
5 ᠰᠠᠷ᠎ᠠ ᠵᠢᠨ 16᠎ᠤ ᠡᠳᠦᠷ᠂ ᠦᠬᠠᠢ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠣᠯᠣᠨ ᠦᠬᠠᠢ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠬᠠᠮᠲᠤᠷᠠᠨ ᠡᠷᠭᠢᠯᠡᠭᠰᠡᠨ 2023 ᠣᠨ᠎ᠤ ᠦᠬᠠᠢ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠠᠭᠰᠤᠨ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠦᠬᠠᠢ ᠬᠣᠲᠠ ᠵᠢᠨ ᠪᠡᠶ᠎ᠡ ᠵᠢᠨ ᠲᠠᠮᠢᠷ᠎ᠤᠨ ᠲᠥᠪ᠎ᠲᠤ ᠡᠬᠢᠯᠡᠪᠡ᠂ ᠤᠷᠤᠯᠳᠤᠭ᠋ᠠᠨ᠎ᠨᠢ 6 ᠡᠳᠦᠷ ᠶᠠᠪᠤᠭᠳᠠᠵᠤ᠂ 5 ᠳᠤᠭᠤᠢ᠌ᠯᠠᠩ ᠲᠤᠬᠢᠷᠠᠭᠤᠯᠤᠨ᠂ ᠪᠥᠬᠥ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ 42 ᠲᠥᠯᠥᠭᠡᠯᠡᠭᠴᠢᠳ᠎ᠤᠨ ᠠᠩᠭᠢ ᠵᠢᠨ 504 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃ ᠲᠣᠰ ᠤᠳᠠᠭ᠋ᠠᠨ᠎ᠤ ᠤᠷᠤᠯᠳᠤᠭ᠋ᠠᠨ᠎ᠨᠢ ᠰᠠᠭᠰᠤᠨ ᠪᠥᠮᠪᠥᠭᠡ ᠵᠢᠨ ᠬᠥᠳᠡᠯᠭᠡᠭᠡᠨ᠎ᠢ ᠳᠡᠯᠭᠡᠷᠡᠭᠦᠯᠵᠦ᠂ ᠪᠥᠬᠥ ᠬᠣᠲᠠ ᠵᠢᠨ ᠰᠠᠭᠰᠤᠨ ᠪᠥᠮᠪᠥᠭᠡ ᠵᠢᠨ ᠤᠷᠤᠯᠳᠤᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠰᠠᠭᠰᠤᠨ ᠪᠥᠮᠪᠥᠭᠡ ᠵᠢᠨ ᠬᠥᠳᠡᠯᠭᠡᠭᠡᠨ᠎ᠤ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠰᠣᠩᠭᠣᠨ ᠨᠥᠭᠡᠴᠡᠯᠡᠬᠦ ᠵᠢᠨ ᠲᠥᠯᠥᠭᠡ ᠶᠤᠮ᠃