ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2021-07-22

    ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠢ᠍ᠢ᠍ᠨ ᠡᠬᠢᠯᠡᠯᠳᠡ ᠵᠢ ᠪᠠᠲᠤᠯᠠᠬᠤ ᠵᠢᠨ ᠲᠤᠯᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ 8 ᠰᠠᠷ᠎ᠠ ᠵᠢᠨ ᠬᠤᠷᠢᠳ᠎ᠠᠴᠠ 9 ᠰᠠᠷ᠎ᠠ ᠵᠢᠨ ᠠᠷᠪᠠᠳ ᠪᠣᠯᠲᠠᠯ᠎ᠠ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠲᠣᠮᠢᠯᠠᠵᠤ ᠲᠤᠬᠠᠶ ᠵᠢᠨ ᠭᠠᠵᠠᠷ᠎ᠲᠤᠨᠢ ᠱᠠᠯᠠᠪᠳᠠᠭᠤᠯᠤᠨ ᠪᠠᠶ᠋ᠢᠴᠠᠭ᠋ᠠᠬᠤ᠎ᠪᠠᠷ ᠪᠤᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶ᠋ᠢᠴᠠᠭ᠋ᠠᠬᠤ》 ᠲᠠᠪᠴᠠᠩ᠎ᠤᠨ ᠵᠢᠵᠢᠭ ᠫᠷᠤᠭ᠌ᠷᠠᠮ (ᠵᠢᠵᠢᠭ ᠫᠷᠤᠭ᠌ᠷᠠᠮ᠎ᠤᠨ ᠮᠡᠷᠭᠡᠨ ᠴᠤᠬᠤᠷ᠎ᠨᠢ ᠳᠤᠤᠷᠠᠬᠢ ᠮᠡᠲᠦ)᠎ᠳᠤ ᠭᠠᠷᠴᠤ᠂ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠭᠤᠤᠯᠳᠠᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠠᠭᠤᠷᠮᠠᠭ᠂ ᠦᠨᠭᠭᠡᠪᠴᠢ᠂ ᠳᠤᠲᠠᠭᠤ ᠳᠣᠷᠭᠣᠨ ᠨᠠᠶ᠋ᠢᠳᠠᠪᠤᠷᠢᠵᠢᠭᠤᠯᠤᠭᠰᠠᠨ᠂ ᠡᠰᠡᠪᠡᠯ ᠦᠭᠡᠷᠡᠳᠦᠭᠦᠯᠦᠨ ᠬᠤᠪᠢᠷᠠᠭᠤᠯᠤᠭᠰᠠᠨ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠵᠠᠷᠯᠢᠭ ᠪᠠᠢ᠍ᠢ᠍ᠪᠠᠴᠤ ᠬᠡᠷᠡᠭᠵᠢᠭᠦᠯᠬᠦ ᠥᠬᠡᠶ᠂ ᠬᠤᠷᠢᠭ᠎ᠠ ᠪᠠᠢ᠍ᠢ᠍ᠪᠠᠴᠤ ᠵᠤᠬᠰᠤᠬᠤ ᠦᠭᠡᠢ ᠵᠢᠴᠢ ᠠᠵᠢᠯ ᠵᠶ᠋ᠠᠨ ᠥᠯᠥ ᠬᠢᠬᠦ᠂ ᠠᠵᠢᠯ ᠵᠶ᠋ᠠᠨ ᠤᠳᠠᠭ᠋ᠠᠨ ᠬᠢᠬᠦ᠂ ᠳᠤᠷ᠎ᠠ᠎ᠪᠠᠷ ᠵᠶ᠋ᠠᠨ ᠦᠢ᠍ᠯᠡᠳᠬᠦ ᠵᠡᠷᠭᠡ ᠲᠠᠯ᠎ᠠ ᠵᠢᠨ ᠠᠰᠠᠭᠤᠳᠠᠯ᠎ᠤᠨ ᠲᠤᠭᠤᠷᠢᠨ᠎ᠳᠤ᠂ ᠤᠯᠠᠨ ᠲᠦᠮᠠᠨ᠎ᠠᠴᠠ ᠰᠦᠪᠡᠭᠴᠢ ᠬᠠᠩᠭ᠋ᠠᠬᠤ ᠵᠢ ᠪᠠᠶᠠᠷᠯᠠᠨ ᠤᠭᠳᠤᠵᠤ ᠪᠠᠢ᠍ᠢ᠍ᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠣᠷᠢᠭᠯᠠᠬᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠬᠦ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠵᠡᠷᠭᠡ ᠲᠠᠯ᠎ᠠ᠎ᠳᠤ ᠬᠣᠯᠪᠣᠭᠳᠠᠭᠰᠠᠨ ᠠᠰᠠᠭᠤᠳᠠᠯ᠎ᠤᠨ ᠰᠦᠪᠡᠭᠴᠢ ᠵᠢ ᠴᠦ᠍ ᠲᠤᠰ ᠲᠠᠪᠴᠠᠩ ᠵᠶ᠋ᠠᠷ ᠳᠠᠮᠵᠢᠭᠤᠯᠤᠨ ᠲᠤᠰᠬᠠᠵᠤ ᠪᠣᠯᠤᠨ᠎ᠠ᠃ ᠡᠭᠦᠨ᠎ᠤ ᠳᠣᠲᠣᠷᠠᠬᠢ ᠲᠥᠯᠥᠭᠡᠯᠡᠬᠦ ᠴᠢᠨᠠᠷᠲᠠᠶ ᠨᠡᠶ᠋ᠢᠲᠡᠯᠢᠭ ᠠᠰᠠᠭᠤᠳᠠᠯ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠰᠦᠪᠡᠭᠴᠢ ᠵᠢᠨ ᠲᠠᠭ᠋ᠠᠤ ᠠᠰᠠᠭᠤᠳᠠᠯ᠎ᠢ ᠮᠦ᠍ᠷᠳᠡᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠵᠤ᠂ ᠱᠠᠯᠠᠪᠳᠠᠭᠤᠯᠤᠨ ᠪᠠᠶ᠋ᠢᠴᠠᠭ᠋ᠠᠬᠤ ᠲᠤᠭᠤᠢ᠍ᠢ᠍ᠯᠠᠩ᠎ᠤᠨ ᠭᠤᠷᠪᠠᠨ᠎ᠤ ᠬᠣᠶᠠᠷ᠎ᠠᠴᠠ ᠳᠡᠭᠡᠭᠰᠢᠬᠢ ᠠᠵᠢᠯᠲᠠᠨ ᠭᠤᠷᠪᠠᠨ᠎ᠤ ᠬᠣᠶᠠᠷ᠎ᠠᠴᠠ ᠳᠡᠭᠡᠭᠰᠢᠬᠢ ᠴᠠᠭ ᠵᠶ᠋ᠠᠨ ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠶ᠋ᠢᠴᠠᠭ᠋ᠠᠬᠤ᠎ᠳᠤ ᠬᠡᠷᠡᠭᠯᠡᠬᠦ ᠵᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠭᠦᠨ᠎ᠡ᠃ ᠰᠦᠪᠡᠭᠴᠢ ᠴᠤᠭᠯᠠᠭᠤᠯᠬᠤ ᠴᠠᠭ᠄ 2021 ᠣᠨ᠎ᠤ 7 ᠰᠠᠷ᠎ᠠ ᠵᠢᠨ 16᠎ᠤ ᠡᠳᠦᠷ᠎ᠠᠴᠠ 8 ᠰᠠᠷ᠎ᠠ ᠵᠢᠨ 31᠎ᠤ ᠡᠳᠦᠷ ᠪᠣᠯᠲᠠᠯ᠎ᠠ᠃
    ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠬᠡ᠎ᠪᠠᠷ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠬᠠᠯᠠᠮᠵᠢᠯᠠᠨ ᠳᠡᠮᠵᠢᠬᠦ ᠵᠢ ᠬᠥᠰᠡᠵᠥ ᠪᠠᠶ᠋ᠢᠨ᠎ᠠ!

              ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ
                               2021 ᠣᠨ᠎ᠤ 7 ᠰᠠᠷ᠎ᠠ ᠵᠢᠨ 16᠎ᠤ ᠡᠳᠦᠷ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠬᠢᠴᠢᠶᠡᠯ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠪᠣᠯᠪᠠᠰᠤᠷᠠᠭᠤᠯᠤᠯ᠎ᠤᠨ ᠠᠵᠢᠯ ᠲᠥᠷᠥᠯ᠎ᠤᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ
ᠪᠡᠶ᠎ᠡ ᠵᠢᠨ ᠲᠠᠮᠢᠷ ᠳᠤᠮᠳᠠᠳᠤ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠳᠤ ᠣᠷᠣᠬᠤ᠎ᠳᠤ ᠰᠤᠷᠭ᠋ᠠᠨ ᠬᠥᠮᠦᠵᠢᠯ᠎ᠢ ᠤᠷᠢᠳᠠᠪᠠᠷ ᠢᠵᠢ ᠪᠦᠷᠢᠳᠦᠭᠦᠯᠬᠦ ᠬᠡᠷᠡᠭᠲᠡᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ 5 ᠲᠥᠷᠥᠯ᠎ᠤᠨ ᠤᠷᠤᠯᠳᠤᠭ᠋ᠠᠨ᠎ᠳᠤ ᠨᠡᠷ᠎ᠡ ᠮᠡᠳᠡᠭᠦᠯᠦᠭᠰᠡᠨ ᠪᠠᠢ᠌ᠳᠠᠯ᠎ᠢ ᠵᠠᠷᠯᠠᠨ ᠨᠡᠢ᠌ᠲᠡᠯᠡᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠨᠢᠳᠤᠷᠭ᠋ᠠᠨ ᠲᠡᠮᠡᠴᠡᠭᠡᠨ ᠵᠡᠷᠭᠡ 4 ᠲᠦᠷᠦᠯ᠎ᠤᠨ ᠬᠢᠷᠢ ᠬᠡᠮ᠎ᠤᠨ ᠤᠷᠤᠯᠳᠤᠭ᠋ᠠᠨ ᠵᠢᠴᠢ ᠲᠠᠯᠠᠪᠤᠷ᠎ᠤᠨ ᠰᠤᠷᠢᠯᠳᠠ ᠤᠷᠤᠯᠳᠤᠭ᠋ᠠᠨ᠎ᠤ ᠳᠦᠷᠢᠮ᠎ᠤᠨ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶᠡᠨ᠎ᠤ ᠦᠷᠢᠰᠦᠯᠳᠦᠭᠡᠨ᠎ᠤ ᠪᠡᠶ᠎ᠡ ᠵᠢᠨ ᠲᠠᠮᠢᠷ᠎ᠤᠨ ᠭᠠᠵᠠᠷ᠎ᠠᠴᠠ ᠮᠠ ᠲᠢᠶᠠᠨ ᠢᠦᠶ ᠵᠡᠷᠭᠡ 11 ᠬᠦᠮᠦᠰ᠎ᠲᠤ ᠬᠣᠶᠠᠳᠤᠭ᠋ᠠᠷ ᠳᠡᠰ᠎ᠤᠨ ᠲᠠᠮᠢᠷᠴᠢᠨ᠎ᠤ ᠴᠤᠯᠠ ᠣᠯᠭᠣᠬᠤ ᠲᠤᠬᠠᠶ ᠵᠠᠷᠯᠠᠯ
 
            