2 ᠰᠠᠷ᠎ᠠ ᠵᠢᠨ 19᠎ᠤ ᠡᠳᠦᠷ᠂ ᠠᠯᠠᠱ᠌ᠠ ᠠᠢ᠌ᠮᠠᠭ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠵᠢᠴᠢ 《ᠬᠠᠰ ᠲᠠᠤᠯᠠᠢ ᠬᠤᠨᠳᠠᠭ᠋ᠠᠲᠤ》 ᠫᠢᠩᠫᠠᠩ ᠪᠥᠮᠪᠥᠭᠡ ᠵᠢᠨ ᠨᠥᠬᠥᠷᠯᠡᠯ᠎ᠤᠨ ᠤᠷᠤᠯᠳᠤᠭ᠋ᠠᠨ ᠠᠯᠠᠱ᠌ᠠ ᠠᠢ᠌ᠮᠠᠭ᠎ᠤᠨ ᠪᠡᠶ᠎ᠡ ᠵᠢᠨ ᠲᠠᠮᠢᠷ᠎ᠤᠨ ᠣᠷᠳᠣᠨ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠲᠤᠰ ᠤᠳᠠᠭ᠎ᠠ ᠵᠢᠨ ᠤᠷᠤᠯᠳᠤᠭ᠋ᠠᠨ ᠬᠣᠶᠠᠷ ᠡᠳᠦᠷ ᠶᠠᠪᠤᠭᠳᠠᠵᠤ᠂ ᠠᠯᠠᠱ᠌ᠠ ᠠᠢ᠌ᠮᠠᠭ᠎ᠤᠨ ᠡᠯ᠎ᠡ ᠬᠣᠰᠢᠭᠤ ᠲᠣᠭᠣᠷᠢᠭ᠂ ᠡᠯ᠎ᠡ ᠫᠢᠩᠫᠠᠩ ᠪᠥᠮᠪᠥᠭᠡ ᠵᠢᠨ ᠺᠯᠦ᠋ᠪ᠎ᠤᠨ 14 ᠲᠥᠯᠥᠭᠡᠯᠡᠭᠴᠢᠳ᠎ᠤᠨ ᠠᠩᠭᠢ᠂ 100 ᠭᠠᠷᠤᠢ ᠫᠢᠩᠫᠠᠩ ᠪᠥᠮᠪᠥᠭᠡ᠎ᠳᠤ ᠪᠠᠬᠠᠲᠠᠢ ᠬᠥᠮᠥᠰ ᠤᠷᠤᠯᠳᠤᠭ᠋ᠠᠨ᠎ᠳᠤ ᠣᠷᠣᠯᠴᠠᠵᠠᠢ᠃

ᠲᠤᠰ ᠤᠳᠠᠭ᠎ᠠ ᠵᠢᠨ ᠤᠷᠤᠯᠳᠤᠭ᠋ᠠᠨ᠎ᠢ ᠠᠯᠠᠱ᠌ᠠ ᠠᠢ᠌ᠮᠠᠭ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠭᠡᠮᠯᠢᠭ᠎ᠠᠴᠠ ᠵᠢᠯᠤᠭᠣᠳᠴᠤ᠂ ᠠᠢ᠌ᠮᠠᠭ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠎ᠠᠴᠠ ᠭᠣᠣᠯᠯᠠᠨ ᠡᠷᠬᠢᠯᠡᠵᠦ᠂ ᠠᠢ᠌ᠮᠠᠭ᠎ᠤᠨ ᠫᠢᠩᠫᠠᠩ ᠪᠦᠮᠪᠦᠭᠡ ᠵᠢᠨ ᠨᠡᠢ᠌ᠭᠡᠮᠯᠢᠭ᠎ᠠᠴᠠ ᠲᠠᠭ᠋ᠠᠭᠴᠢᠯᠠᠨ ᠡᠷᠬᠢᠯᠡᠪᠡ᠃
ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠭᠠᠷᠮᠠᠭ᠋ᠠᠢ ᠲᠠᠮᠢᠷᠴᠢᠨ ᠬᠤᠷᠠᠨ ᠴᠤᠭᠯᠠᠷᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠤᠷᠤᠯᠳᠤᠭ᠋ᠠᠨ᠎ᠳᠤ ᠣᠷᠣᠯᠴᠠᠵᠤ᠂ ᠭᠣᠢ᠌ᠳᠠ ᠰᠠᠢ᠌ᠬᠠᠨ ᠪᠥᠮᠪᠥᠭᠡᠨ ᠮᠡᠷᠭᠡᠵᠢᠯ ᠵᠶ᠋ᠡᠨ ᠳᠡᠯᠭᠡᠨ ᠦᠵᠡᠭᠦᠯᠵᠦ᠂ ᠤᠷᠤᠯᠳᠤᠭ᠋ᠠᠨ᠎ᠤ ᠬᠠᠪᠤ ᠴᠡᠩᠭᠡᠯ᠎ᠢ ᠡᠳ᠋ᠯᠡᠵᠦ ᠪᠠᠢ᠌ᠯ᠎ᠠ᠃ ᠫᠢᠩᠫᠠᠩ ᠪᠥᠮᠪᠥᠭᠡ ᠵᠢᠨ ᠨᠥᠬᠥᠷᠯᠡᠯ᠎ᠤᠨ ᠤᠷᠤᠯᠳᠤᠭ᠋ᠠᠨ ᠡᠷᠬᠢᠯᠡᠬᠦ᠎ᠪᠠᠷ ᠳᠡᠮᠵᠢᠨ᠂ ᠥᠷᠭᠡᠨ ᠣᠯᠠᠨ ᠪᠥᠮᠪᠥᠭᠡᠨ ᠨᠠᠢ᠌ᠵᠠ ᠨᠠᠷ᠎ᠲᠤ ᠬᠠᠷᠢᠯᠴᠠᠨ ᠰᠣᠯᠢᠯᠴᠠᠬᠤ᠂ ᠬᠠᠷᠢᠯᠴᠠᠨ ᠰᠤᠷᠤᠯᠴᠠᠬᠤ᠂ ᠨᠥᠬᠥᠷᠯᠡᠯ ᠵᠶ᠋ᠡᠨ ᠵᠤᠵᠠᠭ᠋ᠠᠳᠬᠠᠬᠤ᠂ ᠥᠪᠡᠷ᠎ᠤᠨ ᠤᠷ᠎ᠠ ᠴᠢᠳᠠᠪᠤᠷᠢ᠎ᠪᠠᠨ ᠳᠡᠯᠭᠡᠨ ᠦᠵᠡᠭᠦᠯᠬᠦ ᠰᠠᠢ᠌ᠨ ᠰᠠᠢ᠌ᠬᠠᠨ ᠲᠠᠪᠴᠠᠩ ᠪᠠᠢ᠌ᠭᠤᠯᠵᠤ᠂ ᠫᠢᠩᠫᠠᠩ ᠪᠥᠮᠪᠥᠭᠡᠨ᠎ᠳᠤ ᠪᠠᠬᠠᠲᠠᠢ ᠥᠷᠭᠡᠨ ᠣᠯᠠᠨ ᠬᠥᠮᠥᠰ᠎ᠤᠨ ᠠᠵᠢᠯ᠎ᠤᠨ ᠴᠢᠯᠦᠭᠡᠨ᠎ᠤ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠠᠮᠢᠷ᠎ᠤᠨ ᠬᠥᠳᠡᠯᠭᠡᠭᠡᠨ ᠵᠶ᠋ᠡᠷ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠲᠠᠮᠢᠷ᠎ᠤᠨ ᠬᠥᠳᠡᠯᠭᠡᠭᠡᠨ ᠵᠶ᠋ᠡᠷ ᠨᠠᠢ᠌ᠵᠠ ᠪᠣᠯᠣᠯᠴᠠᠵᠤ᠂ ᠲᠠᠮᠢᠷ᠎ᠤᠨ ᠬᠥᠳᠡᠯᠭᠡᠭᠡᠨ ᠵᠶ᠋ᠡᠷ ᠴᠣᠭ ᠵᠢᠪᠬᠤᠭ᠎ᠠ᠎ᠪᠠᠨ ᠢᠯᠡᠷᠡᠭᠦᠯᠬᠦ ᠵᠢᠨ ᠬᠠᠮᠲᠤ 《ᠡᠳᠦᠷ ᠪᠦᠷᠢ ᠨᠢᠭᠡ ᠴᠠᠭ ᠬᠥᠳᠡᠯᠭᠡᠭᠡᠨ ᠬᠢᠵᠦ᠂ ᠨᠢᠭᠡ ᠨᠠᠰᠤ᠎ᠪᠠᠷ ᠵᠶ᠋ᠠᠨ ᠡᠷᠡᠭᠦᠯ ᠮᠡᠨᠳᠦ ᠠᠮᠢᠳᠤᠷᠠᠬᠤ》 ᠣᠢ᠌ᠯᠠᠭ᠋ᠠᠭᠳᠠᠬᠤᠨ᠎ᠤ ᠰᠠᠢ᠌ᠨ ᠰᠠᠢ᠌ᠬᠠᠨ ᠠᠭᠤᠷ ᠠᠮᠢᠰᠬᠤᠯ ᠢ ᠪᠣᠶ ᠪᠣᠯᠭ᠋ᠠᠵᠤ᠂ ᠡᠷᠡᠭᠦᠯ ᠡᠩᠬᠡ ᠠᠯᠠᠱ᠌ᠠ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠪᠠ᠃
