ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠴᠦᠬᠡᠨ ᠲᠤᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠠᠵᠢᠯ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ
ᠨᠡᠶ᠋ᠢᠲᠡᠯᠡᠭᠰᠡᠨ ᠴᠠᠭ᠄ 2018-12-28

ᠲᠠᠮᠢᠷ ᠎ᠤᠨ ᠶᠡᠷᠦᠨᠭᠬᠡᠢ ᠲᠣᠪᠴᠢᠶ᠎ᠠ         ᠤᠯᠤᠰ ᠎ᠤᠨ ᠦᠨᠳᠦᠰᠦᠲᠡᠨ ᠎ᠤ ᠬᠡᠷᠡᠭ ᠡᠷᠬᠢᠯᠡᠬᠦ ᠲᠣᠪᠴᠢᠶ᠎ᠠ ᠵᠢᠨ  《ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠠᠵᠢᠯ ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ》 ᠎ᠢ ᠬᠡᠪᠯᠡᠨ ᠲᠠᠷᠬᠠᠭ᠋ᠠᠬᠤ ᠲᠤᠬᠠᠢ ᠮᠡᠳᠡᠭᠳᠡᠯ

ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠨᠭ᠌ ᠎ᠤᠨ ᠦᠢ᠍ᠯᠡᠳᠪᠦᠷᠢᠯᠡᠯ ᠪᠦᠲᠦᠬᠡᠨ ᠪᠠᠢ᠌ᠭᠤᠯᠤᠯᠲᠠ ᠴᠡᠷᠢᠭ ᠎ᠤᠨ ᠪᠦᠯᠬᠦᠮ᠎ᠤᠨ ᠲᠠᠮᠢᠷ ᠎ᠤᠨ ᠲᠣᠪᠴᠢᠶ᠎ᠠ᠂ ᠦᠨᠳᠦᠰᠦᠲᠡᠨ (ᠱᠠᠰᠢᠨ ᠰᠤᠷᠲᠠᠬᠤᠨ) ᠎ᠤ ᠬᠡᠷᠡᠭ ᠡᠷᠬᠢᠯᠡᠬᠦ (ᠲᠠᠨᠭ᠌ᠬᠢᠮ᠂ ᠲᠣᠪᠴᠢᠶ᠎ᠠ  )᠄
   《ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠠᠵᠢᠯ ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ》᠎ᠢ ᠲᠠ ᠪᠦᠬᠦᠨ᠎ᠳᠤ ᠬᠡᠪᠯᠡᠨ ᠲᠠᠷᠬᠠᠭ᠋ᠠᠯ᠎ᠠ᠂ ᠶᠤᠰᠤᠭ᠋ᠠᠷ᠎ᠨᠢ ᠬᠡᠷᠡᠭᠵᠢᠬᠦᠯᠦᠬᠡᠷᠡᠢ᠃
   

                          ᠲᠠᠮᠢᠷ᠎ᠤᠨ ᠶᠡᠷᠦᠨᠭᠬᠡᠢ ᠲᠣᠪᠴᠢᠶ᠎ᠠ  

                          ᠤᠯᠤᠰ᠎ᠤᠨ ᠦᠨᠳᠦᠰᠦᠲᠡᠨ ᠎ᠤ ᠬᠡᠷᠡᠭ ᠡᠷᠬᠢᠯᠡᠬᠦ ᠲᠣᠪᠴᠢᠶ᠎ᠠ
                                          2018 ᠣᠨ ᠎ᠤ 1 ᠰᠠᠷ᠎ᠠ ᠵᠢᠨ 10 ᠎ᠤ ᠡᠳᠦᠷ


              ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠠᠵᠢᠯ ᠎ᠢ

              ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ
 
      ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ᠎ᠨᠢ ᠮᠠᠨ ᠎ᠤ ᠤᠯᠤᠰ ᠎ᠤᠨ ᠲᠠᠮᠢᠷ ᠎ᠤᠨ ᠦᠢ᠍ᠯᠡᠰ ᠎ᠤᠨ ᠭᠣᠣᠯ ᠪᠦᠷᠢᠯᠳᠦᠬᠦᠨ ᠬᠡᠰᠡᠭ ᠪᠣᠯᠣᠨ᠎ᠠ᠂ ᠮᠠᠨ ᠎ᠤ ᠤᠯᠤᠰ ᠎ᠤᠨ ᠦᠨᠡᠲᠦ ᠨᠠᠨᠳᠢᠨ ᠰᠣᠶᠣᠯ ᠎ᠤᠨ ᠦᠯᠡᠳᠡᠭᠳᠡᠯ ᠦᠪ ᠪᠠᠢ᠌ᠵᠤ᠂ ᠠᠷᠠᠳ ᠢᠷᠭᠡᠳ ᠎ᠤᠨ ᠪᠠᠬᠠᠷᠬᠠᠯ ᠎ᠢ ᠬᠦᠨ ᠬᠦᠷᠲᠡᠨ᠂ ᠰᠢᠯᠢᠳᠡᠭ ᠤᠯᠠᠮᠵᠢᠯᠠᠯᠲᠤ ᠰᠣᠶᠣᠯ ᠎ᠢ ᠤᠯᠠᠮᠵᠢᠯᠠᠨ ᠬᠦᠭᠵᠢᠬᠦᠯᠬᠦ᠂ ᠡᠯ᠎ᠡ ᠦᠨᠳᠦᠰᠦᠲᠡᠨ ᠎ᠤ ᠬᠠᠷᠢᠯᠴᠠᠭ᠎ᠠ ᠠᠭᠤᠰᠤᠯᠴᠠᠯ ᠎ᠢ ᠠᠬᠢᠭᠤᠯᠬᠤ᠂ ᠡᠯ᠎ᠡ ᠦᠨᠳᠦᠰᠦᠲᠡᠨ ᠎ᠤ ᠠᠷᠠᠳ ᠲᠦᠮᠡᠨ ᠎ᠤ ᠪᠡᠶ᠎ᠡ ᠮᠠᠬᠠᠪᠤᠳ ᠎ᠤᠨ ᠡᠷᠡᠬᠦᠯ ᠴᠢᠬᠢᠷᠠᠭ ᠎ᠤᠨ ᠲᠦᠪᠰᠢᠨ ᠎ᠢ ᠲᠡᠭᠡᠭᠰᠢᠯᠡᠬᠦᠯᠬᠦ᠂ ᠡᠯ᠎ᠡ ᠦᠨᠳᠦᠰᠦᠲᠡᠨ ᠎ᠤ ᠤᠯᠠᠨ ᠲᠦᠮᠡᠨ ᠎ᠤ ᠦᠵᠡᠯ ᠰᠠᠨᠠᠭ᠎ᠠ ᠰᠣᠶᠣᠯ ᠎ᠤᠨ ᠠᠮᠢᠳᠤᠷᠠᠯ ᠎ᠢ ᠪᠠᠶᠠᠯᠢᠭᠵᠢᠭᠤᠯᠬᠤ ᠲᠠᠯ᠎ᠠ ᠳᠡᠭᠡᠷ᠎ᠡ ᠴᠢᠬᠤᠯᠠ ᠦᠢ᠍ᠯᠡᠳᠦᠯ ᠪᠠᠳᠠᠷᠠᠭᠤᠯᠵᠤ ᠪᠠᠢ᠌ᠨ᠎ᠠ᠃ ᠨᠠᠮ ᠎ᠤᠨ ᠠᠷᠪᠠ ᠶᠢᠰᠦᠳᠦᠭᠡᠷ ᠬᠤᠷᠠᠯ ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠬᠡᠷᠡᠭᠵᠢᠭᠦᠯᠵᠦ᠂ ᠰᠢᠨ᠎ᠡ ᠴᠠᠭ ᠡᠷᠢᠨ ᠎ᠤ ᠦᠨᠳᠦᠰᠦᠲᠡᠨ ᠎ᠤ ᠪᠦᠯᠬᠦᠮᠳᠡᠯ ᠎ᠢ ᠠᠬᠢᠭᠤᠯᠤᠨ ᠰᠤᠷᠲᠠᠯᠴᠢᠯᠠᠬᠤ ᠰᠤᠷᠭ᠋ᠠᠨ ᠬᠦᠮᠦᠵᠢᠯ ᠎ᠢ ᠬᠦᠨᠵᠡᠭᠡᠢ᠌ᠷᠡᠬᠦᠯᠬᠦ ᠪᠣᠯᠣᠨ ᠲᠠᠮᠢᠷ ᠎ᠤᠨ ᠬᠦᠴᠦᠷᠭᠡᠭ ᠤᠯᠤᠰ ᠎ᠢ ᠪᠦᠲᠦᠭᠡᠨ ᠪᠠᠢ᠌ᠭᠤᠯᠬᠤ ᠵᠢ ᠲᠦᠯᠬᠢᠨ ᠠᠬᠢᠭᠤᠯᠬᠤ ᠱᠠᠭ᠋ᠠᠷᠳᠠᠯᠭ᠎ᠠ ᠎ᠳᠤ ᠨᠡᠢ᠌ᠴᠡᠭᠦᠯᠦᠨ᠂ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠢ ᠬᠦᠭᠵᠢᠬᠦᠯᠦᠨ᠂ ᠡᠷᠡᠬᠦᠯ ᠴᠠᠬᠢᠷᠠᠭ ᠎ᠤᠨ ᠦᠢ᠍ᠯᠡᠰ ᠎ᠤᠨ ᠬᠥᠭᠵᠢᠯ ᠎ᠢ ᠠᠬᠢᠭᠤᠯᠬᠤ ᠵᠢᠨ ᠲᠦᠯᠦᠭᠡ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ  ᠎ᠤᠨ ᠠᠵᠢᠯ ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠠᠵᠢᠯ ᠎ᠤᠨ ᠲᠠᠯ᠎ᠠ ᠎ᠳᠤ ᠳᠠᠷᠠᠭ᠋ᠠᠬᠢ ᠰᠠᠨᠠᠯ ᠎ᠢ ᠳᠤᠷᠠᠳᠤᠯ᠎ᠠ᠃

                ᠨᠢᠭᠡ᠂ ᠶᠡᠷᠦᠨᠭᠬᠡᠢ ᠱᠠᠭ᠋ᠠᠷᠳᠠᠯᠭ᠎ᠠ

    (ᠨᠢᠭᠡ) ᠵᠢᠯᠤᠭᠤᠳᠬᠤ ᠦᠵᠡᠯ ᠰᠠᠨᠠᠭ᠎ᠠ᠃ ᠨᠠᠮ ᠎ᠤᠨ ᠠᠷᠪᠠ ᠶᠢᠰᠦᠳᠦᠭᠡᠷ ᠬᠤᠷᠠᠯ ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠨᠭ ᠎ᠤᠨ ᠰᠢᠨ᠎ᠡ ᠴᠠᠭ ᠡᠷᠢᠨ ᠎ᠤ ᠳᠤᠮᠳᠠᠳᠤ ᠤᠯᠤᠰ ᠎ᠤᠨ ᠣᠨᠴᠠᠯᠢᠭ᠎ᠲᠠᠢ ᠨᠡᠢ᠌ᠭᠡᠮ ᠵᠢᠷᠤᠮ ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ  ᠂ ᠲᠦᠪ ᠎ᠤᠨ ᠦᠨᠳᠦᠰᠦᠲᠡᠨ ᠎ᠤ ᠠᠵᠢᠯ ᠎ᠤᠨ ᠬᠤᠷᠠᠯ ᠪᠣᠯᠣᠨ ᠪᠦᠬᠦ ᠤᠯᠤᠰ ᠎ᠤᠨ ᠡᠷᠡᠬᠦᠯ ᠬᠠᠮᠠᠭ᠋ᠠᠯᠠᠯ᠂ ᠡᠷᠡᠬᠦᠯ ᠴᠠᠬᠢᠷᠠᠭ ᠎ᠤᠨ ᠶᠡᠬᠡ ᠬᠤᠷᠠᠯ ᠎ᠤᠨ ᠵᠤᠷᠢᠭ ᠰᠠᠨᠠᠭ᠎ᠠ ᠵᠢ ᠬᠡᠷᠡᠭᠵᠢᠭᠦᠯᠵᠦ᠂  《ᠪᠦᠬᠦ ᠠᠷᠠᠳ ᠎ᠤᠨ ᠪᠡᠶ᠎ᠡ ᠴᠢᠬᠢᠷᠠᠭᠵᠢᠭᠤᠯᠬᠤ ᠳᠦᠷᠢᠮ》᠂ 《ᠰᠢᠨ᠎ᠡ ᠪᠠᠢ᠌ᠳᠠᠯ ᠳᠣᠣᠷᠠᠬᠢ ᠦᠨᠳᠦᠰᠦᠲᠡᠨ ᠎ᠤ ᠠᠵᠢᠯ ᠎ᠢ ᠴᠢᠨᠭ᠌ᠭ᠋ᠠᠳᠬᠠᠬᠤ ᠪᠣᠯᠣᠨ ᠦᠭᠡᠷᠡᠴᠢᠯᠡᠨ ᠰᠠᠢ᠌ᠵᠢᠷᠠᠭᠤᠯᠬᠤ ᠰᠠᠨᠠᠯ》᠂       《(ᠡᠷᠡᠬᠦᠯ ᠴᠢᠬᠢᠷᠠᠭ ᠳᠤᠮᠳᠠᠳᠤ ᠤᠯᠤᠰ 2030) ᠲᠦᠯᠦᠪᠵᠢᠭᠦᠯᠭᠡ ᠵᠢᠨ ᠬᠦᠲᠦᠯᠪᠦᠷᠢ》᠂ 《ᠪᠦᠬᠦ ᠠᠷᠠᠳ ᠎ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ (2016 — 2020)》 ᠪᠣᠯᠣᠨ 《(13.5) ᠦᠨᠳᠦᠰᠦᠲᠡᠨ ᠎ᠤ ᠣᠷᠣᠨ ᠪᠣᠯᠣᠨ ᠬᠦᠮᠦᠨ ᠠᠮᠠ ᠴᠦᠭᠡᠨ ᠦᠨᠳᠦᠰᠦᠲᠡᠨ ᠎ᠤ ᠬᠦᠭᠵᠢᠯ ᠎ᠤᠨ ᠲᠦᠯᠦᠪᠯᠡᠬᠡ ᠵᠢ ᠠᠬᠢᠭᠤᠯᠬᠤ》 ᠵᠢᠨ ᠶᠡᠷᠦᠨᠭᠬᠡᠢ ᠱᠠᠭ᠋ᠠᠷᠳᠠᠯᠭ᠎ᠠ᠎ᠪᠠᠷ 《ᠦᠨᠳᠦᠰᠦᠲᠡᠨ ᠎ᠤ ᠪᠦᠯᠬᠦᠮᠳᠡᠯ ᠳᠠᠪᠰᠢᠯᠲᠠ ᠵᠢ   ᠲᠦᠯᠬᠢᠨ ᠠᠬᠢᠭᠤᠯᠵᠤ᠂ ᠣᠯᠠᠨ ᠨᠡᠢ᠌ᠲᠡ ᠵᠢᠨ ᠪᠡᠶ᠎ᠡ ᠰᠡᠳᠬᠢᠴᠡ ᠵᠢᠨ ᠡᠷᠡᠬᠦᠯ ᠮᠡᠨᠳᠦ ᠵᠢ ᠠᠬᠢᠭᠤᠯᠬᠤ》 ᠶᠡᠷᠦᠨᠭᠬᠡᠢ ᠵᠢᠯᠤᠭᠤᠳᠤᠯᠭ᠎ᠠ ᠵᠢ ᠪᠠᠷᠢᠮᠲᠠᠯᠠᠵᠤ᠂ ᠪᠦᠬᠦ ᠠᠷᠠᠳ ᠎ᠤᠨ ᠪᠡᠶ᠎ᠡ ᠴᠢᠬᠢᠷᠠᠭᠵᠢᠭᠤᠯᠬᠤ (ᠵᠢᠷᠭᠤᠭ᠋ᠠᠨ ᠪᠡᠶ᠎ᠡ ᠵᠢᠨ ᠲᠡᠷᠭᠡᠲᠡ) ᠢᠨᠵᠸᠨ᠋ᠸᠷᠢᠭ ᠎ᠢ ᠬᠡᠷᠡᠭᠵᠢᠬᠦᠯᠬᠦ᠎ᠲᠠᠢ ᠤᠶᠠᠯᠳᠤᠭᠤᠯᠵᠤ᠂ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠰᠣᠶᠣᠯ ᠎ᠤᠨ ᠤᠯᠠᠮᠵᠢᠯᠠᠨ ᠬᠦᠭᠵᠢᠬᠦᠯᠬᠦ ᠵᠢ ᠠᠬᠢᠭᠤᠯᠵᠤ᠂ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠣᠨᠣᠯ ᠎ᠤᠨ ᠪᠦᠲᠦᠬᠡᠨ ᠪᠠᠢ᠌ᠭᠤᠯᠤᠯᠲᠠ ᠵᠢ ᠴᠢᠨᠭ᠌ᠭ᠋ᠠᠳᠬᠠᠵᠤ᠂ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠴᠢᠭᠤᠯᠭ᠋ᠠᠨ ᠎ᠤ ᠵᠤᠬᠢᠶᠠᠨ ᠪᠠᠢ᠌ᠭᠤᠯᠤᠯᠲᠠ ᠬᠠᠮᠢᠶᠠᠷᠤᠯᠲᠠ ᠵᠢ ᠦᠭᠡᠷᠡᠴᠢᠯᠡᠨ ᠲᠡᠬᠦᠯᠳᠡᠷᠵᠢᠬᠦᠯᠵᠤ᠂ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠰᠠᠭᠤᠷᠢᠨ ᠭᠠᠵᠠᠷ ᠎ᠢ ᠪᠦᠲᠦᠬᠡᠨ ᠪᠠᠢ᠌ᠭᠤᠯᠵᠤ᠂ ᠴᠦᠬᠡᠨ ᠲᠤᠭ᠋ᠠᠲᠤ ᠦᠨᠳᠦᠰᠦᠲᠡᠨ ᠎ᠤ ᠤᠯᠠᠮᠵᠢᠯᠠᠯᠲᠤ ᠲᠠᠮᠢᠷ ᠎ᠤᠨ ᠦᠢ᠍ᠯᠡ ᠠᠵᠢᠯᠯᠠᠭ᠎ᠠ ᠵᠢ ᠪᠠᠶᠠᠯᠢᠭᠵᠢᠭᠤᠯᠵᠤ᠂ ᠪᠦᠬᠦ ᠠᠷᠠᠳ ᠎ᠤᠨ ᠪᠡᠶ᠎ᠡ ᠴᠢᠬᠢᠷᠠᠭᠵᠢᠭᠤᠯᠬᠤ ᠪᠣᠯᠣᠨ ᠪᠦᠬᠦ ᠠᠷᠠᠳ ᠎ᠤᠨ ᠡᠷᠡᠬᠦᠯ ᠴᠢᠬᠢᠷᠠᠭ ᠎ᠤᠨ ᠬᠦᠨᠵᠡᠭᠡᠢ ᠤᠶᠠᠯᠳᠤᠯ ᠎ᠢ ᠠᠬᠢᠭᠤᠯᠵᠤ᠂ ᠠᠷᠠᠳ ᠲᠦᠮᠡᠨ ᠎ᠤ ᠡᠳᠦᠷ ᠎ᠠᠴᠠ ᠡᠳᠦᠷ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ ᠎ᠤᠨ ᠬᠡᠷᠡᠭᠴᠡᠭᠡ ᠵᠢ ᠲᠠᠰᠤᠷᠠᠯ ᠦᠭᠡᠢ ᠬᠠᠨᠭ᠌ᠭ᠋ᠠᠵᠤ᠂ ᠡᠯ᠎ᠡ ᠦᠨᠳᠦᠰᠦᠲᠡᠨ ᠎ᠤ ᠠᠷᠠᠳ ᠲᠦᠮᠡᠨ ᠎ᠤ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠯ ᠎ᠢ ᠠᠬᠢᠭᠤᠯᠵᠤ᠂ ᠨᠡᠢ᠌ᠭᠡᠮ ᠵᠢᠷᠤᠮᠲᠤ ᠰᠣᠶᠣᠯ ᠎ᠤᠨ ᠬᠦᠴᠦᠷᠭᠡᠭ ᠤᠯᠤᠰ ᠎ᠢ ᠪᠦᠲᠦᠬᠡᠨ ᠪᠠᠢ᠌ᠭᠤᠯᠬᠤ ᠵᠢ ᠠᠬᠢᠭᠤᠯᠵᠤ᠂ ᠲᠠᠮᠢᠷ ᠎ᠤᠨ ᠬᠦᠴᠦᠷᠭᠡᠭ ᠣᠯᠣᠰ ᠎ᠤᠨ ᠪᠦᠲᠦᠬᠡᠨ ᠪᠠᠢ᠌ᠭᠤᠯᠤᠯᠲᠠ ᠎ᠳᠤ ᠴᠢᠬᠤᠯᠠ ᠬᠣᠪᠢ ᠨᠡᠮᠡᠷᠢ ᠣᠷᠣᠭᠤᠯᠬᠤ ᠬᠡᠷᠡᠭᠲᠡᠢ᠃

    (ᠬᠣᠶᠠᠷ) ᠦᠨᠳᠦᠰᠦᠨ ᠵᠠᠷᠴᠢᠮ  ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠪᠠᠷᠢᠮᠲᠠᠯᠠᠵᠤ᠂ ᠤᠯᠤᠰ᠎ᠤᠨ ᠪᠠᠶ᠋ᠢᠯᠳᠤᠬᠤ ᠪᠤᠳᠤᠯᠭ᠎ᠠ᠎ᠳᠤ ᠦᠢ᠍ᠯᠡᠴᠢᠯᠡᠬᠦ ᠬᠡᠷᠡᠭᠲᠡᠶ᠃ ᠵᠠᠰᠠᠭ᠎ᠤᠨ ᠣᠷᠳᠣᠨ᠎ᠤ ᠠ᠋ᠷᠬᠡ ᠲᠤᠰᠢᠶᠠᠯᠳᠤ ᠰᠠᠯᠠᠭ᠎ᠠ ᠮᠥᠴᠢᠷ᠎ᠤᠨ ᠭᠣᠣᠯᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ᠂ ᠡᠯ᠎ᠡ ᠲᠠᠯ᠎ᠠ ᠵᠢᠨ ᠬᠦᠴᠦᠨ᠎ᠢ ᠲᠠᠢ᠍ᠢ᠍ᠴᠢᠯᠠᠨ ᠨᠡᠶ᠋ᠢᠯᠡᠮᠡᠯ ᠬᠦᠴᠦᠨ᠎ᠢ ᠪᠤᠢ ᠪᠣᠯᠭ᠋ᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠪᠦᠬᠦ ᠲᠠᠯ᠎ᠠ ᠵᠢᠨ ᠬᠥᠭᠵᠢᠯᠲᠡ ᠵᠢ ᠬᠠᠮᠲᠤᠪᠠᠷ ᠠᠬᠢᠭᠤᠯᠤᠨ᠎ᠠ; ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠣᠯᠠᠨ ᠠ᠋ᠰᠢᠲᠦ ᠦᠷᠲᠡᠭ ᠎ᠢ ᠭᠦᠢ᠍ᠴᠡᠳ ᠠᠰᠢᠭᠯᠠᠵᠤ᠂ ᠤᠯᠤᠰ᠎ᠤᠨ ᠠᠵᠤ ᠠᠬᠤᠶ᠂ ᠤᠯᠤᠰ ᠲᠦᠷᠦ᠂ ᠰᠣᠶᠣᠯ᠂ ᠨᠡᠶ᠋ᠢᠭᠡᠮ ᠪᠠ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠎ᠳᠤ ᠦᠢ᠍ᠯᠡᠴᠢᠯᠡᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠪᠣᠯᠤᠨ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠎ᠳᠤ ᠪᠦᠬᠦ ᠲᠠᠯ᠎ᠠ᠎ᠪᠠᠷ ᠬᠦᠴᠦᠨ ᠨᠡᠮᠡᠷᠢᠯᠡᠬᠦ ᠬᠡᠷᠡᠭᠲᠡᠢ᠃
      ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠯᠭ᠋ᠠᠬᠤ᠎ᠲᠠᠢ ᠤᠶᠠᠯᠳᠤᠭᠤᠯᠤᠨ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ ᠵᠢᠨ ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ ᠠᠬᠢᠭᠤᠯᠵᠤ᠂ 《ᠲᠠᠪᠤ ᠵᠢ ᠮᠡᠳᠡᠷᠡᠬᠦ》 ᠵᠢᠨ ᠳᠤᠮᠳᠠ ᠦᠵᠡᠭᠦᠯᠬᠦ ᠢᠳᠡᠪᠬᠢᠲᠡᠶ ᠦᠢ᠍ᠯᠡᠳᠦᠯ᠎ᠢ ᠪᠠᠳᠠᠷᠠᠭᠤᠯᠤᠨ᠎ᠠ; ᠮᠠᠨ ᠎ᠤ ᠤᠯᠤᠰ ᠎ᠤᠨ ᠰᠢᠯᠢᠳᠡᠭ ᠪᠡᠶ᠎ᠡ ᠵᠢᠨ ᠲᠠᠮᠢᠷ᠎ᠤᠨ ᠰᠣᠶᠣᠯ᠎ᠤᠨ 《ᠭᠠᠳᠠᠭᠰᠢ ᠭᠠᠷᠭ᠋ᠠᠬᠤ》 ᠲᠡᠦᠬᠡᠲᠦ ᠬᠠᠷᠢᠭᠤᠴᠠᠯᠭ᠎ᠠ ᠪᠠ ᠴᠠᠭ ᠦᠶ᠎ᠡ ᠵᠢᠨ ᠠ᠋ᠭᠦᠷᠭᠡᠯᠡᠯ ᠵᠢ ᠴᠢᠷᠮᠠᠶ᠋ᠢᠨ ᠠ᠋ᠭᠦᠷᠭᠡᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠶᠣᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠳᠤᠮᠳᠠᠳᠤ ᠵᠢᠨ ᠰᠣᠶᠣᠯ᠎ᠤᠨ ᠢᠲᠡᠭᠡᠯ ᠵᠶ᠋ᠡᠨ ᠪᠠᠲᠤᠳᠬᠠᠬᠤ ᠬᠡᠷᠡᠭᠲᠡᠢ᠃
    ᠰᠢᠨᠵᠢᠯᠡᠬᠦ ᠤᠬᠠᠭ᠋ᠠᠨᠴᠢ ᠬᠥᠭᠵᠢᠯᠲᠡ ᠵᠢ ᠪᠠᠷᠢᠮᠲᠠᠯᠠᠵᠤ᠂ ᠪᠦᠬᠦ ᠠᠷᠠᠳ᠎ᠤᠨ ᠠ᠋ᠷᠡᠭᠦᠯ ᠮᠠᠠᠳᠦ ᠵᠢ ᠠᠬᠢᠭᠤᠯᠬᠤ ᠬᠡᠷᠡᠭᠲᠡᠶ᠃   ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠴᠤᠭᠯᠠᠭ᠋ᠠᠨ᠎ᠤ ᠲᠤᠰ ᠪᠡᠶ᠎ᠡ ᠵᠢᠨ ᠬᠥᠭᠵᠢᠯᠲᠡ ᠵᠢᠨ ᠵᠢᠮ᠎ᠡ ᠶᠣᠰᠣ ᠵᠢ ᠣᠨᠣᠪᠴᠢᠲᠠᠶ ᠡᠵᠡᠮᠳᠡᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠬᠤ ᠵᠢ ᠪᠠᠷᠢᠮᠲᠠᠯᠠᠨ᠂ ᠠᠩᠭᠢᠯᠠᠨ ᠵᠢᠯᠤᠭᠤᠳᠤᠨ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ ᠎ᠢ ᠠᠬᠢᠭᠤᠯᠬᠤ᠂ ᠠᠷᠠᠳ ᠨᠡᠶ᠋ᠢᠲᠡ ᠵᠢᠨ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠬᠥᠳᠡᠯᠭᠡᠭᠡᠨ᠎ᠢ ᠥᠷᠭᠡᠨ ᠳᠡᠯᠭᠡᠷᠡᠩᠭᠦᠶ᠎ᠪᠠᠷ ᠦᠷᠨᠢᠭᠦᠯᠬᠦ ᠲᠠᠯ᠎ᠠ᠎ᠪᠠᠷ᠎ᠬᠢ ᠴᠢᠬᠤᠯᠠ ᠦᠢ᠍ᠯᠡᠳᠦᠯ᠎ᠢ ᠠᠬᠢᠭᠤᠯᠬᠤ ᠬᠡᠷᠡᠭᠲᠡᠢ᠂᠂ ᠠᠷᠠᠳ ᠨᠡᠶ᠋ᠢᠲᠡ ᠵᠢᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠠ᠋ᠷᠡᠭᠦᠯ ᠮᠡᠡᠳᠦ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

                    ᠬᠣᠶᠠᠷ᠂ ᠭᠣᠣᠯ ᠠ᠋ᠭᠦᠷᠭᠡ

    (ᠭᠤᠷᠪᠠ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠨᠢᠭᠡᠳᠦᠯᠲᠡᠶ ᠲᠦᠯᠦᠪᠵᠢᠭᠦᠯᠦᠯᠲᠡ ᠵᠢ ᠠᠬᠢᠭᠤᠯᠬᠤ ᠬᠡᠷᠡᠭᠲᠡᠶ᠃ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠦᠨᠳᠦᠰᠦᠨ ᠴᠢᠳᠠᠮᠵᠢ ᠪᠣᠯᠤᠨ ᠬᠥᠭᠵᠢᠯᠲᠡ ᠵᠢᠨ ᠬᠠᠷᠠᠯᠲᠠ ᠵᠢᠨ ᠲᠤᠭᠤᠷᠢᠨ ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠬᠤ ᠬᠡᠷᠡᠭᠲᠡᠶ; ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠠᠵᠢᠯ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠨᠢ ᠠ᠋ᠭᠦᠷᠭᠡ ᠴᠢᠳᠠᠪᠤᠷᠢ ᠠ᠋ᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠬᠡᠷᠡᠭᠲᠡᠶ᠂ ᠨᠢᠭᠡᠳᠦᠯᠲᠡᠶ ᠲᠤᠬᠢᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠳᠤᠮᠳᠠ ᠪᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ ᠲᠤᠭᠲᠠᠭ᠋ᠠᠬᠤ ᠬᠡᠷᠡᠭᠲᠡᠢ᠃

    (ᠲᠦᠷᠪᠡ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠰᠠᠭᠤᠷᠢ ᠰᠤᠳᠤᠯᠭ᠋ᠠᠨ ᠪᠣᠯᠤᠨ ᠬᠡᠷᠡᠭᠯᠡᠭᠡᠨ᠎ᠤ ᠴᠢᠨᠠᠷᠲᠠᠶ ᠰᠤᠳᠤᠯᠭ᠋ᠠᠨ ᠎ᠢ   ᠴᠢᠨᠭ᠌ᠭ᠋ᠠᠳᠬᠠᠬᠤ ᠬᠡᠷᠡᠭᠲᠡᠢ᠃ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠲᠤᠬᠠᠢ ᠨᠣᠮ ᠪᠢᠴᠢᠭ᠎ᠢ ᠪᠦᠲᠦᠬᠡᠭᠦ᠂ ᠠ᠋ᠮᠬᠢᠯᠡᠬᠦ᠂ ᠣᠷᠴᠢᠭᠤᠯᠬᠤ᠂ ᠬᠡᠪᠯᠡᠬᠦ ᠪᠠ ᠰᠤᠳᠤᠯᠬᠤ ᠵᠢ ᠴᠢᠨᠭ᠌ᠭ᠋ᠠᠳᠬᠠᠨ᠎ᠠ; ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠲᠠᠮᠢᠷ᠎ᠤᠨ ᠣᠨᠣᠯ᠎ᠤᠨ ᠰᠤᠳᠤᠯᠭ᠋ᠠᠨ᠎ᠢ ᠳᠡᠮᠵᠢᠨ᠎ᠡ; ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ᠎ᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠶᠤᠨ᠎ᠤ ᠬᠥᠮᠥᠷᠭᠡ ᠵᠢᠨ ᠪᠠᠶ᠋ᠢᠭᠤᠯᠤᠯᠲᠠ᠎ᠳᠤ ᠬᠥᠲᠥᠯᠥᠨ ᠣᠷᠤᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠤᠳᠤᠯᠭ᠋ᠠᠨ ᠎ᠤ ᠰᠢᠨᠵᠢᠯᠡᠬᠦ ᠤᠬᠠᠭ᠋ᠠᠨᠴᠢᠯᠠᠨ ᠬᠥᠭᠵᠢᠭᠦᠯᠬᠦ ᠬᠡᠷᠡᠭᠲᠡᠶ; ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠠ᠋ᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠡᠭᠡᠭᠡᠯᠲᠡᠲᠦ ᠴᠢᠨᠠᠷ ᠪᠠ ᠴᠢᠬᠤᠯᠠ ᠪᠦᠬᠦᠢ ᠰᠣᠶᠣᠯ ᠎ᠤᠨ ᠤᠯᠠᠮᠵᠢᠯᠠᠬᠤ ᠦᠷᠲᠡᠭ᠎ᠲᠠᠢ ᠤᠨᠤᠯ᠎ᠤᠨ ᠦᠷ᠎ᠡ ᠪᠦᠲᠦᠭᠡᠯ᠎ᠢ ᠤᠯᠠᠮᠵᠢᠯᠠᠨ ᠳᠡᠯᠭᠡᠷᠡᠭᠦᠯᠬᠦ ᠵᠢ ᠵᠤᠷᠢᠭᠵᠢᠭᠤᠯᠬᠤ ᠬᠡᠷᠡᠭᠲᠡᠶ᠃

    (ᠲᠠᠪᠤ) ᠴᠥᠭᠡᠨ ᠲᠣᠭ᠋ᠠᠲᠤ ᠦᠨᠳᠦᠰᠦᠲᠡᠨ᠎ᠤ ᠠᠷᠠᠳ ᠨᠡᠶ᠋ᠢᠲᠡ ᠵᠢᠨ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ 《ᠵᠢᠷᠭᠤᠭ᠋ᠠᠨ ᠳᠡᠷᠭᠡᠳᠡ》 ᠢᠨᠵᠧᠨᠧᠷᠢᠩ᠎ᠢ ᠬᠡᠷᠡᠭᠵᠢᠭᠦᠯᠦᠨ᠎ᠡ᠃ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠲᠡᠷᠢᠭᠦᠨ ᠴᠢᠬᠤᠯᠠ ᠠ᠋ᠭᠦᠷᠭᠡ ᠪᠣᠯᠭ᠋ᠠᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢᠨ ᠲᠣᠭᠣᠷᠢᠨ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠨ ᠲᠦᠮᠡᠨ᠎ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ᠂ ᠪᠡᠶ᠎ᠡ ᠴᠢᠭᠢᠷᠠᠭᠵᠢᠭᠤᠯᠬᠤ ᠰᠠᠭᠤᠷᠢ ᠲᠤᠨᠤᠭ ᠲᠦᠬᠦᠭᠡᠷᠦᠮᠵᠢ ᠵᠢ ᠪᠠᠶ᠋ᠢᠭᠤᠯᠤᠨ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠂ ᠪᠡᠶ᠎ᠡ ᠴᠢᠭᠢᠷᠠᠭᠵᠢᠭᠤᠯᠬᠤ ᠵᠢᠯᠤᠭᠤᠳᠤᠮᠵᠢ᠂ ᠪᠡᠶ᠎ᠡ ᠴᠢᠭᠢᠷᠠᠭᠵᠢᠭᠤᠯᠬᠤ ᠰᠣᠶᠣᠯ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠵᠦᠢ᠍ᠯ᠎ᠢ ᠦᠷᠨᠢᠭᠦᠯᠬᠦ ᠎ᠳᠤ ᠲᠤᠬᠢᠷᠠᠮᠵᠢᠲᠠᠢ ᠲᠠᠯᠠᠪᠤᠷ ᠭᠠᠵᠠᠷ᠎ᠤᠨ ᠲᠤᠨᠤᠭ ᠲᠥᠬᠥᠭᠡᠷᠦᠮᠵᠢ ᠨᠢᠭᠡᠳᠦᠯᠲᠡᠶ ᠲᠥᠯᠥᠪᠯᠡᠵᠦ ᠪᠦᠲᠦᠭᠡᠨ ᠪᠠᠢ᠌ᠭᠤᠯᠤᠨ᠎ᠠ᠃ ᠨᠡᠶ᠋ᠢᠭᠡᠮ ᠳᠡᠭᠡᠷᠡᠬᠢ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠣᠷᠳᠣ ᠬᠤᠭᠤᠴᠠᠭ᠎ᠠ ᠬᠦᠴᠦᠨ᠎ᠲᠠᠢ ᠪᠣᠯᠭ᠋ᠠᠬᠤ᠂ ᠳᠦᠷᠢᠮᠵᠢᠭᠦᠯᠬᠦ   ᠵᠢ ᠠᠬᠢᠭᠤᠯᠤᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ ᠴᠢᠳᠠᠪᠬᠢ ᠵᠢ ᠢᠳᠡᠪᠬᠢᠲᠡᠶ ᠪᠠᠳᠠᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠎ᠲᠤ ᠦᠢ᠍ᠯᠡᠴᠢᠯᠡᠬᠦ ᠡᠬᠦᠷᠭᠡ ᠬᠠᠷᠢᠭᠤᠴᠠᠯᠭ᠎ᠠ ᠵᠢ ᠡᠬᠦᠷᠭᠡᠯᠡᠬᠦ ᠬᠡᠷᠡᠭᠲᠡᠢ᠃᠂ ᠤᠯᠠᠨ ᠲᠦᠮᠡᠨ᠎ᠤ ᠳᠤᠷ᠎ᠠ ᠪᠠᠬ᠎ᠠ ᠵᠢ ᠲᠠᠲᠠᠭᠰᠠᠨ᠂ ᠣᠷᠣᠯᠴᠠᠬᠤ ᠎ᠳᠤ ᠳᠥᠭᠥᠮ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠤᠷᠤᠯᠳᠤᠭ᠋ᠠᠨ ᠎ᠢ ᠦᠷᠨᠢᠬᠦᠯᠬᠦ ᠵᠢ ᠳᠡᠮᠵᠢᠵᠦ᠂ ᠤᠯᠠᠨ ᠲᠦᠮᠡᠨ᠎ᠤ ᠣᠷᠣᠯᠴᠠᠭ᠎ᠠ᠎ᠲᠠᠢ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢ᠍ᠯ ᠎ᠢ ᠨᠡᠬᠡᠬᠡᠨ ᠬᠦᠭᠵᠢᠬᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢ᠍ᠯ᠎ᠤᠨ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠬᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠤᠯᠠᠨ᠎ᠢ ᠤᠬᠠᠮᠰᠠᠷ᠎ᠠᠴᠠ᠎ᠪᠠᠨ ᠪᠡᠶ᠎ᠡ ᠴᠢᠭᠢᠷᠠᠭᠵᠢᠭᠤᠯᠬᠤ᠂   ᠳᠦᠬᠦᠮ ᠳᠦᠳᠡ᠎ᠪᠠᠷ ᠪᠡᠶ᠎ᠡ ᠴᠢᠭᠢᠷᠠᠭᠵᠢᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ᠂ ᠪᠣᠯᠪᠠᠰᠤᠨ ᠪᠡᠶ᠎ᠡ ᠴᠢᠭᠢᠷᠠᠭᠵᠢᠭᠤᠯᠬᠤ᠂ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠤ ᠦᠷᠭᠦᠯᠵᠢ ᠵᠢᠨ ᠴᠢᠨᠠᠷᠲᠠᠶ ᠪᠡᠶ᠎ᠡ ᠲᠠᠮᠢᠷ᠎ᠤᠨ ᠪᠣᠯᠪᠠᠰᠤᠷᠠᠯ᠎ᠳᠤ ᠣᠷᠣᠯᠴᠠᠳᠠᠭ ᠬᠠᠷᠢᠴᠠᠯ ᠪᠣᠯᠤᠨ ᠪᠡᠶ᠎ᠡ ᠮᠠᠬᠠᠪᠣᠳ᠎ᠤᠨ ᠬᠢᠷᠢ ᠲᠡᠩᠴᠡᠭᠰᠡᠨ ᠨᠣᠷᠮ᠎ᠠ᠂ ᠪᠡᠶ᠎ᠡ ᠴᠢᠭᠢᠷᠠᠭᠵᠢᠭᠤᠯᠬᠤ ᠬᠦᠳᠡᠯᠬᠡᠬᠡᠨ ᠎ᠳᠤ ᠣᠷᠣᠯᠴᠠᠬᠤ ᠪᠤᠳᠤᠯ᠂ ᠬᠦᠷᠲᠡᠭᠡᠮᠵᠢ᠂ ᠵᠣᠯ ᠵᠢᠷᠭ᠋ᠠᠯᠲᠤ ᠰᠡᠳᠬᠢᠯᠬᠡ ᠵᠢ ᠨᠡᠮᠡᠭᠳᠡᠬᠦᠯᠬᠦ ᠬᠡᠷᠡᠭᠲᠡᠢ᠃
    (ᠵᠢᠷᠭᠤᠭ᠎ᠠ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠤᠷᠤᠯᠳᠤᠭ᠋ᠠᠨ ᠎ᠢ ᠰᠠᠶ᠋ᠢᠲᠤᠷ ᠡᠷᠬᠢᠯᠡᠬᠦ ᠬᠡᠷᠡᠭᠲᠡᠢ᠃   ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠴᠤᠭᠯᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠵᠦ᠂ ᠪᠦᠬᠦ ᠤᠯᠤᠰ᠎ᠤᠨ ᠴᠢᠨᠠᠷᠲᠠᠶ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠤᠷᠤᠯᠳᠤᠭ᠋ᠠᠨ᠎ᠤ ᠬᠥᠲᠥᠯᠦᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠦᠢ᠍ᠯᠡᠳᠦᠯ ᠎ᠢ ᠪᠠᠳᠠᠷᠠᠭᠤᠯᠵᠤ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠭᠵᠢᠯᠲᠡ᠂ ᠥᠭᠡᠷᠡᠴᠢᠯᠡᠯᠲᠡ ᠬᠢᠬᠦ ᠰᠡᠳᠬᠢᠮᠵᠢ᠂ ᠰᠢᠨ᠎ᠡ ᠵᠢ ᠠ᠋ᠭᠦᠳᠬᠦ ᠤᠷᠤᠯᠳᠤᠭ᠋ᠠᠨ ᠶᠠᠪᠤᠭᠤᠯᠬᠤ᠂ ᠠᠭᠤᠯᠭ᠎ᠠ ᠵᠢ ᠪᠠᠶᠠᠯᠢᠭᠵᠢᠭᠤᠯᠬᠤ ᠵᠢ ᠠᠬᠢᠭᠤᠯᠤᠨ᠎ᠠ᠃ 《ᠢᠷᠭᠡᠳ ᠎ᠤᠨ ᠪᠡᠶ᠎ᠡ ᠲᠠᠮᠢᠷ ᠴᠣᠮᠣ》 ᠵᠡᠷᠭᠡ ᠪᠦᠬᠦ ᠤᠯᠤᠰ᠎ᠤᠨ ᠴᠢᠨᠠᠷᠲᠠᠶ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠳᠠᠩ ᠵᠦᠢ᠍ᠯ᠎ᠤᠨ ᠤᠷᠤᠯᠳᠤᠭ᠋ᠠᠨ ᠎ᠢ ᠭᠣᠣᠯᠳᠠᠯᠭ᠎ᠠ᠎ᠲᠠᠢ ᠡᠷᠬᠢᠯᠡᠵᠦ᠂ ᠤᠷᠤᠯᠳᠤᠭ᠋ᠠᠨ᠎ᠤ ᠲᠤᠢ᠍ᠷᠢᠮ᠂ ᠨᠥᠯᠥᠭᠡ ᠵᠢ᠎ᠨᠢ ᠥᠷᠭᠡᠳᠬᠡᠬᠦ ᠬᠡᠷᠡᠭᠲᠡᠶ᠃ ᠦᠨᠳᠦᠰᠦᠲᠡᠨ ᠎ᠤ ᠣᠨᠴᠠᠯᠢᠭ᠎ᠲᠠᠢ᠂ ᠭᠠᠵᠠᠷ ᠣᠷᠣᠨ ᠎ᠤ ᠣᠨᠴᠠᠯᠢᠭ᠎ᠲᠠᠢ ᠲᠠᠮᠢᠷ ᠎ᠤᠨ ᠰᠣᠶᠣᠯ ᠎ᠤᠨ ᠬᠠᠷᠢᠯᠴᠠᠭ᠎ᠠ ᠵᠢᠨ ᠲᠣᠮᠣ ᠲᠠᠪᠴᠠᠨᠭ᠌ ᠎ᠢ ᠪᠠᠢ᠌ᠭᠤᠯᠵᠤ ᠪᠠᠶ᠋ᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠵᠦᠢ᠍ᠯᠡᠰ᠂ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠨᠢᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠦᠷᠦᠯ ᠠᠯᠤᠰᠯᠠᠭᠰᠠᠨ ᠴᠢᠳᠠᠪᠤᠷᠢᠲᠠᠨ ᠎ᠢ ᠰᠣᠩᠭᠣᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠪᠦᠬᠦ ᠤᠯᠤᠰ᠎ᠤᠨ ᠴᠢᠨᠠᠷᠲᠠᠶ ᠤᠷᠤᠯᠳᠤᠭ᠋ᠠᠨ ᠵᠶ᠋ᠠᠷ ᠵᠢᠯᠤᠭᠤᠳᠤᠯᠭ᠎ᠠ ᠪᠣᠯᠭ᠋ᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠵᠢᠨ᠂ ᠠᠳᠠᠯᠢ ᠪᠤᠰᠤ ᠲᠥᠷᠥᠯ ᠬᠡᠯᠪᠡᠷᠢ ᠵᠢᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠶᠡᠷᠦᠩᠬᠡᠶ᠋ᠢᠯᠡᠭᠰᠡᠨ ᠴᠢᠨᠠᠷᠲᠠᠶ ᠤᠷᠤᠯᠳᠤᠭ᠋ᠠᠨ ᠪᠠ ᠳᠠᠨᠭ᠌ ᠲᠦᠷᠦᠯ ᠎ᠤᠨ ᠤᠷᠤᠯᠳᠤᠭ᠋ᠠᠨ ᠎ᠢ ᠵᠣᠬᠢᠶᠠᠨ ᠪᠠᠢ᠌ᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠲᠤᠢ᠍ᠷᠦᠯ ᠵᠦᠢ᠍ᠯ ᠎ᠤᠨ ᠰᠢᠨ᠎ᠡ ᠵᠢ ᠠ᠋ᠭᠦᠳᠬᠦ᠂ ᠣᠷᠣᠨ ᠪᠦᠰᠡ ᠠᠯᠤᠰᠯᠠᠭᠰᠠᠨ᠂ ᠦᠨᠳᠦᠰᠦᠲᠡᠨ ᠠᠯᠤᠰᠯᠠᠭᠰᠠᠨ᠂ ᠤᠯᠤᠰ ᠠᠯᠤᠰᠯᠠᠭᠰᠠᠨ ᠨᠠᠷᠠᠲᠤ ᠲᠥᠷᠥᠯ ᠲᠡᠮᠳᠡᠭᠲᠦ ᠵᠢᠨ ᠤᠷᠤᠯᠳᠤᠭ᠋ᠠᠨ᠎ᠤ ᠶᠠᠪᠤᠳᠠᠯ᠎ᠢ ᠲᠦᠯᠬᠢᠨ ᠠᠬᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠤᠷᠤᠯᠳᠤᠭ᠋ᠠᠨ ᠎ᠤ ᠨᠡᠶ᠋ᠢᠭᠡᠮᠴᠢᠯᠡᠯᠲᠡ ᠪᠣᠯᠤᠨ ᠵᠠᠬ᠎ᠠ ᠳᠡᠯᠭᠡᠭᠦᠷᠴᠢᠯᠡᠯᠲᠡ ᠵᠢᠨ ᠬᠥᠭᠵᠢᠯ ᠎ᠢ ᠲᠦᠯᠬᠢᠨ ᠠᠬᠢᠭᠤᠯᠬᠤ ᠬᠡᠷᠡᠭᠲᠡᠶ᠃

     (ᠲᠤᠯᠤᠭ᠎ᠠ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠᠵᠤ ᠦᠢ᠍ᠯᠡᠰ ᠎ᠢ ᠶᠡᠬᠡᠪᠡᠷ ᠬᠥᠭᠵᠢᠭᠦᠯᠵᠦ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠵᠢ ᠲᠡᠳᠬᠦᠬᠦ ᠠᠵᠢᠯ ᠎ᠳᠤ ᠲᠤᠰᠠᠯᠠᠬᠤ ᠬᠡᠷᠡᠭᠲᠡᠶ᠃ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠦᠨᠳᠦᠰᠦᠲᠡᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠬᠦᠴᠦᠨ ᠪᠣᠯᠤᠭᠰᠠᠨ᠎ᠤ ᠬᠤᠪᠢ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠬᠦᠷᠢᠶᠡᠨ ᠎ᠳᠤ ᠣᠷᠣᠭᠤᠯᠵᠤ᠂ ᠤᠯᠤᠰ᠎ᠤᠨ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠪᠣᠯᠤᠨ ᠬᠢᠯᠢ ᠬᠢᠵᠠᠭ᠋ᠠᠷ ᠣᠷᠣᠨ ᠎ᠢ ᠬᠥᠭᠵᠢᠭᠦᠯᠬᠦ ᠲᠥᠷᠥ ᠵᠢᠨ ᠪᠣᠳᠣᠯᠭ᠎ᠠ ᠵᠢ ᠭᠦᠢ᠍ᠴᠡᠳ ᠠᠰᠢᠭᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠ᠋ᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠪᠠ ᠠᠵᠤ ᠦᠢ᠍ᠯᠡᠰ᠎ᠤᠨ ᠲᠡᠳᠬᠦᠨ ᠳᠡᠮᠵᠢᠬᠦ ᠠ᠋ᠷᠴᠢᠮ ᠵᠶ᠋ᠡᠨ ᠴᠢᠩᠭ᠋ᠠᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ ᠬᠢᠭᠡᠳ ᠵᠢᠭᠤᠯᠴᠢᠯᠠᠯ᠂ ᠰᠣᠶᠣᠯ ᠵᠡᠷᠭᠡ ᠵᠢᠨ ᠠᠭᠤᠰᠤᠯᠳᠤᠨ ᠬᠥᠭᠵᠢᠬᠦ ᠵᠢ ᠳᠡᠮᠵᠢᠵᠦ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠪᠠ ᠴᠥᠭᠡᠨ ᠲᠣᠭ᠋ᠠᠲᠤ ᠦᠨᠳᠦᠰᠦᠲᠡᠨ᠎ᠤ ᠤᠯᠠᠨ ᠲᠦᠮᠡᠨ ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠤᠯᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠶᠠᠳᠠᠭᠤ ᠵᠢ ᠲᠡᠳᠬᠦᠬᠦ ᠪᠡᠯᠡ ᠮᠥᠩᠭᠥ᠂ ᠲᠦᠷᠦᠯ ᠵᠦᠢ᠍ᠯ᠂ ᠠᠷᠭ᠎ᠠ ᠬᠡᠮᠵᠢᠶ᠎ᠡ ᠵᠢ ᠪᠠᠶ᠋ᠢᠭ᠋ᠠᠯᠢ ᠵᠢᠨ ᠨᠥᠬᠥᠴᠡᠯ ᠠᠨᠠᠶ᠂ ᠠᠵᠤ ᠠᠬᠤᠶ ᠵᠢᠨ ᠰᠠᠭᠤᠷᠢ ᠪᠠᠭᠤᠷᠠᠶ᠂ ᠶᠠᠳᠠᠭᠤ ᠬᠦᠴᠢᠷᠳᠡᠯ᠎ᠤᠨ ᠬᠡᠮᠵᠢᠶ᠎ᠡ ᠭᠦᠨ ᠬᠢᠯᠢ ᠬᠢᠵᠠᠭ᠋ᠠᠷ ᠣᠷᠣᠨ᠂ ᠦᠨᠳᠦᠰᠦᠲᠡᠨ᠎ᠤ ᠣᠷᠣᠨ ᠎ᠳᠤ ᠤᠯᠠᠮ ᠨᠢᠭᠡ ᠠᠯᠬᠤᠮ ᠲᠦᠪᠯᠡᠷᠡᠭᠦᠯᠦᠨ᠎ᠡ᠃ ᠨᠡᠶ᠋ᠢᠭᠡᠮ᠎ᠤᠨ ᠬᠦᠴᠦᠨ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ ᠬᠢᠭᠡᠳ ᠵᠢᠭᠤᠯᠴᠢᠯᠠᠯ᠎ᠤᠨ ᠦᠢ᠍ᠯᠡᠰ ᠎ᠢ ᠤᠶᠠᠯᠳᠤᠭᠤᠯᠤᠨ᠂   ᠪᠡᠶ᠎ᠡ ᠵᠢᠨ ᠲᠠᠮᠢᠷ᠎ᠤᠨ ᠰᠡᠯᠡᠭᠦᠴᠡᠯ᠎ᠤᠨ ᠥᠪᠡᠷᠮᠢᠴᠡ ᠣᠨᠴᠠᠯᠢᠭ᠎ᠲᠠᠢ ᠵᠢᠵᠢᠭ ᠪᠠᠯᠭ᠋ᠠᠰᠤ᠂ ᠪᠡᠶ᠎ᠡ ᠵᠢᠨ ᠲᠠᠮᠢᠷ᠎ᠤᠨ ᠰᠡᠯᠡᠭᠦᠴᠡᠯ᠎ᠤᠨ ᠵᠢᠭᠤᠯᠴᠢᠯᠠᠯ ᠵᠡᠷᠭᠡ ᠲᠥᠷᠥᠯ ᠵᠦᠢ᠍ᠯ᠎ᠢ ᠠᠰᠢᠭᠯᠠᠵᠤ᠂ ᠲᠤᠰ ᠦᠨᠳᠦᠰᠦᠲᠡᠨ᠂ ᠲᠤᠰ ᠭᠠᠵᠠᠷ ᠣᠷᠣᠨ᠎ᠤ᠎ᠪᠠᠨ ᠣᠨᠴᠠᠯᠢᠭ᠎ᠲᠠᠢ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠬᠦᠳᠡᠯᠭᠡᠭᠡᠨ᠂ ᠲᠣᠭᠯᠠᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ᠎ᠪᠠᠷ ᠳᠠᠮᠵᠢᠭᠤᠯᠤᠨ᠂ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠠ᠋ᠬᠢ ᠪᠠᠶᠠᠯᠢᠭ ᠎ᠢ ᠤᠬᠠᠭᠤᠯᠵᠤ ᠵᠠᠬ᠎ᠠ ᠳᠡᠯᠭᠡᠭᠦᠷ᠎ᠢ ᠦᠷᠭᠡᠳᠬᠡᠨ᠎ᠡ᠃ ᠨᠢᠭᠡ ᠪᠦᠯᠦᠭ ᠵᠠᠬ᠎ᠠ ᠳᠡᠯᠭᠡᠭᠦᠷ᠎ᠤᠨ ᠲᠠᠯᠳᠠ ᠬᠦᠴᠦᠨ᠎ᠲᠠᠢ ᠳᠤᠮᠳᠠ ᠵᠢᠵᠢᠭ ᠠᠵᠤ ᠠᠬᠤᠶ᠋ᠢᠯᠠᠯ ᠎ᠢ ᠲᠡᠳᠬᠦᠨ ᠳᠡᠮᠵᠢᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠠᠮᠢᠶ᠎ᠠ ᠪᠥᠬᠥᠶ ᠪᠡᠶ᠎ᠡ ᠵᠢᠨ ᠲᠠᠮᠢᠷ᠎ᠤᠨ ᠬᠡᠷᠡᠭᠰᠡᠯ ᠦᠢ᠍ᠯᠡᠳᠬᠦ ᠦᠢ᠍ᠯᠡᠰ᠎ᠤᠨ ᠬᠥᠭᠵᠢᠯᠲᠡ ᠵᠢ ᠬᠥᠲᠥᠯᠦᠨ ᠵᠢᠯᠣᠭᠣᠳᠴᠤ ᠪᠠᠶ᠋ᠢᠭ᠋ᠠᠳ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠶᠡᠷᠦᠩᠬᠡᠶ᠋ᠢᠯᠡᠭᠰᠡᠨ᠂ ᠨᠡᠢ᠌ᠭᠡᠮᠵᠢᠭᠰᠡᠨ ᠠᠵᠤ ᠦᠢ᠍ᠯᠡᠰ ᠎ᠤᠨ ᠥᠷᠲᠡᠭ᠎ᠤᠨ ᠬᠡᠯᠬᠢᠶ᠎ᠡ ᠵᠢ ᠴᠢᠷᠮᠠᠶ᠋ᠢᠨ ᠪᠣᠶ   ᠪᠣᠯᠭ᠋ᠠᠨ᠎ᠠ᠃

    (ᠨᠠᠢ᠍ᠮᠠ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠠ᠋ᠭᠦᠳᠬᠦ ᠵᠢ ᠴᠢᠨᠭ᠌ᠭ᠋ᠠᠳᠬᠠᠬᠤ ᠬᠡᠷᠡᠭᠲᠡᠶ᠃ ᠦᠨᠳᠦᠰᠦᠲᠡᠨ᠎ᠤ ᠭᠠᠵᠠᠷ ᠣᠷᠣᠨ᠎ᠤ᠂ ᠬᠢᠯᠢ ᠬᠢᠵᠠᠭ᠋ᠠᠷ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠶᠣᠯ ᠎ᠤᠨ ᠭᠦᠭᠵᠢᠯ ᠎ᠢ ᠳᠡᠮᠵᠢᠬᠦ ᠠ᠋ᠷᠴᠢᠮ ᠵᠶ᠋ᠡᠨ ᠴᠢᠩᠭ᠋ᠠᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠰᠢᠯᠢᠳᠡᠭ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠠ᠋ᠭᠦᠳᠬᠦ ᠴᠢᠨᠠᠷ᠎ᠲᠠᠢ ᠬᠥᠭᠵᠢᠯᠲᠡ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠷᠴᠠᠭ ᠰᠢᠰᠲ᠋ᠧᠮ ᠎ᠤᠨ ᠳᠠᠨᠭ᠌ᠰᠠ ᠡᠪᠬᠡᠮᠡᠯ ᠪᠣᠯᠣᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠬᠤ ᠬᠡᠷᠡᠭᠲᠡᠶ᠃ ᠨᠡᠶ᠋ᠢᠭᠡᠮ᠎ᠤᠨ ᠬᠦᠴᠦᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ᠂ ᠨᠡᠭᠡᠭᠡᠨ ᠬᠥᠭᠵᠢᠭᠦᠯᠬᠦ ᠪᠠ ᠵᠦᠢ ᠵᠣᠬᠢᠰᠲᠠᠶ ᠠᠰᠢᠭᠯᠠᠬᠤ ᠠᠵᠢᠯ ᠎ᠳᠤ ᠣᠷᠣᠯᠴᠠᠬᠤ ᠵᠢ ᠵᠣᠷᠢᠭᠵᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ   ᠲᠦᠷᠦᠯ ᠵᠦᠢ᠍ᠯ ᠎ᠤᠨ ᠪᠣᠳᠠᠰ᠎ᠤᠨ ᠪᠤᠰᠤ ᠰᠣᠶᠣᠯ᠎ᠤᠨ ᠥᠪ ᠎ᠳᠤ ᠮᠡᠳᠡᠭᠦᠯᠬᠦ ᠵᠢ ᠳᠡᠮᠵᠢᠬᠦ ᠬᠡᠷᠡᠭᠲᠡᠶ᠃

     (ᠶᠢᠰᠦ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠯᠢᠯᠴᠠᠭ᠎ᠠ ᠵᠢ ᠴᠢᠩᠭ᠋ᠠᠳᠬᠠᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠲᠠᠢ ᠤᠶᠠᠯᠳᠤᠭᠤᠯᠤᠨ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ ᠎ᠢ ᠪᠠᠢ᠌ᠭᠤᠯᠵᠤ᠂ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠯᠢᠯᠴᠠᠭ᠎ᠠ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠰᠣᠶᠣᠯ᠎ᠤᠨ ᠢᠲᠡᠭᠡᠯ ᠵᠶ᠋ᠡᠨ ᠪᠠᠲᠤᠳᠬᠠᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠶᠣᠯ ᠎ᠤᠨ     《ᠭᠠᠳᠠᠭᠰᠢ ᠭᠠᠷᠬᠤ》 ᠵᠢ ᠢᠳᠡᠪᠬᠢ᠎ᠲᠠᠢ ᠲᠦᠯᠬᠢᠨ ᠠᠬᠢᠭᠤᠯᠵᠤ᠂ 《ᠨᠢᠭᠡ ᠪᠦᠰᠡ ᠨᠢᠭᠡ ᠵᠠᠮ》᠎ᠤᠨ ᠱᠤᠭᠤᠮ ᠳᠠᠭ᠋ᠠᠤ ᠵᠢᠨ ᠤᠯᠤᠰ᠎ᠤᠨ ᠠᠷᠠᠳ᠎ᠤᠨ ᠳᠤᠮᠳᠠᠬᠢ ᠪᠡᠶ᠎ᠡ ᠵᠢᠨ ᠲᠠᠮᠢᠷ ᠰᠣᠶᠣᠯ᠎ᠤᠨ ᠰᠣᠯᠢᠯᠴᠠᠭ᠎ᠠ ᠵᠢ ᠠᠬᠢᠭᠤᠯᠵᠤ᠂ ᠨᠢᠭᠡ ᠪᠦᠯᠦᠭ ᠪᠡᠶ᠎ᠡ ᠵᠢᠨ ᠲᠠᠮᠢᠷ   ᠰᠣᠶᠣᠯ ᠢᠷᠭᠡᠨᠰᠢᠯ᠎ᠤᠨ ᠰᠣᠯᠢᠯᠴᠠᠭ᠎ᠠ ᠵᠢᠨ ᠨᠡᠷᠡᠲᠦ ᠲᠡᠮᠳᠡᠭᠲᠦ ᠠᠵᠢᠯᠯᠠᠭ᠎ᠠ ᠵᠢ ᠡᠭᠦᠳᠴᠦ᠂ ᠠ᠋ᠷᠬᠢᠨ ᠲᠣᠭᠣᠷᠢᠨ᠎ᠤ ᠤᠯᠤᠰ᠎ᠤᠳ᠎ᠲᠠᠢ᠎ᠪᠠᠨ ᠨᠠᠢ᠌ᠷᠰᠠᠭ ᠵᠶ᠋ᠠᠷ ᠬᠦᠷᠰᠢᠯᠡᠵᠦ ᠂ ᠠᠷᠠᠳ᠎ᠤᠨ ᠰᠡᠳᠬᠢᠯ᠎ᠤᠨ ᠬᠣᠯᠪᠣᠯᠳᠤᠯ᠎ᠢ ᠠᠬᠢᠭᠤᠯᠤᠨ᠎ᠠ᠃ ᠺᠦᠩᠽᠢ ᠵᠢᠨ ᠳᠡᠭᠡᠳᠦ ᠰᠤᠷᠭ᠋ᠠᠭᠤᠯᠢ᠎ᠪᠠᠷ ᠳᠠᠮᠵᠢᠨ᠂ ᠳᠤᠮᠳᠠᠳᠤ ᠵᠢᠨ ᠬᠠᠷᠢᠶᠠᠲᠤ᠂ ᠰᠣᠶᠣᠯ ᠪᠣᠯᠪᠠᠰᠤᠷᠠᠯ ᠪᠡᠶ᠎ᠡ ᠵᠢᠨ ᠲᠠᠮᠢᠷ᠎ᠤᠨ ᠨᠡᠷᠡᠲᠦ ᠬᠥᠮᠦᠰ ᠵᠶ᠋ᠠᠷ ᠳᠠᠮᠵᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠶᠣᠯ᠎ᠢ ᠤᠯᠠᠨ ᠤᠯᠤᠰ᠎ᠲᠤ ᠤᠯᠠᠮᠵᠢᠯᠠᠬᠤ᠂ ᠳᠤᠮᠳᠠᠳᠤ ᠤᠯᠤᠰ᠎ᠤᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠲᠠᠭᠤᠨ᠎ᠢ ᠰᠠᠶ᠋ᠢᠲᠤᠷ ᠳᠠᠮᠵᠢᠭᠤᠯᠵᠤ ᠰᠠᠶ᠋ᠢᠲᠤᠷ ᠬᠠᠷᠠᠭᠤᠯᠬᠤ ᠬᠡᠷᠡᠭᠲᠡᠢ᠂ ᠳᠤᠮᠳᠠᠳᠤ ᠤᠯᠤᠰ᠎ᠤᠨ ᠣᠨᠴᠠᠯᠢᠭ ᠎ᠢ ᠰᠠᠢ᠌ᠲᠤᠷ ᠢᠯᠡᠳᠭᠡᠵᠦ᠂ ᠳᠤᠮᠳᠠᠳᠤ ᠤᠯᠤᠰ᠎ᠤᠨ ᠲᠦᠷᠢ ᠲᠥᠷᠬᠦ ᠵᠢ ᠱᠤᠭᠤᠵᠤ᠂ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠰᠣᠶᠣᠯ᠎ᠤᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ᠎ᠢ ᠥᠷᠭᠡᠳᠬᠡᠬᠦ ᠬᠡᠷᠡᠭᠲᠡᠶ᠃  

    (ᠠᠷᠪᠠ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠰᠠᠭᠤᠷᠢᠨ ᠭᠠᠵᠠᠷ ᠎ᠢ ᠪᠠᠶ᠋ᠢᠭᠤᠯᠤᠨ᠎ᠠ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠪᠣᠯᠤᠨ ᠤᠯᠤᠰ᠎ᠤᠨ ᠦᠨᠳᠦᠰᠦᠲᠡᠨ᠎ᠤ ᠬᠡᠷᠡᠭ ᠠ᠋ᠷᠬᠢᠯᠡᠬᠦ ᠲᠣᠪᠴᠢᠶ᠎ᠠ ᠬᠠᠮᠲᠤ᠎ᠪᠠᠷ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠠᠭᠤᠷᠢᠨ ᠭᠠᠵᠠᠷ᠎ᠤᠨ ᠨᠡᠷ᠎ᠡ ᠪᠠ ᠬᠥᠳᠡᠯᠦᠩᠭᠦᠶ ᠬᠢᠨᠠᠨ ᠰᠢᠯᠭ᠋ᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠠᠭᠤᠷᠢᠨ ᠭᠠᠵᠠᠷ ᠎ᠢ ᠬᠣᠷᠸ᠎ᠠ ᠲᠠᠯ᠎ᠠ᠎ᠠᠴᠠ ᠵᠢᠯᠣᠭᠣᠳᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠤᠯᠠᠮᠵᠢᠯᠠᠨ ᠵᠠᠯᠭ᠋ᠠᠮᠵᠢᠯᠠᠬᠤ᠂ ᠰᠢᠨ᠎ᠡ ᠵᠢ ᠠ᠋ᠭᠦᠳᠬᠦ ᠬᠥᠭᠵᠢᠯᠲᠡ ᠵᠢ ᠠᠩᠬᠠᠷᠴᠤ᠂ ᠣᠷᠣᠨ ᠨᠤᠲᠤᠭ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠠᠭᠤᠷᠢᠨ ᠭᠠᠵᠠᠷ᠎ᠢ ᠪᠥᠳᠥᠭᠡᠨ ᠪᠠᠶ᠋ᠢᠭᠤᠯᠤᠨ᠎ᠠ᠃ ᠰᠠᠭᠤᠷᠢᠨ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠤᠨᠴᠠᠯᠢᠭᠳᠤ ᠳᠠᠪᠠᠭᠤᠯᠢᠭ ᠲᠦᠷᠦᠯ ᠵᠦᠢ᠍ᠯ ᠵᠶ᠋ᠠᠨ ᠳᠣᠪᠣᠶ᠋ᠢᠯᠭ᠋ᠠᠵᠤ᠂ ᠶᠡᠷᠦᠩᠬᠡᠶ᠋ᠢᠯᠡᠭᠰᠡᠨ ᠴᠢᠳᠠᠪᠬᠢ ᠵᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠪᠣᠯᠪᠠᠰᠤᠷᠠᠯ᠂ ᠤᠷᠤᠯᠳᠤᠭ᠋ᠠᠨ᠎ᠳᠤ ᠣᠷᠣᠯᠴᠠᠬᠤ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ᠂ ᠤᠨᠤᠯ᠎ᠤᠨ ᠰᠤᠳᠤᠯᠤᠯ᠂ ᠲᠦᠷᠦᠯ ᠵᠦᠢ᠍ᠯ ᠎ᠢ ᠠᠭᠤᠳᠠᠯᠵᠤ ᠠ᠋ᠮᠬᠢᠳᠬᠡᠬᠦ ᠪᠠ ᠵᠠᠯᠭ᠋ᠠᠮᠵᠢᠯᠠᠨ ᠬᠥᠭᠵᠢᠭᠦᠯᠬᠦ ᠲᠠᠯ᠎ᠠ᠎ᠪᠠᠷ᠎ᠬᠢ ᠦᠢ᠍ᠯᠡᠳᠦᠯ  ᠎ᠢ ᠭᠦᠢ᠍ᠴᠡᠳ ᠪᠠᠳᠠᠷᠠᠭᠤᠯᠤᠨ᠎ᠠ᠃ ᠳᠡᠭᠡᠳᠦ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠ᠋ᠬᠢ ᠪᠠᠶᠠᠯᠢᠭ᠎ᠤᠨ ᠳᠠᠪᠠᠭᠤᠯᠢᠭ ᠎ᠢ ᠠ᠋ᠮᠬᠢᠯᠡᠨ ᠨᠡᠶ᠋ᠢᠯᠡᠭᠦᠯᠵᠦ᠂ ᠠ᠋ᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠎ᠢ ᠥᠷᠭᠡᠨ ᠵᠶ᠋ᠡᠷ ᠦᠷᠨᠢᠬᠦᠯᠬᠦ᠂ ᠰᠣᠶᠣᠯ᠎ᠤᠨ ᠰᠣᠯᠢᠯᠴᠠᠭ᠎ᠠ ᠪᠠ ᠰᠢᠨ᠎ᠡ᠎ᠶᠢ ᠠ᠋ᠭᠦᠳᠬᠦ ᠰᠤᠳᠤᠯᠤᠨ ᠨᠡᠭᠡᠭᠡᠬᠦ ᠵᠡᠷᠭᠡ ᠠᠵᠢᠯᠯᠠᠭ᠎ᠠ ᠬᠢᠵᠦ᠂ 《ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠰᠤᠳᠤᠯᠤᠯ》 ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠭᠡᠨ᠎ᠤ ᠰᠠᠯᠠᠭ᠎ᠠ ᠵᠢᠨ ᠬᠥᠭᠵᠢᠯᠲᠡ ᠪᠠ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢ ᠵᠢ ᠪᠡᠬᠢᠵᠢᠭᠦᠯᠦᠨ᠎ᠡ᠃

     (ᠠᠷᠪᠠᠨ ᠨᠢᠭᠡ) ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ᠃ ᠡᠯ᠎ᠡ ᠲᠦᠷᠦᠯ᠎ᠤᠨ ᠰᠤᠷᠭ᠋ᠠᠭᠤᠯᠢ ᠣᠲᠣ ᠦᠶ᠎ᠡ ᠵᠢᠨ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠥᠷᠨᠢᠭᠦᠯᠬᠦ ᠵᠢᠨ ᠬᠠᠮᠲᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠬᠤ ᠪᠠ ᠠᠵᠢᠯᠯᠠᠭ᠎ᠠ ᠥᠷᠨᠢᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃ ᠦᠨᠳᠦᠰᠦᠲᠡᠨ᠎ᠤ ᠳᠤᠮᠳᠠᠳᠤ ᠪᠠᠭ᠎ᠠ ᠰᠤᠷᠭ᠋ᠠᠭᠤᠯᠢ ᠪᠠ ᠦᠨᠳᠦᠰᠦᠲᠡᠨ᠎ᠤ ᠭᠠᠵᠠᠷ ᠣᠷᠣᠨ᠎ᠤ ᠲᠠᠮᠢᠷ᠎ᠤᠨ ᠰᠤᠷᠭ᠋ᠠᠭᠤᠯᠢ ᠵᠢᠨ᠎ᠬᠢᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠮᠦᠵᠢᠯ᠎ᠢ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠂ ᠨᠥᠬᠥᠴᠡᠯ ᠪᠦᠷᠢᠯᠳᠦᠭᠦᠯᠵᠦ ᠪᠠᠶ᠋ᠢᠭ᠋ᠠᠳ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ ᠎ᠢ ᠠᠯᠪᠠᠨ ᠶᠣᠰᠣᠨ ᠎ᠤ ᠲᠠᠮᠢᠷ᠎ᠤᠨ ᠬᠢᠴᠢᠶᠡᠯ ᠪᠣᠯᠭ᠋ᠠᠬᠤ ᠪᠤᠶᠤ ᠨᠤᠲᠤᠭ᠎ᠤᠨ ᠵᠢᠭ᠋ᠠᠬᠤ ᠮᠠᠲ᠋ᠧᠷᠢᠶᠠᠯ ᠎ᠤᠨ ᠠᠭᠤᠯᠭ᠎ᠠ   ᠪᠣᠯᠭ᠋ᠠᠬᠤ ᠬᠡᠷᠡᠭᠲᠡᠢ᠃ ᠦᠨᠳᠦᠰᠦᠲᠡᠨ᠎ᠤ ᠶᠡᠬᠡ ᠰᠤᠷᠭ᠋ᠠᠭᠤᠯᠢ ᠳᠡᠭᠡᠳᠦ ᠰᠤᠷᠭ᠋ᠠᠭᠤᠯᠢ ᠵᠢᠨ ᠲᠠᠮᠢᠷ᠎ᠤᠨ ᠰᠠᠯᠪᠤᠷᠢ ᠪᠠ ᠦᠨᠳᠦᠰᠦᠲᠡᠨ᠎ᠤ ᠭᠠᠵᠠᠷ ᠣᠷᠣᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠨᠢ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠲᠤᠰᠬᠠᠶ ᠮᠡᠷᠭᠡᠵᠢᠯ ᠎ᠤᠨ ᠰᠠᠯᠪᠤᠷᠢ ᠵᠢ ᠨᠡᠬᠡᠬᠡᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠪᠠ ᠰᠤᠳᠤᠯᠭ᠋ᠠᠨ᠎ᠢ ᠬᠢᠬᠦ ᠬᠡᠷᠡᠭᠲᠡᠢ᠃ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠨᠡᠶ᠋ᠢᠭᠡᠮ ᠲᠣᠭᠣᠷᠢᠭ᠎ᠲᠤ ᠣᠷᠣᠭᠤᠯᠬᠤ᠂ ᠠᠯᠪᠠᠨ ᠪᠠᠶ᠋ᠢᠭᠤᠯᠭ᠎ᠠ᠎ᠳᠤ ᠣᠷᠣᠭᠤᠯᠬᠤ ᠵᠡᠷᠭᠡ ᠠᠵᠢᠯ᠎ᠢ ᠬᠢᠬᠦ ᠬᠡᠷᠡᠭᠲᠡᠢ᠃ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠦᠨ ᠬᠡᠷᠡᠭᠯᠡᠬᠦ ᠶᠠᠪᠤᠳᠠᠯ᠎ᠢ ᠴᠢᠳᠠᠪᠤᠷᠢᠲᠠᠨ᠎ᠢ ᠬᠥᠮᠦᠵᠢᠭᠦᠯᠬᠦ ᠪᠠᠶ᠋ᠢᠯᠳᠤᠬᠤ ᠪᠤᠳᠤᠯᠭ᠎ᠠ ᠵᠢᠨ ᠴᠢᠬᠤᠯᠠ ᠠᠭᠤᠯᠭ᠎ᠠ ᠪᠣᠯᠭ᠋ᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ᠂ ᠤᠯᠠᠮᠵᠢᠯᠠᠨ ᠬᠥᠭᠵᠢᠭᠦᠯᠬᠦ ᠳᠤᠮᠳᠠ ᠴᠢᠬᠤᠯᠠ ᠦᠢ᠍ᠯᠡᠳᠦᠯ ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃  

                ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ

    (ᠠᠷᠪᠠᠨ ᠬᠣᠶᠠᠷ) ᠡᠯ᠎ᠡ ᠲᠦᠷᠦᠯ᠎ᠤᠨ ᠠᠵᠢᠯ᠎ᠤᠨ ᠪᠠᠢ᠌ᠭᠤᠯᠤᠮᠵᠢ᠎ᠳᠤ ᠲᠦᠰᠢᠭᠯᠡᠨ᠂ ᠬᠠᠮᠵᠢᠯᠴᠠᠬᠤ ᠬᠠᠮᠢᠶᠠᠷᠤᠯᠲᠠ ᠵᠢ ᠠᠬᠢᠭᠤᠯᠤᠨ᠎ᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ᠂ ᠤᠯᠤᠰ᠎ᠤᠨ ᠦᠨᠳᠦᠰᠦᠲᠡᠨ᠎ᠤ ᠬᠡᠷᠡᠭ ᠠ᠋ᠷᠬᠢᠯᠡᠬᠦ ᠲᠣᠪᠴᠢᠶ᠎ᠠ ᠵᠢᠨ ᠭᠡᠰᠢᠭᠦᠳ᠎ᠤᠨ ᠲᠦᠷᠢᠮ ᠪᠠ ᠡᠯ᠎ᠡ ᠱᠠᠲᠤᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠦᠨᠳᠦᠰᠦᠲᠡᠨ᠎ᠤ ᠠᠵᠢᠯ᠎ᠤᠨ ᠵᠣᠬᠢᠴᠠᠭᠤᠯᠬᠤ ᠪᠠᠢ᠌ᠭᠤᠯᠤᠮᠵᠢ ᠵᠢᠨ ᠦᠢ᠍ᠯᠡᠳᠦᠯ᠎ᠢ ᠪᠠᠳᠠᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠲᠣᠭᠲᠠᠭ᠋ᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠᠵᠢᠯ᠎ᠤᠨ ᠴᠢᠬᠤᠯᠠ ᠶᠡᠬᠡ ᠲᠦᠷᠤ ᠵᠢᠨ ᠪᠤᠳᠤᠯᠭ᠎ᠠ᠂ ᠥᠭᠡᠷᠡᠴᠢᠯᠡᠯᠲᠡ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠨ᠎ᠠ᠃ ᠬᠣᠷᠸ᠎ᠠ ᠲᠠᠯ᠎ᠠ᠎ᠪᠠᠷ ᠵᠢᠯᠣᠭᠣᠳᠬᠤ ᠪᠠ ᠬᠠᠮᠢᠶᠠᠷᠬᠤ ᠵᠢ ᠴᠢᠨᠭ᠌ᠭ᠋ᠠᠳᠬᠠᠵᠤ᠂ ᠣᠯᠠᠨ ᠰᠠᠯᠠᠭ᠎ᠠ ᠮᠥᠴᠢᠷ ᠬᠠᠮᠲᠤᠪᠠᠷ ᠣᠷᠣᠯᠴᠠᠭᠰᠠᠨ ᠬᠠᠮᠵᠢᠯᠴᠠᠨ ᠠᠵᠢᠯᠯᠠᠬᠤ ᠪᠠᠢ᠌ᠭᠤᠯᠤᠮᠵᠢ ᠵᠢ ᠪᠠᠶ᠋ᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃

     (ᠠᠷᠪᠠᠨ ᠭᠤᠷᠪᠠ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠪᠠᠢ᠌ᠭᠤᠯᠤᠮᠵᠢ ᠵᠢ ᠪᠠᠶ᠋ᠢᠭᠤᠯᠤᠨ᠎ᠠ᠃ ᠡᠯ᠎ᠡ ᠱᠠᠲᠤᠨ᠎ᠤ ᠪᠡᠶ᠎ᠡ ᠵᠢᠨ ᠲᠠᠮᠢᠷ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠠ᠋ᠷᠴᠢᠮᠵᠢᠭᠦᠯᠵᠦ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠪᠠᠢ᠌ᠭᠤᠯᠤᠮᠵᠢ ᠵᠢ ᠪᠠᠶ᠋ᠢᠭᠤᠯᠵᠤ᠂ ᠠᠵᠢᠯ᠎ᠤᠨ ᠠ᠋ᠷᠴᠢᠮ ᠵᠶ᠋ᠡᠨ ᠴᠢᠩᠭ᠋ᠠᠷᠠᠭᠤᠯᠵᠤ᠂ ᠨᠥᠬᠥᠴᠡᠯ ᠪᠦᠬᠦᠢ ᠭᠠᠵᠠᠷ ᠣᠷᠣᠨ᠎ᠳᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠᠵᠢᠯ᠎ᠤᠨ ᠪᠠᠶ᠋ᠢᠭᠤᠯᠤᠮᠵᠢ ᠪᠠᠶ᠋ᠢᠭᠤᠯᠪᠠᠯ ᠵᠣᠬᠢᠨ᠎ᠠ᠂ ᠦᠨᠳᠦᠰᠦᠲᠡᠨ᠎ᠤ ᠭᠠᠵᠠᠷ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠵᠢᠨ ᠳᠤᠮᠳᠠ᠂ ᠵᠣᠬᠢᠬᠤ ᠬᠡᠮᠵᠢᠶᠡᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠪᠠᠶ᠋ᠢᠬᠤ ᠬᠡᠷᠡᠭᠲᠡᠶ᠃ ᠪᠣᠳᠠᠲᠠᠶ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠎ᠠ ᠠᠳᠬᠤᠬᠤ ᠬᠡᠷᠡᠭᠲᠡᠶ᠃ ᠲᠤᠰ ᠵᠢᠯᠣᠭᠣᠳᠬᠤ ᠰᠠᠨᠠᠯ᠎ᠢ ᠲᠠᠶ᠋ᠢᠯᠪᠤᠷᠢᠯᠠᠯᠲᠠ ᠪᠣᠯᠤᠨ ᠤᠬᠠᠭᠤᠯᠭ᠎ᠠ ᠵᠢ ᠰᠠᠶ᠋ᠢᠲᠤᠷ ᠬᠢᠵᠦ᠂ ᠠᠵᠢᠯ᠂ ᠰᠠᠨᠠᠯ ᠪᠣᠳᠠᠲᠠᠢ ᠦᠷ᠎ᠡ ᠪᠦᠲᠦᠮᠵᠢ ᠤᠯᠬᠤ ᠵᠢ ᠠᠬᠢᠭᠤᠯᠬᠤ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂   ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢᠨ ᠤᠷᠤᠭᠰᠢᠲᠠᠶ ᠶᠠᠪᠤᠭᠳᠠᠬᠤ ᠦᠨᠡᠨ ᠬᠦ᠌   ᠪᠠᠲᠤᠯᠠᠬᠤ   ᠬᠡᠷᠡᠭᠲᠡᠢ᠃

    (ᠠᠷᠪᠠᠨ ᠲᠥᠷᠪᠡ) ᠲᠥᠷᠥ ᠵᠢᠨ ᠪᠤᠳᠤᠯᠭ᠎ᠠ ᠵᠢᠨ ᠳᠡᠮᠵᠢᠯᠭᠡ ᠵᠢ ᠴᠢᠩᠭ᠋ᠠᠳᠬᠠᠬᠤ᠂ ᠪᠡᠯᠡ ᠮᠥᠩᠭᠥᠨ᠎ᠤ ᠳᠡᠮᠵᠢᠯᠭᠡ᠎ᠪᠠᠨ ᠨᠡᠮᠡᠭᠳᠡᠭᠦᠯᠬᠦ ᠬᠡᠷᠡᠭᠲᠡᠢ᠃ ᠡᠯ᠎ᠡ ᠱᠠᠲᠤᠨ᠎ᠤ ᠪᠡᠶ᠎ᠡ ᠵᠢᠨ ᠲᠠᠮᠢᠷ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠳ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠᠵᠢᠯ ᠎ᠤᠨ ᠳᠡᠮᠵᠢᠯᠭᠡ ᠵᠢ ᠢᠳᠡᠪᠬᠢᠲᠡᠶ ᠲᠡᠮᠡᠴᠡᠨ ᠣᠯᠵᠤ᠂ ᠤᠳᠤ ᠪᠠᠶ᠋ᠢᠭ᠎ᠠ ᠪᠡᠯᠡ ᠮᠥᠩᠭᠥ   ᠵᠢᠨ ᠠᠷᠭ᠎ᠠ ᠵᠠᠮ᠎ᠢ ᠠᠰᠢᠭᠯᠠᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠬᠦ ᠬᠡᠷᠡᠭᠲᠡᠶ᠃ ᠡᠯ᠎ᠡ ᠱᠠᠲᠤᠨ᠎ᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠳ ᠵᠢᠯ ᠪᠦᠷᠢ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠤᠰᠬᠠᠶ ᠵᠦᠢ᠍ᠯ᠎ᠤᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠠᠮᠢᠷ ᠎ᠤᠨ ᠰᠠᠯᠠᠭ᠎ᠠ ᠮᠦᠴᠢᠷ᠎ᠨᠢ ᠵᠢᠯ ᠪᠦᠷᠢ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠳᠤᠮᠳᠠ ᠲᠤᠰᠬᠠᠶ ᠵᠦᠢ᠍ᠯ᠎ᠤᠨ ᠵᠠᠷᠤᠳᠠᠯ ᠲᠣᠬᠢᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠬᠦ᠎ᠳᠤ ᠬᠡᠷᠡᠭᠯᠡᠬᠦ ᠬᠡᠷᠡᠭᠲᠡᠶ᠃ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠡᠷᠭᠡ ᠪᠡᠯᠡ ᠮᠥᠩᠭᠥ ᠵᠢᠨ ᠣᠷᠣᠭᠤᠯᠤᠯᠲᠠ ᠵᠢᠨ ᠬᠥᠲᠥᠯᠥᠨ ᠵᠢᠯᠣᠭᠣᠳᠬᠤ ᠪᠠ ᠤᠷᠮᠠᠰᠢᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ᠎ᠤᠨ ᠢᠳᠡᠪᠬᠢᠵᠢᠯ ᠬᠦᠴᠦᠨ᠎ᠢ ᠳᠠᠶ᠋ᠢᠴᠢᠯᠠᠨ᠂ ᠨᠡᠶ᠋ᠢᠭᠡᠮ᠎ᠤᠨ ᠡᠯ᠎ᠡ ᠠ᠋ᠲᠡᠭᠡᠳ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠢ ᠳᠡᠮᠵᠢᠬᠦ ᠵᠢ ᠬᠦᠬᠢᠬᠦᠯᠵᠦ᠂ ᠵᠠᠷᠤᠳᠠᠯ ᠮᠥᠩᠭᠥ ᠵᠢᠨ ᠠ᠋ᠬᠢ ᠰᠤᠷᠪᠤᠯᠵᠢ ᠵᠢ ᠦᠷᠭᠡᠳᠬᠡᠨ᠂ ᠤᠯᠠᠨ ᠠ᠋ᠰᠢᠵᠢᠭ᠌ᠰᠡᠨ᠂   ᠦᠷᠭᠦᠯᠵᠢ ᠵᠢᠨ ᠴᠢᠨᠠᠷᠲᠠᠢ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠵᠠᠷᠤᠳᠠᠯ᠎ᠢ ᠪᠠᠲᠤᠯᠠᠬᠤ ᠪᠠᠢ᠌ᠭᠤᠯᠤᠮᠵᠢ ᠪᠠ   ᠪᠡᠯᠡ ᠣᠷᠣᠭᠤᠯᠤᠯᠲᠠ ᠵᠢᠨ ᠪᠠᠢ᠌ᠭᠤᠯᠤᠮᠵᠢ ᠵᠢ ᠪᠠᠶ᠋ᠢᠭᠤᠯᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠳᠡᠭᠡᠨ ᠵᠠᠰᠠᠬᠣ ᠤᠷᠤᠨ᠎ᠤ ᠨᠠᠮ᠎ᠤᠨ ᠬᠣᠷᠢᠶ᠎ᠠ ᠵᠠᠰᠠᠭ᠎ᠤᠨ ᠤᠷᠳᠤᠨ ᠎ᠤ ᠪᠡᠶ᠎ᠡ ᠲᠠᠮᠢᠷ᠎ᠤᠨ ᠦᠢ᠍ᠯᠡᠰ᠎ᠤᠨ ᠭᠦᠭᠵᠢᠯᠲᠡ ᠵᠢ ᠠᠬᠢᠭᠣᠯᠬᠣ ᠰᠢᠢ᠍ᠳᠪᠦᠷᠢ
2025                 
ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠬᠢᠴᠢᠶᠡᠯ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠪᠣᠯᠪᠠᠰᠤᠷᠠᠭᠤᠯᠤᠯ᠎ᠤᠨ ᠠᠵᠢᠯ ᠲᠥᠷᠥᠯ᠎ᠤᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ
ᠪᠡᠶ᠎ᠡ ᠵᠢᠨ ᠲᠠᠮᠢᠷ ᠳᠤᠮᠳᠠᠳᠤ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠳᠤ ᠣᠷᠣᠬᠤ᠎ᠳᠤ ᠰᠤᠷᠭ᠋ᠠᠨ ᠬᠥᠮᠦᠵᠢᠯ᠎ᠢ ᠤᠷᠢᠳᠠᠪᠠᠷ ᠢᠵᠢ ᠪᠦᠷᠢᠳᠦᠭᠦᠯᠬᠦ ᠬᠡᠷᠡᠭᠲᠡᠶ
 
            