ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
2023 ᠮᠤᠷᠢᠨᠳᠠᠪᠠᠭ᠎ᠠ ᠵᠢᠨ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠬᠠᠭ᠋ᠠᠰ ᠵᠠᠮ᠎ᠤᠨ ᠮᠠᠷᠠᠽᠤᠨ ᠤᠷᠤᠯᠳᠤᠭ᠋ᠠᠨ ᠶᠠᠪᠤᠭᠳᠠᠪᠠ
ᠨᠡᠶ᠋ᠢᠲᠡᠯᠡᠭᠰᠡᠨ ᠴᠠᠭ᠄ 2023-08-28

   8 ᠰᠠᠷ᠎ᠠ ᠵᠢᠨ 26 ᠎ᠤ ᠡᠳᠦᠷ᠂ 2023 ᠮᠤᠷᠢᠨᠳᠠᠪᠠᠭ᠎ᠠ ᠵᠢᠨ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ》 ᠬᠠᠭ᠋ᠠᠰ ᠵᠠᠮ᠎ᠤᠨ ᠮᠠᠷᠠᠽᠤᠨ ᠤᠷᠤᠯᠳᠤᠭ᠋ᠠᠨ ᠡᠬᠢᠯᠡᠪᠡ᠃ ᠤᠷᠤᠯᠳᠤᠭ᠋ᠠᠨ᠎ᠳᠤ ᠪᠦᠬᠦ ᠤᠯᠤᠰ᠎ᠤᠨ ᠡᠯ᠎ᠡ ᠭᠠᠵᠠᠷ᠎ᠤᠨ 400 ᠭᠠᠷᠤᠢ   ᠮᠠᠷᠠᠽᠤᠨ᠎ᠤ ᠪᠠᠬᠠᠲᠠᠳ ᠪᠠ 1700 ᠭᠠᠷᠤᠢ ᠬᠦᠶᠦᠬᠦ ᠲᠤᠷᠠᠳᠠᠢ ᠬᠦᠮᠦᠰ ᠬᠠᠮᠲᠤ᠎ᠪᠠᠷ ᠤᠷᠤᠯᠳᠤᠭ᠋ᠠᠨ᠎ᠳᠤ ᠤᠷᠤᠯᠴᠠᠪᠠ᠃


    ᠲᠤᠰ ᠤᠳᠠᠭ᠎ᠠ ᠵᠢᠨ ᠬᠠᠭ᠋ᠠᠰ ᠵᠠᠶ᠋ᠢᠲᠤ ᠮᠠᠷᠠᠽᠤᠨ ᠤᠷᠤᠯᠳᠤᠭ᠋ᠠᠨ᠎ᠤ ᠵᠠᠮ᠎ᠤᠨ ᠤᠷᠳᠤ᠎ᠨᠢ 21.0975 ᠺᠢᠯᠦᠮᠸᠲᠷ ᠪᠠᠢ᠌ᠵᠤ᠂ ᠠᠭᠤᠳᠠᠮ ᠲᠠᠯᠠᠪᠠᠢ᠂ ᠳᠠᠭᠤᠷ ᠦᠨᠳᠦᠰᠦᠲᠡᠨ᠎ᠤ ᠮᠦᠽᠧᠢ᠂ ᠪᠤᠢ᠍ᠢ᠍ᠺᠦ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠵᠡᠷᠭᠡ ᠭᠠᠵᠠᠷ ᠵᠶ᠋ᠠᠷ   ᠦᠩᠭᠡᠷᠡᠵᠦ᠂ ᠰᠣᠶᠣᠯ ᠢᠷᠭᠡᠨᠰᠢᠯ᠎ᠤᠨ ᠲᠡᠦᠬᠡ᠂ ᠬᠤᠳᠠ ᠵᠢᠨ ᠴᠤᠭ ᠵᠢᠪᠬᠤᠭ᠎ᠠ ᠪᠣᠯᠣᠨ ᠪᠠᠢ᠌ᠭ᠋ᠠᠯᠢ ᠵᠢᠨ ᠦᠵᠡᠮᠵᠢ ᠵᠢ ᠬᠣᠯᠪᠣᠭᠰᠠᠨ ᠪᠠᠢ᠌ᠨ᠎ᠠ᠃ 2023 ᠮᠣᠷᠢᠨᠳᠠᠪᠠᠭ᠎ᠠ ᠵᠢᠨ     《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠬᠠᠭ᠋ᠠᠰ ᠵᠠᠮ᠎ᠤᠨ ᠮᠠᠷᠠᠽᠤᠨ ᠤᠷᠤᠯᠳᠤᠭ᠋ᠠᠨ᠎ᠨᠢ 《ᠪᠡᠶ᠎ᠡ ᠵᠢᠨ ᠲᠠᠮᠢᠷ +》᠎ᠪᠠᠷ ᠭᠠᠷᠳᠠᠴᠠ ᠪᠣᠯᠭ᠋ᠠᠵᠤ᠂ ᠵᠤᠭ᠋ᠠᠴᠠᠯ᠂ ᠪᠡᠶ᠎ᠡ ᠵᠢᠨ ᠲᠠᠮᠢᠷ᠂ ᠰᠣᠶᠣᠯ ᠵᠡᠷᠭᠡ ᠤᠯᠠᠨ ᠡᠰᠢᠲᠦ ᠠᠭᠤᠯᠭ᠎ᠠ ᠵᠢ ᠲᠥᠪᠯᠡᠷᠡᠭᠦᠯᠵᠦ᠂ ᠨᠡᠩ ᠢᠯᠡᠭᠦᠦ ᠣᠷᠣᠨ ᠨᠤᠲᠤᠭ᠎ᠤᠨ ᠣᠨᠴᠠᠯᠢᠭ᠎ᠲᠠᠢ ᠲᠦᠷᠦᠯ ᠲᠡᠮᠳᠡᠭ᠎ᠤᠨ ᠤᠷᠤᠯᠳᠤᠭ᠋ᠠᠨ᠎ᠢ ᠡᠭᠦᠳᠴᠦ᠂ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠲᠡᠰ ᠳᠡᠪᠰᠢᠬᠦ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠦᠴᠦᠨ ᠴᠢᠳᠠᠯ ᠨᠡᠮᠡᠷᠢᠯᠡᠵᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠬᠣᠷᠢᠨ ᠳᠥᠷᠪᠡᠳᠦᠭᠡᠷ ᠬᠤᠭᠤᠴᠠᠭ᠋ᠠᠨ᠎ᠤ ᠵᠢᠷᠢᠮ᠎ᠤᠨ ᠮᠤᠷᠢᠨ ᠤᠷᠤᠯᠳᠤᠭ᠋ᠠᠨ᠎ᠤ ᠨᠠᠢ᠌ᠷ ᠥᠨᠳᠥᠷᠯᠡᠪᠡ
2023 ᠣᠨ᠎ᠤ ᠪᠥᠬᠦ ᠤᠯᠤᠰ᠎ᠤᠨ ᠵᠢᠤᠳᠤᠤ ᠪᠥᠭᠡ ᠵᠢᠨ ᠬᠤᠪᠢ ᠲᠡᠮᠳᠡᠭᠯᠡᠬᠦ ᠤᠷᠤᠯᠳᠤᠭ᠋ᠠᠨ᠎ᠤ ᠠᠷᠤ ᠬᠤᠷᠴᠢᠨ ᠥᠷᠲᠡᠭᠡ᠎ᠳᠠᠬᠢ ᠤᠷᠤᠯᠳᠤᠭ᠋ᠠᠨ ᠡᠬᠢᠯᠡᠪᠡ
ᠠᠷᠤ ᠬᠣᠷᠴᠢᠨ ᠬᠤᠰᠢᠭᠤᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠰᠠᠮᠠᠯ ᠵᠠᠮ᠎ᠤᠨ ᠳᠤᠭᠤᠢ ᠲᠡᠷᠭᠡᠨ᠎ᠤ ᠤᠷᠤᠯᠳᠤᠭ᠋ᠠᠨ ᠵᠢᠴᠢ ᠰᠠᠭ᠋ᠠᠳ ᠳᠠᠪᠠᠬᠤ ᠮᠠᠴᠤᠬᠤ ᠤᠷᠤᠯᠳᠤᠭ᠋ᠠᠨ ᠶᠠᠪᠤᠭᠳᠠᠪᠠ
ᠳᠤᠮᠳᠠᠳᠤ ᠤᠯᠤᠰ᠎ᠤᠨ ᠠᠳᠤᠭᠤᠨ ᠦᠢ᠍ᠯᠡᠰ᠎ᠤᠨ ᠨᠡᠢ᠌ᠭᠡᠮᠯᠢᠭ᠎ᠠᠴᠠ ᠪᠤᠭᠤᠲᠤ ᠬᠤᠳᠠ᠎ᠳᠤ 《ᠳᠤᠮᠳᠠᠳᠤ ᠤᠯᠤᠰ᠎ᠤᠨ ᠠᠳᠤᠭᠤᠨ ᠬᠤᠳᠠ》 ᠵᠢᠨ ᠠᠯᠳᠠᠷ ᠣᠯᠭᠣᠪᠠ
2023 ᠣᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠣᠷᠳᠣᠰ ᠬᠣᠲᠠ ᠵᠢᠨ ᠠᠵᠢᠯᠲᠠᠨ ᠠᠵᠢᠯᠴᠢᠨ᠎ᠤ ᠰᠠᠭᠰᠤᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
 
            