪᠤᠭᠳᠠᠬᠤ ᠵᠢ ᠪᠠᠲᠤᠯᠠᠪᠠ᠃
ᠶᠡᠬᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠭᠣᠣᠯ ᠤᠷᠤᠯᠳᠤᠭ᠋ᠠᠨ᠎ᠤ ᠲᠠᠯᠠᠪᠤᠷ ᠪᠤᠯᠤᠭᠰᠠᠨ᠎ᠤ ᠬᠤᠪᠢ᠎ᠳᠤ᠂ ᠴᠤᠭᠯᠠᠭ᠋ᠠᠨ᠎ᠢ ᠰᠠᠢ᠌ᠳᠤᠷ ᠡᠷᠬᠢᠯᠡᠬᠦ ᠪᠣᠯ ᠬᠥᠯᠥᠨ ᠪᠤᠢ᠌ᠷ ᠬᠤᠳᠠ ᠵᠢᠨ ᠡᠷᠬᠡᠪᠰᠢ ᠡᠭᠦᠷᠭᠡᠯᠡᠬᠦ ᠢᠷᠠᠭᠤ ᠠᠯᠳᠠᠷᠲᠤ ᠡᠭᠦᠷᠭᠡ ᠪᠠ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠪᠦᠬᠦ ᠬᠤᠳᠠ᠎ᠪᠠᠷ ᠵᠶ᠋ᠠᠨ ᠰᠢᠢ᠍ᠳᠪᠦᠷᠢᠲᠦ ᠲᠠᠢ᠌ᠯᠠᠯᠳᠤᠭ᠋ᠠᠨ ᠰᠢᠢ᠍ᠳᠪᠦᠷᠢᠲᠦ ᠢᠯᠠᠯᠲᠠ ᠣᠯᠬᠤ ᠡᠷᠡᠰ ᠪᠠᠲᠤ ᠢᠲᠡᠭᠡᠯ ᠵᠣᠷᠢᠭ ᠵᠶ᠋ᠠᠷ ᠭᠣᠣᠯᠯᠠᠨ ᠡᠷᠬᠢᠯᠡᠬᠦ ᠬᠦᠨᠳᠦ ᠡᠭᠦᠷᠭᠡ ᠵᠢ ᠪᠠᠲᠤ ᠡᠭᠦᠷᠭᠡᠯᠡᠵᠦ᠂ ᠠᠷᠪᠠᠨ ᠬᠣᠶᠠᠷ ᠬᠤᠪᠢ ᠵᠢᠨ ᠵᠤᠷᠢᠭ ᠰᠠᠨᠠᠭ᠎ᠠ ᠵᠢ ᠪᠠᠳᠠᠷᠠᠭᠤᠯᠵᠤ᠂ ᠵᠠᠭᠤᠨ᠎ᠤ ᠵᠠᠭᠤ ᠵᠢᠨ ᠴᠢᠷᠮᠠᠢ᠌ᠯᠭ᠎ᠠ ᠭᠠᠷᠭ᠋ᠠᠵᠤ᠂ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠤᠢ ᠪᠣᠯᠭ᠋ᠠᠵᠤ᠂ 《ᠥᠨᠳᠥᠷ ᠪᠦᠲᠦᠮᠵᠢᠲᠦ》 ᠲᠤᠭᠳᠠᠴᠠ ᠵᠢ ᠪᠦᠷᠢᠯᠳᠦᠭᠦᠯᠵᠦ᠂ 《ᠴᠢᠩᠭ᠎ᠠ ᠱᠠᠭ᠋ᠠᠷᠳᠠᠯᠭ᠎ᠠ》 ᠵᠢᠨ ᠪᠠᠷᠢᠮᠵᠢᠶ᠎ᠠ ᠵᠢ ᠨᠠᠢ᠌ᠳᠠᠪᠤᠷᠵᠢᠭᠤᠯᠵᠦ᠂ 《ᠥᠴᠥᠬᠡᠨ ᠴᠦ᠍ ᠲᠦᠭᠰᠢᠭᠦᠷᠢ ᠦᠭᠡᠢ》 ᠤᠬᠠᠮᠰᠠᠷ᠎ᠢ ᠴᠢᠩᠭ᠋ᠠᠳᠬᠠᠵᠤ᠂ ᠪᠡᠯᠡᠳᠬᠡᠯ ᠡᠭᠦᠷᠭᠡ ᠵᠢ ᠥᠨᠳᠥᠷ ᠪᠠᠷᠢᠮᠵᠢᠶ᠎ᠠ᠎ᠪᠠᠷ ᠥᠨᠳᠥᠷ ᠶᠠᠰᠤ ᠴᠢᠨᠠᠷᠲᠠᠢ ᠥᠨᠳᠥᠷ ᠲᠦᠪᠰᠢᠨ ᠵᠶ᠋ᠠᠷ ᠪᠡᠶᠡᠯᠡᠭᠦᠯᠬᠦ ᠬᠡᠷᠡᠭᠲᠡᠢ᠃ ᠥᠪᠡᠷᠮᠢᠴᠡ ᠣᠨᠴᠠᠯᠢᠭ᠎ᠢ ᠢᠯᠡᠷᠡᠭᠦᠯᠵᠦ᠂ ᠤᠬᠠᠭᠤᠯᠭ᠎ᠠ ᠵᠢᠨ ᠰᠦᠷ ᠬᠦᠴᠦᠨ᠎ᠢ ᠴᠢᠩᠭ᠋ᠠᠷᠠᠭᠤᠯᠵᠤ᠂ ᠨᠡᠩ ᠪᠦᠷᠢᠨ ᠭᠦᠢ᠍ᠴᠡᠳ ᠦᠢ᠍ᠯᠡᠴᠢᠯᠡᠭᠡ ᠪᠠᠲᠤᠯᠠᠭ᠎ᠠ᠎ᠪᠠᠷ ᠰᠠᠢ᠌ᠨ ᠰᠠᠢ᠌ᠬᠠᠨ ᠳᠦᠷᠢ ᠲᠦᠷᠬᠦ᠎ᠪᠠᠨ ᠢᠯᠡᠷᠡᠭᠦᠯᠬᠦ ᠬᠡᠷᠡᠭᠲᠡᠢ᠃ ᠴᠤᠭᠯᠠᠭ᠋ᠠᠨ᠎ᠢ ᠡᠷᠬᠢᠯᠡᠬᠦ ᠠᠰᠢᠭᠳᠠᠢ ᠠᠵᠠ ᠲᠣᠬᠢᠶᠠᠯ᠎ᠢ ᠠᠮᠵᠢᠵᠤ᠂ ᠴᠠᠰᠤ ᠮᠦᠰᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠡᠵᠡᠩᠨᠡᠯᠳᠡ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠪᠡᠯᠡ ᠣᠷᠣᠭᠤᠯᠤᠨ ᠦᠢ᠍ᠯᠡᠰ ᠪᠤᠰᠬᠠᠬᠤ ᠵᠢ ᠲᠠᠲᠠᠵᠤ᠂ ᠴᠠᠰᠤ ᠮᠦᠰᠦᠨ᠎ᠤ ᠠᠵᠤ ᠠᠬᠤᠢ ᠵᠢᠨ ᠴᠢᠨᠠᠷ ᠰᠠᠢ᠌ᠳᠠᠢ ᠬᠦᠭᠵᠢᠯᠳᠡ ᠵᠢ ᠲᠠᠢ᠌ᠴᠢᠯᠠᠬᠤ ᠬᠡᠷᠡᠭᠲᠡᠢ᠃ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠤᠯᠳᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠨᠡᠢ᠌ᠳᠡᠪᠤᠷᠵᠢᠭᠤᠯᠤᠯᠳᠠ ᠵᠢ ᠴᠢᠩᠭ᠋ᠠᠳᠬᠠᠵᠦ᠂ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠠᠠᠳᠠᠷᠠᠭᠤᠯᠵᠦ᠂ ᠬᠠᠮᠲᠤ᠎ᠪᠠᠷ ᠲᠤᠰ ᠤᠳᠠᠭ᠎ᠠ ᠵᠢᠨ ᠴᠤᠭᠯᠠᠭ᠋ᠠᠨ᠎ᠤ ᠣᠷᠣᠨ ᠨᠤᠳᠤᠭ᠎ᠤᠨ ᠤᠨᠴᠠᠯᠢᠭ᠎ᠢ ᠢᠯᠡᠷᠡᠭᠦᠯᠦᠭᠰᠡᠨ᠂ ᠴᠠᠭ ᠦᠶ᠎ᠡ ᠵᠢᠨ ᠵᠤᠷᠢᠭ ᠰᠠᠨᠠᠭ᠎ᠠ᠎ᠳᠤ ᠨᠡᠢ᠌ᠴᠡᠭᠰᠡᠨ᠂ ᠥᠪᠡᠷᠮᠢᠴᠡ ᠲᠠᠲᠠᠬᠤ ᠬᠦᠴᠦᠨ᠎ᠲᠠᠢ ᠪᠦᠬᠦ ᠤᠯᠤᠰ᠎ᠤᠨ ᠴᠢᠨᠠᠷᠲᠠᠢ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ ᠪᠣᠯᠭ᠋ᠠᠨ ᠡᠷᠬᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠶᠡᠬᠡ ᠬᠤᠷᠠᠯ᠎ᠠᠴᠠ᠂ ᠥᠨᠳᠥᠷ ᠵᠤᠭᠰᠤᠴᠠ᠎ᠪᠠᠷ ᠬᠠᠷᠢᠭᠤᠴᠠᠯᠭ᠎ᠠ ᠡᠭᠦᠷᠭᠡᠯᠡᠵᠦ᠂ ᠪᠡᠯᠡᠳᠬᠡᠯ ᠡᠭᠦᠷᠭᠡ᠎ᠪᠠᠨ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠂ ᠠᠵᠢᠯ᠎ᠤᠨ ᠨᠡᠢ᠌ᠳᠡᠪᠤᠷᠵᠢᠭᠤᠯᠤᠯᠳᠠ ᠵᠢ ᠥᠨᠳᠥᠷ ᠦᠷ᠎ᠡ ᠪᠦᠳᠦᠮᠵᠢᠳᠡᠢ᠎ᠪᠠᠷ ᠰᠠᠢ᠌ᠳᠤᠷ ᠠᠳᠬᠤᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠬᠦᠴᠦᠲᠡᠢ ᠠᠵᠢᠯ᠎ᠤᠨ ᠠᠷᠭ᠎ᠠ ᠬᠡᠮᠵᠢᠶ᠎ᠡ᠂ ᠨᠡᠩ ᠲᠤᠪᠤᠢ᠌ᠮᠡ ᠠᠵᠢᠯ᠎ᠤᠨ ᠦᠷ᠎ᠡ ᠪᠦᠳᠦᠮᠵᠢ᠎ᠪᠠᠷ ᠴᠤᠭᠯᠠᠭ᠋ᠠᠨ᠎ᠢ ᠲᠡᠭᠦᠰ ᠠᠮᠵᠢᠯᠳᠠ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠡ᠂ ᠴᠤᠭᠯᠠᠭ᠋ᠠᠨ᠎ᠤ ᠪᠡᠯᠡᠳᠬᠡᠯ ᠠᠵᠢᠯ᠎ᠢ ᠠᠬᠢᠭᠤᠯᠤᠭᠰᠠᠨ ᠪᠠᠢ᠌ᠳᠠᠯ᠎ᠢ ᠮᠡᠳᠡᠭᠳᠡᠵᠦ᠂ ᠭᠦᠢ᠍ᠴᠡᠳᠬᠡᠬᠦ ᠵᠥᠪᠯᠡᠯ᠎ᠤᠨ ᠠᠵᠢᠯ᠎ᠤᠨ ᠬᠡᠯᠲᠡᠰ᠎ᠤᠨ ᠲᠥᠯᠥᠭᠡᠯᠡᠭᠴᠢ ᠪᠣᠯᠣᠨ ᠬᠤᠪᠢᠶᠠᠷᠢ ᠤᠷᠤᠯᠳᠤᠭ᠋ᠠᠨ᠎ᠤ ᠲᠣᠭᠣᠷᠢᠭ᠎ᠤᠨ ᠬᠠᠷᠢᠭᠤᠴᠠᠯᠭ᠋ᠠᠲᠠᠨ ᠨᠥᠬᠥᠳ ᠣᠪᠣᠷ ᠵᠶ᠋ᠠᠨ ᠢᠯᠡᠳᠬᠡᠬᠦ ᠦᠭᠡ ᠬᠡᠯᠡᠵᠦ᠂ ᠪᠦᠬᠦ ᠬᠥᠮᠥᠰ ᠲᠠᠩᠭ᠋ᠠᠷᠢᠭᠯᠠᠭᠰᠠᠨ ᠪᠠᠢ᠌ᠨ᠎ᠡ᠃
