
9 ᠰᠠᠷ᠎ᠠ᠎ᠶ᠋ᠢᠨ 14᠎ᠤ᠋ ᠡᠳᠦᠷ᠂ 2025 ᠬᠥᠬᠡᠬᠣᠲᠠ᠎ᠶ᠋ᠢᠨ ᠬᠤᠷᠳᠤᠨ ᠮᠣᠷᠢᠨ᠎ᠤ ᠵᠤᠷᠰᠢᠯᠲᠤ ᠤᠷᠤᠯᠳᠤᠭᠠᠨ᠎ᠤ ᠣᠨ᠎ᠤ ᠰᠡᠭᠦᠯ ᠬᠤᠷᠢᠶᠠᠬᠤ ᠤᠷᠤᠯᠳᠤᠭᠠᠨ ᠥᠪᠥᠷ ᠮᠣᠩᠭᠣᠯ᠎ᠤᠨ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠦ ᠰᠣᠶᠣᠯ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠲᠥᠪ᠎ᠲᠦ ᠡᠬᠢᠯᠡᠪᠡ᠃ ᠲᠤᠰ ᠵᠤᠷᠰᠢᠯᠲᠤ ᠤᠷᠤᠯᠳᠤᠭᠠᠨ 5 ᠰᠠᠷ᠎ᠠ᠎ᠶ᠋ᠢᠨ 18᠎ᠤ᠋ ᠡᠳᠦᠷ ᠡᠬᠢᠯᠡᠵᠦ᠍᠂ ᠣᠳᠣ ᠪᠣᠯᠲᠠᠯ᠎ᠠ 88 ᠲᠠᠯᠠᠪᠤᠷ ᠶᠠᠪᠤᠭᠳᠠᠪᠠ᠃ ᠤᠷᠤᠯᠳᠤᠭᠠᠨ ᠨᠢ ᠬᠤᠷᠳᠤᠴᠠ᠎ᠶ᠋ᠢᠨ ᠮᠥᠷᠥᠢᠴᠡᠭᠡᠨ᠂ ᠰᠣᠶᠣᠯ᠎ᠤᠨ ᠦᠵᠡᠭᠦᠯᠭᠡ ᠲᠣᠭ᠍ᠯᠠᠯᠲᠠ ᠪᠣᠯᠤᠨ ᠬᠡᠷᠡᠭ᠌ᠯᠡᠭᠡᠨ᠎ᠦ ᠲᠠᠯᠠᠪᠤᠷ᠎ᠢ ᠬᠣᠯᠪᠣᠵᠤ᠂ 《ᠮᠤᠷᠢᠨ ᠤᠷᠤᠯᠳᠤᠭᠠᠨ +》 ᠠᠵᠤ ᠦᠢᠯᠡᠰ᠎ᠦᠨ ᠬᠡᠯᠬᠢᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭ᠌ᠵᠢᠭᠡᠭᠰᠡᠨ ᠪᠠᠢᠨ᠎ᠠ᠃