《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠪᠥᠬᠥ ᠣᠷᠣᠨ᠎ᠤ ᠪᠥᠬᠥ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠡᠶ᠎ᠡ ᠴᠢᠬᠢᠷᠠᠭᠵᠢᠭᠤᠯᠬᠤ ᠵᠢᠱ᠌ᠢᠶᠡᠴᠢ ᠠᠢ᠌ᠮᠠᠭ ᠬᠣᠲᠠ ᠪᠠ ᠪᠥᠬᠥ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠡᠶ᠎ᠡ ᠴᠢᠬᠢᠷᠠᠭᠵᠢᠭᠤᠯᠬᠤ ᠵᠢᠱ᠌ᠢᠶᠡᠴᠢ ᠬᠣᠰᠢᠭᠤ ᠰᠢᠶᠠᠨ (ᠬᠣᠲᠠ᠂ ᠲᠣᠭᠣᠷᠢᠭ)᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠦᠨᠳᠦᠰᠦᠯᠡᠨ᠂ ᠪᠠᠷᠢᠮᠵᠢᠶ᠎ᠠ ᠵᠢ ᠪᠠᠷᠢᠮᠲᠠᠯᠠᠨ᠂ ᠰᠢᠯᠢᠳᠡᠭ᠎ᠤᠨ ᠳᠣᠲᠣᠷ᠎ᠠ᠎ᠠᠴᠠ ᠰᠢᠯᠢᠳᠡᠭ᠎ᠢ᠎ᠨᠢ ᠰᠣᠩᠭᠣᠬᠤ ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠬᠢᠨᠠᠨ ᠬᠠᠷᠭᠤᠭᠤᠯᠵᠤ ᠦᠨᠡᠯᠡᠨ ᠵᠢᠱ᠌ᠢᠬᠦ᠎ᠪᠠᠷ ᠳᠡᠮᠵᠢᠨ᠂ ᠳᠣᠣᠷᠠᠬᠢ ᠭᠠᠵᠠᠷ ᠣᠷᠣᠨ᠎ᠢ 《ᠪᠥᠬᠥ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠡᠶ᠎ᠡ ᠴᠢᠬᠢᠷᠠᠭᠵᠢᠭᠤᠯᠬᠤ ᠵᠢᠱ᠌ᠢᠶᠡᠴᠢ ᠰᠢᠶᠠᠨ (ᠬᠣᠲᠠ᠂ ᠲᠣᠭᠣᠷᠢᠭ)》 ᠵᠶ᠋ᠠᠷ ᠨᠡᠷᠡᠶ᠋ᠢᠳᠬᠦ᠎ᠪᠠᠷ ᠪᠣᠶ᠂ ᠡᠳᠦᠭᠡ ᠨᠡᠷᠡᠰ᠎ᠢ ᠵᠡᠷᠯᠡᠪᠡ᠄
1. ᠪᠤᠭᠤᠲᠤ ᠬᠣᠲᠠ ᠵᠢᠨ ᠵᠢᠦ ᠶᠤᠸᠠᠨ ᠲᠣᠭᠣᠷᠢᠭ
2. ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ
3. ᠰᠢᠯᠢ ᠵᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠣᠰᠢᠭᠤ
ᠵᠠᠷᠯᠠᠨ ᠨᠡᠢ᠌ᠲᠡᠯᠡᠭᠰᠡᠨ ᠴᠠᠭ᠄ 2023 ᠣᠨ᠎ᠤ 2 ᠰᠠᠷ᠎ᠠ ᠵᠢᠨ 24᠎ᠤ ᠡᠳᠦᠷ᠎ᠠᠴᠠ 3 ᠰᠠᠷ᠎ᠠ ᠵᠢᠨ 3᠎ᠤ ᠡᠳᠦᠷ ᠪᠣᠯᠲᠠᠯ᠎ᠠ
ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠣᠨᠳᠣᠣ ᠰᠠᠨᠠᠯ᠎ᠲᠠᠢ ᠪᠣᠯ᠂ ᠪᠢᠴᠢᠭ᠎ᠤᠨ ᠬᠡᠯᠪᠡᠷᠢ᠎ᠪᠠᠷ ᠪᠠᠢ᠌ᠳᠠᠯ ᠵᠶ᠋ᠠᠨ ᠲᠤᠰᠬᠠᠭ᠋ᠠᠷᠠᠢ (ᠵᠠᠬᠢᠳᠠᠯ᠎ᠨᠢ ᠬᠦᠷᠦᠭᠰᠡᠨ ᠡᠳᠦᠷ᠎ᠤᠨ ᠰᠢᠤᠳᠠᠨ ᠲᠠᠮᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ)᠃ ᠲᠤᠰᠬᠠᠭᠰᠠᠨ ᠪᠠᠢ᠌ᠳᠠᠯ᠎ᠨᠢ ᠡᠷᠬᠡᠪᠰᠢ ᠪᠤᠰᠤᠳᠴᠢ ᠪᠥᠭᠡᠳ ᠦᠨᠡᠨ ᠪᠣᠳᠠᠲᠠᠢ ᠪᠠᠢ᠌ᠬᠤ ᠬᠡᠷᠡᠭᠲᠡᠢ᠂ ᠨᠢᠭᠡᠴᠢ ᠵᠢᠨ ᠨᠡᠷ᠎ᠡ᠎ᠪᠠᠷ ᠪᠠᠢ᠌ᠳᠠᠯ᠎ᠢ ᠲᠤᠰᠬᠠᠭᠰᠠᠨ ᠮᠠᠲ᠋ᠧᠷᠢᠶᠠᠯ᠎ᠳᠤ ᠨᠢᠭᠡᠴᠢ ᠵᠢᠨ ᠠᠯᠪᠠᠨ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠥᠨ᠎ᠤ ᠨᠡᠷ᠎ᠡ᠎ᠪᠠᠷ ᠪᠠᠢ᠌ᠳᠠᠯ᠎ᠢ ᠲᠤᠰᠬᠠᠭᠰᠠᠨ ᠮᠠᠲ᠋ᠧᠷᠢᠶᠠᠯ᠎ᠳᠤ ᠦᠨᠡᠨ ᠨᠡᠷ᠎ᠡ᠎ᠪᠠᠷ ᠪᠢᠴᠢᠬᠦ ᠵᠢᠨ ᠬᠠᠮᠲᠤ ᠬᠦᠴᠦᠨ ᠪᠦᠬᠦᠢ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠬᠤ ᠬᠡᠷᠡᠭᠲᠡᠢ᠂ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠰᠡᠨ᠎ᠢ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃
ᠬᠠᠷᠢᠯᠴᠠᠬᠤ ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 86 ᠳ᠋ᠤᠭ᠋ᠠᠷ (ᠰᠢᠤᠳᠠᠨ ᠳ᠋ᠤᠭ᠋ᠠᠷ᠄ 010030) ᠬᠠᠷᠢᠯᠴᠠᠬᠤ ᠤᠲᠠᠰᠤ᠄ 0471-6397450 0471-6397449
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠪᠡᠶ᠎ᠡ ᠵᠢᠨ ᠲᠠᠮᠢᠷ᠎ᠤᠨ ᠲᠤᠪᠴᠢᠶ᠎ᠡ
2023 ᠣᠨ᠎ᠤ 2 ᠰᠠᠷ᠎ᠠ ᠵᠢᠨ 24᠎ᠤ ᠡᠳᠦᠷ