
4 ᠰᠠᠷ᠎ᠠ ᠵᠢᠨ 11᠎ᠤ ᠡᠳᠦᠷ᠎ᠤᠨ ᠦᠳᠡ ᠵᠢᠨ ᠡᠮᠦᠨ᠎ᠡ᠂ 2023 ᠣᠨ᠎ᠤ ᠪᠥᠬᠥ ᠤᠯᠤᠰ᠎ᠤᠨ ᠴᠢᠯᠦᠭᠡᠲᠦ ᠲᠡᠮᠡᠴᠡᠭᠡᠨ᠎ᠤ ᠰᠤᠷᠭ᠋ᠠᠭᠴᠢ᠂ ᠬᠢᠨᠠᠭᠴᠢ ᠵᠢᠨ ᠪᠣᠯᠪᠠᠰᠤᠷᠠᠯ᠎ᠤᠨ ᠠᠩᠭᠢ (ᠬᠥᠬᠡᠬᠣᠲᠠ ᠥᠷᠲᠡᠭᠡ) ᠬᠢᠴᠢᠶᠡᠯ ᠡᠬᠢᠯᠡᠪᠡ᠃
ᠪᠣᠯᠪᠠᠰᠤᠷᠠᠯ᠎ᠤᠨ ᠬᠤᠭᠤᠴᠠᠭ᠎ᠠ᠎ᠨᠢ 4 ᠡᠳᠦᠷ ᠪᠠᠢ᠌ᠵᠤ᠂ ᠪᠥᠬᠥ ᠤᠯᠤᠰ᠎ᠤᠨ ᠡᠯ᠎ᠡ ᠭᠠᠵᠠᠷ᠎ᠤᠨ 120 ᠬᠥᠮᠥᠨ ᠣᠷᠣᠯᠴᠠᠵᠠᠢ᠃ ᠪᠤᠯᠪᠠᠰᠤᠷᠠᠯ᠎ᠳᠤ ᠣᠨᠣᠯ᠎ᠤᠨ ᠰᠤᠷᠤᠯᠴᠠᠯᠭ᠎ᠠ ᠪᠠ ᠮᠡᠷᠭᠡᠵᠢᠯ᠎ᠤᠨ ᠦᠢ᠍ᠯᠡᠳᠦᠯᠭᠡ ᠵᠢ ᠤᠶᠠᠯᠳᠤᠭᠤᠯᠬᠤ ᠬᠡᠯᠪᠡᠷᠢ ᠵᠢ ᠠᠪᠴᠤ᠂ ᠴᠢᠯᠦᠭᠡᠲᠦ ᠲᠡᠮᠡᠴᠡᠭᠡᠨ᠎ᠤ ᠬᠥᠭᠵᠢᠯᠲᠡ ᠵᠢᠨ ᠲᠡᠦᠬᠡ᠂ ᠴᠢᠯᠦᠭᠡᠲᠦ ᠲᠡᠮᠡᠴᠡᠭᠡᠨ᠎ᠤ ᠨᠢᠳᠤᠷᠭ᠋ᠠᠨ ᠡᠷᠳᠡᠮ᠂ ᠫᠠᠢ ᠪᠠᠷᠢᠬᠤ ᠵᠢᠭ᠋ᠠᠨ ᠰᠤᠷᠭ᠋ᠠᠯᠲᠠ᠂ ᠬᠥᠯ᠎ᠤᠨ ᠡᠷᠳᠡᠮ᠂ ᠡᠪᠦᠳᠦᠭ᠎ᠤᠨ ᠡᠷᠳᠡᠮ᠂ ᠴᠢᠯᠦᠭᠡᠲᠦ ᠲᠡᠮᠡᠴᠡᠭᠡᠨ᠎ᠤ ᠳᠦᠷᠢᠮ ᠵᠢᠴᠢ ᠬᠢᠨᠠᠨ ᠰᠢᠭᠦᠬᠦ ᠠᠷᠭ᠎ᠠ᠂ ᠠᠮᠠᠨ ᠳᠣᠬᠢᠶ᠎ᠠ᠂ ᠸᠸᠳᠢᠤ᠋ ᠰᠤᠷᠤᠯᠴᠠᠯᠭ᠎ᠠ ᠵᠡᠷᠭᠡ ᠠᠭᠤᠯᠭ᠎ᠠ ᠵᠢ ᠰᠤᠷᠤᠯᠴᠠᠨ᠎ᠠ᠃ ᠪᠤᠯᠪᠠᠰᠤᠷᠠᠯ ᠳᠠᠭᠤᠰᠤᠭᠰᠠᠨ᠎ᠤ ᠳᠠᠷᠠᠭ᠎ᠠ᠂ ᠪᠢᠷ᠎ᠤᠨ ᠰᠢᠯᠭ᠋ᠠᠯᠲᠠ᠂ ᠮᠡᠷᠭᠡᠵᠢᠯ᠎ᠤᠨ ᠰᠢᠯᠭ᠋ᠠᠯᠲᠠ᠂ ᠦᠢ᠍ᠯᠡᠳᠦᠯᠭᠡ ᠵᠢᠨ ᠦᠨᠡᠯᠡᠯᠲᠡ ᠵᠡᠷᠭᠡ ᠠᠷᠭ᠎ᠠ᠎ᠪᠠᠷ ᠬᠢᠨᠠᠨ ᠰᠢᠯᠭ᠋ᠠᠯᠲᠠ ᠬᠢᠵᠦ᠂ ᠬᠢᠷᠢ ᠲᠡᠩᠴᠡᠭᠰᠡᠨ ᠰᠣᠷᠣᠭᠴᠢ᠎ᠳᠤ ᠤᠯᠤᠰ᠎ᠤᠨ ᠠᠩᠬ᠎ᠠ ᠵᠡᠷᠭᠡ ᠵᠢᠨ ᠰᠤᠷᠭ᠋ᠠᠭᠴᠢ᠂ ᠤᠯᠤᠰ᠎ᠤᠨ ᠨᠢᠭᠡᠳᠦᠭᠡᠷ ᠳᠡᠰ᠎ᠤᠨ ᠬᠢᠨᠠᠭᠴᠢ ᠵᠢᠨ ᠦᠨᠡᠮᠯᠡᠯ ᠤᠯᠭᠤᠨ᠎ᠡ᠃
