ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ᠎ᠠᠴᠠ 2022 ᠣᠨ᠎ᠤ ᠪᠥᠬᠥ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠬᠠᠮᠳᠦ ᠨᠠᠢ᠌ᠳᠠ ᠪᠠ ᠬᠤᠪᠢ ᠬᠦᠮᠦᠨ᠎ᠢ ᠬᠥᠬᠢᠭᠦᠯᠦᠨ ᠰᠠᠢ᠌ᠰᠢᠶᠠᠬᠤ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2023-03-27

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠰᠤᠳᠤᠯᠤᠨ ᠲᠠᠨᠢᠯᠴᠠᠭᠤᠯᠵᠦ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠰᠢᠯᠭ᠋ᠠᠷᠠᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠩᠬᠠᠨ᠎ᠤ ᠬᠢᠨᠠᠯᠲᠠ᠎ᠪᠠᠷ ᠳᠡᠮᠵᠢᠨ᠂ ᠳᠣᠣᠷᠠᠬᠢ ᠬᠠᠮᠲᠤ ᠨᠡᠶ᠋ᠢᠲᠡ ᠪᠠ ᠬᠤᠪᠢ ᠬᠥᠮᠥᠨ 2022 ᠣᠨ᠎ᠤ ᠪᠥᠬᠥ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠨᠡᠷᠡᠰ᠎ᠤᠨ ᠵᠢᠭᠰᠠᠭ᠋ᠠᠯᠲᠠ᠎ᠳᠤ ᠣᠷᠣᠪᠠ᠂ ᠡᠳᠦᠭᠡ ᠱᠠᠭ᠋ᠠᠷᠳᠠᠯᠭ᠎ᠠ ᠶᠣᠰᠣᠭ᠋ᠠᠷ ᠵᠠᠷᠯᠠᠨ ᠨᠡᠢ᠌ᠲᠡᠯᠡᠶ᠎ᠡ᠄
    ᠨᠢᠭᠡ᠂ ᠢᠯᠡ ᠨᠡᠢ᠌ᠲᠡᠯᠡᠬᠦ ᠡᠲᠡᠭᠡᠳ
    ᠪᠥᠬᠥ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ 4 ᠬᠠᠮᠳᠦ ᠨᠡᠢ᠌ᠳᠡ᠄
    ᠥᠪᠥᠷ ᠮᠣᠩᠭᠣᠯ᠎ᠤᠨ ᠮᠥᠰᠥ ᠴᠠᠰᠤᠨ᠎ᠤ ᠲᠠᠮᠢᠷ᠎ᠤᠨ ᠰᠤᠷᠭ᠋ᠠᠭᠤᠯᠢ
    ᠯᠢᠶᠡᠩᠴᠧᠩ ᠰᠢᠶᠠᠨ᠎ᠤ ᠠᠵᠢᠯ᠎ᠤᠨ ᠴᠢᠯᠦᠭᠡᠨ᠎ᠤ ᠲᠠᠮᠢᠷ᠎ᠤᠨ ᠰᠤᠷᠭ᠋ᠠᠭᠤᠯᠢ
    ᠶᠠᠭᠰᠢ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
    ᠲᠤᠯᠤᠨ ᠨᠤᠤᠷ ᠰᠢᠶᠠᠨ᠎ᠤ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
    ᠪᠥᠬᠥ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠰᠡᠨ 5 ᠬᠥᠮᠥᠨ᠄
    ᠬᠠᠨ ᠮᠧᠶ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠦᠪ᠎ᠤᠨ ᠲᠠᠰᠬᠠᠯᠵᠢᠭᠤᠯᠤᠭᠴᠢ
    ᠹᠠᠨ ᠳ᠋ᠦᠸᠸ ᠶᠣᠣ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠦᠪ᠎ᠤᠨ ᠲᠠᠮᠢᠷᠴᠢᠨ
    ᠳ᠋ᠢᠩ ᠢᠦᠢ ᠬᠤᠸᠠᠨ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠦᠪ᠎ᠤᠨ ᠲᠠᠮᠢᠷᠴᠢᠨ
    ᠴᠦ᠋ ᠶᠤᠸᠠᠨ ᠮᠸᠩ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠦᠪ᠎ᠤᠨ ᠲᠠᠮᠢᠷᠴᠢᠨ
      ᠵᠤᠤ ᠳ᠋ᠠᠨ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠦᠪ᠎ᠤᠨ ᠲᠠᠮᠢᠷᠴᠢᠨ
    ᠬᠣᠶᠠᠷ᠂ ᠢᠯᠡ ᠨᠡᠢ᠌ᠲᠡᠯᠡᠬᠦ ᠴᠠᠭ ᠬᠤᠭᠤᠴᠠᠭ᠎ᠠ᠄
    2023 ᠣᠨ᠎ᠤ 3 ᠰᠠᠷ᠎ᠠ ᠵᠢᠨ 27᠎ᠤ ᠡᠳᠦᠷ᠎ᠠᠴᠠ 3 ᠰᠠᠷ᠎ᠠ ᠵᠢᠨ 31᠎ᠤ ᠡᠳᠦᠷ
    ᠭᠤᠷᠪᠠ᠂ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ
    ᠢᠯᠡ ᠨᠡᠢ᠌ᠲᠡᠯᠡᠬᠦ ᠬᠤᠭᠤᠴᠠᠭ᠋ᠠᠨ᠎ᠳᠤ᠂ ᠬᠡᠷᠪᠡ ᠢᠯᠡ ᠨᠡᠢ᠌ᠲᠡᠯᠡᠬᠦ᠎ᠪᠠᠷ ᠪᠠᠢ᠌ᠭ᠎ᠠ ᠬᠥᠬᠢᠭᠦᠯᠦᠨ ᠰᠠᠢ᠌ᠰᠢᠶᠠᠬᠤ ᠬᠠᠮᠳᠦ ᠨᠡᠢ᠌ᠳᠡ ᠪᠠ ᠬᠤᠪᠢ ᠬᠦᠮᠦᠨ᠎ᠳᠤ ᠠᠳᠠᠯᠢ ᠪᠤᠰᠤ ᠰᠠᠨᠠᠯ᠎ᠲᠠᠢ ᠪᠠᠢ᠌ᠪᠠᠯ᠂ ᠤᠳᠠᠰᠦ᠂ ᠵᠠᠬᠢᠳᠠᠯ ᠪᠤᠶᠤ ᠡᠯᠧᠺᠲᠷᠣᠨ ᠰᠢᠤᠳᠠᠨ ᠵᠡᠷᠭᠡ ᠬᠡᠯᠪᠡᠷᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠠᠵᠢᠯᠲᠠᠨ᠎ᠤ ᠶᠠᠪᠤᠳᠠᠯ᠎ᠤᠨ ᠭᠠᠵᠠᠷ᠎ᠲᠤ ᠲᠤᠰᠬᠠᠬᠤ ᠬᠡᠷᠡᠭᠲᠡᠢ᠃ ᠪᠠᠢ᠌ᠳᠠᠯ᠎ᠢ ᠲᠤᠰᠬᠠᠬᠤ᠎ᠳᠤ ᠡᠷᠬᠡᠪᠰᠢ ᠪᠤᠰᠤᠳᠴᠢ ᠪᠥᠭᠡᠳ ᠦᠨᠡᠨ ᠪᠣᠳᠠᠲᠠᠢ ᠪᠠᠢ᠌ᠬᠤ ᠬᠡᠷᠡᠭᠲᠡᠢ᠂ ᠨᠢᠭᠡᠴᠢ ᠵᠢᠨ ᠨᠡᠷ᠎ᠡ᠎ᠪᠠᠷ ᠪᠠᠢ᠌ᠳᠠᠯ᠎ᠢ ᠲᠤᠰᠬᠠᠭᠰᠠᠨ ᠮᠠᠲ᠋ᠧᠷᠢᠶᠠᠯ᠎ᠳᠤ ᠨᠢᠭᠡᠴᠢ ᠵᠢᠨ ᠠᠯᠪᠠᠨ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠥᠨ᠎ᠤ ᠨᠡᠷ᠎ᠡ᠎ᠪᠠᠷ ᠪᠠᠢ᠌ᠳᠠᠯ᠎ᠢ ᠲᠤᠰᠬᠠᠭᠰᠠᠨ ᠮᠠᠲ᠋ᠧᠷᠢᠶᠠᠯ᠎ᠳᠤ ᠦᠨᠡᠨ ᠨᠡᠷ᠎ᠡ ᠵᠶ᠋ᠠᠨ ᠪᠢᠴᠢᠬᠦ ᠵᠢᠨ ᠬᠠᠮᠲᠤ ᠬᠦᠴᠦᠨ ᠪᠦᠬᠦᠢ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠬᠤ ᠬᠡᠷᠡᠭᠲᠡᠢ᠃
    ᠬᠠᠷᠢᠯᠴᠠᠬᠤ ᠤᠲᠠᠰᠤ᠄ 0471-6396117
    ᠭᠥᠯᠢᠶᠡᠨ ᠠᠪᠬᠤ ᠴᠠᠭ᠄ ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 9᠄ 00 — 12᠄ 00; ᠦᠳᠡ ᠵᠢᠨ ᠬᠣᠢ᠌ᠨ᠎ᠠ 14᠄ 30 — 17᠄ 30᠃
    ᠬᠠᠷᠢᠯᠴᠠᠬᠤ ᠬᠥᠮᠥᠨ᠄ ᠵᠧᠦ ᠮᠧᠩ


                          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                          ᠪᠡᠶ᠎ᠡ ᠵᠢᠨ ᠲᠠᠮᠢᠷ᠎ᠤᠨ ᠲᠤᠪᠴᠢᠶ᠎ᠡ
                                     2023 ᠣᠨ᠎ᠤ 3 ᠰᠠᠷ᠎ᠠ ᠵᠢᠨ 24

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠠᠯᠠᠪᠠᠢ ᠵᠢᠨ ᠲᠤᠭ᠎ᠠ ᠪᠦᠷᠢᠳᠬᠡᠯ᠎ᠤᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠢᠷᠢ ᠪᠦᠳᠦᠮᠵᠢ ᠵᠢ ᠨᠡᠢ᠌ᠳᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠤᠪᠴᠢᠶ᠎ᠡ ᠵᠢᠨ ᠦᠷᠢᠰᠦᠯᠳᠦᠭᠡᠨ᠎ᠤ ᠪᠡᠶ᠎ᠡ ᠵᠢᠨ ᠲᠠᠮᠢᠷ᠎ᠤᠨ ᠭᠠᠵᠠᠷ᠎ᠠᠴᠠ ᠴᠢ ᠰᠢᠦᠢ ᠵᠡᠷᠭᠡ 3 ᠬᠥᠮᠥᠨ᠎ᠳᠤ ᠨᠢᠭᠡᠳᠦᠭᠡᠷ ᠳᠡᠰ᠎ᠤᠨ ᠲᠠᠮᠢᠷᠴᠢᠨ᠎ᠤ ᠴᠤᠯᠠ ᠣᠯᠭᠣᠬᠤ ᠲᠤᠬᠠᠢ ᠵᠠᠷᠯᠠᠯ
 
            