ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠠᠢ᠌ᠮᠠᠭ᠎ᠤᠨ ᠲᠠᠮᠢᠷᠴᠢᠨ ᠠᠩᠬ᠎ᠠ ᠤᠳᠠᠭ᠎ᠠ ᠪᠦᠬᠦ ᠤᠯᠤᠰ᠎ᠤᠨ ᠵᠢᠣᠳᠣᠣ ᠵᠢᠨ ᠤᠷᠤᠯᠳᠤᠭ᠋ᠠᠨ᠎ᠳᠤ ᠠᠯᠲᠠᠨ ᠮᠧᠳᠠᠯ ᠣᠯᠪᠠ
ᠨᠡᠶ᠋ᠢᠲᠡᠯᠡᠭᠰᠡᠨ ᠴᠠᠭ᠄ 2023-03-30


    3 ᠰᠠᠷ᠎ᠠ ᠵᠢᠨ 27᠎ᠤ ᠡᠳᠦᠷ᠂ 2023 ᠣᠨ᠎ᠤ ᠳᠤᠮᠳᠠᠳᠤ ᠤᠯᠤᠰ᠎ᠤᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠵᠢᠣᠳᠣᠣ ᠵᠢᠨ ᠰᠤᠳᠤᠨ ᠲᠠᠮᠢᠷᠴᠢᠨ ᠰᠢᠯᠭ᠋ᠠᠷᠠᠭᠤᠯᠬᠤ ᠤᠷᠤᠯᠳᠤᠭ᠋ᠠᠨ ᠵᠢᠴᠢ U15 ᠳᠡᠯᠡᠬᠡᠢ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠵᠣᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠵᠢᠣᠳᠣᠣ ᠲᠠᠮᠢᠷᠴᠢᠨ ᠰᠢᠯᠭ᠋ᠠᠷᠠᠭᠤᠯᠬᠤ ᠤᠷᠤᠯᠳᠤᠭ᠋ᠠᠨ ᠭᠤᠸᠠᠩᠰᠢ ᠵᠢᠨ ᠪᠧᠢ ᠬᠠᠢ᠎ᠳᠤ ᠶᠠᠪᠤᠭᠳᠠᠵᠤ᠂ ᠪᠥᠬᠥ ᠤᠯᠤᠰ᠎ᠤᠨ ᠡᠯ᠎ᠡ ᠭᠠᠵᠠᠷ᠎ᠤᠨ 32 ᠲᠥᠯᠥᠭᠡᠯᠡᠭᠴᠢᠳ᠎ᠤᠨ ᠠᠩᠭᠢ ᠵᠢᠨ 218 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃ ᠠᠯᠠᠱ᠌ᠠ ᠠᠢ᠌ᠮᠠᠭ᠎ᠤᠨ ᠲᠠᠮᠢᠷᠴᠢᠨ ᠰᠠᠴᠤᠷᠠ ᠵᠢᠣᠳᠣᠣ ᠵᠢᠨ ᠡᠮᠡᠭᠲᠡᠢ +63 ᠺᠢᠯᠣᠭ᠌ᠷᠠᠮ᠎ᠤᠨ ᠲᠡᠰ᠎ᠤᠨ ᠤᠷᠤᠯᠳᠤᠭ᠋ᠠᠨ᠎ᠳᠤ ᠠᠯᠳᠠᠨ ᠮᠧᠳᠠᠯ ᠣᠯᠪᠠ᠂ ᠡᠨᠡ ᠪᠣᠯ ᠠᠯᠠᠱ᠌ᠠ ᠠᠢ᠌ᠮᠠᠭ᠎ᠤᠨ ᠲᠠᠮᠢᠷᠴᠢᠨ ᠠᠩᠬ᠎ᠠ ᠤᠳᠠᠭ᠎ᠠ ᠪᠦᠬᠦ ᠤᠯᠤᠰ᠎ᠤᠨ ᠵᠢᠣᠳᠣᠣ ᠵᠢᠨ ᠤᠷᠤᠯᠳᠤᠭ᠋ᠠᠨ᠎ᠳᠤ ᠠᠯᠳᠠᠨ ᠮᠧᠳᠠᠯ ᠣᠯᠵᠤ ᠪᠠᠢ᠌ᠭ᠎ᠠ ᠶᠠᠪᠤᠳᠠᠯ ᠪᠣᠯᠣᠨ᠎ᠠ᠃
    ᠲᠤᠰ ᠤᠳᠠᠭ᠎ᠠ ᠵᠢᠨ ᠤᠷᠤᠯᠳᠤᠭ᠋ᠠᠨ᠎ᠢ ᠳᠤᠮᠳᠠᠳᠤ ᠤᠯᠤᠰ᠎ᠤᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ᠎ᠠᠴᠠ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠨᠡᠢ᠌ᠭᠡᠮᠯᠢᠭ᠎ᠤᠨ ᠵᠢᠤᠳᠤᠤ ᠵᠢᠨ ᠬᠤᠪᠢᠶᠠᠷᠢ ᠨᠡᠢ᠌ᠭᠡᠮᠯᠢᠭ ᠬᠠᠮᠵᠢᠯᠴᠠᠨ ᠡᠷᠬᠢᠯᠡᠪᠡ᠃ ᠲᠣᠰ ᠤᠳᠠᠭ᠋ᠠᠨ᠎ᠤ ᠤᠷᠤᠯᠳᠤᠭ᠋ᠠᠨ ᠵᠶ᠋ᠠᠷ ᠳᠡᠮᠵᠢᠨ᠂ 2023 ᠣᠨ᠎ᠤ ᠬᠣᠶᠠᠳᠤᠭ᠋ᠠᠷ ᠬᠤᠭᠤᠴᠠᠭ᠋ᠠᠨ᠎ᠤ U15 ᠳᠡᠯᠡᠬᠡᠢ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠵᠣᠨ᠎ᠤ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ᠎ᠤᠨ ᠲᠠᠮᠢᠷᠴᠢᠨ᠎ᠢ ᠰᠤᠩᠭᠤᠨ ᠰᠢᠯᠭ᠋ᠠᠷᠠᠭᠤᠯᠤᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ 2023 ᠣᠨ᠎ᠤ ᠥᠳᠥᠨ ᠪᠥᠮᠪᠥᠭᠡ ᠵᠢᠨ ᠬᠣᠶᠠᠳᠤᠭ᠋ᠠᠷ ᠳᠡᠰ᠎ᠤᠨ ᠬᠢᠨᠠᠭᠴᠢ ᠵᠢᠨ ᠪᠣᠯᠪᠠᠰᠤᠷᠠᠯ᠂ ᠲᠠᠰ ᠳᠡᠪᠰᠢᠬᠦ ᠰᠢᠯᠭ᠋ᠠᠯᠲᠠ ᠦᠨᠳᠦᠷᠯᠡᠪᠡ
ᠣᠷᠳᠣᠰ ᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠯᠠᠨ ᠲᠦᠮᠡᠨᠴᠢ ᠤᠷᠤᠯᠳᠤᠭ᠋ᠠᠨ᠎ᠤ ᠰᠠᠭᠰᠤᠨ ᠪᠥᠮᠪᠥᠭᠡ᠂ ᠬᠥᠯ ᠪᠥᠮᠪᠥᠭᠡ᠂ ᠬᠡᠢ᠌ᠲᠦ ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠬᠤ ᠲᠠᠮᠢᠷᠴᠢᠨ᠎ᠢ ᠰᠢᠯᠭ᠋ᠠᠷᠠᠭᠤᠯᠬᠤ ᠤᠷᠤᠯᠳᠤᠭ᠋ᠠᠨ ᠡᠷᠬᠢᠯᠡᠪᠡ
ᠬᠢᠩᠭ᠋ᠠᠨ ᠠᠢ᠌ᠮᠠᠭ᠎ᠤᠨ ᠥᠲᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
2023 ᠣᠨ᠎ᠳᠤ ᠦᠬᠠᠢ ᠬᠣᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠥᠳᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
2023 ᠣᠨ᠎ᠤ ᠪᠥᠬᠥ ᠤᠯᠤᠰ᠎ᠤᠨ ᠴᠢᠯᠦᠭᠡᠲᠦ ᠲᠡᠮᠡᠴᠡᠭᠡᠨ᠎ᠤ ᠰᠤᠷᠭ᠋ᠠᠭᠴᠢ᠂ ᠬᠢᠨᠠᠭᠴᠢ ᠵᠢᠨ ᠪᠣᠯᠪᠠᠰᠤᠷᠠᠯ᠎ᠤᠨ ᠠᠩᠭᠢ (ᠬᠥᠬᠡᠬᠣᠲᠠ ᠥᠷᠲᠡᠭᠡ) ᠬᠢᠴᠢᠶᠡᠯ ᠡᠬᠢᠯᠡᠪᠡ
 
            