ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠦᠪᠡᠳᠡᠭᠰᠢ ᠶᠡᠬᠡ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2019-03-19

     2 ᠰᠠᠷ᠎ᠠ ᠵᠢᠨ 16᠎ᠤ ᠤᠷᠤᠢ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠬᠦᠯᠦᠨ ᠪᠤᠢ᠌ᠷ ᠬᠤᠳᠠ᠎ᠳᠤ ᠦᠪᠡᠳᠡᠭᠰᠢ ᠶᠡᠬᠡ᠎ᠪᠠᠷ ᠡᠬᠢᠯᠡᠪᠡ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠦ᠋ ᠰᠢᠶᠤᠤ ᠯᠢᠨ ᠡᠬᠢᠯᠡᠯᠳᠡ ᠵᠢᠨ ᠶᠤᠰᠤᠯᠠᠯ᠎ᠳᠤ ᠤᠷᠤᠯᠴᠠᠭᠰᠠᠨ ᠪᠦᠭᠡᠳ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠬᠢᠯᠡᠭᠰᠡᠨ᠎ᠢ ᠵᠠᠷᠯᠠᠪᠠ᠃
      ᠤᠯᠤᠰ᠎ᠤᠨ ᠪᠡᠶ᠎ᠡ ᠵᠢᠨ ᠲᠠᠮᠢᠷ᠎ᠤᠨ ᠶᠠᠷᠦᠩᠬᠡᠢ ᠲᠤᠪᠴᠢᠶᠠᠨ᠎ᠤ ᠲᠡᠳ᠋ ᠲᠤᠪᠴᠢᠶᠠᠨ ᠲᠠᠷᠤᠭ᠎ᠠ ᠶᠠᠩ ᠨᠢᠩ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠲᠡᠳ᠋ ᠲᠠᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠨᠠᠷᠢᠨ ᠪᠢᠴᠢᠭ᠎ᠤᠨ ᠲᠠᠷᠤᠭ᠎ᠠ ᠪᠤᠤ ᠵᠸᠨ ᠢᠤᠢ ᠶᠤᠰᠤᠯᠠᠯ᠎ᠳᠤ ᠤᠷᠤᠯᠴᠠᠪᠠ᠃
      ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠠ ᠵᠢᠨ ᠲᠠᠷᠤᠭ᠎ᠠ ᠲᠠᠨ ᠵᠢᠩ ᠹᠸᠩ ᠡᠬᠢᠯᠡᠯᠳᠡ ᠵᠢᠨ ᠦᠭᠡ ᠬᠡᠯᠡᠵᠦ᠂ ᠬᠦᠯᠦᠨ ᠪᠤᠢ᠌ᠷ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠢᠤᠢ ᠯᠢ ᠰᠢᠨ ᠤᠭᠳᠤᠯᠭ᠎ᠠ ᠵᠢᠨ ᠦᠭᠡ ᠬᠡᠯᠡᠵᠡᠢ᠃ ᠡᠬᠢᠯᠡᠯᠳᠡ ᠵᠢᠨ ᠶᠤᠰᠤᠯᠠᠯ᠎ᠢ ᠬᠦᠯᠦᠨ ᠪᠤᠢ᠌ᠷ ᠬᠤᠳᠠ ᠵᠢᠨ ᠲᠠᠷᠤᠭ᠎ᠠ ᠵᠢᠶᠠᠩ ᠬᠤᠩ ᠡᠷᠬᠢᠯᠡᠪᠡ᠃
      ᠲᠤᠰ ᠤᠳᠠᠭ᠋ᠠᠨ᠎ᠤ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠲᠦᠷᠦᠯ ᠵᠦᠢ᠍ᠯ᠎ᠢ 8 ᠶᠡᠬᠡ ᠲᠦᠷᠦᠯ᠂ 33 ᠪᠠᠭ᠎ᠠ ᠲᠦᠷᠦᠯ ᠬᠤᠪᠢᠶᠠᠨ᠂ 5 ᠡᠳᠦᠷ ᠶᠠᠪᠤᠭᠳᠠᠨ᠎ᠠ᠃ ᠪᠦᠬᠦ ᠤᠷᠤᠨ᠎ᠤ ᠡᠯ᠎ᠡ ᠠᠢ᠌ᠮᠠᠭ ᠬᠤᠳᠠ᠂ ᠬᠤᠰᠢᠭᠤ ᠰᠢᠶᠠᠨ (ᠬᠤᠳᠠ ᠲᠤᠭᠤᠷᠢᠭ)᠂ ᠠᠵᠢᠯ ᠲᠦᠷᠦᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ᠂ ᠶᠡᠬᠡ ᠲᠡᠭᠡᠳᠦ ᠰᠤᠷᠭ᠋ᠠᠭᠤᠯᠢ᠂ ᠠᠵᠦ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢᠴᠢ ᠺᠯᠦ᠋ᠪ᠎ᠤᠨ 32 ᠲᠦᠯᠦᠭᠡᠯᠡᠭᠴᠢ ᠵᠢᠨ ᠪᠦᠯᠬᠦᠮ᠎ᠤᠨ 3000 ᠰᠢᠬᠠᠮ ᠬᠦᠮᠦᠨ ᠤᠷᠤᠯᠳᠤᠭ᠋ᠠᠨ᠎ᠳᠤ ᠤᠷᠤᠯᠴᠠᠬᠤ ᠪᠤᠯᠤᠨ᠎ᠡ᠃


ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
2019 ᠤᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠠ ᠵᠢᠨ ᠲᠠᠮᠢᠷ᠎ᠤᠨ ᠴᠤᠭᠯᠠᠭ᠋ᠠᠨ᠎ᠤ ᠦᠪᠦᠷ ᠮᠤᠩᠭᠤᠯ᠎ᠤᠨ ᠦᠷᠳᠡᠭᠡ ᠵᠢᠴᠢ ᠲᠧᠺᠸᠤᠨᠳᠤᠤ ᠵᠢᠨ ᠵᠠᠯᠠᠭᠤᠴᠤᠳ ᠪᠠᠭ᠋ᠠᠴᠤᠳ᠎ᠤᠨ ᠺᠯᠦ᠋ᠹ᠎ᠤᠨ ᠬᠠᠮᠳᠤᠷᠠᠭᠰᠠᠨ ᠤᠷᠤᠯᠳᠤᠭ᠋ᠠᠨ ᠬᠦᠬᠡᠬᠤᠳᠠ᠎ᠳᠤ ᠶᠠᠪᠤᠭᠳᠠᠪᠠ
 ᠬᠤᠶᠠᠳᠤᠭ᠋ᠠᠷ ᠬᠤᠭᠤᠴᠠᠭ᠋ᠠᠨ᠎ᠤ ᠬᠦᠯᠦᠨ ᠪᠤᠶ᠋ᠢᠷ (ᠬᠠᠶ᠋ᠢᠯᠠᠷ)᠎ᠤᠨ ᠡᠪᠤᠯ᠎ᠤᠨ ᠤᠯᠠᠷᠢᠯ᠎ᠤᠨ ᠪᠠᠭ᠋ᠠᠳᠤᠷᠴᠤᠳ᠎ᠤᠨ ᠴᠤᠬᠯᠠᠭ᠋ᠠᠨ ᠪᠦᠷᠳᠡ ᠴᠢᠨ᠋ᠸ᠎ᠠ ᠬᠤᠸᠠ ᠮᠠᠷᠠᠯ ᠮᠦᠰᠦ ᠴᠠᠰᠤᠨ᠎ᠤ ᠬᠦᠳᠡᠯᠭᠡᠭᠡᠨ᠎ᠤ ᠰᠠᠭᠤᠷᠢᠨ᠎ᠳᠤ ᠡᠬᠢᠯᠡᠵᠡᠢ
ᠲᠤᠤᠺᠢᠣ᠋ ᠵᠢᠨ ᠵᠡᠮᠳᠡᠭᠴᠤᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠬᠦᠨᠳᠦ ᠡᠷᠭᠦᠯᠳᠡ ᠵᠢᠨ ᠡᠷᠡᠭᠳᠠᠢ ᠵᠢᠨ 97 ᠺᠢᠯᠤᠭ᠌ᠷᠠᠮ᠎ᠤᠨ ᠳᠡᠰ᠎ᠤᠨ ᠰᠢᠢ᠍ᠳᠪᠦᠷᠢᠳᠤ ᠲᠡᠮᠡᠴᠡᠭᠡᠨ᠎ᠳᠤ ᠶᠠᠨ ᠫᠠᠨ ᠫᠠᠨ ᠮᠠᠩᠯᠠᠶ᠋ᠢᠯᠠᠪᠠ
ᠲᠤᠤᠺᠢᠣ᠋ ᠵᠢᠨ ᠵᠡᠮᠳᠡᠭᠴᠤᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠤᠮᠪᠠᠯᠳᠠ ᠵᠢᠨ ᠡᠷᠡᠭᠳᠠᠢ ᠵᠢᠨ 50 ᠮᠸᠲᠷ᠎ᠤᠨ S3 ᠳᠡᠰ᠎ᠤᠨ ᠰᠢᠢ᠍ᠳᠪᠦᠷᠢᠳᠤ ᠲᠡᠮᠡᠴᠡᠭᠡᠨ᠎ᠳᠤ ᠽᠸᠤ ᠯᠢᠶᠠᠨ ᠺᠠᠩ ᠮᠠᠩᠯᠠᠶ᠋ᠢᠯᠠᠵᠠᠢ
ᠲᠤᠤᠺᠢᠣ᠋ ᠵᠢᠨ ᠵᠡᠮᠳᠡᠭᠴᠤᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠫᠢᠩᠫᠠᠩ ᠪᠦᠮᠪᠦᠭᠡ ᠵᠢᠨ ᠡᠮᠡᠭᠳᠠᠢ ᠵᠢᠨ 5 ᠳ᠋ᠤᠭ᠋ᠠᠷ ᠳᠡᠰ᠎ᠤᠨ ᠰᠢᠢ᠍ᠳᠪᠦᠷᠢᠳᠤ ᠲᠡᠮᠡᠴᠡᠭᠡᠨ᠎ᠳᠤ ᠵᠠᠩ ᠪᠢᠶᠠᠨ ᠮᠠᠩᠯᠠᠶ᠋ᠢᠯᠠᠪᠠ
 
            