ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
2023 ᠣᠨ᠎ᠳᠤ ᠦᠬᠠᠢ ᠬᠣᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠥᠳᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2023-04-11

   4 ᠰᠠᠷ᠎ᠠ ᠵᠢᠨ 8᠎ᠠᠴᠠ 9᠎ᠤ ᠡᠳᠦᠷ ᠪᠣᠯᠲᠠᠯ᠎ᠠ᠂ ᠦᠬᠠᠢ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠦᠬᠠᠢ ᠬᠣᠲᠠ ᠵᠢᠨ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠭᠡᠮᠯᠢᠭ᠎ᠠᠴᠠ ᠭᠣᠣᠯᠯᠠᠨ ᠡᠷᠭᠢᠯᠡᠵᠦ᠂ ᠬᠠᠢ᠌ᠷᠤᠪ᠎ᠤᠨ ᠲᠣᠬᠣᠢ ᠲᠣᠭᠣᠷᠢᠭ᠎ᠤᠨ ᠰᠣᠶᠣᠯ ᠵᠤᠭ᠋ᠠᠴᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠠᠢ᠌ᠨᠠᠨ ᠲᠣᠭᠣᠷᠢᠭ᠎ᠤᠨ ᠰᠣᠶᠣᠯ ᠵᠤᠭ᠋ᠠᠴᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠤᠳᠠ ᠲᠣᠭᠣᠷᠢᠭ᠎ᠤᠨ ᠰᠣᠶᠣᠯ ᠵᠤᠭ᠋ᠠᠴᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠭ᠋ᠠᠭ᠋ᠠᠴᠢᠯᠠᠨ ᠡᠷᠬᠢᠯᠡᠭᠰᠡᠨ 2023 ᠣᠨ᠎ᠤ ᠦᠬᠠᠢ ᠬᠤᠳᠠ ᠵᠢᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠴᠤᠭᠯᠠᠭ᠋ᠠᠨ᠎ᠤ ᠦᠳᠦᠨ ᠪᠥᠮᠪᠥᠭᠡ ᠵᠢᠨ ᠤᠷᠤᠯᠳᠤᠭ᠋ᠠᠨ ᠦᠬᠠᠢ ᠬᠤᠳᠠ ᠵᠢᠨ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠦᠳᠦᠨ ᠪᠥᠮᠪᠥᠭᠡ ᠵᠢᠨ ᠣᠷᠳᠣᠨ᠎ᠳᠤ ᠡᠬᠢᠯᠡᠪᠡ᠃ ᠲᠤᠰ ᠤᠳᠠᠭ᠋ᠠᠨ᠎ᠤ ᠤᠷᠤᠯᠳᠤᠭ᠋ᠠᠨ᠎ᠳᠤ ᠨᠡᠶ᠋ᠢᠲᠡ 11 ᠳᠤᠭᠤᠢ᠌ᠯᠠᠩ ᠲᠣᠬᠢᠷᠠᠭᠤᠯᠵᠤ᠂ 200 ᠭᠠᠷᠤᠢ ᠥᠳᠥᠨ ᠪᠥᠮᠪᠥᠭᠡ᠎ᠳᠤ ᠪᠠᠬᠠᠲᠠᠢ ᠬᠥᠮᠥᠰ   ᠤᠷᠤᠯᠴᠠᠪᠠ᠃
    ᠲᠤᠰ ᠤᠳᠠᠭ᠋ᠠᠨ᠎ᠤ ᠥᠳᠥᠨ ᠪᠥᠮᠪᠥᠭᠡ ᠵᠢᠨ ᠤᠷᠤᠯᠳᠤᠭ᠋ᠠᠨ᠎ᠨᠢ ᠪᠦᠬᠦ ᠬᠣᠲᠠ ᠵᠢᠨ ᠥᠳᠥᠨ ᠪᠥᠮᠪᠥᠭᠡ᠎ᠳᠤ ᠪᠠᠬᠠᠲᠠᠢ ᠬᠥᠮᠥᠰ᠎ᠲᠤ ᠮᠡᠷᠭᠡᠵᠢᠯ ᠰᠤᠯᠢᠯᠴᠠᠬᠤ᠂ ᠨᠥᠬᠥᠷᠯᠡᠯ ᠵᠶ᠋ᠡᠨ ᠵᠤᠵᠠᠭ᠋ᠠᠳᠬᠠᠬᠤ ᠬᠥᠭᠥᠷᠭᠡ ᠪᠤᠯᠵᠦ᠂ ᠥᠳᠥᠨ ᠪᠥᠮᠪᠥᠭᠡ ᠵᠢᠨ ᠲᠠᠮᠢᠷ᠎ᠤᠨ ᠬᠥᠳᠡᠯᠭᠡᠭᠡᠨ᠎ᠤ ᠴᠢᠳᠠᠪᠤᠷᠢᠲᠠᠨ᠎ᠢ ᠨᠠᠩ ᠣᠯᠠᠨ ᠬᠥᠮᠥᠵᠢᠭᠦᠯᠬᠦ ᠪᠠ ᠰᠢᠯᠢᠨ ᠰᠣᠩᠭᠣᠵᠤ᠂ ᠠᠷᠠᠳ ᠣᠯᠠᠨ᠎ᠤ ᠰᠣᠶᠣᠯ ᠪᠡᠶ᠎ᠡ ᠵᠢᠨ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠦᠬᠠᠢ ᠬᠣᠲᠠ ᠵᠢᠨ ᠣᠯᠠᠨ ᠲᠦᠮᠡᠨᠴᠢ ᠪᠡᠶ᠎ᠡ ᠵᠢᠨ ᠲᠠᠮᠢᠷ ᠪᠠ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠤᠨ᠂ ᠦᠬᠠᠢ ᠬᠣᠲᠠ ᠵᠢᠨ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠳᠤ ᠬᠦᠴᠦᠨ ᠨᠡᠮᠡᠷᠢᠯᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
2023 ᠣᠨ᠎ᠤ ᠪᠥᠬᠥ ᠤᠯᠤᠰ᠎ᠤᠨ ᠴᠢᠯᠦᠭᠡᠲᠦ ᠲᠡᠮᠡᠴᠡᠭᠡᠨ᠎ᠤ ᠰᠤᠷᠭ᠋ᠠᠭᠴᠢ᠂ ᠬᠢᠨᠠᠭᠴᠢ ᠵᠢᠨ ᠪᠣᠯᠪᠠᠰᠤᠷᠠᠯ᠎ᠤᠨ ᠠᠩᠭᠢ (ᠬᠥᠬᠡᠬᠣᠲᠠ ᠥᠷᠲᠡᠭᠡ) ᠬᠢᠴᠢᠶᠡᠯ ᠡᠬᠢᠯᠡᠪᠡ
2023 ᠤᠨ᠎ᠤ ᠬᠥᠬᠡᠬᠣᠲᠠ ᠵᠢᠨ ᠬᠠᠭ᠋ᠠᠰ ᠵᠠᠶ᠋ᠢᠲᠤ ᠮᠠᠷᠠᠽᠤᠨ ᠤᠷᠤᠯᠳᠤᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠪᠠ
ᠬᠥᠬᠡᠬᠣᠲᠠ ᠵᠢᠨ ᠫᠢᠩᠫᠠᠩ ᠪᠥᠮᠪᠥᠭᠡ ᠵᠢᠨ ᠲᠥᠯᠥᠭᠡᠯᠡᠭᠴᠢᠳ᠎ᠤᠨ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠯᠠᠨ ᠲᠦᠮᠡᠨᠴᠢ ᠳᠤᠭᠤᠢ᠌ᠯᠠᠩ᠎ᠤᠨ ᠡᠷᠡᠭᠲᠡᠢ ᠡᠮᠡᠭᠳᠡᠢ ᠵᠢᠨ ᠬᠠᠮᠳᠦ ᠵᠢᠨ ᠤᠷᠤᠯᠳᠤᠭ᠋ᠠᠨ᠎ᠳᠤ ᠮᠠᠩᠯᠠᠢ᠍ᠢ᠍ᠯᠠᠪᠠ
2023 ᠣᠨ᠎ᠤ ᠦᠬᠠᠢ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠠᠭᠰᠤᠨ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
2023 ᠬᠥᠬᠡᠬᠣᠲᠠ ᠵᠢᠨ ᠬᠠᠭ᠋ᠠᠰ ᠵᠠᠢ ᠵᠢᠨ ᠮᠠᠷᠠᠽᠤᠨ ᠤᠷᠤᠯᠳᠤᠭ᠋ᠠᠨ ᠤᠷᠤᠭᠰᠢᠲᠠᠢ ᠶᠠᠪᠤᠭᠳᠠᠪᠠ
 
            