ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
2023 ᠬᠥᠬᠡᠬᠣᠲᠠ ᠵᠢᠨ ᠬᠠᠭ᠋ᠠᠰ ᠵᠠᠢ ᠵᠢᠨ ᠮᠠᠷᠠᠽᠤᠨ ᠤᠷᠤᠯᠳᠤᠭ᠋ᠠᠨ ᠤᠷᠤᠭᠰᠢᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2023-05-23

    5 ᠰᠠᠷ᠎ᠠ ᠵᠢᠨ 21᠎ᠤ ᠡᠳᠦᠷ᠂ 2023 ᠬᠥᠬᠡᠬᠣᠲᠠ ᠵᠢᠨ ᠬᠠᠭ᠋ᠠᠰ ᠵᠠᠢ ᠵᠢᠨ ᠮᠠᠷᠠᠽᠤᠨ ᠬᠥᠬᠡᠬᠣᠲᠠ ᠵᠢᠨ ᠲᠣᠷᠭ᠋ᠠᠨ ᠵᠠᠮ᠎ᠤᠨ ᠴᠡᠴᠡᠷᠯᠢᠭ᠎ᠲᠤ ᠤᠷᠤᠭᠰᠢᠲᠠᠢ ᠶᠠᠪᠤᠭᠳᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ᠂ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠭᠠᠵᠠᠷ᠎ᠤᠨ ᠳᠠᠷᠤᠭ᠎ᠠ ᠴᠢᠨ ᠶᠢᠩ᠂ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠎ᠤᠨ ᠨᠠᠷᠢᠨ ᠪᠢᠴᠢᠭ᠎ᠤᠨ ᠳᠠᠷᠤᠭ᠎ᠠ ᠯᠢᠦ ᠬᠦᠶ ᠱᠧᠩ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠵᠠᠩ ᠵᠢᠢ ᠹᠧᠢ᠂ ᠳᠡᠳ᠋ ᠨᠠᠷᠢᠨ ᠪᠢᠴᠢᠭ᠎ᠤᠨ ᠳᠠᠷᠤᠭ᠎ᠠ ᠶᠦᠨ ᠯᠢᠨ ᠴᠢᠶᠦ᠋ᠩ ᠵᠡᠷᠭᠡ ᠬᠠᠮᠢᠶ᠎ᠠ ᠪᠦᠬᠦᠢ ᠨᠢᠭᠡᠴᠢ ᠵᠢᠨ ᠤᠳᠤᠷᠢᠳᠤᠯᠭ᠎ᠠ ᠨᠠᠷ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠲᠣᠰ ᠤᠳᠠᠭ᠋ᠠᠨ᠎ᠤ ᠤᠷᠤᠯᠳᠤᠭ᠋ᠠᠨ᠎ᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠵᠦ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ   ᠲᠠᠭ᠋ᠠᠭ᠋ᠠᠴᠢᠯᠠᠨ ᠡᠷᠬᠢᠯᠡᠪᠡ᠃


    2023 ᠬᠦᠬᠡᠬᠤᠳᠠ ᠵᠢᠨ ᠬᠠᠭ᠋ᠠᠰ ᠵᠠᠢ ᠵᠢᠨ ᠮᠠᠷᠠᠽᠤᠨ ᠤᠷᠤᠯᠳᠤᠭ᠋ᠠᠨ᠎ᠳᠤ ᠯᠢ ᠵᠢᠶᠠ ᠴᠢᠶᠠᠩ 1 ᠴᠠᠭ 9 ᠮᠢᠨᠦ᠋ᠲ 51 ᠰᠧᠺᠦ᠋ᠨ᠋ᠳ᠋ ᠵᠶ᠋ᠡᠷ ᠡᠷᠡᠭᠲᠡᠢ ᠵᠢᠨ ᠳᠤᠭᠤᠢ᠌ᠯᠠᠩ᠎ᠤᠨ ᠮᠠᠩᠯᠠᠢ᠎ᠳᠤ ᠮᠠᠩᠯᠠᠢ᠌ᠯᠠᠵᠦ᠂ ᠯᠢ ᠺᠧ 1 ᠴᠠᠭ 17 ᠮᠢᠨᠦ᠋ᠲ 50 ᠰᠧᠺᠦ᠋ᠨ᠋ᠳ᠋ ᠵᠶ᠋ᠡᠷ ᠡᠮᠡᠭᠲᠡᠢ ᠵᠢᠨ ᠳᠤᠭᠤᠢ᠌ᠯᠠᠩ᠎ᠤᠨ ᠮᠠᠩᠯᠠᠢ᠎ᠳᠤ ᠰᠢᠯᠭ᠋ᠠᠷᠠᠵᠠᠢ᠃ ᠲᠣᠰ ᠤᠳᠠᠭ᠋ᠠᠨ᠎ᠤ ᠤᠷᠤᠯᠳᠤᠭ᠋ᠠᠨ᠎ᠳᠤ ᠨᠡᠶ᠋ᠢᠲᠡ 5000 ᠭᠠᠷᠤᠢ   ᠬᠦᠮᠦᠨ᠂ ᠲᠤᠬᠠᠢ ᠵᠢᠨ ᠲᠠᠯᠠᠪᠤᠷ᠎ᠲᠤ ᠣᠷᠣᠯᠴᠠᠭᠰᠠᠨ ᠬᠥᠮᠥᠨ᠎ᠤ ᠲᠣᠭ᠎ᠠ ᠲᠦᠮᠡᠨ ᠬᠥᠮᠥᠨ᠎ᠠᠴᠠ ᠳᠠᠪᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠬᠥᠭᠵᠢᠶᠡᠨ ᠳᠡᠮᠵᠢᠬᠦ ᠲᠠᠮᠢᠷ᠎ᠤᠨ ᠤᠷᠤᠯᠳᠤᠭ᠋ᠠᠨ
ᠣᠯᠢᠮᠫᠢᠺ᠎ᠤᠨ ᠮᠠᠩᠯᠠᠢ ᠸᠠᠩ ᠵᠢᠶᠦ᠋ᠨ ᠰᠢᠶᠠ ᠵᠢ 2023 ᠪᠤᠭᠤᠲᠤ ᠵᠢᠨ ᠮᠠᠷᠠᠽᠤᠨ ᠤᠷᠤᠯᠳᠤᠭ᠋ᠠᠨ᠎ᠢ ᠳᠡᠯᠭᠡᠷᠡᠭᠦᠯᠬᠦ ᠡᠯᠴᠢ᠎ᠪᠠᠷ ᠤᠷᠢᠪᠡ
2023 ᠣᠨ᠎ᠤ ᠳᠤᠮᠳᠠᠳᠤ ᠤᠯᠤᠰ᠎ᠤᠨ ᠮᠣᠷᠢᠨ ᠮᠡᠷᠭᠡᠵᠢᠯ᠎ᠤᠨ ᠨᠡᠢ᠌ᠭᠡᠮᠯᠢᠭ᠎ᠤᠨ 40 ᠺᠢᠯᠦᠮᠸᠲᠷ᠂ 80 ᠺᠢᠯᠦᠮᠸᠲᠷ᠎ᠤᠨ ᠰᠢᠨᠳᠠᠰᠦ ᠰᠢᠯᠭ᠋ᠠᠬᠤ ᠪᠠᠷᠢᠮᠵᠢᠶ᠎ᠡ᠎ᠳᠤ ᠬᠦᠷᠬᠦ ᠤᠷᠤᠯᠳᠤᠭ᠋ᠠᠨ(ᠲᠠᠯᠠᠳ ᠦᠷᠳᠡᠬᠡ)) ᠡᠬᠢᠯᠡᠪᠡ
2023 ᠮᠤᠷᠢᠨᠳᠠᠪᠠᠭ᠎ᠠ ᠵᠢᠨ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠬᠠᠭ᠋ᠠᠰ ᠵᠠᠮ᠎ᠤᠨ ᠮᠠᠷᠠᠽᠤᠨ ᠤᠷᠤᠯᠳᠤᠭ᠋ᠠᠨ ᠶᠠᠪᠤᠭᠳᠠᠪᠠ
ᠬᠣᠷᠢᠨ ᠳᠥᠷᠪᠡᠳᠦᠭᠡᠷ ᠬᠤᠭᠤᠴᠠᠭ᠋ᠠᠨ᠎ᠤ ᠵᠢᠷᠢᠮ᠎ᠤᠨ ᠮᠤᠷᠢᠨ ᠤᠷᠤᠯᠳᠤᠭ᠋ᠠᠨ᠎ᠤ ᠨᠠᠢ᠌ᠷ ᠥᠨᠳᠥᠷᠯᠡᠪᠡ
 
            