ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠣᠷᠳᠣᠰ ᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠯᠠᠨ ᠲᠦᠮᠡᠨᠴᠢ ᠤᠷᠤᠯᠳᠤᠭ᠋ᠠᠨ᠎ᠤ ᠰᠠᠭᠰᠤᠨ ᠪᠥᠮᠪᠥᠭᠡ᠂ ᠬᠥᠯ ᠪᠥᠮᠪᠥᠭᠡ᠂ ᠬᠡᠢ᠌ᠲᠦ ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠬᠤ ᠲᠠᠮᠢᠷᠴᠢᠨ᠎ᠢ ᠰᠢᠯᠭ᠋ᠠᠷᠠᠭᠤᠯᠬᠤ ᠤᠷᠤᠯᠳᠤᠭ᠋ᠠᠨ ᠡᠷᠬᠢᠯᠡᠪᠡ
ᠨᠡᠶ᠋ᠢᠲᠡᠯᠡᠭᠰᠡᠨ ᠴᠠᠭ᠄ 2023-04-11

    4 ᠰᠠᠷ᠎ᠠ ᠵᠢᠨ 7᠎ᠤ ᠡᠳᠦᠷ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠣᠷᠳᠣᠰ ᠬᠣᠲᠠ ᠵᠢᠨ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠭᠡᠮᠯᠢᠭ᠎ᠠᠴᠠ ᠳᠠᠭ᠋ᠠᠭ᠋ᠠᠴᠢᠯᠠᠨ ᠡᠷᠭᠢᠯᠡᠭᠰᠡᠨ ᠣᠷᠳᠣᠰ ᠬᠣᠲᠠ ᠵᠢ ᠲᠦᠯᠦᠭᠡᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠯᠠᠨ ᠲᠦᠮᠡᠨᠴᠢ ᠤᠷᠤᠯᠳᠤᠭ᠋ᠠᠨ᠎ᠤ ᠰᠠᠭᠰᠤᠨ ᠪᠥᠮᠪᠥᠭᠡ᠂ ᠬᠥᠯ ᠪᠥᠮᠪᠥᠭᠡ᠂ ᠬᠡᠢ᠌ᠳᠦ ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠬᠤ ᠲᠠᠮᠢᠷᠴᠢᠨ᠎ᠢ ᠰᠢᠯᠭ᠋ᠠᠷᠠᠭᠤᠯᠬᠤ ᠤᠷᠤᠯᠳᠤᠭ᠋ᠠᠨ ᠬᠣᠲᠠ ᠵᠢᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠡᠬᠢᠯᠡᠪᠡ᠃ ᠲᠣᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ 3 ᠡᠳᠦᠷ᠎ᠤᠨ ᠬᠤᠭᠤᠴᠠᠭ᠎ᠠ ᠶᠠᠪᠤᠭᠳᠠᠵᠤ᠂ ᠬᠣᠰᠢᠭᠤ ᠲᠣᠭᠣᠷᠢᠭ᠂ ᠬᠣᠲᠠ ᠵᠢᠨ ᠲᠠᠰ᠎ᠤᠨ ᠳ᠋ᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠵᠶ᠋ᠡᠷ ᠨᠢᠭᠡᠴᠢ ᠪᠣᠯᠭ᠋ᠠᠨ ᠠᠩᠭᠢ ᠵᠣᠬᠢᠶᠠᠨ ᠪᠠᠢ᠌ᠭᠤᠯᠵᠤ ᠤᠷᠤᠯᠳᠤᠭ᠋ᠠᠨ᠎ᠳᠤ ᠣᠷᠣᠯᠴᠠᠨ᠎ᠠ᠃


    ᠰᠠᠭᠰᠤᠨ ᠪᠥᠮᠪᠥᠭᠡ ᠵᠢᠨ ᠰᠢᠯᠭ᠋ᠠᠷᠠᠭᠤᠯᠬᠤ ᠤᠷᠤᠯᠳᠤᠭ᠋ᠠᠨ᠎ᠳᠤ ᠨᠡᠶ᠋ᠢᠲᠡ 8 ᠲᠥᠯᠥᠭᠡᠯᠡᠭᠴᠢᠳ᠎ᠤᠨ ᠠᠩᠭᠢ ᠵᠢᠨ 100 ᠭᠠᠷᠤᠢ ᠬᠥᠮᠥᠨ ᠣᠷᠣᠯᠴᠠᠵᠤ᠂ ᠬᠥᠯ ᠪᠥᠮᠪᠥᠭᠡ ᠵᠢᠨ ᠰᠢᠯᠭ᠋ᠠᠷᠠᠭᠤᠯᠬᠤ ᠤᠷᠤᠯᠳᠤᠭ᠋ᠠᠨ᠎ᠳᠤ ᠨᠡᠶ᠋ᠢᠲᠡ 3 ᠲᠥᠯᠥᠭᠡᠯᠡᠭᠴᠢᠳ᠎ᠤᠨ ᠠᠩᠭᠢ ᠵᠢᠨ 30 ᠭᠠᠷᠤᠢ ᠬᠥᠮᠥᠨ ᠣᠷᠣᠯᠴᠠᠵᠤ᠂ ᠬᠡᠢ᠌ᠳᠦ ᠠᠯᠠᠭ᠋ᠠᠳᠠᠬᠤ ᠪᠥᠮᠪᠥᠭᠡ ᠵᠢᠨ ᠰᠢᠯᠭ᠋ᠠᠷᠠᠭᠤᠯᠬᠤ ᠤᠷᠤᠯᠳᠤᠭ᠋ᠠᠨ᠎ᠳᠤ ᠨᠡᠶ᠋ᠢᠲᠡ 13 ᠲᠥᠯᠥᠭᠡᠯᠡᠭᠴᠢᠳ᠎ᠤᠨ ᠠᠩᠭᠢ ᠵᠢᠨ 110 ᠭᠠᠷᠤᠢ ᠬᠥᠮᠥᠨ ᠣᠷᠣᠯᠴᠠᠵᠠᠢ᠃


    ᠲᠣᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠨᠢᠭᠡᠳᠦᠭᠡᠷ ᠨᠡᠷᠡᠰ᠎ᠤᠨ ᠰᠠᠭᠤᠷᠢᠨ ᠳᠡᠭᠡᠷ᠎ᠡ ᠶᠡᠷᠦᠩᠬᠡᠢ᠌ᠯᠡᠨ ᠦᠨᠡᠯᠡᠨ ᠵᠢᠱ᠌ᠢᠵᠦ᠂   ᠣᠷᠳᠣᠰ ᠬᠣᠲᠠ ᠵᠢᠨ ᠣᠯᠠᠨ ᠲᠦᠮᠡᠨᠴᠢ ᠳᠤᠭᠤᠢ᠌ᠯᠠᠩ᠎ᠤᠨ ᠰᠠᠭᠰᠤᠨ ᠪᠥᠮᠪᠥᠭᠡ᠂ ᠬᠥᠯ ᠪᠥᠮᠪᠥᠭᠡ᠂ ᠬᠡᠢ᠌ᠳᠦ ᠠᠯᠠᠭ᠋ᠠᠳᠠᠬᠤ ᠪᠥᠮᠪᠥᠭᠡ ᠵᠢᠨ ᠲᠥᠯᠥᠭᠡᠯᠡᠭᠴᠢᠳ᠎ᠤᠨ ᠠᠩᠭᠢ ᠵᠢ ᠵᠣᠬᠢᠶᠠᠨ ᠪᠠᠢ᠌ᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠯᠠᠨ ᠲᠦᠮᠡᠨᠴᠢ ᠳᠤᠭᠤᠢ᠌ᠯᠠᠩ᠎ᠤᠨ ᠰᠠᠭᠰᠤᠨ ᠪᠥᠮᠪᠥᠭᠡ᠂ ᠬᠥᠯ ᠪᠥᠮᠪᠥᠭᠡ᠂   ᠬᠡᠢ᠌ᠳᠦ ᠠᠯᠠᠭ᠋ᠠᠳᠠᠬᠤ ᠪᠥᠮᠪᠥᠭᠡ ᠵᠢᠨ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠤᠯᠤᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ ᠥᠲᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
2023 ᠣᠨ᠎ᠳᠤ ᠦᠬᠠᠢ ᠬᠣᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠥᠳᠥᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
2023 ᠣᠨ᠎ᠤ ᠪᠥᠬᠥ ᠤᠯᠤᠰ᠎ᠤᠨ ᠴᠢᠯᠦᠭᠡᠲᠦ ᠲᠡᠮᠡᠴᠡᠭᠡᠨ᠎ᠤ ᠰᠤᠷᠭ᠋ᠠᠭᠴᠢ᠂ ᠬᠢᠨᠠᠭᠴᠢ ᠵᠢᠨ ᠪᠣᠯᠪᠠᠰᠤᠷᠠᠯ᠎ᠤᠨ ᠠᠩᠭᠢ (ᠬᠥᠬᠡᠬᠣᠲᠠ ᠥᠷᠲᠡᠭᠡ) ᠬᠢᠴᠢᠶᠡᠯ ᠡᠬᠢᠯᠡᠪᠡ
2023 ᠤᠨ᠎ᠤ ᠬᠥᠬᠡᠬᠣᠲᠠ ᠵᠢᠨ ᠬᠠᠭ᠋ᠠᠰ ᠵᠠᠶ᠋ᠢᠲᠤ ᠮᠠᠷᠠᠽᠤᠨ ᠤᠷᠤᠯᠳᠤᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠪᠠ
ᠬᠥᠬᠡᠬᠣᠲᠠ ᠵᠢᠨ ᠫᠢᠩᠫᠠᠩ ᠪᠥᠮᠪᠥᠭᠡ ᠵᠢᠨ ᠲᠥᠯᠥᠭᠡᠯᠡᠭᠴᠢᠳ᠎ᠤᠨ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠯᠠᠨ ᠲᠦᠮᠡᠨᠴᠢ ᠳᠤᠭᠤᠢ᠌ᠯᠠᠩ᠎ᠤᠨ ᠡᠷᠡᠭᠲᠡᠢ ᠡᠮᠡᠭᠳᠡᠢ ᠵᠢᠨ ᠬᠠᠮᠳᠦ ᠵᠢᠨ ᠤᠷᠤᠯᠳᠤᠭ᠋ᠠᠨ᠎ᠳᠤ ᠮᠠᠩᠯᠠᠢ᠍ᠢ᠍ᠯᠠᠪᠠ
 
            