
8 ᠰᠠᠷ᠎ᠠ ᠵᠢᠨ 26᠎ᠤ ᠡᠳᠦᠷ᠎ᠠᠴᠠ 27᠎ᠤ ᠡᠳᠦᠷ ᠪᠣᠯᠲᠠᠯ᠎ᠠ᠂ ᠠᠷᠢᠭᠤᠨ ᠲᠠᠭᠰᠢᠨ ᠠᠷᠤ ᠬᠣᠷᠴᠢᠨ ᠬᠤᠰᠢᠭᠤᠨ᠎ᠤ 2023 《ᠳᠤᠮᠳᠠᠳᠤ ᠤᠯᠤᠰ᠎ᠤᠨ ᠡᠪᠡᠰᠦᠨ ᠬᠣᠲᠠ》 ᠵᠢᠨ ᠠᠩᠬᠠᠳᠤᠭ᠋ᠠᠷ ᠬᠤᠭᠤᠴᠠᠭ᠋ᠠᠨ᠎ᠤ ᠵᠠᠰᠠᠮᠠᠯ ᠵᠠᠮ᠎ᠤᠨ ᠳᠤᠭᠤᠢ ᠲᠡᠷᠭᠡᠨ᠎ᠤ ᠤᠷᠤᠯᠳᠤᠭ᠋ᠠᠨ ᠵᠢᠴᠢ ᠰᠠᠭ᠋ᠠᠳ ᠳᠠᠪᠠᠬᠤ ᠤᠷᠤᠯᠳᠤᠭ᠋ᠠᠨ ᠠᠷᠤ ᠬᠣᠷᠴᠢᠨ ᠬᠣᠰᠢᠭᠤᠨ᠎ᠳᠤ ᠶᠠᠪᠤᠭᠳᠠᠪᠠ ᠃

ᠤᠷᠤᠯᠳᠤᠭ᠋ᠠᠨ᠎ᠢ ᠡᠷᠡᠭᠲᠡᠢ ᠵᠢᠨ ᠵᠠᠰᠠᠮᠠᠯ ᠵᠠᠮ᠎ᠤᠨ 90 ᠺᠢᠯᠣᠮᠧᠲᠷ᠎ᠤᠨ ᠤᠷᠤᠯᠳᠤᠭ᠋ᠠᠨ᠂ ᠣᠯᠠᠨ ᠲᠦᠮᠡᠨᠴᠢ ᠳᠤᠭᠤᠢ᠌ᠯᠠᠩ᠎ᠤᠨ 20 ᠺᠢᠯᠣᠮᠧᠲᠷ᠎ᠤᠨ ᠤᠷᠤᠯᠳᠤᠭ᠋ᠠᠨ ᠪᠠ ᠰᠠᠭ᠋ᠠᠳ ᠳᠠᠪᠠᠬᠤ ᠳᠤᠭᠤᠢ᠌ᠯᠠᠩ ᠭᠡᠵᠦ ᠭᠤᠷᠪᠠᠨ ᠳᠤᠭᠤᠢ᠌ᠯᠠᠩ ᠬᠤᠪᠢᠶᠠᠵᠤ᠂ ᠮᠣᠩᠭᠣᠯ ᠤᠯᠤᠰ᠂ ᠪᠸᠯᠤᠷᠦᠢ᠌ᠰ᠂ ᠦᠺᠷᠠᠢ᠌ᠨ᠂ ᠺᠣᠯᠣᠮᠪᠢᠶ᠎ᠠ ᠵᠢᠴᠢ ᠪᠡᠭᠡᠵᠢᠩ᠂ ᠾᠧᠪᠧᠢ᠂ ᠴᠢᠩᠳᠣᠣ᠂ ᠲᠠᠢ᠌ᠸᠠᠨ ᠵᠡᠷᠭᠡ ᠤᠯᠤᠰ᠎ᠤᠨ ᠭᠠᠳᠠᠭ᠋ᠠᠳᠦ ᠳᠣᠲᠣᠭ᠋ᠠᠳᠤ ᠵᠢᠨ 350 ᠭᠠᠷᠤᠢ ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃




