ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
2024 ᠣᠨ᠎ᠤ ᠰᠢᠯᠢ ᠵᠢᠨ ᠭᠤᠣᠯ᠎ᠤᠨ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠰᠶ᠋ᠢᠳᠪᠦᠷᠢᠲᠦ ᠤᠷᠤᠯᠳᠤᠭ᠋ᠠᠨ ᠶᠠᠪᠤᠬᠳᠠᠪᠠ
ᠨᠡᠶ᠋ᠢᠲᠡᠯᠡᠭᠰᠡᠨ ᠴᠠᠭ᠄ 2024-07-05

     7 ᠰᠠᠷ᠎ᠠ ᠵᠢᠨ 3᠎ᠤ ᠡᠳᠦᠷ᠂ 2024 ᠣᠨ᠎ᠤ ᠰᠢᠯᠢ ᠵᠢᠨ ᠭᠤᠣᠯ᠎ᠤᠨ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠰᠶ᠋ᠢᠳᠪᠦᠷᠢᠲᠦ ᠤᠷᠤᠯᠳᠤᠭ᠋ᠠᠨ 《ᠳᠤᠮᠳᠠᠳᠤ ᠤᠯᠤᠰ᠎ᠤᠨ ᠴᠠᠭ᠋ᠠᠨ ᠠᠳᠤᠭᠤᠨ᠎ᠤ ᠨᠤᠲᠤᠭ》 ᠪᠠᠷᠠᠭᠤᠨ ᠦᠵᠦᠮᠦᠴᠢᠨ ᠬᠤᠰᠢᠭᠤᠨ᠎ᠳᠤ ᠶᠠᠪᠤᠬᠳᠠᠪᠠ᠃ ᠬᠡᠳᠦᠨ ᠱᠠᠲᠤᠨ᠎ᠤ ᠥᠷᠢᠰᠦᠯᠳᠦᠭᠡᠨ ᠵᠶ᠋ᠠᠷ ᠲᠠᠮᠵᠢᠨ᠂ ᠪᠦᠬᠦ ᠠᠢ᠌ᠮᠠᠭ᠎ᠤᠨ ᠡᠯ᠎ᠡ ᠭᠠᠵᠠᠷ᠎ᠠᠴᠠ ᠢᠷᠡᠭᠰᠡᠨ 500 ᠭᠠᠷᠤᠢ ᠤᠷᠤᠯᠴᠠᠬ᠍ᠴᠢ ᠰᠶ᠋ᠢᠳᠪᠦᠷᠢᠲᠦ ᠤᠷᠤᠯᠳᠤᠭ᠋ᠠᠨ᠎ᠳᠤ ᠤᠷᠤᠯᠴᠠᠵᠦ᠂ ᠬᠦᠯᠦᠭ ᠮᠤᠷᠢᠳ᠎ᠤᠨ ᠵᠶ᠋ᠠᠨ ᠰᠢᠨᠳᠠᠰᠦ ᠵᠢ ᠰᠢᠯᠭ᠋ᠠᠠ᠂ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 2000 ᠭᠠᠷᠤᠢ ᠵᠢᠭᠤᠯᠴᠢᠯᠠᠬᠰᠡᠳ ᠤᠷᠤᠯᠳᠤᠭ᠋ᠠᠨ᠎ᠢ ᠰᠤᠨᠢᠷᠬᠠᠪᠠ᠃
    ᠡᠬᠢᠯᠡᠯᠲᠡ ᠵᠢᠨ ᠶᠣᠰᠣᠯᠠᠯ ᠳᠡᠭᠡᠷ᠎ᠡ᠂ ᠰᠦᠷ ᠵᠢᠪᠬᠤᠯᠠᠩᠲᠦ ᠬᠥᠭᠵᠢᠮ᠎ᠤᠨ ᠠᠶᠠᠰ ᠪᠣᠯᠣᠨ ᠦᠵᠡᠭᠴᠢᠳ᠎ᠤᠨ ᠤᠤᠬᠠᠶ᠋ᠢᠯᠠᠬᠤ ᠲᠠᠭᠤᠨ ᠳᠤᠮᠳᠠ᠂ 99 ᠴᠠᠭ᠋ᠠᠨ ᠮᠤᠷᠢᠲᠠᠨ ᠤᠯᠤᠰ᠎ᠤᠨ ᠲᠤᠭ᠎ᠢ ᠬᠠᠮᠠᠭ᠋ᠠᠯᠠᠨ ᠲᠠᠯᠠᠪᠠᠢ᠎ᠳᠤ ᠣᠷᠣᠵᠤ᠂ ᠳᠠᠷᠠᠭ᠎ᠠ᠎ᠨᠢ ᠪᠥᠬᠦ ᠠᠢ᠌ᠮᠠᠭ᠎ᠤᠨ 13 ᠬᠤᠰᠢᠭᠤ ᠰᠢᠶᠠᠨ ᠬᠤᠲᠠ (ᠤᠷᠤᠨ) ᠵᠢᠨ ᠲᠥᠯᠥᠭᠡᠯᠡᠭᠴᠢᠳ᠎ᠤᠨ ᠵᠢᠭᠰᠠᠭ᠋ᠠᠯ᠎ᠤᠨ ᠡᠩᠨᠡᠭᠡ ᠵᠠᠯᠭ᠋ᠠᠪᠠᠷ ᠲᠠᠯᠠᠪᠠᠶ᠎ᠳᠤ ᠣᠷᠣᠪᠠ᠃ ᠡᠭᠦᠨ᠎ᠤ ᠵᠡᠷᠭᠡ᠎ᠳᠤ᠂ 108 ᠵᠢᠭᠤᠯᠴᠢᠯᠠᠬ᠍ᠴᠢ᠎ᠪᠠᠷ ᠪᠦᠷᠢᠯᠳᠦᠭᠰᠡᠨ ᠵᠢᠭᠤᠯᠴᠢᠯᠠᠬᠰᠡᠳ᠎ᠤᠨ ᠡᠩᠨᠡᠭᠡ ᠲᠠᠯᠠᠪᠠᠢ᠎ᠳᠤ ᠣᠷᠣᠵᠤ ᠢᠷᠡᠪᠡ᠃
    ᠡᠭᠦᠨ᠎ᠠᠴᠠ ᠭᠠᠳᠠᠨ᠎ᠠ᠂ ᠲᠣᠰ ᠤᠳᠠᠭ᠋ᠠᠨ᠎ᠤ ᠰᠢᠯᠢ ᠵᠢᠨ ᠭᠤᠣᠯ᠎ᠤᠨ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠰᠶ᠋ᠢᠳᠪᠦᠷᠢᠲᠦ ᠤᠷᠤᠯᠳᠤᠭ᠋ᠠᠨ᠎ᠳᠤ ᠪᠠᠰᠠ ᠪᠠᠶᠠᠯᠢᠭ ᠠᠭᠤᠯᠭ᠎ᠠ᠎ᠲᠠᠢ ᠠᠵᠢᠯᠯᠠᠭ᠎ᠠ ᠵᠢ ᠲᠣᠬᠢᠷᠠᠭᠤᠯᠤᠭᠰᠠᠨ ᠶᠤᠮ᠃ ᠳᠡᠯᠭᠡᠨ ᠦᠵᠡᠭᠦᠯᠭᠡ ᠵᠢᠨ ᠲᠣᠭᠤᠷᠢᠭ᠎ᠲᠤ᠂ ᠬᠦᠮᠦᠰ᠎ᠤᠨ ᠬᠠᠷᠠᠭ᠎ᠠ ᠵᠢ ᠪᠤᠯᠢᠶᠠᠬᠰᠠᠨ ᠪᠣᠳᠠᠰ᠎ᠤᠨ ᠪᠤᠰᠤ ᠰᠣᠶᠣᠯ᠎ᠤᠨ ᠥᠪ᠎ᠨᠢ ᠤᠮᠠᠷᠠᠲᠤ ᠬᠢᠯᠢ ᠵᠢᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠠᠮᠢᠳᠤᠯᠢᠭ ᠵᠶ᠋ᠠᠷ ᠢᠯᠡᠷᠡᠭᠦᠯᠦᠨ᠎ᠠ; ᠠᠮᠲᠠᠲᠤ ᠢᠳᠡᠭᠡᠨ᠎ᠤ ᠲᠣᠭᠤᠷᠢᠭ᠎ᠲᠤ᠂ ᠵᠢᠭᠤᠯᠴᠢᠯᠠᠬᠰᠡᠳ ᠰᠢᠯᠢ ᠵᠢᠨ ᠭᠤᠣᠯ᠎ᠤᠨ ᠤᠷᠤᠨ ᠨᠤᠲᠤᠭ᠎ᠤᠨ ᠤᠨᠴᠠᠯᠢᠬᠲᠦ ᠠᠮᠲᠠᠲᠤ ᠢᠳᠡᠭᠡᠨ᠎ᠢ ᠠᠮᠲᠠᠯᠠᠵᠤ ᠪᠣᠯᠣᠨ᠎ᠠ; ᠪᠠᠶᠡᠴᠢᠯᠡᠨ ᠤᠶ᠋ᠢᠯᠠᠭ᠋ᠠᠬᠤ ᠲᠣᠭᠤᠷᠢᠭ᠎ᠲᠤ᠂ ᠵᠢᠭᠤᠯᠴᠢᠯᠠᠬᠰᠡᠳ ᠪᠠᠰᠠ ᠮᠣᠷᠢ ᠤᠨᠤᠬᠤ᠂ ᠳᠡᠭᠡᠰᠦ ᠲᠠᠲᠠᠬᠤ ᠵᠡᠷᠭᠡ ᠰᠤᠨᠢᠷᠬᠠᠯᠲᠦ ᠠᠵᠢᠯᠯᠠᠭ᠎ᠠ᠎ᠳᠤ ᠣᠷᠣᠯᠴᠠᠵᠦ ᠪᠣᠯᠣᠨ᠎ᠠ᠃
    ᠲᠣᠰ ᠬᠤᠭᠤᠴᠠᠭ᠋ᠠᠨ᠎ᠤ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠢ 5 ᠰᠠᠷ᠎ᠠ ᠵᠢᠨ 19᠎ᠤ ᠡᠳᠦᠷ᠎ᠠᠴᠠ ᠵᠢᠩᠬᠢᠨᠢ᠎ᠪᠠᠷ ᠡᠬᠢᠯᠡᠭᠦᠯᠵᠦ᠂ 60 ᠭᠠᠵᠠᠷ᠎ᠤᠨ ᠠᠯᠤᠰ᠎ᠤᠨ ᠮᠤᠷᠢᠨ᠎ᠤ ᠤᠷᠤᠯᠳᠤᠭ᠋ᠠᠨ᠂ 30 ᠭᠠᠵᠠᠷ᠎ᠤᠨ ᠬᠦᠴᠦᠨ ᠵᠠᠯᠭ᠋ᠠᠬᠤ ᠤᠷᠤᠯᠳᠤᠭ᠋ᠠᠨ᠂ ᠮᠤᠷᠢᠨ ᠳᠡᠭᠡᠷ᠎ᠠ᠎ᠠᠴᠠ ᠬᠠᠳᠠᠭ ᠰᠢᠭᠦᠷᠡᠬᠦ ᠤᠷᠤᠯᠳᠤᠭ᠋ᠠᠨ᠂ ᠨᠠᠮᠨᠠᠬᠤ ᠤᠷᠤᠯᠳᠤᠭ᠋ᠠᠨ᠂ ᠭᠠᠩᠭ᠋ᠠᠩ ᠬᠦᠯᠦᠭ᠎ᠤᠨ ᠰᠢᠯᠭ᠋ᠠᠷᠠᠭᠤᠯᠤᠯᠲᠠ᠂ ᠮᠣᠷᠢ᠎ᠪᠠᠨ ᠬᠥᠲᠥᠯᠵᠦ ᠰᠠᠭ᠋ᠠᠳ ᠳᠠᠪᠠᠭ᠍ᠤ ᠤᠷᠤᠯᠳᠤᠭ᠋ᠠᠨ ᠵᠡᠷᠭᠡ 8 ᠲᠦᠷᠦᠯ᠎ᠤᠨ ᠤᠷᠤᠯᠳᠤᠭ᠋ᠠᠨ᠎ᠢ ᠪᠠᠭᠲᠠᠭ᠋ᠠᠵᠠᠢ᠃ ᠭᠠᠴᠠᠭ᠎ᠠ᠂ ᠰᠢᠶᠠᠩ ᠪᠠᠯᠭ᠋ᠠᠰᠤ᠂ ᠬᠤᠰᠢᠭᠤ ᠰᠢᠶᠠᠨ ᠭᠤᠷᠪᠠᠨ ᠱᠠᠲᠤᠨ᠎ᠤ ᠦᠷᠢᠰᠦᠯᠳᠦᠬᠡᠨ ᠵᠶ᠋ᠠᠷ ᠳᠡᠮᠵᠢᠨ᠂ 500 ᠭᠠᠷᠤᠢ ᠤᠷᠤᠯᠴᠠᠬ᠍ᠴᠢ ᠠᠢ᠌ᠮᠠᠭ᠎ᠤᠨ ᠲᠠᠰ᠎ᠤᠨ ᠰᠶ᠋ᠢᠳᠪᠦᠷᠢᠲᠦ ᠤᠷᠤᠯᠳᠤᠭ᠋ᠠᠨ᠎ᠳᠤ ᠤᠷᠤᠯᠴᠠᠬᠰᠠᠨ ᠶᠤᠮ᠃
    ᠰᠢᠯᠢ ᠵᠢᠨ ᠭᠤᠣᠯ ᠠᠢ᠌ᠮᠠᠭ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠢ ᠡᠷᠬᠢᠯᠡᠨ ᠶᠠᠪᠤᠬᠳᠠᠭᠤᠯᠤᠬᠰᠠᠨ᠎ᠨᠢ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠤᠨ᠂ ᠤᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠵᠢ ᠠᠬᠢᠭᠤᠯᠬᠤ ᠵᠤᠷᠢᠯᠲᠠ᠎ᠲᠠᠢ ᠪᠢᠯᠡ᠃ ᠣᠶ᠋ᠢᠷ᠎ᠠ ᠵᠢᠨ ᠵᠢᠯ᠎ᠳᠤ᠂ ᠰᠢᠯᠢ ᠵᠢᠨ ᠭᠤᠣᠯ ᠠᠢ᠌ᠮᠠᠭ ᠡᠯᠪᠡᠭ ᠪᠠᠶᠠᠯᠢᠭ ᠠᠳᠤᠭᠤᠨ ᠰᠣᠶᠣᠯ᠎ᠤᠨ ᠡᠬᠢ ᠪᠠᠶᠠᠯᠢᠭ ᠪᠠ ᠠᠳᠤᠭᠤᠨ᠎ᠤ ᠠᠵᠤ ᠦᠢ᠍ᠯᠡᠰ᠎ᠤᠨ ᠪᠠᠲᠤ ᠰᠠᠭᠤᠷᠢ᠎ᠳᠤ ᠲᠦᠰᠢᠭᠯᠡᠵᠦ᠂ ᠠᠳᠤᠭᠤᠨ᠎ᠤ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠡᠵᠡᠩᠨᠡᠯᠲᠡ ᠵᠢᠨ ᠬᠡᠯᠪᠡᠷᠢ ᠵᠢ ᠲᠠᠰᠤᠷᠠᠯᠲᠠ ᠦᠭᠡᠢ ᠥᠷᠭᠡᠳᠬᠡᠠ᠂ ᠠᠳᠤᠭᠤᠨ᠎ᠤ ᠭᠤᠣᠯ ᠰᠡᠳᠦᠪᠲᠦ ᠵᠢᠭᠤᠯᠴᠢᠯᠠᠯ᠎ᠤᠨ ᠪᠦᠲᠦᠭᠡᠭᠳᠡᠬᠦᠨ ᠲᠠᠸᠠᠷ᠎ᠢ ᠢᠳᠡᠪᠬᠢᠲᠡᠢ᠎ᠪᠠᠷ ᠰᠤᠳᠤᠯᠤᠨ ᠨᠡᠭᠡᠭᠡᠵᠦ᠂ ᠠᠳᠤᠭᠤᠨ᠎ᠤ ᠭᠤᠣᠯ ᠰᠡᠳᠦᠪᠲᠦ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠠᠳᠤᠭᠤᠨ᠎ᠤ ᠠᠵᠤ ᠦᠢ᠍ᠯᠡᠰ ᠵᠢᠴᠢ ᠠᠳᠤᠭᠤᠨ᠎ᠤ ᠭᠤᠣᠯ ᠰᠡᠳᠦᠪᠲᠦ ᠵᠢᠭᠤᠯᠴᠢᠯᠠᠯ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ ᠪᠦᠬᠦ ᠠᠢ᠌ᠮᠠᠭ᠎ᠤᠨ ᠠᠳᠤᠭᠤᠨ᠎ᠤ ᠠᠵᠤ ᠦᠢ᠍ᠯᠡᠰ᠎ᠤᠨ ᠬᠦᠭᠵᠢᠯᠲᠡ ᠵᠢ ᠲᠦᠷᠭᠡᠳᠬᠡᠵᠦ᠂ ᠬᠠᠨᠠᠭ᠋ᠠᠷ ᠲᠠᠯ᠎ᠠ ᠰᠢᠯᠢ ᠵᠢᠨ ᠭᠤᠣᠯ᠎ᠤᠨ ᠨᠡᠷ᠎ᠠ ᠠᠯᠳᠠᠷᠰᠢᠯ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃
    2024 ᠤᠨ᠎ᠤ ᠰᠢᠯᠢ ᠵᠢᠨ ᠭᠤᠣᠯ᠎ᠤᠨ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠤ ᠰᠶ᠋ᠢᠳᠪᠦᠷᠢᠲᠦ ᠤᠷᠤᠯᠳᠤᠭ᠋ᠠᠨ᠎ᠤ ᠲᠠᠷᠠᠭ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 34 ᠳ᠋ᠤᠭᠡᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠨᠠᠭ᠋ᠠᠳᠤᠮ᠎ᠢ 7 ᠰᠠᠷ᠎ᠠ ᠵᠢᠨ 14᠎ᠤ ᠡᠳᠦᠷ ᠰᠢᠯᠢ ᠵᠢᠨ ᠭᠤᠣᠯ᠎ᠳᠤ ᠦᠪᠡᠳᠡᠭᠰᠢ ᠶᠡᠬᠡᠪᠡᠷ ᠶᠠᠪᠤᠭᠳᠠᠭᠤᠯᠵᠤ᠂ ᠰᠢᠯᠢ ᠵᠢᠨ ᠭᠤᠣᠯ ᠠᠢ᠌ᠮᠠᠭ ᠪᠠᠰᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠮᠣᠷᠢᠨ᠎ᠤ ᠬᠤᠯᠪᠣᠭ᠋ᠠᠲᠤ ᠤᠷᠤᠯᠳᠤᠭ᠋ᠠᠨ᠎ᠢ ᠳᠠᠭ᠋ᠠᠭ᠋ᠠᠴᠢᠯᠠᠨ ᠡᠷᠬᠢᠯᠡᠬᠦ ᠪᠤᠯᠤᠨ᠎ᠠ᠂ ᠡᠭᠦᠨ᠎ᠠᠴᠠ ᠭᠠᠳᠠᠨ᠎ᠠ ᠪᠠᠰᠠ ᠲᠣᠮᠣ ᠬᠡᠯᠪᠡᠷᠢ ᠵᠢᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠬᠠᠨᠠᠭ᠋ᠠᠷ ᠲᠠᠯ᠎ᠠ ᠰᠢᠯᠢ ᠵᠢᠨ ᠭᠤᠣᠯ᠎ᠳᠤ ᠶᠠᠪᠤᠬᠳᠠᠭᠤᠯᠵᠦ᠂ ᠳᠡᠯᠭᠡᠷ ᠵᠤᠨ᠎ᠤ ᠬᠦᠭᠵᠢᠶᠡᠨᠲᠦ ᠤᠯᠠᠷᠢᠯ᠎ᠳᠤ ᠬᠦᠷ ᠨᠠᠷᠬᠢᠶᠠᠨ ᠨᠠᠮᠠᠷᠢᠯᠡᠨ᠎ᠠ᠃

ᠢᠷᠡᠯᠲᠡ᠄ ᠰᠢᠯᠢ ᠵᠢᠨ ᠭᠤᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠬᠣᠷᠢᠨ ᠲᠠᠪᠤᠳᠤᠭ᠋ᠠᠷ ᠬᠤᠭᠤᠴᠠᠭ᠋ᠠᠨ᠎ᠤ 《8·18》 ᠵᠢᠷᠢᠮ᠎ᠤᠨ ᠮᠣᠷᠢᠨ ᠤᠷᠤᠯᠳᠤᠭ᠋ᠠᠨ᠎ᠤ ᠨᠠᠢ᠌ᠷ ᠡᠬᠢᠯᠡᠪᠡ
ᠠᠪᠠᠭ᠎ᠠ ᠬᠤᠰᠢᠭᠤᠨ᠎ᠤ 《ᠠᠵᠠ ᠬᠡᠢ᠌ᠮᠦᠷᠢᠲᠦ》 ᠬᠦᠯ ᠪᠦᠮᠪᠦᠭᠡ ᠵᠢᠨ ᠨᠡᠶ᠋ᠢᠭᠡᠮᠯᠢᠭ ᠪᠠᠢ᠌ᠭᠤᠯᠤᠭᠳᠠᠪᠠ
ᠪᠤᠭᠤᠲᠤ ᠬᠤᠳᠠ ᠵᠢᠨ 2024 ᠣᠨ᠎ᠤ ᠬᠠᠮᠤᠭ᠎ᠤᠨ ᠰᠡᠭᠦᠯᠴᠢ ᠵᠢᠨ ᠬᠠᠭ᠋ᠠᠰ ᠵᠠᠢ ᠵᠢᠨ ᠮᠠᠷᠠᠽᠤᠨ ᠤᠷᠤᠯᠳᠤᠭ᠋ᠠᠨ ᠪᠣᠷᠣᠭ᠋ᠠᠨ᠎ᠤ ᠳᠤᠮᠳᠠᠭᠤᠷ ᠶᠠᠪᠤᠭᠳᠠᠯ᠎ᠠ
ᠮᠣᠷᠢᠨ ᠮᠡᠷᠭᠡᠵᠢᠯ᠎ᠤᠨ ᠳᠠᠭ᠋ᠠᠭ᠋ᠠᠮᠠᠭ᠋ᠠᠢ ᠴᠢᠳᠠᠪᠤᠷᠢ ᠵᠢᠨ ᠪᠠᠷᠢᠮᠵᠢᠶ᠎ᠠ᠎ᠳᠤ ᠬᠦᠷᠬᠦ ᠤᠷᠤᠯᠳᠤᠭ᠋ᠠᠨ ᠪᠤᠭᠤᠲᠤ ᠬᠤᠳᠠ᠎ᠳᠤ ᠶᠠᠪᠤᠭᠳᠠᠵᠠᠢ
ᠭᠦᠭᠡᠬᠣᠲᠠ ᠵᠢᠨ ᠵᠠᠯᠠᠭᠤᠴᠤᠳ ᠪᠠᠭ᠋ᠠᠴᠤᠳ᠎ᠤᠨ ᠪᠦᠭᠡ ᠵᠢᠨ ᠢᠯᠡ ᠤᠷᠤᠯᠳᠤᠭ᠋ᠠᠨ ᠶᠠᠪᠤᠭᠳᠠᠵᠠᠢ
 
            