
ᠣᠢ᠌ᠷ᠎ᠠ᠎ᠳᠤ᠂ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠼᠦᠢ ᠰᠢᠶᠣᠣ ᠵᠢᠩ ᠪᠤᠭᠤᠲᠤ ᠬᠣᠲᠠ ᠵᠢ ᠲᠥᠯᠥᠭᠡᠯᠡᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠮᠠᠩᠯᠠᠢ ᠸᠠᠩ ᠵᠢᠶᠦ᠋ᠨ ᠰᠢᠶᠠ᠎ᠳᠤ ᠪᠤᠭᠤᠲᠤ ᠵᠢᠨ ᠮᠠᠷᠠᠽᠤᠨᠢ ᠳᠡᠯᠭᠡᠷᠡᠭᠦᠯᠬᠦ ᠡᠯᠴᠢ᠎ᠪᠠᠷ ᠤᠷᠢᠭᠰᠠᠨ ᠤᠷᠢᠯᠭ᠎ᠠ ᠵᠢᠨ ᠪᠢᠴᠢᠭ ᠭᠠᠷᠳᠠᠭᠤᠯᠬᠤ ᠵᠢᠨ ᠬᠠᠮᠲᠤ ᠸᠠᠩ ᠵᠢᠶᠦ᠋ᠨ ᠰᠢᠶᠠ ᠵᠢ 2023 ᠪᠤᠭᠤᠲᠤ ᠵᠢᠨ ᠮᠠᠷᠠᠽᠤᠨ ᠤᠷᠤᠯᠳᠤᠭ᠋ᠠᠨ᠎ᠳᠤ ᠤᠷᠤᠯᠴᠠᠭᠤᠯᠬᠤ᠎ᠪᠠᠷ ᠤᠷᠢᠵᠦ᠂ ᠪᠤᠭᠤᠲᠤ ᠵᠢ ᠤᠬᠠᠭᠤᠯᠤᠨ᠂ ᠬᠣᠲᠠ ᠵᠢᠨ ᠨᠡᠷ᠎ᠡ ᠠᠯᠳᠠᠷᠰᠢᠯ᠎ᠢ ᠳᠡᠭᠡᠭᠰᠢᠯᠡᠭᠦᠯᠪᠡ᠃
ᠣᠢ᠌ᠯᠠᠭ᠋ᠠᠭᠰᠠᠨ ᠵᠶ᠋ᠠᠷ᠂ 2023 ᠪᠤᠭᠤᠲᠤ ᠵᠢᠨ ᠮᠠᠷᠠᠽᠤᠨ ᠤᠷᠤᠯᠳᠤᠭ᠋ᠠᠨ 6 ᠰᠠᠷ᠎ᠠ ᠵᠢᠨ 23᠎ᠤ ᠡᠳᠦᠷ ᠶᠠᠪᠤᠭᠳᠠᠬᠤ᠎ᠪᠠᠷ ᠪᠣᠶ᠃ 2019 ᠣᠨ᠎ᠳᠤ ᠪᠤᠭᠤᠲᠤ ᠬᠤᠳᠠ ᠵᠢᠨ᠎ᠬᠢᠨ ᠪᠤᠭᠤᠲᠤ ᠵᠢᠨ ᠠᠩᠬᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠮᠠᠷᠠᠽᠤᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠵᠦ᠂ ᠳᠤᠮᠳᠠᠳᠤ ᠤᠯᠤᠰ᠎ᠤᠨ ᠬᠦᠨᠳᠦ ᠬᠥᠩᠭᠡᠨ ᠲᠠᠮᠢᠷ᠎ᠤᠨ ᠨᠡᠢ᠌ᠭᠡᠮᠯᠢᠭ᠎ᠠᠴᠠ ᠬᠠᠮᠤᠭ᠎ᠤᠨ ᠭᠤᠶᠤ ᠤᠷᠤᠯᠳᠤᠭ᠋ᠠᠨ᠎ᠤ ᠵᠠᠮ᠂ ᠣᠨᠴᠠᠯᠢᠭᠲᠤ ᠤᠷᠤᠯᠳᠤᠭ᠋ᠠᠨ ᠪᠠ ᠬᠦᠷᠡᠯ ᠮᠧᠳᠠᠯ᠎ᠤᠨ ᠤᠷᠤᠯᠳᠤᠭ᠋ᠠᠨ ᠵᠶ᠋ᠠᠷ ᠦᠨᠡᠯᠡᠭᠳᠡᠵᠦ᠂ ᠪᠤᠭᠤᠲᠤ ᠬᠤᠳᠠ ᠵᠢᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠴᠠᠭ ᠦᠶ᠎ᠡ ᠵᠢ ᠨᠡᠭᠡᠭᠡᠪᠡ᠃