
ᠣᠢ᠌ᠷ᠎ᠠ᠎ᠳᠤ᠂ ᠳᠤᠮᠳᠠᠳᠤ ᠤᠯᠤᠰ᠎ᠤᠨ ᠮᠣᠷᠢᠨ ᠮᠡᠷᠭᠡᠵᠢᠯ᠎ᠤᠨ ᠨᠡᠢ᠌ᠭᠡᠮᠯᠢᠭ᠂ ᠳᠠᠯᠠᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠵᠦ᠂ ᠳᠠᠯᠠᠳ ᠬᠣᠰᠢᠭᠤᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠲᠥᠪ᠂ ᠥᠪᠥᠷ ᠮᠣᠩᠭᠣᠯ᠎ᠤᠨ ᠳᠤᠮᠳᠠᠳᠤ ᠠᠦ᠋ᠰᠲᠷᠢᠶ᠎ᠠ ᠵᠢᠨ ᠪᠠᠩ ᠴᠧᠩ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠺᠯᠦ᠋ᠪ᠎ᠤᠨ ᠬᠢᠵᠠᠭ᠋ᠠᠷᠲᠤ ᠺᠣᠮᠫᠠᠨᠢ᠎ᠠᠴᠠ ᠳᠠᠭ᠋ᠠᠭ᠋ᠠᠴᠢᠯᠠᠨ ᠡᠷᠭᠢᠯᠡᠭᠰᠡᠨ 2023 ᠣᠨ᠎ᠤ ᠳᠤᠮᠳᠠᠳᠤ ᠤᠯᠤᠰ᠎ᠤᠨ ᠮᠣᠷᠢᠨ ᠮᠡᠷᠭᠡᠵᠢᠯ᠎ᠤᠨ ᠨᠡᠢ᠌ᠭᠡᠮᠯᠢᠭ᠎ᠤᠨ 40 ᠺᠢᠯᠣᠮᠧᠲᠷ᠂ 80 ᠺᠢᠯᠣᠮᠧᠲᠷ᠎ᠤᠨ ᠰᠢᠨᠳᠠᠰᠦ ᠰᠢᠯᠭ᠋ᠠᠬᠤ ᠪᠠᠷᠢᠮᠵᠢᠶ᠎ᠠ᠎ᠳᠤ ᠬᠦᠷᠬᠦ ᠤᠷᠤᠯᠳᠤᠭ᠋ᠠᠨ (ᠳᠠᠯᠠᠳ ᠥᠷᠲᠡᠭᠡ) ᠡᠬᠢᠯᠡᠪᠡ᠃ ᠠᠨᠾᠦ᠋ᠢ᠂ ᠵᠢᠶᠠᠩᠰᠤ᠂ ᠵᠢᠶᠠᠩᠰᠢ᠂ ᠰᠢᠶᠠᠩᠭ᠋ᠠᠩ ᠵᠡᠷᠭᠡ ᠭᠠᠵᠠᠷ᠎ᠤᠨ 50 ᠭᠠᠷᠤᠢ ᠮᠤᠷᠢᠳ ᠤᠷᠤᠯᠳᠤᠭ᠋ᠠᠨ᠎ᠳᠤ ᠣᠷᠣᠯᠴᠠᠵᠠᠢ᠃

ᠣᠢ᠌ᠷ᠎ᠠ ᠵᠢᠨ ᠵᠢᠯ᠎ᠠᠴᠠ᠂ ᠣᠷᠳᠣᠰ ᠬᠤᠳᠠ ᠵᠢᠨ ᠳᠠᠯᠠᠳ ᠬᠣᠰᠢᠭᠤᠨ᠎ᠤ᠎ᠬᠢᠨ ᠠᠳᠤᠭᠤᠨ ᠰᠣᠶᠣᠯ᠎ᠢ ᠢᠳᠡᠪᠬᠢᠲᠡᠢ ᠤᠯᠠᠮᠵᠢᠯᠠᠨ ᠬᠥᠭᠵᠢᠭᠦᠯᠵᠦ᠂ ᠠᠳᠤᠭᠤᠨ ᠰᠣᠶᠣᠯ᠎ᠤᠨ ᠰᠠᠭᠤᠷᠢᠨ᠎ᠢ ᠪᠠᠢ᠌ᠭᠤᠯᠵᠤ᠂ ᠬᠤᠳᠠ ᠵᠢᠨ ᠢᠷᠠᠭᠤ ᠠᠯᠳᠠᠷ᠎ᠢ ᠳᠡᠭᠡᠭᠰᠢᠯᠡᠭᠦᠯᠵᠦ᠂ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠠᠢ᠌ᠴᠢᠯᠠᠵᠦ ᠪᠤᠢ᠃ ᠲᠣᠰ ᠤᠳᠠᠭ᠋ᠠᠨ᠎ᠤ ᠰᠢᠨᠳᠡᠰᠦ ᠰᠢᠯᠭ᠋ᠠᠬᠤ ᠪᠠᠷᠢᠮᠵᠢᠶ᠎ᠡ᠎ᠳᠤ ᠬᠦᠷᠬᠦ ᠤᠷᠤᠯᠳᠤᠭ᠋ᠠᠨ᠎ᠢ ᠡᠷᠭᠢᠯᠡᠭᠰᠡᠨ᠎ᠨᠢ ᠲᠠᠯᠠᠳ ᠬᠣᠰᠢᠭᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠠᠵᠤ ᠦᠢ᠍ᠯᠡᠰ ᠪᠠ ᠰᠡᠯᠡᠭᠦᠴᠡᠯ ᠵᠢᠭᠤᠯᠴᠢᠯᠠᠯ᠎ᠤᠨ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠬᠦᠴᠦᠲᠡᠢ ᠠᠬᠢᠭᠤᠯᠵᠤ᠂ ᠰᠡᠯᠡᠭᠦᠴᠡᠯ ᠵᠢᠭᠤᠯᠴᠢᠯᠠᠯ᠎ᠤᠨ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠤᠨ᠂ ᠬᠣᠲᠠ ᠵᠢᠨ ᠠᠯᠳᠠᠷᠰᠢᠯ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠪᠡ᠃
