
10 ᠰᠠᠷ᠎ᠠ ᠵᠢᠨ 23᠎ᠤ ᠣᠷᠣᠢ᠂ 2024 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠲᠡᠢ ᠵᠢᠨ ᠰᠠᠭᠰᠤᠨ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (《ᠦᠪᠦᠷ ᠮᠣᠩᠭᠣᠯ BA》) ᠵᠢᠨ ᠬᠠᠭ᠋ᠠᠰ ᠰᠢᠢ᠍ᠳᠪᠦᠷᠢᠳᠦ ᠤᠷᠤᠯᠳᠤᠭ᠋ᠠᠨ᠎ᠳᠤ᠂ ᠥᠪᠥᠷ ᠮᠣᠩᠭᠣᠯ᠎ᠤᠨ ᠬᠥᠳᠡᠭᠡ ᠲᠤᠰᠬᠤᠨ᠎ᠤ ᠢᠲᠡᠭᠡᠮᠵᠢ ᠵᠢᠨ ᠬᠤᠷᠰᠢᠶᠠᠨ᠎ᠤ ᠪᠠᠭ ᠪᠣᠯᠤᠨ ᠬᠥᠬᠡᠬᠣᠲᠠ ᠵᠢᠨ ᠪᠠᠭ ᠬᠤᠷᠴᠠ ᠰᠢᠷᠦᠬᠦᠨ ᠦᠷᠢᠰᠦᠯᠳᠦᠵᠦ᠂ ᠬᠠᠮᠤᠭ ᠡᠴᠦᠰ᠎ᠲᠤ᠂ ᠬᠥᠬᠡᠬᠣᠲᠠ ᠵᠢᠨ ᠪᠠᠭ 1 ᠬᠤᠪᠢ ᠵᠢᠨ ᠳᠠᠪᠠᠭᠤᠯᠢᠭ ᠵᠶ᠋ᠠᠷ ᠦᠷᠢᠰᠦᠯᠳᠦᠭᠴᠢ᠎ᠪᠠᠨ ᠢᠯᠠᠪᠠ᠃ 10 ᠰᠠᠷ᠎ᠠ ᠵᠢᠨ 25᠎ᠤ ᠡᠳᠦᠷ᠂ ᠣᠷᠳᠣᠰ᠎ᠤᠨ ᠪᠠᠭ᠎ᠲᠠᠢ ᠶᠡᠷᠦᠩᠬᠡᠢ ᠰᠢᠢ᠍ᠳᠪᠦᠷᠢᠳᠦ ᠤᠷᠤᠯᠳᠤᠭ᠋ᠠᠨ᠎ᠳᠤ ᠦᠷᠢᠰᠦᠯᠳᠦᠬᠦ ᠪᠤᠯᠤᠨ᠎ᠡ᠃
10 ᠰᠠᠷ᠎ᠠ ᠵᠢᠨ 22᠎ᠤᠨ ᠡᠳᠦᠷ ᠶᠠᠪᠤᠭᠳᠠᠭᠰᠠᠨ ᠬᠠᠭ᠋ᠠᠰ ᠰᠢᠢ᠍ᠳᠪᠦᠷᠢᠳᠦ ᠤᠷᠤᠯᠳᠤᠭ᠋ᠠᠨ᠎ᠳᠤ᠂ ᠣᠷᠳᠣᠰ᠎ᠤᠨ ᠪᠠᠭ 124᠄ 100᠎ᠪᠠᠷ ᠰᠢᠩ᠎ᠲᠠᠢ ᠪᠦᠯᠦᠭᠯᠡᠯ᠎ᠤᠨ ᠪᠠᠭ᠎ᠢ ᠢᠯᠠᠵᠤ᠂ ᠶᠠᠷᠦᠩᠬᠡᠢ ᠬᠠᠷᠢᠴᠠᠯ 2᠄ 0᠎ᠪᠠᠷ ᠶᠡᠷᠦᠩᠬᠡᠢ ᠰᠢᠢ᠍ᠳᠪᠦᠷᠢᠳᠦ ᠤᠷᠤᠯᠳᠤᠭ᠋ᠠᠨ᠎ᠳᠤ ᠨᠡᠷ᠎ᠡ ᠲᠠᠪᠰᠢᠵᠠᠢ᠃


