ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
《ᠲᠠᠢ᠌ᠺᠢᠨᠳᠤᠤ ᠵᠢᠨ ᠰᠣᠳᠣᠴᠤᠤᠯ》᠎ᠤᠨ ᠪᠣᠯᠪᠠᠰᠤᠷᠠᠯ ᠶᠠᠪᠤᠭᠳᠠᠵᠠᠢ
ᠨᠡᠶ᠋ᠢᠲᠡᠯᠡᠭᠰᠡᠨ ᠴᠠᠭ᠄ 2023-11-09

      ᠤᠢ᠌ᠷ᠎ᠠ᠎ᠳᠤ᠂ 2023 ᠤᠨ᠎ᠤ ᠦᠬᠠᠶ ᠬᠤᠳᠠ ᠵᠢᠨ ᠠᠩᠬᠠᠳᠤᠭ᠋ᠠᠷ ᠬᠤᠭᠤᠴᠠᠭ᠋ᠠᠨ᠎ᠤ 《ᠲᠠᠢ᠌ᠺᠢᠨᠳᠤᠤ ᠵᠢᠨ ᠰᠣᠳᠣᠴᠤᠤᠯ》᠎ᠤᠨ ᠪᠣᠯᠪᠠᠰᠤᠷᠠᠯ᠎ᠤᠨ ᠠᠵᠢᠯᠯᠠᠭ᠎ᠠ 2 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠦ᠂ ᠦᠬᠠᠢ ᠬᠤᠳᠠ ᠵᠢᠨ ᠡᠯ᠎ᠡ ᠪᠡᠯᠡᠳᠭᠡᠯ ᠴᠢᠳᠠᠪᠤᠷᠢᠳᠠᠨ᠎ᠤ ᠰᠠᠭᠤᠷᠢᠨ᠎ᠤ 200 ᠰᠢᠬᠠᠮ ᠰᠤᠷᠤᠯᠭ᠋ᠠᠳᠠᠨ ᠠᠵᠢᠯᠯᠠᠭ᠎ᠠ᠎ᠳᠤ ᠣᠷᠣᠯᠴᠠᠪᠠ᠃ ᠠᠵᠢᠯᠯᠠᠭ᠎ᠠ᠎ᠳᠤ ᠲᠠᠢ᠌ᠺᠢᠨᠳᠤᠤ ᠵᠢᠨ ᠣᠨᠴᠠ ᠮᠡᠷᠭᠡᠵᠢᠯ᠎ᠤᠨ ᠦᠵᠡᠭᠦᠯᠭᠡ ᠵᠢᠨ ᠲᠤᠭᠯᠠᠯᠳᠠ᠂ ᠰᠠᠭᠤᠷᠢ ᠵᠢᠭ᠋ᠠᠨ ᠰᠤᠷᠭ᠋ᠠᠯᠲᠠ ᠪᠠ ᠰᠢᠭᠰᠢᠭᠡ ᠤᠷᠤᠯᠳᠤᠭ᠋ᠠᠨ ᠵᠡᠷᠭᠡ ᠠᠭᠤᠯᠭ᠎ᠠ ᠵᠢ ᠲᠣᠬᠢᠷᠠᠭᠤᠯᠪᠠ᠃
      ᠠᠵᠢᠯᠯᠠᠭ᠎ᠠ᠎ᠳᠤ᠂ ᠲᠠᠢ᠌ᠺᠢᠨᠳᠤᠤ ᠵᠢᠨ ᠬᠦᠭᠵᠢᠭᠦᠯᠦᠯᠳᠡ ᠵᠢᠨ ᠬᠠᠷᠠᠯᠲᠠ ᠪᠠ ᠲᠥᠯᠥᠪᠵᠢᠭᠦᠯᠭᠡ᠂ ᠪᠡᠶ᠎ᠡ ᠵᠢᠨ ᠲᠠᠮᠢᠷ ᠰᠤᠷᠭ᠋ᠠᠨ ᠬᠦᠮᠦᠵᠢᠯ᠎ᠢ ᠠᠭᠤᠰᠤᠯᠴᠠᠭᠤᠯᠬᠤ ᠳᠤᠮᠳᠠᠬᠢ ᠲᠠᠢ᠌ᠺᠢᠨᠳᠤᠤ ᠵᠢᠨ ᠬᠦᠭᠵᠢᠭᠦᠯᠦᠯᠳᠡ ᠵᠢᠨ ᠪᠠᠢ᠌ᠯᠳᠤᠬᠤ ᠪᠣᠳᠣᠯᠭ᠎ᠠ᠂ ᠲᠠᠢ᠌ᠺᠢᠨᠳᠤᠤ ᠵᠢᠨ ᠲᠥᠷᠥᠯ ᠵᠦᠢ᠍ᠯ᠎ᠤᠨ ᠤᠷᠤᠯᠳᠤᠭ᠋ᠠᠨ᠎ᠤ ᠬᠠᠮᠤᠭ᠎ᠤᠨ ᠰᠢᠨ᠎ᠡ ᠲᠠᠰ ᠬᠤᠪᠢᠶᠠᠬᠤ ᠲᠦᠷᠢᠮ ᠵᠢᠴᠢ ᠡᠯᠧᠺᠲᠷᠣᠨ ᠬᠠᠮᠠᠭ᠋ᠠᠯᠠᠯᠳᠠ ᠵᠢᠨ ᠪᠠᠭ᠋ᠠᠵᠢ ᠵᠢ ᠬᠡᠷᠡᠭᠯᠡᠬᠦ ᠠᠷᠭ᠎ᠠ ᠪᠠ ᠤᠷ᠎ᠠ ᠮᠡᠷᠭᠡᠵᠢᠯ ᠵᠡᠷᠭᠡ ᠠᠭᠤᠯᠭ᠎ᠠ ᠵᠢ ᠰᠤᠷᠤᠭᠴᠢᠳ᠎ᠲᠤ ᠲᠠᠢ᠌ᠯᠪᠤᠷᠢᠯᠠᠨ ᠤᠢ᠌ᠯᠠᠭ᠋ᠠᠭᠤᠯᠵᠦ᠂ ᠪᠠᠰᠠ ᠦᠢ᠍ᠯᠡ ᠬᠥᠳᠡᠯᠦᠯ᠎ᠤᠨ ᠭᠤᠤᠯᠳᠠᠯᠭ᠎ᠠ ᠪᠠ ᠬᠦᠴᠢᠷ ᠠᠰᠠᠭᠤᠳᠠᠯ᠎ᠢ ᠵᠢᠱ᠌ᠢᠶ᠎ᠡ ᠦᠵᠡᠭᠦᠯᠦᠨ ᠵᠠᠳᠠᠯᠵᠤ᠂ ᠲᠤᠰᠬᠠᠢ ᠪᠡᠶ᠎ᠡ ᠵᠢᠨ ᠲᠠᠮᠢᠷ᠎ᠤᠨ ᠪᠣᠯᠪᠠᠰᠤᠷᠠᠯ ᠪᠠ ᠠᠩᠬ᠎ᠠ ᠵᠡᠷᠭᠡ ᠵᠢᠨ ᠮᠡᠷᠭᠡᠵᠢᠯ᠎ᠤᠨ ᠪᠣᠯᠪᠠᠰᠤᠷᠠᠯ᠎ᠢ ᠪᠥᠬᠥ ᠲᠠᠯ᠎ᠠ᠎ᠪᠠᠷ᠂ ᠰᠢᠰᠲᠸᠮ᠎ᠲᠠᠢ᠂ ᠰᠢᠨᠵᠢᠯᠡᠬᠦ ᠤᠬᠠᠭ᠋ᠠᠨᠴᠢ᠎ᠪᠠᠷ ᠲᠠᠢ᠌ᠯᠪᠤᠷᠢᠯᠠᠪᠠ᠃  

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠤᠷᠤᠯᠳᠤᠭ᠋ᠠᠨ᠎ᠤ ᠲᠠᠯᠠᠪᠤᠷ ᠵᠤᠬᠢᠶᠠᠮᠠᠯ ᠴᠠᠰᠦ ᠤᠷᠤᠭᠤᠯᠵᠦ ᠤᠷᠤᠯᠳᠤᠭ᠋ᠠᠨ᠎ᠤ ᠪᠡᠯᠡᠳᠬᠡᠯ ᠵᠶ᠋ᠠᠨ ᠬᠢᠵᠦ ᠪᠠᠢ᠌ᠨ᠎ᠡ
ᠬᠦᠯᠦᠨ ᠪᠤᠢ᠌ᠷ ᠬᠣᠲᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠲᠠᠩᠭ᠋ᠠᠷᠢᠭᠯᠠᠬᠤ ᠶᠡᠬᠡ ᠬᠤᠷᠠᠯ ᠬᠢᠪᠡ
ᠬᠦᠬᠡᠬᠤᠳᠠ ᠵᠢᠨ ᠠᠩᠬᠠᠳᠤᠭ᠋ᠠᠷ ᠬᠤᠭᠤᠴᠠᠭ᠋ᠠᠨ᠎ᠤ ᠴᠠᠭ᠋ᠠᠰᠤᠨ ᠰᠢᠪᠠᠭᠤ ᠵᠢᠨ ᠤᠷᠠᠯᠢᠭ᠎ᠤᠨ ᠨᠠᠢ᠌ᠷ ᠶᠡᠬᠡ ᠲᠦᠷᠭᠡᠨ ᠭᠤᠤᠯ᠎ᠤᠨ ᠴᠡᠷᠢᠭ᠎ᠤᠨ ᠶᠠᠪᠤᠳᠠᠯ᠎ᠤᠨ ᠰᠤᠶᠤᠯ᠎ᠤᠨ ᠬᠦᠷᠢᠶᠡᠯᠡᠩ᠎ᠳᠤ ᠡᠬᠢᠯᠡᠪᠡ
ᠲᠦᠩᠯᠢᠶᠣᠣ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠬᠣᠷᠴᠢᠨ᠎ᠤ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠵᠢᠴᠢ 2024 ᠬᠣᠷᠴᠢᠨ᠎ᠤ ᠮᠠᠷᠠᠽᠤᠨ ᠤᠷᠤᠯᠳᠤᠭ᠋ᠠᠨ ᠶᠠᠪᠤᠭᠳᠠᠪᠠ
 
            