ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠮᠦᠩᠭᠦᠨ ᠲᠡᠯᠡᠬᠡᠢ ᠵᠢ ᠪᠠᠶᠠᠰᠬᠠᠭᠰᠠᠨ ᠦᠪᠡᠳᠡᠭᠰᠢ ᠴᠤᠭᠯᠠᠭ᠋ᠠᠨ
ᠨᠡᠶ᠋ᠢᠲᠡᠯᠡᠭᠰᠡᠨ ᠴᠠᠭ᠄ 2019-02-27

      ᠮᠥᠡᠭᠭᠦᠨ ᠲᠡᠯᠡᠬᠡᠢ᠎ᠲᠠᠢ ᠪᠤᠯᠵᠤᠵᠥ᠂ ᠭᠦᠰᠡᠯ ᠵᠡᠬᠦᠳᠤ᠎ᠪᠠᠨ ᠬᠠᠮᠳᠤ᠎ᠪᠠᠷ ᠲᠡᠷᠭᠡᠯᠰᠢᠬᠦᠯᠥᠨ᠎ᠠ᠃ ᠥᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠤᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ 2 ᠰᠠᠷ᠎ᠠ ᠵᠢᠨ 16 — 20᠎ᠤ ᠡᠳᠤᠷ ᠪᠤᠯᠳᠠᠯ᠎ᠠ ᠬᠥᠯᠥᠨ ᠪᠤᠶ᠋ᠢᠷ ᠬᠤᠳᠠ᠎ᠳᠤ ᠠᠮᠵᠢᠯᠳᠠᠳᠠᠢ ᠶᠠᠪᠤᠭᠳᠠᠭᠰᠠᠨ ᠪᠠᠶ᠋ᠢᠨ᠎ᠠ᠃ ᠲᠤᠰ ᠤᠳᠠᠭ᠋ᠠᠨ᠎ᠤ ᠤᠷᠤᠯᠳᠤᠭ᠋ᠠᠨ᠎ᠨᠢ ᠮᠥᠰᠥ ᠴᠠᠰᠤᠨ᠎ᠤ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠢ 《ᠡᠮᠥᠨᠡᠰᠢ ᠥᠷᠨᠢᠬᠦᠯᠬᠦ ᠪᠠᠷᠠᠭᠤᠨᠰᠢ ᠥᠷᠭᠡᠳᠭᠡᠬᠦ ᠵᠡᠬᠦᠨᠰᠢ ᠠᠬᠢᠭᠤᠯᠬᠤ》 ᠬᠥᠭᠵᠢᠯᠳᠠ ᠵᠢᠨ ᠪᠠᠶ᠋ᠢᠯᠳᠤᠬᠤ ᠪᠤᠳᠤᠯᠭ᠎ᠠ ᠵᠢ ᠥᠢ᠍ᠯᠡᠳᠥᠯᠭᠡᠵᠢᠬᠦᠯᠬᠦ᠂ ᠤᠯᠠᠨ ᠲᠦᠮᠡᠨ᠎ᠢ ᠮᠥᠰᠥ ᠴᠠᠰᠤᠨ᠎ᠤ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠳᠤ ᠤᠷᠤᠯᠴᠠᠬᠤ ᠵᠢ ᠲᠠᠶ᠋ᠢᠴᠢᠯᠠᠬᠰᠠᠨ ᠨᠢᠭᠡᠨ ᠤᠳᠠᠭ᠎ᠠ ᠵᠢᠨ ᠤᠷᠤᠬᠰᠢᠳᠠᠢ ᠶᠠᠪᠤᠬᠳᠠᠬᠰᠠᠨ ᠲᠡᠮᠢᠷ᠎ᠤᠨ ᠴᠤᠬᠯᠠᠭ᠋ᠠᠨ ᠪᠤᠯᠵᠠᠢ᠃ ᠤᠷᠤᠯᠳᠤᠭ᠋ᠠᠨ᠎ᠨᠢ ᠪᠠᠰᠠ ᠥᠪᠡᠷᠳᠡᠭᠡᠨ ᠵᠠᠰᠠᠬᠤ ᠤᠷᠤᠨ᠎ᠤ 2020 ᠤᠨ᠎ᠤ ᠠᠷᠪᠠᠨ ᠲᠥᠷᠪᠡᠳᠥᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠤᠯ᠎ᠤᠨ ᠤᠯᠠᠷᠢᠯ᠎ᠤᠨ ᠪᠠᠶ᠎ᠠ ᠵᠢᠨ ᠲᠠᠮᠢᠷ᠎ᠤᠨ ᠴᠤᠬᠯᠠᠭ᠋ᠠᠨ᠎ᠤ ᠪᠡᠯᠡᠳᠭᠡᠯ ᠠᠵᠢᠯ᠎ᠤᠨ ᠨᠢᠬᠡ ᠤᠳᠠᠭ᠎ᠠ ᠵᠢᠨ 《ᠰᠤᠷᠢᠯᠳᠠ》 ᠪᠤᠯᠤᠬᠰᠠᠨ ᠪᠠᠶ᠋ᠢᠨ᠎ᠠ᠃
    ᠤᠷᠤᠯᠳᠤᠭ᠋ᠠᠨ᠎ᠳᠤ ᠪᠥᠬᠦ ᠤᠷᠤᠨ᠎ᠤ ᠡᠯ᠎ᠠ ᠠᠶ᠋ᠢᠮᠠᠬ ᠬᠤᠳᠠ ᠵᠢᠴᠢ ᠥᠪᠥᠷ ᠮᠤᠩᠭᠤᠯ᠎ᠤᠨ ᠶᠡᠭᠡ ᠬᠢᠨᠭ᠌ᠭ᠋ᠠᠨ ᠲᠠᠪᠠᠭ᠎ᠠ ᠵᠢᠨ ᠭᠤᠤᠯᠳᠠᠯᠭ᠎ᠠ᠎ᠲᠠᠢ ᠤᠯᠤᠰ᠎ᠤᠨ ᠥᠮᠴᠢᠯᠠᠯ᠎ᠤᠨ ᠤᠢ ᠰᠢᠭᠤᠢ ᠵᠢᠨ ᠲᠤᠪᠴᠢᠶᠠᠨ᠎ᠠᠴᠠ ᠬᠥᠷᠥᠯᠴᠠᠨ ᠢᠷᠡᠭᠰᠡᠨ ᠬᠡᠳᠤᠨ ᠮᠢᠩᠭ᠋ᠠᠨ ᠲᠠᠮᠢᠷᠴᠢᠳ 5 ᠡᠳᠤᠷ᠎ᠤᠨ ᠬᠤᠭᠤᠴᠠᠭ᠋ᠠᠨ᠎ᠳᠤ ᠡᠨᠡ ᠬᠦ᠌ ᠴᠠᠰᠤ ᠮᠥᠰᠤᠨ᠎ᠤ ᠴᠤᠬᠯᠠᠭ᠋ᠠᠨ᠎ᠳᠤ ᠤᠷᠤᠯᠴᠠᠵᠥ᠂ ᠬᠥᠴᠥᠨ ᠴᠢᠳᠠᠯ ᠵᠶ᠋ᠠᠨ ᠰᠢᠪᠬᠠᠵᠥ᠂ ᠲᠡᠮᠢᠷ ᠰᠫᠥᠷᠲ᠎ᠤᠨ ᠭᠠᠶ᠋ᠢᠬᠠᠮᠰᠢᠬ᠎ᠢ ᠤᠯᠠᠨ᠎ᠠ ᠲᠡᠯᠬᠡᠵᠥ᠂ ᠡᠪᠤᠯ᠎ᠤᠨ ᠤᠯᠠᠷᠢᠯ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠤ ᠷᠢᠳᠢ ᠰᠢᠳᠢ ᠵᠢ ᠭᠠᠶ᠋ᠢᠬᠠᠭᠤᠯᠵᠥ᠂ ᠴᠠᠰᠤ ᠮᠥᠰᠤᠨ᠎ᠤ ᠬᠠᠪᠤ ᠴᠡᠩᠭᠡᠯ᠎ᠢ ᠤᠯᠠᠨ ᠲᠥᠮᠡᠨ᠎ᠳᠤ ᠬᠠᠷᠠᠭᠤᠯᠤᠭᠰᠠᠨ ᠪᠠᠶ᠋ᠢᠨ᠎ᠠ᠃

    ᠲᠤᠰ ᠤᠳᠠᠭ᠋ᠠᠨ᠎ᠤ ᠤᠷᠤᠯᠳᠤᠭ᠋ᠠᠨ᠎ᠳᠤ᠂ ᠮᠥᠰᠤᠨ ᠪᠥᠮᠪᠦᠭᠡ᠂ ᠲᠥᠷᠭᠡᠨ ᠲᠠᠰᠢᠯᠳᠠ᠂ ᠴᠠᠰᠤᠨ ᠪᠠᠶ᠋ᠢᠯᠳᠤᠭ᠋ᠠᠨ᠂ ᠴᠠᠰᠤᠨ ᠲᠡᠭᠡᠷᠡᠬᠢ ᠬᠥᠯ ᠪᠥᠮᠪᠦᠭᠡ᠂ ᠤᠢ᠍ᠢ᠍ᠷ᠎ᠠ ᠵᠠᠢ ᠵᠢᠨ ᠲᠥᠷᠭᠡᠨ ᠲᠠᠰᠢᠯᠳᠠ᠂ ᠴᠠᠰᠤᠨ ᠲᠡᠭᠡᠷᠡᠬᠢ ᠴᠢᠭᠯᠡᠯᠳᠤ ᠤᠷᠤᠯᠳᠤᠭ᠋ᠠᠨ᠂ ᠭᠡᠭᠡᠷᠡᠯᠡᠨ ᠴᠡᠨᠠᠯᠠᠬᠤ᠂ ᠠᠭᠤᠯᠠᠨ᠎ᠤ ᠴᠡᠨᠡᠯᠡᠯᠳᠠ ᠵᠡᠷᠭᠡ 8 ᠶᠡᠭᠡ ᠤᠷᠤᠯᠳᠤᠭ᠋ᠠᠨ᠎ᠤ 97 ᠪᠠᠭ᠎ᠠ ᠲᠥᠷᠥᠯ᠎ᠤᠨ ᠤᠷᠤᠯᠳᠤᠭ᠋ᠠᠨ ᠶᠠᠪᠤᠭᠳᠠᠭᠰᠠᠨ ᠪᠠᠶ᠋ᠢᠨ᠎ᠠ᠃


ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠶᠠᠪᠠᠭ᠋ᠠᠨ ᠠᠯᠬᠤᠵᠤ ᠰᠢᠨ᠎ᠡ ᠵᠢᠯ ᠵᠶ᠋ᠠᠨ ᠤᠬᠲᠤᠬᠤ ᠠᠵᠢᠯᠯᠠᠭ᠎ᠠ ᠬᠦᠬᠡᠬᠤᠲᠠ ᠵᠢᠨ ᠿᠦ᠍ ᠢ ᠠᠭᠤᠳᠠᠮ ᠲᠠᠯᠠᠪᠠᠢ᠎ᠳᠤ ᠡᠬᠢᠯᠡᠪᠡ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠩᠬᠠᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠰᠦᠮ᠎ᠡ ᠵᠢᠨ ᠴᠤᠭᠯᠠᠭ᠋ᠠᠨ ᠦᠪᠡᠳᠡᠭᠰᠢ ᠶᠡᠬᠡ᠎ᠪᠠᠷ ᠶᠠᠪᠤᠭᠳᠠᠪᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠦᠪᠡᠳᠡᠭᠰᠢ ᠶᠡᠬᠡ᠎ᠪᠠᠷ ᠡᠬᠢᠯᠡᠪᠡ
2019 ᠤᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠠ ᠵᠢᠨ ᠲᠠᠮᠢᠷ᠎ᠤᠨ ᠴᠤᠭᠯᠠᠭ᠋ᠠᠨ᠎ᠤ ᠦᠪᠦᠷ ᠮᠤᠩᠭᠤᠯ᠎ᠤᠨ ᠦᠷᠳᠡᠭᠡ ᠵᠢᠴᠢ ᠲᠧᠺᠸᠤᠨᠳᠤᠤ ᠵᠢᠨ ᠵᠠᠯᠠᠭᠤᠴᠤᠳ ᠪᠠᠭ᠋ᠠᠴᠤᠳ᠎ᠤᠨ ᠺᠯᠦ᠋ᠹ᠎ᠤᠨ ᠬᠠᠮᠳᠤᠷᠠᠭᠰᠠᠨ ᠤᠷᠤᠯᠳᠤᠭ᠋ᠠᠨ ᠬᠦᠬᠡᠬᠤᠳᠠ᠎ᠳᠤ ᠶᠠᠪᠤᠭᠳᠠᠪᠠ
 ᠬᠤᠶᠠᠳᠤᠭ᠋ᠠᠷ ᠬᠤᠭᠤᠴᠠᠭ᠋ᠠᠨ᠎ᠤ ᠬᠦᠯᠦᠨ ᠪᠤᠶ᠋ᠢᠷ (ᠬᠠᠶ᠋ᠢᠯᠠᠷ)᠎ᠤᠨ ᠡᠪᠤᠯ᠎ᠤᠨ ᠤᠯᠠᠷᠢᠯ᠎ᠤᠨ ᠪᠠᠭ᠋ᠠᠳᠤᠷᠴᠤᠳ᠎ᠤᠨ ᠴᠤᠬᠯᠠᠭ᠋ᠠᠨ ᠪᠦᠷᠳᠡ ᠴᠢᠨ᠋ᠸ᠎ᠠ ᠬᠤᠸᠠ ᠮᠠᠷᠠᠯ ᠮᠦᠰᠦ ᠴᠠᠰᠤᠨ᠎ᠤ ᠬᠦᠳᠡᠯᠭᠡᠭᠡᠨ᠎ᠤ ᠰᠠᠭᠤᠷᠢᠨ᠎ᠳᠤ ᠡᠬᠢᠯᠡᠵᠡᠢ
 
            