
8 ᠰᠠᠷ᠎ᠠ ᠵᠢᠨ 21᠎ᠤ ᠡᠳᠦᠷ ᠥᠪᠤᠷ ᠮᠤᠩᠭᠣᠯ᠎ᠤᠨ ᠠᠷᠤ ᠬᠣᠷᠴᠢᠨ ᠬᠣᠰᠢᠭᠤᠨ᠎ᠤ ᠲᠢᠶᠠᠨ ᠶᠤᠸᠠᠨ ᠪᠡᠶ᠎ᠡ ᠵᠢᠨ ᠲᠠᠮᠢᠷ᠎ᠤᠨ ᠣᠷᠳᠣᠨ᠎ᠳᠤ ᠡᠬᠢᠯᠡᠪᠡ᠃ ᠲᠤᠰ ᠤᠳᠠᠭ᠋ᠠᠨ᠎ᠤ ᠠᠵᠢᠯᠯᠠᠭ᠎ᠠ ᠵᠢ ᠳᠤᠮᠳᠠᠳᠤ ᠤᠯᠤᠰ᠎ᠤᠨ ᠵᠢᠣᠳᠣᠣ ᠪᠦᠭᠡ ᠵᠢᠨ ᠨᠡᠢ᠌ᠬᠡᠮᠯᠢᠭ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠳᠣᠪᠴᠢᠶ᠎ᠠ ᠵᠢᠨ ᠬᠦᠨᠳᠦ ᠡᠷᠭᠦᠯᠲᠡ ᠵᠢᠨ ᠵᠢᠤᠳᠤᠤ ᠪᠥᠭᠡ ᠵᠢᠨ ᠬᠥᠳᠡᠯᠭᠡᠭᠡᠨ᠎ᠤ ᠬᠠᠮᠢᠶᠠᠷᠤᠯᠲᠠ ᠵᠢᠨ ᠲᠦᠪ᠎ᠠᠴᠠ ᠭᠣᠣᠯᠯᠠᠨ ᠡᠷᠭᠢᠯᠡᠵᠦ᠂ ᠥᠪᠥᠷ ᠮᠤᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠳᠠᠭ᠋ᠠᠭ᠋ᠠᠴᠢᠯᠠᠨ ᠡᠷᠭᠢᠯᠡᠵᠦ᠂ ᠥᠪᠥᠷ ᠮᠤᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠤᠯᠪᠠᠰᠤᠷᠠᠯ᠎ᠤᠨ ᠲᠥᠪ᠂ ᠤᠯᠠᠭ᠋ᠠᠨ᠋ᠠᠭᠲᠠ ᠬᠣᠲᠠ ᠵᠢᠨ ᠪᠡᠶ᠎ᠡ ᠵᠢᠨ ᠲᠠᠮᠢᠷ᠎ᠤᠨ ᠳᠣᠪᠴᠢᠶ᠎ᠠ᠂ ᠠᠷᠤ ᠬᠣᠷᠴᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠵᠢᠨ ᠡᠷᠬᠢᠯᠡᠪᠡ᠃

ᠲᠠᠮᠢᠷᠴᠢᠨ᠎ᠤ ᠲᠥᠯᠥᠭᠡᠯᠡᠭᠴᠢ᠂ ᠬᠢᠨᠠᠭᠴᠢ ᠵᠢᠨ ᠲᠥᠯᠥᠭᠡᠯᠡᠭᠴᠢ ᠡᠬᠢᠯᠡᠯᠲᠡ ᠵᠢᠨ ᠶᠣᠰᠣᠯᠠᠯ ᠳᠡᠭᠡᠷ᠎ᠡ ᠲᠠᠩᠭ᠋ᠠᠷᠢᠭᠯᠠᠪᠠ᠃ ᠳᠤᠮᠳᠠᠳᠤ ᠤᠯᠤᠰ᠎ᠤᠨ ᠵᠢᠣᠳᠣᠣ ᠪᠥᠭᠡ ᠵᠢᠨ ᠨᠡᠢ᠌ᠬᠡᠮᠯᠢᠭ᠎ᠤᠨ ᠵᠥᠪᠯᠡᠯ᠎ᠤᠨ ᠭᠡᠰᠢᠭᠦᠨ᠂ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠳᠣᠪᠴᠢᠶ᠎ᠠ ᠵᠢᠨ ᠪᠡᠶ᠎ᠡ ᠲᠠᠮᠢᠷ᠎ᠤᠨ ᠭᠠᠵᠠᠷ᠎ᠤᠨ ᠳᠠᠷᠤᠭ᠎ᠠ ᠴᠢᠯᠠᠭᠤ ᠬᠤᠷᠠᠯ ᠡᠬᠢᠯᠡᠭᠰᠡᠨ᠎ᠢ ᠵᠠᠷᠯᠠᠪᠠ᠃

ᠤᠷᠤᠯᠳᠤᠭ᠋ᠠᠨ᠎ᠤ ᠳᠠᠯᠠᠪᠤᠷ᠎ᠲᠤ᠂ ᠪᠥᠭᠦ ᠤᠯᠤᠰ᠎ᠤᠨ ᠡᠯ᠎ᠡ ᠮᠤᠵᠢ ᠣᠷᠣᠨ ᠬᠣᠲᠠ᠎ᠠᠴᠠ ᠭᠦᠷᠦᠯᠴᠡᠨ ᠢᠷᠡᠭᠰᠡᠨ 30 ᠳᠤᠭᠤᠢ᠌ᠯᠠᠩ᠎ᠤᠨ 391 ᠲᠠᠮᠢᠷᠴᠢᠳ ᠬᠦᠴᠦ ᠲᠠᠮᠢᠷ᠂ ᠤᠷ᠎ᠠ ᠤᠬᠠᠭ᠋ᠠᠨ ᠵᠶ᠋ᠠᠨ ᠰᠢᠯᠭ᠋ᠠᠵᠤ᠂ ᠬᠤᠷᠠᠭᠰᠠᠨ ᠣᠯᠠᠨ᠎ᠤ ᠬᠠᠷᠠᠭ᠎ᠠ ᠵᠢ ᠪᠠᠶᠠᠰᠬᠠᠵᠤ᠂ ᠦᠵᠡᠭᠴᠢᠳ᠎ᠤᠨ ᠬᠠᠯᠠᠭᠤᠨ ᠤᠤᠬᠠᠢ᠌ᠯᠠᠯᠢ ᠣᠯᠪᠠ᠃


ᠣᠢ᠌ᠯᠠᠭ᠋ᠠᠭᠰᠠᠨ ᠵᠶ᠋ᠠᠷ᠂ ᠲᠤᠰ ᠤᠳᠠᠭ᠋ᠠᠨ᠎ᠤ ᠤᠷᠤᠯᠳᠤᠭ᠋ᠠᠨ ᠪᠣᠯ 2023 ᠣᠨ᠎ᠤ ᠠᠷᠤ ᠬᠣᠷᠴᠢᠨ ᠬᠣᠰᠢᠭᠤᠨ᠎ᠤ ᠨᠡᠭᠦᠳᠡᠯ ᠮᠠᠯᠵᠢᠯ᠎ᠤᠨ ᠰᠣᠶᠣᠯ᠎ᠤᠨ ᠨᠠᠢ᠌ᠷ᠎ᠤᠨ ᠰᠢᠷᠢᠰ ᠠᠵᠢᠯᠯᠠᠭ᠎ᠠ ᠵᠢᠨ ᠨᠢᠭᠡ ᠪᠣᠯᠣᠨ᠎ᠠ᠂ ᠮᠥᠨ ᠴᠦ᠍ ᠠᠷᠤ ᠬᠣᠷᠴᠢᠨ ᠬᠣᠰᠢᠭᠤ ᠠᠩᠬ᠎ᠠ ᠤᠳᠠᠭ᠎ᠠ ᠬᠠᠮᠵᠢᠯᠴᠠᠨ ᠡᠷᠭᠢᠯᠡᠭᠰᠡᠨ ᠪᠦᠭᠦ ᠤᠯᠤᠰ᠎ᠤᠨ ᠴᠢᠨᠠᠷᠲᠠᠢ ᠤᠷᠤᠯᠳᠤᠭ᠋ᠠᠨ ᠪᠣᠯᠣᠨ᠎ᠠ᠂ ᠬᠣᠰᠢᠭᠤᠨ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠤᠷᠳᠤᠨ ᠲᠤᠰ ᠤᠳᠠᠭ᠋ᠠᠨ᠎ᠤ ᠤᠷᠤᠯᠳᠤᠭ᠋ᠠᠨ ᠵᠶ᠋ᠠᠷ ᠠᠵᠠ ᠲᠣᠬᠢᠶᠠᠯ ᠪᠤᠯᠭ᠋ᠠᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠬᠣᠰᠢᠭᠤ ᠵᠢ ᠪᠦᠲᠦᠭᠡᠨ ᠪᠠᠢ᠌ᠭᠤᠯᠬᠤ ᠠᠯᠬᠤᠴᠠ᠎ᠪᠠᠨ ᠳᠥᠷᠭᠡᠳᠬᠡᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠭᠦ᠎ᠪᠠᠷ ᠪᠤᠢ᠃



