8 ᠰᠠᠷ᠎ᠠ ᠵᠢᠨ 18᠎ᠤ ᠡᠳᠦᠷ᠂ ᠬᠣᠷᠢᠨ ᠲᠠᠪᠤᠳᠤᠭ᠋ᠠᠷ ᠬᠤᠭᠤᠴᠠᠭ᠋ᠠᠨ᠎ᠤ ᠵᠢᠷᠢᠮ᠎ᠤᠨ ᠮᠣᠷᠢᠨ ᠤᠷᠤᠯᠳᠤᠭ᠋ᠠᠨ᠎ᠤ ᠨᠠᠢ᠌ᠷ ᠲᠦᠩᠯᠢᠶᠣᠣ ᠬᠤᠳᠠ ᠵᠢᠨ ᠬᠣᠷᠴᠢᠨ᠎ᠤ ᠨᠠᠭ᠋ᠠᠳᠤᠮ᠎ᠤᠨ ᠰᠣᠶᠣᠯ ᠪᠡᠶ᠎ᠡ ᠵᠢᠨ ᠲᠠᠮᠢᠷ᠎ᠤᠨ ᠲᠥᠪ᠎ᠲᠤ ᠡᠬᠢᠯᠡᠪᠡ᠃ ᠭᠣᠢ᠌ᠳᠠ ᠰᠠᠢ᠌ᠬᠠᠨ ᠡᠭᠢᠯᠡᠯᠲᠠ ᠵᠢᠨ ᠶᠣᠰᠣᠯᠠᠯ ᠬᠢᠭᠡᠳ ᠬᠤᠷᠴᠠ ᠰᠢᠷᠦᠭᠦᠨ ᠤᠷᠤᠯᠳᠤᠭ᠋ᠠᠨ᠎ᠨᠢ 8 ᠲᠦᠮᠡ ᠭᠠᠷᠤᠢ ᠬᠣᠲᠠ ᠵᠢᠨ ᠠᠷᠠᠳ ᠪᠠ ᠵᠢᠭᠤᠯᠴᠢᠯᠠᠭᠴᠢᠳ᠎ᠤᠨ ᠤᠷᠮ᠎ᠠ ᠵᠢ ᠬᠥᠭᠵᠢᠭᠡᠨ ᠪᠠᠬ᠎ᠠ ᠵᠢ ᠲᠠᠲᠠᠵᠤ᠂ ᠲᠡᠳᠡᠨᠡᠷ᠎ᠲᠤ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢᠴᠢ ᠤᠯᠠᠮᠵᠢᠯᠠᠯᠲᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠤᠷᠳᠤᠴᠠ ᠪᠠ ᠣᠷᠭᠢᠯᠤᠮ᠎ᠠ ᠬᠠᠯᠠᠭᠤᠨ ᠰᠡᠳᠬᠢᠯᠭᠡ ᠵᠢ ᠮᠡᠳᠡᠷᠡᠭᠦᠯᠦᠭᠰᠡᠨ ᠪᠠᠢ᠌ᠨ᠎ᠠ᠃
ᠡᠭᠢᠯᠡᠯᠲᠡ ᠵᠢᠨ ᠶᠣᠰᠣᠯᠠᠯ ᠳᠡᠭᠡᠷ᠎ᠡ᠂ ᠡᠯ᠎ᠡ ᠬᠣᠰᠢᠭᠤ ᠰᠢᠶᠠᠨ ᠬᠤᠳᠠ ᠲᠣᠭᠣᠷᠢᠭ᠎ᠤᠨ ᠵᠢᠭᠰᠠᠭ᠋ᠠᠯ᠎ᠤᠨ ᠠᠩᠭᠢ ᠬᠣᠢ᠌ᠨ᠎ᠠ ᠬᠣᠢ᠌ᠨ᠎ᠠ᠎ᠠᠴᠠ᠎ᠪᠠᠨ ᠲᠣᠳᠣᠷᠠᠵᠤ᠂ ᠥᠩᠭᠡ ᠮᠢᠷᠠᠯᠵᠠᠭᠰᠠᠨ ᠦᠨᠳᠦᠰᠦᠲᠡᠨ᠎ᠤ ᠬᠤᠪᠴᠠᠰᠤ ᠵᠠᠰᠠᠯ᠎ᠲᠠᠢ ᠲᠠᠮᠢᠷᠴᠢᠳ ᠴᠢᠷᠠᠢ᠎ᠳᠠᠭᠠᠨ ᠪᠠᠶᠠᠷ᠎ᠤᠨ ᠡᠳᠦᠷ᠎ᠤᠨ ᠮᠦᠰᠢᠶᠡᠳᠦ ᠲᠣᠳᠣᠷᠠᠭᠤᠯᠤᠨ᠂ ᠲᠡᠷᠢᠭᠦᠯᠡᠭᠴᠢᠳ᠎ᠤᠨ ᠲᠠᠢ᠌ᠰᠠᠨ᠎ᠤ ᠡᠮᠦᠨ᠎ᠡ ᠠᠨᠳᠠᠢ ᠦᠰᠦᠷᠴᠦ᠂ ᠠᠷᠠᠳ᠎ᠤᠨ ᠳᠠᠭᠤᠤ ᠬᠠᠩᠭᠢᠨᠠᠭᠤᠯᠤᠨ᠂ ᠲᠦᠩᠯᠢᠶᠣᠣ ᠵᠢᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠴᠤᠭ ᠪᠠᠳᠠᠷᠠᠩᠭᠤᠢ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠪᠡ᠃ ᠳᠠᠭᠤᠤ 《ᠮᠠᠭᠲᠠᠭ᠋ᠠᠯ ᠳᠠᠭᠤᠤ》᠂ ᠪᠥᠵᠢᠭ 《ᠮᠣᠷᠢᠨ᠎ᠤ ᠮᠠᠭᠲᠠᠭ᠋ᠠᠯ》 ᠵᠡᠷᠭᠡ ᠭᠣᠢ᠌ᠳᠠ ᠰᠠᠢ᠌ᠬᠠᠨ ᠲᠣᠬᠯᠠᠯᠲᠠ᠎ᠨᠢ ᠦᠵᠡᠭᠴᠢᠳ᠎ᠲᠤ ᠨᠢᠭᠡ ᠤᠳᠠᠭ᠋ᠠᠨ᠎ᠤ ᠦᠨᠳᠦᠰᠦᠲᠡᠨ᠎ᠤ ᠰᠣᠶᠣᠯ᠎ᠤᠨ ᠦᠪᠡᠳᠡᠭᠰᠢ ᠳᠠᠢ᠌ᠯᠠᠯᠭ᠎ᠠ ᠬᠠᠩᠭ᠋ᠠᠭᠰᠠᠨ ᠪᠠᠢ᠌ᠨ᠎ᠠ᠃
ᠣᠢ᠌ᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ 《8·18》 ᠵᠢᠷᠢᠮ᠎ᠤᠨ ᠮᠣᠷᠢᠨ ᠤᠷᠤᠯᠳᠤᠭ᠋ᠠᠨ᠎ᠤ ᠨᠠᠢ᠌ᠷ᠎ᠨᠢ 8 ᠰᠠᠷ᠎ᠠ ᠵᠢᠨ 20᠎ᠤ ᠡᠳᠦᠷ ᠪᠤᠯᠲᠠᠯ᠎ᠠ ᠶᠠᠪᠤᠭᠳᠠᠵᠤ᠂ ᠮᠣᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ᠂ ᠪᠢᠯᠠᠭᠤ ᠰᠢᠳᠡᠬᠦ᠂ ᠮᠣᠩᠭᠣᠯ ᠰᠢᠲᠠᠷ᠎ᠠ᠂ ᠲᠥᠪᠡᠳ ᠪᠦᠭᠡ ᠵᠡᠷᠭᠡ ᠨᠡᠶ᠋ᠢᠲᠡ 6 ᠶᠡᠬᠡ ᠲᠥᠷᠥᠯ᠂ 25 ᠪᠠᠭ᠎ᠠ ᠲᠥᠷᠥᠯ᠎ᠤᠨ ᠤᠷᠤᠯᠳᠤᠭ᠋ᠠᠨ ᠲᠣᠬᠢᠷᠠᠭᠤᠯᠤᠭᠰᠠᠨ ᠪᠠᠢ᠌ᠨ᠎ᠠ᠃ 《8·18》 ᠵᠢᠷᠢᠮ᠎ᠤᠨ ᠮᠣᠷᠢᠨ ᠤᠷᠤᠯᠳᠤᠭ᠋ᠠᠨ᠎ᠤ ᠨᠠᠢ᠌ᠷ᠎ᠢ 1995 ᠣᠨ᠎ᠠᠴᠠ ᠡᠬᠢᠯᠡᠨ ᠶᠠᠪᠤᠭᠳᠠᠭᠤᠯᠤᠭᠰᠠᠨ᠎ᠠᠴᠠ ᠨᠠᠭ᠋ᠠᠰᠢ᠂ ᠨᠢᠭᠡᠨᠲᠡ 24 ᠬᠤᠭᠤᠴᠠᠭ᠎ᠠ ᠠᠮᠵᠢᠯᠲᠠ᠎ᠲᠠᠢ ᠡᠷᠭᠢᠯᠡᠨ᠂ ᠤᠯᠠᠮᠵᠢᠯᠠᠯᠲᠤ ᠪᠡᠶ᠎ᠡ ᠵᠢᠨ ᠲᠠᠮᠢᠷ᠂ ᠦᠨᠳᠦᠰᠦᠲᠡᠨ᠎ᠤ ᠰᠣᠶᠣᠯ ᠪᠠ ᠣᠨᠴᠠᠯᠢᠭᠲᠤ ᠵᠢᠭᠤᠯᠴᠢᠯᠠᠯ᠎ᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠰᠣᠶᠣᠯ ᠵᠢᠭᠤᠯᠴᠢᠯᠠᠯ᠎ᠤᠨ ᠦᠪᠡᠳᠡᠭᠰᠢ ᠴᠤᠭᠯᠠᠭ᠋ᠠᠨ ᠪᠣᠯᠵᠤ᠂ ᠬᠣᠷᠢ ᠭᠠᠷᠤᠢ ᠵᠢᠯ᠎ᠤᠨ ᠤᠯᠠᠮᠵᠢᠯᠠᠯ ᠪᠠ ᠰᠢᠨ᠎ᠡ ᠡᠭᠦᠳᠦᠯᠲᠡ᠎ᠪᠠᠷ ᠳᠠᠮᠵᠢᠭ᠋ᠠᠳ᠂ ᠨᠢᠭᠡᠨᠲᠡ 《ᠲᠦᠩᠯᠢᠶᠣᠣ᠎ᠳᠤ ᠵᠤᠭ᠋ᠠᠯᠠᠶᠠ》 ᠭᠡᠬᠦ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠤᠨ ᠬᠠᠮᠤᠭ᠎ᠤᠨ ᠲᠥᠯᠥᠭᠡᠯᠡᠬᠦ ᠴᠢᠨᠠᠷᠲᠠᠢ ᠪᠠᠶᠠᠷ ᠳᠤᠷᠠᠰᠬᠠᠯ᠎ᠤᠨ ᠠᠵᠢᠯᠯᠠᠭ᠎ᠠ ᠪᠣᠯᠵᠤ᠂ ᠬᠣᠷᠴᠢᠨ᠎ᠤ ᠲᠠᠯ᠎ᠠ ᠨᠤᠲᠤᠭ᠎ᠤᠨ ᠭᠤᠶᠤ ᠰᠠᠢ᠌ᠬᠠᠨ ᠨᠡᠷ᠎ᠡ ᠵᠢᠨ ᠬᠠᠭᠤᠳᠠᠰᠤ ᠪᠣᠯᠤᠭᠰᠠᠨ ᠪᠠᠢ᠌ᠨ᠎ᠠ᠃