8 ᠰᠠᠷ᠎ᠠ ᠵᠢᠨ 30᠎ᠤ ᠡᠳᠦᠷ᠂ ᠠᠪᠠᠭ᠎ᠠ ᠬᠤᠰᠢᠭᠤᠨ᠎ᠤ 《ᠠᠵᠠ ᠬᠡᠢ᠌ᠮᠦᠷᠢ᠎ᠲᠦ》 ᠬᠥᠯ ᠪᠥᠮᠪᠦᠭᠡ ᠵᠢᠨ ᠨᠡᠶ᠋ᠢᠭᠡᠮᠯᠢᠭ ᠪᠠᠶ᠋ᠢᠭᠤᠯᠤᠭᠳᠠᠭᠰᠠᠨ ᠶᠡᠭᠡ ᠬᠤᠷᠠᠯ ᠠᠪᠠᠭ᠎ᠠ ᠬᠤᠰᠢᠭᠤᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠲᠤ ᠶᠠᠪᠤᠭᠳᠠᠪᠠ᠃
ᠬᠤᠰᠢᠭᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠬᠥᠯ ᠪᠥᠮᠪᠦᠭᠡ ᠵᠢᠨ ᠨᠡᠶ᠋ᠢᠭᠡᠮᠯᠢᠭ᠎ᠤᠨ ᠪᠠᠶ᠋ᠢᠭᠤᠯᠤᠭᠳᠠᠭᠰᠠᠨ᠎ᠳᠤ ᠪᠠᠶᠠᠷ ᠬᠦᠷᠭᠡᠬᠦ ᠵᠢᠨ ᠬᠠᠮᠲᠤ ᠵᠢᠭ᠋ᠠᠵᠤ ᠭᠠᠷᠭ᠋ᠠᠭᠰᠠᠨ᠎ᠨᠢ᠂ ᠬᠥᠯ ᠪᠥᠮᠪᠦᠭᠡ ᠵᠢᠨ ᠨᠡᠶ᠋ᠢᠭᠡᠮᠯᠢᠭ ᠪᠠᠶ᠋ᠢᠭᠤᠯᠤᠭᠳᠠᠭᠰᠠᠨ᠎ᠨᠢ ᠮᠠᠨ᠎ᠤ ᠬᠤᠰᠢᠭᠤᠨ᠎ᠤ ᠬᠥᠯ ᠪᠥᠮᠪᠦᠭᠡ ᠵᠢᠨ ᠬᠦᠳᠡᠯᠭᠡᠭᠡᠨ᠎ᠤ ᠰᠢᠨ᠎ᠡ ᠬᠠᠭᠤᠳᠠᠰᠤ ᠵᠢ ᠰᠡᠬᠦᠭᠰᠡᠨᠢ ᠬᠠᠷᠠᠭᠤᠯᠵᠦ ᠪᠠᠢ᠌ᠨ᠎ᠠ᠃ ᠬᠦᠯ ᠪᠦᠮᠪᠦᠬᠡ ᠵᠢᠨ ᠨᠡᠶ᠋ᠢᠭᠡᠮᠯᠢᠭ᠎ᠨᠢ ᠵᠣᠬᠢᠶᠠᠨ ᠪᠠᠶ᠋ᠢᠭᠤᠯᠤᠯᠲᠠ ᠵᠢᠨ ᠲᠠᠭ᠋ᠠᠭᠤᠯᠤᠭᠴᠢ ᠦᠢ᠍ᠯᠡᠳᠦᠯ ᠵᠶ᠋ᠠᠨ ᠪᠠᠳᠠᠷᠠᠭᠤᠯᠵᠤ᠂ ᠡᠯ᠎ᠡ ᠲᠥᠷᠥᠯ᠎ᠤᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠦᠨ᠂ ᠬᠥᠯ ᠪᠥᠮᠪᠦᠭᠡ ᠵᠢᠨ ᠬᠥᠳᠡᠯᠭᠡᠭᠡᠨ᠎ᠢ ᠨᠠᠩ ᠶᠡᠭᠡ ᠬᠡᠪᠴᠢᠶ᠎ᠡ᠎ᠪᠠᠷ ᠲᠦᠭᠡᠮᠡᠯᠵᠢᠭᠦᠯᠦᠨ ᠳᠡᠯᠭᠡᠷᠡᠭᠦᠯᠬᠦ ᠵᠢᠨ ᠬᠠᠮᠲᠤ ᠬᠥᠯ ᠪᠥᠮᠪᠦᠭᠡ ᠵᠢᠨ ᠬᠥᠳᠡᠯᠭᠡᠭᠡᠨ ᠵᠶ᠋ᠠᠷ ᠵᠢᠯᠣᠭᠤᠳᠣᠯᠭ᠎ᠠ ᠪᠣᠯᠭ᠋ᠠᠵᠤ᠂ ᠪᠥᠬᠦ ᠬᠤᠰᠢᠭᠤᠨ᠎ᠤ ᠬᠡᠪᠴᠢᠶᠡᠨ᠎ᠳᠤ 《ᠲᠠᠮᠢᠷ᠎ᠤᠨ ᠬᠥᠳᠡᠯᠭᠡᠭᠡᠨ᠎ᠳᠤ ᠪᠠᠬᠠᠳᠠᠢ᠂ ᠡᠷᠡᠭᠦᠯ ᠠᠮᠢᠳᠤᠷᠠᠯ᠎ᠢ ᠡᠳ᠋ᠯᠡᠬᠦ》 ᠠᠮᠢᠳᠤᠷᠠᠯ᠎ᠤᠨ ᠣᠶ᠋ᠢᠯᠠᠭ᠋ᠠᠭᠳᠠᠬᠤᠨ᠎ᠢ ᠪᠣᠶ ᠪᠣᠯᠭ᠋ᠠᠵᠤ᠂ ᠣᠯᠠᠨ ᠲᠦᠮᠡᠨ᠎ᠤ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠠᠷᠠᠳ ᠣᠯᠠᠨ᠎ᠤ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠬᠦᠰᠡᠵᠦ ᠪᠠᠶ᠋ᠢᠨ᠎ᠠ ᠭᠡᠵᠡᠶ᠃
ᠬᠤᠷᠠᠯ ᠳᠡᠭᠡᠷ᠎ᠡ ᠠᠷᠠᠳᠴᠢᠯᠠᠭᠰᠠᠨ ᠰᠣᠩᠭᠤᠭᠤᠯᠢ᠎ᠪᠠᠷ ᠳᠠᠮᠵᠢᠨ᠂ 《ᠠᠵᠠ ᠬᠡᠢ᠌ᠮᠦᠷᠢ᠎ᠲᠦ》 ᠬᠥᠯ ᠪᠦᠮᠪᠦᠬᠡ ᠵᠢᠨ ᠨᠡᠶ᠋ᠢᠭᠡᠮᠯᠢᠭ᠎ᠤᠨ ᠳᠠᠷᠤᠭ᠎ᠠ᠂ ᠨᠡᠶ᠋ᠢᠭᠡᠮᠯᠢᠭ᠎ᠤᠨ ᠳᠡᠳ᠋ ᠳᠠᠷᠤᠭ᠎ᠠ᠂ ᠨᠠᠷᠢᠨ ᠪᠢᠴᠢᠭ᠎ᠤᠨ ᠳᠠᠷᠤᠭ᠎ᠠ ᠵᠢ ᠰᠣᠩᠭᠤᠨ ᠭᠠᠷᠭ᠋ᠠᠪᠠ᠃ ᠡᠢ᠌ᠨᠬᠦ ᠠᠪᠠᠭ᠎ᠠ ᠬᠤᠰᠢᠭᠤᠨ᠎ᠤ 《ᠠᠵᠠ ᠬᠡᠢ᠌ᠮᠦᠷᠢ᠎ᠲᠦ》 ᠬᠥᠯ ᠪᠥᠮᠪᠦᠭᠡ ᠵᠢᠨ ᠨᠡᠶ᠋ᠢᠭᠡᠮᠯᠢᠭ᠎ᠨᠢ ᠲᠦᠷᠢᠮ ᠵᠶ᠋ᠠᠷ ᠲᠦᠰᠢᠭ ᠪᠣᠯᠭ᠋ᠠᠵᠤ᠂ ᠨᠡᠶ᠋ᠢᠭᠡᠮᠯᠢᠭ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠨ᠂ ᠬᠥᠯ ᠪᠥᠮᠪᠦᠭᠡ ᠵᠢᠨ ᠬᠥᠳᠡᠯᠭᠡᠭᠡᠨ᠎ᠤ ᠡᠬᠢ ᠪᠠᠶᠠᠯᠢᠭ᠎ᠢ ᠭᠦᠢ᠍ᠴᠡᠳ ᠠᠰᠢᠭᠯᠠᠵᠤ᠂ ᠡᠯ᠎ᠡ ᠲᠥᠷᠥᠯ᠎ᠤᠨ ᠬᠥᠯ ᠪᠥᠮᠪᠦᠭᠡ ᠵᠢᠨ ᠪᠣᠯᠪᠠᠰᠤᠷᠠᠯ᠂ ᠤᠷᠤᠯᠳᠤᠭ᠋ᠠᠨ ᠪᠠ ᠳᠡᠯᠭᠡᠷᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠃ ᠣᠯᠠᠨ ᠲᠦᠮᠡᠨ᠎ᠤ ᠬᠥᠯ ᠪᠥᠮᠪᠦᠭᠡ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠥᠷᠨᠢᠯᠲᠡ ᠵᠢ ᠠᠬᠢᠭᠤᠯᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠶᠡᠬᠡᠪᠡᠷ ᠠᠬᠢᠭᠤᠯᠬᠤ ᠪᠤᠯᠤᠨ᠎ᠠ᠃
ᠬᠤᠰᠢᠭᠤ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠪᠠᠲᠤᠪᠠᠶᠠᠷ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠳᠠᠷᠤᠭ᠎ᠠ ᠬᠠᠰᠪᠠᠭ᠋ᠠᠨᠠ ᠬᠤᠷᠠᠯ᠎ᠳᠤ ᠣᠷᠣᠯᠴᠠᠵᠤ᠂ ᠬᠥᠯ ᠪᠥᠮᠪᠦᠭᠡ ᠵᠢᠨ ᠨᠡᠶ᠋ᠢᠭᠡᠮᠯᠢᠭ᠎ᠤᠨ ᠬᠤᠶ᠋ᠢᠰᠢᠳᠠ ᠵᠢᠨ ᠪᠣᠳᠠᠲᠠᠶ ᠠᠵᠢᠯ᠎ᠳᠤ ᠬᠠᠮᠢᠶ᠎ᠠ ᠪᠦᠬᠦᠢ ᠵᠢᠯᠣᠭᠤᠳᠣᠯᠭ᠎ᠠ ᠬᠢᠵᠡᠶ᠃