ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ ᠵᠢᠨ ᠬᠠᠮᠢᠶᠠᠷᠤᠯᠲᠠ ᠵᠢᠨ ᠠᠷᠭ᠎ᠠ》 ᠵᠢ ᠲᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2022-08-23

ᠡᠯ᠎ᠡ ᠠᠢ᠌ᠮᠠᠭ ᠬᠣᠲᠠ (ᠡᠷᠢᠶᠡᠨ ᠬᠣᠲᠠ᠂ ᠮᠠᠨᠵᠤᠤᠷ ᠬᠣᠲᠠ) ᠵᠢᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
      ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ ᠵᠢᠨ ᠬᠠᠮᠢᠶᠠᠷᠤᠯᠲᠠ ᠵᠢᠨ ᠠᠷᠭ᠎ᠠ》 ᠵᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠢ ᠲᠤᠤᠱᠯᠠᠭᠤᠯᠤᠨ ᠬᠡᠷᠡᠭᠵᠢᠭᠦᠯᠲᠦᠭᠡᠢ᠃
      ᠳᠠᠭ᠋ᠠᠯᠳᠤᠭᠤᠯᠤᠯ᠄ 《ᠥᠪᠥᠷ ᠮᠣᠩᠭᠣᠯ᠎ᠤᠨ   ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ ᠵᠢᠨ ᠬᠠᠮᠢᠶᠠᠷᠤᠯᠳᠠ ᠵᠢᠨ ᠠᠷᠭ᠎ᠠ  》
                       

              ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
              ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
              ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠲᠢᠩᠬᠢᠮ
                                      2022 ᠣᠨ᠎ᠤ 8 ᠰᠠᠷ᠎ᠠ ᠵᠢᠨ 18

ᠳᠠᠭ᠋ᠠᠯᠳᠤᠭᠤᠯᠤᠯ
       

          ᠥᠪᠥᠷ ᠮᠣᠩᠭᠣᠯ᠎ᠤᠨ   ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ

         ᠎ᠤᠨ ᠬᠥᠳᠡᠯᠭᠡᠭᠡᠨ᠎ᠤ ᠰᠤᠷᠭ᠋ᠠᠭᠤᠯᠢ ᠵᠢᠨ ᠬᠠᠮᠢᠶᠠᠷᠤᠯᠳᠠ ᠵᠢᠨ ᠠᠷᠭ᠎ᠠ
 

                ᠨᠢᠭᠡᠳᠦᠭᠡᠷ ᠪᠦᠯᠦᠭ     ᠶᠡᠷᠦᠩᠬᠡᠢ ᠳᠦᠷᠢᠮ


    ᠨᠢᠭᠡᠳᠦᠭᠡᠷ ᠵᠦᠢ᠍ᠯ   ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ (ᠳᠣᠷᠣᠭᠰᠢ 《ᠲᠠᠮᠢᠷ᠎ᠤᠨ ᠰᠤᠷᠭ᠋ᠠᠭᠤᠯᠢ》 ᠭᠡᠵᠦ ᠲᠣᠪᠴᠢᠯᠠᠨ᠎ᠠ) ᠵᠢᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠦ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠳᠤᠮᠳᠠᠬᠢ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠦᠯᠦᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠠᠤᠯᠢ》 ᠵᠢᠴᠢ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠰ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠳᠤ ᠪᠠᠭ᠋ᠠᠴᠤᠳ ᠬᠡᠦᠬᠡᠳ᠎ᠤᠨ ᠲᠠᠮᠢᠷ᠎ᠤᠨ ᠰᠤᠷᠭ᠋ᠠᠭᠤᠯᠢ ᠪᠠ ᠳᠤᠮᠳᠠᠳᠤ ᠵᠡᠷᠭᠡ ᠵᠢᠨ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢ ᠪᠠᠭᠲᠠᠭ᠋ᠠᠨ᠎ᠠ᠃ ᠪᠠᠭ᠋ᠠᠴᠤᠳ ᠬᠡᠦᠬᠡᠳ᠎ᠤᠨ ᠲᠠᠮᠢᠷ᠎ᠤᠨ ᠰᠤᠷᠭ᠋ᠠᠭᠤᠯᠢ ᠭᠡᠳᠡᠭ᠎ᠨᠢ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ ᠪᠠᠭ᠋ᠠᠴᠤᠳ ᠬᠡᠦᠬᠡᠳ᠎ᠤᠨ ᠪᠡᠶ᠎ᠡ ᠵᠢᠨ ᠲᠠᠮᠢᠷ᠎ᠤᠨ ᠲᠤᠰᠬᠠᠢ ᠵᠦᠢ᠍ᠯ᠎ᠤᠨ ᠬᠥᠳᠡᠯᠭᠡᠭᠡᠨ᠎ᠤ ᠤᠷ᠎ᠠ ᠴᠢᠳᠠᠪᠤᠷᠢ ᠵᠢ ᠬᠥᠮᠥᠵᠢᠭᠦᠯᠬᠦ ᠪᠡᠶ᠎ᠡ ᠵᠢᠨ ᠲᠠᠮᠢᠷ᠎ᠤᠨ ᠣᠨᠴᠠᠯᠢᠭᠲᠤ ᠰᠤᠷᠭ᠋ᠠᠭᠤᠯᠢ (ᠪᠡᠶ᠎ᠡ ᠵᠢᠨ ᠲᠠᠮᠢᠷ᠎ᠤᠨ ᠳᠤᠮᠳᠠᠳᠤ ᠰᠤᠷᠭ᠋ᠠᠭᠤᠯᠢ᠂ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠰᠤᠷᠭ᠋ᠠᠭᠤᠯᠢ᠂ ᠪᠠᠭ᠋ᠠᠴᠤᠳ ᠬᠡᠦᠬᠡᠳ᠎ᠤᠨ ᠠᠵᠢᠯ᠎ᠤᠨ ᠴᠢᠯᠦᠭᠡᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠪᠠᠭᠲᠠᠨ᠎ᠠ) ᠵᠢᠭ᠋ᠠᠵᠦ᠂ ᠳᠤᠮᠳᠠᠳᠤ ᠵᠡᠷᠭᠡ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ ᠭᠡᠳᠡᠭ᠎ᠨᠢ ᠵᠠᠯᠠᠭᠤ ᠪᠠᠭ᠎ᠠ ᠰᠤᠷᠤᠭᠴᠢᠳ᠎ᠲᠤ ᠰᠢᠰᠲ᠋ᠧᠮ᠎ᠲᠠᠢ ᠪᠡᠶ᠎ᠡ ᠵᠢᠨ ᠲᠠᠮᠢᠷ᠎ᠤᠨ ᠲᠤᠰᠬᠠᠢ ᠪᠣᠯᠪᠠᠰᠤᠷᠠᠯ ᠪᠠ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠢᠳᠡᠭ ᠳᠤᠮᠳᠠᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠵᠢᠭ᠋ᠠᠵᠤ ᠪᠠᠢ᠌ᠨ᠎ᠠ᠃
    ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠵᠦᠢ᠍ᠯ᠎ᠤᠨ ᠣᠨᠴᠠᠯᠢᠭ ᠪᠠ ᠬᠡᠷᠡᠭᠴᠡᠭᠡ ᠵᠢ ᠦᠨᠳᠦᠰᠦᠯᠡᠨ᠂ ᠲᠠᠮᠢᠷ᠎ᠤᠨ ᠰᠤᠷᠭ᠋ᠠᠭᠤᠯᠢ᠎ᠨᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠰᠤᠷᠭ᠋ᠠᠭᠤᠯᠢ᠎ᠳᠤ ᠣᠷᠣᠬᠤ ᠨᠠᠰᠤᠨ᠎ᠤ ᠬᠡᠦᠬᠡᠳ᠂ ᠪᠠᠭ᠋ᠠᠴᠤᠳ᠎ᠢ ᠡᠯᠰᠡᠵᠦ᠂ ᠬᠠᠤᠯᠢ ᠶᠣᠰᠣᠭ᠋ᠠᠷ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠵᠦ ᠪᠣᠯᠣᠨ᠎ᠠ᠃
    ᠭᠤᠷᠪᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠨᠤᠭᠤᠳ ᠮᠤᠷᠠᠯ ᠵᠶ᠋ᠠᠷ ᠬᠥᠮᠥᠵᠢᠭᠦᠯᠬᠦ ᠦᠨᠳᠦᠰᠦᠨ ᠡᠭᠦᠷᠭᠡ ᠵᠢ ᠪᠠᠷᠢᠮᠲᠠᠯᠠᠨ᠂ ᠤᠯᠤᠰ᠎ᠲᠤ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠥᠨᠳᠥᠷ ᠬᠢᠷᠢ ᠬᠡᠮᠵᠢᠶ᠎ᠡ᠎ᠲᠠᠢ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ ᠪᠣᠯᠣᠨ ᠨᠡᠢ᠌ᠭᠡᠮ᠎ᠳᠤ ᠬᠡᠷᠡᠭᠴᠡᠭᠡ ᠪᠦᠬᠦᠢ ᠪᠡᠶ᠎ᠡ ᠵᠢᠨ ᠲᠠᠮᠢᠷ᠎ᠤᠨ ᠲᠤᠰᠬᠠᠢ ᠮᠡᠷᠭᠡᠵᠢᠯ ᠴᠢᠳᠠᠪᠤᠷᠢ᠎ᠲᠠᠢ ᠳᠤᠮᠳᠠ ᠵᠡᠷᠭᠡ ᠵᠢᠨ ᠪᠡᠶ᠎ᠡ ᠵᠢᠨ ᠲᠠᠮᠢᠷ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠢᠯᠡᠷᠡᠭᠦᠯᠬᠦ᠂ ᠬᠥᠮᠥᠵᠢᠭᠦᠯᠬᠦ ᠪᠠ ᠬᠦᠷᠭᠡᠬᠦ ᠬᠡᠷᠡᠭᠲᠡᠢ᠃
    ᠳᠥᠷᠪᠡᠳᠦᠭᠡᠷ ᠵᠦᠢ᠍ᠯ   ᠲᠠᠮᠢᠷ᠎ᠤᠨ ᠰᠤᠷᠭ᠋ᠠᠭᠤᠯᠢ ᠵᠢᠨ ᠦᠨᠳᠦᠰᠦᠨ ᠠᠵᠢᠯ᠎ᠤᠨ ᠡᠭᠦᠷᠭᠡ ᠬᠠᠷᠢᠭᠤᠴᠠᠯᠭ᠎ᠠ᠎ᠳᠤ ᠰᠢᠨᠵᠢᠯᠡᠬᠦ ᠤᠬᠠᠭ᠋ᠠᠨᠴᠢ᠎ᠪᠠᠷ ᠮᠠᠲ᠋ᠧᠷᠢᠶᠠᠯ ᠰᠣᠩᠭᠣᠬᠤ᠂ ᠪᠡᠶ᠎ᠡ ᠵᠢᠨ ᠲᠠᠮᠢᠷ᠎ᠤᠨ ᠳᠠᠯᠳᠠ ᠴᠢᠳᠠᠪᠤᠷᠢ᠎ᠲᠠᠢ ᠬᠡᠦᠬᠡᠳ᠂ ᠵᠠᠯᠠᠭᠤᠴᠤᠳ ᠪᠠᠭ᠋ᠠᠴᠤᠳ᠎ᠢ ᠢᠯᠡᠷᠡᠭᠦᠯᠦᠨ ᠬᠥᠮᠥᠵᠢᠭᠦᠯᠬᠦ᠂ ᠠᠵᠢᠯ᠎ᠤᠨ ᠴᠢᠯᠦᠭᠡᠨ᠎ᠤ ᠪᠣᠯᠪᠠᠰᠤᠷᠠᠯ ᠬᠢᠬᠦ᠂ ᠪᠡᠶ᠎ᠡ ᠵᠢᠨ ᠲᠠᠮᠢᠷ᠂ ᠮᠡᠷᠭᠡᠵᠢᠯ᠂ ᠦᠷᠢᠰᠦᠯᠳᠦᠬᠦ ᠠᠷᠭ᠎ᠠ᠂ ᠰᠡᠳᠬᠢᠴᠡ ᠵᠡᠷᠭᠡ ᠤᠷᠤᠯᠳᠤᠭ᠋ᠠᠨ᠎ᠤ ᠴᠢᠳᠠᠪᠤᠷᠢ᠎ᠪᠠᠨ ᠳᠡᠭᠡᠭᠰᠢᠯᠡᠭᠦᠯᠬᠦ᠂ ᠰᠠᠭᠤᠷᠢ ᠰᠤᠷᠭ᠋ᠠᠨ ᠬᠥᠮᠦᠵᠢᠯ᠎ᠤᠨ ᠱᠠᠲᠤᠨ᠎ᠤ ᠪᠤᠶᠤ ᠳᠤᠮᠳᠠᠳᠤ ᠵᠡᠷᠭᠡ ᠵᠢᠨ ᠲᠤᠰᠬᠠᠢ ᠮᠡᠷᠭᠡᠵᠢᠯ᠎ᠤᠨ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ᠎ᠢ ᠥᠷᠨᠢᠭᠦᠯᠬᠦ ᠵᠡᠷᠭᠡ ᠪᠠᠭᠲᠠᠨ᠎ᠠ᠃
    ᠲᠠᠪᠤᠳᠤᠭ᠋ᠠᠷ ᠵᠦᠢ᠍ᠯ   ᠡᠯ᠎ᠡ ᠭᠠᠵᠠᠷ᠎ᠤᠨ᠎ᠬᠢᠨ ᠤᠯᠤᠰ ᠳᠠᠶᠠᠭ᠋ᠠᠷ᠎ᠤᠨ ᠪᠠᠢ᠌ᠭᠤᠯᠤᠯ ᠪᠠ ᠵᠠᠬ᠎ᠠ ᠳᠡᠯᠭᠡᠭᠦᠷ᠎ᠤᠨ ᠲᠣᠭᠲᠠᠴᠠ ᠵᠢ ᠤᠶᠠᠯᠳᠤᠭᠤᠯᠬᠤ ᠵᠢ ᠪᠠᠷᠢᠮᠲᠠᠯᠠᠨ᠂ 《ᠨᠢᠭᠡ ᠴᠣᠭᠴᠠᠵᠢᠭᠤᠯᠤᠨ ᠵᠢᠷᠤᠵᠤ ᠲᠥᠯᠥᠪᠯᠡᠬᠦ᠂ ᠨᠢᠭᠡ ᠴᠣᠭᠴᠠᠵᠢᠭᠤᠯᠤᠨ ᠠᠬᠢᠭᠤᠯᠬᠤ》 ᠵᠠᠷᠴᠢᠮ ᠶᠣᠰᠣᠭ᠋ᠠᠷ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠡᠩ ᠲᠡᠷᠢᠭᠦᠨ᠎ᠳᠤ ᠬᠥᠭᠵᠢᠭᠦᠯᠵᠦ᠂ ᠪᠡᠶ᠎ᠡ ᠵᠢᠨ ᠲᠠᠮᠢᠷ᠎ᠤᠨ ᠪᠣᠯᠪᠠᠰᠤᠷᠠᠯ ᠥᠷᠨᠢᠭᠦᠯᠬᠦ ᠵᠢ ᠵᠣᠷᠢᠭᠵᠢᠭᠤᠯᠤᠨ ᠳᠡᠮᠵᠢᠵᠦ᠂ ᠪᠡᠶ᠎ᠡ ᠵᠢᠨ ᠲᠠᠮᠢᠷ᠎ᠤᠨ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠦᠨ᠎ᠡ᠃
       

              ᠬᠣᠶᠠᠳᠤᠭ᠋ᠠᠷ ᠪᠦᠯᠦᠭ     ᠪᠦᠲᠦᠭᠡᠨ ᠪᠠᠢ᠌ᠭᠤᠯᠤᠯᠲᠠ ᠪᠠ ᠬᠥᠭᠵᠢᠯᠲᠡ


    ᠵᠢᠷᠭᠤᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠨᠤᠭᠤᠳ ᠰᠣᠶᠣᠯ ᠪᠠ ᠪᠡᠶ᠎ᠡ ᠵᠢᠨ ᠲᠠᠮᠢᠷ᠎ᠤᠨ ᠲᠠᠯ᠎ᠠ᠎ᠪᠠᠷ ᠴᠥᠮ ᠰᠠᠢ᠌ᠨ ᠰᠤᠷᠤᠯᠴᠠᠬᠤ ᠵᠢᠨ ᠬᠠᠮᠲᠤ ᠪᠣᠯᠪᠠᠰᠤᠷᠠᠯ ᠬᠢᠬᠦ ᠵᠠᠷᠴᠢᠮ᠎ᠤᠨ ᠶᠣᠰᠣᠭ᠋ᠠᠷ ᠴᠢᠳᠠᠪᠤᠷᠢᠲᠠᠨ᠎ᠢ ᠰᠣᠩᠭᠣᠵᠤ ᠴᠢᠳᠠᠪᠤᠷᠢᠲᠠᠨ᠎ᠢ ᠬᠥᠮᠥᠵᠢᠭᠦᠯᠬᠦ ᠦᠨᠳᠦᠰᠦᠨ ᠪᠣᠯᠪᠠᠰᠤᠷᠠᠯ᠎ᠤᠨ ᠠᠵᠢᠯ᠎ᠢ ᠰᠠᠢ᠌ᠲᠤᠷ ᠬᠢᠵᠦ᠂ ᠰᠤᠷᠤᠭᠴᠢᠳ᠎ᠤᠨ ᠰᠤᠷᠤᠯᠴᠠᠵᠤ ᠪᠣᠯᠪᠠᠰᠤᠷᠠᠬᠤ ᠴᠠᠭ᠎ᠢ ᠵᠦᠢ ᠵᠣᠬᠢᠰᠲᠠᠢ᠎ᠪᠠᠷ ᠲᠣᠬᠢᠷᠠᠭᠤᠯᠬᠤ ᠬᠡᠷᠡᠭᠲᠡᠢ᠃ ᠶᠣᠰᠣ ᠮᠣᠷᠠᠯ᠎ᠤᠨ ᠬᠥᠮᠦᠵᠢᠯ᠎ᠤᠨ ᠠᠵᠢᠯ᠎ᠢ ᠲᠡᠷᠢᠭᠦᠨ ᠪᠠᠢ᠌ᠷᠢᠨ᠎ᠳᠤ ᠲᠠᠯᠪᠢᠵᠤ᠂ ᠶᠣᠰᠣ ᠮᠣᠷᠠᠯ᠎ᠤᠨ ᠬᠥᠮᠦᠵᠢᠯ᠎ᠤᠨ ᠠᠵᠢᠯ᠎ᠤᠨ ᠲᠥᠯᠥᠪᠯᠡᠭᠡ ᠵᠢ ᠲᠣᠭᠲᠠᠭ᠋ᠠᠵᠤ᠂ ᠶᠣᠰᠣ ᠮᠣᠷᠠᠯ᠎ᠤᠨ ᠬᠥᠮᠦᠵᠢᠯ᠎ᠤᠨ ᠠᠵᠢᠯ᠎ᠤᠨ ᠴᠠᠭ ᠦᠶᠡᠴᠢ ᠴᠢᠨᠠᠷ᠂ ᠲᠠᠲᠠᠬᠤ ᠬᠦᠴᠦᠨ᠂ ᠪᠣᠳᠠᠲᠤ ᠪᠦᠲᠦᠮᠵᠢᠲᠦ ᠴᠢᠨᠠᠷ᠎ᠢ ᠴᠢᠩᠭ᠋ᠠᠳᠬᠠᠵᠤ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ ᠪᠠ ᠡᠬᠡ ᠣᠷᠣᠨᠴᠢ ᠦᠵᠡᠯ᠎ᠤᠨ ᠬᠥᠮᠦᠵᠢᠯ᠎ᠢ ᠴᠢᠬᠤᠯᠠᠴᠢᠯᠠᠨ᠎ᠠ᠃ ᠨᠠᠰᠤᠨ᠎ᠳᠤ ᠥᠯᠥ ᠭᠦᠷᠦᠭᠰᠡᠳ᠎ᠤᠨ ᠰᠤᠷᠭ᠋ᠠᠭᠤᠯᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠬᠦᠷᠢᠶᠡᠨ᠎ᠤ ᠲᠠᠷᠤᠮᠳᠠᠯᠠᠯ᠎ᠢ ᠰᠡᠷᠭᠡᠢ᠌ᠯᠡᠨ ᠵᠠᠰᠠᠨ᠎ᠠ᠃
    ᠳᠣᠯᠣᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠨᠢ ᠬᠡᠦᠬᠡᠳ ᠪᠠᠭ᠋ᠠᠴᠤᠳ᠎ᠤᠨ ᠣᠨᠴᠠᠯᠢᠭ᠎ᠢ ᠦᠨᠳᠦᠰᠦᠯᠡᠨ᠂ ᠵᠢᠭ᠋ᠠᠨ ᠰᠤᠷᠭ᠋ᠠᠬᠤ ᠲᠥᠯᠥᠪᠯᠡᠭᠡ᠎ᠪᠠᠨ ᠵᠦᠢ ᠵᠣᠬᠢᠰᠲᠠᠢ ᠲᠣᠭᠲᠠᠭ᠋ᠠᠵᠤ᠂ ᠰᠢᠨᠵᠢᠯᠡᠬᠦ ᠤᠬᠠᠭ᠋ᠠᠨᠴᠢ ᠰᠢᠰᠲ᠋ᠧᠮ᠎ᠲᠠᠢ ᠪᠣᠯᠪᠠᠰᠤᠷᠠᠯ ᠬᠢᠵᠦ᠂ ᠲᠤᠰᠬᠠᠢ ᠵᠦᠢ᠍ᠯ᠎ᠤᠨ ᠲᠠᠮᠢᠷ᠎ᠤᠨ ᠬᠥᠳᠡᠯᠭᠡᠭᠡᠨ᠎ᠤ ᠬᠢᠷᠢ ᠪᠦᠲᠦᠮᠵᠢ᠎ᠨᠢ ᠲᠠᠮᠢᠷᠴᠢᠨ᠎ᠤ ᠮᠡᠷᠭᠡᠵᠢᠯ᠎ᠤᠨ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠪᠠᠢ᠌ᠪᠠᠯ᠂ ᠵᠣᠬᠢᠴᠠᠩᠭᠤᠢ ᠮᠡᠷᠭᠡᠵᠢᠯ᠎ᠤᠨ ᠳᠡᠰ᠎ᠤᠨ ᠴᠣᠯᠠ ᠭᠤᠶᠤᠴᠢᠯᠠᠵᠤ ᠪᠣᠯᠣᠨ᠎ᠠ᠃
    ᠨᠠᠢ᠍ᠮᠠᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠳᠤ ᠴᠢᠬᠤᠯᠠ ᠪᠦᠬᠦᠢ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠬᠦᠭᠡᠷᠦᠮᠵᠢ ᠪᠠ ᠲᠤᠰᠬᠠᠢ ᠲᠤᠰᠢᠶᠠᠯ ᠬᠠᠪᠰᠤᠷᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠲᠣᠬᠢᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠮᠠᠲ᠋ᠧᠷᠢᠶᠠᠯ ᠰᠣᠩᠭᠣᠨ ᠰᠢᠯᠭ᠋ᠠᠬᠤ᠂ ᠴᠢᠳᠠᠪᠤᠷᠢᠲᠠᠨ᠎ᠢ ᠬᠥᠮᠥᠵᠢᠭᠦᠯᠬᠦ ᠵᠢ ᠮᠥᠷᠳᠡᠬᠦ᠂ ᠲᠠᠨᠭ᠌ᠰᠠ ᠡᠪᠬᠡᠮᠡᠯ᠎ᠢ ᠬᠠᠮᠢᠶᠠᠷᠬᠤ ᠵᠡᠷᠭᠡ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠪᠣᠯᠪᠠᠰᠤᠷᠠᠯ᠎ᠢ ᠬᠢᠨᠠᠨ ᠡᠵᠡᠮᠳᠡᠬᠦ᠂ ᠪᠣᠯᠪᠠᠰᠤᠷᠠᠯ᠎ᠢ ᠰᠡᠷᠭᠦᠭᠡᠬᠦ ᠪᠠ ᠡᠮ ᠡᠮᠨᠡᠯᠭᠡ ᠵᠢᠨ ᠪᠠᠲᠤᠯᠠᠭ᠎ᠠ ᠵᠢᠨ ᠠᠵᠢᠯ᠎ᠢ ᠴᠢᠩᠭ᠋ᠠᠳᠬᠠᠵᠤ᠂ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
    ᠶᠢᠰᠦᠳᠦᠭᠡᠷ ᠵᠦᠢ᠍ᠯ   ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠰᠤᠷᠤᠭᠴᠢᠳ ᠪᠤᠯᠪᠠᠰᠤᠷᠠᠵᠦ ᠪᠠᠢ᠌ᠭ᠎ᠠ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠪᠣᠯᠣᠨ ᠤᠤᠯ᠎ᠤᠨ ᠬᠦᠷᠭᠡᠵᠦ ᠥᠭᠭᠦᠭᠰᠡᠨ ᠰᠤᠷᠭ᠋ᠠᠭᠤᠯᠢ ᠵᠢ ᠲᠥᠯᠥᠭᠡᠯᠡᠨ ᠡᠯ᠎ᠡ ᠱᠠᠲᠤᠨ᠎ᠤ ᠪᠡᠶ᠎ᠡ ᠵᠢᠨ ᠲᠠᠮᠢᠷ᠂ ᠰᠤᠷᠭ᠋ᠠᠨ ᠬᠥᠮᠦᠵᠢᠯ  ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠡᠷᠬᠢᠯᠡᠭᠰᠡᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠵᠤ ᠪᠣᠯᠣᠨ᠎ᠠ᠃ ᠰᠤᠷᠤᠭᠴᠢᠳ᠎ᠤᠨ ᠤᠷᠤᠯᠳᠤᠭ᠋ᠠᠨ᠎ᠤ ᠲᠥᠯᠥᠭᠡᠯᠡᠭᠴᠢ ᠵᠢᠨ ᠬᠢᠷᠢ ᠬᠡᠮ᠎ᠳᠤ ᠮᠠᠷᠭᠤᠯᠳᠤᠭ᠋ᠠᠨ ᠭᠠᠷᠪᠠᠯ᠂ ᠠᠳᠠᠯᠢ ᠱᠠᠲᠤᠨ᠎ᠤ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠢ ᠭᠣᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
    ᠠᠷᠪᠠᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠨᠤᠭᠤᠳ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠴᠠ ᠵᠢ ᠪᠠᠢ᠌ᠭᠤᠯᠵᠤ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠪᠠ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠭᠡᠮᠳᠦᠯ ᠡᠨᠳᠡᠯ᠎ᠢ ᠰᠢᠢ᠍ᠳᠪᠦᠷᠢᠯᠡᠬᠦ ᠪᠡᠯᠡᠳᠬᠡᠯ ᠲᠥᠰᠥᠯ᠎ᠢ ᠲᠣᠭᠲᠠᠭ᠋ᠠᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭ᠋ᠠᠵᠢ ᠬᠡᠷᠡᠭᠰᠡᠯ᠎ᠤᠨ ᠪᠡᠯᠡᠳᠬᠡᠮᠵᠢ ᠵᠢᠴᠢ ᠲᠠᠯᠠᠪᠤᠷ ᠭᠠᠵᠠᠷ᠎ᠤᠨ ᠠᠮᠤᠷ   ᠲᠦᠪᠰᠢᠨ᠎ᠤ ᠬᠠᠮᠢᠶᠠᠷᠤᠯᠳᠠ ᠵᠢ ᠲᠡᠭᠦᠯᠳᠡᠷᠵᠢᠭᠦᠯᠬᠦ ᠬᠡᠷᠡᠭᠳᠡᠢ᠃ ᠲᠠᠮᠢᠷ᠎ᠤᠨ ᠰᠤᠷᠭ᠋ᠠᠭᠤᠯᠢ᠎ᠨᠤᠭᠤᠳ ᠲᠣᠭᠲᠠᠭ᠋ᠠᠯ ᠶᠣᠰᠣᠭ᠋ᠠᠷ ᠰᠤᠷᠤᠭᠴᠢᠳ᠎ᠲᠤ ᠡᠷᠡᠭᠦᠯ ᠮᠡᠨᠳᠦ ᠵᠢᠨ ᠪᠡᠶ᠎ᠡ ᠵᠢᠨ ᠪᠠᠢ᠌ᠴᠠᠭ᠋ᠠᠯᠲᠠ ᠵᠢ ᠲᠣᠬᠢᠷᠠᠭᠤᠯᠤᠨ᠂ ᠰᠤᠷᠤᠭᠴᠢᠳ᠎ᠤᠨ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠢ᠌ᠭᠤᠯᠵᠤ᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ ᠵᠢᠨ ᠬᠠᠷᠢᠶ᠎ᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠰᠤᠷᠤᠭᠴᠢᠳ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠳᠤ ᠣᠷᠣᠭᠤᠯᠬᠤ ᠬᠡᠷᠡᠭᠳᠡᠢ᠃ ᠪᠡᠶ᠎ᠡ ᠵᠢᠨ ᠲᠠᠮᠢᠷ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠠᠮᠤᠷ ᠲᠦᠪᠰᠢᠨ᠎ᠤ ᠮᠡᠳᠡᠯᠭᠡ ᠵᠢ ᠲᠦᠭᠡᠮᠡᠯᠵᠢᠭᠦᠯᠦᠨ᠂ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠠᠨᠠᠭ᠋ᠠᠨ᠎ᠳᠤ ᠦᠭᠡᠢ ᠰᠢᠷᠬᠠᠲᠤᠯ᠎ᠤᠨ ᠳᠠᠭ᠋ᠠᠳᠬᠠᠯ᠎ᠤᠨ ᠲᠣᠭᠲᠠᠴᠠ ᠵᠢ ᠪᠦᠷᠢᠨᠰᠢᠭᠦᠯᠵᠦ᠂ ᠰᠤᠷᠭ᠋ᠠᠭᠤᠯᠢ ᠵᠢᠨ ᠲᠠᠯ᠎ᠠ ᠵᠢᠨ ᠬᠠᠷᠢᠭᠤᠴᠠᠯᠭ᠎ᠠ ᠵᠢᠨ ᠳᠠᠭ᠋ᠠᠳᠬᠠᠯ ᠬᠤᠳᠠᠯᠳᠤᠨ ᠠᠪᠬᠤ᠂ ᠭᠡᠷ᠎ᠤᠨ ᠠᠬᠠᠮᠠᠳ ᠪᠤᠶᠤ ᠬᠢᠨᠠᠨ ᠬᠠᠮᠠᠭ᠋ᠠᠯᠠᠭᠴᠢ ᠵᠢᠨ ᠰᠠᠢ᠌ᠨ ᠳᠤᠷ᠎ᠠ᠎ᠠᠴᠠ᠎ᠪᠠᠨ ᠰᠤᠷᠤᠭᠴᠢᠳ᠎ᠲᠤ ᠰᠠᠨᠠᠭ᠋ᠠᠨ᠎ᠳᠤ ᠦᠭᠡᠢ ᠰᠢᠷᠬᠠᠲᠤᠯ᠎ᠤᠨ ᠳᠠᠭ᠋ᠠᠳᠬᠠᠯ ᠬᠤᠳᠠᠯᠳᠤᠨ ᠠᠪᠬᠤ ᠵᠢ ᠵᠣᠷᠢᠭᠵᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠦᠭᠰᠢᠭᠦᠷᠢ ᠵᠢᠨ ᠬᠠᠮᠢᠶᠠᠷᠤᠯᠲᠠ ᠪᠠ ᠰᠢᠯᠵᠢᠭᠦᠯᠬᠦ ᠲᠤᠭᠳᠠᠴᠠ ᠵᠢ ᠲᠡᠭᠦᠯᠳᠡᠷᠵᠢᠬᠦᠯᠬᠦ ᠬᠡᠷᠡᠭᠳᠡᠢ᠃
    ᠠᠷᠪᠠᠨ ᠨᠢᠭᠡᠳᠦᠭᠡᠷ ᠵᠦᠢ᠍ᠯ   ᠲᠠᠮᠢᠷ᠎ᠤᠨ ᠰᠤᠷᠭ᠋ᠠᠭᠤᠯᠢ 《ᠬᠥᠭᠡᠷᠦᠭᠦᠯᠬᠦ ᠡᠮ᠎ᠢ ᠡᠰᠡᠷᠭᠦᠴᠡᠬᠦ ᠬᠠᠮᠢᠶᠠᠷᠤᠯᠲᠠ ᠵᠢᠨ ᠳᠦᠷᠢᠮ》᠂ 《ᠬᠥᠭᠡᠷᠦᠭᠦᠯᠬᠦ ᠡᠮ᠎ᠢ ᠡᠰᠡᠷᠭᠦᠴᠡᠬᠦ ᠬᠠᠮᠢᠶᠠᠷᠤᠯᠲᠠ ᠵᠢᠨ ᠠᠷᠭ᠎ᠠ》 ᠵᠢᠨ ᠶᠣᠰᠣᠭ᠋ᠠᠷ ᠬᠥᠭᠡᠷᠦᠭᠦᠯᠬᠦ ᠡᠮ᠎ᠢ ᠡᠰᠡᠷᠭᠦᠴᠡᠬᠦ ᠤᠬᠠᠭᠤᠯᠭ᠎ᠠ᠂ ᠬᠥᠮᠦᠵᠢᠯ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠤᠰᠬᠠᠢ ᠬᠥᠮᠥᠨ ᠰᠣᠩᠭᠣᠨ ᠲᠣᠮᠢᠯᠠᠵᠤ ᠬᠥᠭᠡᠷᠦᠭᠦᠯᠬᠦ ᠡᠮ᠎ᠢ ᠡᠰᠡᠷᠭᠦᠴᠡᠬᠦ ᠠᠵᠢᠯ᠎ᠢ ᠬᠠᠷᠢᠭᠤᠴᠠᠭᠤᠯᠵᠤ᠂ ᠲᠠᠮᠢᠷᠴᠢᠳ᠎ᠤᠨ ᠡᠮ᠎ᠤᠨ ᠵᠦᠢ᠍ᠯ᠂ ᠰᠢᠮ᠎ᠡ ᠲᠡᠵᠢᠭᠡᠯᠲᠦ ᠵᠦᠢ᠍ᠯ᠂ ᠢᠳᠡᠭᠡᠨ᠎ᠤ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃
    ᠠᠷᠪᠠᠨ ᠬᠣᠶᠠᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠪᠠᠭᠰᠢ᠎ᠨᠢ ᠤᠯᠤᠰ᠎ᠠᠴᠠ ᠲᠣᠭᠲᠠᠭ᠋ᠠᠭᠰᠠᠨ ᠪᠠᠭᠰᠢ ᠵᠢᠨ ᠬᠢᠷᠢ ᠬᠡᠮ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠃ ᠡᠩ᠎ᠤᠨ ᠰᠤᠷᠭ᠋ᠠᠭᠤᠯᠢ ᠬᠢᠭᠡᠳ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠪᠠᠭᠰᠢ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠡᠩ᠎ᠤᠨ ᠰᠤᠷᠭ᠋ᠠᠭᠤᠯᠢ ᠵᠢᠨ ᠰᠢᠯᠢᠳᠡᠭ ᠰᠣᠶᠣᠯ᠎ᠤᠨ ᠬᠢᠴᠢᠶᠡᠯ᠎ᠤᠨ ᠪᠠᠭᠰᠢ᠎ᠠᠴᠠ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠠᠵᠢᠯ᠎ᠢ ᠬᠠᠪᠰᠤᠷᠤᠨ ᠲᠡᠳᠬᠦᠬᠦ ᠵᠠᠭᠪᠤᠷ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠨ᠎ᠡ᠃ ᠲᠠᠮᠢᠷ᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠪᠠᠭᠰᠢ ᠵᠢᠨ ᠲᠤᠰᠬᠠᠢ   ᠮᠡᠷᠭᠡᠵᠢᠯ ᠎ᠤᠨ   ᠲᠤᠰᠢᠶᠠᠯ     (ᠨᠡᠷᠡᠢ᠌ᠳᠦᠯ)᠎ᠢ ᠲᠣᠭᠲᠠᠭ᠋ᠠᠵᠤ ᠤᠷᠢᠬᠤ᠂ ᠴᠠᠯᠢᠩ ᠣᠯᠭᠣᠮᠵᠢ᠂ ᠬᠥᠬᠢᠭᠦᠯᠦᠨ ᠰᠠᠢ᠌ᠰᠢᠶᠠᠬᠤ᠂ ᠱᠠᠩᠨᠠᠬᠤ᠂ ᠵᠢᠭ᠋ᠠᠨ ᠰᠤᠷᠭ᠋ᠠᠯᠲᠠ ᠵᠢᠨ ᠮᠡᠷᠭᠡᠵᠢᠯ ᠴᠢᠳᠠᠪᠤᠷᠢ ᠵᠢ ᠦᠨᠡᠯᠡᠨ ᠲᠣᠭᠲᠠᠭ᠋ᠠᠬᠤ᠂ ᠴᠢᠨᠠᠷ ᠰᠠᠢ᠌ᠲᠠᠢ ᠬᠢᠴᠢᠶᠡᠯ᠎ᠢ ᠰᠢᠯᠭ᠋ᠠᠷᠠᠭᠤᠯᠬᠤ ᠪᠠ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠵᠡᠷᠭᠡ ᠵᠢ ᠲᠣᠰ ᠭᠠᠵᠠᠷ ᠣᠷᠣᠨ᠎ᠤ ᠡᠩ᠎ᠤᠨ ᠰᠤᠷᠭ᠋ᠠᠭᠤᠯᠢ ᠵᠢᠨ ᠪᠠᠭᠰᠢ ᠵᠢᠨ ᠠᠳᠠᠯᠢ ᠲᠠᠰ᠎ᠤᠨ ᠣᠯᠭᠣᠮᠵᠢ ᠶᠣᠰᠣᠭ᠋ᠠᠷ ᠬᠡᠷᠡᠭᠵᠢᠭᠦᠯᠵᠦ᠂ ᠴᠠᠯᠢᠩ ᠬᠥᠯᠥᠰᠦ ᠵᠢ ᠵᠦᠢ ᠵᠣᠬᠢᠰᠲᠠᠢ ᠪᠠᠲᠤᠯᠠᠨ᠎ᠠ᠃
    ᠠᠷᠪᠠᠨ ᠭᠤᠷᠪᠠᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠨᠢ 《ᠴᠢᠳᠠᠪᠤᠷᠢ᠎ᠲᠠᠢ᠎ᠨᠢ ᠳᠠᠪᠰᠢᠵᠤ᠂ ᠴᠢᠳᠠᠪᠤᠷᠢ ᠦᠭᠡᠢ᠎ᠨᠢ ᠪᠠᠭᠤᠬᠤ》 ᠵᠠᠷᠴᠢᠮ᠎ᠤᠨ ᠶᠣᠰᠣᠭ᠋ᠠᠷ ᠰᠤᠷᠭ᠋ᠠᠭᠴᠢ ᠵᠢ ᠤᠷᠢᠨ ᠲᠣᠮᠢᠯᠠᠵᠤ ᠬᠢᠨᠠᠨ ᠰᠢᠯᠭ᠋ᠠᠬᠤ ᠳᠦᠷᠢᠮ᠎ᠢ ᠲᠣᠭᠲᠠᠮᠠᠯ ᠬᠤᠭᠤᠴᠠᠭ᠎ᠠ ᠎ᠲᠠᠢ ᠎ᠪᠠᠷ ᠬᠡᠷᠡᠭᠵᠢᠭᠦᠯᠵᠦ᠂ ᠤᠷᠢᠨ ᠲᠣᠮᠢᠯᠠᠭᠰᠠᠨ ᠰᠤᠷᠭ᠋ᠠᠭᠴᠢ᠎ᠨᠢ ᠤᠯᠤᠰ᠎ᠠᠴᠠ ᠲᠣᠭᠲᠠᠭ᠋ᠠᠭᠰᠠᠨ ᠰᠤᠷᠭ᠋ᠠᠭᠴᠢ ᠵᠢᠨ ᠬᠢᠷᠢ ᠬᠡᠮ ᠪᠠ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠴᠡᠷᠢᠭ᠎ᠤᠨ ᠠᠯᠪᠠ᠎ᠠᠴᠠ ᠪᠠᠭᠤᠭᠰᠠᠨ ᠰᠢᠯᠢᠳᠡᠭ ᠲᠠᠮᠢᠷᠴᠢᠨ᠎ᠨᠢ ᠪᠡᠶ᠎ᠡ ᠵᠢᠨ ᠲᠠᠮᠢᠷ᠎ᠤᠨ ᠪᠠᠭᠰᠢ ᠪᠤᠶᠤ ᠰᠤᠷᠭ᠋ᠠᠭᠴᠢ ᠵᠢᠨ ᠲᠤᠰᠢᠶᠠᠯ᠎ᠢ ᠡᠭᠦᠷᠭᠡᠯᠡᠬᠦ᠎ᠳᠤ᠂ ᠬᠥᠮᠥᠨ ᠬᠡᠷᠡᠭᠯᠡᠬᠦ ᠨᠢᠭᠡᠴᠡ᠎ᠨᠢ ᠰᠢᠭᠤᠳ ᠰᠢᠯᠭ᠋ᠠᠨ ᠪᠠᠢ᠌ᠴᠠᠭ᠋ᠠᠬᠤ᠂ ᠨᠢᠭᠤᠷᠲᠠᠨ ᠰᠢᠯᠭ᠋ᠠᠬᠤ᠂ ᠮᠡᠷᠭᠡᠵᠢᠯ᠎ᠤᠨ ᠴᠢᠳᠠᠪᠤᠷᠢ ᠵᠢᠨ ᠰᠢᠯᠭ᠋ᠠᠯᠲᠠ ᠬᠢᠬᠦ ᠵᠡᠷᠭᠡ ᠨᠢᠭᠡ ᠵᠦᠢ᠍ᠯ᠎ᠤᠨ ᠪᠤᠶᠤ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠰᠢᠯᠢᠨ ᠰᠣᠩᠭᠣᠵᠤ ᠤᠷᠢᠨ ᠬᠡᠷᠡᠭᠯᠡᠵᠦ ᠪᠣᠯᠣᠨ᠎ᠠ᠃ ᠲᠠᠮᠢᠷ᠎ᠤᠨ ᠰᠤᠷᠭ᠋ᠠᠭᠤᠯᠢ᠎ᠳᠤ ᠠᠳᠠᠯᠢ ᠠᠵᠢᠯ᠎ᠳᠤ ᠠᠳᠠᠯᠢ ᠬᠥᠯᠥᠰᠦ ᠣᠯᠭᠣᠮᠵᠢ ᠣᠯᠭᠣᠵᠤ ᠲᠤᠰᠢᠶᠠᠯ ᠬᠠᠪᠰᠤᠷᠭ᠋ᠠᠭᠰᠠᠨ ᠰᠤᠷᠭ᠋ᠠᠭᠴᠢ ᠵᠢ ᠤᠷᠢᠵᠤ ᠪᠠᠭᠰᠢᠯᠠᠭᠤᠯᠵᠤ ᠪᠣᠯᠣᠨ᠎ᠠ᠃
    ᠠᠷᠪᠠᠨ ᠳᠥᠷᠪᠡᠳᠦᠭᠡᠷ ᠵᠦᠢ᠍ᠯ   ᠲᠤᠮᠳᠠᠳᠦ ᠵᠡᠷᠭᠡ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢ᠎ᠨᠤᠭᠤᠳ ᠵᠢᠭ᠋ᠠᠨ ᠰᠤᠷᠭ᠋ᠠᠬᠤ ᠪᠠ ᠬᠣᠯᠪᠣᠭᠳᠠᠯ ᠪᠦᠬᠦᠢ ᠠᠵᠢᠯ ᠮᠡᠷᠭᠡᠵᠢᠯ᠎ᠤᠨ ᠬᠢᠷᠢ ᠬᠡᠮ᠎ᠤᠨ ᠪᠠᠷᠢᠮᠵᠢᠶ᠎ᠠ ᠵᠢ ᠬᠠᠷᠢᠯᠴᠠᠨ ᠤᠶᠠᠯᠳᠤᠭᠤᠯᠤᠭᠰᠠᠨ ᠰᠤᠷᠤᠯᠭ᠎ᠠ ᠵᠢᠨ ᠨᠠᠮᠲᠠᠷ᠎ᠤᠨ ᠦᠨᠡᠮᠯᠡᠯ (ᠰᠤᠷᠭ᠋ᠠᠭᠤᠯᠢ ᠲᠡᠭᠦᠰᠦᠭᠰᠡᠨ ᠦᠨᠡᠮᠯᠡᠯ) ᠪᠠ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠎ᠤᠨ ᠳᠦᠷᠢᠮ᠎ᠢ ᠢᠳᠡᠪᠬᠢᠲᠡᠢ᠎ᠪᠠᠷ ᠬᠡᠷᠡᠭᠵᠢᠭᠦᠯᠬᠦ ᠬᠡᠷᠡᠭᠲᠡᠢ᠃ ᠰᠤᠷᠤᠭᠴᠢᠳ᠎ᠢ ᠵᠣᠬᠢᠶᠠᠨ ᠪᠠᠢ᠌ᠭᠤᠯᠤᠨ ᠬᠠᠮᠢᠶ᠎ᠠ ᠪᠦᠬᠦᠢ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢ ᠬᠢᠨᠠᠨ ᠲᠣᠭᠲᠠᠭ᠋ᠠᠬᠤ ᠪᠠᠢ᠌ᠭᠤᠯᠤᠮᠵᠢ ᠵᠢᠨ ᠵᠣᠬᠢᠶᠠᠨ ᠪᠠᠢ᠌ᠭᠤᠯᠤᠭᠰᠠᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠡᠷᠭᠡ ᠪᠡᠶ᠎ᠡ ᠵᠢᠨ ᠲᠠᠮᠢᠷ᠎ᠤᠨ ᠲᠥᠷᠥᠯ᠎ᠤᠨ ᠮᠡᠷᠭᠡᠵᠢᠯ ᠴᠢᠳᠠᠪᠤᠷᠢ ᠵᠢᠨ ᠬᠢᠨᠠᠨ ᠲᠣᠭᠲᠠᠭ᠋ᠠᠯᠲᠠ᠎ᠳᠤ ᠣᠷᠣᠯᠴᠠᠭᠤᠯᠵᠤ᠂ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠳᠣᠪᠣᠶ᠋ᠢᠯᠭ᠋ᠠᠵᠤ ᠪᠣᠯᠣᠨ᠎ᠠ᠃
    ᠠᠷᠪᠠᠨ ᠲᠠᠪᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠨᠤᠭᠤᠳ ᠪᠡᠶ᠎ᠡ ᠵᠢᠨ ᠲᠠᠮᠢᠷ᠎ᠤᠨ ᠴᠢᠳᠠᠪᠤᠷᠢᠲᠠᠨ ᠬᠥᠮᠥᠵᠢᠭᠦᠯᠬᠦ ᠠᠵᠢᠯ᠎ᠢ ᠪᠡᠶᠡᠯᠡᠭᠦᠯᠦᠭᠰᠡᠨ ᠤᠷᠢᠲᠠᠯ ᠳᠣᠣᠷ᠎ᠠ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠂ ᠡᠪᠦᠯ ᠵᠤᠰᠠᠯᠠᠩ᠂ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠡᠷᠭᠡ ᠡᠭᠦᠷᠭᠡ ᠵᠢ ᠡᠭᠦᠷᠭᠡᠯᠡᠵᠦ᠂ ᠪᠡᠶ᠎ᠡ ᠵᠢᠨ ᠲᠠᠮᠢᠷ  ᠎ᠤᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠪᠣᠯᠣᠨ ᠬᠥᠭᠵᠢᠯᠲᠡ ᠵᠢ ᠲᠦᠯᠬᠢᠨ ᠠᠬᠢᠭᠤᠯᠵᠤ ᠪᠣᠯᠣᠨ᠎ᠠ᠃
    ᠠᠷᠪᠠᠨ ᠵᠢᠷᠭᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠰᠤᠷᠭ᠋ᠠᠭᠴᠢ ᠨᠠᠷ ᠡᠷᠬᠢᠯᠡᠭᠰᠡᠨ ᠠᠵᠢᠯ᠎ᠤᠨ ᠡᠭᠦᠷᠭᠡ᠎ᠪᠠᠨ ᠪᠡᠶᠡᠯᠡᠭᠦᠯᠦᠭᠰᠡᠨ ᠤᠷᠢᠲᠠᠯ ᠳᠣᠣᠷ᠎ᠠ᠂ ᠪᠡᠶ᠎ᠡ ᠵᠢᠨ ᠲᠠᠮᠢᠷ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠪᠣᠯᠣᠨ ᠬᠢᠴᠢᠶᠡᠯ  ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂ ᠰᠤᠷᠤᠭᠴᠢᠳ᠎ᠲᠤ ᠲᠤᠰᠬᠠᠢ ᠵᠦᠢ᠍ᠯ᠎ᠤᠨ ᠪᠡᠶ᠎ᠡ ᠵᠢᠨ ᠲᠠᠮᠢᠷ᠎ᠤᠨ ᠮᠡᠷᠭᠡᠵᠢᠯ  ᠎ᠤᠨ ᠴᠢᠳᠠᠪᠤᠷᠢ ᠵᠢᠨ ᠪᠣᠯᠪᠠᠰᠤᠷᠠᠭᠤᠯᠤᠯ  ᠎ᠤᠨ ᠦᠢ᠍ᠯᠡᠴᠢᠯᠡᠭᠡ ᠬᠠᠩᠭ᠋ᠠᠵᠤ ᠪᠤᠯᠤᠨ᠎ᠡ᠂ ᠲᠤᠰ ᠰᠤᠷᠭ᠋ᠠᠭᠤᠯᠢ ᠵᠢᠨ ᠲᠣᠮᠢᠯᠠᠭᠰᠠᠨ ᠰᠤᠷᠭ᠋ᠠᠭᠴᠢ ᠵᠢᠨ ᠬᠢᠴᠢᠶᠡᠯ  ᠎ᠤᠨ ᠭᠠᠳᠠᠨᠠᠬᠢ ᠪᠣᠯᠪᠠᠰᠤᠷᠠᠯ᠂ ᠮᠠᠲᠸᠷᠢᠶᠡᠯ ᠰᠣᠩᠭᠣᠬᠤ᠂ ᠪᠡᠶ᠎ᠡ ᠮᠠᠬᠠᠪᠤᠳ᠎ᠤᠨ ᠰᠣᠷᠢᠯᠲᠠ᠂ ᠤᠷᠤᠯᠳᠤᠭ᠋ᠠᠨ ᠵᠣᠬᠢᠶᠠᠨ ᠪᠠᠶ᠋ᠢᠭᠤᠯᠬᠤ ᠵᠡᠷᠭᠡ ᠠᠵᠢᠯᠯᠠᠭ᠎ᠠ᠎ᠳᠤ ᠲᠤᠰᠢᠶᠠᠯ ᠬᠠᠪᠰᠤᠷᠭ᠋ᠠᠵᠤ ᠴᠠᠯᠢᠩ ᠬᠠᠪᠰᠤᠷᠭ᠋ᠠᠵᠤ ᠪᠠᠢ᠌ᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
    ᠠᠷᠪᠠᠨ ᠳᠣᠯᠣᠳᠤᠭ᠋ᠠᠷ ᠵᠦᠢ᠍ᠯ   ᠲᠠᠮᠢᠷ᠎ᠤᠨ ᠰᠤᠷᠭ᠋ᠠᠭᠤᠯᠢ᠎ᠨᠤᠭᠤᠳ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢᠨ ᠲᠥᠰᠥᠯ ᠵᠶ᠋ᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠪᠢᠶᠠᠷᠢᠯᠠᠯᠲᠠ ᠵᠢᠨ ᠳᠤᠮᠳᠠ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ᠎ᠳᠤ ᠰᠢᠯᠢᠳᠡᠭ ᠬᠠᠷᠠᠮᠵᠢ ᠣᠯᠭᠣᠬᠤ ᠵᠢ ᠪᠠᠷᠢᠮᠲᠠᠯᠠᠬᠤ ᠬᠡᠷᠡᠭᠲᠡᠢ᠃    

          ᠭᠤᠷᠪᠠᠳᠤᠭ᠋ᠠᠷ ᠪᠦᠯᠦᠭ     ᠦᠢ᠍ᠯᠡᠴᠢᠯᠡᠭᠡ ᠬᠢᠭᠡᠳ ᠪᠠᠲᠤᠯᠠᠭ᠎ᠠ

      ᠠᠷᠪᠠᠨ ᠨᠠᠢ᠍ᠮᠠᠳᠤᠭ᠋ᠠᠷ ᠵᠦᠢ᠍ᠯ   ᠡᠯ᠎ᠡ ᠭᠠᠵᠠᠷ᠎ᠤᠨ᠎ᠬᠢᠨ ᠤᠯᠤᠰ᠎ᠤᠨ ᠲᠣᠭᠲᠠᠭ᠋ᠠᠯ ᠶᠣᠰᠣᠭ᠋ᠠᠷ ᠲᠠᠮᠢᠷ᠎ᠤᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠡᠭᠦᠨ᠎ᠢ ᠲᠤᠬᠠᠢ ᠵᠢᠨ ᠭᠠᠵᠠᠷ᠎ᠤᠨ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ ᠣᠷᠣᠭᠤᠯᠵᠤ᠂ ᠪᠣᠯᠪᠠᠰᠤᠷᠠᠯ᠎ᠤᠨ ᠤᠷᠤᠯᠳᠤᠭ᠋ᠠᠨ᠂ ᠰᠣᠶᠣᠯ ᠰᠤᠷᠭ᠋ᠠᠨ ᠬᠥᠮᠦᠵᠢᠯ᠂ ᠰᠢᠮ᠎ᠡ ᠲᠡᠵᠢᠭᠡᠯ᠎ᠤᠨ ᠬᠣᠭᠣᠯᠠ᠂ ᠲᠠᠯᠠᠪᠤᠷ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠰᠡᠯᠪᠢᠨ ᠵᠠᠰᠠᠯᠲᠠ ᠵᠢᠴᠢ ᠰᠤᠷᠭ᠋ᠠᠭᠴᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠡᠮᠨᠡᠯᠭᠡ ᠵᠢᠨ ᠠᠵᠢᠯ ᠵᠡᠷᠭᠡ ᠠᠵᠢᠯᠲᠠᠨ᠎ᠤ ᠴᠠᠯᠢᠩ᠂ ᠬᠤᠪᠴᠠᠰᠤ ᠬᠤᠨᠠᠷ ᠲᠣᠨᠣᠭ ᠲᠥᠬᠦᠭᠡᠷᠦᠮᠵᠢ ᠵᠡᠷᠭᠡ ᠵᠠᠷᠤᠳᠠᠯ᠎ᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠤᠨ᠂ ᠵᠠᠷᠤᠳᠠᠯ᠎ᠤᠨ ᠣᠷᠣᠭᠤᠯᠤᠯᠲᠠ᠎ᠪᠠᠨ ᠨᠡᠮᠡᠭᠳᠡᠭᠦᠯᠵᠦ᠂ ᠰᠤᠷᠭ᠋ᠠᠭᠤᠯᠢ ᠡᠷᠭᠢᠯᠡᠬᠦ ᠨᠥᠬᠥᠴᠡᠯ᠎ᠢ ᠲᠠᠰᠤᠷᠠᠯᠲᠠ ᠦᠭᠡᠢ ᠰᠠᠢ᠌ᠵᠢᠷᠠᠭᠤᠯᠤᠨ᠎ᠠ᠃ ᠡᠯ᠎ᠡ ᠲᠥᠷᠥᠯ᠎ᠤᠨ ᠨᠡᠢ᠌ᠭᠡᠮ ᠪᠤᠶᠤ ᠠᠵᠤ ᠠᠬᠤᠢ᠌ᠯᠠᠯ᠎ᠤᠨ ᠵᠣᠬᠢᠶᠠᠨ ᠪᠠᠢ᠌ᠭᠤᠯᠤᠯᠲᠠ᠂ ᠬᠤᠪᠢ ᠬᠥᠮᠥᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠳᠤ ᠬᠠᠤᠯᠢ ᠶᠣᠰᠣᠭ᠋ᠠᠷ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠲᠤᠰᠠᠯᠠᠬᠤ᠂ ᠬᠠᠨᠳᠢᠪᠯᠡᠬᠤ ᠪᠤᠶᠤ ᠬᠠᠩᠭ᠋ᠠᠬᠤ ᠵᠢ ᠵᠣᠷᠢᠭᠵᠢᠭᠤᠯᠤᠨ᠎ᠠ᠃
      ᠠᠷᠪᠠ ᠶᠢᠰᠦᠳᠦᠭᠡᠷ ᠵᠦᠢ᠍ᠯ   ᠡᠯ᠎ᠡ ᠭᠠᠵᠠᠷ᠎ᠤᠨ ᠪᠡᠶ᠎ᠡ ᠵᠢᠨ ᠲᠠᠮᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠵᠢᠯ ᠪᠦᠷᠢ ᠵᠣᠬᠢᠬᠤ ᠬᠠᠷᠢᠴᠠᠯ᠎ᠤᠨ ᠲᠣᠰ ᠱᠠᠲᠤᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠲᠤᠬᠠᠢ ᠵᠢᠨ ᠭᠠᠵᠠᠷ᠎ᠤᠨ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠲᠠᠯᠠᠪᠤᠷ ᠭᠠᠵᠠᠷ᠎ᠤᠨ ᠪᠡᠯᠡᠳᠬᠡᠮᠵᠢ ᠵᠢ ᠬᠠᠮᠠᠭ᠋ᠠᠯᠠᠬᠤ᠂ ᠪᠣᠯᠪᠠᠰᠤᠷᠠᠯ ᠤᠷᠤᠯᠳᠤᠭ᠋ᠠᠨ᠎ᠤ ᠲᠣᠨᠣᠭ ᠲᠥᠬᠦᠭᠡᠷᠦᠮᠵᠢ ᠬᠤᠳᠠᠯᠳᠤᠨ ᠠᠪᠬᠤ ᠪᠠ ᠥᠨᠳᠥᠷ ᠬᠢᠷᠢ ᠲᠦᠪᠰᠢᠨ ᠪᠦᠬᠦᠢ ᠪᠣᠯᠪᠠᠰᠤᠷᠠᠯ᠎ᠤᠨ ᠤᠷᠤᠯᠳᠤᠭ᠋ᠠᠨ᠎ᠳᠤ ᠣᠷᠤᠯᠴᠠᠬᠤ ᠵᠡᠷᠭᠡ ᠲᠠᠯ᠎ᠠ ᠵᠢᠨ ᠵᠠᠷᠤᠳᠠᠯ᠎ᠤᠨ ᠨᠥᠬᠥᠪᠦᠷᠢ᠎ᠳᠤ ᠬᠡᠷᠡᠭᠯᠡᠬᠦ ᠬᠡᠷᠡᠭᠲᠡᠢ᠃
    ᠬᠣᠷᠢᠳᠤᠭ᠋ᠠᠷ ᠵᠦᠢ᠍ᠯ   ᠡᠯ᠎ᠡ ᠭᠠᠵᠠᠷ᠎ᠤᠨ᠎ᠬᠢᠨ ᠲᠠᠮᠢᠷ᠎ᠤᠨ ᠰᠤᠷᠭ᠋ᠠᠭᠤᠯᠢ ᠵᠢᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ ᠪᠠᠶ᠋ᠢᠭᠤᠯᠬᠤ ᠵᠢ ᠠᠬᠢᠭᠤᠯᠵᠤ᠂ ᠬᠠᠮ ᠮᠠᠶᠢᠭ᠎ᠤᠨ ᠰᠤᠷᠭ᠋ᠠᠭᠴᠢ ᠵᠢᠨ ᠪᠠᠲᠤᠯᠠᠭ᠎ᠠ ᠵᠢᠨ ᠪᠦᠯᠬᠦᠮ᠎ᠢ ᠲᠣᠬᠢᠷᠠᠭᠤᠯᠵᠤ᠂ ᠲᠤᠬᠠᠢ ᠵᠢᠨ ᠭᠠᠵᠠᠷ᠎ᠤᠨ ᠳᠤᠮᠳᠠᠳᠤ ᠪᠠᠭ᠎ᠠ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠲᠠᠯᠠᠪᠤᠷ ᠲᠥᠬᠦᠭᠡᠷᠦᠮᠵᠢ᠂ ᠵᠢᠭ᠋ᠠᠨ ᠰᠤᠷᠭ᠋ᠠᠯᠲᠠ ᠵᠢᠨ ᠦᠢ᠍ᠯᠡᠴᠢᠯᠡᠭᠡ᠂ ᠪᠠᠭᠰᠢ ᠵᠢᠨ ᠬᠦᠴᠦᠨ ᠵᠡᠷᠭᠡ ᠵᠢ ᠬᠠᠮᠲᠤᠪᠠᠷ ᠡᠳ᠋ᠯᠡᠨ᠎ᠡ᠃
    ᠬᠣᠷᠢᠨ ᠨᠢᠭᠡᠳᠦᠭᠡᠷ ᠵᠦᠢ᠍ᠯ   ᠪᠡᠶ᠎ᠡ ᠵᠢᠨ ᠲᠠᠮᠢᠷ᠎ᠤᠨ ᠰᠤᠷᠭ᠋ᠠᠭᠤᠯᠢ ᠬᠢᠭᠡᠳ ᠡᠩ᠎ᠤᠨ ᠰᠤᠷᠭ᠋ᠠᠭᠤᠯᠢ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠺᠯᠦ᠋ᠪ᠎ᠯᠦᠭᠡ ᠬᠠᠮᠲᠤᠷᠠᠯᠴᠠᠭ᠎ᠠ ᠥᠷᠨᠢᠭᠦᠯᠬᠦ ᠵᠢ ᠳᠡᠮᠵᠢᠵᠦ᠂ ᠵᠥᠪᠯᠡᠯᠴᠡᠭᠡᠷ ᠲᠣᠭᠲᠠᠬᠤ᠎ᠪᠠᠷ ᠳᠠᠮᠵᠢᠭᠤᠯᠤᠨ ᠬᠠᠷᠢᠭᠤᠴᠠᠯᠭ᠎ᠠ᠂ ᠵᠠᠷᠤᠳᠠᠯ᠂ ᠬᠥᠮᠥᠨ᠎ᠤ ᠬᠦᠴᠦᠨ᠂ ᠪᠣᠳᠠᠰ᠎ᠤᠨ ᠬᠦᠴᠦᠨ ᠵᠡᠷᠭᠡ ᠵᠢ ᠲᠣᠳᠣᠷᠬᠠᠢ᠌ᠯᠠᠵᠤ᠂ ᠪᠣᠯᠪᠠᠰᠤᠷᠠᠯ᠂ ᠤᠷᠤᠯᠳᠤᠭ᠋ᠠᠨ᠂ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠥᠷᠨᠢᠭᠦᠯᠦᠨ᠂ ᠬᠠᠮᠲᠤᠷᠠᠨ ᠰᠤᠷᠭ᠋ᠠᠭᠤᠯᠢ ᠡᠷᠭᠢᠯᠡᠬᠦ᠂ ᠬᠠᠮᠲᠤᠷᠠᠨ ᠠᠩᠭᠢ ᠪᠠᠶ᠋ᠢᠭᠤᠯᠬᠤ᠂ ᠡᠬᠢ ᠪᠠᠶᠠᠯᠢᠭ᠎ᠢ ᠬᠠᠮᠲᠤᠪᠠᠷ ᠭᠥᠷᠳᠡᠬᠦ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠵᠠᠭᠪᠤᠷ᠎ᠢ ᠪᠠᠢ᠌ᠭᠤᠯᠤᠨ᠎ᠠ᠃ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠯᠠᠪᠤᠷ ᠭᠠᠵᠠᠷ᠂ ᠪᠡᠯᠡᠳᠬᠡᠮᠵᠢ᠂ ᠪᠡᠯᠡ ᠮᠥᠩᠭᠥ᠂ ᠠᠵᠢᠯᠲᠠᠨ ᠵᠡᠷᠭᠡ ᠲᠠᠯ᠎ᠠ᠎ᠪᠠᠷ ᠲᠠᠮᠢᠷ᠎ᠤᠨ ᠰᠤᠷᠭ᠋ᠠᠭᠤᠯᠢ ᠵᠢ ᠳᠡᠮᠵᠢᠬᠦ ᠬᠡᠷᠡᠭᠲᠡᠢ᠃
    ᠬᠣᠷᠢᠨ ᠬᠣᠶᠠᠳᠤᠭ᠋ᠠᠷ ᠵᠦᠢ᠍ᠯ   ᠡᠯ᠎ᠡ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠣᠷᠣᠭᠤᠯᠤᠨ ᠠᠪᠴᠢᠷᠠᠬᠤ ᠨᠥᠬᠥᠴᠡᠯ᠎ᠳᠤ ᠨᠡᠶ᠋ᠢᠴᠡᠬᠦ ᠰᠢᠯᠢᠳᠡᠭ ᠰᠤᠷᠭ᠋ᠠᠭᠴᠢ᠂ ᠴᠡᠷᠢᠭ᠎ᠤᠨ ᠠᠯᠪᠠ᠎ᠠᠴᠠ ᠪᠠᠭᠤᠭᠰᠠᠨ ᠲᠠᠮᠢᠷᠴᠢᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠮᠨᠡᠯᠭᠡ ᠵᠢᠨ ᠠᠵᠢᠯᠲᠠᠨ᠎ᠢ ᠴᠢᠳᠠᠪᠤᠷᠢᠲᠠᠨ ᠣᠷᠣᠭᠤᠯᠤᠨ ᠠᠪᠴᠢᠷᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠲᠠᠮᠢᠷ᠎ᠤᠨ ᠰᠤᠷᠭ᠋ᠠᠭᠤᠯᠢ ᠵᠢᠨ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠬᠤ ᠬᠡᠷᠡᠭᠲᠡᠢ᠃
    ᠬᠣᠷᠢᠨ ᠭᠤᠷᠪᠠᠳᠤᠭ᠋ᠠᠷ ᠵᠦᠢ᠍ᠯ   ᠡᠯ᠎ᠡ ᠭᠠᠵᠠᠷ᠎ᠤᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠂ ᠪᠡᠶ᠎ᠡ ᠵᠢᠨ ᠲᠠᠮᠢᠷ᠎ᠤᠨ ᠲ᠋ᠥᠷᠥᠯ ᠵᠦᠢ᠍ᠯ  ᠎ᠤᠨ ᠬᠠᠮᠢᠶᠠᠷᠤᠯᠲᠠ ᠵᠢᠨ ᠨᠢᠭᠡᠴᠡ᠂ ᠭᠠᠭᠴᠠ ᠲᠦᠷᠦᠯ᠎ᠤᠨ ᠪᠡᠶ᠎ᠡ ᠵᠢᠨ ᠲᠠᠮᠢᠷ  ᠎ᠤᠨ ᠨᠡᠢ᠌ᠭᠡᠮᠯᠢᠭ᠂ ᠰᠤᠷᠤᠭᠴᠢᠳ᠎ᠤᠨ ᠪᠡᠶ᠎ᠡ ᠵᠢᠨ ᠲᠠᠮᠢᠷ  ᠎ᠤᠨ ᠨᠡᠢ᠌ᠭᠡᠮᠯᠢᠭ ᠵᠢᠴᠢ ᠭᠠᠭᠴᠠ ᠲᠦᠷᠦᠯ᠎ᠤᠨ ᠬᠤᠪᠢᠶᠠᠷᠢ ᠨᠡᠢ᠌ᠭᠡᠮᠯᠢᠭ᠎ᠠᠴᠠ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢ ᠲᠤᠰ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠬᠦ ᠡᠲᠡᠭᠡᠳ᠎ᠲᠡᠭᠡᠨ ᠣᠷᠣᠭᠤᠯᠬᠤ ᠬᠡᠷᠡᠭᠲᠡᠢ᠃ ᠰᠤᠷᠭ᠋ᠠᠨ ᠬᠥᠮᠦᠵᠢᠯ᠎ᠳᠤ ᠬᠦᠷᠭᠡᠬᠦ ᠦᠢ᠍ᠯᠡᠴᠢᠯᠡᠭᠡ᠂ ᠠᠩᠭᠢ ᠳᠠᠭ᠋ᠠᠵᠤ ᠨᠠᠢ᠌ᠳᠠᠨ ᠪᠣᠯᠪᠠᠰᠤᠷᠠᠭᠤᠯᠬᠤ᠂ ᠲᠠᠩ ᠵᠦᠢ᠍ᠯ᠎ᠤᠨ ᠰᠠᠭᠤᠷᠢᠨ ᠭᠠᠵᠠᠷ ᠪᠠᠶ᠋ᠢᠭᠤᠯᠬᠤ᠂ ᠲᠤᠰᠬᠠᠢ ᠮᠡᠷᠭᠡᠵᠢᠯ᠎ᠤᠨ ᠪᠣᠯᠪᠠᠰᠤᠷᠠᠭᠤᠯᠤᠯ ᠥᠷᠨᠢᠭᠦᠯᠬᠦ᠂ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠳᠠᠭ᠋ᠠᠭ᠋ᠠᠨ ᠡᠷᠭᠢᠯᠡᠬᠦ᠂ ᠪᠡᠯᠡ ᠮᠥᠩᠭᠥ᠎ᠪᠠᠷ ᠲᠡᠳᠬᠦᠬᠦ᠂ ᠬᠤᠪᠴᠠᠰᠤ ᠬᠤᠨᠠᠷ ᠪᠠᠭ᠋ᠠᠵᠢ ᠬᠡᠷᠡᠭᠰᠡᠯ ᠬᠠᠨᠳᠢᠪᠯᠡᠬᠤ᠂ ᠤᠷᠤᠯᠳᠤᠭ᠋ᠠᠨ᠎ᠳᠤ ᠣᠷᠤᠯᠴᠠᠬᠤ ᠲᠣᠬᠢᠶᠠᠯ ᠬᠠᠩᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠠᠮᠢᠷ᠎ᠤᠨ ᠰᠤᠷᠭ᠋ᠠᠭᠤᠯᠢ ᠵᠢᠨ ᠬᠥᠭᠵᠢᠯᠲᠡ ᠵᠢ ᠠᠬᠢᠭᠤᠯᠵᠤ᠂ ᠲᠠᠮᠢᠷ᠎ᠤᠨ ᠰᠤᠷᠭ᠋ᠠᠭᠤᠯᠢ ᠵᠢᠨ ᠬᠣᠭᠣᠷᠣᠨᠳᠣᠬᠢ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠴᠢᠳᠠᠪᠤᠷᠢᠲᠠᠨ ᠵᠶ᠋ᠠᠨ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠵᠶ᠋ᠠᠨ ᠬᠠᠮᠲᠤᠪᠠᠷ ᠭᠥᠷᠳᠡᠬᠦ ᠪᠣᠯᠪᠠᠰᠤᠷᠠᠯ᠎ᠤᠨ ᠰᠢᠨ᠎ᠡ ᠵᠠᠭᠪᠤᠷ᠎ᠢ ᠪᠣᠶ ᠪᠣᠯᠭ᠋ᠠᠨ᠎ᠠ᠃
    ᠬᠣᠷᠢᠨ ᠳᠥᠷᠪᠡᠳᠦᠭᠡᠷ ᠵᠦᠢ᠍ᠯ   ᠡᠯ᠎ᠡ ᠭᠠᠵᠠᠷ᠎ᠤᠨ ᠪᠡᠶ᠎ᠡ ᠵᠢᠨ ᠲᠠᠮᠢᠷ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠤᠷᠮᠠᠰᠢᠭᠤᠯᠬᠤ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠡᠶ᠎ᠡ ᠵᠢᠨ ᠲᠠᠮᠢᠷ  ᠎ᠤᠨ ᠪᠡᠯᠡᠳᠬᠡᠯ ᠴᠢᠳᠠᠪᠤᠷᠢᠲᠠᠨ ᠬᠥᠮᠥᠵᠢᠭᠦᠯᠬᠦ᠂ ᠬᠦᠷᠭᠡᠬᠦ᠂ ᠤᠷᠤᠯᠳᠤᠭ᠋ᠠᠨ᠂ ᠪᠡᠶ᠎ᠡ ᠵᠢᠨ ᠲᠠᠮᠢᠷ᠟᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ᠂ ᠪᠡᠶ᠎ᠡ ᠵᠢᠨ ᠲᠠᠮᠢᠷ᠟᠎ᠤᠨ ᠰᠤᠷᠭ᠋ᠠᠨ ᠬᠥᠮᠦᠵᠢᠯ ᠵᠡᠷᠭᠡ ᠲᠠᠯ᠎ᠠ᠎ᠪᠠᠷ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠪᠡᠶ᠎ᠡ ᠵᠢᠨ ᠲᠠᠮᠢᠷ᠟᠎ᠤᠨ ᠰᠤᠷᠭ᠋ᠠᠭᠤᠯᠢ ᠪᠣᠯᠣᠨ ᠬᠤᠪᠢ ᠬᠥᠮᠥᠨ  ᠎ᠢ ᠱᠠᠩᠨᠠᠬᠤ ᠪᠠ ᠬᠥᠬᠢᠭᠦᠯᠦᠨ ᠰᠠᠢ᠌ᠰᠢᠶᠠᠬᠤ ᠬᠡᠷᠡᠭᠲᠡᠢ᠃
    ᠬᠣᠷᠢᠨ ᠲᠠᠪᠤᠳᠤᠭ᠋ᠠᠷ ᠵᠦᠢ᠍ᠯ   ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠲᠠᠮᠢᠷᠴᠢᠳ᠎ᠤᠨ ᠰᠣᠶᠣᠯ ᠰᠤᠷᠭ᠋ᠠᠨ ᠬᠥᠮᠦᠵᠢᠯ ᠪᠣᠯᠣᠨ ᠲᠠᠮᠢᠷᠴᠢᠳ᠎ᠤᠨ ᠪᠠᠲᠤᠯᠠᠭ᠎ᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠵᠢᠯᠤᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2010] 23 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠲᠠᠮᠢᠷ᠎ᠤᠨ ᠰᠤᠷᠭ᠋ᠠᠭᠤᠯᠢ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠬᠤ ᠨᠠᠰᠤᠨ᠎ᠤ ᠰᠤᠷᠤᠭᠴᠢᠳ᠎ᠤᠨ ᠰᠣᠶᠣᠯ ᠰᠤᠷᠭ᠋ᠠᠨ ᠬᠥᠮᠦᠵᠢᠯ᠎ᠢ ᠪᠦᠬᠦᠨ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠬᠢᠭᠡᠳ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠵᠠᠯᠠᠭᠤ ᠪᠠᠭ᠋ᠠᠴᠤᠳ ᠲᠠᠮᠢᠷᠴᠢᠳ᠎ᠲᠤ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠬᠠᠩᠭ᠋ᠠᠵᠤ᠂ ᠰᠤᠷᠭ᠋ᠠᠭᠤᠯᠢ ᠠᠯᠤᠰᠯᠠᠨ ᠶᠠᠪᠤᠵᠤ ᠪᠠᠭᠰᠢᠯᠠᠬᠤ᠂ ᠪᠠᠭᠰᠢ ᠵᠢ ᠬᠠᠮᠲᠤᠪᠠᠷ ᠭᠥᠷᠳᠡᠬᠦ᠂ ᠲᠤᠰᠠᠭ᠋ᠠᠷ ᠰᠤᠷᠭ᠋ᠠᠭᠤᠯᠢ (ᠠᠩᠭᠢ) ᠡᠷᠭᠢᠯᠡᠬᠦ ᠪᠠ ᠲᠤᠰᠬᠠᠢ ᠭᠠᠯᠲᠤ ᠲᠡᠷᠭᠡ᠎ᠪᠠᠷ ᠰᠣᠷᠣᠭᠴᠢ ᠡᠯᠰᠡᠬᠦ ᠲᠥᠯᠥᠪᠯᠡᠭᠡ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠵᠠᠯᠠᠭᠤ ᠪᠠᠭ᠋ᠠᠴᠤᠳ ᠲᠠᠮᠢᠷᠴᠢᠳ᠎ᠲᠤ ᠨᠠᠩ ᠰᠠᠢ᠌ᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠬᠠᠩᠭ᠋ᠠᠵᠤ᠂ ᠰᠣᠶᠣᠯ ᠰᠤᠷᠭ᠋ᠠᠨ ᠬᠥᠮᠦᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
    ᠬᠣᠷᠢᠨ ᠵᠢᠷᠭᠤᠳᠤᠭ᠋ᠠᠷ ᠵᠦᠢ᠍ᠯ   ᠡᠯ᠎ᠡ ᠭᠠᠵᠠᠷ᠎ᠤᠨ᠎ᠬᠢᠨ ᠤᠯᠤᠰ᠎ᠤᠨ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ᠂ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ ᠪᠠ ᠪᠠᠷᠠᠭ᠋ᠠᠨ᠎ᠤ ᠦᠨ᠎ᠡ ᠵᠢᠨ ᠬᠢᠷᠢ ᠬᠡᠮᠵᠢᠶ᠎ᠡ ᠵᠢ ᠦᠨᠳᠦᠰᠦᠯᠡᠨ᠂ ᠲᠠᠮᠢᠷ᠎ᠤᠨ ᠰᠤᠷᠭ᠋ᠠᠭᠤᠯᠢ ᠵᠢᠨ ᠰᠤᠷᠤᠭᠴᠢ᠂ ᠰᠤᠷᠭ᠋ᠠᠭᠴᠢ ᠵᠢᠨ ᠰᠢᠮ᠎ᠡ ᠲᠡᠵᠢᠭᠡᠯ᠎ᠤᠨ ᠬᠣᠭᠣᠯᠠ ᠤᠮᠳᠠ ᠪᠠ ᠬᠤᠪᠴᠠᠰᠤ ᠬᠤᠨᠠᠷ᠎ᠤᠨ ᠪᠠᠷᠢᠮᠵᠢᠶ᠎ᠠ ᠵᠢ ᠲᠣᠭᠲᠠᠭ᠋ᠠᠵᠤ᠂ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠢ᠌ᠭᠤᠯᠵᠤ᠂ ᠬᠡᠪ᠎ᠤᠨ ᠬᠡᠷᠡᠭᠴᠡᠭᠡ ᠵᠢ ᠪᠠᠲᠤᠯᠠᠬᠤ ᠬᠡᠷᠡᠭᠲᠡᠢ᠃
    ᠬᠣᠷᠢᠨ ᠳᠣᠯᠣᠳᠤᠭ᠋ᠠᠷ ᠵᠦᠢ᠍ᠯ   ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠯᠪᠠᠨ᠎ᠠᠴᠠ ᠡᠷᠬᠢᠯᠡᠭᠰᠡᠨ ᠲᠠᠮᠢᠷ᠎ᠤᠨ ᠰᠤᠷᠭ᠋ᠠᠭᠤᠯᠢ ᠵᠢᠨ ᠲᠠᠯᠠᠪᠤᠷ ᠲᠥᠬᠦᠭᠡᠷᠦᠮᠵᠢ᠂ ᠬᠢᠴᠢᠶᠡᠯ᠎ᠤᠨ ᠭᠡᠷ᠂ ᠪᠠᠢ᠌ᠷᠢ ᠵᠡᠷᠭᠡ ᠦᠨᠳᠦᠰᠦᠨ ᠪᠦᠲᠦᠭᠡᠨ ᠪᠠᠢ᠌ᠭᠤᠯᠤᠯᠲᠠ᠂ ᠰᠡᠯᠪᠢᠨ ᠵᠠᠰᠠᠬᠤ᠂ ᠥᠭᠡᠷᠡᠴᠢᠯᠡᠬᠦ ᠵᠡᠷᠭᠡ ᠪᠡᠯᠡ ᠣᠷᠣᠭᠤᠯᠤᠯᠲᠠ ᠵᠢ ᠬᠠᠮᠲᠤᠪᠠᠷ ᠰᠢᠢ᠍ᠳᠪᠦᠷᠢᠯᠡᠨ᠎ᠡ᠃
    ᠬᠣᠷᠢᠨ ᠨᠠᠢ᠍ᠮᠠᠳᠤᠭ᠋ᠠᠷ ᠵᠦᠢ᠍ᠯ   ᠡᠯ᠎ᠡ ᠭᠠᠵᠠᠷ᠎ᠤᠨ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠠᠢ ᠣᠷᠳᠣᠨ᠎ᠨᠤᠭᠤᠳ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠳᠤ ᠮᠠᠲᠸᠷᠢᠶᠡᠯ ᠰᠣᠩᠭᠣᠬᠤ᠂ ᠪᠣᠯᠪᠠᠰᠤᠷᠠᠭᠤᠯᠬᠤ᠂ ᠤᠷᠤᠯᠳᠤᠭ᠋ᠠᠨ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠦᠢ᠍ᠯᠡᠴᠢᠯᠡᠭᠡᠨ ᠬᠠᠩᠭ᠋ᠠᠬᠤ ᠬᠡᠷᠡᠭᠲᠡᠢ᠃

                ᠳᠥᠷᠪᠡᠳᠦᠭᠡᠷ ᠪᠦᠯᠦᠭ     ᠬᠢᠨᠠᠨ ᠵᠢᠯᠤᠭᠣᠳᠬᠤ ᠪᠠ ᠦᠨᠡᠯᠡᠨ ᠵᠢᠱ᠌ᠢᠬᠦ
 

      ᠬᠣᠷᠢ ᠶᠢᠰᠦᠳᠦᠭᠡᠷ ᠵᠦᠢ᠍ᠯ   ᠡᠯ᠎ᠡ ᠭᠠᠵᠠᠷ᠎ᠤᠨ ᠪᠡᠶ᠎ᠡ ᠵᠢᠨ ᠲᠠᠮᠢᠷ ᠪᠣᠯᠣᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠣᠯᠪᠣᠭᠳᠠᠯ ᠪᠦᠬᠦᠢ ᠳᠦᠷᠢᠮ ᠪᠣᠯᠣᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠴᠠᠭ ᠲᠤᠬᠠᠢ᠎ᠲᠤᠨᠢ ᠵᠠᠯᠠᠷᠠᠭᠤᠯᠬᠤ ᠬᠡᠷᠡᠭᠲᠡᠢ᠃ ᠲᠠᠮᠢᠷ᠎ᠤᠨ ᠰᠤᠷᠭ᠋ᠠᠭᠤᠯᠢ᠎ᠨᠢ ᠴᠠᠭ ᠲᠤᠬᠠᠢ᠎ᠳᠤᠨᠢ ᠲᠠᠰ ᠳᠠᠷᠠᠭ᠋ᠠᠯᠠᠯ᠎ᠤᠨ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠦᠬᠦᠢ ᠪᠠᠢ᠌ᠳᠠᠯ ᠵᠶ᠋ᠠᠨ ᠳᠡᠭᠡᠭᠰᠢ ᠮᠡᠳᠡᠭᠦᠯᠵᠦ᠂ ᠬᠢᠨᠠᠯᠲᠠ ᠪᠠᠢ᠌ᠴᠠᠭ᠋ᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ᠃
      ᠭᠤᠴᠢᠳᠤᠭ᠋ᠠᠷ ᠵᠦᠢ᠍ᠯ   ᠡᠯ᠎ᠡ ᠭᠠᠵᠠᠷ᠎ᠤᠨ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠠᠮᠢᠷ᠎ᠤᠨ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ᠂ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ᠂ ᠰᠣᠶᠣᠯ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠂ ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ᠂ ᠵᠠᠷᠤᠳᠠᠯ᠎ᠤᠨ ᠬᠡᠷᠡᠭᠯᠡᠯᠲᠡ ᠵᠢᠨ ᠪᠠᠢ᠌ᠳᠠᠯ᠂ ᠲᠠᠯᠠᠪᠤᠷ ᠭᠠᠵᠠᠷ᠎ᠤᠨ ᠲᠥᠬᠦᠭᠡᠷᠦᠮᠵᠢ ᠲᠥᠬᠦᠭᠡᠷᠦᠮᠵᠢ᠂ ᠬᠠᠮᠲᠤᠷᠠᠨ ᠰᠤᠷᠭ᠋ᠠᠭᠤᠯᠢ ᠡᠷᠬᠢᠯᠡᠵᠤ ᠠᠩᠭᠢ ᠪᠠᠶ᠋ᠢᠭᠤᠯᠬᠤ᠂ ᠬᠥᠭᠡᠷᠦᠭᠦᠯᠬᠦ ᠡᠮ᠎ᠢ ᠡᠰᠡᠷᠭᠦᠴᠡᠬᠦ ᠠᠵᠢᠯ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠪᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠵᠡᠷᠭᠡ᠎ᠳᠤ ᠠᠮᠵᠢᠯᠲᠠ ᠪᠦᠲᠦᠮᠵᠢ ᠵᠢᠨ ᠦᠨᠡᠯᠡᠨ ᠵᠢᠱ᠌ᠢᠯᠲᠡ ᠬᠢᠨ᠎ᠡ᠃
   
                ᠲᠠᠪᠤᠳᠤᠭ᠋ᠠᠷ ᠪᠦᠯᠦᠭ     ᠲᠠᠭ᠋ᠠᠯᠳᠤᠭᠤᠯᠤᠭᠰᠠᠨ ᠳᠦᠷᠢᠮ

      ᠭᠤᠴᠢᠨ ᠨᠢᠭᠡᠳᠦᠭᠡᠷ ᠵᠦᠢ᠍ᠯ   ᠡᠯ᠎ᠡ ᠭᠠᠵᠠᠷ᠎ᠤᠨ ᠪᠡᠶ᠎ᠡ ᠵᠢᠨ ᠲᠠᠮᠢᠷ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠠᠷᠭ᠎ᠠ ᠵᠢᠨ ᠶᠣᠰᠣᠭ᠋ᠠᠷ ᠬᠡᠷᠡᠭᠵᠢᠭᠦᠯᠬᠦ ᠨᠠᠷᠢᠨ ᠳᠦᠷᠢᠮ ᠪᠤᠶᠤ ᠵᠣᠬᠢᠴᠠᠩᠭᠤᠢ ᠳᠦᠷᠢᠮ ᠲᠣᠭᠲᠠᠭ᠋ᠠᠯ᠎ᠢ ᠲᠣᠭᠲᠠᠭ᠋ᠠᠵᠤ᠂ ᠲᠣᠰ ᠣᠷᠣᠨ ᠪᠦᠰᠡ ᠵᠢᠨ ᠳᠣᠲᠣᠷᠠᠬᠢ ᠲᠠᠮᠢᠷ᠎ᠤᠨ ᠰᠤᠷᠭ᠋ᠠᠭᠤᠯᠢ ᠵᠢᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠬᠡᠷᠡᠭᠲᠡᠢ᠃
      ᠭᠤᠴᠢᠨ ᠬᠣᠶᠠᠳᠤᠭ᠋ᠠᠷ ᠵᠦᠢ᠍ᠯ   ᠲᠣᠰ ᠠᠷᠭ᠎ᠠ ᠵᠢ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠣᠯᠠᠨ ᠲᠦᠮᠡᠨ᠎ᠤ ᠵᠡᠬᠢᠳᠡᠯ ᠰᠤᠷᠪᠤᠯᠵᠢᠯᠠᠭ᠎ᠠ ᠵᠢᠨ ᠠᠷᠭ᠎ᠠ ᠵᠠᠮ᠎ᠢ ᠨᠡᠪᠳᠡᠷᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠪᠥᠬᠥ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠡᠶ᠎ᠡ ᠴᠢᠭᠢᠷᠠᠭᠵᠢᠭᠤᠯᠬᠤ ᠵᠢᠱ᠌ᠢᠶᠡᠴᠢ ᠰᠢᠶᠠᠨ (ᠬᠣᠲᠠ᠂ ᠲᠣᠭᠣᠷᠢᠭ)᠎ᠢ ᠨᠡᠷᠡᠶ᠋ᠢᠳᠬᠦ ᠲᠤᠬᠠᠢ ᠢᠯᠡ ᠵᠠᠷᠯᠠᠯ
ᠰᠤᠷᠭ᠋ᠠᠨ ᠬᠥᠮᠦᠵᠢᠯ᠎ᠤᠨ ᠶᠠᠮᠤᠨ᠄ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠳᠤᠷ᠎ᠠ᠎ᠪᠠᠷ ᠵᠶ᠋ᠠᠨ ᠵᠣᠭᠰᠣᠭ᠋ᠠᠵᠤ ᠪᠣᠯᠬᠤ ᠦᠭᠡᠢ᠂ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠭᠣᠣᠯ ᠰᠡᠳᠦᠪᠲᠦ ᠤᠬᠠᠭᠤᠯᠭ᠎ᠠ ᠵᠢᠨ ᠤᠷᠢᠶ᠎ᠡ ᠡᠯᠰᠡᠬᠦ ᠲᠤᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ᠎ᠠᠴᠠ 2022 ᠣᠨ᠎ᠤ ᠪᠥᠬᠥ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠬᠠᠮᠳᠦ ᠨᠠᠢ᠌ᠳᠠ ᠪᠠ ᠬᠤᠪᠢ ᠬᠦᠮᠦᠨ᠎ᠢ ᠬᠥᠬᠢᠭᠦᠯᠦᠨ ᠰᠠᠢ᠌ᠰᠢᠶᠠᠬᠤ ᠲᠤᠬᠠᠢ ᠵᠠᠷᠯᠠᠯ
 
            