ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠢᠩᠭ᠋ᠠᠨ ᠠᠢ᠌ᠮᠠᠭ᠎ᠤᠨ ᠥᠲᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2023-04-11

    4 ᠰᠠᠷ᠎ᠠ ᠵᠢᠨ 8᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠬᠢᠩᠭ᠋ᠠᠨ ᠠᠢ᠌ᠮᠠᠭ᠎ᠤᠨ ᠪᠡᠶ᠎ᠡ ᠵᠢᠨ ᠲᠠᠮᠢᠷ᠎ᠤᠨ ᠲᠥᠪ᠂ ᠬᠢᠩᠭ᠋ᠠᠨ ᠠᠢ᠌ᠮᠠᠭ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠬᠤᠪᠢᠶᠠᠷᠢ ᠲᠥᠪ᠂ ᠬᠢᠩᠭ᠋ᠠᠨ ᠠᠢ᠌ᠮᠠᠭ᠎ᠤᠨ ᠾᠦᠢ ᠯᠢᠨ ᠪᠡᠶ᠎ᠡ ᠵᠢᠨ ᠲᠠᠮᠢᠷ᠎ᠤᠨ ᠬᠢᠵᠠᠭ᠋ᠠᠷᠲᠤ ᠺᠣᠮᠫᠠᠨᠢ ᠳᠠᠭ᠋ᠠᠭ᠋ᠠᠴᠢᠯᠠᠨ   ᠡᠷᠬᠢᠯᠡᠭᠰᠡᠨ ᠬᠢᠩᠭ᠋ᠠᠨ ᠠᠢ᠌ᠮᠠᠭ᠎ᠤᠨ ᠥᠲᠥᠨ ᠪᠥᠮᠪᠥᠭᠡ ᠵᠢᠨ ᠤᠷᠤᠯᠳᠤᠭ᠋ᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠯᠠᠨ ᠲᠦᠮᠡᠨᠴᠢ ᠳᠤᠭᠤᠢ᠌ᠯᠠᠩ᠎ᠤᠨ ᠥᠲᠥᠨ ᠪᠥᠮᠪᠥᠭᠡ ᠵᠢᠨ ᠰᠢᠯᠭ᠋ᠠᠷᠠᠭᠤᠯᠬᠤ ᠤᠷᠤᠯᠳᠤᠭ᠋ᠠᠨ ᠠᠢ᠌ᠮᠠᠭ᠎ᠤᠨ ᠪᠡᠶ᠎ᠡ ᠵᠢᠨ ᠲᠠᠮᠢᠷ᠎ᠤᠨ ᠣᠷᠳᠣᠨ᠎ᠳᠤ ᠬᠥᠭᠵᠢᠶᠡᠨᠲᠡᠢ ᠡᠬᠢᠯᠡᠪᠡ᠃
    ᠤᠷᠤᠯᠳᠤᠭ᠋ᠠᠨ᠎ᠨᠢ ᠵᠠᠯᠠᠭᠤ ᠲᠠᠮᠢᠷᠴᠢᠳ᠎ᠢ ᠰᠢᠯᠭ᠋ᠠᠷᠠᠭᠤᠯᠬᠤ ᠳᠤᠭᠤᠢ᠌ᠯᠠᠩ᠂ ᠢᠳᠡᠷ ᠨᠠᠰᠤᠨ᠎ᠤ ᠲᠠᠮᠢᠷᠴᠢᠳ᠎ᠢ ᠰᠢᠯᠭ᠋ᠠᠷᠠᠭᠤᠯᠬᠤ ᠳᠤᠭᠤᠢ᠌ᠯᠠᠩ᠂ ᠣᠯᠠᠨ ᠲᠦᠮᠡᠨᠴᠢ ᠵᠠᠯᠠᠭᠤ ᠲᠠᠮᠢᠷᠴᠢᠳ᠎ᠤᠨ ᠲᠤᠭᠤᠢ᠌ᠯᠠᠩ᠂ ᠣᠯᠠᠨ ᠲᠦᠮᠡᠨᠴᠢ ᠢᠳᠡᠷ ᠨᠠᠰᠤᠨ᠎ᠤ ᠲᠠᠮᠢᠷᠴᠢᠳ ᠳᠤᠭᠤᠢ᠌ᠯᠠᠩ ᠭᠡᠬᠦ ᠳᠥᠷᠪᠡᠨ ᠳᠤᠭᠤᠢ᠌ᠯᠠᠩ ᠬᠤᠪᠢᠶᠠᠵᠤ᠂ ᠡᠷᠡᠭᠲᠡᠢ ᠵᠢᠨ ᠬᠣᠣᠰᠯᠠᠨ ᠴᠣᠬᠢᠬᠤ᠂ ᠡᠮᠡᠭᠲᠡᠢ ᠵᠢᠨ ᠬᠣᠣᠰᠯᠠᠨ ᠴᠣᠬᠢᠬᠤ᠂   ᠡᠷᠡᠭᠳᠡᠢ ᠡᠮᠡᠭᠳᠡᠢ ᠬᠣᠣᠰᠯᠠᠨ ᠴᠣᠬᠢᠬᠤ ᠵᠡᠷᠭᠡ ᠲᠥᠷᠥᠯ ᠵᠦᠢ᠍ᠯ᠎ᠢ ᠪᠠᠭᠳᠠᠭ᠋ᠠᠪᠠ᠃ ᠪᠦᠬᠦ ᠠᠢ᠌ᠮᠠᠭ᠎ᠤᠨ ᠥᠳᠥᠨ ᠪᠥᠮᠪᠥᠭᠡ ᠵᠢᠨ ᠨᠡᠢ᠌ᠭᠡᠮᠯᠢᠭ᠂ ᠺᠯᠦ᠋ᠪ᠂ ᠪᠣᠯᠪᠠᠰᠤᠷᠠᠯ᠎ᠤᠨ ᠰᠠᠭᠤᠷᠢᠨ ᠵᠢᠴᠢ ᠥᠳᠥᠨ ᠪᠥᠮᠪᠥᠭᠡ᠎ᠳᠤ ᠪᠠᠬᠠᠲᠠᠢ ᠬᠥᠮᠥᠰ ᠵᠶ᠋ᠡᠷ ᠪᠦᠷᠢᠯᠳᠦᠭᠰᠡᠨ 210 ᠭᠠᠷᠤᠢ ᠬᠥᠮᠥᠨ ᠤᠷᠤᠯᠳᠤᠭ᠋ᠠᠨ᠎ᠳᠤ ᠣᠷᠣᠯᠴᠠᠪᠠ᠃
    ᠣᠢ᠌ᠷ᠎ᠠ ᠵᠢᠨ ᠵᠢᠯ᠎ᠳᠤ᠂ ᠥᠳᠥᠨ ᠪᠥᠮᠪᠥᠭᠡ ᠵᠢᠨ ᠲᠠᠮᠢᠷ᠎ᠤᠨ ᠬᠥᠳᠡᠯᠭᠡᠭᠡᠨ ᠬᠢᠩᠭ᠋ᠠᠨ ᠠᠢ᠌ᠮᠠᠭ᠎ᠲᠤ ᠥᠷᠭᠡᠨ ᠵᠶ᠋ᠡᠷ ᠲᠦᠭᠡᠮᠡᠯᠵᠢᠵᠦ᠂ ᠪᠦᠬᠦᠯᠢ ᠴᠣᠭᠴᠠ ᠵᠢᠨ ᠬᠢᠷᠢ ᠲᠦᠪᠰᠢᠨ᠎ᠨᠢ ᠢᠯᠡᠳᠲᠡ ᠳᠡᠭᠡᠭᠰᠢᠯᠡᠪᠡ᠃ ᠲᠤᠰ ᠤᠳᠠᠭ᠎ᠠ ᠵᠢᠨ ᠤᠷᠤᠯᠳᠤᠭ᠋ᠠᠨ ᠬᠣᠶᠠᠷ ᠡᠳᠦᠷ ᠶᠠᠪᠤᠭᠳᠠᠨ᠎ᠠ᠂ ᠰᠢᠷᠦᠭᠦᠨ ᠥᠷᠢᠰᠦᠯᠳᠦᠭᠡᠨ ᠵᠶ᠋ᠡᠷ ᠳᠠᠮᠵᠢᠨ᠂ ᠡᠯ᠎ᠡ ᠰᠢᠯᠭ᠋ᠠᠷᠠᠭᠤᠯᠬᠤ ᠳᠤᠭᠤᠢ᠌ᠯᠠᠩ᠎ᠤᠨ ᠲᠡᠷᠢᠭᠦᠯᠡᠭᠰᠡᠨ ᠲᠠᠮᠢᠷᠴᠢᠨ ᠬᠢᠩᠭ᠋ᠠᠨ ᠠᠢ᠌ᠮᠠᠭ᠎ᠢ ᠲᠥᠯᠥᠭᠡᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠯᠠᠨ ᠲᠦᠮᠡᠨᠴᠢ ᠳᠤᠭᠤᠢ᠌ᠯᠠᠩ᠎ᠤᠨ ᠦᠳᠦᠨ ᠪᠥᠮᠪᠥᠭᠡ ᠵᠢᠨ ᠤᠷᠤᠯᠳᠤᠭ᠋ᠠᠨ᠎ᠳᠤ ᠣᠷᠣᠯᠴᠠᠬᠤ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
2023 ᠣᠨ᠎ᠳᠤ ᠦᠬᠠᠢ ᠬᠣᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠥᠳᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
2023 ᠣᠨ᠎ᠤ ᠪᠥᠬᠥ ᠤᠯᠤᠰ᠎ᠤᠨ ᠴᠢᠯᠦᠭᠡᠲᠦ ᠲᠡᠮᠡᠴᠡᠭᠡᠨ᠎ᠤ ᠰᠤᠷᠭ᠋ᠠᠭᠴᠢ᠂ ᠬᠢᠨᠠᠭᠴᠢ ᠵᠢᠨ ᠪᠣᠯᠪᠠᠰᠤᠷᠠᠯ᠎ᠤᠨ ᠠᠩᠭᠢ (ᠬᠥᠬᠡᠬᠣᠲᠠ ᠥᠷᠲᠡᠭᠡ) ᠬᠢᠴᠢᠶᠡᠯ ᠡᠬᠢᠯᠡᠪᠡ
2023 ᠤᠨ᠎ᠤ ᠬᠥᠬᠡᠬᠣᠲᠠ ᠵᠢᠨ ᠬᠠᠭ᠋ᠠᠰ ᠵᠠᠶ᠋ᠢᠲᠤ ᠮᠠᠷᠠᠽᠤᠨ ᠤᠷᠤᠯᠳᠤᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠪᠠ
ᠬᠥᠬᠡᠬᠣᠲᠠ ᠵᠢᠨ ᠫᠢᠩᠫᠠᠩ ᠪᠥᠮᠪᠥᠭᠡ ᠵᠢᠨ ᠲᠥᠯᠥᠭᠡᠯᠡᠭᠴᠢᠳ᠎ᠤᠨ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠯᠠᠨ ᠲᠦᠮᠡᠨᠴᠢ ᠳᠤᠭᠤᠢ᠌ᠯᠠᠩ᠎ᠤᠨ ᠡᠷᠡᠭᠲᠡᠢ ᠡᠮᠡᠭᠳᠡᠢ ᠵᠢᠨ ᠬᠠᠮᠳᠦ ᠵᠢᠨ ᠤᠷᠤᠯᠳᠤᠭ᠋ᠠᠨ᠎ᠳᠤ ᠮᠠᠩᠯᠠᠢ᠍ᠢ᠍ᠯᠠᠪᠠ
2023 ᠣᠨ᠎ᠤ ᠦᠬᠠᠢ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠠᠭᠰᠤᠨ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
 
            