
9 ᠰᠠᠷ᠎ᠠ ᠵᠢᠨ 19᠎ᠤ ᠡᠳᠦᠷ᠂ ᠳᠤᠮᠳᠠᠳᠤ ᠤᠯᠤᠰ᠎ᠤᠨ ᠠᠳᠤᠭᠤᠨ᠎ᠤ ᠦᠢ᠍ᠯᠡᠰ᠎ᠤᠨ ᠨᠡᠢ᠌ᠭᠡᠮᠯᠢᠭ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠬᠢᠨᠠᠨ ᠲᠣᠭᠲᠠᠭ᠋ᠠᠯᠲᠠ᠎ᠪᠠᠷ ᠳᠡᠮᠵᠢᠨ᠂ ᠪᠤᠭᠤᠲᠤ ᠬᠣᠲᠠ 《ᠳᠤᠮᠳᠠᠳᠤ ᠤᠯᠤᠰ᠎ᠤᠨ ᠠᠳᠤᠭᠤᠨ ᠬᠤᠳᠠ》 ᠵᠢᠨ ᠠᠯᠳᠠᠷ ᠭᠥᠷᠳᠡᠪᠡ᠃
9 ᠰᠠᠷ᠎ᠠ ᠵᠢᠨ 17 — 18᠎ᠤ ᠡᠳᠦᠷ᠂ 《ᠳᠤᠮᠳᠠᠳᠤ ᠤᠯᠤᠰ᠎ᠤᠨ ᠠᠳᠤᠭᠤᠨ ᠬᠤᠳᠠ》 ᠵᠢ ᠦᠨᠡᠯᠡᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠪᠦᠯᠬᠦᠮ ᠵᠢᠴᠢ ᠳᠤᠮᠳᠠᠳᠤ ᠤᠯᠤᠰ᠎ᠤᠨ ᠮᠣᠷᠢᠨ ᠦᠢ᠍ᠯᠡᠰ᠎ᠤᠨ ᠨᠡᠢ᠌ᠭᠡᠮᠯᠢᠭ᠎ᠤᠨ 40 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠪᠤᠭᠤᠲᠤ ᠬᠤᠳᠠ ᠵᠢᠨ ᠣᠯᠢᠮᠫᠢᠺ᠎ᠤᠨ ᠲᠠᠮᠢᠷ᠎ᠤᠨ ᠴᠡᠴᠡᠷᠯᠢᠭ᠎ᠤᠨ ᠮᠣᠷᠢᠨ ᠮᠡᠷᠭᠡᠵᠢᠯ᠎ᠤᠨ ᠭᠤᠷᠪᠠᠨ ᠤᠷᠤᠯᠳᠤᠭ᠋ᠠᠨ᠎ᠤ ᠲᠠᠯᠠᠪᠤᠷ᠎ᠲᠤ ᠪᠠᠢ᠌ᠴᠠᠭ᠋ᠠᠨ ᠰᠤᠳᠤᠯᠤᠯᠲᠠ ᠬᠢᠵᠡᠢ᠃ ᠰᠠᠢ᠌ᠬᠠᠨᠳᠠᠯᠠ ᠮᠣᠷᠢᠨ ᠤᠷᠤᠯᠳᠤᠭ᠋ᠠᠨ᠎ᠤ ᠲᠠᠯᠠᠪᠠᠶ᠂ ᠬᠦᠯᠦᠭ ᠪᠠᠭᠤᠳᠠᠯ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠳᠠᠷᠬᠠᠨ ᠮᠤᠤᠮᠢᠩᠭ᠋ᠠᠨ ᠬᠣᠰᠢᠭᠤᠨ᠎ᠤ ᠪᠠᠲᠤᠬᠠᠭ᠋ᠠᠯᠭ᠎ᠠ ᠪᠠᠯᠭ᠋ᠠᠰᠦ᠎ᠳᠤ ᠬᠦᠷᠴᠦ᠂ ᠠᠳᠤᠭᠤᠨ᠎ᠤ ᠭᠣᠣᠯ ᠰᠡᠳᠦᠪᠲᠦ ᠤᠷᠤᠯᠳᠤᠭ᠋ᠠᠨ᠎ᠤ ᠲᠠᠯᠠᠪᠠᠶ᠂ ᠠᠳᠤᠭᠤᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢᠨ ᠭᠠᠵᠠᠷ᠂ ᠠᠳᠤᠭᠤᠨ᠎ᠤ ᠰᠣᠶᠣᠯ᠎ᠤᠨ ᠦᠵᠡᠰᠬᠦᠯᠡᠩ᠎ᠤᠨ ᠣᠷᠳᠣᠨ ᠵᠡᠷᠭᠡ ᠵᠢ ᠪᠠᠢ᠌ᠴᠠᠭ᠋ᠠᠨ ᠦᠵᠡᠪᠡ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠲᠤ ᠬᠤᠳᠠ ᠵᠢᠨ 《ᠳᠤᠮᠳᠠᠳᠤ ᠤᠯᠤᠰ᠎ᠤᠨ ᠠᠳᠤᠭᠤᠨ ᠬᠤᠳᠠ》 ᠵᠢ ᠪᠠᠶ᠋ᠢᠭᠤᠯᠬᠤ᠎ᠳᠤ ᠬᠢᠭᠰᠡᠨ ᠠᠵᠢᠯ᠎ᠢ ᠭᠦᠢ᠍ᠴᠡᠳ ᠨᠤᠳᠠᠯᠠᠪᠠ᠃ ᠲᠤᠰᠬᠠᠢ ᠮᠡᠷᠭᠡᠵᠢᠯᠲᠡᠨ᠎ᠤ ᠪᠦᠯᠬᠦᠮ᠎ᠤᠨ᠎ᠬᠢᠨ᠂ ᠲᠦᠷᠦ ᠵᠢᠨ ᠪᠣᠳᠣᠯᠭ᠎ᠠ ᠵᠢᠨ ᠳᠡᠮᠵᠢᠯᠭᠡ᠂ ᠤᠯᠠᠨ ᠲᠦᠮᠡᠨ ᠤ ᠬᠦᠷᠢᠶᠡᠯᠡᠯ᠂ ᠴᠢᠳᠠᠪᠤᠷᠢᠲᠠᠨ ᠤ ᠡᠩᠨᠡᠭᠡ ᠪᠠᠷ ᠲᠤᠯᠭ᠋ᠠᠭᠤᠷᠢᠯᠠᠯ ᠪᠣᠯᠭ᠋ᠠᠵᠤ᠂ ᠪᠤᠭᠤᠲᠤ ᠬᠤᠳᠠ 《ᠳᠤᠮᠳᠠᠳᠤ ᠤᠯᠤᠰ᠎ᠤᠨ ᠠᠳᠤᠭᠤᠨ ᠬᠤᠳᠠ》 ᠵᠢ ᠪᠠᠶ᠋ᠢᠭᠤᠯᠬᠤ ᠲᠠᠯ᠎ᠠ᠎ᠪᠠᠷ ᠨᠢᠭᠡᠨᠲᠡ ᠨᠥᠬᠥᠴᠡᠯ ᠪᠦᠷᠢᠯᠳᠦᠭᠦᠯᠵᠡᠢ ᠭᠡᠵᠦ ᠰᠠᠨᠠᠯ ᠨᠢᠭᠡᠲᠡᠢ ᠦᠵᠡᠪᠡ᠃ ᠵᠠᠯᠭ᠋ᠠᠭ᠋ᠠᠳ ᠪᠤᠭᠤᠲᠤ ᠬᠤᠳᠠ 《ᠳᠤᠮᠳᠠᠳᠤ ᠤᠯᠤᠰ᠎ᠤᠨ ᠠᠳᠤᠭᠤᠨ ᠬᠤᠳᠠ》 ᠵᠢᠨ ᠠᠯᠳᠠᠷ ᠬᠦᠷᠳᠡᠬᠦ᠎ᠪᠠᠷ ᠰᠢᠨ᠎ᠡ ᠭᠠᠷᠤᠭ᠎ᠠ ᠪᠣᠯᠭ᠋ᠠᠵᠤ᠂ ᠲᠡᠷᠢᠭᠦᠨ᠎ᠤ ᠮᠣᠷᠢᠨ ᠮᠡᠷᠭᠡᠵᠢᠯ᠎ᠤᠨ ᠤᠷᠤᠯᠳᠤᠭ᠋ᠠᠨ ᠪᠣᠯᠣᠨ ᠠᠳᠤᠭᠤᠨ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ᠎ᠪᠠᠷ ᠳᠠᠮᠵᠢᠭᠤᠯᠵᠤ᠂ ᠮᠣᠷᠢᠨ ᠮᠡᠷᠭᠡᠵᠢᠯ᠎ᠤᠨ ᠤᠷᠤᠯᠳᠤᠭ᠋ᠠᠨ᠂ ᠰᠢᠨᠳᠠᠰᠦ ᠰᠢᠯᠭ᠋ᠠᠬᠤ ᠤᠷᠤᠯᠳᠤᠭ᠋ᠠᠨ ᠵᠡᠷᠭᠡ ᠤᠷᠤᠯᠳᠤᠭ᠋ᠠᠨ᠎ᠤ ᠠᠵᠢᠯᠯᠠᠭ᠎ᠠ ᠥᠷᠨᠢᠭᠦᠯᠵᠦ᠂ ᠪᠤᠭᠤᠲᠤ ᠵᠢᠨ ᠴᠢᠨᠠᠷ ᠰᠠᠢ᠌ᠲᠠᠢ ᠬᠥᠭᠵᠢᠯᠲᠡ᠎ᠳᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠥᠪᠡᠷᠮᠢᠴᠡ ᠣᠨᠴᠠᠯᠢᠭ᠎ᠲᠠᠢ ᠪᠡᠶ᠎ᠡ ᠵᠢᠨ ᠲᠠᠮᠢᠷ᠎ᠤᠨ ᠨᠡᠷ᠎ᠡ ᠵᠢᠨ ᠬᠠᠭᠤᠳᠠᠰᠤ ᠵᠢ ᠪᠦᠷᠢᠯᠳᠦᠭᠦᠯᠦᠨ᠎ᠡ᠃
