ᠲᠦᠷᠦᠭᠦᠬᠡᠨ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠠᠴᠠ 《ᠣᠳᠣᠬᠠᠨ᠎ᠤ ᠬᠢᠵᠢᠭ᠎ᠤᠨ ᠪᠠᠢ᠌ᠳᠠᠯ ᠳᠣᠣᠷᠠᠬᠢ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ) ᠢ ᠨᠡᠢ᠌ᠲᠡᠯᠡᠵᠦ᠂ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠳᠤᠷ᠎ᠠ᠎ᠪᠠᠷ ᠵᠶ᠋ᠠᠨ ᠵᠣᠭᠰᠣᠭ᠋ᠠᠵᠤ ᠪᠣᠯᠬᠤ ᠦᠭᠡᠢ᠂ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

ᠰᠤᠷᠭ᠋ᠠᠨ ᠬᠦᠮᠦᠵᠢᠯ᠎ᠤᠨ ᠶᠠᠮᠤᠨ᠎ᠤ ᠰᠦᠯᠵᠢᠶ᠎ᠡ᠎ᠠᠴᠠ ᠡᠰᠭᠡᠭᠰᠡᠨ ᠵᠢᠷᠤᠭ
《ᠮᠡᠳᠡᠭᠳᠡᠯ》᠎ᠳᠤ᠂ ᠣᠳᠣᠬᠠᠨ᠎ᠤ ᠬᠢᠵᠢᠭ᠎ᠤᠨ ᠪᠠᠢ᠌ᠳᠠᠯ ᠳᠣᠣᠷ᠎ᠠ᠂ ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ ᠰᠤᠷᠭ᠋ᠠᠨ ᠬᠥᠮᠦᠵᠢᠯ᠎ᠤᠨ ᠣᠢ᠌ᠯᠠᠭ᠋ᠠᠭᠳᠠᠬᠤᠨ᠎ᠢ ᠪᠠᠷᠢᠮᠲᠠᠯᠠᠨ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠥᠷᠨᠢᠭᠦᠯᠬᠦ᠎ᠨᠢ ᠰᠤᠷᠤᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠵᠣᠪᠠᠨᠢᠬᠤ ᠰᠡᠳᠬᠢᠯᠭᠡ ᠵᠢ ᠨᠠᠮᠳᠠᠭᠤᠯᠬᠤ᠂ ᠶᠡᠷᠦᠩᠬᠡᠢ᠌ᠯᠡᠭᠰᠡᠨ ᠬᠡᠪ ᠴᠢᠨᠠᠷ᠎ᠢ ᠴᠢᠩᠭ᠋ᠠᠳᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠰᠤᠷᠭ᠋ᠠᠭᠤᠯᠢ᠎ᠨᠤᠭᠤᠳ ᠰᠦᠯᠵᠢᠶᠡᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠰᠤᠷᠤᠭᠴᠢᠳ᠎ᠤᠨ ᠡᠷᠡᠭᠦᠯ ᠮᠡᠨᠳᠦ ᠵᠢᠨ ᠪᠠᠢ᠌ᠳᠠᠯ ᠪᠠ ᠰᠤᠷᠤᠯᠴᠠᠯᠭ᠎ᠠ ᠵᠢᠨ ᠪᠣᠳᠠᠲᠤ ᠪᠠᠢ᠌ᠳᠠᠯ᠎ᠳᠤ ᠴᠢᠭᠯᠡᠭᠦᠯᠦᠨ᠂ ᠵᠢᠭ᠋ᠠᠨ ᠰᠤᠷᠭ᠋ᠠᠯᠲᠠ ᠵᠢᠨ ᠠᠬᠢᠴᠠ ᠵᠢ ᠵᠦᠢ ᠵᠣᠬᠢᠰᠲᠠᠢ ᠲᠣᠬᠢᠷᠠᠭᠤᠯᠵᠤ᠂ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠳᠤᠷ᠎ᠠ᠎ᠪᠠᠷ ᠵᠶ᠋ᠠᠨ ᠵᠣᠭᠰᠣᠭ᠋ᠠᠵᠤ ᠪᠣᠯᠬᠤ ᠦᠭᠡᠢ᠂ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠦᠨᠡᠨ ᠬᠦ᠌ ᠪᠠᠳᠤᠯᠠᠬᠤ ᠭᠡᠷᠡᠭᠳᠡᠢ ᠭᠡᠵᠦ ᠲᠤᠷᠠᠳᠤᠪᠠ᠃
《ᠮᠡᠳᠡᠭᠳᠡᠯ》᠎ᠳᠤ᠂ ᠡᠯ᠎ᠡ ᠭᠠᠵᠠᠷ ᠡᠯ᠎ᠡ ᠰᠤᠷᠭ᠋ᠠᠭᠤᠯᠢ ᠵᠢᠨ᠎ᠬᠢᠨ ᠰᠣᠷᠣᠭᠴᠢ ᠵᠢᠨ ᠬᠡᠰᠡᠭ ᠬᠤᠭᠤᠴᠠᠭ᠎ᠠ ᠭᠡᠷ᠎ᠲᠡᠭᠡᠨ ᠰᠠᠭᠤᠵᠤ ᠰᠤᠷᠤᠯᠴᠠᠭᠰᠠᠨ ᠪᠠ ᠰᠢᠨ᠎ᠡ ᠲᠢᠳᠡᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠡᠷᠡᠭᠦᠯᠵᠢᠬᠦ ᠬᠤᠭᠤᠴᠠᠭ᠋ᠠᠨ᠎ᠳᠠᠬᠢ ᠪᠡᠶ᠎ᠡ ᠮᠠᠬᠠᠪᠤᠳ ᠪᠠ ᠬᠥᠳᠡᠯᠭᠡᠭᠡᠨ᠎ᠤ ᠤᠷ᠎ᠠ ᠴᠢᠳᠠᠪᠤᠷᠢ ᠵᠢᠨ ᠬᠤᠪᠢᠷᠠᠯᠲᠠ ᠵᠢᠨ ᠪᠠᠢ᠌ᠳᠠᠯ᠎ᠳᠤ ᠴᠢᠭᠯᠡᠭᠦᠯᠦᠨ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
《ᠮᠡᠳᠡᠭᠳᠡᠯ》᠎ᠳᠤ᠂ ᠪᠡᠶ᠎ᠡ ᠵᠢᠨ ᠲᠠᠮᠢᠷ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠭᠤᠯᠬᠤ ᠬᠡᠷᠡᠭᠲᠡᠢ᠂ ᠰᠤᠷᠤᠭᠴᠢᠳ᠎ᠤᠨ ᠪᠡᠶ᠎ᠡ ᠵᠢᠨ ᠪᠠᠢ᠌ᠳᠠᠯ᠎ᠢ ᠦᠨᠳᠦᠰᠦᠯᠡᠨ ᠬᠦᠴᠢᠷ᠎ᠤᠨ ᠬᠡᠮᠵᠢᠶ᠎ᠡ ᠵᠢ ᠵᠣᠬᠢᠰᠲᠠᠢ ᠪᠠᠭᠤᠷᠠᠭᠤᠯᠬᠤ ᠱᠠᠭ᠋ᠠᠷᠳᠠᠯᠭ᠎ᠠ ᠵᠢ ᠦᠨᠳᠦᠰᠦᠯᠡᠨ᠂ ᠲᠡᠪᠡᠭ ᠢᠰᠬᠦᠯᠬᠦ᠂ ᠤᠳᠠᠭ᠋ᠠᠨ ᠭᠦᠶᠦᠬᠦ᠂ ᠵᠡᠪᠰᠡᠭ᠎ᠤᠨ ᠡᠷᠳᠡᠮ᠂ ᠪᠡᠶ᠎ᠡ ᠴᠢᠭᠢᠷᠠᠭᠵᠢᠭᠤᠯᠬᠤ ᠲᠠᠮᠢᠷ ᠪᠠ ᠪᠠᠭ᠎ᠠ ᠬᠦᠴᠦᠯᠡᠴᠡ᠎ᠲᠠᠢ ᠪᠥᠮᠪᠥᠭᠡᠨ ᠲᠥᠷᠥᠯ᠎ᠤᠨ ᠲᠠᠮᠢᠷ᠎ᠤᠨ ᠬᠥᠳᠡᠯᠭᠡᠭᠡᠨ ᠵᠡᠷᠭᠡ ᠵᠢ ᠲᠣᠬᠢᠷᠠᠭᠤᠯᠬᠤ ᠵᠢ ᠵᠣᠷᠢᠭᠵᠢᠭᠤᠯᠬᠤ ᠵᠢᠨ ᠬᠠᠮᠲᠤ ᠰᠤᠷᠤᠭᠴᠢᠳ᠎ᠤᠨ ᠪᠡᠶ᠎ᠡ ᠮᠠᠬᠠᠪᠤᠳ ᠪᠠ ᠲᠠᠮᠢᠷ ᠲᠡᠩᠬᠡᠭᠡ ᠵᠢᠨ ᠰᠡᠷᠭᠦᠯᠲᠡ ᠵᠢᠨ ᠪᠠᠢ᠌ᠳᠠᠯ᠎ᠢ ᠦᠨᠳᠦᠰᠦᠯᠡᠨ ᠰᠤᠷᠤᠯᠭ᠎ᠠ ᠵᠢᠨ ᠡᠷᠴᠢᠮ ᠪᠠ ᠬᠦᠴᠢᠷ᠎ᠤᠨ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠰᠤᠷᠤᠭᠴᠢᠳ᠎ᠤᠨ ᠪᠡᠶ᠎ᠡ ᠮᠠᠬᠠᠪᠤᠳ᠎ᠤᠨ ᠡᠷᠡᠭᠦᠯᠵᠢᠯ᠎ᠤᠨ ᠪᠠᠢ᠌ᠳᠠᠯ᠎ᠢ ᠦᠨᠳᠦᠰᠦᠯᠡᠨ ᠵᠦᠷᠢᠶᠡᠴᠢᠯᠡᠭᠰᠡᠨ ᠲᠣᠬᠢᠷᠠᠭᠤᠯᠤᠯᠲᠠ ᠬᠢᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠰᠤᠷᠭ᠋ᠠᠭᠤᠯᠢ ᠡᠬᠢᠯᠡᠭᠡᠳ ᠬᠣᠶᠠᠷ ᠭᠠᠷᠠᠭ᠎ᠤᠨ ᠳᠣᠲᠣᠷ᠎ᠠ ᠥᠨᠳᠥᠷ ᠬᠦᠴᠦᠯᠡᠴᠡ᠎ᠲᠠᠢ᠂ ᠥᠨᠳᠥᠷ ᠡᠰᠡᠷᠭᠦᠴᠡᠯᠳᠦᠯ᠎ᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ᠎ᠨᠢ ᠲᠣᠬᠢᠷᠠᠮᠵᠢ ᠦᠭᠡᠢ ᠭᠡᠵᠦ ᠲᠤᠷᠠᠳᠤᠪᠠ᠃
《ᠮᠡᠳᠡᠭᠳᠡᠯ》᠎ᠳᠤ᠂ ᠡᠯ᠎ᠡ ᠭᠠᠵᠠᠷ ᠣᠷᠣᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠮᠤᠵᠢ ᠵᠢᠨ ᠱᠠᠲᠤᠨ᠎ᠤ ᠨᠢᠭᠡᠳᠦᠯᠲᠡᠢ ᠲᠥᠯᠥᠪᠯᠡᠬᠦ᠂ ᠲᠤᠰᠬᠠᠢ ᠣᠷᠣᠨ ᠬᠣᠲᠠ ᠵᠢᠨ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠠᠵᠢᠯ᠎ᠤᠨ ᠰᠢᠰᠲ᠋ᠧᠮ ᠶᠣᠰᠣᠭ᠋ᠠᠷ᠂ ᠲᠣᠰ ᠭᠠᠵᠠᠷ ᠣᠷᠣᠨ᠎ᠤ ᠪᠡᠶ᠎ᠡ ᠵᠢᠨ ᠲᠠᠮᠢᠷ᠎ᠤᠨ ᠰᠢᠯᠭ᠋ᠠᠯᠲᠠ ᠵᠢᠨ ᠠᠵᠢᠯ᠎ᠢ ᠰᠠᠢ᠌ᠲᠤᠷ ᠵᠣᠬᠢᠴᠠᠭᠤᠯᠤᠨ ᠲᠣᠬᠢᠷᠠᠭᠤᠯᠵᠤ᠂ ᠬᠠᠷᠢᠶᠠᠲᠤ ᠣᠷᠣᠨ᠎ᠤ ᠰᠤᠷᠤᠭᠴᠢᠳ᠎ᠤᠨ ᠰᠢᠨ᠎ᠡ ᠲᠢᠳᠡᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠬᠠᠷᠢᠴᠠᠯ᠂ ᠬᠠᠯᠳᠠᠪᠤᠷᠢᠯᠠᠯ᠎ᠤᠨ ᠣᠷᠭᠢᠯ ᠬᠤᠭᠤᠴᠠᠭ᠎ᠠ᠂ ᠬᠢᠵᠢᠭ᠎ᠤᠨ ᠪᠠᠢ᠌ᠳᠠᠯ᠎ᠤᠨ ᠬᠤᠪᠢᠷᠠᠯᠲᠠ ᠵᠢᠴᠢ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢ ᠥᠷᠨᠢᠭᠦᠯᠦᠭᠰᠡᠨ ᠪᠠᠢ᠌ᠳᠠᠯ ᠵᠡᠷᠭᠡ ᠲᠠᠯ᠎ᠠ᠎ᠲᠠᠢ ᠤᠶᠠᠯᠳᠤᠭᠤᠯᠤᠨ ᠶᠡᠷᠦᠩᠬᠡᠢ᠌ᠯᠡᠨ ᠰᠤᠳᠤᠯᠤᠨ ᠮᠠᠭ᠋ᠠᠳᠯᠠᠵᠤ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠲᠠ ᠵᠢᠨ ᠴᠠᠭ᠂ ᠵᠣᠬᠢᠶᠠᠨ ᠪᠠᠢ᠌ᠭᠤᠯᠤᠯᠲᠠ ᠵᠢᠨ ᠬᠡᠯᠪᠡᠷᠢ᠂ ᠬᠢᠨᠠᠨ ᠰᠢᠯᠭ᠋ᠠᠬᠤ ᠲᠥᠷᠥᠯ ᠵᠦᠢ᠍ᠯ᠂ ᠰᠢᠯᠭ᠋ᠠᠯᠲᠠ ᠵᠢᠨ ᠠᠷᠭ᠎ᠠ ᠮᠠᠶᠢᠭ᠂ ᠬᠤᠪᠢ ᠣᠯᠭᠣᠬᠤ ᠠᠷᠭ᠎ᠠ ᠮᠠᠶᠢᠭ ᠵᠡᠷᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠎ᠠ᠃ ᠶᠠᠪᠤᠴᠠ ᠵᠢᠨ ᠴᠢᠨᠠᠷᠲᠠᠢ ᠰᠢᠯᠭ᠋ᠠᠨ ᠬᠢᠨᠠᠬᠤ ᠵᠢ ᠴᠢᠩᠭ᠋ᠠᠳᠬᠠᠵᠤ᠂ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠰᠢᠯᠭ᠋ᠠᠨ ᠬᠢᠨᠠᠬᠤ ᠲᠥᠷᠥᠯ ᠵᠦᠢ᠍ᠯ᠎ᠳᠤ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ ᠭᠡᠵᠦ ᠱᠠᠭ᠋ᠠᠷᠳᠠᠪᠠ᠃
《ᠮᠡᠳᠡᠭᠳᠡᠯ》᠎ᠳᠤ᠂ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠲᠤᠯᠠᠭ᠎ᠠ ᠵᠢᠨ ᠲᠣᠭᠲᠠᠴᠠ ᠵᠢ ᠴᠢᠩᠭ᠋ᠠᠳᠬᠠᠨ᠂ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠪᠡᠯᠡᠳᠬᠡᠯ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠯᠭ᠋ᠠᠯᠲᠠ ᠵᠢᠨ ᠠᠮᠤᠷ ᠲᠦᠪᠰᠢᠨ ᠲᠥᠪ ᠭᠣᠥᠯᠴᠢ ᠪᠠᠢ᠌ᠬᠤ ᠵᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠳᠡᠪᠰᠢᠬᠦ ᠪᠡᠶ᠎ᠡ ᠵᠢᠨ ᠲᠠᠮᠢᠷ᠎ᠤᠨ ᠰᠢᠯᠭ᠋ᠠᠯᠲᠠ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠪᠡᠶ᠎ᠡ ᠵᠢᠨ ᠲᠠᠮᠢᠷ᠎ᠤᠨ ᠰᠢᠯᠭ᠋ᠠᠯᠲᠠ᠂ 《ᠰᠠᠭᠤᠷᠢ ᠵᠢ ᠴᠢᠩᠭ᠋ᠠᠳᠬᠠᠬᠤ ᠲᠥᠯᠥᠪᠯᠡᠭᠡ》 ᠵᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢᠨ ᠰᠢᠯᠭ᠋ᠠᠯᠲᠠ ᠵᠡᠷᠭᠡ ᠵᠣᠬᠢᠶᠠᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃