
12 ᠰᠠᠷ᠎ᠠ ᠵᠢᠨ 30᠎ᠤ ᠡᠳᠦᠷ᠂ ᠭᠤᠷᠪᠠᠳᠤᠭ᠋ᠠᠷ ᠬᠤᠭᠤᠴᠠᠭ᠋ᠠᠨ᠎ᠤ 《ᠡᠷᠡᠭᠦᠯ ᠡᠩᠬᠡ ᠦᠪᠦᠷ ᠮᠤᠩᠭᠤᠯ ᠠᠮᠢᠵᠢᠷᠠᠯ᠎ᠤᠨ ᠬᠦᠴᠦᠨ ᠪᠢᠯᠬᠠᠮ᠎ᠠ ᠬᠦᠬᠡᠬᠤᠲᠠ ᠵᠢᠨ ᠠᠶᠠᠨ》 ᠶᠠᠪᠠᠭ᠋ᠠᠨ ᠠᠯᠬᠤᠵᠤ ᠰᠢᠨ᠎ᠡ ᠵᠢᠯ ᠵᠶ᠋ᠠᠨ ᠤᠬᠲᠤᠬᠤ ᠠᠵᠢᠯᠯᠠᠭ᠎ᠠ ᠬᠦᠬᠡᠬᠤᠲᠠ ᠵᠢᠨ ᠿᠦ᠍ ᠢ ᠠᠭᠤᠳᠠᠮ ᠲᠠᠯᠠᠪᠠᠢ᠎ᠳᠤ ᠡᠬᠢᠯᠡᠵᠦ᠂ 4000 ᠭᠠᠷᠤᠢ ᠬᠦᠮᠦᠨ 9.8 ᠺᠢᠯᠣᠮᠸᠲᠷᠤᠨ ᠶᠠᠪᠠᠭ᠋ᠠᠨ ᠠᠯᠬᠤᠬᠤ ᠠᠶᠠᠨ᠎ᠢ ᠪᠡᠶᠡᠯᠡᠭᠦᠯᠪᠡ᠃ 2018 ᠤᠨ ᠳᠠᠭᠤᠰᠬᠤ ᠭᠡᠵᠦ ᠪᠠᠢ᠍ᠢ᠍ᠭ᠎ᠠ ᠡᠨᠡ ᠲᠠᠰᠢᠷᠠᠮ᠎ᠳᠤ᠂ ᠤᠯᠠᠨ ᠵᠶ᠋ᠠᠷ ᠵᠶ᠋ᠠᠨ ᠶᠠᠪᠠᠭ᠋ᠠᠨ ᠠᠯᠬᠤᠬᠤ᠎ᠳᠠᠭᠠᠨ ᠵᠠᠮ ᠳᠠᠭ᠋ᠠᠤ ᠵᠢᠨ ᠭᠤᠢ᠍ᠢ᠍ᠲᠠ ᠦᠵᠡᠮᠵᠢ ᠵᠢ ᠰᠤᠨᠢᠷᠬᠠᠨ᠂ ᠬᠦᠬᠡᠬᠤᠲᠠ ᠵᠢᠨ ᠷᠢᠳᠢ ᠰᠢᠳᠢ ᠵᠢ ᠮᠡᠳᠡᠷᠡᠵᠦ᠂ ᠡᠷᠡᠭᠦᠯ ᠮᠡᠨᠳᠦ ᠠᠮᠢᠳᠤᠷᠠᠯ᠎ᠤᠨ ᠬᠡᠯᠪᠡᠷᠢ᠎ᠪᠠᠷ ᠰᠢᠨ᠎ᠡ ᠨᠢᠭᠡ ᠵᠢᠯ ᠵᠶ᠋ᠠᠨ ᠤᠬᠲᠤᠨᠠ᠃ ᠵᠢᠷᠤᠬ ᠪᠤᠯ᠂ ᠲᠤᠬᠠᠢ ᠵᠢᠨ ᠡᠳᠦᠷ᠎ᠲᠤ᠂ ᠬᠤᠲᠠ ᠵᠢᠨ ᠠᠷᠠᠳ᠎ᠤᠳ ᠡᠬᠢᠯᠡᠯᠲᠡ ᠵᠢᠨ ᠴᠡᠭ᠎ᠠᠴᠠ ᠮᠤᠷᠢᠳᠠᠨ ᠶᠠᠪᠠᠭ᠋ᠠᠨ ᠠᠯᠬᠤᠬᠤ᠎ᠪᠠᠷ ᠰᠢᠨ᠎ᠡ ᠵᠢᠯ ᠵᠶ᠋ᠠᠨ ᠤᠬᠲᠤᠬᠤ ᠠᠵᠢᠯᠯᠠᠭ᠎ᠠ ᠵᠢ ᠡᠬᠢᠯᠡᠭᠦᠯᠵᠦ ᠪᠠᠢ᠍ᠢ᠍ᠭ᠎ᠠ᠎ᠨᠢ᠃