ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠢ ᠲᠦᠷᠭᠡᠨ ᠬᠥᠭᠵᠢᠭᠦᠯᠵᠦ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠠᠬᠢᠭᠤᠯᠬᠤ᠂ ᠨᠠᠰᠤᠵᠢᠯ᠎ᠤᠨ ᠦᠢ᠍ᠯᠡᠴᠢᠯᠡᠬᠡ ᠵᠢᠨ ᠦᠢ᠍ᠯᠡᠰ ᠢ ᠲᠦᠷᠭᠡᠳᠬᠡᠨ ᠬᠥᠭᠵᠢᠭᠦᠯᠬᠦ᠂ ᠤᠳᠤ ᠦᠶ᠎ᠡ ᠵᠢᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠂ ᠠ᠋ᠷᠡᠭᠦᠯ ᠮᠡᠨᠳᠦ ᠵᠢᠨ ᠦᠢ᠍ᠯᠡᠴᠢᠯᠡᠭᠡ ᠵᠢᠨ ᠦᠢ᠍ᠯᠡᠰ ᠤᠨ ᠬᠥᠭᠵᠢᠯᠲᠡ ᠵᠢ ᠠᠬᠢᠭᠤᠯᠬᠤ ᠵᠣᠷᠢᠭ ᠰᠠᠨᠠᠭ᠎ᠠ᠎ᠶᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠡᠶ᠎ᠡ ᠵᠢᠨ ᠲᠠᠮᠢᠷ᠎ᠤᠨ ᠬᠥᠮᠦᠨ ᠠᠮᠠ ᠵᠢᠨ ᠨᠠᠰᠤᠵᠢᠯᠲᠠ ᠵᠢ ᠠᠷᠭ᠋ᠠᠴᠠᠬᠤ ᠶᠠᠪᠤᠴᠠ ᠳᠤᠮᠳᠠᠬᠢ ᠢᠳᠡᠪᠬᠢᠲᠡᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ ᠦᠢ᠍ᠯᠡᠰ ᠤᠨ ᠪᠦᠬᠦ ᠲᠠᠯ᠎ᠠ ᠵᠢᠨ ᠬᠦᠭᠵᠢᠯ ᠢ ᠠᠬᠢᠭᠤᠯᠵᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠲᠠᠶ᠋ᠢᠴᠤᠳ᠎ᠤᠨ ᠠ᠋ᠷᠬᠡ ᠠᠰᠢᠭ᠎ᠢ ᠪᠠᠲᠤᠯᠠᠬᠤ ᠬᠠᠤᠯᠢ》᠂ 《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠦᠷᠢᠮ》 ᠵᠡᠷᠭᠡ ᠬᠣᠯᠪᠣᠭᠳᠠᠯ ᠪᠥᠬᠥᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠢ ᠦᠨᠳᠦᠰᠦᠯᠡᠨ᠂ ᠠ᠋ᠳᠦᠭᠡ ᠰᠢᠨ᠎ᠡ ᠴᠠᠭ ᠦᠶ᠎ᠡ ᠵᠢᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠶ ᠳᠣᠣᠷᠠᠬᠢ ᠮᠡᠲᠦ ᠰᠠᠨᠠᠯ ᠳᠤᠷᠠᠳᠤᠶ᠎ᠠ᠃
ᠨᠢᠭᠡ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ
ᠴᠢᠬᠤᠯᠠ ᠴᠢᠨᠠᠷ᠎ᠢ ᠭᠦᠢ᠍ᠴᠡᠳ ᠲᠠᠨᠢᠬᠤ ᠬᠡᠷᠡᠭᠲᠡᠢ᠃
(ᠨᠢᠭᠡ) ᠣᠳᠣᠬᠠᠨ᠎ᠳᠤ᠂ ᠮᠠᠨ᠎ᠤ ᠤᠯᠤᠰ ᠨᠢᠭᠡᠨᠲᠡ ᠨᠠᠰᠤᠵᠢᠯ᠎ᠤᠨ ᠨᠡᠶ᠋ᠢᠭᠡᠮ᠎ᠳᠤ ᠣᠷᠣᠵᠤ᠂ ᠤᠯᠤᠰ᠎ᠤᠨ ᠠᠵᠤ ᠠᠬᠤᠶ ᠵᠢᠨ ᠬᠥᠭᠵᠢᠯᠲᠡ ᠪᠠ ᠨᠡᠶ᠋ᠢᠭᠡᠮ᠎ᠤᠨ ᠠ᠋ᠶ᠎ᠡ ᠵᠣᠬᠢᠴᠠᠯ ᠲᠣᠭᠲᠠᠭᠤᠨ ᠪᠠᠶ᠋ᠢᠳᠠᠯ ᠲᠤᠶ᠋ᠢᠯ᠎ᠤᠨ ᠬᠦᠨᠳᠦ ᠬᠡᠴᠡᠭᠦᠦ ᠥᠷᠢᠰᠥᠯᠳᠦᠭᠡᠨ ᠳᠤ ᠲᠤᠯᠭ᠋ᠠᠷᠠᠵᠤ ᠪᠠᠢ᠌ᠭ᠎ᠠ ᠶᠤᠮ᠂ ᠬᠥᠮᠦᠨ ᠠᠮᠠ ᠵᠢᠨ ᠨᠠᠰᠤᠵᠢᠯᠲᠠ ᠵᠢ ᠠᠷᠭ᠋ᠠᠴᠠᠬᠤ᠎ᠨᠢ ᠨᠢᠭᠡᠨᠲᠡ ᠤᠯᠤᠰ᠎ᠤᠨ ᠨᠢᠭᠡᠨ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠪᠣᠯᠵᠠᠢ᠃ ᠨᠠᠰᠤᠲᠠᠨ ᠵᠶ᠋ᠠᠨ ᠬᠦᠨᠳᠦᠳᠬᠡᠵᠦ ᠨᠠᠰᠤᠲᠠᠨ ᠵᠶ᠋ᠠᠨ ᠠᠰᠠᠷᠠᠬᠤ ᠪᠣᠯ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠶ᠋ᠢᠬᠠᠨ ᠰᠤᠷᠲᠠᠯ᠂ ᠨᠠᠰᠤᠲᠠᠳ ᠵᠶ᠋ᠠᠨ ᠬᠠᠢ᠌ᠷᠠᠯᠠᠵᠤ ᠲᠤᠰᠠᠯᠠᠬᠤ᠎ᠨᠢ ᠪᠦᠬᠦ ᠨᠡᠶ᠋ᠢᠭᠡᠮ᠎ᠤᠨ ᠬᠠᠮᠲᠤ ᠵᠢᠨ ᠬᠠᠷᠢᠭᠤᠴᠠᠯᠭ᠎ᠠ ᠮᠥᠨ᠂ ᠨᠠᠮ ᠪᠣᠯᠤᠨ ᠵᠠᠰᠠᠭ᠎ᠤᠨ ᠣᠷᠳᠣᠨ ᠨᠠᠰᠤᠲᠠᠢ᠌ᠴᠤᠳ ᠤᠨ ᠠᠵᠢᠯ ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠠᠩᠬᠠᠷᠤᠨ ᠬᠠᠷᠠᠭ᠋ᠠᠯᠵᠠᠬᠤ ᠬᠡᠷᠡᠭᠲᠡᠶ᠂ ᠨᠠᠰᠤᠲᠠᠶ᠋ᠢᠴᠤᠳ᠎ᠤᠨ ᠠᠵᠢᠯ ᠢ ᠨᠡᠶ᠋ᠢᠭᠡᠮ ᠵᠢᠷᠤᠮ᠎ᠤᠨ ᠠ᠋ᠶ᠎ᠡ ᠵᠣᠬᠢᠴᠠᠯ᠎ᠲᠠᠢ ᠨᠡᠶ᠋ᠢᠭᠡᠮ᠎ᠢ ᠪᠠᠶ᠋ᠢᠭᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠬᠦᠯᠬᠦ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠴᠢᠬᠤᠯᠠ ᠪᠦᠷᠢᠯᠳᠦᠬᠦᠨ ᠬᠡᠰᠡᠭ ᠪᠣᠯᠭ᠋ᠠᠬᠤ ᠬᠡᠷᠡᠭᠳᠡᠢ᠃
(ᠬᠤᠶᠠᠷ) ᠨᠠᠰᠤᠲᠠᠶ᠋ᠢᠴᠤᠳ᠎ᠤᠨ ᠠ᠋ᠷᠡᠭᠦᠯ ᠮᠡᠨᠳᠦ ᠵᠢᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠵᠦ᠂ ᠨᠠᠰᠤᠲᠠᠶ᠋ᠢᠴᠤᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠰᠠᠭᠤᠷᠢ ᠪᠠ ᠤᠷᠢᠲᠠᠯ ᠢ ᠳᠡᠭᠡᠭᠰᠢᠯᠡᠬᠦᠯᠬᠦ ᠬᠡᠷᠡᠭᠲᠡᠢ᠃ ᠠ᠋ᠷᠡᠭᠦᠯ ᠮᠡᠨᠳᠦ ᠵᠢᠨ ᠪᠣᠭᠣᠮᠲᠠ ᠵᠢ ᠤᠷᠤᠭᠰᠢ ᠰᠢᠯᠵᠢᠭᠦᠯᠬᠦ ᠵᠢ ᠠᠬᠢᠭᠤᠯᠵᠤ᠂ ᠠᠮᠢ ᠨᠠᠰᠤ ᠵᠢ ᠤᠷᠲᠤᠳᠬᠠᠬᠤ᠂ ᠪᠡᠶ᠎ᠡ᠎ᠪᠠᠨ ᠳᠠᠭ᠋ᠠᠭ᠋ᠠᠭᠰᠠᠨ ᠠᠵᠢᠯᠯᠠᠭ᠋ᠠᠨ᠎ᠤ ᠴᠢᠳᠠᠪᠤᠷᠢ ᠵᠢ ᠴᠢᠨᠭ᠌ᠭ᠋ᠠᠳᠬᠠᠬᠤ᠎ᠨᠢ ᠨᠠᠰᠤᠲᠠᠶ᠋ᠢᠴᠤᠳ᠎ᠲᠤ ᠠᠪᠴᠤ ᠬᠡᠯᠡᠪᠡᠯ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠨ᠂ ᠢᠳᠡᠪᠬᠢᠲᠡᠶ᠎ᠪᠠᠷ ᠥᠭᠡᠳᠡᠯᠡᠨ ᠳᠠᠪᠰᠢᠬᠤ ᠳᠤᠨᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠨᠢ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ ᠠᠷᠭ᠋ᠠᠴᠠᠬᠤ ᠳᠥᠭᠥᠮ ᠳᠥᠲᠡ᠂ ᠭᠠᠮᠲᠠᠶ᠂ ᠪᠦᠲᠦᠮᠵᠢᠲᠡᠶ ᠠᠷᠭ᠎ᠠ ᠮᠠᠶᠢᠭ ᠮᠥᠨ᠂ ᠮᠥᠨ ᠴᠦ᠍ ᠨᠠᠰᠤᠲᠠᠶ᠋ᠢᠴᠤᠳ᠎ᠤᠨ ᠠ᠋ᠷᠡᠭᠦᠯ ᠮᠡᠨᠳᠦ᠂ ᠥᠲᠡᠯᠬᠦ ᠵᠢ ᠤᠳᠠᠭ᠋ᠠᠰᠢᠷᠠᠭᠤᠯᠬᠤ ᠠᠷᠭ᠎ᠠ ᠵᠠᠮ ᠮᠥᠨ᠃ ᠨᠠᠰᠤᠲᠠᠶ᠋ᠢᠴᠤᠳ ᠤᠨ ᠪᠡᠶ᠎ᠡ ᠮᠠᠬᠠᠪᠣᠳ ᠠ᠋ᠷᠡᠭᠦᠯ ᠴᠢᠭᠢᠷᠠᠭ ᠪᠠᠶ᠋ᠢᠬᠤ ᠵᠢᠨ ᠬᠦᠰᠡᠯ ᠲᠤᠯᠭ᠋ᠠᠮ᠎ᠠ ᠪᠠᠢ᠌ᠵᠤ᠂ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠦᠨᠳᠦᠷ᠂ ᠶᠡᠬᠡ ᠬᠡᠮᠵᠢᠶᠡᠨ᠎ᠤ ᠰᠤᠯᠠ ᠰᠡᠯᠡᠭᠦᠦ ᠴᠠᠭ᠎ᠲᠠᠢ ᠪᠠᠢ᠌ᠳᠠᠭ ᠤᠴᠢᠷ ᠠᠴᠠ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠴᠢᠩᠭ᠋ᠠᠳᠬᠠᠵᠤ᠂ ᠨᠠᠰᠤᠲᠠᠳ᠎ᠤᠨ ᠤᠶᠤᠨ᠎ᠤ ᠠᠮᠢᠳᠤᠷᠠᠯ᠎ᠢ ᠪᠠᠶᠠᠯᠢᠭᠵᠢᠭᠤᠯᠬᠤ᠂ ᠨᠠᠰᠤᠲᠠᠶ᠋ᠢᠴᠤᠳ᠎ᠤᠨ ᠠ᠋ᠷᠡᠭᠦᠯ ᠮᠡᠨᠳᠦ ᠵᠢᠨ ᠬᠢᠷᠢ ᠬᠡᠮᠵᠢᠶ᠎ᠡ ᠪᠠ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠬᠦᠯᠬᠦ ᠳᠤ ᠣᠷᠣᠯᠠᠭᠤᠯᠵᠤ ᠪᠣᠯᠤᠰᠢ ᠦᠭᠡᠢ ᠦᠢ᠍ᠯᠡᠳᠦᠯ᠎ᠲᠠᠢ ᠶᠤᠮ᠃
(ᠭᠤᠷᠪᠠ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠪᠣᠯ ᠮᠠᠨ᠎ᠤ ᠤᠯᠤᠰ᠎ᠤᠨ ᠨᠠᠰᠤᠵᠢᠯ᠎ᠤᠨ ᠠᠵᠢᠯ ᠦᠢ᠍ᠯᠡᠰ ᠪᠠ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠳᠡᠭᠡᠳᠦ ᠵᠤᠭᠰᠤᠴᠠ᠎ᠠᠴᠠ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠨᠢ ᠳᠦᠷᠪᠡᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠭᠰᠠᠨ᠎ᠤ ᠬᠤᠪᠢ ᠳᠤ᠂ ᠠᠵᠤ ᠠᠬᠤᠶ ᠵᠢᠨ ᠬᠥᠭᠵᠢᠯᠲᠡ᠂ ᠨᠡᠶ᠋ᠢᠭᠡᠮ᠎ᠤᠨ ᠠᠮᠤᠷ ᠲᠣᠭᠲᠠᠭᠤᠨ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠵᠡᠷᠭᠡ ᠠᠵᠢᠯ᠎ᠤᠳ᠎ᠲᠠᠢ ᠨᠢᠭᠲᠠ ᠤᠶᠠᠯᠳᠤᠬᠤ ᠬᠡᠷᠡᠭᠲᠡᠶ᠂ ᠰᠢᠨ᠎ᠡ ᠪᠠᠶ᠋ᠢᠳᠠᠯ ᠳᠣᠣᠷ᠎ᠠ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠪᠠ ᠵᠠᠰᠠᠭ᠎ᠤᠨ ᠣᠷᠳᠣᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠤᠨ ᠬᠣᠯᠪᠣᠭᠳᠠᠯ ᠪᠦᠬᠦᠢ ᠡᠯ᠎ᠡ ᠵᠦᠢ᠍ᠯ᠎ᠤᠨ ᠴᠢᠭᠯᠡᠯᠲᠡ ᠲᠦᠷᠦ ᠵᠢᠨ ᠪᠤᠳᠤᠯᠭ᠎ᠠ᠂ ᠰᠢᠨ᠎ᠡ ᠪᠠᠶ᠋ᠢᠳᠠᠯ᠎ᠢ ᠡᠵᠡᠮᠰᠢᠵᠦ᠂ ᠰᠢᠨ᠎ᠡ ᠬᠠᠨᠳᠤᠰᠢ᠎ᠲᠠᠢ ᠵᠤᠬᠢᠴᠠᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠤᠨ ᠵᠢᠯᠤᠭᠤᠳᠤᠯᠭ᠎ᠠ ᠪᠠ ᠵᠤᠬᠢᠴᠠᠭᠤᠯᠤᠯᠲᠠ ᠵᠢ ᠦᠨᠡᠨ ᠬᠦ᠌ ᠴᠢᠩᠭ᠋ᠠᠳᠬᠠᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠢ ᠶᠡᠬᠡᠪᠡᠷ ᠬᠥᠭᠵᠢᠭᠦᠯᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠ᠋ᠷᠬᠡ ᠠᠰᠢᠭ᠎ᠢ ᠬᠠᠮᠠᠭ᠋ᠠᠯᠠᠨ ᠪᠠᠲᠤᠯᠠᠬᠤ ᠬᠡᠷᠡᠭᠲᠡᠶ᠃
(ᠲᠦᠷᠪᠡ) ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠢ ᠬᠥᠭᠵᠢᠭᠦᠯᠬᠦ ᠪᠠ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠶᠠᠪᠤᠴᠠ᠎ᠳᠤ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠢ ᠰᠠᠢ᠌ᠲᠤᠷ ᠠᠳᠬᠤᠬᠤ ᠪᠤᠰᠤᠳ ᠨᠠᠰᠤᠨ᠎ᠤ ᠬᠥᠮᠦᠰ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠵᠢ ᠳᠠᠶ᠋ᠢᠴᠢᠯᠠᠬᠤ ᠪᠦᠲᠦᠮᠵᠢᠲᠡᠶ ᠠᠷᠭ᠎ᠠ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠰᠢ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠥᠷᠨᠢᠨ ᠬᠥᠭᠵᠢᠵᠦ᠂ ᠲᠡᠷᠡᠴᠢᠯᠡᠨ ᠠᠵᠤ ᠠᠬᠤᠶ ᠵᠢᠨ ᠬᠥᠭᠵᠢᠯᠲᠡ ᠵᠢ ᠳᠠᠭ᠋ᠠᠯᠳᠤᠨ᠂ ᠨᠡᠶ᠋ᠢᠭᠡᠮ᠎ᠤᠨ ᠳᠠᠪᠰᠢᠯᠲᠠ ᠪᠣᠯᠤᠨ ᠠᠷᠠᠳ᠎ᠤᠨ ᠠᠮᠢᠳᠤᠷᠠᠯ᠎ᠤᠨ ᠲᠦᠪᠰᠢᠨ᠎ᠤ ᠲᠠᠰᠤᠷᠠᠯᠲᠠ ᠦᠭᠡᠶ ᠳᠡᠭᠡᠭᠰᠢᠯᠡᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠦᠰᠡᠯ ᠱᠠᠭ᠋ᠠᠷᠳᠠᠯᠭ᠎ᠠ ᠤᠯᠠᠮ ᠴᠢᠩᠭ᠎ᠠ ᠪᠣᠯᠵᠤ᠂ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠬᠤ ᠬᠠᠯᠠᠭᠤᠨ ᠰᠡᠳᠬᠢᠯᠭᠡ᠎ᠨᠢ ᠤᠯᠠᠮ ᠵᠶ᠋ᠠᠷ ᠨᠡᠮᠡᠭᠳᠡᠵᠤ ᠪᠠᠢ᠌ᠨ᠎ᠠ᠂ ᠭᠡᠪᠡᠴᠦ ᠣᠳᠣᠬᠠᠨ᠎ᠳᠤ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠴᠢᠬᠤᠯᠠ ᠴᠢᠨᠠᠷ᠎ᠤᠨ ᠲᠤᠬᠠᠶ ᠲᠠᠨᠢᠯᠲᠠ᠎ᠪᠠᠷ ᠭᠦᠢ᠍ᠴᠡᠳ ᠦᠭᠡᠢ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠲᠤᠤᠷ ᠰᠦᠯᠵᠢᠶ᠎ᠡ ᠲᠡᠭᠦᠯᠳᠡᠷ ᠪᠤᠰᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠢᠨ ᠪᠡᠯᠡᠳᠬᠡᠮᠵᠢ ᠵᠢᠨ ᠳᠤᠲᠠᠮᠠᠭ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠷᠭ᠎ᠠ ᠮᠠᠶᠢᠭ ᠨᠡᠯᠢᠶᠡᠳ ᠴᠥᠭᠡᠨ᠂ ᠰᠢᠨᠵᠢᠯᠡᠬᠦ ᠤᠬᠠᠭ᠋ᠠᠨᠴᠢ ᠴᠢᠨᠠᠷ ᠠᠨᠠᠶ ᠪᠠ ᠵᠠᠷᠤᠳᠠᠯ᠎ᠤᠨ ᠣᠷᠣᠭᠤᠯᠤᠯᠲᠠ ᠬᠦᠷᠦᠯᠴᠡᠬᠦ ᠦᠭᠡᠢ ᠵᠡᠷᠭᠡ ᠰᠢᠢ᠍ᠳᠪᠦᠷᠢᠯᠡᠭᠦᠰᠢᠲᠡᠢ ᠠᠰᠠᠭᠤᠳᠠᠯ ᠤᠷᠤᠰᠢᠵᠤ᠂ ᠰᠢᠨ᠎ᠡ ᠬᠤᠪᠢᠷᠠᠯᠲᠠ᠂ ᠰᠢᠨ᠎ᠡ ᠱᠠᠭ᠋ᠠᠷᠳᠠᠯᠭ᠎ᠠ᠂ ᠰᠢᠨ᠎ᠡ ᠠ᠋ᠭᠦᠷᠭᠡ᠎ᠨᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠬᠥᠭᠵᠢᠯᠲᠡ ᠵᠢᠨ ᠠᠵᠠ ᠲᠣᠬᠢᠶᠠᠯ ᠪᠠ ᠥᠷᠢᠰᠥᠯᠳᠦᠭᠡᠨ ᠪᠣᠯᠵᠤ ᠪᠠᠢ᠌ᠨ᠎ᠠ᠃
ᠬᠣᠶᠠᠷ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠬᠠᠷᠠᠯᠲᠠ ᠠ᠋ᠭᠦᠷᠭᠡ ᠵᠢ ᠲᠣᠳᠣᠷᠬᠠᠶ ᠪᠣᠯᠭ᠋ᠠᠬᠤ ᠬᠡᠷᠡᠭᠲᠡᠢ᠃
(ᠲᠠᠪᠤ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠵᠢᠮ᠎ᠡ ᠶᠣᠰᠣ ᠵᠢ ᠴᠢᠷᠮᠠᠶ᠋ᠢᠨ ᠬᠠᠶ᠋ᠢᠨ ᠰᠦᠪᠡᠭᠴᠢᠯᠡᠨ ᠵᠢᠷᠤᠮᠯᠠᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠰᠢᠨ᠎ᠡ ᠬᠦᠷᠢᠶ᠎ᠡ᠂ ᠰᠢᠨ᠎ᠡ ᠣᠷᠣᠨ ᠵᠠᠶ ᠪᠠ ᠰᠢᠨ᠎ᠡ ᠵᠠᠮ᠎ᠢ ᠥᠷᠭᠡᠳᠬᠡᠵᠦ ᠨᠡᠭᠡᠭᠡᠬᠦ ᠬᠡᠷᠡᠭᠲᠡᠶ᠃ ᠨᠡᠢ᠌ᠭᠡᠮᠴᠢᠯᠡᠯ ᠢ ᠴᠢᠬᠤᠯᠠᠴᠢᠯᠠᠵᠤ᠂ ᠵᠠᠰᠠᠭ᠎ᠤᠨ ᠣᠷᠳᠣᠨ᠎ᠤ ᠴᠢᠳᠠᠪᠬᠢ ᠵᠢ ᠲᠦᠷᠭᠡᠨ ᠬᠤᠪᠢᠷᠠᠭᠤᠯᠵᠤ᠂ ᠨᠥᠬᠥᠴᠡᠯ ᠪᠦᠷᠢᠯᠳᠦᠭᠦᠯᠵᠦ ᠪᠠᠶ᠋ᠢᠭ᠋ᠠᠳ ᠨᠡᠶ᠋ᠢᠭᠡᠮ᠎ᠤᠨ ᠬᠦᠴᠦᠨ᠎ᠤ ᠨᠠᠰᠤᠲᠠᠶ᠋ᠢᠴᠤᠳ ᠤᠨ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ ᠳᠤ ᠣᠷᠣᠯᠴᠠᠭᠤᠯᠤᠨ᠎ᠠ; ᠳᠦᠷᠢᠮᠵᠢᠬᠦᠯᠦᠯᠲᠡ ᠵᠢ ᠴᠢᠬᠤᠯᠠᠴᠢᠯᠠᠵᠤ᠂ ᠡᠯ᠎ᠡ ᠵᠦᠢ᠍ᠯ᠎ᠤᠨ ᠠ᠋ᠬᠢ ᠪᠠᠶᠠᠯᠢᠭ᠎ᠢ ᠨᠡᠢ᠌ᠯᠡᠬᠦᠯᠦᠨ ᠠᠰᠢᠭᠯᠠᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠨᠠᠰᠤᠵᠢᠯ᠎ᠤᠨ ᠦᠢ᠍ᠯᠡᠴᠢᠯᠡᠭᠡ᠂ ᠠ᠋ᠷᠡᠭᠦᠯ ᠮᠡᠨᠳᠦ ᠵᠢᠨ ᠦᠢ᠍ᠯᠡᠴᠢᠯᠡᠭᠡ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ᠂ ᠰᠣᠶᠣᠯ᠎ᠤᠨ ᠪᠦᠲᠦᠭᠡᠯᠴᠢ ᠰᠡᠳᠬᠢᠮᠵᠢ ᠪᠠ ᠵᠢᠷᠤᠵᠤ ᠲᠥᠯᠥᠪᠯᠡᠬᠦ᠂ ᠰᠤᠷᠭ᠋ᠠᠨ ᠬᠥᠮᠦᠵᠢᠭᠦᠯᠵᠦ ᠪᠣᠯᠪᠠᠰᠤᠷᠠᠭᠤᠯᠬᠤ᠂ ᠠ᠋ᠮᠴᠢᠯᠡᠭᠡ ᠠ᠋ᠷᠡᠭᠦᠯ ᠬᠠᠮᠠᠭ᠋ᠠᠯᠠᠯ᠂ ᠭᠡᠷ᠎ᠤᠨ ᠦᠢ᠍ᠯᠡᠴᠢᠯᠡᠬᠡ᠂ ᠳᠠᠭ᠋ᠠᠳᠬᠠᠯ᠂ ᠵᠢᠭᠤᠯᠴᠢᠯᠠᠯ ᠵᠡᠷᠭᠡ ᠬᠠᠮᠢᠶ᠎ᠠ ᠪᠥᠬᠥᠶ ᠬᠦᠷᠢᠶᠡᠨ᠎ᠳᠠᠬᠢ ᠬᠠᠷᠢᠯᠴᠠᠨ ᠠᠭᠤᠰᠤᠯᠴᠠᠨ ᠨᠡᠪᠲᠡᠷᠡᠯᠴᠡᠬᠦ ᠵᠢ ᠠᠬᠢᠭᠤᠯᠤᠨ᠎ᠠ; ᠰᠢᠨᠵᠢᠯᠡᠬᠦ ᠤᠬᠠᠭ᠋ᠠᠨᠴᠢᠯᠠᠬᠤ ᠵᠢ ᠬᠦᠨᠳᠦᠳᠬᠡᠵᠦ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠣᠯᠠᠨ ᠨᠡᠶ᠋ᠢᠲᠡ ᠵᠢᠨ ᠦᠢ᠍ᠯᠡᠴᠢᠯᠡᠬᠡ ᠵᠢᠨ ᠠᠷᠭ᠎ᠠ ᠮᠠᠶᠢᠭ᠎ᠢ ᠴᠢᠳᠠᠪᠤᠷᠢ ᠪᠣᠯᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠰᠠᠭᠤᠷᠢ ᠨᠠᠩ ᠪᠡᠬᠢᠵᠢᠭᠰᠡᠨ᠂ ᠪᠦᠲᠦᠭᠡᠭᠳᠡᠬᠦᠨ᠎ᠢ ᠨᠡᠩ ᠠ᠋ᠯᠪᠡᠭ ᠪᠠᠶᠠᠯᠢᠭ ᠪᠣᠯᠭ᠋ᠠᠵᠤ᠂ ᠬᠠᠩᠭ᠋ᠠᠯᠭ᠎ᠠ ᠵᠢ ᠤᠯᠠᠮ ᠭᠦᠢ᠍ᠴᠡᠳ ᠬᠠᠩᠭ᠋ᠠᠮᠵᠢ᠎ᠲᠠᠶ ᠪᠣᠯᠭ᠋ᠠᠨ᠂ ᠨᠠᠰᠤᠲᠠᠶ᠋ᠢᠴᠤᠳ᠎ᠤᠨ ᠠ᠋ᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠤᠯᠠᠨ ᠠ᠋ᠰᠢᠵᠢᠭ᠌ᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠴᠢᠷᠮᠠᠶ᠋ᠢᠨ ᠬᠠᠩᠭ᠋ᠠᠬᠤ ᠬᠡᠷᠡᠭᠲᠡᠶ; ᠠᠮᠢᠳᠤᠷᠠᠯᠢᠭᠵᠢᠭᠤᠯᠬᠤ ᠵᠢ ᠴᠢᠬᠤᠯᠠᠴᠢᠯᠠᠵᠤ᠂ ᠦᠨᠳᠦᠰᠦᠨ ᠱᠠᠲᠤᠨ᠎ᠤ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠢ ᠭᠣᠣᠯᠳᠠᠯᠭ᠎ᠠ᠎ᠲᠠᠢ ᠲᠦᠯᠬᠢᠨ ᠠᠬᠢᠭᠤᠯᠬᠤ ᠬᠡᠷᠡᠭᠲᠡᠶ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠪᠣᠳᠠᠲᠠᠶ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠬᠥᠲᠥᠯᠦᠨ ᠵᠢᠯᠣᠭᠣᠳᠴᠤ ᠪᠠᠶ᠋ᠢᠭ᠋ᠠᠳ ᠨᠠᠰᠤᠲᠠᠶ᠋ᠢᠴᠤᠳ᠎ᠤᠨ ᠠ᠋ᠷᠡᠭᠦᠯ ᠰᠠᠷᠠᠭᠤᠯ᠂ ᠪᠣᠯᠪᠠᠰᠤᠨ᠂ ᠰᠢᠨᠵᠢᠯᠡᠬᠦ ᠤᠬᠠᠭ᠋ᠠᠨᠴᠢ ᠠᠮᠢᠳᠤᠷᠠᠯ᠎ᠤᠨ ᠠᠷᠭ᠎ᠠ ᠬᠡᠯᠪᠡᠷᠢ ᠵᠢ ᠪᠣᠢ ᠪᠣᠯᠭ᠋ᠠᠬᠤ ᠬᠡᠷᠡᠭᠲᠡᠢ᠃
(ᠵᠢᠷᠭᠤᠭ᠎ᠠ) ᠨᠠᠰᠤᠲᠠᠶ᠋ᠢᠴᠤᠳ᠎ᠤᠨ ᠪᠡᠶ᠎ᠡ ᠮᠠᠬᠠᠪᠣᠳ᠂ ᠠ᠋ᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠ᠋ᠯᠪᠡᠭ ᠪᠠᠶᠠᠯᠢᠭ ᠤᠶᠤᠨ ᠰᠠᠨᠠᠭ᠎ᠠ ᠰᠣᠶᠣᠯ᠎ᠤᠨ ᠠᠮᠢᠳᠤᠷᠠᠯ ᠢ ᠴᠢᠨᠭ᠌ᠭ᠋ᠠᠳᠬᠠᠬᠤ ᠵᠢ ᠰᠢᠨ᠎ᠡ ᠪᠠᠶ᠋ᠢᠳᠠᠯ ᠳᠣᠣᠷᠠᠬᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠦᠨᠳᠦᠰᠦᠨ ᠠ᠋ᠭᠦᠷᠭᠡ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠤᠨᠤᠯ᠎ᠤᠨ ᠰᠢᠰᠲ᠋ᠧᠮ ᠪᠣᠯᠤᠨ ᠲᠦᠷᠤ ᠵᠢᠨ ᠪᠤᠳᠤᠯᠭ᠎ᠠ ᠬᠠᠤᠯᠢ ᠲᠣᠭᠲᠠᠭ᠋ᠠᠯ᠎ᠤᠨ ᠰᠢᠰᠲᠸᠮ ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠠᠷᠠᠳ ᠨᠡᠶ᠋ᠢᠲᠡ ᠵᠢᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠳᠤ ᠣᠷᠣᠭᠤᠯᠤᠨ᠂ ᠦᠨᠡᠨ ᠬᠦ᠌ 《ᠨᠠᠮ ᠵᠠᠰᠠᠭ ᠵᠶ᠋ᠠᠷ ᠭᠣᠣᠯᠠᠭᠤᠯᠵᠤ᠂ ᠰᠠᠯᠠᠭ᠎ᠠ ᠮᠥᠴᠢᠷ ᠬᠠᠷᠢᠭᠤᠴᠠᠯᠭ᠎ᠠ᠎ᠪᠠᠨ ᠬᠦᠢ᠍ᠴᠡᠳᠭᠡᠬᠦ᠂ ᠨᠡᠶ᠋ᠢᠭᠡᠮᠯᠢᠭ᠎ᠠᠴᠠ ᠵᠣᠬᠢᠶᠠᠨ ᠪᠠᠶ᠋ᠢᠭᠤᠯᠵᠤ᠂ ᠨᠡᠶ᠋ᠢᠭᠡᠮ᠎ᠤᠨ ᠳᠡᠮᠵᠢᠯᠭᠡ᠂ ᠭᠣᠣᠯᠳᠠᠯᠭ᠎ᠠ᠎ᠨᠢ ᠦᠨᠳᠦᠰᠦᠨ ᠱᠠᠲᠤᠨ᠎ᠳᠤ᠂ ᠪᠥᠬᠥ ᠠᠷᠠᠳ᠎ᠲᠤ ᠬᠠᠨᠳᠤᠭᠤᠯᠤᠭᠰᠠᠨ》 ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠪᠠᠶ᠋ᠢᠷᠢᠰᠢᠯ᠎ᠢ ᠪᠤᠶ ᠪᠣᠯᠭ᠋ᠠᠵᠤ᠂ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠪᠡᠯᠡᠳᠬᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠪᠠᠷ ᠰᠠᠭᠤᠷᠢ ᠪᠣᠯᠭ᠋ᠠᠵᠤ᠂ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠰᠦᠯᠵᠢᠶ᠎ᠡ ᠵᠢ ᠲᠡᠭᠦᠯᠳᠡᠷᠵᠢᠭᠦᠯᠬᠦ ᠳᠤ ᠲᠦᠰᠢᠭᠯᠡᠨ᠂ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ ᠥᠷᠨᠢᠭᠦᠯᠬᠦ᠎ᠪᠠᠷ ᠠᠷᠭ᠎ᠠ ᠪᠠᠷᠢᠯ ᠪᠣᠯᠭ᠋ᠠᠨ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠵᠣᠬᠢᠶᠠᠨ ᠪᠠᠶ᠋ᠢᠭᠤᠯᠤᠯᠲᠠ᠎ᠲᠠᠢ᠂ ᠠᠵᠢᠯᠲᠠᠨ᠎ᠲᠠᠢ᠂ ᠰᠠᠭᠤᠷᠢᠨ ᠭᠠᠵᠠᠷ᠎ᠲᠠᠢ᠂ ᠵᠠᠷᠤᠳᠠᠯ ᠮᠥᠩᠭᠥ᠎ᠲᠠᠢ ᠪᠥᠭᠡᠳ ᠦᠷᠭᠦᠯᠵᠢᠯᠡᠨ ᠠ᠋ᠷᠡᠭᠦᠯ ᠵᠶ᠋ᠡᠷ ᠬᠥᠭᠵᠢᠬᠦ ᠵᠢ ᠦᠨᠡᠨᠬᠦ ᠪᠠᠲᠤᠯᠠᠨ᠎ᠠ; ᠪᠥᠬᠥ ᠨᠠᠰᠤᠲᠠᠶ᠋ᠢᠴᠤᠳ᠎ᠤᠨ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠬᠤ ᠬᠡᠷᠡᠭᠲᠡᠶ᠂ ᠨᠠᠰᠤᠲᠠᠶ᠋ᠢᠴᠤᠳ᠎ᠤᠨ ᠬᠡᠷᠡᠭᠴᠡᠭᠡ ᠱᠠᠭ᠋ᠠᠷᠳᠠᠯᠭ᠎ᠠ ᠳᠤ ᠵᠣᠬᠢᠴᠠᠭᠰᠠᠨ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠪᠦᠲᠦᠭᠡᠭᠳᠡᠬᠦᠨ ᠪᠠ ᠦᠢ᠍ᠯᠡᠴᠢᠯᠡᠭᠡᠨ᠎ᠤ ᠬᠠᠨᠭ᠌ᠭ᠋ᠠᠵᠤ᠂ ᠦᠷᠬᠦᠯᠵᠢ ᠵᠢᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ ᠳᠤ ᠣᠷᠣᠯᠴᠠᠬᠤ ᠨᠠᠰᠤᠲᠠᠶ᠋ᠢᠴᠤᠳ᠎ᠤᠨ ᠲᠣᠭ᠎ᠠ ᠵᠢ ᠵᠢᠯ ᠳᠠᠷᠠᠭ᠋ᠠᠯᠠᠨ ᠨᠡᠮᠡᠭᠳᠡᠬᠦᠯᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠪᠠ ᠬᠡᠷᠡᠭᠯᠡᠭᠡᠨ᠎ᠤ ᠦᠵᠡᠯ ᠤᠬᠠᠮᠰᠠᠷ᠎ᠢ ᠮᠡᠳᠡᠭᠳᠡᠬᠦᠶ᠋ᠢᠴᠡ ᠴᠢᠩᠭ᠋ᠠᠷᠠᠭᠤᠯᠵᠤ᠂ ᠬᠥᠮᠦᠨ ᠪᠦᠷᠢ᠎ᠳᠤ ᠳᠤᠮᠳᠠᠴᠢ᠎ᠪᠠᠷ ᠨᠣᠭᠳᠠᠬᠤ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠵᠠᠷᠤᠯᠭ᠎ᠠ ᠵᠢ ᠢᠯᠡᠳᠲᠡ ᠳᠡᠭᠡᠭᠰᠢᠯᠡᠬᠦᠯᠦᠨ᠎ᠡ᠃
ᠬᠤᠶᠠᠷ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ
ᠰᠦᠯᠵᠢᠶ᠎ᠡ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
(ᠳᠤᠯᠤᠭ᠎ᠠ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠰᠦᠯᠵᠢᠶ᠎ᠡ ᠵᠢ ᠲᠡᠭᠦᠯᠳᠡᠷᠵᠢᠭᠦᠯᠵᠦ ᠴᠢᠨᠭ᠌ᠭ᠋ᠠᠳᠬᠠᠬᠤ᠎ᠨᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠴᠢᠬᠤᠯᠠ ᠤᠷᠢᠲᠠᠯ ᠪᠠ ᠵᠠᠩᠭᠢᠯᠠᠭ᠎ᠠ ᠵᠢᠨ ᠭᠣᠭᠴᠣᠭ᠎ᠠ ᠮᠥᠨ᠃ ᠠ᠋ᠷᠬᠡᠪᠰᠢ 《ᠭᠣᠣᠯᠳᠠᠯᠭ᠎ᠠ᠎ᠨᠢ ᠦᠨᠳᠦᠰᠦᠨ ᠱᠠᠲᠤᠨ᠎ᠳᠤ᠂ ᠪᠥᠬᠥ ᠠᠷᠠᠳ᠎ᠲᠤ ᠬᠠᠨᠳᠤᠭᠤᠯᠬᠤ》᠎ᠪᠠᠷ ᠠᠵᠢᠯ᠎ᠤᠨ ᠴᠢᠭᠯᠡᠯᠲᠡ ᠪᠣᠯᠭ᠋ᠠᠵᠤ᠂ ᠤᠯᠠᠨ ᠵᠦᠢ᠍ᠯ᠎ᠤᠨ ᠬᠡᠯᠪᠡᠷᠢ ᠵᠢᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢ ᠬᠦᠭᠵᠢᠬᠦᠯᠵᠦ᠂ ᠨᠠᠰᠤᠲᠠᠶ᠋ᠢᠴᠤᠳ᠎ᠤᠨ ᠠᠳᠠᠯᠢ ᠪᠤᠰᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠳᠡᠭᠡᠷ᠎ᠡ᠎ᠠᠴᠠ ᠳᠣᠷᠣᠭᠰᠢ ᠬᠦᠷᠲᠡᠯ᠎ᠡ ᠦᠷᠭᠦᠯᠵᠢᠯᠡᠬᠦ ᠵᠢ ᠳᠡᠮᠵᠢᠵᠣ᠂ ᠰᠢᠶᠠᠨ᠎ᠤ ᠱᠠᠲᠤᠨ᠎ᠠᠴᠠ ᠳᠡᠭᠡᠭᠰᠢᠬᠢ ᠭᠠᠵᠠᠷ ᠣᠷᠣᠨ ᠳᠤ ᠴᠥᠮ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠬᠠᠤᠯᠢ ᠶᠣᠰᠣᠭ᠋ᠠᠷ ᠲᠡᠡᠭᠰᠡᠯᠡᠠ ᠪᠠᠶ᠋ᠢᠭᠤᠯᠤᠭᠰᠠᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠢ ᠪᠠᠢ᠌ᠭᠤᠯᠵᠤ᠂ ᠵᠡᠭᠡᠯᠢ ᠭᠤᠳᠤᠮᠵᠢ ᠪᠠ ᠰᠢᠶᠠᠩ ᠪᠠᠯᠭ᠋ᠠᠰᠤᠨ᠎ᠳᠤ ᠨᠠᠰᠤᠲᠠᠶ᠋ᠢᠴᠤᠳ᠎ᠤᠨ ᠦᠨᠳᠦᠰᠦᠨ ᠱᠠᠲᠤᠨ᠎ᠤ ᠰᠣᠶᠣᠯ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢ ᠨᠡᠶ᠋ᠢᠳᠡᠮ ᠪᠠᠶ᠋ᠢᠭᠤᠯᠵᠤ᠂ ᠬᠤᠳᠠ ᠬᠥᠳᠡᠭᠡ ᠵᠢᠨ ᠨᠡᠶ᠋ᠢᠭᠡᠮ ᠲᠣᠭᠣᠷᠢᠭ᠎ᠲᠤ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠥᠷᠲᠡᠭᠡ ᠴᠢᠬ ᠪᠠ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠦᠯᠬᠦᠮ ᠨᠡᠶ᠋ᠢᠲᠡ ᠵᠢ ᠥᠷᠭᠡᠨ ᠵᠶ᠋ᠡᠷ ᠪᠠᠶ᠋ᠢᠭᠤᠯᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠤᠢ ᠪᠣᠯᠭ᠋ᠠᠨ ᠲᠡᠭᠦᠯᠳᠡᠷᠵᠢᠬᠦᠯᠦᠨ᠎ᠡ᠃ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠴᠢᠯᠡᠬᠡ ᠪᠠ ᠵᠢᠯᠤᠭᠤᠳᠤᠮᠵᠢ ᠵᠢ ᠴᠢᠩᠭ᠋ᠠᠳᠬᠠᠵᠤ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠰᠠᠯᠭ᠋ᠠᠬᠤ᠂ ᠬᠠᠮᠢᠶᠠᠷᠬᠤ ᠪᠠ ᠠ᠋ᠷᠬᠢᠯᠡᠬᠥ ᠵᠢ ᠰᠠᠯᠭ᠋ᠠᠬᠤ ᠵᠠᠷᠴᠢᠮ ᠶᠤᠰᠤᠭ᠋ᠠᠷ ᠬᠥᠮᠦᠨ᠂ ᠵᠣᠭᠣᠰ ᠮᠥᠩᠭᠥ᠂ ᠠ᠋ᠳ᠋ ᠪᠣᠳᠠᠰ ᠪᠠ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠣᠳᠣᠯᠭ᠎ᠠ ᠵᠡᠷᠭᠡ ᠲᠠᠯ᠎ᠠ᠎ᠪᠠᠷ᠎ᠬᠢ ᠠᠰᠠᠭᠤᠳᠠᠯ ᠢ ᠦᠨᠡᠨ ᠬᠦ᠌ ᠬᠠᠪᠰᠤᠷᠴᠤ ᠰᠢᠢ᠍ᠳᠪᠦᠷᠢᠯᠡᠬᠦ ᠬᠡᠷᠡᠭᠲᠡᠶ᠂ ᠠᠯᠪᠠᠯᠠᠬᠤ ᠪᠠ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ ᠤ ᠪᠠᠲᠤᠯᠠᠭ᠎ᠠ ᠵᠢ ᠬᠠᠨᠭ᠌ᠭ᠋ᠠᠵᠤ᠂ ᠠᠵᠢᠯᠲᠠᠨ᠎ᠤ ᠠ᠋ᠩᠨᠡᠭᠡ ᠵᠢ ᠲᠣᠭᠲᠠᠭᠤᠨ ᠪᠠᠶ᠋ᠢᠯᠭ᠋ᠠᠬᠤ ᠪᠠ ᠠᠮᠢᠳᠤᠯᠢᠭ ᠪᠠᠢ᠌ᠯᠭ᠋ᠠᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ ᠰᠡᠳᠦᠬᠦ᠂ ᠬᠠᠮᠢᠶᠠᠷᠬᠤ᠂ ᠠᠵᠢᠯ ᠬᠢᠬᠦ ᠬᠦᠮᠦᠨ᠎ᠲᠠᠢ ᠪᠣᠯᠭ᠋ᠠᠨ᠎ᠠ᠃
(ᠨᠠᠢ᠍ᠮᠠ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠨᠢ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠳᠤ ᠦᠢ᠍ᠯᠡᠴᠢᠯᠡᠭᠡ ᠬᠠᠨᠭ᠌ᠭ᠋ᠠᠳᠠᠭ ᠨᠡᠶ᠋ᠢᠭᠡᠮ᠎ᠤᠨ ᠪᠦᠯᠬᠦᠮ ᠶᠤᠮ᠂ ᠨᠠᠮ ᠪᠠ ᠵᠠᠰᠠᠭ᠎ᠤᠨ ᠣᠷᠳᠣᠨ ᠤ ᠨᠠᠰᠤᠲᠠᠶ᠋ᠢᠴᠤᠳ᠎ᠲᠠᠢ ᠬᠠᠷᠢᠯᠴᠠᠬᠤ ᠬᠥᠭᠥᠷᠭᠡ ᠪᠠ ᠬᠣᠯᠪᠣᠭ᠋ᠠᠰᠤ ᠮᠥᠨ᠂ ᠨᠠᠰᠤᠲᠠᠶ᠋ᠢᠴᠤᠳ᠎ᠤᠨ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠠ᠋ᠭᠦᠷᠭᠡ ᠴᠢᠳᠠᠪᠤᠷᠢ ᠵᠢ ᠪᠡᠶᠡᠯᠡᠬᠦᠯᠬᠦ ᠰᠠᠢ᠍ᠢ᠍ᠨ ᠬᠠᠪᠰᠤᠷᠤᠭᠴᠢ ᠶᠤᠮ᠃ ᠡᠯ᠎ᠡ ᠱᠠᠲᠤᠨ᠎ᠤ ᠨᠠᠰᠤᠲᠠᠶ᠋ᠢᠴᠤᠳ᠎ᠤᠨ ᠲᠠᠮᠢᠷ᠎ᠤᠨ ᠡᠪᠯᠡᠯ (ᠨᠡᠶ᠋ᠢᠭᠡᠮᠯᠢᠭ) ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠠᠵᠢᠯ᠎ᠤᠨ ᠪᠠᠶ᠋ᠢᠭᠤᠯᠤᠮᠵᠢ᠎ᠪᠠᠨ ᠪᠥᠷᠢᠨᠰᠢᠬᠥᠯᠵᠤ᠂ ᠨᠠᠰᠤᠨ᠎ᠤ ᠠᠮᠠᠷᠠᠯᠲᠠ᠎ᠪᠠᠨ ᠠᠪᠤᠭᠰᠠᠨ (ᠲᠤᠰᠢᠶᠠᠯ᠎ᠠᠴᠠ ᠰᠠᠯᠵᠤ ᠠᠮᠠᠷᠠᠭᠰᠠᠨ) ᠤᠳᠤᠷᠢᠳᠬᠤ ᠺᠠᠳ᠋ᠷ᠎ᠤᠨ ᠨᠠᠰᠤᠲᠠᠶ᠋ᠢᠴᠤᠳ᠎ᠤᠨ ᠲᠠᠮᠢᠷ᠎ᠤᠨ ᠡᠪᠯᠡᠯ (ᠨᠡᠶ᠋ᠢᠭᠡᠮᠯᠢᠭ) ᠳᠤ ᠲᠤᠰᠢᠶᠠᠯ ᠬᠠᠪᠰᠤᠷᠭ᠋ᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠪᠡᠶ᠎ᠡ ᠵᠢᠨ ᠲᠠᠮᠢᠷ᠎ᠤᠨ ᠠᠵᠢᠯ᠎ᠢ ᠰᠠᠢ᠍ᠢ᠍ᠨ ᠮᠡᠳᠡᠳᠡᠭ᠂ ᠵᠣᠬᠢᠶᠠᠨ ᠪᠠᠶ᠋ᠢᠭᠤᠯᠬᠤ ᠵᠣᠬᠢᠴᠠᠭᠤᠯᠬᠤ ᠴᠢᠳᠠᠪᠤᠷᠢ ᠨᠡᠯᠢᠶᠡᠳ ᠴᠢᠩᠭ᠎ᠠ ᠬᠥᠮᠦᠰ᠎ᠢ ᠤᠷᠢᠨ᠂ ᠠ᠋ᠳᠦᠷ ᠲᠤᠳᠤᠮ᠎ᠤᠨ ᠠᠵᠢᠯ᠎ᠢ ᠬᠢᠯᠭᠡᠵᠦ᠂ ᠨᠠᠰᠤᠲᠠᠶ᠋ᠢᠴᠤᠳ᠎ᠤᠨ ᠲᠠᠮᠢᠷ ᠤᠨ ᠡᠪᠯᠡᠯ (ᠨᠡᠶ᠋ᠢᠭᠡᠮᠯᠢᠭ) ᠤᠨ 《ᠥᠪᠡᠷ᠎ᠢ᠎ᠪᠠᠨ ᠬᠥᠭᠵᠢᠭᠦᠯᠵᠦ᠂ ᠥᠪᠡᠷ᠎ᠤᠨ ᠬᠠᠮᠢᠶᠠᠷᠤᠯᠲᠠ᠂ ᠥᠪᠡᠷ᠎ᠤᠨ ᠦᠢ᠍ᠯᠡᠴᠢᠯᠡᠭᠡ᠂ ᠪᠡᠶ᠎ᠡ᠎ᠪᠠᠨ ᠪᠠᠷᠢᠬᠤ ᠳᠦᠷᠢᠮᠵᠢᠯ》᠎ᠤᠨ ᠴᠢᠳᠠᠪᠤᠷᠢ ᠵᠢ ᠳᠡᠭᠡᠭᠰᠢᠯᠡᠬᠦᠯᠵᠦ᠂ ᠲᠠᠲᠠᠬᠤ ᠬᠦᠴᠦᠨ᠂ ᠳᠣᠲᠣᠭ᠋ᠠᠳᠤ ᠪᠠᠷᠢᠯᠳᠤᠯ᠎ᠤᠨ ᠬᠦᠴᠦ᠂ ᠢᠮᠠᠭᠲᠠ ᠠᠮᠢᠵᠢᠷᠠᠯ᠎ᠤᠨ ᠬᠦᠴᠦᠨ ᠪᠠ ᠠᠮᠢᠳᠤᠯᠢᠭ ᠬᠦᠴᠦᠨ᠎ᠲᠠᠢ ᠪᠠᠢ᠌ᠬᠤ ᠵᠢ ᠨᠡᠮᠡᠳᠡᠭᠦᠯᠦᠨᠡ᠃
(ᠶᠢᠰᠦ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠢᠮᠠᠭᠲᠠ ᠨᠡᠶ᠋ᠢᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠠᠵᠢᠯ᠂ ᠬᠥᠳᠡᠭᠡ ᠲᠣᠰᠬᠣᠨ᠎ᠤ ᠪᠡᠶ᠎ᠡ ᠵᠢᠨ ᠲᠠᠮᠢᠷ᠎ᠤᠨ ᠠᠵᠢᠯ᠎ᠲᠠᠢ ᠨᠢᠭᠲᠠ ᠤᠶᠠᠯᠳᠤᠵᠤ᠂ ᠬᠠᠷᠢᠯᠴᠠᠨ ᠨᠦᠬᠦᠪᠦᠷᠢᠯᠡᠵᠦ ᠪᠠᠢ᠌ᠳᠠᠭ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠬᠤᠳᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠵᠤ᠂ ᠨᠠᠰᠤᠲᠠᠶ᠋ᠢᠴᠤᠳ ᠪᠣᠯᠤᠨ ᠪᠤᠰᠤᠳ ᠨᠠᠰᠤᠨ᠎ᠤ ᠬᠥᠮᠦᠰ᠎ᠤᠨ ᠪᠡᠶ᠎ᠡ ᠴᠢᠭᠢᠷᠠᠭᠵᠢᠭᠤᠯᠬᠤ᠎ᠳᠤ ᠰᠠᠢ᠌ᠨ ᠰᠠᠢ᠌ᠬᠠᠨ ᠨᠦᠯᠦᠭᠡᠯᠡᠬᠦ ᠦᠢ᠍ᠯᠡᠳᠦᠯ ᠢ ᠪᠠᠳᠠᠷᠠᠭᠤᠯᠬᠤ ᠬᠡᠷᠡᠭᠲᠡᠢ᠂ ᠵᠡᠭᠡᠯᠢ ᠭᠤᠳᠤᠮᠵᠢ ᠵᠢᠨ ᠬᠡᠷᠡᠭ ᠠ᠋ᠷᠬᠢᠯᠡᠬᠦ ᠭᠠᠵᠠᠷ ᠪᠣᠯᠤᠨ ᠰᠤᠮᠤ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ ᠨᠡᠶ᠋ᠢᠭᠡᠮ ᠲᠣᠭᠣᠷᠢᠭ᠂ ᠪᠡᠶ᠎ᠡ ᠵᠢᠨ ᠲᠠᠮᠢᠷ᠎ᠤᠨ ᠠᠵᠢᠯᠯᠠᠭ᠋ᠠᠨ᠎ᠤ ᠲᠥᠪ (ᠦᠷᠳᠡᠭᠡ)᠂ ᠰᠫᠣᠷᠲ᠎ᠤᠨ ᠺᠯᠦ᠋ᠪ᠂ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠶᠡᠷᠦᠩᠬᠡᠶ᠋ᠢᠯᠡᠭᠰᠡᠨ ᠰᠣᠶᠣᠯ᠎ᠤᠨ ᠦᠷᠳᠡᠭᠡ ᠵᠡᠷᠭᠡ ᠳᠤ ᠲᠦᠰᠢᠭᠯᠡᠨ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ᠎ᠳᠤ ᠦᠢ᠍ᠯᠡᠴᠢᠯᠡᠬᠦ ᠦᠨᠳᠦᠰᠦᠨ ᠱᠠᠲᠤᠨ᠎ᠤ ᠰᠣᠶᠣᠯ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢ ᠪᠠᠢ᠌ᠭᠤᠯᠤᠨ᠎ᠠ᠃ ᠵᠡᠭᠡᠯᠢ ᠭᠤᠳᠤᠮᠵᠢ ᠵᠢᠨ ᠬᠡᠷᠡᠭ ᠠ᠋ᠷᠬᠢᠯᠡᠬᠦ ᠭᠠᠵᠠᠷ ᠪᠣᠯᠤᠨ ᠰᠤᠮᠤ ᠪᠠᠯᠭ᠋ᠠᠰᠤᠨ᠎ᠤ ᠵᠠᠰᠠᠭ᠎ᠤᠨ ᠣᠷᠳᠣᠨ᠎ᠨᠢ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠥᠷᠲᠡᠭᠡ ᠴᠢᠬ ᠪᠠ ᠪᠡᠶ᠎ᠡ ᠴᠢᠭᠢᠷᠠᠭᠵᠢᠭᠤᠯᠬᠤ ᠪᠦᠯᠬᠦᠮ ᠨᠡᠶ᠋ᠢᠲᠡ ᠵᠢ ᠳᠠᠩᠰᠠᠯᠠᠬᠤ ᠪᠠ ᠱᠠᠩᠨᠠᠯ ᠵᠶ᠋ᠠᠷ ᠨᠥᠬᠥᠪᠥᠷᠢ ᠵᠢ ᠣᠷᠣᠯᠠᠭᠤᠯᠬᠤ ᠵᠡᠷᠭᠡ ᠬᠡᠯᠪᠡᠷᠢ᠎ᠪᠠᠷ ᠲᠡᠳᠬᠦᠨ ᠳᠡᠮᠵᠢᠬᠦ᠎ᠪᠠᠷ ᠳᠠᠮᠵᠢᠭᠤᠯᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠤᠯᠲᠠ᠂ ᠰᠣᠶᠣᠯ ᠴᠡᠩᠭᠡᠯ᠎ᠤᠨ ᠴᠢᠬᠤᠯᠠ ᠵᠣᠬᠢᠶᠠᠨ ᠪᠠᠶ᠋ᠢᠭᠤᠯᠤᠯᠲᠠ ᠪᠣᠯᠭ᠋ᠠᠬᠤ ᠬᠡᠷᠡᠭᠲᠡᠢ᠃
(ᠠᠷᠪᠠ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠭᠣᠣᠯᠯᠠᠭᠴᠢ ᠬᠦᠴᠦᠨ᠎ᠤ ᠠ᠋ᠩᠨᠡᠭᠡ ᠵᠢ ᠪᠦᠳᠦᠭᠡᠨ ᠪᠠᠶ᠋ᠢᠭᠤᠯᠬᠤ ᠵᠢ ᠴᠢᠨᠭ᠌ᠭ᠋ᠠᠳᠬᠠᠬᠤ ᠬᠡᠷᠡᠭᠲᠡᠶ᠃ ᠲᠥᠯᠥᠪᠯᠡᠭᠡ᠎ᠲᠠᠢ᠂ ᠬᠠᠨᠳᠤᠯᠭ᠋ᠠᠲᠤ ᠴᠢᠨᠠᠷᠲᠠᠢ᠎ᠪᠠᠷ ᠨᠠᠰᠤᠲᠠᠶ᠋ᠢᠴᠤᠳ᠎ᠲᠤ ᠦᠢ᠍ᠯᠡᠴᠢᠯᠡᠬᠦ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠵᠢ ᠪᠣᠯᠪᠠᠰᠤᠷᠠᠭᠤᠯᠬᠤ ᠵᠡᠷᠭᠡ ᠰᠠᠢ᠍ᠢ᠍ᠨ ᠳᠤᠷ᠎ᠠ ᠵᠢᠨ ᠠᠵᠢᠯᠯᠠᠭᠴᠢ ᠵᠢᠨ ᠠ᠋ᠩᠨᠡᠭᠡ ᠵᠢ ᠪᠠᠢ᠌ᠭᠤᠯᠤᠨ᠎ᠠ᠃ ᠦᠵᠡᠯ ᠰᠠᠨᠠᠭ᠎ᠠ ᠶᠣᠰᠣ ᠮᠣᠷᠠᠯ᠎ᠤᠨ ᠬᠡᠪ ᠴᠢᠨᠠᠷ ᠪᠠ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠬᠦᠯᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢ ᠲᠡᠭᠦᠯᠳᠡᠷᠵᠢᠬᠦᠯᠦᠨ᠎ᠡ᠃ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢ᠍ᠯ ᠤᠨ ᠳᠠᠰᠬᠠᠯᠵᠢᠭᠤᠯᠤᠭᠴᠢ᠂ ᠬᠢᠨᠠᠭᠴᠢ ᠵᠢᠨ ᠠ᠋ᠩᠨᠡᠭᠡᠨ᠎ᠤ ᠪᠠᠶ᠋ᠢᠭᠤᠯᠤᠯᠲᠠ ᠵᠢ ᠴᠢᠨᠭ᠌ᠭ᠋ᠠᠳᠬᠠᠵᠤ᠂ ᠨᠥᠬᠥᠴᠡᠯ᠎ᠳᠤ ᠨᠡᠶ᠋ᠢᠴᠡᠬᠦ ᠬᠢᠷᠢ ᠬᠡᠮ᠎ᠤᠨ ᠦᠨᠡᠮᠯᠡᠯ ᠣᠯᠭᠣᠨ᠎ᠠ; ᠨᠠᠰᠤᠲᠠᠶ᠋ᠢᠴᠤᠳ᠎ᠲᠤ ᠦᠢ᠍ᠯᠡᠴᠢᠯᠡᠬᠦ ᠠᠵᠢᠯ ᠮᠡᠷᠭᠡᠵᠢᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠣᠳᠣᠭᠴᠢ ᠵᠡᠷᠭᠡ ᠬᠦᠮᠦᠰ ᠢ ᠬᠥᠮᠦᠵᠢᠭᠦᠯᠵᠦ᠂ ᠵᠡᠭᠡᠯᠢ ᠭᠤᠳᠤᠮᠵᠢ᠂ ᠰᠢᠶᠠᠩ ᠪᠠᠯᠭ᠋ᠠᠰᠤ ᠵᠢᠨ ᠤᠷᠢᠨ ᠬᠡᠷᠡᠭᠯᠡᠵᠤ ᠪᠠᠢ᠌ᠭ᠎ᠠ ᠪᠡᠶ᠎ᠡ ᠵᠢᠨ ᠲᠠᠮᠢᠷ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡᠨ᠎ᠤ ᠠᠵᠢᠯ ᠳᠤ ᠣᠷᠣᠯᠴᠠᠬᠤ ᠵᠢ ᠵᠣᠷᠢᠭᠵᠢᠭᠤᠯᠬᠤ ᠪᠥᠬᠡᠳ ᠪᠤᠰᠤᠳ ᠥᠨᠳᠥᠷ ᠨᠠᠰᠤᠲᠠᠳ᠎ᠳᠤ ᠬᠣᠯᠪᠣᠭᠳᠠᠬᠤ ᠬᠥᠮᠦᠰ᠎ᠲᠠᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃
ᠭᠤᠷᠪᠠ᠂ ᠨᠠᠰᠤᠲᠠᠶ᠋ᠢᠴᠤᠳ᠎ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠢᠨ
ᠪᠡᠯᠡᠳᠬᠡᠮᠵᠢ ᠵᠢᠨ ᠪᠠᠶ᠋ᠢᠭᠤᠯᠤᠯᠲᠠ ᠪᠠ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠶ᠃
(ᠠᠷᠪᠠᠨ ᠨᠢᠭᠡ) ᠪᠡᠶ᠎ᠡ᠎ᠪᠠᠨ ᠪᠣᠯᠪᠠᠰᠤᠷᠠᠭᠤᠯᠬᠤ ᠲᠠᠯᠠᠪᠤᠷ᠎ᠤᠨ ᠲᠤᠨᠤᠭ ᠲᠦᠬᠦᠭᠡᠷᠦᠮᠵᠢ᠎ᠨᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ ᠥᠷᠨᠢᠭᠦᠯᠬᠦ ᠴᠢᠬᠤᠯᠠ ᠨᠥᠬᠥᠴᠡᠯ ᠪᠠ ᠴᠢᠬᠤᠯᠠ ᠪᠠᠲᠤᠯᠠᠭ᠎ᠠ ᠮᠥᠨ᠃ 《ᠤᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢᠨ ᠲᠦᠷᠢᠮ》 ᠢ ᠦᠨᠳᠦᠰᠦᠯᠡᠨ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠳᠤ ᠳᠣᠭᠢᠷᠬᠠᠰᠠᠨ ᠲᠠᠯᠠᠪᠠᠶ ᠵᠢᠨ ᠲᠦᠬᠦᠬᠡᠷᠦᠮᠵᠢ ᠵᠢ ᠪᠡᠶ᠎ᠡ ᠴᠢᠭᠢᠷᠠᠭᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠠᠭᠤᠯᠭ᠎ᠠ ᠪᠣᠯᠭ᠋ᠠᠵᠤ᠂ ᠨᠠᠰᠤᠲᠠᠶ᠋ᠢᠴᠤᠳ᠎ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠢᠨ ᠲᠦᠬᠦᠭᠡᠷᠦᠮᠵᠢ ᠵᠢᠨ ᠵᠢᠷᠤᠭ ᠲᠥᠯᠥᠪᠯᠡᠭᠡ ᠪᠠ ᠪᠠᠷᠢᠯᠭ᠎ᠠ ᠵᠢᠨ ᠵᠢᠷᠤᠮᠵᠢᠯ ᠵᠢᠴᠢ ᠮᠡᠷᠭᠡᠵᠢᠯ᠎ᠤᠨ ᠱᠠᠭ᠋ᠠᠷᠳᠠᠯᠭ᠎ᠠ ᠵᠡᠷᠭᠡ ᠪᠠᠷᠢᠮᠵᠢᠶ᠎ᠠ ᠵᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ; ᠲᠡᠩᠴᠡᠭᠦᠷᠢᠲᠡᠶ ᠲᠤᠬᠢᠷᠠᠭᠤᠯᠤᠯᠲᠠ᠂ ᠬᠡᠪᠴᠢᠶ᠎ᠡ᠎ᠨᠢ ᠲᠣᠬᠢᠷᠠᠮᠵᠢᠲᠠᠶ᠂ ᠴᠢᠳᠠᠪᠬᠢ ᠵᠢ ᠲᠡᠷᠢᠭᠦᠨ᠎ᠳᠤ ᠲᠠᠯᠪᠢᠬᠤ᠂ ᠬᠢᠮᠳᠠ ᠪᠥᠭᠡᠳ ᠬᠡᠷᠡᠭᠴᠡᠭᠡ᠎ᠳᠤ ᠳᠣᠭᠢᠷᠬᠠᠰᠠᠨ᠂ ᠠ᠋ᠨᠧᠷᠭᠢ ᠠᠷᠪᠢᠯᠠᠵᠤ ᠣᠷᠴᠢᠨ ᠠᠬᠤᠶ ᠵᠢ ᠬᠠᠮᠠᠭ᠋ᠠᠯᠠᠬᠤ ᠵᠠᠷᠴᠢᠮ ᠤᠨ ᠶᠤᠰᠤᠭ᠋ᠠᠷ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠬᠥᠭᠵᠢᠯᠲᠡ ᠵᠢᠨ ᠪᠠᠶ᠋ᠢᠳᠠᠯ᠂ ᠨᠠᠰᠤᠲᠠᠶ᠋ᠢᠴᠤᠳ᠎ᠤᠨ ᠲᠣᠭ᠎ᠠ ᠪᠠ ᠲᠠᠷᠬᠠᠴᠠ᠂ ᠭᠠᠵᠠᠷ ᠣᠷᠣᠨ᠎ᠤ ᠣᠨᠴᠠᠯᠢᠭ ᠵᠢᠴᠢ ᠪᠡᠶ᠎ᠡ ᠴᠢᠭᠢᠷᠠᠭᠵᠢᠭᠤᠯᠬᠤ ᠳᠠᠳᠬᠠᠯ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠳᠤ ᠲᠣᠬᠢᠷᠠᠮᠵᠢᠲᠠᠶ ᠲᠠᠯᠠᠪᠤᠷ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠥᠯᠥᠪᠵᠢᠭᠦᠯᠭᠡ᠎ᠳᠤ ᠣᠷᠣᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠪᠤᠰᠤᠳ ᠨᠠᠰᠤᠲᠠᠶ᠋ᠢᠴᠤᠳ᠎ᠲᠤ ᠦᠢ᠍ᠯᠡᠴᠢᠯᠡᠬᠦ ᠲᠠᠯᠠᠪᠠᠶ ᠵᠢᠨ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠲᠤ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃
(ᠠᠷᠪᠠᠨ ᠬᠣᠶᠠᠷ) ᠨᠠᠰᠤᠲᠠᠶ᠋ᠢᠴᠤᠳ᠎ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠢᠨ ᠲᠦᠬᠦᠬᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠦᠷᠭᠡᠳᠬᠡᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠳᠤ ᠲᠣᠬᠢᠷᠠᠮᠵᠢᠲᠠᠶ ᠦᠨᠳᠦᠰᠦᠨ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠲᠥᠰᠦᠪ᠎ᠲᠤ ᠣᠷᠣᠭᠤᠯᠬᠤ ᠪᠠ ᠪᠡᠯᠡ ᠣᠷᠣᠭᠤᠯᠬᠤ ᠲᠥᠯᠥᠪᠯᠡᠭᠡ ᠳᠤ ᠣᠷᠤᠭᠤᠯᠤᠨ᠎ᠠ᠃ ᠲᠥᠪᠯᠡᠷᠡᠭᠦᠯᠦᠨ ᠬᠡᠷᠡᠭᠯᠡᠵᠦ ᠪᠠᠢ᠌ᠭ᠎ᠠ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠎ᠪᠠᠷ ᠪᠡᠶ᠎ᠡ ᠵᠢᠨ ᠲᠠᠮᠢᠷ᠎ᠤᠨ ᠠᠵᠤ ᠦᠢ᠍ᠯᠡᠰ ᠢ ᠳᠡᠮᠵᠢᠬᠦ ᠲᠤᠰᠬᠠᠶ ᠵᠦᠢ᠍ᠯ᠎ᠤᠨ ᠪᠡᠯᠡ ᠮᠥᠩᠭᠥ᠎ᠨᠢ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠭᠦᠢ᠍ᠴᠡᠳ ᠪᠣᠳᠣᠯᠬᠢᠯᠠᠬᠤ ᠬᠡᠷᠡᠭᠲᠡᠶ᠂ ᠲᠡᠷᠡᠴᠢᠯᠡᠨ ᠠᠵᠤ ᠠᠬᠤᠶ ᠵᠢᠨ ᠬᠥᠭᠵᠢᠯ ᠵᠶ᠋ᠡᠷ ᠪᠠᠷᠤᠭᠲᠠᠶ ᠭᠠᠵᠠᠷ ᠣᠷᠣᠨ᠎ᠢ ᠳᠡᠮᠵᠢᠬᠦ ᠠ᠋ᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠶ; ᠬᠤᠨᠵᠢᠪᠤᠷᠢᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠬᠡᠷᠡᠭᠯᠡᠬᠦ ᠪᠦᠳᠦᠭᠡᠨ ᠪᠠᠶ᠋ᠢᠭᠤᠯᠤᠯᠲᠠ ᠵᠢᠨ 《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ》 ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠴᠢᠳᠠᠪᠬᠢ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠠᠰᠤᠲᠠᠶ᠋ᠢᠴᠤᠳ᠎ᠤᠨ ᠪᠠᠬᠠᠷᠬᠠᠯ᠎ᠢ ᠲᠠᠲᠠᠭᠰᠠᠨ᠂ ᠥᠷᠭᠡᠨ ᠬᠡᠷᠡᠭᠴᠡᠭᠡ᠎ᠲᠠᠢ᠂ ᠳᠥᠭᠥᠮ ᠳᠥᠲᠡ ᠪᠥᠭᠡᠳ ᠪᠣᠳᠠᠲᠤ ᠬᠡᠷᠡᠭᠴᠡᠭᠡ᠎ᠲᠠᠢ᠂ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ᠎ᠪᠠᠷ ᠢᠯᠡᠷᠬᠡᠶ ᠪᠡᠶ᠎ᠡ ᠵᠢᠨ ᠲᠠᠮᠢᠷ᠎ᠤᠨ ᠪᠠᠭ᠋ᠠᠵᠢ ᠬᠡᠷᠡᠭᠰᠡᠯ ᠢ ᠲᠤᠬᠢᠷᠠᠭᠤᠯᠬᠤ ᠬᠡᠷᠡᠭᠲᠡᠢ; ᠣᠲᠣ ᠵᠢᠨ ᠪᠠᠶ᠋ᠢᠭ᠎ᠠ ᠣᠯᠠᠨ ᠨᠡᠶ᠋ᠢᠲᠡ ᠵᠢᠨ ᠲᠦᠬᠦᠬᠡᠷᠦᠮᠵᠢ ᠵᠢ ᠭᠦᠢ᠍ᠴᠡᠳ ᠠᠰᠢᠭᠯᠠᠵᠤ᠂ ᠴᠡᠴᠡᠷᠯᠢᠭ᠂ ᠲᠡᠯᠡᠪᠡᠢ᠂ ᠨᠣᠭᠣᠭ᠋ᠠᠨ ᠬᠥᠷᠥᠰᠥ ᠪᠣᠯᠤᠨ ᠬᠣᠲᠠ ᠵᠢᠨ ᠬᠣᠭᠣᠰᠣᠨ ᠲᠠᠯᠠᠪᠤᠷ ᠭᠠᠵᠠᠷ ᠵᠡᠷᠭᠡ᠎ᠳᠤ ᠨᠠᠰᠤᠲᠠᠶ᠋ᠢᠴᠤᠳ᠎ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠢᠨ ᠲᠦᠬᠦᠬᠡᠷᠦᠮᠵᠢ ᠵᠢ ᠲᠠᠭ᠋ᠠᠷᠠᠭᠤᠯᠬᠤ ᠬᠡᠷᠡᠭᠲᠡᠢ᠂ ᠨᠠᠰᠤᠲᠠᠶ᠋ᠢᠴᠤᠳ᠎ᠲᠤ ᠲᠠᠯᠠᠪᠠᠶ ᠵᠢᠨ ᠪᠥᠵᠢᠭ᠎ᠤᠨ ᠠᠵᠢᠯᠯᠠᠭ᠎ᠠ ᠵᠢᠨ ᠲᠠᠯᠠᠪᠤᠷ ᠭᠠᠵᠠᠷ ᠢ ᠬᠠᠨᠭ᠌ᠭ᠋ᠠᠵᠤ᠂ ᠴᠠᠬᠢᠯᠭ᠋ᠠᠨ᠂ ᠰᠥᠨᠢ ᠵᠢᠨ ᠭᠡᠷᠡᠯᠲᠦᠭᠦᠯᠭᠡ ᠵᠢᠨ ᠳ᠋ᠧᠩ ᠵᠡᠷᠭᠡ ᠰᠠᠭᠤᠷᠢ ᠲᠥᠬᠥᠭᠡᠷᠦᠮᠵᠢ ᠵᠢ ᠢᠵᠢ ᠪᠦᠷᠢᠳᠦᠭᠦᠯᠵᠦ᠂ ᠨᠥᠬᠥᠴᠡᠯ᠎ᠲᠠᠢ ᠪᠣᠯ ᠰᠢᠯᠵᠢᠮᠡᠯ ᠲᠡᠭᠤᠠ ᠬᠠᠶ᠋ᠢᠷᠴᠠᠭ ᠵᠡᠷᠭᠡ ᠪᠠᠭ᠋ᠠᠵᠢ ᠬᠡᠷᠡᠭᠰᠡᠯ ᠲᠤᠨᠤᠭ ᠲᠥᠬᠥᠭᠡᠷᠦᠮᠵᠢ ᠵᠢ ᠲᠠᠭ᠋ᠠᠷᠠᠭᠤᠯᠤᠭᠰᠠᠨ ᠪᠠᠢ᠌ᠬᠤ; ᠦᠯᠡᠳᠡᠭᠡᠯ ᠠ᠋ᠬᠢ ᠪᠠᠶᠠᠯᠢᠭ᠎ᠢ ᠬᠡᠷᠡᠭᠲᠡᠶ᠂ ᠬᠠᠭᠤᠴᠢᠨ ᠦᠢ᠍ᠯᠡᠳᠪᠦᠷᠢ ᠵᠢᠨ ᠬᠡᠷ ᠪᠠᠶ᠋ᠢᠰᠢᠩ᠂ ᠬᠥᠮᠥᠷᠭᠡ᠂ ᠬᠠᠭᠤᠴᠢᠨ ᠬᠤᠳᠠᠯᠳᠤᠭ᠋ᠠᠨ᠎ᠤ ᠲᠦᠬᠦᠬᠡᠷᠦᠮᠵᠢ ᠵᠡᠷᠭᠡ ᠵᠢ ᠦᠭᠡᠷᠡᠴᠢᠯᠡᠨ ᠪᠠᠢ᠌ᠭᠤᠯᠵᠤ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ᠎ᠳᠤ ᠭᠡᠷᠡᠭᠯᠡᠬᠦ ᠬᠡᠷᠡᠭᠲᠡᠢ᠂ ᠤᠳᠤ ᠪᠠᠶ᠋ᠢᠭ᠎ᠠ ᠤᠯᠠᠨ ᠨᠡᠶ᠋ᠢᠲᠡ ᠵᠢᠨ ᠪᠡᠶ᠎ᠡ᠎ᠪᠠᠨ ᠪᠣᠯᠪᠠᠰᠤᠷᠠᠭᠤᠯᠬᠤ ᠲᠠᠯᠠᠪᠤᠷ᠎ᠤᠨ ᠲᠦᠬᠦᠬᠡᠷᠦᠮᠵᠢ ᠵᠢᠨ ᠬᠠᠷᠰᠢ ᠰᠠᠭ᠋ᠠᠳ ᠦᠭᠡᠢ ᠪᠤᠶᠤ ᠨᠠᠰᠤᠲᠠᠳ᠎ᠲᠤ ᠳᠣᠭᠢᠷᠠᠬᠤ ᠬᠡᠮᠵᠢᠶ᠎ᠡ᠎ᠪᠠᠷ ᠬᠢᠵᠦ ᠦᠬᠡᠷᠡᠴᠢᠯᠡᠨ᠂ ᠨᠥᠬᠥᠴᠡᠯ᠎ᠲᠠᠢ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠶᠡᠷᠦᠩᠬᠡᠶ᠋ᠢᠯᠡᠭᠰᠡᠨ ᠰᠣᠶᠣᠯ᠎ᠤᠨ ᠦᠷᠲᠡᠭᠡ᠎ᠨᠢ ᠭᠡᠷ᠎ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠪᠠᠶ᠋ᠢᠭᠤᠯᠵᠤ᠂ ᠨᠠᠰᠤᠲᠠᠶ᠋ᠢᠴᠤᠳ᠎ᠲᠤ ᠳᠣᠭᠢᠷᠬᠠᠰᠠᠨ ᠪᠡᠶ᠎ᠡ ᠲᠠᠮᠢᠷ᠎ᠤᠨ ᠬᠥᠳᠡᠯᠭᠡᠭᠡᠨ ᠬᠢᠬᠦ ᠳᠤ ᠲᠤᠬᠢᠷᠠᠬᠤ ᠪᠠᠭ᠋ᠠᠵᠢ ᠬᠡᠷᠡᠭᠰᠡᠯ ᠪᠠ ᠲᠣᠨᠤᠭ ᠲᠥᠬᠥᠭᠡᠷᠦᠮᠵᠢ᠎ᠲᠠᠢ ᠪᠠᠶ᠋ᠢᠬᠤ; ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠬᠠᠨᠳᠢᠪᠯᠠᠬᠤ ᠪᠠ ᠳᠡᠮᠵᠢᠯᠭᠡ ᠦᠵᠡᠭᠦᠯᠬᠦ ᠵᠢ ᠬᠥᠬᠢᠭᠦᠯᠵᠦ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ PPP ᠵᠠᠭᠪᠤᠷ ᠤᠨ ᠬᠡᠯᠪᠡᠷᠢ᠎ᠪᠠᠷ᠂ ᠨᠠᠰᠤᠲᠠᠶ᠋ᠢᠴᠤᠳ᠎ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠢᠨ ᠲᠦᠬᠦᠭᠡᠷᠦᠮᠵᠢ ᠵᠢᠨ ᠢᠳᠡᠪᠬᠢᠲᠡᠶ᠎ᠪᠠᠷ ᠠ᠋ᠷᠬᠢᠯᠡᠬᠦ ᠵᠢ ᠳᠡᠮᠵᠢᠬᠦ ᠬᠡᠷᠡᠭᠲᠡᠶ᠃
(ᠠᠷᠪᠠᠨ ᠭᠤᠷᠪᠠ) ᠠ᠋ᠳ᠋᠎ᠤᠨ ᠵᠠᠰᠠᠭ᠎ᠤᠨ ᠨᠥᠬᠥᠪᠥᠷᠢ᠂ ᠵᠠᠰᠠᠭ᠎ᠤᠨ ᠣᠷᠳᠣᠨ ᠤ ᠬᠤᠳᠠᠯᠳᠤᠨ ᠠᠪᠬᠤ ᠦᠢ᠍ᠯᠡᠴᠢᠯᠡᠬᠡ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠯᠠᠨ ᠨᠡᠶ᠋ᠢᠲᠡ ᠵᠢᠨ ᠳᠡᠮᠵᠢᠯᠭᠡ ᠪᠠ ᠠᠷᠠᠳ᠎ᠠᠴᠠ ᠠ᠋ᠷᠬᠢᠯᠡᠭᠰᠡᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠥᠬᠥᠭᠡᠷᠦᠮᠵᠢ ᠵᠢ ᠰᠦᠢ᠍ᠳᠬᠡᠯ ᠬᠤᠷᠢᠶᠠᠬᠤ ᠦᠭᠡᠢ᠎ᠪᠠᠷ ᠪᠤᠶᠤ ᠪᠠᠭ᠎ᠠ ᠰᠦᠶᠳᠬᠡᠯ ᠬᠤᠷᠢᠶᠠᠵᠤ ᠪᠠᠶ᠋ᠢᠭ᠋ᠠᠳ ᠨᠠᠰᠤᠲᠠᠶ᠋ᠢᠴᠤᠳ᠎ᠲᠤ ᠨᠡᠭᠡᠭᠡᠬᠦ ᠵᠢᠨ ᠬᠠᠮᠲᠤ ᠡᠵᠡᠩᠨᠡᠯᠲᠡ ᠬᠠᠮᠢᠶᠠᠷᠤᠯᠲᠠ ᠪᠠ ᠦᠢ᠍ᠯᠡᠴᠢᠯᠡᠬᠡ ᠵᠢᠨ ᠪᠠᠷᠢᠮᠵᠢᠶᠠᠲᠤ ᠰᠢᠰᠲᠸᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢ᠍ᠯᠡᠴᠢᠯᠡᠬᠡᠨ᠎ᠤ ᠲᠥᠷᠥᠯ ᠵᠦᠶᠯ ᠪᠠ ᠦᠢ᠍ᠯᠡᠴᠢᠯᠡᠬᠡᠨ᠎ᠤ ᠶᠠᠪᠤᠴᠠ ᠵᠢ ᠵᠢᠷᠤᠮᠵᠢᠭᠤᠯᠵᠤ᠂ ᠦᠢ᠍ᠯᠡᠴᠢᠯᠡᠬᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ ᠪᠥᠭᠡᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠨᠠᠰᠤᠲᠠᠶ᠋ᠢᠴᠤᠳ᠎ᠲᠤ ᠳᠣᠭᠢᠷᠠᠭᠰᠠᠨ ᠪᠡᠶ᠎ᠡ ᠴᠢᠭᠢᠷᠠᠭᠵᠢᠭᠤᠯᠬᠤ ᠳᠤ ᠲᠤᠬᠢᠷᠠᠮᠵᠢᠲᠠᠢ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠲᠠᠯᠠᠪᠠᠶ ᠵᠢᠨ ᠲᠥᠬᠥᠭᠡᠷᠦᠮᠵᠢ ᠵᠢᠨ ᠵᠠᠷᠤᠳᠠᠯ ᠰᠦᠢ᠍ᠳᠬᠡᠯ᠎ᠢ ᠬᠠᠰᠤᠵᠤ ᠬᠡᠯᠳᠦᠷᠢᠬᠦᠯᠦᠨ᠎ᠡ; ᠠ᠋ᠬᠢ ᠪᠠᠶᠠᠯᠢᠭ᠎ᠢ ᠠ᠋ᠮᠬᠢᠯᠡᠨ ᠨᠡᠶ᠋ᠢᠯᠡᠭᠦᠯᠵᠦ᠂ ᠨᠡᠶ᠋ᠢᠭᠡᠮ ᠲᠣᠭᠣᠷᠢᠭ᠎ᠤᠨ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠠᠶ ᠭᠠᠵᠠᠷ᠎ᠤᠨ ᠲᠦᠬᠦᠬᠡᠷᠦᠮᠵᠢ ᠪᠣᠯᠤᠨ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠬᠡᠨ᠎ᠤ ᠲᠦᠬᠦᠬᠡᠷᠦᠮᠵᠢ ᠪᠣᠯᠤᠨ ᠨᠡᠶ᠋ᠢᠭᠡᠮ ᠲᠣᠭᠣᠷᠢᠭ᠎ᠤᠨ ᠠ᠋ᠷᠡᠭᠦᠯ ᠬᠠᠮᠠᠭ᠋ᠠᠯᠠᠯ᠂ ᠰᠣᠶᠣᠯ᠂ ᠨᠠᠰᠤᠵᠢᠯ ᠵᠡᠷᠭᠡ ᠨᠡᠶ᠋ᠢᠭᠡᠮ ᠲᠣᠭᠣᠷᠢᠭ᠎ᠤᠨ ᠲᠤᠰᠬᠠᠶ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠴᠢᠳᠠᠮᠵᠢ ᠵᠢ ᠤᠶᠠᠯᠳᠤᠭᠤᠯᠬᠤ᠂ ᠬᠡᠷᠡᠭᠯᠡᠬᠦ ᠨᠣᠷᠮ᠎ᠠ ᠵᠢ ᠳᠡᠭᠡᠭᠰᠢᠯᠡᠬᠦᠯᠵᠦ᠂ ᠶᠡᠷᠦᠩᠬᠡᠶ᠋ᠢᠯᠡᠭᠰᠡᠨ ᠦᠷ᠎ᠡ ᠠᠰᠢᠭ᠎ᠢ ᠪᠠᠳᠠᠷᠠᠭᠤᠯᠤᠨ᠎ᠠ᠃ ᠠᠯᠪᠠᠨ ᠪᠠᠶ᠋ᠢᠭᠤᠯᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠨᠡᠶ᠋ᠢᠭᠡᠮ᠎ᠤᠨ ᠪᠦᠯᠬᠦᠮ᠎ᠤᠨ ᠳᠣᠲᠣᠭ᠋ᠠᠳᠤ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠦᠬᠦᠬᠡᠷᠦᠮᠵᠢ᠎ᠨᠢ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠲᠦᠭᠦᠮ ᠦᠵᠡᠭᠦᠯᠬᠦ ᠪᠠ ᠦᠢ᠍ᠯᠡᠴᠢᠯᠡᠭᠡ ᠬᠠᠩᠭ᠋ᠠᠬᠤ ᠬᠡᠷᠡᠭᠲᠡᠶ᠃ ᠴᠡᠴᠡᠷᠯᠢᠭ᠂ ᠲᠡᠯᠡᠪᠡᠢ᠂ ᠨᠣᠭᠣᠭ᠋ᠠᠨ ᠭᠠᠵᠠᠷ ᠵᠡᠷᠭᠡ ᠤᠯᠠᠨ ᠨᠡᠶ᠋ᠢᠲᠡ ᠵᠢᠨ ᠲᠠᠯᠠᠪᠤᠷ᠎ᠨᠢ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠥᠷᠲᠡᠭᠡ ᠴᠢᠬ ᠪᠠ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠦᠯᠬᠦᠮ ᠨᠡᠶ᠋ᠢᠲᠡ ᠵᠢᠨ ᠠᠵᠢᠯᠯᠠᠭ᠎ᠠ ᠥᠷᠨᠢᠭᠦᠯᠬᠦ ᠳᠤ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ᠃ ᠨᠢᠭᠡᠨᠲᠡ ᠪᠠᠶ᠋ᠢᠭ᠎ᠠ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠲᠠᠯᠠᠪᠤᠷ ᠲᠥᠬᠥᠭᠡᠷᠦᠮᠵᠢ ᠵᠢᠨ ᠬᠡᠷᠡᠭᠯᠡᠯᠲᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠢ᠂ ᠲᠤᠬᠠᠶ ᠬᠠᠮᠢᠶᠠᠷᠤᠯᠲᠠ᠂ ᠬᠠᠮᠠᠭ᠋ᠠᠯᠠᠯᠲᠠ᠎ᠪᠠᠨ ᠴᠢᠨᠭ᠌ᠭ᠋ᠠᠳᠬᠠᠵᠤ᠂ ᠪᠦᠷᠢᠨ ᠪᠦᠲᠦᠨ ᠪᠠᠶ᠋ᠢᠬᠤ ᠵᠢ ᠦᠨᠡᠨ ᠬᠦ᠌ ᠪᠠᠲᠤᠯᠠᠵᠤ᠂ ᠴᠢᠳᠠᠮᠵᠢ ᠪᠦᠷᠢᠨ᠂ ᠬᠡᠷᠡᠭᠯᠡᠬᠦ᠎ᠳᠤ ᠠᠮᠤᠷ ᠲᠦᠪᠰᠢᠨ᠂ ᠡᠵᠡᠯᠡᠭᠳᠡᠭᠰᠡᠨ ᠤᠢ᠍ᠭᠡᠢ᠂ ᠡᠪᠳᠡᠭᠳᠡᠭᠰᠡᠨ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃
ᠲᠦᠷᠪᠡ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ
ᠥᠷᠭᠡᠨ ᠵᠶ᠋ᠡᠷ ᠦᠷᠨᠢᠬᠦᠯᠬᠦ ᠭᠡᠷᠡᠭᠲᠡᠢ᠃
(ᠠᠷᠪᠠᠨ ᠳᠥᠷᠪᠡ) ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠨᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ᠎ᠨᠤᠭᠤᠳ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠ᠋ᠳᠦᠷ᠂ ᠪᠠᠶᠠᠷ ᠳᠤᠷᠠᠰᠬᠠᠯ ᠠᠮᠠᠷᠠᠯᠲᠠ ᠵᠢᠨ ᠠ᠋ᠳᠦᠷ᠂ ᠳᠤᠷᠠᠰᠬᠠᠯ᠎ᠤᠨ ᠠ᠋ᠳᠦᠷ᠂ ᠪᠠᠶᠠᠷ ᠳᠤᠷᠠᠰᠬᠠᠯ᠎ᠤᠨ ᠠ᠋ᠳᠦᠷ ᠢ ᠠᠰᠢᠭᠯᠠᠨ 《ᠦᠷᠭᠦᠯᠵᠢ ᠰᠠᠶ᠋ᠢᠨ ᠳᠤᠷ᠎ᠠ᠎ᠠᠴᠠ᠎ᠪᠠᠨ᠂ ᠢᠳᠡᠪᠬᠢᠲᠡᠢ ᠣᠷᠣᠯᠴᠠᠵᠤ᠂ ᠲᠤᠰ ᠭᠠᠵᠠᠷ᠎ᠲᠤᠨᠢ ᠪᠤᠶᠤ ᠣᠶ᠋ᠢᠷᠠᠯᠴᠠᠭ᠎ᠠ ᠭᠠᠵᠠᠷ᠎ᠲᠤᠨᠢ᠂ ᠪᠠᠭ᠎ᠠ ᠬᠡᠯᠪᠡᠷᠢ ᠵᠢᠨ ᠣᠯᠠᠨ ᠶᠠᠩᠵᠤ ᠵᠢᠨ᠂ ᠲᠠᠮᠢᠷ ᠰᠣᠶᠣᠯ ᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨᠴᠢ ᠪᠣᠯᠪᠠᠰᠤᠨ ᠠ᠋ᠷᠡᠭᠦᠯ ᠮᠡᠨᠳᠤ᠎ᠳᠤ ᠲᠤᠰᠠᠲᠠᠶ》 ᠵᠠᠷᠴᠢᠮ᠎ᠤᠨ ᠶᠣᠰᠣᠭ᠋ᠠᠷ᠂ ᠴᠠᠭ᠂ ᠬᠥᠮᠦᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠨᠠᠰᠤᠲᠠᠶ᠋ᠢᠴᠤᠳ᠎ᠢ ᠲᠠᠢ᠍ᠢ᠍ᠴᠢᠯᠠᠨ ᠵᠣᠬᠢᠶᠠᠨ ᠪᠠᠶ᠋ᠢᠭᠤᠯᠤᠨ ᠠ᠋ᠷᠭᠢᠯᠡᠭᠰᠡᠨ ᠨᠡᠶ᠋ᠢᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠬᠡᠷ ᠪᠦᠯᠢ ᠵᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠰᠠᠭᠤᠭ᠋ᠠᠯᠢ ᠲᠤᠭᠤᠷᠢᠭ ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠠᠵᠢᠯᠯᠠᠭ᠎ᠠ ᠵᠢ ᠦᠷᠨᠢᠬᠦᠯᠬᠦ ᠵᠢ ᠳᠡᠮᠵᠢᠨ ᠵᠢᠯᠤᠭᠤᠳᠴᠤ᠂ ᠪᠡᠶ᠎ᠡ ᠵᠢᠨ ᠲᠠᠮᠢᠷ᠎ᠤᠨ ᠲᠣᠭᠯᠠᠯᠲᠠ ᠰᠣᠯᠢᠯᠴᠠᠭ᠎ᠠ᠎ᠪᠠᠷ ᠳᠠᠮᠵᠢᠨ᠂ ᠤᠷᠤᠯᠴᠠᠭ᠎ᠠ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠎ᠤᠨ ᠰᠢᠨᠵᠢ᠂ ᠰᠤᠨᠢᠷᠬᠠᠯᠳᠦ ᠴᠢᠨᠠᠷ ᠪᠠ ᠣᠯᠠᠨ ᠶᠠᠩᠵᠤᠲᠤ ᠴᠢᠨᠠᠷ ᠢ ᠲᠣᠪᠣᠢ᠌ᠯᠭ᠋ᠠᠵᠤ᠂ ᠲᠡᠰᠦᠷᠡᠯᠳᠠ ᠤᠢ᠍ᠭᠡᠢ ᠰᠢᠨ᠎ᠡ᠎ᠪᠠᠷ ᠡᠭᠦᠳᠬᠦ ᠠᠷᠭ᠎ᠠ ᠮᠠᠶᠢᠭ ᠵᠶ᠋ᠠᠷ᠂ ᠣᠷᠣᠨ ᠨᠤᠲᠤᠭ᠎ᠤᠨ ᠣᠨᠴᠠᠯᠢᠭ᠎ᠲᠠᠢ ᠨᠠᠰᠤᠲᠠᠢ᠌ᠴᠤᠳ ᠤᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠋ᠠᠨ᠎ᠢ ᠪᠣᠶ ᠪᠣᠯᠭ᠋ᠠᠵᠤ᠂ ᠨᠠᠰᠤᠲᠠᠶ᠋ᠢᠴᠤᠳ᠎ᠤᠨ ᠨᠢᠭᠡ ᠵᠦᠢ᠍ᠯ᠎ᠤᠨ ᠠᠵᠢᠯᠯᠠᠭ᠋ᠠᠨ᠎ᠢ ᠰᠣᠨᠭ᠌ᠭᠣᠵᠤ᠂ ᠨᠢᠭᠡ ᠪᠦᠯᠬᠦᠮ ᠨᠡᠶ᠋ᠢᠲᠡ᠎ᠳᠤ ᠣᠷᠤᠯᠴᠠᠨ᠂ ᠨᠢᠭᠡ ᠵᠦᠢ᠍ᠯ᠎ᠤᠨ ᠴᠡᠩᠭᠡᠯ ᠪᠠᠶᠠᠰᠤᠯ᠎ᠢ ᠬᠦᠷᠲᠡᠨ᠂ ᠨᠢᠭᠡᠨ ᠠ᠋ᠷᠡᠭᠦᠯ ᠲᠡᠩᠬᠡᠯᠡᠭᠦᠨ ᠪᠡᠶ᠎ᠡ ᠮᠠᠬᠠᠪᠣᠳ᠎ᠲᠠᠢ ᠪᠣᠯᠬᠤ ᠵᠢ ᠬᠥᠲᠥᠯᠥᠨ ᠵᠢᠯᠣᠭᠣᠳᠴᠤ᠂ ᠨᠠᠰᠤᠲᠠᠶ᠋ᠢᠴᠤᠳ᠎ᠤᠨ ᠪᠠᠶ᠋ᠢᠩᠭᠤ ᠵᠢᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ ᠥᠷᠭᠡᠨ ᠳᠡᠯᠭᠡᠷ ᠭᠦᠨ ᠭᠦᠨᠵᠡᠭᠡᠶ ᠦᠷᠨᠢᠬᠦᠯᠬᠦ ᠵᠢ ᠠᠬᠢᠭᠤᠯᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ ᠬᠡᠪᠰᠢᠭᠦᠯᠬᠦ ᠵᠢ ᠪᠡᠶᠡᠯᠡᠭᠦᠯᠦᠨ᠎ᠡ᠃
(ᠠᠷᠪᠠᠨ ᠲᠠᠪᠤ) ᠨᠠᠰᠤᠲᠠᠢ᠌ᠴᠤᠳ ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠵᠦᠢ᠍ᠯᠡᠰ᠎ᠤᠨ ᠠᠵᠢᠯᠯᠠᠭ᠎ᠠ ᠵᠢ ᠢᠳᠡᠪᠬᠢᠲᠡᠶ ᠦᠷᠨᠢᠭᠦᠯᠬᠦ ᠳᠤ ᠦᠢ᠍ᠯᠡᠴᠢᠯᠡᠬᠡᠨ ᠤ ᠪᠠᠲᠤᠯᠠᠭ᠎ᠠ ᠬᠠᠨᠭ᠌ᠭ᠋ᠠᠵᠤ᠂ ᠵᠠᠬ᠎ᠠ ᠳᠡᠯᠭᠡᠭᠦᠷ᠎ᠤᠨ ᠪᠠᠢ᠌ᠭᠤᠯᠤᠮᠵᠢ᠎ᠪᠠᠷ ᠳᠠᠮᠵᠢᠭᠤᠯᠤᠨ᠂ ᠨᠡᠶ᠋ᠢᠭᠡᠮ᠎ᠤᠨ ᠬᠦᠴᠦᠨ᠎ᠢ ᠲᠠᠲᠠᠵᠤ ᠤᠷᠤᠯᠳᠤᠭ᠋ᠠᠨ᠎ᠢ ᠳᠠᠭ᠋ᠠᠭ᠋ᠠᠨ ᠠ᠋ᠷᠭᠢᠯᠡᠭᠦᠯᠦᠨᠡ; ᠪᠦᠬᠦ ᠤᠯᠤᠰ ᠤᠨ ᠴᠢᠨᠠᠷᠲᠠᠢ ᠪᠠ ᠣᠷᠣᠨ ᠪᠦᠰᠡ ᠵᠢᠨ ᠴᠢᠨᠠᠷᠲᠠᠶ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ ᠲᠣᠭᠲᠠᠮᠠᠯ ᠦᠷᠨᠢᠬᠦᠯᠵᠤ᠂ ᠤᠯᠠᠮᠵᠢᠯᠠᠯ ᠪᠠ ᠲᠦᠷᠢᠮ᠎ᠢ ᠠᠯᠬᠤᠮ ᠠᠯᠬᠤᠮ ᠵᠶ᠋ᠠᠷ ᠪᠣᠯᠭ᠋ᠠᠵᠤ᠂ ᠦᠯᠢᠭᠡᠷ ᠵᠢᠱ᠌ᠢᠶ᠎ᠡ ᠦᠵᠡᠭᠦᠯᠬᠦ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠪᠣᠢ ᠪᠣᠯᠭ᠋ᠠᠬᠤ ᠬᠡᠷᠡᠭᠲᠡᠶ; ᠨᠠᠰᠤᠲᠠᠶ᠋ᠢᠴᠤᠳ᠎ᠤᠨ ᠡᠷᠡᠬᠦᠯ᠂ ᠪᠣᠯᠪᠠᠰᠤᠨ᠂ ᠠ᠋ᠮᠬᠢ ᠳᠢᠭᠯᠢᠮ᠎ᠲᠠᠢ᠎ᠪᠠᠷ ᠲᠠᠯᠠᠪᠠᠶ ᠵᠢᠨ ᠪᠥᠵᠢᠭ᠎ᠤᠨ ᠠᠵᠢᠯᠯᠠᠭ᠎ᠠ ᠦᠷᠨᠢᠭᠦᠯᠬᠦ ᠵᠢ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ᠂ ᠲᠠᠯᠠᠪᠠᠶ ᠵᠢᠨ ᠪᠥᠵᠢᠭ ᠢ ᠰᠣᠶᠣᠯ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠨ ᠴᠢᠬᠤᠯᠠ ᠠᠵᠢᠯ᠎ᠤᠨ ᠠᠭᠤᠯᠭ᠎ᠠ᠎ᠳᠤ ᠣᠷᠣᠭᠤᠯᠵᠤ᠂ ᠬᠡᠰᠡᠭ ᠬᠤᠪᠢᠶᠠᠨ ᠵᠢᠯᠣᠭᠣᠳᠬᠤ᠂ ᠬᠣᠯᠪᠣᠭ᠋ᠠᠯᠠᠵᠤ ᠬᠠᠪᠰᠤᠷᠤᠨ ᠲᠡᠳᠬᠦᠬᠦ᠂ ᠨᠡᠶ᠋ᠢᠲᠡ ᠵᠢᠨ ᠠᠰᠠᠷᠠᠮᠵᠢ ᠵᠢᠨ ᠪᠣᠯᠪᠠᠰᠤᠷᠠᠯ᠂ ᠳᠡᠯᠭᠡᠨ ᠦᠵᠡᠭᠦᠯᠦᠯᠭᠡ ᠵᠢᠨ ᠲᠣᠭᠯᠠᠯᠲᠠ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ᠂ ᠨᠠᠰᠤᠲᠠᠶ᠋ᠢᠴᠤᠳ᠎ᠤᠨ ᠲᠠᠯᠠᠪᠠᠶ ᠵᠢᠨ ᠪᠥᠵᠢᠭ᠎ᠤᠨ ᠠᠵᠢᠯᠯᠠᠭ᠎ᠠ ᠵᠢᠨ ᠠᠷᠭ᠎ᠠ ᠬᠡᠯᠪᠡᠷᠢ ᠵᠢ ᠬᠠᠶ᠋ᠢᠨ ᠰᠦᠪᠡᠭᠴᠢᠯᠡᠨ ᠵᠢᠷᠤᠮᠵᠢᠭᠤᠯᠤᠨ᠎ᠠ; ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ 《ᠠᠶᠤᠯᠭᠦᠶ ᠪᠠᠶ᠋ᠢᠬᠤ ᠵᠢ ᠲᠡᠷᠢᠭᠦᠨ᠎ᠳᠤ ᠲᠠᠯᠪᠢᠬᠤ》 ᠪᠠ 《ᠤᠷᠤᠯᠴᠠᠭ᠎ᠠ᠂ ᠠ᠋ᠷᠡᠭᠦᠯ ᠴᠢᠭᠢᠷᠠᠭ᠂ ᠰᠣᠯᠢᠯᠴᠠᠭ᠎ᠠ᠂ ᠪᠠᠶᠠᠷ ᠪᠠᠶᠠᠰᠤᠯ》 ᠵᠠᠷᠴᠢᠮ᠎ᠤᠨ ᠶᠣᠰᠣᠭ᠋ᠠᠷ ᠦᠷᠨᠢᠭᠦᠯᠬᠦ ᠬᠡᠷᠡᠭᠲᠡᠢ᠂ ᠨᠥᠬᠥᠴᠡᠯ᠎ᠲᠠᠢ ᠪᠣᠯ ᠬᠥᠳᠡᠯᠭᠡᠭᠡᠨ ᠤ ᠬᠡᠮᠳᠦᠯ ᠤᠨ ᠲᠦᠷᠦᠯ᠎ᠤᠨ ᠳᠠᠭ᠋ᠠᠳᠬᠠᠯ᠎ᠢ ᠬᠤᠳᠠᠯᠳᠤᠨ ᠠᠪᠴᠤ᠂ ᠬᠥᠮᠦᠨ᠎ᠤ ᠪᠡᠶ᠎ᠡ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ; ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠬᠡᠨ᠎ᠤ ᠣᠷᠳᠣ ᠬᠤᠭᠤᠴᠠᠭ᠎ᠠ ᠬᠦᠴᠦᠨ᠎ᠲᠠᠢ ᠪᠠᠢ᠌ᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ᠂ 《ᠭᠤᠷᠪᠠ ᠵᠢ ᠬᠠᠯᠠᠮᠵᠢᠯᠠᠨ ᠬᠠᠢ᠌ᠷᠠᠯᠠᠬᠤ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠬᠦ᠎ᠲᠠᠢ ᠤᠶᠠᠯᠳᠤᠭᠤᠯᠤᠨ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ᠂ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ᠂ ᠪᠡᠶ᠎ᠡ ᠵᠢᠨ ᠲᠠᠮᠢᠷ᠎ᠤᠨ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠂ ᠪᠡᠶ᠎ᠡ ᠵᠢᠨ ᠲᠠᠮᠢᠷ᠎ᠤᠨ ᠠᠩᠭᠢ ᠦᠨᠳᠦᠰᠦᠨ ᠱᠠᠲᠤᠨ ᠳᠤ ᠬᠦᠷᠴᠦ ᠨᠠᠰᠤᠲᠠᠶ᠋ᠢᠴᠤᠳ᠎ᠲᠤ ᠦᠢ᠍ᠯᠡᠴᠢᠯᠡᠭᠡ ᠬᠦᠷᠭᠡᠬᠦ᠂ ᠬᠠᠯᠠᠮᠵᠢᠯᠠᠯ ᠬᠦᠷᠭᠡᠬᠦ᠂ ᠠ᠋ᠷᠡᠭᠦᠯ ᠮᠡᠨᠳᠦ ᠬᠦᠷᠭᠡᠬᠦ ᠠᠵᠢᠯᠯᠠᠭ᠎ᠠ ᠵᠢ ᠦᠷᠭᠡᠨ ᠵᠶ᠋ᠠᠷ ᠵᠣᠬᠢᠶᠠᠨ ᠪᠠᠶ᠋ᠢᠭᠤᠯᠵᠤ ᠂ ᠭᠣᠣᠨᠢ ᠨᠠᠰᠤᠲᠠᠨ᠂ ᠵᠡᠮᠳᠡᠭ ᠨᠠᠰᠤᠲᠠᠨ ᠳᠤ ᠪᠡᠶ᠎ᠡ ᠪᠣᠯᠪᠠᠰᠤᠷᠠᠭᠤᠯᠬᠤ ᠦᠢ᠍ᠯᠡᠴᠢᠯᠡᠭᠡ ᠬᠦᠷᠭᠡᠬᠦ ᠠᠵᠢᠯ ᠢ ᠴᠢᠨᠭ᠌ᠭ᠋ᠠᠳᠬᠠᠬᠤ ᠬᠡᠷᠡᠭᠲᠡᠢ᠃
(ᠠᠷᠪᠠᠨ ᠵᠢᠷᠭᠤᠭ᠎ᠠ) ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠷᠭ᠎ᠠ ᠵᠢᠨ ᠲᠤᠬᠠᠶ ᠰᠤᠳᠤᠯᠤᠯ ᠪᠠ ᠪᠡᠶ᠎ᠡ ᠴᠢᠭᠢᠷᠠᠭᠵᠢᠭᠤᠯᠤᠯ᠎ᠤᠨ ᠠᠵᠢᠯᠯᠠᠭ᠎ᠠ ᠵᠢᠨ ᠵᠢᠯᠤᠭᠤᠳᠤᠮᠵᠢ ᠵᠢ ᠴᠢᠩᠭ᠋ᠠᠳᠬᠠᠵᠤ᠂ ᠪᠡᠶ᠎ᠡ ᠴᠢᠭᠢᠷᠠᠭᠵᠢᠭᠤᠯᠬᠤ ᠪᠣᠯᠪᠠᠰᠤᠷᠠᠭᠤᠯᠤᠯ ᠲᠠᠶ᠋ᠢᠯᠤᠮᠵᠢ ᠬᠢᠬᠦ ᠪᠠ ᠪᠡᠶ᠎ᠡ ᠴᠢᠭᠢᠷᠠᠭᠵᠢᠭᠤᠯᠬᠤ ᠵᠢᠯᠤᠭᠤᠳᠤᠯᠭ᠎ᠠ ᠬᠢᠵᠦ ᠯᠠᠪᠯᠠᠯᠭ᠎ᠠ ᠥᠭᠬᠦ ᠵᠡᠷᠭᠡ ᠠᠵᠢᠯᠯᠠᠭ᠎ᠠ ᠵᠢ ᠦᠷᠨᠢᠬᠦᠯᠦᠨ᠎ᠡ᠂ ᠪᠡᠶ᠎ᠡ ᠴᠢᠭᠢᠷᠠᠭᠵᠢᠭᠤᠯᠬᠤ ᠮᠡᠳᠡᠯᠭᠡ ᠵᠢ ᠲᠦᠭᠡᠮᠡᠯᠵᠢᠭᠦᠯᠬᠦ᠂ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠤᠯᠠᠮᠵᠢᠯᠠᠬᠤ; ᠨᠠᠰᠤᠲᠠᠶ᠋ᠢᠴᠤᠳ᠎ᠤᠨ ᠣᠨᠴᠠᠯᠢᠭᠲᠤ ᠳᠣᠭᠢᠷᠬᠠᠰᠠᠨ᠂ ᠳᠥᠭᠥᠮ ᠳᠥᠲᠡ ᠬᠢᠯᠪᠠᠷ ᠶᠠᠪᠤᠭᠳᠠᠬᠤ᠂ ᠰᠢᠨᠵᠢᠯᠡᠬᠦ ᠤᠬᠠᠭ᠋ᠠᠨᠴᠢ᠂ ᠪᠣᠯᠪᠠᠰᠤᠨ᠂ ᠦᠷ᠎ᠡ ᠨᠦᠯᠦᠭᠡ᠎ᠲᠠᠢ ᠪᠡᠶ᠎ᠡ ᠴᠢᠭᠢᠷᠠᠭᠵᠢᠭᠤᠯᠬᠤ ᠠᠷᠭ᠎ᠠ ᠵᠢ ᠲᠦᠭᠡᠮᠡᠯᠵᠢᠭᠦᠯᠦᠨ ᠳᠡᠯᠭᠡᠷᠡᠭᠦᠯᠵᠦ᠂ ᠨᠠᠰᠤᠲᠠᠶ᠋ᠢᠴᠤᠳ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠣᠨᠴᠠᠯᠢᠭ᠎ᠢ ᠦᠨᠳᠦᠰᠦᠯᠡᠨ ᠰᠣᠶᠣᠯ ᠤᠷᠠᠯᠢᠭ᠎ᠤᠨ ᠠᠭᠤᠯᠬᠤᠨ᠎ᠲᠠᠢ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠣᠶ᠋ᠢᠯᠠᠭ᠋ᠠᠭᠳᠠᠬᠤᠨ ᠢ ᠢᠯᠡᠳᠭᠡᠭᠰᠡᠨ᠂ ᠣᠯᠠᠨ ᠲᠦᠮᠡᠨ᠎ᠤ ᠭᠤᠸ᠎ᠠ ᠲᠠᠭ᠋ᠠᠰᠢᠶᠠᠯ᠎ᠤᠨ ᠣᠨᠴᠠᠯᠢᠭ᠎ᠲᠠᠢ ᠨᠡᠶ᠋ᠢᠴᠡᠭᠰᠡᠨ ᠲᠠᠯᠠᠪᠠᠶ ᠵᠢᠨ ᠪᠥᠵᠢᠭ᠎ᠤᠨ ᠪᠦᠲᠦᠭᠡᠯ ᠢ ᠨᠠᠢ᠌ᠷᠠᠭᠤᠯᠤᠨ᠂ ᠦᠪᠡᠷ ᠤᠨ ᠪᠦᠲᠦᠭᠡᠯ᠎ᠤᠨ ᠰᠢᠯᠭ᠋ᠠᠷᠠᠭᠤᠯᠬᠤ ᠠᠵᠢᠯᠯᠠᠭ᠎ᠠ ᠥᠷᠨᠢᠭᠦᠯᠵᠦ᠂ ᠢᠯᠠᠩᠭᠤᠶ᠎ᠠ ᠠ᠋ᠷᠡᠭᠦᠯ ᠮᠡᠨᠳᠦ ᠵᠢ ᠬᠠᠮᠠᠭ᠋ᠠᠯᠠᠬᠤ ᠵᠤᠭ᠎ᠠ ᠴᠡᠩᠭᠡᠯ᠎ᠤᠨ ᠲᠦᠷᠦᠯ ᠵᠦᠢ᠍ᠯ ᠢ ᠬᠢᠵᠦ᠂ ᠠᠳᠠᠯᠢ ᠪᠤᠰᠤ ᠵᠢᠨ ᠨᠠᠰᠤ᠂ ᠬᠦᠢ᠍ᠰᠦ᠂ ᠳᠤᠷ᠎ᠠ ᠪᠠᠬ᠎ᠠ ᠪᠠ ᠠ᠋ᠷᠡᠭᠦᠯ ᠮᠡᠨᠳᠦ ᠵᠢᠨ ᠬᠡᠮᠵᠢᠶ᠎ᠡ᠎ᠲᠠᠢ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠣᠯᠠᠨ ᠶᠠᠩᠵᠤ ᠵᠢᠨ ᠬᠡᠷᠡᠭᠴᠡᠭᠡ ᠵᠢ ᠬᠠᠨᠭ᠌ᠭ᠋ᠠᠨ᠎ᠠ; ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢ ᠦᠨᠳᠦᠰᠦᠲᠡᠨ᠂ ᠠᠷᠠᠳ᠎ᠤᠨ ᠤᠯᠠᠮᠵᠢᠯᠠᠯᠲᠤ ᠣᠨᠴᠠᠯᠢᠭ᠎ᠲᠠᠢ ᠪᠡᠶ᠎ᠡ ᠴᠢᠭᠢᠷᠠᠭᠵᠢᠭᠤᠯᠬᠤ ᠲᠥᠷᠥᠯ ᠵᠦᠢ᠍ᠯ ᠪᠠ ᠵᠢᠱ᠌ᠢᠶ᠎ᠡ ᠦᠵᠡᠭᠦᠯᠬᠦ ᠠ᠋ᠩᠨᠡᠭᠡᠨ᠎ᠳᠤ ᠣᠷᠤᠭᠤᠯᠬᠤ ᠵᠢ ᠬᠦᠲᠦᠯᠦᠨ ᠵᠢᠯᠤᠭᠤᠳᠣᠨ ᠳᠡᠮᠵᠢᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠵᠦᠢ᠍ᠯᠡᠰ᠎ᠢ ᠤᠯᠠᠮᠵᠢᠯᠠᠨ ᠵᠠᠯᠭ᠋ᠠᠮᠵᠢᠯᠠᠬᠤ ᠪᠠ ᠲᠦᠭᠡᠮᠡᠯᠵᠢᠭᠦᠯᠵᠦ ᠬᠥᠭᠵᠢᠭᠦᠯᠬᠦ ᠬᠡᠷᠡᠭᠲᠡᠶ᠃
ᠲᠠᠪᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠵᠠᠷᠤᠳᠠᠯ᠎ᠤᠨ
ᠣᠷᠣᠭᠤᠯᠤᠯᠲᠠ ᠪᠠ ᠳᠡᠮᠵᠢᠯᠭᠡ ᠪᠠᠲᠤᠯᠠᠭ᠎ᠠ ᠵᠢ ᠨᠡᠮᠡᠭᠳᠡᠬᠦᠯᠬᠦ ᠬᠡᠷᠡᠭᠲᠡᠢ᠃
(ᠠᠷᠪᠠᠨ ᠳᠣᠯᠣᠭ᠎ᠠ) ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠨ᠎ᠬᠢᠨ ᠬᠥᠭᠵᠢᠭᠦᠯᠦᠯᠲᠡ ᠥᠭᠡᠷᠡᠴᠢᠯᠡᠯᠲᠡ᠂ ᠠᠷᠠᠳ᠎ᠤᠨ ᠶᠠᠪᠤᠳᠠᠯ᠂ ᠠ᠋ᠳ᠋᠎ᠤᠨ ᠵᠠᠰᠠᠭ᠂ ᠲᠠᠷᠢᠶᠠᠯᠠᠩ᠂ ᠰᠣᠶᠣᠯ᠂ ᠠ᠋ᠷᠡᠭᠦᠯ ᠬᠠᠮᠠᠭ᠋ᠠᠯᠠᠯ ᠪᠣᠯᠤᠨ ᠲᠥᠯᠥᠪᠯᠡᠭᠡᠲᠦ ᠦᠷᠡᠵᠢᠯ᠂ ᠵᠢᠭᠤᠯᠴᠢᠯᠠᠯ᠂ ᠨᠠᠰᠤᠲᠠᠢ᠌ᠴᠤᠳ᠂ ᠠᠵᠢᠯᠴᠢᠨ᠎ᠤ ᠡᠪᠯᠡᠯ᠂ ᠠ᠋ᠮᠡᠭᠲᠡᠶ᠋ᠢᠴᠦᠳᠤᠨ ᠬᠤᠯᠪᠤᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠷᠢᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠤᠯᠠᠨ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠵᠡᠷᠭᠡ᠎ᠪᠡᠷ ᠠᠳᠬᠤᠵᠤ ᠬᠠᠮᠲᠤ᠎ᠪᠠᠷ ᠬᠠᠮᠢᠶᠠᠷᠬᠤ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠪᠠᠶ᠋ᠢᠭᠤᠯᠤᠯ ᠪᠠ ᠠᠮᠢᠵᠢᠷᠠᠯ᠎ᠤᠨ ᠬᠦᠴᠦᠨ ᠪᠢᠯᠬᠠᠮ᠎ᠠ ᠠᠵᠢᠯ᠎ᠤᠨ ᠲᠣᠭᠲᠠᠴᠠ᠎ᠶᠢ ᠪᠠᠶ᠋ᠢᠭᠤᠯᠤᠨ ᠪᠥᠷᠢᠨᠰᠢᠬᠥᠯᠬᠥ ᠵᠢᠨ ᠬᠠᠮᠲᠤ ᠲᠠᠰᠤᠷᠠᠯᠲᠠ ᠦᠭᠡᠢ ᠲᠡᠭᠦᠯᠳᠡᠷᠵᠢᠬᠦᠯᠬᠦ ᠬᠡᠷᠡᠭᠲᠡᠶ᠃ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠬᠥᠭᠵᠢᠯᠲᠡ ᠵᠢᠨ ᠬᠠᠷᠠᠯᠲᠠ ᠪᠠ ᠱᠠᠭ᠋ᠠᠷᠳᠠᠯᠭ᠎ᠠ ᠶᠣᠰᠣᠭ᠋ᠠᠷ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠬᠥᠭᠵᠢᠯᠲᠡ ᠵᠢᠨ ᠪᠠᠶ᠋ᠢᠳᠠᠯ᠎ᠢ ᠡᠵᠡᠮᠰᠢᠵᠦ᠂ ᠲᠤᠷᠰᠢᠯᠭ᠎ᠠ᠎ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠣᠷᠣᠰᠢᠵᠤ ᠪᠠᠶ᠋ᠢᠭ᠎ᠠ ᠠᠰᠠᠭᠤᠳᠠᠯ᠎ᠢ ᠭᠦᠨᠵᠡᠭᠡᠶ ᠵᠠᠳᠠᠯᠵᠤ᠂ ᠨᠠᠰᠤᠲᠠᠶ᠋ᠢᠴᠤᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠠᠰᠠᠭᠤᠵᠤ᠂ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠢᠳᠡᠪᠬᠢᠲᠡᠶ᠎ᠪᠠᠷ ᠨᠥᠬᠥᠴᠡᠯ ᠪᠦᠷᠢᠯᠳᠦᠭᠦᠯᠦᠨ ᠥᠭᠴᠦ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠬᠣᠯᠪᠣᠭᠳᠠᠯ ᠪᠦᠬᠦᠢ ᠠᠵᠢᠯ᠎ᠤᠨ ᠠᠭᠤᠰᠤᠯᠴᠠᠯ᠂ ᠤᠶᠠᠯᠳᠤᠯ ᠬᠥᠭᠵᠢᠯ᠎ᠢ ᠠᠬᠢᠭᠤᠯᠬᠤ ᠪᠣᠯᠤᠨ᠎ᠠ᠃
(ᠠᠷᠪᠠᠨ ᠨᠠᠢ᠍ᠮᠠ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠵᠠᠷᠤᠳᠠᠯ᠎ᠨᠢ ᠠ᠋ᠳ᠋᠎ᠤᠨ ᠵᠠᠰᠠᠭ᠎ᠤᠨ ᠪᠡᠯᠡ ᠣᠷᠣᠭᠤᠯᠤᠯᠲᠠ᠎ᠪᠠᠷ ᠭᠣᠣᠯ ᠪᠣᠯᠭ᠋ᠠᠵᠤ᠂ ᠨᠡᠶ᠋ᠢᠭᠡᠮ᠎ᠤᠨ ᠲᠤᠰᠠᠯᠠᠮᠵᠢ ᠳᠡᠮᠵᠢᠯᠭᠡ ᠵᠡᠷᠭᠡ᠎ᠪᠠᠷ ᠬᠠᠪᠰᠤᠷᠤᠮᠵᠢ ᠪᠣᠯᠭ᠋ᠠᠬᠤ ᠵᠠᠷᠴᠢᠮ᠎ᠢ ᠪᠠᠷᠢᠮᠲᠠᠯᠠᠨ᠂ ᠵᠠᠷᠤᠳᠠᠯ᠎ᠤᠨ ᠮᠥᠩᠭᠥ ᠵᠢᠨ ᠠ᠋ᠬᠢ ᠰᠤᠷᠪᠤᠯᠵᠢ ᠵᠢ ᠤᠯᠠᠨ ᠠᠷᠭ᠎ᠠ ᠵᠠᠮ᠂ ᠤᠯᠡᠠ ᠠ᠋ᠬᠢᠴᠢᠯᠡᠯ ᠵᠶ᠋ᠠᠷ ᠪᠡᠶᠡᠯᠡᠬᠦᠯᠦᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠵᠠᠷᠤᠳᠠᠯ᠎ᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠵᠠᠷᠤᠳᠠᠯ᠎ᠢ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠠ᠋ᠳ᠋᠎ᠤᠨ ᠵᠠᠰᠠᠭ᠎ᠤᠨ ᠲᠥᠰᠦᠪ᠎ᠲᠤ ᠣᠷᠣᠭᠤᠯᠬᠤ ᠮᠥᠷᠲᠡᠭᠡᠨ ᠠᠵᠤ ᠠᠬᠤᠶ ᠵᠢᠨ ᠬᠥᠭᠵᠢᠯᠲᠡ ᠵᠢ ᠳᠠᠭ᠋ᠠᠯᠳᠤᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠲᠠᠯ᠎ᠠ᠎ᠪᠠᠷ᠎ᠬᠢ ᠣᠷᠣᠭᠤᠯᠤᠯᠲᠠ᠎ᠪᠠᠨ ᠵᠢᠯ ᠳᠠᠷᠠᠭ᠋ᠠᠯᠠᠨ ᠨᠡᠮᠡᠭᠳᠡᠭᠦᠯᠬᠦ ᠬᠡᠷᠡᠭᠲᠡᠶ᠃ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ᠂ ᠬᠤᠪᠢ ᠬᠥᠮᠦᠨ᠎ᠤ ᠨᠠᠰᠤᠲᠠᠶ᠋ᠢᠴᠤᠳ ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠳᠤ ᠬᠠᠨᠳᠢᠪ ᠬᠦᠷᠭᠡᠬᠦ ᠪᠣᠯᠣᠨ ᠬᠦᠳᠡᠯᠭᠡᠭᠡᠨ ᠤ ᠵᠠᠷᠤᠳᠠᠯ ᠬᠦᠷᠭᠡᠬᠦ ᠠᠵᠢᠯᠯᠠᠭ᠎ᠠ ᠵᠢ ᠳᠡᠮᠵᠢᠨ ᠵᠤᠷᠢᠬ᠍ᠵᠢᠭᠤᠯᠤᠨ᠎ᠠ᠃
(ᠠᠷᠪᠠ ᠶᠢᠰᠦ) ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠤᠬᠠᠭᠤᠯᠭ᠎ᠠ ᠵᠢᠨ ᠠ᠋ᠷᠴᠢᠮ᠎ᠢ ᠴᠢᠩᠭ᠋ᠠᠳᠬᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲᠸᠷ ᠰᠦᠯᠵᠢᠶ᠎ᠡ᠂ ᠰᠣᠨᠢᠨ ᠰᠡᠳᠬᠦᠯ ᠵᠡᠷᠭᠡ ᠡᠯ᠎ᠡ ᠵᠦᠢ᠍ᠯ᠎ᠤᠨ ᠵᠠᠭᠤᠴᠢ᠎ᠨᠤᠭᠤᠳ ᠢ ᠭᠦᠢ᠍ᠴᠡᠳ ᠠᠰᠢᠭᠯᠠᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠲᠤᠰᠬᠠᠶ ᠰᠡᠳᠦᠪ᠂ ᠲᠤᠰᠬᠠᠢ ᠪᠤᠯᠤᠨᠭ᠌ ᠢ ᠨᠡᠭᠡᠭᠡᠵᠦ ᠰᠡᠳᠦᠪᠲᠦ ᠨᠡᠭᠡᠭᠡᠵᠦ ᠢᠳᠡᠪᠬᠢᠲᠡᠶ ᠤᠬᠠᠭᠤᠯᠤᠨ᠂ ᠨᠡᠶ᠋ᠢᠭᠡᠮ ᠳᠠᠶᠠᠭ᠋ᠠᠷ᠎ᠲᠤ ᠨᠠᠰᠤᠲᠠᠳ᠎ᠤᠨ ᠪᠡᠶ᠎ᠡ ᠰᠡᠳᠬᠢᠯ᠎ᠤᠨ ᠠ᠋ᠷᠡᠭᠦᠯ ᠠ᠋ᠩᠬᠡ᠎ᠳᠤ ᠠᠨᠭ᠌ᠬᠠᠷᠬᠤ ᠵᠢ ᠰᠠᠨᠠᠭ᠋ᠠᠴᠢᠯᠠᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠠᠰᠢᠭᠲᠠᠶ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠠ᠋ᠷᠡᠭᠦᠯ ᠴᠢᠭᠢᠷᠠᠭ ᠨᠠᠰᠤᠲᠠᠶ᠋ᠢᠴᠤᠳ ᠤᠨ ᠨᠡᠶ᠋ᠢᠲᠡᠯᠢᠭ ᠵᠢᠱ᠌ᠢᠶ᠎ᠡ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠵᠢ ᠤᠬᠠᠭᠤᠯᠤᠨ᠎ᠠ᠂ 《ᠠ᠋ᠷᠡᠭᠦᠯ ᠮᠡᠨᠳᠦ ᠵᠢ ᠠᠷᠪᠢᠨ ᠬᠤᠳᠠᠯᠳᠤᠨ ᠠᠪᠴᠤ᠂ ᠡᠮ ᠳᠠᠨᠭ᠌ ᠢ ᠳᠤᠲᠠᠭᠤ ᠬᠤᠳᠠᠯᠳᠤᠨ ᠠᠪᠬᠤ》᠂ 《ᠬᠥᠳᠡᠯᠭᠡᠭᠡᠨ ᠣᠯᠠᠨ ᠬᠢᠵᠦ᠂ ᠠ᠋ᠮᠨᠡᠯᠭᠡ ᠳᠤ ᠴᠦᠬᠡᠨ ᠣᠴᠢᠬᠤ》᠂ 《ᠪᠢ ᠬᠥᠳᠡᠯᠭᠡᠭᠡᠨ ᠳᠤ ᠣᠷᠤᠯᠴᠠᠨ᠎ᠠ ᠪᠢ ᠠ᠋ᠷᠡᠭᠦᠯ ᠮᠡᠨᠳᠦ᠂ ᠪᠢ ᠪᠠᠶᠠᠷ ᠬᠦᠷ᠎ᠲᠠᠢ ᠪᠢ ᠤᠷᠲᠤ ᠨᠠᠰᠤᠯᠠᠨ᠎ᠠ》 ᠭᠡᠬᠦ ᠦᠵᠡᠯᠲᠡ ᠵᠢ ᠳᠡᠯᠭᠡᠷᠡᠬᠦᠯᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠳᠡᠮᠵᠢᠵᠦ᠂ ᠣᠯᠠᠨ ᠶᠠᠩᠵᠤ ᠬᠡᠯᠪᠡᠷᠢ ᠵᠢᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠰᠡᠳᠦᠪᠲᠦ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠠᠵᠢᠯ ᠢ ᠬᠦᠬᠢᠬᠦᠯᠦᠨ ᠳᠡᠮᠵᠢᠨ᠎ᠡ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠰᠣᠶᠣᠯ ᠢ ᠳᠡᠯᠭᠡᠷᠡᠬᠦᠯᠵᠦ᠂ ᠣᠯᠢᠮᠫᠢᠺ᠎ᠤᠨ ᠵᠣᠷᠢᠭ ᠰᠠᠨᠠᠭ᠎ᠠ ᠪᠣᠯᠤᠨ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ᠎ᠶᠢ ᠦᠢ᠍ᠯᠡᠳᠦᠯᠭᠡᠵᠢᠭᠦᠯᠦᠨ᠎ᠡ᠃
(ᠬᠣᠷᠢ) ᠬᠠᠮᠢᠶ᠎ᠠ ᠪᠥᠬᠥᠶ ᠠᠵᠢᠯ ᠲᠥᠷᠥᠯ᠎ᠤᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠦᠲᠦᠭᠡᠭᠳᠡᠬᠦᠨ ᠪᠣᠯᠤᠨ ᠦᠢ᠍ᠯᠡᠴᠢᠯᠡᠭᠡ ᠵᠢ ᠢᠳᠡᠪᠬᠢᠲᠡᠶ᠎ᠪᠠᠷ ᠦᠷᠨᠢᠬᠦᠯᠬᠦ ᠵᠢ ᠵᠣᠷᠢᠭᠵᠢᠭᠤᠯᠤᠨ ᠳᠡᠮᠵᠢᠵᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠴᠤᠪᠤᠷᠠᠯ ᠪᠢᠴᠢᠭ ᠵᠡᠷᠭᠡ ᠵᠢᠭ᠋ᠠᠨ ᠰᠤᠷᠭ᠋ᠠᠯᠲᠠ ᠵᠢᠨ ᠪᠦᠲᠦᠭᠡᠭᠳᠡᠬᠦᠨ᠎ᠢ ᠨᠠᠶ᠋ᠢᠷᠠᠭᠤᠯᠤᠨ ᠬᠡᠪᠯᠡᠭᠦᠯᠬᠦ ᠠᠵᠢᠯ᠎ᠢ ᠵᠣᠬᠢᠶᠠᠨ ᠪᠠᠢ᠌ᠭᠤᠯᠬᠤ ᠵᠢ ᠬᠦᠬᠢᠬᠦᠯᠦᠨ ᠳᠡᠮᠵᠢᠨ᠎ᠡ; ᠨᠡᠶ᠋ᠢᠭᠡᠮ᠎ᠤᠨ ᠬᠦᠴᠦᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠬᠡ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠵᠢ ᠳᠡᠮᠵᠢᠨ᠎ᠡ; ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠵᠦ᠂ ᠨᠠᠰᠤᠲᠠᠶ᠋ᠢᠴᠤᠳ᠎ᠤᠨ ᠠ᠋ᠷᠡᠭᠦᠯ ᠴᠢᠭᠢᠷᠠᠭ᠎ᠤᠨ ᠪᠡᠯᠠ ᠣᠷᠣᠭᠤᠯᠤᠯᠲᠠ ᠪᠠ ᠪᠡᠶ᠎ᠡ ᠴᠢᠭᠢᠷᠠᠭᠵᠢᠭᠤᠯᠬᠤ ᠬᠡᠷᠡᠭᠯᠡᠭᠡ ᠵᠢ ᠬᠥᠲᠥᠯᠦᠨ ᠵᠢᠯᠤᠭᠤᠳᠴᠤ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠬᠡᠷᠡᠭᠯᠡᠭᠡ ᠵᠢᠨ ᠵᠠᠬ᠎ᠠ ᠳᠡᠯᠭᠡᠭᠦᠷ ᠢ ᠶᠡᠬᠡᠪᠡᠷ ᠨᠡᠭᠡᠭᠡᠨ ᠬᠥᠭᠵᠢᠭᠦᠯᠬᠦ; ᠪᠡᠶ᠎ᠡ ᠵᠢᠨ ᠲᠠᠮᠢᠷ᠎ᠤᠨ ᠬᠡᠷᠡᠭᠰᠡᠯ ᠦᠢ᠍ᠯᠡᠳᠬᠦ ᠠᠵᠤ ᠠᠬᠤᠶ᠋ᠢᠯᠠᠯ᠎ᠤᠨ ᠰᠢᠨ᠎ᠡ ᠤᠷᠠᠨ ᠮᠡᠷᠭᠡᠰᠢᠯ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠢ ᠬᠡᠷᠡᠭᠯᠡᠨ᠂ ᠨᠠᠰᠤᠲᠠᠶ᠋ᠢᠴᠤᠳ᠎ᠤᠨ ᠪᠡᠶ᠎ᠡ ᠴᠢᠭᠢᠷᠠᠭᠵᠢᠭᠤᠯᠬᠤ ᠪᠠᠭ᠋ᠠᠵᠢ ᠬᠡᠷᠡᠭᠰᠡᠯ᠎ᠢ ᠰᠤᠳᠤᠯᠤᠨ ᠨᠡᠭᠡᠭᠡᠬᠦ᠂ ᠠ᠋ᠮᠦᠰᠴᠦ ᠵᠡᠬᠦᠬᠦ ᠮᠠᠶᠢᠭ᠎ᠤᠨ ᠬᠥᠳᠡᠯᠭᠡᠭᠡᠨ᠎ᠤ ᠲᠥᠬᠥᠭᠡᠷᠦᠮᠵᠢ᠂ ᠲᠠᠮᠢᠷ᠎ᠤᠨ ᠬᠥᠳᠡᠯᠭᠡᠭᠡᠨ᠎ᠤ ᠪᠡᠶ᠎ᠡ ᠴᠢᠭᠢᠷᠠᠭᠵᠢᠭᠤᠯᠬᠤ ᠲᠧᠭᠨᠢᠭ ᠮᠡᠷᠭᠡᠵᠢᠯ ᠤᠨ ᠵᠢᠯᠣᠭᠣᠳᠣᠯᠭ᠎ᠠ ᠵᠢᠨ ᠲᠤᠨᠤᠭ ᠲᠥᠬᠥᠭᠡᠷᠦᠮᠵᠢ᠂ ᠤᠮᠳᠠᠭ᠋ᠠᠨ᠂ ᠰᠢᠮ᠎ᠡ ᠲᠡᠵᠢᠭᠡᠯ ᠠ᠋ᠷᠡᠭᠦᠯᠵᠢᠯ᠎ᠤᠨ ᠢᠳᠡᠭᠡᠨ ᠪᠠ ᠡᠮ᠎ᠤᠨ ᠵᠦᠢ᠍ᠯ ᠵᠡᠷᠭᠡ ᠵᠢ ᠦᠢ᠍ᠯᠡᠳᠬᠦ ᠵᠢ ᠳᠡᠮᠵᠢᠨ ᠵᠤᠷᠢᠭᠵᠢᠭᠤᠯᠤᠨ᠎ᠠ᠃ ᠦᠢ᠍ᠯᠡᠳᠬᠦᠨ᠎ᠤ ᠶᠠᠰᠤ ᠴᠢᠨᠠᠷ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃
(ᠬᠤᠷᠢᠨ ᠨᠢᠭᠡ) ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠵᠠᠰᠠᠭ᠎ᠤᠨ ᠣᠷᠳᠣᠨ᠎ᠤ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠠᠯᠲᠠᠲᠤ ᠬᠠᠷᠢᠭᠤᠴᠠᠯᠭ᠎ᠠ ᠵᠢᠨ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠶ; ᠡᠯ᠎ᠡ ᠱᠠᠲᠤᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠺᠣᠮᠢᠰ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠵᠢᠯ ᠪᠦᠷᠢ ᠲᠤᠰᠬᠠᠶ ᠰᠡᠳᠦᠪ ᠵᠶ᠋ᠡᠷ ᠰᠤᠳᠤᠯᠵᠤ᠂ ᠬᠠᠷᠠᠯᠲᠠ ᠠ᠋ᠭᠦᠷᠭᠡ ᠵᠢ ᠲᠣᠳᠣᠷᠬᠠᠶ ᠳᠤᠷᠠᠳᠴᠤ᠂ ᠵᠢᠯᠣᠭᠣᠳᠬᠤ ᠠᠵᠢᠯ ᠵᠶ᠋ᠠᠨ ᠥᠷᠨᠢᠭᠦᠯᠵᠦ ᠪᠣᠯᠤᠨ᠎ᠠ; ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠤᠨ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠢᠯᠡᠳᠲᠡ ᠠᠮᠵᠢᠯᠲᠠ ᠪᠦᠲᠦᠮᠵᠢ ᠣᠯᠤᠭᠰᠠᠨ ᠨᠢᠭᠡᠴᠢ ᠪᠠ ᠬᠤᠪᠢ ᠬᠥᠮᠦᠨ᠎ᠢ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠲᠡᠷᠢᠭᠦᠨ᠎ᠤ ᠨᠢᠭᠡᠴᠡ ᠪᠠ ᠲᠡᠷᠢᠭᠦᠨ᠎ᠤ ᠬᠤᠪᠢ ᠬᠥᠮᠦᠨ ᠵᠶ᠋ᠠᠷ ᠰᠠᠶ᠋ᠢᠰᠢᠶᠠᠨ ᠬᠥᠬᠢᠭᠦᠯᠬᠦ ᠬᠡᠷᠡᠭᠲᠡᠶ; ᠲᠤᠰ ᠰᠠᠨᠠᠯ ᠱᠠᠭ᠋ᠠᠷᠳᠠᠯᠭ᠎ᠠ ᠵᠢ ᠦᠨᠳᠦᠰᠦᠯᠡᠨ᠂ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠰᠠᠨᠠᠯ ᠪᠣᠯᠤᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠢ ᠱᠠᠯᠠᠪᠳᠠᠨ ᠲᠣᠭᠲᠠᠭ᠋ᠠᠵᠤ᠂ ᠰᠢᠪᠠᠳᠠᠨ ᠪᠠᠶ᠋ᠢᠴᠠᠭ᠋ᠠᠵᠤ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠳᠬᠠᠨ᠂ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠦᠷᠭᠦᠯᠵᠢᠯᠡᠨ ᠠ᠋ᠷᠡᠭᠦᠯ ᠵᠶ᠋ᠡᠷ ᠬᠥᠭᠵᠢᠬᠦ ᠵᠢ ᠪᠠᠲᠤᠯᠠᠬᠤ ᠬᠡᠷᠡᠭᠲᠡᠶ᠃
ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ
ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠶᠠᠮᠤᠨ
ᠠ᠋ᠳ᠋᠎ᠤᠨ ᠵᠠᠰᠠᠭ᠎ᠤᠨ ᠶᠠᠮᠤᠨ ᠬᠥᠳᠡᠭᠡ ᠠᠵᠤ ᠠᠬᠤᠢ ᠵᠢᠨ ᠶᠠᠮᠤᠨ᠂ ᠰᠣᠶᠣᠯ᠎ᠤᠨ ᠶᠠᠮᠤᠨ
ᠠ᠋ᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ
ᠤᠯᠤᠰ᠎ᠤᠨ ᠵᠤᠭ᠋ᠠᠴᠠᠯ᠎ᠤᠨ ᠲᠣᠪᠴᠢᠶ᠎ᠠ
ᠪᠦᠬᠦ ᠤᠯᠤᠰ᠎ᠤᠨ ᠨᠠᠰᠤᠲᠠᠢ᠌ᠴᠤᠳ᠎ᠤᠨ ᠠᠯᠪᠠᠨ ᠭᠡᠷ
ᠪᠦᠬᠦ ᠤᠯᠤᠰ ᠤᠨ ᠠᠵᠢᠯᠴᠢᠨ᠎ᠤ ᠶᠡᠷᠦᠩᠬᠡᠶ ᠡᠪᠯᠡᠯ
ᠪᠦᠬᠦ ᠤᠯᠤᠰ᠎ᠤᠨ ᠠ᠋ᠮᠡᠭᠲᠡᠶ᠋ᠢᠴᠦᠳᠤᠨ ᠬᠣᠯᠪᠣᠭ᠎ᠠ
ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠤᠭ᠎ᠠ
2015 ᠣᠨ᠎ᠤ 9 ᠰᠠᠷ᠎ᠠ ᠵᠢᠨ 30᠎ᠤ ᠠ᠋ᠳᠦᠷ