— 2014 ᠣᠨ᠎ᠤ 1 ᠳ᠋ᠣᠭᠡᠷ ᠰᠠᠷ᠎ᠠ ᠵᠢᠨ 15᠎ᠤ ᠡᠳᠦᠷ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ
ᠠᠷᠪᠠᠨ ᠬᠤᠶᠠᠳᠣᠭ᠋ᠠᠷ ᠬᠤᠭᠤᠴᠠᠭ᠋ᠠᠨ᠎ᠤ ᠠᠷᠠᠳ ᠤᠨ
ᠲᠦᠯᠦᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠣᠭ᠋ᠠᠷ
ᠬᠤᠷᠠᠯᠳᠣᠭ᠋ᠠᠨ ᠳᠡᠭᠡᠷ᠎ᠡ
ᠦᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠠᠭ᠋ᠠᠲᠣᠷ
ᠲᠦᠯᠦᠭᠡᠯᠡᠭᠴᠢᠳ ᠡ᠄
ᠣᠳᠣ᠂ ᠪᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠦᠪᠡᠷᠲᠡᠭᠡᠨ ᠵᠠᠰᠠᠬᠤ ᠣᠷᠣᠨ᠎ᠤ ᠣᠯᠣᠰ ᠲᠦᠷᠦ ᠵᠢᠨ ᠵᠦᠪᠯᠡᠯᠭᠡᠨ᠎ᠤ ᠭᠡᠰᠢᠭᠦᠳ ᠪᠣᠯᠣᠨ ᠬᠤᠷᠠᠯ᠎ᠳᠤ ᠰᠣᠯᠠ ᠣᠷᠣᠯᠴᠠᠭᠰᠠᠳ ᠰᠠᠨᠠᠯ ᠵᠶ᠋ᠠᠨ ᠳᠣᠷᠠᠳᠬᠤ ᠪᠣᠯᠪᠠᠣ᠃
ᠨᠢᠭᠡ᠂ ᠦᠡᠭᠭᠡᠷᠡᠭᠰᠡᠨ ᠨᠢᠭᠡ ᠵᠢᠯ᠎ᠤᠨ ᠠᠵᠢᠯ᠎ᠤᠨ ᠡᠷᠬᠢᠴᠡᠭᠦᠯᠦᠯ
2013 ᠣᠨ ᠪᠣᠯ ᠲᠣᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠡᠬᠢᠯᠡᠯᠲᠡ ᠵᠢᠨ ᠣᠨ ᠪᠣᠯᠬᠤ ᠪᠦᠭᠡᠳ ᠮᠦᠨ ᠴᠦ᠍ ᠬᠠᠲᠠᠭᠤ ᠴᠢᠩᠭ᠎ᠠ ᠰᠢᠯᠭ᠋ᠠᠯᠲᠠ᠎ᠪᠠᠷ ᠳᠠᠮᠵᠢᠭ᠋ᠠᠳ ᠰᠢᠨ᠎ᠡ ᠠᠮᠵᠢᠯᠲᠠ ᠣᠯᠣᠭᠰᠠᠨ ᠨᠢᠭᠡ ᠵᠢᠯ ᠪᠣᠯᠣᠨ᠎ᠠ᠃ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠣᠳᠠᠯ᠎ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠲᠦᠪ ᠬᠤᠷᠢᠶᠠᠨ᠎ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲ᠊ᠦ᠋ᠮᠡᠨᠢ ᠨᠢᠭᠲᠠ ᠲᠦᠰᠢᠭᠯᠡᠨ᠂ ᠨᠠᠮ᠎ᠤᠨ ᠠᠷᠪᠠᠨ ᠨᠠᠢ᠍ᠮᠠᠳᠣᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠣᠯᠣ᠋ᠨ ᠦᠪᠡᠷᠲᠡᠭᠡᠨ ᠵᠠᠰᠠᠬᠤ ᠣᠷᠣᠨ᠎ᠤ 《8337》 ᠬᠦᠭᠵᠢᠯᠲᠡ ᠵᠢᠨ ᠰᠡᠳᠭᠢᠴᠡ ᠵᠢ ᠪᠦᠬᠦ ᠲᠠᠯ᠎ᠠ᠎ᠪᠠᠷ ᠲᠣᠣᠱᠯᠠᠭᠤᠯᠣᠨ ᠨᠠᠶ᠋ᠢᠳᠠᠪᠣᠷᠢᠵᠢᠭᠤᠯᠵᠣ᠂ ᠯᠠᠪᠳᠠᠭᠤᠨ ᠵᠶ᠋ᠠᠷ ᠣᠷᠣᠭᠰᠢ ᠳᠠᠪᠰᠢᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠨᠡᠮᠡᠭᠳᠡᠯ᠎ᠢ ᠯᠠᠪᠳᠠᠭᠤᠨ ᠪᠠᠶ᠋ᠢᠯᠭ᠋ᠠᠬᠤ᠂ ᠪᠦᠲᠦᠴᠡ ᠵᠢ ᠲᠣᠬᠢᠷᠠᠭᠤᠯᠬᠤ᠂ ᠥᠭᠡᠷᠡᠴᠢᠯᠡᠯᠲᠡ ᠵᠢ ᠠᠬᠢᠭᠤᠯᠬᠤ᠂ ᠠᠷᠠᠳ᠎ᠤᠨ ᠠᠮᠢᠳᠣᠷᠠᠯ᠎ᠢ ᠬᠠᠷᠭ᠋ᠠᠯᠵᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠨᠢᠬᠡᠳᠦᠯᠲᠡᠢ ᠲᠦᠯᠦᠪᠯᠡᠨ ᠠᠬᠢᠭᠤᠯᠵᠣ᠂ ᠠᠵᠣ ᠠᠬᠤᠢ ᠪᠠᠭᠤᠷᠠᠵᠣ ᠪᠠᠶ᠋ᠢᠭ᠎ᠠ ᠳᠠᠷᠣᠯᠲᠠ ᠵᠢ ᠴᠢᠷᠮᠠᠶ᠋ᠢᠨ ᠢᠯᠠᠨ ᠳᠠᠪᠠᠵᠣ᠂ ᠰᠢᠨᠵᠢᠯᠡᠬᠦ ᠣᠬᠠᠭ᠋ᠠᠨᠴᠢ ᠬᠦᠭᠵᠢᠯᠲᠡ ᠵᠢ ᠲᠦᠯᠬᠢᠨ ᠠᠬᠢᠭᠤᠯᠬᠤ᠂ ᠠᠷᠠᠳ᠎ᠢ ᠪᠠᠶᠠᠵᠢᠭᠤᠯᠣᠨ ᠣᠷᠣᠨ ᠵᠶ᠋ᠠᠨ ᠬᠦᠴᠦᠷᠬᠡᠭᠵᠢᠬᠦᠯᠬᠦ ᠵᠠᠮ ᠵᠶ᠋ᠠᠷ ᠰᠢᠨ᠎ᠡ ᠠᠯᠬᠤᠮ᠎ᠢ ᠠᠯᠬᠤᠪᠠ᠃
(ᠨᠢᠭᠡ) ᠠᠵᠣ ᠠᠬᠤᠢ ᠵᠢᠨ ᠬᠦᠭᠵᠢᠯᠲᠡ ᠲᠣᠭᠲᠠᠭᠤᠨ ᠪᠠᠶ᠋ᠢᠬᠤ ᠵᠢᠨ ᠳᠠᠭ᠋ᠠᠣ᠎ᠳᠤ ᠰᠠᠶ᠋ᠢᠵᠢᠷᠠᠯᠲᠠᠢ ᠪᠠᠶ᠋ᠢᠳᠠᠯ ᠢᠯᠡᠷᠡᠪᠡ᠃ ᠨᠢᠳᠣᠨᠣᠨ᠂ ᠮᠠᠨ᠎ᠤ ᠣᠷᠣᠨ᠎ᠤ ᠠᠵᠣ ᠠᠬᠤᠢ ᠵᠢᠨ ᠬᠦᠭᠵᠢᠯᠲᠡ᠎ᠳᠤ ᠣᠶ᠋ᠢᠷ᠎ᠠ ᠵᠢᠨ ᠵᠢᠯ ᠴᠦᠬᠡᠨ ᠲᠣᠬᠢᠶᠠᠯᠳᠣᠭᠰᠠᠨ ᠬᠦᠴᠢᠷᠳᠡᠯ᠎ᠲᠠᠢ ᠪᠠᠶ᠋ᠢᠳᠠᠯ ᠭᠠᠷᠪᠠ᠃ ᠣᠯᠣᠰ᠎ᠤᠨ ᠲᠣᠲᠣᠭ᠋ᠠᠲᠣ ᠭᠠᠳᠠᠭ᠋ᠠᠲᠣ ᠵᠢᠨ ᠲᠦᠪᠡᠭ ᠪᠣᠳᠣᠯᠢᠶᠠᠨᠲᠠᠢ ᠪᠠᠶ᠋ᠢᠳᠠᠯ ᠪᠣᠯᠣᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠲᠠᠯᠭ᠎ᠠ ᠬᠦᠷᠦᠯᠴᠡᠬᠦ ᠦᠭᠡᠢ᠂ ᠠᠵᠣ ᠠᠬᠤᠶ᠋ᠢᠯᠠᠯ᠎ᠤᠨ ᠦᠷ᠎ᠡ ᠠᠰᠢᠭ ᠪᠠᠭᠤᠷᠠᠭᠰᠠᠨ᠂ ᠡᠳ᠋᠎ᠤᠨ ᠵᠠᠰᠠᠭ᠎ᠤᠨ ᠣᠷᠣᠯᠭ᠎ᠠ ᠵᠢᠨ ᠨᠡᠮᠡᠭᠳᠡᠯ ᠣᠳᠠᠭ᠋ᠠᠰᠢᠷᠠᠭᠰᠠᠨ ᠵᠡᠷᠭᠡ ᠬᠠᠲᠠᠭᠤ ᠴᠢᠩᠭ᠎ᠠ ᠦᠷᠢᠰᠦᠳᠦᠯᠭᠡᠨ᠎ᠳᠤ ᠬᠠᠨᠳᠣᠨ᠂ ᠲᠦᠷᠦ ᠵᠢᠨ ᠪᠣᠳᠣᠯᠭ᠎ᠠ ᠵᠢᠨ ᠲᠣᠬᠢᠷᠠᠭᠤᠯᠭ᠎ᠠ ᠡᠵᠡᠮᠳᠡᠯ ᠪᠣᠯᠣᠨ ᠪᠡᠯᠡ ᠣᠷᠣᠭᠤᠯᠣᠯᠲᠠ ᠵᠢᠨ ᠲᠣᠯᠭ᠋ᠠᠭᠤᠷᠢᠯᠠᠯᠢ ᠣᠯᠠᠮ ᠨᠢᠭᠡ ᠠᠯᠬᠤᠮ ᠴᠢᠩᠭ᠋ᠠᠷᠠᠭᠤᠯᠣᠨ᠂ ᠠᠵᠣ ᠠᠬᠤᠢ ᠵᠢᠨ ᠨᠡᠮᠡᠭᠳᠡᠯ᠎ᠢ ᠪᠦᠬᠦ ᠬᠦᠴᠦᠨ ᠵᠶ᠋ᠠᠷ ᠵᠶ᠋ᠠᠨ ᠲᠣᠭᠲᠠᠪᠦᠷᠢᠵᠢᠭᠤᠯᠣᠭ᠋ᠠᠳ᠂ ᠠᠵᠣ ᠠᠬᠤᠢ ᠵᠢᠨ ᠭᠤᠣᠯ ᠪᠣᠯᠬᠤ ᠭᠦᠢ᠍ᠴᠡᠳᠭᠡᠬᠦ ᠲᠤᠭ᠎ᠠ ᠵᠢᠨ ᠨᠡᠮᠡᠭᠳᠡᠯ᠎ᠤᠨ ᠬᠤᠷᠳᠣᠴᠠ ᠵᠢ ᠵᠣᠬᠢᠰᠲᠠᠢ ᠪᠠᠶ᠋ᠢᠷᠢᠨ᠎ᠳᠤ ᠪᠠᠶ᠋ᠢᠯᠭ᠋ᠠᠪᠠ᠃ ᠪᠦᠬᠦ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 1.68 ᠲᠦᠮᠡᠨ ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 9%᠎ᠪᠠᠷ ᠨᠡᠮᠡᠭᠳᠡᠪᠡ; ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠦᠰᠦᠪ᠎ᠤᠨ ᠣᠷᠣᠯᠭ᠎ᠠ 1719.5 ᠳ᠋ᠦᠡᠭᠰᠢᠭᠤᠷ ᠲᠦᠭᠦᠷᠢᠭ ᠪᠠᠶ᠋ᠢᠵᠣ᠂ 10.7%᠎ᠪᠠᠷ ᠨᠡᠮᠡᠭᠳᠡᠪᠡ; ᠪᠦᠬᠦ ᠨᠡᠶ᠋ᠢᠬᠡᠮ᠎ᠤᠨ ᠲᠣᠭᠲᠠᠮᠠᠯ ᠬᠦᠷᠦᠩᠭᠡ ᠵᠢᠨ ᠪᠡᠯᠡ ᠣᠷᠣᠭᠤᠯᠣᠯᠲᠠ ᠵᠢ 1.55 ᠲᠦᠮᠡᠨ ᠳ᠋ᠦᠡᠭᠰᠢᠭᠤᠷ ᠪᠡᠶᠡᠯᠡᠭᠦᠯᠵᠦ᠂ 18.4%᠎ᠪᠠᠷ ᠨᠡᠮᠡᠭᠳᠡᠪᠡ᠃ ᠲᠠᠷᠢᠶᠠᠯᠠᠩ ᠮᠠᠯ ᠠᠵᠣ ᠠᠬᠤᠢ ᠵᠢᠨ ᠦᠨᠳᠦᠰᠦᠨ ᠰᠠᠭᠤᠷᠢ ᠪᠠᠶ᠋ᠢᠷᠢ ᠵᠢ ᠲᠠᠰᠣᠷᠠᠯᠲᠠ ᠦᠭᠡᠢ ᠴᠢᠩᠭ᠋ᠠᠷᠠᠭᠤᠯᠪᠠ᠃ ᠲᠠᠷᠢᠶᠠᠯᠠᠩ ᠮᠠᠯ ᠠᠵᠣ ᠠᠬᠤᠢ ᠵᠢᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠬᠦ ᠴᠢᠳᠠᠪᠣᠷᠢ ᠵᠢ ᠯᠠᠪᠳᠠᠭᠤᠨ ᠵᠶ᠋ᠠᠷ ᠳᠡᠭᠡᠭᠰᠢᠯᠡᠭᠦᠯᠵᠦ᠂ ᠠᠮᠣ ᠪᠣᠳᠠᠭ᠋ᠠᠨᠤ ᠬᠤᠷᠢᠶᠠᠯᠲᠠ ᠲᠡᠣᠬᠡ ᠵᠢᠨ ᠰᠢᠨ᠎ᠡ ᠦᠨᠳᠦᠷ ᠬᠤᠷᠢᠶᠠᠯᠲᠠ ᠵᠢ ᠲᠠᠬᠢᠨᠲᠠ ᠡᠭᠦᠳᠴᠦ᠂ ᠶᠡᠷᠦᠩᠬᠡᠢ ᠬᠤᠷᠢᠶᠠᠯᠲᠠ 554.6 ᠳ᠋ᠦᠡᠭᠰᠢᠭᠤᠷ ᠵᠢᠩ᠎ᠳᠤ ᠬᠦᠷᠴᠦ᠂ 48.9 ᠳ᠋ᠦᠡᠭᠰᠢᠭᠤᠷ ᠵᠢᠩ ᠨᠡᠮᠡᠭᠳᠡᠵᠦ᠂ 9.7%᠎ᠪᠠᠷ ᠨᠡᠮᠡᠭᠳᠡᠨ᠂ ᠨᠡᠮᠡᠭᠳᠡᠯ᠎ᠤᠨ ᠬᠡᠮᠵᠢᠶ᠎ᠡ ᠪᠣᠯᠣᠨ ᠨᠡᠮᠡᠭᠳᠡᠯ᠎ᠤᠨ ᠬᠡᠪᠴᠢᠶ᠎ᠡ ᠴᠦᠮ ᠪᠦᠬᠦ ᠣᠯᠣᠰ᠎ᠤᠨ ᠲᠡᠷᠢᠭᠦᠨ᠎ᠳᠤ ᠣᠷᠣᠪᠠ; ᠲᠡᠵᠢᠭᠡᠵᠦ ᠪᠠᠶ᠋ᠢᠭ᠎ᠠ ᠮᠠᠯ 9 ᠵᠢᠯ ᠳᠠᠷᠠᠭ᠋ᠠᠯᠠᠨ 1 ᠳ᠋ᠦᠡᠭᠰᠢᠭᠤᠷ ᠲᠤᠭ᠎ᠠ ᠲᠣᠯᠣᠭ᠋ᠠᠢ᠎ᠠᠴᠠ ᠳᠡᠭᠡᠭᠰᠢ ᠵᠢ ᠪᠠᠲᠣᠯᠠᠵᠣ᠂ ᠮᠠᠯ᠎ᠤᠨ ᠮᠢᠬ᠎ᠠ᠂ ᠰᠦ᠂ ᠨᠣᠣᠰᠣ ᠨᠣᠣᠯᠣᠷ᠎ᠤᠨ ᠭᠠᠷᠣᠯᠲᠠ ᠦᠷᠭᠦᠯᠵᠢᠯᠡᠨ ᠪᠦᠬᠦ ᠣᠯᠣᠰ᠎ᠤᠨ ᠲᠡᠷᠢᠭᠦᠨ᠎ᠳᠤ ᠣᠷᠣᠪᠠ᠃ ᠠᠵᠣ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠪᠦᠬᠦ ᠬᠦᠴᠦᠨ ᠵᠶ᠋ᠠᠷ ᠵᠶ᠋ᠠᠨ ᠲᠣᠭᠲᠠᠪᠣᠷᠢᠵᠢᠭᠤᠯᠪᠠ᠃ ᠮᠠᠨ᠎ᠤ ᠣᠷᠣᠨ᠎ᠤ ᠴᠠᠬᠢᠯᠭ᠋ᠠᠨ ᠬᠦᠴᠦᠨ᠎ᠤ ᠳᠠᠪᠠᠭᠤᠯᠢᠭ ᠪᠣᠯᠣᠨ ᠴᠠᠬᠢᠯᠭ᠋ᠠᠨ᠎ᠤ ᠦᠨ᠎ᠡ ᠵᠢᠨ ᠬᠦᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠣᠨ᠂ ᠴᠠᠬᠢᠯᠠᠭ᠋ᠠᠨ ᠬᠦᠴᠦᠨ᠎ᠤ ᠶᠡᠷᠦᠩᠬᠡᠶ᠋ᠢᠯᠡᠨ ᠲᠡᠳᠬᠦᠬᠦ ᠲᠦᠷᠦ ᠵᠢᠨ ᠪᠣᠳᠣᠯᠭ᠎ᠠ ᠵᠢ ᠨᠡᠶ᠋ᠢᠲᠡᠯᠡᠵᠦ᠂ ᠠᠵᠣ ᠦᠢ᠍ᠯᠡᠳᠪᠦᠷᠢ ᠵᠢᠨ ᠬᠡᠷᠡᠭᠯᠡᠬᠦ ᠴᠠᠬᠢᠯᠭ᠋ᠠᠨ᠎ᠤ ᠬᠡᠮᠵᠢᠶ᠎ᠡ ᠵᠢ 170 ᠳ᠋ᠦᠡᠭᠰᠢᠭᠤᠷ ᠺᠢᠯᠣᠸᠠᠲ ᠴᠠᠭ ᠨᠡᠮᠭᠳᠡᠭᠦᠯᠵᠦ᠂ ᠦᠢ᠍ᠯᠡᠳᠪᠦᠷᠢᠯᠡᠯ ᠵᠶ᠋ᠠᠨ ᠵᠣᠭᠰᠣᠭ᠋ᠠᠭᠰᠠᠨ ᠪᠠ ᠬᠠᠭ᠋ᠠᠰ ᠵᠣᠭᠰᠣᠭ᠋ᠠᠭᠰᠠᠨ ᠬᠡᠪᠴᠢᠶᠡᠵᠢᠯ᠎ᠠᠴᠠ ᠳᠡᠭᠡᠭᠰᠢᠬᠢ 261 ᠡᠷᠦᠬᠡ ᠠᠵᠣ ᠠᠬᠤᠶ᠋ᠢᠯᠠᠯ ᠦᠢ᠍ᠯᠡᠳᠪᠦᠷᠢᠯᠡᠯ ᠵᠶ᠋ᠠᠨ ᠰᠡᠷᠭᠦᠭᠡᠭᠡᠳ᠂ ᠭᠠᠶ᠋ᠢᠯᠢ ᠵᠢᠨ ᠣᠷᠣᠯᠭ᠎ᠠ ᠵᠢ 950 ᠳ᠋ᠦᠡᠭᠰᠢᠭᠤᠷ ᠲᠦᠭᠦᠷᠢᠭ ᠨᠡᠮᠡᠭᠳᠡᠭᠦᠯᠪᠡ᠃ ᠮᠦᠡᠭᠭᠦᠨ ᠬᠦᠢ᠍ᠯᠭᠡᠭᠡᠨ ᠵᠶ᠋ᠠᠷ ᠪᠣᠲᠠᠲᠣ ᠴᠣᠭᠴᠠ ᠠᠵᠣ ᠠᠬᠤᠢ ᠵᠢ ᠳᠡᠮᠵᠢᠬᠦᠯᠬᠦ᠂ ᠡᠬᠢ ᠪᠠᠶᠠᠯᠢᠭ᠎ᠤᠨ ᠲᠣᠬᠢᠷᠠᠭᠤᠯᠣᠯᠲᠠ ᠵᠢ ᠲᠡᠭᠦᠯᠳᠡᠷᠵᠢᠭᠦᠯᠬᠦ᠂ ᠡᠬᠢ ᠪᠠᠶᠠᠯᠢᠭ᠎ᠢ ᠬᠦᠷᠦᠩᠭᠡᠵᠢᠭᠦᠯᠦᠨ ᠠᠵᠢᠯᠯᠠᠭᠤᠯᠬᠤ ᠵᠢ ᠲᠦᠯᠬᠢᠨ ᠠᠬᠢᠭᠤᠯᠬᠤ᠂ ᠠᠵᠣ ᠠᠬᠤᠶ᠋ᠢᠯᠠᠯ᠎ᠳᠤ ᠬᠤᠯᠪᠣᠭᠳᠠᠬᠤ ᠰᠦᠢ᠍ᠳᠭᠡᠯ ᠬᠤᠷᠢᠶᠠᠬᠤ ᠲᠦᠷᠦᠯ ᠵᠦᠢ᠍ᠯ᠎ᠢ ᠪᠠᠭ᠋ᠠᠰᠬᠠᠬᠤ ᠵᠡᠷᠭᠡ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠣᠷᠢᠵᠢᠭᠤᠯᠣᠨ᠂ ᠠᠵᠣ ᠦᠢ᠍ᠯᠡᠳᠪᠦᠷᠢ ᠵᠢᠨ ᠠᠵᠣ ᠠᠬᠤᠢ ᠵᠢᠨ ᠨᠡᠮᠡᠭᠳᠡᠯ᠎ᠤᠨ ᠬᠤᠷᠳᠣᠴᠠ ᠵᠢ ᠳᠡᠭᠡᠭᠰᠢᠯᠡᠭᠦᠯᠬᠦ᠂ ᠠᠵᠣ ᠠᠬᠤᠶ᠋ᠢᠯᠠᠯ᠎ᠤᠨ ᠠᠰᠢᠭ ᠣᠯᠵᠠᠪᠣᠷᠢ ᠵᠢᠨ ᠪᠠᠭᠤᠷᠠᠬᠤ ᠬᠡᠪᠴᠢᠶ᠎ᠡ ᠵᠢ ᠪᠠᠭ᠋ᠠᠰᠠᠬᠠᠬᠤ᠂ ᠨᠡᠭᠦᠷᠡᠰᠦ ᠴᠠᠬᠢᠯᠭ᠋ᠠᠨ ᠲᠣᠰᠣ ᠲᠡᠭᠡᠭᠡᠪᠦᠷᠢ ᠵᠡᠷᠭᠡ ᠵᠢᠨ ᠤᠷᠢᠳᠠᠪᠡᠷ ᠬᠡᠷᠡᠭᠵᠢᠭᠦᠯᠬᠦ ᠭᠦᠢ᠍ᠴᠡᠳᠭᠡᠬᠦ ᠲᠤᠭ᠎ᠠ ᠵᠢᠨ ᠯᠠᠪᠳᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠣᠭ᠋ᠠᠳ᠂ ᠬᠡᠪᠴᠢᠶᠡᠵᠢᠯ᠎ᠠᠴᠠ ᠳᠡᠭᠡᠭᠰᠢ ᠠᠵᠣ ᠦᠢ᠍ᠯᠡᠳᠪᠦᠷᠢᠯᠡᠯ ᠵᠢᠨ ᠨᠡᠮᠡᠭᠳᠡᠯ ᠦᠷᠲᠡᠭ 12% ᠵᠶ᠋ᠠᠷ ᠨᠡᠮᠡᠭᠳᠡᠪᠡ᠃ ᠦᠢ᠍ᠯᠡᠴᠢᠯᠡᠭᠡᠨ᠎ᠤ ᠦᠢ᠍ᠯᠡᠰ᠎ᠢ ᠶᠡᠬᠡᠪᠡᠷ ᠬᠦᠭᠵᠢᠭᠦᠯᠪᠡ᠃ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠲᠡ ᠵᠢ ᠠᠬᠢᠭᠤᠯᠬᠤ ᠵᠢᠯᠣᠭᠤᠳᠬᠤ ᠰᠠᠨᠠᠯ ᠪᠣᠯᠣᠨ ᠲᠦᠬᠦᠷ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠵᠢᠭᠤᠯᠴᠢᠯᠠᠯ᠂ ᠪᠠᠷᠠᠭ᠎ᠠ ᠵᠢᠨ ᠭᠦᠢ᠍ᠯᠭᠡᠭᠡᠨ᠂ ᠮᠦᠡᠭᠭᠦᠨ ᠭᠦᠢ᠍ᠯᠭᠡᠭᠡᠨ᠂ ᠡᠯᠧᠺᠳ᠋ᠷᠣᠨ ᠬᠤᠳᠠᠯᠳᠣᠭ᠋ᠠᠨ᠎ᠤ ᠶᠡᠪᠣᠳᠠᠯ ᠵᠡᠷᠭᠡ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠲᠡ ᠲᠦᠷᠭᠡᠳᠭᠡᠴᠦ᠂ ᠪᠦᠬᠦ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ ᠣᠷᠣᠯᠭ᠎ᠠ 18%᠎ᠪᠠᠷ ᠨᠡᠮᠡᠭᠳᠡᠨ᠂ ᠮᠦᠡᠭᠭᠦᠨ ᠭᠦᠢ᠍ᠯᠭᠡᠭᠡᠨ᠎ᠤ ᠪᠠᠶ᠋ᠢᠭᠤᠯᠣᠮᠵᠢ ᠵᠢᠨ ᠰᠢᠨ᠎ᠡ᠎ᠪᠠᠷ ᠨᠡᠮᠡᠭᠳᠡᠭᠰᠡᠨ ᠬᠠᠳᠠᠭ᠋ᠠᠯᠠᠮᠵᠢ᠎ᠠᠴᠠ 47.6 ᠳ᠋ᠦᠡᠭᠰᠢᠭᠤᠷ ᠲᠦᠭᠦᠷᠢᠭ ᠳᠠᠪᠠᠵᠣ᠂ ᠨᠡᠶ᠋ᠢᠬᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠬᠡᠮᠵᠢᠶ᠎ᠡ 11.8%᠎ᠪᠠᠷ ᠨᠡᠮᠡᠭᠳᠡᠪᠡ᠃
(ᠬᠤᠶᠠᠷ) ᠠᠵᠣ ᠠᠬᠤᠢ ᠵᠢᠨ ᠪᠦᠲᠦᠴᠡ ᠵᠢᠨ ᠲᠣᠬᠢᠷᠠᠭᠤᠯᠣᠯᠲᠠ ᠰᠢᠨ᠎ᠡ ᠠᠬᠢᠴᠠ᠎ᠲᠠᠢ ᠪᠣᠯᠪᠠ᠃ ᠯᠠᠪᠳᠠᠭᠤᠨ ᠵᠶ᠋ᠠᠷ ᠨᠡᠮᠡᠭᠳᠡᠭᠦᠯᠬᠦ ᠵᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠯᠤᠭ᠎ᠠ ᠬᠠᠷᠢᠯᠴᠠᠨ ᠣᠶᠠᠯᠳᠣᠭᠤᠯᠬᠤ ᠵᠢ ᠪᠠᠷᠢᠮᠲᠠᠯᠠᠨ᠂ ᠠᠵᠣ ᠦᠢ᠍ᠯᠡᠰ᠎ᠤᠨ ᠪᠦᠲᠦᠴᠡ ᠵᠢᠨ ᠲᠣᠬᠢᠷᠠᠭᠤᠯᠣᠯᠲᠠ ᠵᠢᠨ ᠵᠢᠯᠣᠭᠤᠳᠬᠤ ᠰᠠᠨᠠᠯ ᠪᠣᠯᠣᠨ 11 ᠭᠤᠣᠯᠳᠠᠯᠭ᠎ᠠ᠎ᠲᠠᠢ ᠲᠣᠰᠬᠠᠢ ᠵᠦᠢ᠍ᠯ᠎ᠤᠨ ᠲᠦᠯᠦᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠠᠵᠣ ᠠᠬᠤᠢ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠣᠨ ᠳᠡᠰ ᠳᠡᠪᠰᠢᠬᠦ ᠪᠠ ᠬᠦᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠢ ᠲᠦᠯᠬᠢᠨ ᠠᠬᠢᠭᠤᠯᠪᠠ᠃ ᠲᠠᠪᠣᠨ ᠶᠡᠭᠡ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠣᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠪᠠ᠃ ᠨᠡᠭᠦᠷᠡᠰᠦ ᠵᠢ ᠪᠣᠯᠪᠠᠰᠣᠷᠠᠭᠤᠯᠣᠨ ᠬᠤᠪᠢᠷᠠᠭᠤᠯᠬᠤ ᠪᠠ ᠶᠡᠷᠦᠩᠬᠡᠶ᠋ᠢᠯᠡᠨ ᠠᠰᠢᠭᠯᠠᠬᠤ ᠨᠢᠭᠡ ᠪᠦᠯᠦᠭ ᠲᠦᠷᠦᠯ ᠵᠦᠢ᠍ᠯ᠎ᠢ ᠪᠠᠶ᠋ᠢᠭᠤᠯᠣᠭᠰᠠᠨ ᠪᠣᠶᠣ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠵᠣ᠂ ᠴᠠᠬᠢᠯᠭ᠋ᠠᠨ ᠬᠦᠴᠦᠨ᠎ᠤ ᠮᠠᠰᠢᠨ ᠴᠣᠭᠴᠠᠯᠪᠦᠷᠢ ᠵᠢ 500 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠦᠨ᠂ ᠭᠠᠳᠠᠭᠰᠢ ᠬᠦᠷᠭᠡᠭᠰᠡᠨ ᠴᠠᠬᠢᠯᠭ᠋ᠠᠨ᠎ᠤ ᠬᠡᠮᠵᠢᠶ᠎ᠡ 1400 ᠳ᠋ᠦᠡᠭᠰᠢᠭᠤᠷ ᠺᠢᠯᠣᠸᠠᠲ ᠴᠠᠭ ᠪᠠᠶ᠋ᠢᠵᠣ᠂ ᠨᠡᠭᠦᠷᠡᠰᠦ ᠵᠢ ᠬᠡᠢ ᠪᠣᠯᠭ᠋ᠠᠵᠣ 120 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠳ᠋ᠷ᠎ᠤᠨ᠎ᠬᠢ ᠰᠢᠨ᠎ᠡ᠎ᠪᠠᠷ ᠪᠠᠷᠢᠯᠭ᠎ᠠ ᠡᠬᠢᠯᠡᠭᠦᠯᠪᠡ᠃ ᠪᠣᠷᠣᠯᠠᠭᠤᠯᠭ᠎ᠠ ᠵᠢᠨ ᠣᠷᠣᠯᠭ᠎ᠠ᠎ᠨᠢ 500 ᠲᠦᠮᠡᠨ ᠲᠦᠭᠦᠷᠢᠭ᠎ᠠᠴᠠ ᠳᠡᠭᠡᠭᠰᠢᠬᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ ᠠᠵᠣ ᠠᠬᠤᠶ᠋ᠢᠯᠠᠯ ᠪᠣᠷᠣᠯᠠᠭᠤᠯᠭ᠎ᠠ ᠵᠢᠨ ᠣᠷᠣᠯᠭ᠎ᠠ ᠵᠢ 3455.6 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 14.5%᠎ᠪᠠᠷ ᠨᠡᠮᠡᠭᠳᠡᠪᠡ᠃ ᠣᠳᠣ ᠦᠶ᠎ᠡ ᠵᠢᠨ ᠲᠣᠨᠤᠭ ᠲᠦᠬᠦᠭᠡᠷᠦᠮᠵᠢ ᠦᠢ᠍ᠯᠡᠳᠬᠦ᠂ ᠡᠭᠦᠯᠡᠨ ᠪᠣᠳᠣᠯᠲᠠ ᠵᠡᠷᠭᠡ ᠰᠢᠨ᠎ᠡ᠎ᠪᠠᠷ ᠪᠣᠢ ᠪᠣᠯᠣᠭᠰᠠᠨ ᠠᠵᠣ ᠦᠢ᠍ᠯᠡᠰ ᠲᠦᠷᠭᠡᠨ ᠪᠣᠶ᠋ᠢᠵᠢᠵᠣ᠂ ᠡᠭᠦᠯᠡᠨ ᠪᠣᠳᠣᠯᠲᠠ ᠵᠢᠨ ᠦᠢ᠍ᠯᠡᠴᠢᠯᠡᠭᠦᠷᠢ 16.5 ᠲᠦᠮᠡᠨ ᠰᠠᠣᠷᠢ ᠪᠠᠶ᠋ᠢᠭᠤᠯᠪᠠ᠃ ᠨᠡᠶ᠋ᠢᠲᠡ ᠵᠢᠨ ᠦᠮᠴᠢᠯᠡᠯ᠎ᠤᠨ ᠪᠣᠰᠣ ᠠᠵᠣ ᠠᠬᠤᠢ ᠵᠢ ᠶᠡᠬᠡᠪᠡᠷ ᠬᠦᠭᠵᠢᠭᠦᠯᠪᠡ᠃ ᠨᠡᠶ᠋ᠢᠲᠡ ᠵᠢᠨ ᠦᠮᠴᠢᠯᠡᠯ᠎ᠤᠨ ᠪᠣᠰᠣ ᠠᠵᠣ ᠠᠬᠤᠢ ᠵᠢᠨ ᠬᠦᠭᠵᠢᠯᠲᠡ ᠵᠢ ᠠᠬᠢᠭᠤᠯᠬᠤ 70 ᠵᠣᠷᠪᠣᠰ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠴᠢᠬᠤᠯᠠ ᠬᠦᠴᠦᠨ ᠵᠦᠢ᠍ᠯ᠎ᠤᠨ ᠪᠠᠲᠣᠯᠠᠭ᠎ᠠ ᠵᠢ ᠴᠢᠩᠭ᠋ᠠᠷᠠᠭᠤᠯᠣᠨ᠂ ᠲᠣᠮᠳᠠ ᠪᠠᠭ᠎ᠠ ᠠᠵᠣ ᠠᠬᠤᠶ᠋ᠢᠯᠠᠯ᠎ᠤᠨ ᠨᠡᠮᠡᠭᠳᠡᠯ ᠦᠷᠲᠡᠭ 13%᠎ᠪᠠᠷ ᠨᠡᠮᠡᠭᠳᠡᠨ᠂ ᠬᠤᠪᠢ ᠵᠢᠨ ᠠᠵᠣ ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ 100 ᠲᠦᠮᠡᠨ ᠵᠢ ᠳᠠᠪᠠᠪᠠ᠃ ᠬᠤᠲᠠ ᠬᠦᠳᠡᠭᠡ ᠵᠢ ᠨᠢᠭᠡᠳᠦᠯᠲᠡᠢ ᠲᠦᠯᠣᠪᠯᠡᠨ ᠬᠦᠭᠵᠢᠭᠦᠯᠬᠦ ᠵᠢ ᠢᠳᠡᠪᠬᠢᠲᠡᠢ᠎ᠪᠠᠷ ᠠᠬᠢᠭᠤᠯᠪᠠ᠃ ᠵᠢᠯᠣᠭᠤᠳᠬᠤ ᠰᠠᠨᠠᠯ ᠪᠣᠯᠣᠨ ᠲᠡᠳᠬᠦᠬᠦ ᠲᠦᠷᠦ ᠵᠢᠨ ᠪᠣᠳᠣᠯᠭ᠎ᠠ ᠵᠢ ᠲᠣᠭᠲᠠᠭ᠋ᠠᠨ᠂ ᠰᠢᠶᠠᠨ᠎ᠤ ᠬᠡᠪᠴᠢᠶᠡᠨ᠎ᠤ ᠠᠵᠣ ᠠᠬᠤᠢ ᠵᠢ ᠶᠡᠬᠡᠪᠡᠷ ᠬᠦᠭᠵᠢᠬᠦᠯᠵᠦ᠂ 80 ᠬᠤᠰᠢᠭᠤ ᠰᠢᠶᠠᠨ (ᠬᠤᠲᠠ)᠎ᠤ ᠡᠳ᠋᠎ᠤᠨ ᠵᠠᠰᠠᠭ᠎ᠤᠨ ᠣᠷᠣᠯᠭ᠎ᠠ᠂ ᠲᠣᠭᠲᠠᠮᠠᠯ ᠬᠦᠷᠦᠩᠭᠡ ᠵᠢᠨ ᠪᠡᠯᠡ ᠣᠷᠣᠭᠤᠯᠣᠯᠲᠠ᠂ ᠬᠡᠪᠴᠢᠶᠡᠵᠢᠯ᠎ᠠᠴᠠ ᠳᠡᠭᠡᠭᠰᠢᠬᠢ ᠠᠵᠣ ᠦᠢ᠍ᠯᠡᠳᠪᠦᠷᠢ ᠵᠢᠨ ᠨᠡᠮᠡᠭᠳᠡᠯ ᠦᠷᠲᠡᠭ᠎ᠤᠨ ᠨᠡᠮᠡᠭᠳᠡᠯ᠎ᠤᠨ ᠬᠤᠷᠳᠣᠴᠠ ᠪᠦᠬᠦ ᠣᠷᠣᠨ᠎ᠤ ᠳᠣᠮᠳᠠᠴᠢ ᠬᠢᠷᠢ ᠬᠡᠮᠵᠢᠶ᠎ᠡ᠎ᠠᠴᠠ ᠳᠡᠭᠡᠭᠦᠷ ᠪᠣᠯᠪᠠ᠃ ᠬᠤᠲᠠ ᠪᠠᠯᠭ᠋ᠠᠰᠣ᠎ᠳᠤ 28.7 ᠲᠦᠮᠡᠨ ᠬᠦᠮᠦᠨ ᠠᠮᠠ ᠰᠢᠨ᠎ᠡ᠎ᠪᠠᠷ ᠨᠡᠮᠡᠭᠳᠡᠭᠦᠯᠵᠦ᠂ ᠪᠦᠬᠦ ᠣᠷᠣᠨ᠎ᠤ ᠬᠤᠲᠠ ᠪᠠᠯᠭ᠋ᠠᠰᠣᠴᠢᠯᠠᠭᠰᠠᠨ ᠨᠣᠷᠮ᠎ᠠ 58.7%᠎ᠳᠤ ᠬᠦᠷᠪᠡ᠃ ᠰᠢᠨᠵᠢᠯᠡᠬᠦ ᠣᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠣᠷᠢ ᠵᠢ ᠯᠠᠪᠳᠠᠭᠤᠨ ᠵᠶ᠋ᠠᠷ ᠳᠡᠭᠡᠭᠰᠢᠯᠡᠭᠦᠯᠪᠡ᠃ ᠨᠢᠭᠡ ᠪᠦᠯᠦᠭ ᠰᠢᠨ᠎ᠡ ᠬᠡᠯᠪᠡᠷᠢ ᠵᠢᠨ ᠰᠢᠨᠵᠢᠯᠡᠬᠦ ᠣᠬᠠᠭ᠋ᠠᠨ ᠮᠡᠷᠭᠡᠵᠢᠯ᠎ᠤᠨ ᠰᠣᠳᠣᠯᠣᠨ ᠨᠡᠭᠡᠭᠡᠬᠦ ᠪᠠᠶ᠋ᠢᠭᠤᠯᠣᠮᠵᠢ ᠵᠢ ᠵᠣᠬᠢᠶᠠᠨ ᠪᠠᠶ᠋ᠢᠭᠤᠯᠵᠣ᠂ ᠰᠢᠨᠵᠢᠯᠡᠬᠦ ᠣᠬᠠᠭ᠋ᠠᠨ ᠮᠡᠷᠭᠡᠵᠢᠯ᠎ᠤᠨ ᠴᠢᠬᠤᠯᠠ ᠶᠡᠭᠡ ᠲᠣᠰᠬᠠᠢ ᠵᠦᠢ᠍ᠯ᠎ᠤᠳ᠎ᠢ ᠬᠡᠷᠡᠭᠵᠢᠭᠦᠯᠵᠦ᠂ ᠬᠦᠬᠡᠬᠤᠲᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠣ ᠦᠢ᠍ᠯᠡᠰ᠎ᠤᠨ ᠬᠦᠷᠢᠶᠡᠯᠡᠩ ᠵᠡᠷᠭᠡ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠵᠡᠷᠭᠡ ᠳᠡᠰ ᠵᠶ᠋ᠠᠨ ᠦᠰᠭᠡᠬᠦ ᠵᠢ ᠲᠦᠯᠬᠢᠨ ᠠᠬᠢᠭᠤᠯᠵᠣ᠂ ᠪᠡᠶ᠎ᠡ᠎ᠪᠠᠨ ᠳᠠᠭ᠋ᠠᠭ᠋ᠠᠵᠣ ᠰᠢᠨ᠎ᠡ ᠵᠢ ᠡᠭᠦᠳᠬᠦ ᠪᠠ ᠰᠢᠨᠵᠢᠯᠡᠬᠦ ᠣᠬᠠᠭ᠋ᠠᠨ᠎ᠤ ᠰᠣᠳᠣᠯᠣᠯ᠎ᠤᠨ ᠦᠷ᠎ᠡ ᠪᠦᠲᠦᠭᠡᠯ᠎ᠢ ᠬᠤᠪᠢᠷᠠᠭᠤᠯᠣᠨ ᠬᠡᠷᠡᠭᠯᠡᠬᠦ ᠴᠢᠳᠠᠪᠣᠷᠢ ᠢᠯᠡᠳᠲᠡ ᠳᠡᠭᠡᠭᠰᠢᠯᠡᠪᠡ᠃ ᠪᠦᠬᠦ ᠨᠡᠶ᠋ᠢᠬᠡᠮ᠎ᠤᠨ ᠰᠣᠳᠣᠯᠣᠨ ᠨᠡᠬᠡᠬᠡᠬᠦ ᠵᠠᠷᠣᠳᠠᠯ᠎ᠤᠨ ᠣᠷᠣᠭᠤᠯᠣᠯᠲᠠ ᠵᠢ 26.8 ᠳ᠋ᠦᠡᠭᠰᠢᠭᠤᠷ ᠲᠦᠭᠦᠷᠢᠭ ᠣᠷᠣᠭᠤᠯᠵᠣ᠂ ᠲᠣᠰᠬᠠᠢ ᠠᠰᠢᠭ᠎ᠤᠨ ᠡᠷᠬᠡ ᠣᠯᠭᠤᠭᠰᠠᠨ ᠬᠡᠮᠵᠢᠶ᠎ᠡ 24.1%᠎ᠪᠠᠷ ᠨᠡᠮᠡᠭᠳᠡᠵᠦ᠂ ᠳᠡᠭᠡᠲᠦ ᠰᠢᠨ᠎ᠡ ᠮᠡᠷᠭᠡᠵᠢᠯ᠎ᠤᠨ ᠠᠵᠣ ᠠᠬᠤᠶ᠋ᠢᠯᠠᠯ 180 ᠡᠷᠦᠬᠡ᠎ᠳᠤ ᠬᠦᠷᠴᠦ᠂ ᠦᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠲᠣᠷᠰᠢᠯᠲᠠ ᠵᠢᠨ ᠲᠠᠰᠤᠭ᠂ ᠢᠨᠵᠧᠨᠧᠷᠢᠩ᠎ᠤᠨ ᠮᠡᠷᠭᠡᠵᠢᠯ᠎ᠤᠨ ᠰᠣᠳᠣᠯᠣᠯ᠎ᠤᠨ ᠲᠦᠪ ᠲᠣᠰ ᠲᠣᠰ 79 ᠡᠷᠦᠬᠡ ᠪᠠ 86 ᠡᠷᠦᠬᠡ᠎ᠳᠤ ᠬᠦᠷᠪᠠ᠃
(ᠭᠤᠷᠪᠠ) ᠦᠷᠭᠦᠯᠵᠢᠯᠡᠨ ᠬᠦᠭᠵᠢᠬᠦ ᠴᠢᠳᠠᠪᠣᠷᠢ ᠢᠯᠡᠳᠲᠡ ᠨᠡᠮᠡᠭᠳᠡᠪᠡ᠃ ᠪᠡᠯᠡ ᠣᠷᠣᠭᠤᠯᠣᠯᠲᠠ ᠪᠣᠯᠣᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠣᠯᠲᠠ ᠵᠢᠨ ᠡᠷᠴᠢᠮ᠎ᠢ ᠨᠡᠮᠡᠭᠳᠡᠭᠦᠯᠪᠡ᠃ ᠴᠢᠬᠤᠯᠠ ᠶᠡᠭᠡ ᠲᠦᠷᠦᠯ ᠵᠦᠢ᠍ᠯ᠎ᠢ ᠲᠣᠰᠬᠠᠢ ᠵᠦᠢ᠍ᠯ ᠵᠶ᠋ᠠᠷ ᠲᠦᠯᠬᠢᠨ ᠠᠬᠢᠭᠤᠯᠬᠤ ᠲᠣᠭᠲᠠᠴᠠ ᠵᠢ ᠪᠠᠶ᠋ᠢᠭᠤᠯᠵᠣ᠂ ᠪᠦᠬᠦ ᠣᠷᠣᠨ᠎ᠤ ᠴᠢᠬᠤᠯᠠ ᠶᠡᠭᠡ ᠲᠦᠷᠦᠯ ᠵᠦᠢ᠍ᠯ᠎ᠤᠨ ᠬᠡᠷᠡᠭᠵᠢᠭᠦᠯᠬᠦ ᠲᠦᠯᠦᠪᠯᠡᠯᠭᠡᠳᠤ ᠵᠢᠭᠰᠠᠭ᠋ᠠᠭᠰᠠᠨ ᠲᠦᠷᠦᠯ ᠵᠦᠢ᠍ᠯ 623 ᠪᠠᠶ᠋ᠢᠵᠣ᠂ 4647. 2 ᠳ᠋ᠦᠡᠭᠰᠢᠭᠤᠷ ᠲᠦᠭᠦᠷᠢᠭ᠎ᠤᠨ ᠪᠡᠯᠡ ᠣᠷᠣᠭᠤᠯᠣᠯᠲᠠ ᠵᠢ ᠪᠡᠶᠡᠯᠡᠭᠦᠯᠪᠠ᠃ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ ᠴᠢᠬᠤᠯᠠ ᠶᠡᠭᠡ ᠰᠢᠪᠲᠣᠯᠣᠯᠲᠠ᠎ᠲᠠᠢ ᠪᠣᠯᠵᠣ᠂ ᠵᠦᠡᠭ ᠲᠢᠶᠠᠨ ᠡᠾᠧ ᠴᠣᠸᠠᠩ᠎ᠤᠨ 360 ᠲᠦᠮᠡᠨ ᠲᠣᠨ ᠮᠧᠲ᠋ᠢᠯ ᠠᠯᠺᠣᠣᠯ ᠵᠡᠷᠭᠡ 13 ᠭᠤᠣᠯᠳᠠᠯᠭ᠎ᠠ᠎ᠲᠠᠢ ᠲᠦᠷᠦᠯ ᠵᠦᠢ᠍ᠯ ᠣᠯᠣᠰ᠎ᠤᠨ ᠬᠢᠨᠠᠨ ᠵᠦᠪᠰᠢᠶᠡᠷᠡᠯ᠎ᠢ ᠣᠯᠵᠣ᠂ 200 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠳ᠋ᠷ ᠪᠦᠬᠦᠢ ᠨᠡᠭᠦᠷᠡᠰᠦ ᠵᠢ ᠬᠡᠢ ᠪᠣᠯᠭ᠋ᠠᠵᠣ᠂ ᠢ᠎ᠲᠠᠢ ᠵᠢᠨ 200 ᠲᠦᠮᠡᠨ ᠨᠡᠭᠦᠷᠡᠰᠦ᠎ᠪᠠᠷ ᠲᠣᠰᠣ ᠬᠢᠬᠦ ᠵᠡᠷᠭᠡ 14 ᠭᠤᠣᠯᠳᠠᠯᠭ᠎ᠠ᠎ᠲᠠᠢ ᠲᠦᠷᠦᠯ ᠵᠦᠢ᠍ᠯ ᠭᠠᠷᠳᠠᠨ ᠡᠬᠢᠯᠡᠭᠦᠯᠬᠦ᠎ᠳᠡᠭᠡᠨ ᠣᠷᠣᠵᠣ᠂ ᠪᠡᠯᠡ ᠣᠷᠣᠭᠤᠯᠣᠯᠲᠠ ᠵᠢᠨ ᠶᠡᠷᠦᠩᠬᠡᠢ ᠬᠡᠪᠴᠢᠶ᠎ᠡ᠎ᠨᠢ 2700 ᠳ᠋ᠦᠡᠭᠰᠢᠭᠤᠷ ᠲᠦᠭᠦᠷᠢᠭ ᠪᠣᠯᠣᠭᠰᠠᠨ ᠪᠠᠶ᠋ᠢᠨ᠎ᠠ᠃ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ ᠡᠷᠴᠢᠮ᠎ᠢ ᠨᠡᠮᠡᠭᠳᠡᠭᠦᠯᠵᠦ᠂ ᠨᠡᠭᠦᠷᠦᠰᠦᠨᠤ ᠡᠬᠢ ᠪᠠᠶᠠᠯᠢᠭ᠎ᠤᠨ ᠬᠠᠶ᠋ᠢᠨ ᠢᠯᠡᠷᠡᠭᠦᠯᠦᠭᠰᠡᠨ ᠬᠠᠳᠠᠭ᠋ᠠᠯᠠᠭᠳᠠᠴᠠ ᠵᠢ 450 ᠳ᠋ᠦᠡᠭᠰᠢᠭᠤᠷ ᠲᠣᠨ ᠰᠢᠨ᠎ᠡ᠎ᠪᠠᠷ ᠨᠡᠮᠡᠭᠳᠡᠬᠦᠯᠪᠡ᠃ ᠵᠠᠮ ᠬᠠᠷᠢᠯᠴᠠᠭ᠎ᠠ᠂ ᠣᠰᠣᠨ ᠠᠰᠢᠭᠯᠠᠯᠲᠠ᠂ ᠴᠠᠬᠢᠯᠭ᠋ᠠᠨ ᠬᠦᠴᠦᠨ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠣᠯᠲᠠ ᠵᠢ ᠲᠦᠷᠭᠡᠳᠬᠡᠪᠡ᠃ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠣᠯᠲᠠ᠎ᠳᠤ 656 ᠳ᠋ᠦᠡᠭᠰᠢᠭᠤᠷ ᠲᠦᠭᠦᠷᠢᠭ᠎ᠤᠨ ᠪᠡᠯᠡ ᠣᠷᠣᠭᠤᠯᠣᠯᠲᠠ ᠵᠢ ᠪᠡᠶᠡᠯᠡᠭᠦᠯᠵᠦ᠂ ᠣᠷᠣᠨ᠎ᠠᠴᠠ ᠭᠠᠷᠬᠤ 30 ᠵᠣᠷᠪᠣᠰ ᠳᠡᠭᠡᠲᠦ ᠳᠡᠰ᠎ᠤᠨ ᠵᠠᠰᠠᠮᠠᠯ ᠵᠠᠮ᠎ᠢ ᠪᠦᠬᠦᠨ᠎ᠢ ᠨᠡᠪᠲᠡᠷᠡᠭᠦᠯᠵᠦ᠂ ᠳᠡᠭᠡᠲᠦ ᠬᠤᠷᠳᠣ ᠵᠢᠨ ᠵᠠᠰᠠᠮᠠᠯ ᠵᠠᠮ᠎ᠤᠨ ᠣᠷᠳᠣ 4080 ᠺᠢᠯᠣᠮᠧᠳ᠋ᠷ᠎ᠲᠤ ᠬᠦᠷᠴᠦ᠂ ᠨᠢᠭᠡᠲᠦᠭᠡᠷ ᠳᠡᠰ᠎ᠤᠨ ᠵᠠᠰᠠᠮᠠᠯ ᠵᠠᠮ 5578 ᠺᠢᠯᠣᠮᠧᠳ᠋ᠷ᠎ᠲᠤ ᠬᠦᠷᠴᠦ᠂ ᠪᠠᠷᠣᠭᠰᠢᠨ ᠱᠦᠢ᠍ᠨᠢ ᠵᠠᠮ ᠨᠡᠪᠲᠡᠷᠡᠭᠰᠡᠨ ᠭᠠᠴᠠᠭ᠎ᠠ ᠲᠣᠰᠬᠤᠨ᠎ᠢ 1021 ᠵᠢ ᠰᠢᠨ᠎ᠡ᠎ᠪᠠᠷ ᠨᠡᠮᠡᠭᠳᠡᠭᠦᠯᠪᠡ᠃ ᠲᠡᠮᠦᠷ ᠵᠠᠮ᠎ᠤᠨ ᠪᠦᠲᠦᠭᠡᠨ ᠪᠠᠶ᠋ᠢᠭᠤᠯᠣᠯᠲᠠ᠎ᠳᠤ 140 ᠳ᠋ᠦᠡᠭᠰᠢᠭᠤᠷ ᠲᠦᠭᠦᠷᠢᠭ᠎ᠤᠨ ᠪᠡᠯᠡ ᠣᠷᠣᠭᠤᠯᠣᠯᠲᠠ ᠵᠢ ᠪᠡᠶᠡᠯᠡᠭᠦᠯᠵᠦ᠂ 700 ᠺᠢᠯᠣᠮᠧᠳ᠋ᠷ ᠲᠡᠮᠦᠷ ᠵᠠᠮ᠎ᠢ ᠰᠢᠨ᠎ᠡ᠎ᠪᠠᠷ ᠪᠠᠶ᠋ᠢᠭᠤᠯᠵᠣ᠂ ᠲᠡᠮᠦᠷ ᠵᠠᠮ᠎ᠤᠨ ᠲᠡᠭᠡᠭᠡᠪᠦᠷᠢ ᠡᠵᠡᠩᠨᠡᠭᠰᠡᠨ ᠶᠡᠷᠦᠩᠬᠡᠢ ᠣᠷᠲᠣ 1.1 ᠲᠦᠮᠡᠨ ᠺᠢᠯᠣᠮᠧᠳ᠋ᠷ᠎ᠲᠤ ᠬᠦᠷᠴᠦ᠂ ᠪᠦᠬᠦ ᠣᠯᠣᠰ᠎ᠤᠨ ᠲᠡᠷᠢᠭᠦᠨ ᠪᠠᠶ᠋ᠢᠷᠢᠨ᠎ᠳᠤ ᠣᠷᠣᠪᠠ᠃ ᠨᠢᠰᠭᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠣᠯᠲᠠ᠎ᠳᠤ 16 ᠳ᠋ᠦᠡᠭᠰᠢᠭᠤᠷ ᠲᠦᠭᠦᠷᠢᠭ᠎ᠤᠨ ᠪᠡᠯᠡ ᠣᠷᠣᠭᠤᠯᠣᠯᠲᠠ ᠵᠢ ᠪᠡᠶᠡᠯᠡᠭᠦᠯᠵᠦ᠂ 60%᠎ᠪᠠᠷ ᠨᠡᠮᠡᠭᠳᠡᠨ᠂ ᠠᠯᠠᠱ᠌ᠠ ᠵᠢᠨ ᠵᠢᠵᠢᠭ ᠬᠡᠯᠪᠡᠷᠢ ᠵᠢᠨ ᠨᠢᠰᠭᠡᠯ᠎ᠤᠨ ᠪᠠᠭᠤᠳᠠᠯ᠎ᠤᠨ ᠠᠶᠠᠯᠠᠯ᠎ᠢ ᠨᠡᠪᠲᠡᠷᠡᠭᠦᠯᠵᠦ᠂ ᠦᠪᠦᠷ ᠮᠣᠩᠭᠤᠯ᠎ᠤᠨ ᠠᠭ᠋ᠠᠷ᠎ᠤᠨ ᠲᠡᠭᠡᠭᠡᠪᠦᠷᠢ ᠵᠢᠨ ᠺᠣᠮᠫᠠᠨᠢ ᠠᠰᠢᠭᠯᠠᠯᠲᠠ᠎ᠳᠤ ᠣᠷᠣᠵᠣ ᠲᠡᠭᠡᠭᠡᠪᠦᠷᠢ ᠡᠵᠡᠩᠨᠡᠨ᠂ ᠪᠦᠬᠦ ᠣᠷᠣᠨ᠎ᠤ ᠨᠢᠰᠭᠡᠯ᠎ᠤᠨ ᠪᠠᠭᠤᠳᠠᠯ᠎ᠤᠨ ᠶᠡᠷᠦᠩᠬᠡᠢ ᠲᠤᠭ᠎ᠠ 18᠎ᠳᠤ ᠬᠦᠷᠪᠡ᠃ ᠣᠰᠣᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠣᠯᠲᠠ᠎ᠳᠤ 130 ᠳ᠋ᠦᠡᠭᠰᠢᠭᠤᠷ ᠲᠦᠭᠦᠷᠢᠭ᠎ᠤᠨ ᠪᠡᠯᠡ ᠣᠷᠣᠭᠤᠯᠣᠯᠲᠠ ᠵᠢ ᠪᠡᠶᠡᠯᠡᠭᠦᠯᠵᠦ᠂ ᠬᠠᠶ᠋ᠢᠷᠦᠪᠤᠨ ᠲᠣᠬᠤᠢ ᠵᠢᠨ ᠣᠰᠣᠨ ᠠᠰᠢᠭᠯᠠᠯᠲᠠ ᠵᠢᠨ ᠵᠠᠩᠭᠢᠯᠠᠭ᠎ᠠ ᠵᠡᠷᠭᠡ ᠭᠤᠣᠯᠳᠠᠯᠭ᠎ᠠ᠎ᠲᠠᠢ ᠣᠰᠣ ᠠᠰᠢᠭᠯᠠᠯᠲᠠ ᠵᠢᠨ ᠪᠠᠷᠢᠯᠭ᠎ᠠ ᠣᠷᠣᠭᠰᠢᠲᠠᠢ ᠠᠬᠢᠪᠠ᠃ ᠴᠠᠬᠢᠯᠭ᠋ᠠᠨ ᠬᠦᠴᠦᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠣᠯᠲᠠ ᠵᠢ ᠲᠡᠭᠦᠯᠳᠡᠷᠵᠢᠭᠦᠯᠵᠦ᠂ ᠬᠦᠳᠡᠭᠡ ᠲᠣᠰᠬᠤᠨ᠎ᠤ ᠴᠠᠬᠢᠯᠭ᠋ᠠᠨ᠎ᠤ ᠲᠣᠣᠷ᠎ᠤᠨ ᠥᠭᠡᠷᠡᠴᠢᠯᠡᠵᠦ ᠳᠡᠰ ᠳᠡᠪᠰᠢᠭᠦᠯᠬᠦ ᠵᠢ ᠲᠦᠷᠭᠡᠳᠭᠡᠨ᠂ ᠲᠠᠷᠢᠶᠠᠯᠠᠬᠤ ᠮᠠᠯᠵᠢᠬᠤ ᠣᠷᠣᠨ᠎ᠤ ᠡᠷᠦᠬᠡ ᠪᠣᠯᠭ᠋ᠠᠨ᠎ᠳᠤ ᠴᠠᠬᠢᠯᠭ᠋ᠠᠨ ᠨᠡᠪᠲᠡᠷᠡᠭᠦᠯᠬᠦ ᠵᠢ ᠦᠨᠳᠦᠰᠦᠨ ᠳᠡᠭᠡᠨ ᠪᠡᠶᠡᠯᠡᠭᠦᠯᠪᠡ᠃ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠡᠬᠢ ᠪᠠᠶᠠᠯᠢᠭ᠎ᠢ ᠠᠷᠪᠢᠯᠠᠵᠣ ᠠᠰᠢᠭᠯᠠᠬᠤ ᠵᠢ ᠴᠢᠩᠭ᠋ᠠᠳᠬᠠᠪᠠ᠃ ᠭᠤᠣᠯᠳᠠᠯᠭ᠎ᠠ᠎ᠲᠠᠢ ᠠᠮᠢ ᠠᠬᠤᠢ ᠵᠢᠨ ᠲᠦᠷᠦᠯ ᠵᠦᠢ᠍ᠯ᠎ᠢ ᠬᠡᠷᠡᠭᠵᠢᠭᠦᠯᠵᠦ᠂ ᠣᠢ ᠰᠢᠭᠤᠢ ᠵᠢᠨ ᠲᠠᠯᠠᠪᠠᠢ ᠵᠢ 1205 ᠲᠦᠮᠡᠨ ᠮᠦ᠍ ᠪᠡᠶᠡᠯᠡᠭᠦᠯᠵᠦ᠂ ᠡᠭᠦᠨ᠎ᠳᠤ ᠵᠢᠷᠭᠤᠭ᠋ᠠᠨ ᠲᠣᠮᠣ ᠭᠤᠣᠯᠳᠠᠯᠭ᠎ᠠ᠎ᠲᠠᠢ ᠣᠷᠣᠨ ᠪᠦᠰᠡ 196 ᠲᠦᠮᠡᠨ ᠮᠦ᠍ ᠮᠣᠳᠣ ᠲᠠᠷᠢᠵᠣ ᠣᠶ᠋ᠢᠵᠢᠭᠤᠯᠪᠠ᠃ ᠨᠣᠲᠤᠭ ᠪᠡᠯᠴᠢᠭᠡᠷ᠎ᠤᠨ ᠠᠮᠢ ᠠᠬᠤᠢ ᠵᠢᠨ ᠲᠣᠰᠠᠯᠠᠵᠣ ᠱᠠᠩᠨᠠᠬᠤ ᠲᠣᠭᠲᠠᠴᠠ ᠵᠢ ᠨᠠᠶ᠋ᠢᠳᠠᠪᠣᠷᠢᠵᠢᠭᠤᠯᠣᠨ᠂ ᠱᠠᠲᠣ ᠦᠶ᠎ᠡ ᠵᠢᠨ ᠴᠢᠨᠠᠷᠲᠠᠢ ᠮᠠᠯᠵᠢᠬᠤ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠨᠣᠲᠤᠭ ᠪᠡᠯᠴᠢᠭᠡᠷ᠎ᠤᠨ ᠪᠦᠲᠦᠭᠡᠨ ᠪᠠᠶ᠋ᠢᠭᠤᠯᠣᠯᠲᠠ ᠵᠢᠨ ᠶᠡᠷᠦᠩᠬᠡᠢ ᠬᠡᠪᠴᠢᠶ᠎ᠡ 5307.3 ᠲᠦᠮᠡᠨ ᠮᠦ᠍ ᠪᠠᠶ᠋ᠢᠵᠣ᠂ ᠨᠣᠲᠤᠭ ᠪᠡᠯᠴᠢᠭᠡᠷ᠎ᠤᠨ ᠳᠣᠮᠳᠠᠴᠢ ᠣᠷᠭᠤᠮᠠᠯ᠎ᠤᠨ ᠬᠤᠴᠢᠯᠭ᠎ᠠ ᠵᠢᠨ ᠪᠦᠷᠬᠦᠴᠡ 44.1% ᠪᠣᠯᠵᠣ᠂ ᠵᠠᠭᠤᠨ᠎ᠤ ᠨᠢᠭᠡᠴᠢ ᠵᠢᠨ 1᠎ᠪᠠᠷ ᠳᠡᠭᠡᠭᠰᠢᠯᠡᠵᠦ᠂ ᠬᠦᠷᠦᠰᠦ ᠰᠢᠷᠣᠢ ᠵᠢ ᠬᠠᠮᠠᠭ᠋ᠠᠯᠠᠬᠤ ᠶᠡᠷᠦᠩᠬᠡᠶ᠋ᠢᠯᠡᠨ ᠵᠠᠰᠠᠬᠤ ᠲᠠᠯᠠᠪᠠᠢ ᠵᠢ 650 ᠲᠦᠮᠡᠨ ᠮᠦ᠍ ᠪᠡᠶᠡᠯᠡᠭᠦᠯᠪᠡ᠃ ᠪᠡᠭᠡᠵᠢᠩ ᠲᠢᠶᠠᠨᠵᠢᠨ ᠡᠾᠧᠪᠸᠢ ᠬᠢᠭᠡᠳ ᠣᠷᠴᠢᠨ ᠲᠣᠭᠤᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠣᠯ᠎ᠢ ᠰᠡᠷᠭᠡᠶ᠋ᠢᠯᠡᠨ ᠵᠠᠰᠠᠬᠤ ᠠᠵᠢᠯᠠᠯᠭ᠎ᠠ ᠵᠢᠨ ᠲᠦᠯᠦᠪᠯᠡᠯᠭᠡ ᠵᠢ ᠬᠢᠨᠠᠮᠠᠭ᠋ᠠᠢ ᠨᠠᠶ᠋ᠢᠳᠠᠪᠣᠷᠢᠵᠢᠭᠤᠯᠣᠨ᠂ ᠭᠤᠣᠯᠳᠠᠯᠭ᠎ᠠ᠎ᠲᠠᠢ ᠰᠠᠪᠠ ᠭᠠᠵᠠᠷ᠎ᠤᠨ ᠣᠰᠣᠨ᠎ᠤ ᠪᠣᠬᠢᠷᠳᠣᠯ᠂ ᠬᠦᠨᠳᠦ ᠲᠡᠮᠦᠷᠯᠢᠭ᠎ᠤᠨ ᠪᠣᠬᠢᠷᠳᠣᠯ᠎ᠢ ᠰᠡᠷᠭᠡᠶ᠋ᠢᠯᠡᠨ ᠵᠠᠰᠠᠬᠤ ᠪᠠ ᠭᠤᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ ᠵᠢ ᠲᠦᠯᠬᠢᠨ ᠠᠬᠢᠭᠤᠯᠵᠣ᠂ ᠣᠷᠴᠢᠯ ᠠᠵᠣ ᠠᠬᠤᠢ ᠵᠢ ᠶᠡᠬᠡᠪᠡᠷ ᠬᠦᠭᠵᠢᠭᠦᠯᠦᠨ᠂ ᠬᠤᠴᠣᠷᠣᠩᠭᠤᠢ ᠦᠢ᠍ᠯᠡᠳᠪᠦᠷᠢᠯᠡᠬᠦ ᠴᠢᠳᠠᠪᠣᠷᠢ ᠵᠢ ᠲᠦᠷᠭᠡᠳᠭᠡᠨ ᠰᠢᠭᠰᠢᠭᠳᠡᠭᠦᠯᠵᠦ᠂ ᠨᠢᠭᠡᠴᠢ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠲᠠᠬᠢ ᠡᠨᠧᠷᠬᠢ ᠵᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠬᠤ ᠬᠡᠮᠵᠢᠶ᠎ᠡ ᠵᠢ ᠲᠣᠰ ᠲᠣᠰ 4.5% ᠪᠠ 5%᠎ᠪᠠᠷ ᠪᠠᠭᠤᠷᠠᠭᠤᠯᠵᠣ᠂ ᠣᠯᠣᠰ᠎ᠤᠨ ᠪᠠᠭᠤᠯᠭ᠋ᠠᠭᠰᠠᠨ ᠬᠠᠷᠠᠯᠲᠠ ᠵᠢᠨ ᠡᠭᠦᠷᠬᠡ ᠵᠢ ᠳᠠᠪᠠᠭᠤᠯᠣᠨ ᠪᠡᠶᠡᠯᠡᠭᠦᠯᠪᠡ᠃ ᠭᠠᠵᠠᠷ ᠰᠢᠷᠣᠢ᠂ ᠣᠰᠣ ᠬᠢᠭᠡᠳ ᠠᠭᠤᠷᠠᠬᠠᠢ ᠵᠢᠨ ᠭᠠᠷᠣᠯᠲᠠ ᠵᠢᠨ ᠡᠬᠢ ᠪᠠᠶᠠᠯᠢᠭ᠎ᠤᠨ ᠬᠠᠮᠢᠶᠠᠷᠣᠯᠲᠠ ᠵᠢ ᠴᠢᠩᠳᠠᠯᠠᠵᠣ᠂ ᠡᠬᠢ ᠪᠠᠶᠠᠯᠢᠭ᠎ᠢ ᠶᠡᠷᠦᠩᠬᠡᠶ᠋ᠢᠯᠡᠨ ᠨᠡᠬᠡᠬᠡᠨ ᠠᠰᠢᠭᠯᠠᠬᠤ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠠ᠃
(ᠳᠦᠷᠪᠡ) ᠥᠭᠡᠷᠡᠴᠢᠯᠡᠯᠲᠡ ᠨᠡᠬᠡᠬᠡᠯᠲᠡ ᠲᠠᠰᠣᠷᠠᠯᠲᠠ ᠦᠭᠡᠢ ᠭᠦᠨᠵᠡᠭᠡᠶ᠋ᠢᠷᠡᠪᠡ᠃ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠲᠦᠷᠭᠡᠳᠭᠡᠨ᠂ ᠵᠠᠰᠠᠭ᠎ᠢ ᠶᠡᠬᠡᠪᠡᠷ ᠴᠣᠮᠬᠠᠳᠬᠠᠨ ᠡᠷᠬᠡ ᠵᠢ ᠲᠠᠯᠪᠢᠵᠣ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠵᠦᠢ᠍ᠯᠡᠰ᠎ᠢ 103 ᠵᠢ ᠬᠦᠴᠦᠨ ᠦᠭᠡᠢ ᠪᠣᠯᠭ᠋ᠠᠭᠰᠠᠨ ᠪᠠ ᠳᠣᠷᠣᠭᠰᠢ ᠪᠠᠭᠤᠯᠭ᠋ᠠᠵᠣ᠂ ᠡᠯ᠎ᠡ ᠲᠦᠷᠦᠯ᠎ᠤᠨ ᠰᠦᠢ᠍ᠳᠭᠡᠯ ᠬᠤᠷᠢᠶᠠᠬᠤ 116 ᠵᠦᠢ᠍ᠯᠡᠰ᠎ᠢ ᠢᠯᠭ᠋ᠠᠷᠠᠭᠤᠯᠣᠨ ᠵᠢᠷᠣᠮᠵᠢᠭᠤᠯᠪᠠ᠃ ᠣᠯᠣᠰ᠎ᠤᠨ ᠦᠮᠴᠢᠯᠡᠯᠲᠦ ᠬᠦᠷᠦᠩᠬᠡ ᠵᠢ ᠳᠠᠬᠢᠨ ᠵᠣᠬᠢᠶᠠᠨ ᠪᠠᠶ᠋ᠢᠭᠤᠯᠬᠤ ᠪᠠ ᠲᠣᠬᠢᠷᠠᠭᠤᠯᠬᠤ ᠵᠢ ᠲᠦᠷᠭᠡᠳᠭᠡᠨ᠂ ᠦᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠠᠭᠤᠷᠬᠠᠢ ᠵᠢᠨ ᠦᠢ᠍ᠯᠡᠰ ᠡᠨᠧᠷᠬᠢ ᠵᠢᠨ ᠪᠦᠲᠦᠭᠡᠨ ᠪᠠᠶ᠋ᠢᠭᠤᠯᠣᠯᠲᠠ᠂ ᠵᠠᠮ ᠬᠠᠷᠢᠯᠴᠠᠭ᠋ᠠᠨ᠎ᠤ ᠪᠡᠯᠡ ᠣᠷᠣᠭᠤᠯᠣᠯᠲᠠ ᠵᠡᠷᠭᠡ ᠭᠤᠷᠪᠠᠨ ᠶᠡᠭᠡ ᠪᠦᠯᠦᠭᠯᠡᠯ᠎ᠢ ᠵᠣᠬᠢᠶᠠᠨ ᠪᠠᠶ᠋ᠢᠭᠤᠯᠵᠣ᠂ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠪᠠᠶ᠋ᠢᠭᠤᠯᠣᠯᠲᠠ ᠵᠢᠨ ᠲᠦᠰᠦᠯ᠎ᠢ ᠰᠣᠳᠣᠯᠣᠨ ᠨᠡᠶ᠋ᠢᠳᠡᠯᠡᠵᠦ᠂ ᠰᠢᠣᠳᠠᠨ ᠬᠤᠯᠪᠣᠭ᠎ᠠ ᠬᠢᠭᠡᠳ ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ᠎ᠤᠨ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠦᠭᠡᠷᠴᠢᠯᠡᠬᠦ ᠲᠣᠷᠰᠢᠯᠲᠠ ᠵᠢᠨ ᠴᠢᠭ᠋᠎ᠤᠨ ᠠᠵᠢᠯ᠎ᠢ ᠡᠬᠢᠯᠡᠭᠦᠯᠵᠦ᠂ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠡᠷᠴᠢᠮ᠎ᠢ ᠨᠡᠮᠡᠭᠳᠡᠭᠦᠯᠪᠡ᠃ ᠬᠤᠲᠠ ᠬᠦᠳᠡᠭᠡ ᠵᠢ ᠨᠢᠭᠡᠳᠦᠯᠲᠡᠢ ᠲᠦᠯᠦᠪᠯᠡᠨ ᠬᠦᠭᠵᠢᠭᠦᠯᠬᠦ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠡᠷᠬᠡ ᠵᠢ ᠦᠷᠭᠡᠳᠭᠡᠨ ᠰᠢᠶᠠᠨ᠎ᠢ ᠬᠦᠴᠦᠷᠬᠡᠭᠵᠢᠭᠦᠯᠬᠦ》 ᠪᠠ ᠲᠠᠷᠢᠶᠠᠯᠠᠬᠤ ᠮᠠᠯᠵᠢᠬᠤ ᠣᠷᠣᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠣᠷᠰᠢᠯᠲᠠ ᠵᠢᠨ ᠴᠢᠭ᠋᠎ᠤᠨ ᠠᠵᠢᠯ᠎ᠢ ᠦᠷᠨᠢᠭᠦᠯᠵᠦ᠂ ᠨᠡᠶ᠋ᠢᠬᠡᠮ᠎ᠤᠨ ᠦᠢ᠍ᠯᠡᠰ᠎ᠤᠨ ᠬᠦᠷᠢᠶᠡᠨ᠎ᠤ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠪᠠ᠃ ᠲᠣᠲᠣᠭ᠋ᠠᠳᠣ ᠭᠠᠳᠠᠭ᠋ᠠᠳᠣ ᠨᠡᠬᠡᠬᠡᠯᠲᠡ ᠵᠢ ᠣᠯᠠᠮ ᠨᠢᠭᠡ ᠠᠯᠬᠤᠮ ᠦᠷᠭᠡᠳᠭᠡᠨ᠂ ᠦᠪᠦᠷ ᠮᠣᠩᠭᠤᠯ ᠭᠤᠸᠠᠩᠳᠦ᠋ᠡᠭ᠎ᠤᠨ ᠰᠢᠨᠵᠢᠯᠡᠬᠦ ᠣᠬᠠᠭ᠋ᠠᠨ ᠮᠡᠷᠭᠡᠵᠢᠯ᠎ᠤᠨ ᠬᠤᠷᠰᠢᠯᠴᠠᠭ᠋ᠠᠨᠤ ᠠᠵᠢᠯᠠᠯᠭ᠎ᠠ ᠵᠢᠨ ᠭᠠᠷᠠᠭ᠂ ᠦᠪᠦᠷ ᠮᠣᠩᠭᠤᠯ ᠰᠢᠶᠠᠩᠭ᠋ᠠᠡᠭ ᠣᠣᠮᠧᠨ᠎ᠤ ᠠᠵᠣ ᠠᠬᠤᠢ ᠠᠷᠠᠯᠵᠢᠶᠠᠨ᠎ᠤ ᠬᠤᠷᠰᠢᠯᠴᠠᠭ᠋ᠠᠨᠤ ᠭᠠᠷᠠᠭ ᠪᠣᠯᠣᠨ ᠵᠡᠭᠦᠨ ᠬᠤᠶ᠋ᠢᠲᠣ ᠵᠢᠨ ᠳᠦᠷᠪᠡᠨ ᠮᠣᠵᠢ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠮᠲᠣᠷᠠᠭᠰᠠᠨ ᠬᠤᠷᠠᠯᠳᠣᠭ᠋ᠠᠨᠢ ᠠᠮᠵᠢᠯᠲᠠ᠎ᠲᠠᠢ ᠡᠷᠬᠢᠯᠡᠵᠦ᠂ ᠣᠯᠣᠰ᠎ᠤᠨ ᠲᠣᠲᠣᠭ᠋ᠠᠲᠣ (ᠣᠷᠣᠨ᠎ᠤ ᠭᠠᠳᠠᠨ᠎ᠠ) ᠵᠢᠨ 4400 ᠳ᠋ᠦᠡᠭᠰᠢᠭᠤᠷ ᠲᠦᠭᠦᠷᠢᠭ᠎ᠤᠨ ᠪᠡᠯᠡ ᠮᠦᠡᠭᠭᠦ ᠵᠢ ᠣᠷᠣᠭᠤᠯᠵᠣ ᠢᠷᠠᠨ ᠪᠣᠳᠠᠲᠠᠶ᠋ᠢᠵᠢᠭᠤᠯᠵᠣ᠂ 25%᠎ᠪᠠᠷ ᠨᠡᠮᠡᠭᠳᠡᠪᠡ᠃ ᠣᠮᠠᠷᠠᠰᠢ ᠨᠡᠬᠡᠬᠡᠯᠲᠡ ᠬᠢᠬᠦ ᠪᠠᠶ᠋ᠢᠯᠳᠣᠬᠤ ᠪᠣᠳᠣᠯᠭ᠎ᠠ ᠵᠢ ᠲᠦᠷᠭᠡᠳᠭᠡᠨ ᠠᠬᠢᠭᠤᠯᠵᠣ᠂ ᠭᠠᠳᠠᠭ᠋ᠠᠳᠣ ᠠᠵᠣ ᠠᠬᠤᠢ ᠠᠷᠠᠯᠵᠢᠶ᠎ᠠ ᠪᠣᠯᠣᠨ ᠪᠣᠭᠤᠮᠲᠠ ᠵᠢᠨ ᠬᠦᠭᠵᠢᠯᠲᠡ ᠵᠢ ᠠᠬᠢᠭᠤᠯᠬᠤ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ᠂ ᠭᠠᠳᠠᠭ᠋ᠠᠲᠣ ᠠᠷᠠᠯᠵᠢᠶ᠎ᠠ ᠰᠡᠷᠭᠦᠯᠲᠡ ᠵᠢᠨ ᠴᠢᠨᠠᠷᠲᠠᠢ ᠨᠡᠮᠡᠭᠳᠡᠯ᠎ᠢ ᠪᠡᠶᠡᠯᠡᠭᠦᠯᠵᠦ᠂ ᠭᠠᠳᠠᠭ᠋ᠠᠳᠣ᠎ᠠᠴᠠ ᠣᠷᠣᠭᠤᠯᠵᠣ ᠭᠠᠳᠠᠭ᠋ᠠᠲᠣᠳᠤ ᠭᠠᠷᠭ᠋ᠠᠬᠤ ᠶᠡᠷᠦᠩᠬᠡᠢ ᠲᠤᠭ᠎ᠠ ᠵᠢ 120 ᠳ᠋ᠦᠡᠭᠰᠢᠭᠤᠷ ᠳ᠋ᠣᠯᠯᠠᠷ ᠪᠡᠶᠡᠯᠡᠭᠦᠯᠵᠦ᠂ 6.5% ᠣᠷᠴᠢᠮ ᠵᠶ᠋ᠠᠷ ᠨᠡᠮᠡᠭᠳᠡᠪᠡ; ᠭᠠᠳᠠᠭ᠋ᠠᠳᠣ ᠪᠡᠯᠡ ᠵᠢ 44 ᠳ᠋ᠦᠡᠭᠰᠢᠭᠤᠷ ᠳ᠋ᠣᠯᠯᠠᠷ ᠪᠣᠲᠠᠲᠠᠢ ᠠᠰᠢᠭᠯᠠᠵᠣ᠂ 12% ᠵᠶ᠋ᠠᠷ ᠨᠡᠮᠡᠭᠳᠡᠪᠡ᠃
(ᠲᠠᠪᠤ) ᠠᠷᠠᠳ᠎ᠤᠨ ᠠᠮᠢᠳᠣᠷᠠᠯ᠎ᠢ ᠪᠠᠲᠣᠯᠠᠨ ᠰᠠᠶ᠋ᠢᠵᠢᠷᠠᠭᠤᠯᠬᠤ ᠡᠷᠴᠢᠮ᠎ᠢ ᠨᠡᠮᠡᠭᠳᠡᠭᠦᠯᠪᠡ᠃ ᠡᠳ᠋᠎ᠤᠨ ᠵᠠᠰᠠᠭ᠎ᠤᠨ ᠣᠷᠣᠯᠭ᠎ᠠ ᠵᠠᠷᠣᠯᠭ᠎ᠠ ᠵᠢᠨ ᠵᠦᠷᠢᠴᠡᠯ ᠳᠣᠪᠣᠶ᠋ᠢᠮ᠎ᠠ ᠪᠠᠶ᠋ᠢᠭ᠎ᠠ ᠪᠠᠶ᠋ᠢᠳᠠᠯ᠎ᠤᠨ ᠳᠣᠣᠷ᠎ᠠ᠂ 《ᠠᠯᠪᠠᠨ᠎ᠤ ᠭᠤᠷᠪᠠᠨ ᠵᠦᠢ᠍ᠯ᠎ᠤᠨ ᠵᠠᠷᠣᠳᠠᠯ》 ᠪᠣᠯᠣᠨ ᠡᠩ᠎ᠤᠨ ᠴᠢᠨᠠᠷᠲᠠᠢ ᠵᠠᠷᠣᠯᠭ᠎ᠠ ᠵᠢ ᠪᠠᠭ᠋ᠠᠰᠬᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠣᠨ᠂ ᠠᠷᠠᠳ᠎ᠤᠨ ᠠᠮᠢᠳᠣᠷᠠᠯ᠎ᠤᠨ ᠣᠷᠣᠭᠤᠯᠣᠯᠲᠠ ᠵᠢ ᠪᠦᠬᠦ ᠬᠦᠴᠦᠨ ᠵᠶ᠋ᠠᠷ ᠵᠶ᠋ᠠᠨ ᠪᠠᠳᠣᠯᠠᠪᠠ᠃ ᠪᠦᠬᠦ ᠣᠷᠣᠨ᠎ᠤ ᠡᠳ᠋᠎ᠤᠨ ᠵᠠᠰᠠᠭ᠎ᠤᠨ ᠠᠷᠠᠳ᠎ᠤᠨ ᠠᠮᠢᠳᠣᠷᠠᠯ᠎ᠳᠠᠬᠢ ᠵᠠᠷᠣᠯᠭ᠎ᠠ 2340 ᠳ᠋ᠦᠡᠭᠰᠢᠭᠤᠷ ᠲᠦᠭᠦᠷᠢᠭ ᠪᠠᠶ᠋ᠢᠵᠣ᠂ ᠣᠯᠠᠨ ᠨᠡᠶ᠋ᠢᠲᠡ ᠵᠢᠨ ᠡᠳ᠋᠎ᠤᠨ ᠵᠠᠰᠠᠭ ᠲᠦᠰᠦᠪ᠎ᠤᠨ ᠵᠠᠷᠣᠯᠭ᠎ᠠ ᠵᠢᠨ 63. 6% ᠵᠢ ᠡᠵᠡᠯᠡᠪᠡ᠃ ᠬᠤᠲᠠ ᠪᠠᠯᠭ᠋ᠠᠰᠣ ᠵᠢᠨ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠵᠢᠱ᠌ᠢᠯᠲᠡ᠎ᠪᠠᠷ 25497 ᠲᠦᠭᠦᠷᠢᠭ ᠪᠠᠶ᠋ᠢᠵᠣ᠂ 10.1%᠎ᠪᠠᠷ ᠨᠡᠮᠡᠭᠳᠡᠪᠡ; ᠮᠠᠯᠴᠢᠨ ᠲᠠᠷᠢᠶᠠᠴᠢᠨ ᠬᠦᠮᠦᠨ ᠪᠦᠷᠢ ᠵᠢᠨ ᠳᠣᠮᠳᠠᠴᠢ ᠴᠡᠪᠡᠷ ᠣᠷᠣᠯᠭ᠎ᠠ 8596 ᠲᠦᠭᠦᠷᠢᠭ ᠪᠠᠶ᠋ᠢᠵᠣ᠂ 12.9%᠎ᠪᠠᠷ ᠨᠡᠮᠡᠭᠳᠡᠵᠦ᠂ ᠴᠦᠮ ᠠᠵᠣ ᠠᠬᠤᠢ ᠵᠢᠨ ᠨᠡᠮᠡᠭᠳᠡᠯ᠎ᠤᠨ ᠬᠤᠷᠳᠣᠴᠠ ᠵᠢ ᠳᠠᠪᠠᠪᠠ᠃ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠤᠬᠤ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠠᠵᠢᠯ ᠣᠯᠭᠤᠬᠤ ᠪᠣᠯᠪᠠᠰᠣᠷᠠᠭᠤᠯᠣᠯ ᠪᠣᠯᠣᠨ ᠣᠯᠠᠨ ᠨᠡᠶ᠋ᠢᠲᠡ ᠵᠢᠨ ᠠᠵᠢᠯ ᠣᠯᠭᠤᠬᠤ ᠦᠢ᠍ᠯᠡᠴᠢᠯᠡᠭᠡᠨ᠎ᠢ ᠴᠢᠩᠭ᠋ᠠᠳᠬᠠᠨ᠂ ᠳᠡᠭᠡᠳᠦ ᠰᠣᠷᠭ᠋ᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ᠎ᠲᠠᠢ ᠬᠦᠮᠦᠰ᠎ᠲᠤ ᠠᠵᠢᠯ ᠣᠯᠭᠤᠬᠤ ᠵᠢ ᠠᠬᠢᠭᠤᠯᠵᠣ᠂ ᠬᠤᠲᠠ ᠪᠠᠯᠭ᠋ᠠᠰᠣ ᠵᠢᠨ ᠠᠵᠢᠯ ᠣᠯᠭᠤᠯᠲᠠ᠎ᠳᠤ ᠰᠢᠨ᠎ᠡ᠎ᠪᠠᠷ 27.1 ᠲᠦᠮᠡᠨ ᠬᠦᠮᠦᠨ ᠨᠡᠮᠡᠭᠳᠡᠭᠦᠯᠵᠦ᠂ 14 ᠲᠦᠮᠡᠨ ᠳᠡᠭᠡᠳᠦ ᠰᠣᠷᠭ᠋ᠠᠭᠤᠯᠢ ᠲᠡᠭᠦᠰᠭᠡᠭᠰᠡᠳᠲᠤ ᠠᠵᠢᠯ ᠣᠯᠭᠤᠭᠰᠠᠨ ᠪᠣᠶᠣ ᠠᠵᠢᠯ ᠣᠯᠭᠤᠬᠤ ᠬᠠᠨᠳᠣᠰᠢ ᠵᠢ᠎ᠨᠢ ᠨᠠᠶ᠋ᠢᠳᠠᠪᠣᠷᠢᠵᠢᠭᠤᠯᠣᠨ᠂ ᠲᠠᠶ᠋ᠢᠷᠶᠠᠯᠠᠬᠤ ᠮᠠᠯᠵᠢᠬᠤ ᠣᠷᠣᠨ᠎ᠤ ᠬᠦᠳᠡᠯᠮᠦᠷᠢ ᠬᠦᠴᠦᠨ᠎ᠢ 259.3 ᠲᠦᠮᠡᠨ ᠬᠦᠮᠦᠨ ᠣᠳᠠᠭ᠎ᠠ ᠰᠢᠯᠵᠢᠭᠦᠯᠦᠨ ᠠᠵᠢᠯ ᠣᠯᠭᠤᠵᠣ᠂ ᠠᠳᠠᠯ ᠦᠢ᠍ᠯᠡᠰ ᠴᠣᠭᠴᠠᠯᠠᠬᠤ᠎ᠪᠠᠷ 15.37 ᠲᠦᠮᠡᠨ ᠬᠦᠮᠦᠨ᠎ᠳᠤ ᠠᠵᠢᠯ ᠣᠯᠭᠤᠵᠣ᠂ ᠬᠤᠲᠠ ᠪᠠᠯᠭ᠋ᠠᠰᠣ ᠵᠢᠨ ᠠᠵᠢᠯ ᠠᠯᠳᠠᠯᠲᠠ ᠵᠢᠨ ᠳᠠᠩᠰᠣᠯᠠᠭᠤᠯᠬᠤ ᠨᠣᠷᠮ᠎ᠠ ᠵᠢ 3.66% ᠵᠢᠨ ᠨᠡᠯᠢᠶᠡᠳ ᠳᠣᠣᠷ᠎ᠠ ᠬᠢᠷᠢ ᠬᠡᠮᠵᠢᠶᠡᠨ᠎ᠳᠤ ᠬᠢᠵᠠᠭ᠋ᠠᠷᠯᠠᠪᠠ᠃ ᠨᠡᠶ᠋ᠢᠬᠡᠮ᠎ᠤᠨ ᠪᠠᠲᠣᠯᠠᠭ᠎ᠠ ᠵᠢᠨ ᠬᠢᠷᠢ ᠬᠡᠮᠵᠢᠶᠡᠨ ᠵᠢ ᠯᠠᠪᠳᠠᠭᠤᠨ ᠵᠶ᠋ᠠᠷ ᠳᠡᠭᠡᠭᠰᠢᠯᠡᠭᠦᠯᠪᠡ᠃ ᠠᠵᠣ ᠠᠬᠤᠶ᠋ᠢᠯᠠᠯ᠎ᠤᠨ ᠠᠵᠢᠯ᠎ᠠᠴᠠ᠎ᠪᠠᠨ ᠪᠠᠭᠤᠭᠰᠠᠨ ᠬᠦᠮᠦᠰ᠎ᠤᠨ ᠨᠠᠰᠣᠵᠢᠯ ᠵᠢ ᠮᠦᠡᠭᠭᠦ᠂ ᠬᠤᠲᠠ ᠬᠦᠳᠡᠭᠡ ᠵᠢᠨ ᠠᠮᠢᠳᠣᠷᠠᠯ᠎ᠤᠨ ᠨᠠᠭ᠋ᠠᠳᠣ ᠵᠠᠬ᠎ᠠ ᠵᠢᠨ ᠪᠠᠲᠣᠯᠠᠭ᠎ᠠ ᠵᠡᠷᠭᠡ ᠨᠡᠶ᠋ᠢᠬᠡᠮ᠎ᠤᠨ ᠪᠠᠲᠣᠯᠠᠭ᠎ᠠ ᠵᠢᠨ ᠪᠠᠷᠢᠮᠵᠢᠶ᠎ᠠ ᠵᠢ ᠴᠦᠮ 10%᠎ᠠᠴᠠ ᠳᠡᠭᠡᠭᠰᠢ᠎ᠪᠠᠷ ᠳᠡᠭᠡᠭᠰᠢᠯᠡᠭᠦᠯᠵᠦ ᠬᠤᠲᠠ ᠬᠦᠳᠡᠭᠡ ᠵᠢᠨ ᠠᠮᠢᠳᠣᠷᠠᠯ ᠨᠠᠭ᠋ᠠᠳᠣ ᠵᠠᠬ᠎ᠠ ᠵᠢᠨ ᠪᠠᠲᠣᠯᠠᠭ᠎ᠠ᠂ ᠲᠠᠷᠢᠶᠠᠯᠠᠬᠤ ᠮᠠᠯᠵᠢᠬᠤ ᠣᠷᠣᠨ ᠣᠷᠣᠨ᠎ᠤ 《ᠲᠠᠪᠣᠨ ᠪᠠᠲᠣᠯᠠᠭ᠎ᠠ》᠂ ᠬᠤᠲᠠ ᠪᠠᠯᠭ᠋ᠠᠰᠣ ᠵᠢᠨ 《ᠭᠤᠷᠪᠠᠨ ᠦᠭᠡᠢ》 ᠬᠦᠮᠦᠰ ᠪᠣᠯᠣᠨ ᠦᠨᠦᠴᠢᠨ ᠬᠡᠣᠬᠡᠳ᠎ᠲᠤ ᠲᠣᠰᠠᠯᠠᠬᠤ ᠪᠠᠷᠢᠮᠵᠢᠶ᠎ᠠ ᠪᠦᠬᠦ ᠣᠯᠣᠰ᠎ᠤᠨ ᠡᠮᠦᠨᠡᠭᠦᠷ ᠣᠷᠣᠵᠣ᠂ ᠶᠠᠳᠠᠭᠤ ᠬᠦᠴᠢᠷᠳᠡᠯᠲᠡᠢ ᠣᠶᠣᠲᠠᠨ᠂ ᠭᠠᠮᠰᠢᠭᠳᠠᠭᠰᠠᠨ ᠣᠯᠠᠨ ᠲᠦᠮᠡᠨ᠎ᠢ ᠪᠦᠲᠦᠮᠵᠢᠲᠡᠢ ᠲᠡᠩᠬᠡᠷᠡᠭᠦᠯᠦᠨ ᠲᠣᠰᠠᠯᠠᠪᠠ᠃ ᠬᠠᠰᠣᠵᠣ ᠪᠠᠭ᠋ᠠᠰᠬᠠᠭᠰᠠᠨ 《ᠠᠯᠪᠠᠨ᠎ᠤ ᠭᠤᠷᠪᠠᠨ ᠵᠦᠢ᠍ᠯ᠎ᠤᠨ ᠵᠠᠷᠣᠳᠠᠯ》᠎ᠤᠨ ᠲᠣᠲᠣᠷ᠎ᠠ᠎ᠠᠴᠠ 18 ᠳ᠋ᠦᠡᠭᠰᠢᠭᠤᠷ ᠲᠦᠭᠦᠷᠢᠭ ᠲᠣᠬᠢᠷᠠᠭᠤᠯᠵᠣ᠂ 295 ᠲᠦᠮᠡᠨ ᠣᠷᠣᠯᠭ᠎ᠠ ᠪᠠᠭᠠᠲᠠᠢ ᠲᠠᠷᠢᠶᠠᠯᠠᠬᠤ ᠮᠠᠯᠵᠢᠬᠤ ᠡᠷᠦᠬᠡ ᠵᠢᠨ ᠡᠷᠦᠬᠡ ᠪᠦᠷᠢ᠎ᠳᠤ 1 ᠲᠣᠨ ᠳᠣᠯᠠᠭ᠋ᠠᠯᠠᠯᠠᠭᠠ ᠵᠢᠨ ᠨᠡᠭᠦᠷᠡᠰᠦ ᠣᠯᠭᠤᠪᠠ᠃ ᠠᠷᠠᠳ᠎ᠤᠨ ᠠᠮᠢᠳᠣᠷᠠᠯ᠎ᠤᠨ ᠣᠰᠣᠨ ᠠᠰᠢᠭᠯᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ 100 ᠲᠦᠮᠡᠨ ᠬᠦᠮᠦᠨ᠎ᠤ ᠠᠶᠣᠯ ᠦᠭᠡᠢ ᠣᠣᠭᠤᠬᠤ ᠣᠰᠣᠨ᠎ᠤ ᠠᠰᠠᠭᠤᠳᠠᠯ᠎ᠢ ᠰᠢᠢ᠍ᠳᠪᠦᠷᠢᠯᠡᠪᠡ᠃ ᠶᠠᠳᠠᠭᠤ ᠵᠢ ᠲᠡᠳᠬᠦᠨ ᠪᠣᠭᠤᠮᠲᠠ ᠰᠢᠪᠲᠣᠯᠬᠤ ᠢᠨᠵᠧᠨᠧᠷᠢᠩ᠎ᠢ ᠶᠡᠬᠡᠪᠡᠷ ᠲᠦᠯᠬᠢᠨ ᠠᠬᠢᠭᠤᠯᠪᠠ᠃ ᠮᠣᠵᠢ ᠵᠢᠨ ᠲᠡᠰ᠎ᠤᠨ ᠣᠳᠣᠷᠢᠳᠬᠤ ᠺᠠᠳ᠋ᠷ᠎ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ᠎ᠲᠠᠢ ᠬᠠᠷᠢᠯᠴᠠᠬᠤ ᠠᠵᠢᠯ᠎ᠢ ᠨᠠᠶ᠋ᠢᠳᠠᠪᠣᠷᠢᠵᠭᠤᠯᠵᠣ᠂ 23 ᠠᠵᠢᠯ ᠲᠦᠷᠦᠯ᠂ 38 ᠶᠠᠳᠠᠭᠤ ᠬᠦᠴᠢᠷᠳᠡᠯᠲᠡᠢ ᠬᠤᠰᠢᠭᠤ ᠰᠢᠶᠠᠨ᠎ᠤ ᠶᠠᠳᠠᠭᠤ ᠵᠢ ᠲᠡᠳᠭᠦᠵᠦ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠵᠢ ᠨᠠᠶ᠋ᠢᠷᠠᠭᠤᠯᠣᠨ ᠵᠣᠬᠢᠶᠠᠵᠣ᠂ ᠶᠠᠳᠠᠭᠤ ᠵᠢ ᠳᠡᠳᠬᠦᠬᠦ ᠣᠷᠣᠭᠤᠯᠣᠯᠲᠠ 100 ᠳ᠋ᠦᠡᠭᠰᠢᠭᠤᠷ ᠲᠦᠭᠦᠷᠢᠭ᠎ᠢ ᠳᠠᠪᠠᠵᠣ᠂ ᠶᠠᠳᠠᠭᠤ ᠵᠢ ᠳᠡᠳᠬᠦᠵᠦ ᠨᠡᠭᠡᠭᠡᠨ ᠬᠦᠭᠵᠢᠭᠦᠯᠬᠦ ᠲᠦᠷᠦᠯ ᠵᠦᠢ᠍ᠯ 961 ᠵᠢ ᠬᠡᠷᠡᠭᠵᠢᠭᠦᠯᠵᠦ᠂ 40.8 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠵᠢ ᠲᠣᠭᠲᠠᠭᠤᠨ ᠵᠶ᠋ᠠᠷ ᠶᠠᠳᠠᠭᠤ᠎ᠠᠴᠠ᠎ᠨᠢ ᠠᠩᠬᠢᠵᠢᠷᠠᠭᠤᠯᠬᠤ ᠵᠢ ᠪᠡᠶᠡᠯᠡᠭᠦᠯᠵᠦ᠂ ᠶᠠᠳᠠᠭᠤ ᠬᠦᠴᠢᠷᠳᠡᠯ᠎ᠲᠠᠢ ᠵᠢᠨ ᠪᠣᠢ ᠪᠣᠯᠬᠤ ᠨᠣᠷᠮ᠎ᠠ 17.8% ᠪᠠᠶ᠋ᠢᠭᠰᠠᠨ᠎ᠠᠴᠠ᠎ᠨᠢ 14.9% ᠪᠣᠯᠲᠠᠯ᠎ᠠ ᠪᠠᠭᠤᠷᠠᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠵᠢᠨ ᠳᠤᠮᠳᠠᠴᠢ ᠣᠷᠣᠯᠭ᠎ᠠ ᠵᠢ 16%᠎ᠠᠴᠠ ᠳᠡᠭᠡᠭᠰᠢ ᠨᠡᠮᠡᠭᠳᠡᠭᠦᠯᠪᠡ᠃ ᠠᠷᠠᠳ ᠣᠯᠠᠨ᠎ᠤ ᠬᠢᠮᠲᠠ ᠣᠷᠣᠨ ᠰᠠᠭᠤᠴᠠ ᠵᠢᠨ ᠢᠨᠵᠧᠨᠧᠷᠢᠩ᠎ᠢ ᠯᠠᠪᠳᠠᠭᠤᠨ ᠪᠠᠲᠣᠲᠠᠢ ᠲᠦᠯᠬᠢᠨ ᠠᠬᠢᠭᠤᠯᠪᠠ᠃ ᠪᠠᠲᠣᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠣᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ᠎ᠤ ᠨᠣᠷᠠᠬᠤ ᠠᠶᠣᠯᠲᠠᠢ ᠭᠡᠷ ᠪᠠᠶ᠋ᠢᠰᠢᠩ᠎ᠢ ᠰᠢᠨᠡᠳᠭᠡᠨ ᠵᠠᠰᠠᠬᠤ ᠠᠯᠬᠤᠴᠠ ᠵᠢ ᠲᠦᠷᠭᠡᠳᠭᠡᠨ᠂ ᠪᠣᠭᠤᠲᠣ ᠵᠢᠨ ᠬᠤᠶ᠋ᠢᠲᠣ ᠬᠢᠷ᠎ᠡ ᠵᠡᠷᠭᠡ ᠲᠦᠬᠦᠮ ᠪᠦᠳᠦᠭᠦᠯᠢᠭ ᠣᠷᠣᠨ ᠰᠠᠭᠤᠴᠠ ᠵᠢᠨ ᠲᠣᠭᠤᠷᠢᠭ᠎ᠢ ᠲᠦᠪᠯᠡᠷᠡᠭᠦᠯᠦᠨ ᠰᠢᠨᠡᠳᠭᠡᠨ ᠵᠠᠰᠠᠬᠤ ᠲᠦᠷᠦᠯ ᠵᠦᠢ᠍ᠯ᠎ᠢ ᠪᠦᠬᠦ ᠲᠠᠯ᠎ᠠ᠎ᠪᠠᠷ ᠡᠬᠢᠯᠡᠭᠦᠯᠵᠦ᠂ ᠡᠯ᠎ᠡ ᠲᠦᠷᠦᠯ᠎ᠤᠨ ᠪᠠᠲᠣᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ 17. 8 ᠲᠦᠮᠡᠨ ᠢᠵᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠵᠣ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 101. 6% ᠪᠣᠯᠪᠠ; ᠲᠠᠷᠢᠶᠠᠯᠠᠬᠤ ᠮᠠᠯᠵᠢᠬᠤ ᠣᠷᠣᠨ᠎ᠤ 12.75 ᠲᠦᠮᠡᠨ ᠡᠷᠦᠬᠡ ᠵᠢᠨ ᠨᠣᠷᠠᠬᠤ ᠠᠶᠣᠯᠲᠠᠢ ᠭᠡᠷ ᠪᠠᠶ᠋ᠢᠰᠢᠩ᠎ᠢ ᠰᠢᠨᠡᠳᠭᠡᠨ ᠵᠠᠰᠠᠬᠤ ᠵᠢ ᠪᠡᠶᠡᠯᠡᠭᠦᠯᠵᠦ᠂ ᠣᠯᠣᠰ᠎ᠠᠴᠠ ᠪᠠᠭᠤᠯᠭ᠋ᠠᠭᠰᠠᠨ 3.65 ᠲᠦᠮᠡᠨ ᠡᠷᠦᠬᠡ ᠵᠢᠨ ᠡᠭᠦᠷᠭᠡ᠎ᠠᠴᠠ ᠳᠠᠪᠠᠪᠠ᠃ ᠡᠯ᠎ᠡ ᠵᠦᠢ᠍ᠯ᠎ᠤᠨ ᠨᠡᠶ᠋ᠢᠬᠡᠮ᠎ᠤᠨ ᠦᠢ᠍ᠯᠡᠰ᠎ᠢ ᠪᠦᠬᠦ ᠲᠠᠯ᠎ᠠ᠎ᠪᠠᠷ ᠬᠦᠭᠵᠢᠭᠦᠯᠪᠡ᠃ ᠰᠣᠷᠬᠤ ᠨᠠᠰᠣᠨ᠎ᠠᠴᠠ ᠡᠮᠦᠨᠡᠬᠢ ᠰᠣᠷᠭ᠋ᠠᠨ ᠬᠦᠮᠦᠵᠢᠯ᠎ᠤᠨ ᠭᠤᠷᠪᠠᠨ ᠵᠢᠯ᠎ᠤᠨ ᠠᠵᠢᠯᠠᠯᠭ᠎ᠠ ᠵᠢᠨ ᠲᠦᠯᠦᠪᠯᠡᠯᠭᠡ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠳᠣᠮᠲᠠ ᠵᠡᠷᠭᠡ ᠵᠢᠨ ᠠᠵᠢᠯ ᠮᠡᠷᠭᠡᠵᠢᠯ᠎ᠤᠨ ᠰᠣᠷᠭ᠋ᠠᠨ ᠬᠦᠮᠦᠵᠢᠯ᠎ᠤᠨ ᠥᠭᠡᠷᠡᠴᠢᠯᠡᠯᠲᠡ ᠪᠣᠯᠣᠨ ᠬᠦᠭᠵᠢᠯᠲᠡ ᠵᠢ ᠣᠷᠣᠭᠰᠢᠲᠠᠢ ᠲᠦᠯᠬᠢᠨ ᠠᠬᠢᠭᠤᠯᠵᠣ᠂ ᠠᠯᠪᠠᠨ ᠵᠢᠷᠣᠮ᠎ᠤᠨ ᠰᠣᠷᠭ᠋ᠠᠨ ᠬᠦᠮᠦᠵᠢᠯ᠂ ᠦᠨᠳᠦᠷ ᠵᠡᠷᠭᠡ ᠵᠢᠨ ᠲᠣᠮᠲᠠᠲᠣ ᠰᠣᠷᠭ᠋ᠠᠭᠤᠯᠢ ᠵᠢᠨ ᠱᠠᠲᠣ ᠦᠶ᠎ᠡ ᠵᠢᠨ ᠰᠦᠢ᠍ᠳᠭᠡᠯ ᠬᠤᠷᠢᠶᠠᠬᠤ ᠦᠭᠡᠢ ᠰᠣᠷᠠᠭ᠋ᠠᠨ ᠬᠦᠮᠦᠵᠢᠯ᠎ᠤᠨ ᠵᠠᠷᠣᠳᠠᠯ ᠪᠣᠯᠣᠨ ᠭᠤᠣᠯᠳᠠᠯᠭ᠎ᠠ᠎ᠲᠠᠢ ᠰᠣᠷᠭ᠋ᠠᠨ ᠬᠦᠮᠦᠵᠢᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠣᠯᠲᠠ ᠵᠢᠨ ᠲᠦᠷᠦᠯ ᠵᠦᠢ᠍ᠯ᠎ᠤᠨ ᠪᠡᠯᠡ ᠮᠦᠡᠭᠭᠦ ᠵᠢ ᠪᠦᠬᠦᠨ᠎ᠢ ᠨᠠᠶ᠋ᠢᠳᠠᠪᠣᠷᠢᠵᠢᠭᠤᠯᠵᠣ᠂ ᠡᠯ᠎ᠡ ᠱᠠᠲᠣᠨ᠎ᠤ ᠡᠯ᠎ᠡ ᠲᠦᠷᠦᠯ᠎ᠤᠨ ᠰᠣᠷᠭ᠋ᠠᠨ ᠬᠦᠮᠦᠵᠢᠯ ᠵᠣᠬᠢᠴᠠᠩᠭᠤᠢ᠎ᠪᠠᠷ ᠬᠦᠭᠵᠢᠪᠡ᠃ ᠬᠤᠲᠠ ᠬᠦᠳᠡᠭᠡ ᠵᠢᠨ ᠡᠮᠨᠡᠯᠭᠡ ᠪᠣᠯᠣᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠣᠯᠲᠠ ᠵᠢ ᠴᠢᠩᠭ᠋ᠠᠳᠬᠠᠨ᠂ ᠠᠯᠪᠠᠨ᠎ᠠᠴᠠ ᠪᠠᠶ᠋ᠢᠭᠤᠯᠣᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠣᠷᠰᠢᠯᠲᠠ ᠵᠡᠷᠭᠡ ᠠᠵᠢᠯ᠎ᠢ ᠣᠷᠣᠭᠰᠢᠲᠠᠢ ᠠᠬᠢᠭᠤᠯᠪᠠ᠃ ᠨᠡᠶ᠋ᠢᠭᠡᠮ ᠵᠢᠷᠣᠮ᠎ᠤᠨ ᠭᠤᠣᠯᠯᠠᠬᠤ ᠦᠷᠲᠡᠭ᠎ᠤᠨ ᠰᠢᠰᠲ᠋ᠧᠮᠵᠢ ᠵᠢᠨ ᠪᠠᠶ᠋ᠢᠭᠤᠯᠣᠯᠲᠠ ᠵᠢ ᠭᠦᠨᠵᠡᠭᠡᠢ ᠲᠦᠯᠬᠢᠨ ᠠᠬᠢᠭᠤᠯᠵᠣ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠬᠡᠷᠡᠭᠵᠢᠭᠦᠯᠵᠦ᠂ ᠠᠷᠪᠠᠳᠣᠭ᠋ᠠᠷ ᠬᠤᠭᠤᠴᠠᠭ᠋ᠠᠨ᠎ᠤ ᠲᠠᠯ᠎ᠠ ᠨᠣᠲᠤᠭ᠎ᠤᠨ ᠰᠣᠶᠣᠯ᠎ᠤᠨ ᠨᠠᠶ᠋ᠢᠷ᠎ᠢ ᠠᠮᠵᠢᠯᠲᠠ᠎ᠲᠠᠢ ᠡᠷᠬᠢᠯᠡᠵᠦ᠂ ᠰᠣᠶᠣᠯ᠎ᠤᠨ ᠪᠠᠶ᠋ᠢᠭᠤᠯᠣᠯᠤᠨ ᠥᠭᠡᠷᠡᠴᠢᠯᠡᠯᠲᠡ ᠪᠣᠯᠣᠨ ᠰᠣᠶᠣᠯ᠎ᠤᠨ ᠠᠵᠣ ᠦᠢ᠍ᠯᠡᠰ᠎ᠤᠨ ᠬᠦᠭᠵᠢᠯᠲᠡ ᠵᠢ ᠲᠦᠷᠭᠡᠳᠭᠡᠭᠡᠳ᠂ ᠣᠯᠠᠨ ᠲᠦᠮᠡᠨ᠎ᠤ ᠣᠶᠣᠨ᠎ᠤ ᠰᠣᠶᠣᠯ᠎ᠤᠨ ᠠᠮᠢᠳᠣᠷᠠᠯ ᠡᠳᠦᠷ ᠢᠷᠡᠬᠦᠶ᠎ᠡ ᠡᠯᠪᠡᠭ ᠪᠠᠶᠠᠯᠢᠭ ᠪᠣᠯᠪᠠ᠃ ᠣᠶᠣᠨ ᠪᠢᠯᠢᠭ᠎ᠲᠠᠢ ᠬᠤᠲᠠ ᠪᠠ ᠨᠡᠶ᠋ᠢᠬᠡᠮ ᠲᠣᠭᠤᠷᠢᠭ᠎ᠤᠨ ᠪᠠᠶ᠋ᠢᠭᠤᠯᠣᠯᠲᠠ ᠵᠢ ᠲᠦᠯᠬᠢᠨ ᠠᠬᠢᠭᠤᠯᠵᠣ᠂ ᠮᠣᠩᠭᠤᠯ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠵᠢᠭᠤᠯᠣᠯᠲᠠ ᠵᠢᠨ ᠪᠠᠶ᠋ᠢᠭᠤᠯᠣᠯᠲᠠ ᠵᠢ ᠲᠣᠰᠬᠠᠢ ᠵᠦᠢ᠍ᠯ ᠵᠶ᠋ᠠᠷ ᠲᠡᠳᠬᠦᠵᠦ᠂ ᠭᠠᠷ ᠣᠲᠠᠰᠣ᠎ᠪᠠᠷ ᠮᠣᠩᠭᠤᠯ ᠣᠬᠤᠷ ᠴᠢᠮᠡᠭᠡ ᠢᠯᠡᠭᠡᠬᠦ ᠪᠠ ᠮᠡᠳᠡᠭᠡ ᠵᠠᠩᠬᠢ ᠬᠡᠷᠡᠭᠯᠡᠬᠦ ᠵᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ᠎ᠤ 《ᠵᠢᠷᠭᠤᠭ᠎ᠠ᠎ᠪᠠᠷ ᠪᠦᠬᠦᠨ᠎ᠢ ᠬᠠᠮᠣᠷᠬᠤ》 ᠢᠨᠵᠧᠨᠧᠷᠢᠩ᠎ᠢ ᠬᠡᠷᠡᠭᠵᠢᠬᠦᠯᠵᠦ᠂ ᠬᠤᠲᠠ ᠬᠦᠳᠡᠭᠡ ᠵᠢᠨ ᠣᠯᠠᠨ ᠨᠡᠶ᠋ᠢᠲᠡ ᠵᠢᠨ ᠦᠨᠳᠦᠰᠣᠨ ᠦᠢ᠍ᠯᠡᠴᠢᠯᠡᠭᠡᠨ᠎ᠤ ᠲᠡᠩᠴᠡᠭᠦᠷᠢᠰᠢᠯᠤᠨᠤᠨ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠭᠦᠨ ᠣᠬᠠᠭ᠋ᠠᠨ ᠨᠡᠶ᠋ᠢᠬᠡᠮ᠎ᠤᠨ ᠰᠢᠨᠵᠢᠯᠡᠬᠦ ᠣᠬᠠᠭ᠋ᠠᠨ᠎ᠤ ᠠᠵᠢᠯ ᠦᠢ᠍ᠯᠡᠰ ᠴᠡᠴᠡᠭᠯᠡᠨ ᠬᠦᠭᠵᠢᠵᠦ᠂ ᠬᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ᠎ᠤᠨ ᠠᠵᠢᠯ ᠠᠬᠢᠭᠤᠯᠣᠭᠳᠠᠵᠣ᠂ ᠣᠯᠠᠨ ᠲᠦᠮᠡᠨᠴᠢ ᠴᠢᠨᠠᠷᠲᠠᠢ ᠪᠡᠶ᠎ᠡ ᠵᠢᠨ ᠲᠠᠮᠢᠷ᠎ᠤᠨ ᠠᠵᠢᠯᠠᠯᠭ᠎ᠠ ᠪᠠᠳᠠᠷᠠᠩᠭᠤᠢ ᠦᠷᠨᠢᠵᠦ᠂ ᠦᠨᠳᠦᠰᠦᠨ ᠱᠠᠰᠢᠨ ᠰᠣᠷᠲᠠᠬᠤᠨᠤ ᠠᠵᠢᠯ ᠴᠢᠩᠭ᠋ᠠᠳᠬᠠᠭᠲᠠᠨ᠂ ᠴᠠᠭ ᠠᠭᠤᠷ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠭᠠᠵᠠᠷ ᠬᠦᠲᠡᠯᠦᠯᠲᠡ ᠪᠣᠯᠣᠨ ᠡᠮᠡᠭᠲᠡᠶ᠋ᠢᠴᠦᠳ ᠬᠡᠣᠬᠡᠳ᠂ ᠦᠲᠡᠭᠦᠰ ᠵᠡᠷᠭᠡ ᠵᠢᠨ ᠠᠵᠢᠯ ᠯᠠᠪᠳᠠᠭᠤᠨ ᠪᠠᠲᠣᠲᠠᠢ ᠠᠬᠢᠪᠠ᠃ ᠨᠠᠶ᠋ᠢᠬᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢ ᠦᠨᠡᠨᠬᠦ ᠬᠠᠮᠠᠭ᠋ᠠᠯᠠᠪᠠ᠃ 《ᠰᠣᠷᠪᠣᠯᠵᠢᠯᠠᠯᠢ ᠶᠡᠬᠡᠪᠡᠷ ᠬᠦᠯᠢᠶᠡᠨ ᠠᠪᠬᠤ》 ᠠᠵᠢᠯᠠᠯᠭ᠎ᠠ ᠵᠢ ᠭᠦᠨᠵᠡᠭᠡᠢ ᠦᠷᠨᠢᠭᠦᠯᠵᠦ᠂ ᠨᠢᠭᠡ ᠪᠦᠯᠦᠭ ᠭᠤᠣᠯᠳᠠᠯᠭ᠎ᠠ᠎ᠲᠠᠢ ᠵᠠᠬᠢᠲᠠᠯ ᠰᠣᠷᠪᠣᠯᠵᠢᠯᠠᠯ᠎ᠤᠨ ᠠᠰᠠᠭᠤᠳᠠᠯ᠎ᠢ ᠰᠢᠢ᠍ᠳᠪᠦᠷᠢᠯᠡᠨ᠂ ᠪᠦᠬᠦ ᠣᠷᠣᠨ᠎ᠤ ᠵᠠᠬᠢᠲᠠᠯ ᠰᠣᠷᠪᠣᠯᠵᠢᠯᠠᠯ᠎ᠤᠨ ᠬᠡᠮᠵᠢᠶ᠎ᠡ 25.5%᠎ᠪᠠᠷ ᠪᠠᠭᠤᠷᠠᠪᠠ᠃ 《ᠠᠮᠣᠭᠤᠯᠠᠩ ᠲᠠᠶ᠋ᠢᠪᠤᠡᠭ ᠦᠪᠦᠷ ᠮᠣᠩᠭᠤᠯ᠎ᠢ ᠡᠭᠦᠳᠦᠨ ᠪᠠᠶ᠋ᠢᠭᠤᠯᠬᠤ ᠢᠨᠵᠧᠨᠧᠷᠢᠩ》᠎ᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠡᠯ᠎ᠡ ᠲᠦᠷᠦᠯ᠎ᠤᠨ ᠬᠠᠣᠯᠢ᠎ᠠᠴᠠ ᠵᠦᠷᠢᠴᠡᠭᠰᠡᠨ ᠶᠠᠯᠠᠲᠣ ᠠᠵᠢᠯᠠᠯᠭ᠎ᠠ᠎ᠳᠤ ᠴᠢᠩᠭ᠎ᠠ ᠴᠣᠬᠢᠯᠲᠠ ᠦᠭᠴᠦ᠂ ᠨᠡᠶ᠋ᠢᠬᠡᠮ᠎ᠤᠨ ᠡᠶ᠎ᠡ ᠵᠣᠬᠢᠴᠠᠯ ᠲᠠᠢ ᠲᠣᠭᠲᠠᠭᠤᠨ ᠪᠠᠶ᠋ᠢᠬᠤ ᠵᠢ ᠪᠠᠲᠣᠯᠠᠪᠠ᠃ ᠠᠶᠣᠯ ᠦᠭᠡᠢ ᠦᠢ᠍ᠯᠡᠳᠪᠦᠷᠢᠯᠡᠯ ᠪᠣᠯᠣᠨ ᠢᠳᠡᠭᠡᠨ ᠪᠠ ᠡᠮ᠎ᠤᠨ ᠵᠦᠢ᠍ᠯ᠎ᠤᠨ ᠠᠶᠣᠯ ᠦᠭᠡᠢ ᠬᠢᠨᠠᠯᠲᠠ ᠬᠠᠮᠢᠶᠠᠷᠣᠯᠲᠠ ᠵᠢ ᠴᠢᠩᠭ᠋ᠠᠷᠠᠭᠤᠯᠵᠣ᠂ ᠠᠶᠣᠯ ᠦᠭᠡᠢ ᠵᠢᠨ ᠠᠲᠡᠯ ᠭᠠᠷᠬᠤ ᠲᠤᠭ᠎ᠠ ᠪᠣᠯᠣᠨ ᠠᠲᠡᠭᠰᠡᠨ ᠬᠦᠮᠦᠨ᠎ᠤ ᠲᠤᠭ᠎ᠠ ᠵᠢᠨ 《ᠬᠤᠶᠠᠭᠤᠯᠠ ᠵᠢ ᠪᠠᠭᠤᠷᠠᠭᠤᠯᠬᠤ》 ᠵᠢ ᠪᠡᠶᠡᠯᠡᠭᠦᠯᠪᠡ᠃ ᠣᠯᠣᠰ᠎ᠤᠨ ᠪᠠᠲᠣᠯᠠᠨ ᠬᠠᠮᠠᠭ᠋ᠠᠯᠠᠯᠲᠠ ᠪᠣᠯᠣᠨ ᠴᠡᠷᠢᠭ ᠠᠩᠬᠢ ᠵᠢᠨ ᠣᠳᠣᠬᠢᠴᠢᠯᠠᠬᠤ ᠪᠦᠲᠦᠭᠡᠨ ᠪᠠᠶ᠋ᠢᠭᠤᠯᠣᠯᠲᠠ ᠵᠢ ᠢᠳᠡᠪᠬᠢᠲᠡᠢ ᠳᠡᠮᠵᠢᠵᠣ᠂ ᠣᠯᠣᠰ᠎ᠤᠨ ᠪᠠᠲᠣᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ ᠪᠣᠯᠣᠨ ᠪᠡᠯᠡᠳᠭᠡᠯ ᠬᠦᠴᠦᠨ᠎ᠤ ᠪᠠᠶ᠋ᠢᠭᠤᠯᠣᠯᠲᠠ ᠰᠢᠨ᠎ᠡ ᠠᠬᠢᠴᠠ᠎ᠲᠠᠢ ᠪᠣᠯᠪᠠ᠃
(ᠵᠢᠷᠭᠤᠭ᠎ᠠ) ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠣᠯᠲᠠ ᠴᠢᠩᠭ᠋ᠠᠳᠬᠠᠭᠳᠠᠪᠠ᠃ ᠠᠩᠬᠠᠳᠠᠭᠴᠢ ᠪᠦᠯᠦᠭ ᠨᠠᠮ᠎ᠤᠨ ᠣᠯᠠᠨ ᠲᠦᠮᠡᠨᠴᠢ ᠱᠣᠭᠤᠮ᠎ᠤᠨ ᠬᠦᠮᠦᠵᠢᠯ ᠦᠢ᠍ᠯᠡᠳᠦᠯᠡᠭᠡ ᠵᠢᠨ ᠠᠵᠢᠯᠠᠯᠭ᠎ᠠ ᠵᠢ ᠬᠢᠨᠠᠮᠠᠭ᠋ᠠᠢ ᠦᠷᠨᠢᠭᠦᠯᠵᠦ᠂ ᠲᠦᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ ᠪᠣᠯᠣᠨ ᠦᠪᠡᠷᠲᠡᠭᠡᠨ ᠵᠠᠰᠠᠬᠤ ᠣᠷᠣᠨ᠎ᠤ 28 ᠵᠦᠢ᠍ᠯ᠎ᠤᠨ ᠲᠦᠬᠦᠷ ᠲᠣᠭᠲᠠᠭ᠋ᠠᠯ᠎ᠢ ᠴᠢᠩᠭ᠎ᠠ ᠨᠠᠶ᠋ᠢᠳᠠᠪᠣᠷᠢᠵᠢᠭᠤᠯᠣᠨ᠂ ᠦᠡᠭᠭᠡ ᠦᠨᠳᠦᠰᠦ ᠵᠢ᠎ᠨᠢ ᠬᠠᠮᠲᠣᠲᠠᠨᠢ ᠵᠠᠰᠠᠵᠣ᠂ ᠠᠪᠣᠨ ᠳᠣᠣᠷ᠎ᠠ᠎ᠨᠢ ᠥᠭᠡᠷᠡᠴᠢᠯᠡᠬᠦ ᠵᠢ ᠪᠠᠷᠢᠮᠲᠠᠯᠠᠨ᠂ ᠴᠡᠴᠡᠭᠯᠡᠨ ᠰᠠᠶ᠋ᠢᠵᠢᠷᠠᠭᠤᠯᠬᠤ ᠪᠠ ᠳᠦᠷᠢᠮ ᠲᠣᠭᠲᠠᠭ᠋ᠠᠯ ᠪᠠᠶ᠋ᠢᠭᠤᠯᠬᠤ ᠠᠵᠢᠯ᠎ᠢ ᠳᠣᠪᠣᠶ᠋ᠢᠮ᠎ᠠ ᠰᠠᠶ᠋ᠢᠳᠣᠷ ᠠᠳᠬᠤᠨ᠂ 《ᠳᠦᠷᠪᠡᠨ ᠰᠣᠷᠲᠠᠯ》᠎ᠤᠨ ᠲᠠᠯ᠎ᠠ᠎ᠪᠠᠷ᠎ᠬᠢ ᠳᠣᠪᠣᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠨᠠᠮ ᠪᠠ ᠣᠯᠠᠨ ᠲᠦᠮᠡᠨ᠎ᠤ ᠬᠠᠷᠢᠴᠠᠭ᠎ᠠ ᠵᠢ ᠣᠯᠠᠮ ᠨᠢᠭᠡ ᠠᠯᠬᠤᠮ ᠨᠢᠭᠲᠠᠷᠠᠭᠤᠯᠣᠨ᠂ ᠵᠠᠰᠠᠭ ᠵᠠᠬᠢᠷᠭ᠋ᠠᠨ᠎ᠤ ᠪᠠᠶ᠋ᠢᠭᠤᠯᠣᠯᠭᠠ ᠪᠣᠯᠣᠨ ᠺᠠᠳ᠋ᠷ᠎ᠤᠨ ᠰᠣᠷᠲᠠᠯ ᠢᠯᠡᠷᠡᠬᠡᠢ ᠰᠠᠶ᠋ᠢᠵᠢᠷᠠᠵᠣ᠂ ᠵᠠᠰᠠᠭ ᠵᠠᠬᠢᠷᠭ᠋ᠠᠨ᠎ᠤ ᠬᠦᠴᠦᠨ ᠴᠢᠳᠠᠪᠣᠷᠢ ᠲᠠᠰᠣᠷᠠᠯᠲᠠ ᠦᠭᠡᠢ ᠳᠡᠭᠡᠭᠰᠢᠯᠡᠪᠡ᠃ ᠰᠣᠷᠣᠯᠴᠠᠬᠤ ᠰᠣᠷᠲᠠᠯ ᠵᠣᠬᠢᠶᠠᠯ᠎ᠤᠨ ᠰᠣᠷᠲᠠᠯ ᠬᠤᠷᠠᠯ᠎ᠤᠨ ᠰᠣᠷᠲᠠᠯ ᠶᠡᠬᠡᠪᠡᠷ ᠬᠠᠯᠠᠨ ᠰᠠᠶ᠋ᠢᠵᠢᠷᠠᠭᠤᠯᠵᠣ᠂ ᠰᠣᠷᠲᠠᠯᠢ ᠲᠦᠪ ᠪᠣᠯᠭ᠋ᠠᠵᠣ ᠰᠠᠬᠢᠯᠭ᠎ᠠ ᠪᠠᠲᠣ ᠵᠢ ᠲᠦᠪ ᠴᠢᠩᠭ᠎ᠠ ᠪᠣᠯᠭ᠋ᠠᠬᠤ ᠲᠣᠰᠬᠠᠢ ᠵᠦᠢ᠍ᠯ᠎ᠤᠨ ᠠᠵᠢᠯᠠᠯᠭ᠎ᠠ ᠵᠢ ᠭᠦᠨᠵᠡᠭᠡᠢ ᠦᠷᠨᠢᠭᠦᠯᠦᠨ᠂ ᠪᠠᠷᠢᠮᠵᠢᠶ᠎ᠠ᠎ᠠᠴᠠ ᠬᠡᠲᠦᠷᠡᠭᠰᠡᠨ ᠠᠵᠢᠯᠯᠠᠬᠤ ᠭᠡᠷ ᠪᠣᠯᠣᠨ ᠠᠯᠪᠠᠨ ᠶᠠᠪᠣᠳᠠᠯ᠎ᠳᠤ ᠬᠡᠷᠡᠭᠯᠡᠬᠦ ᠲᠡᠷᠭᠡ ᠵᠢ ᠪᠦᠬᠦ ᠲᠠᠯ᠎ᠠ᠎ᠪᠠᠷ ᠢᠯᠭ᠋ᠠᠷᠠᠭᠤᠯᠵᠣ᠂ ᠵᠠᠰᠠᠭ᠎ᠤᠨ ᠣᠷᠳᠣᠨ᠎ᠤ ᠴᠢᠨᠠᠷᠲᠠᠢ ᠠᠰᠠᠷ ᠲᠠᠩᠬᠢᠮ ᠪᠠᠭᠤᠳᠠᠯ ᠭᠠᠵᠠᠷ ᠪᠠᠶ᠋ᠢᠭᠤᠯᠬᠤ ᠵᠢ ᠴᠢᠩᠭ᠎ᠠ ᠴᠠᠭ᠋ᠠᠵᠠᠯᠠᠨ᠂ ᠡᠩ᠎ᠤᠨ ᠴᠢᠨᠠᠷᠲᠠᠢ ᠵᠠᠷᠣᠯᠭ᠎ᠠ ᠵᠢ ᠴᠢᠩᠭ᠎ᠠ ᠬᠢᠵᠠᠭ᠋ᠠᠷᠯᠠᠵᠣ᠂ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠨᠢᠭᠡᠴᠡ ᠵᠢᠨ 《ᠠᠯᠪᠠᠨ᠎ᠤ ᠭᠤᠷᠪᠠᠨ ᠵᠦᠢ᠍ᠯ᠎ᠤᠨ ᠵᠠᠷᠣᠳᠠᠯ》 34%᠎ᠪᠠᠷ ᠪᠠᠭᠤᠷᠠᠵᠣ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠷᠠᠯ ᠪᠠ ᠲᠠᠷᠬᠠᠭ᠋ᠠᠬᠤ ᠪᠢᠴᠢᠭ ᠮᠠᠲ᠋ᠧᠷᠢᠶᠠᠯ᠎ᠤᠨ ᠲᠤᠭ᠎ᠠ ᠬᠡᠮᠵᠢᠶ᠎ᠡ ᠲᠣᠰ ᠲᠣᠰ 14% ᠪᠠ 17%᠎ᠪᠠᠷ ᠪᠠᠭ᠋ᠠᠰᠪᠠ᠃ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠡᠭᠭᠤ ᠵᠢᠨ ᠬᠤᠷᠢᠶᠠᠨ᠎ᠤ ᠲᠣᠭᠲᠠᠭ᠋ᠠᠯ᠎ᠢ ᠬᠢᠨᠠᠮᠠᠭ᠋ᠠᠢ ᠬᠡᠷᠡᠭᠵᠢᠭᠦᠯᠵᠦ᠂ ᠣᠯᠣᠰ ᠲᠦᠷᠦ ᠵᠢᠨ ᠵᠦᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠣᠬᠠᠮᠰᠠᠷ᠎ᠠᠴᠠ᠎ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢ᠍ᠯᠡᠳᠪᠦᠷᠢ ᠬᠤᠳᠠᠯᠳᠣᠭ᠋ᠠᠨ᠎ᠤ ᠬᠤᠯᠪᠣᠭ᠎ᠠ ᠪᠣᠯᠣᠨ ᠨᠠᠮ ᠪᠦᠯᠦᠭ᠎ᠤᠨ ᠪᠣᠰᠣ ᠬᠦᠮᠦᠰ᠎ᠤᠨ ᠰᠠᠨᠠᠯ᠎ᠢ ᠦᠷᠭᠡᠨ ᠵᠶ᠋ᠠᠷ ᠰᠣᠨᠣᠰᠴᠣ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ ᠵᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ ᠲᠦᠷᠦ ᠵᠢᠨ ᠵᠦᠪᠯᠡᠯᠭᠡᠨ᠎ᠤ ᠬᠡᠰᠢᠭᠦᠳ᠎ᠢ ᠳᠣᠷᠠᠳᠣᠯᠭ᠎ᠠ ᠵᠢ ᠴᠠᠭ ᠲᠣᠬᠠᠢᠳᠤᠨᠢ ᠭᠦᠢ᠍ᠴᠡᠳᠭᠡᠪᠡ᠃ ᠵᠠᠰᠠᠭ᠎ᠤᠨ ᠣᠷᠳᠣᠨ᠎ᠤ ᠬᠠᠣᠯᠢ ᠳᠦᠷᠢᠮ᠎ᠤᠨ ᠠᠵᠢᠯ᠎ᠢ ᠴᠢᠩᠭ᠋ᠠᠳᠬᠠᠨ᠂ ᠠᠷᠠᠳ᠎ᠤᠨ ᠠᠮᠢᠳᠣᠷᠠᠯ᠎ᠤᠨ ᠬᠦᠷᠢᠶᠡᠨ᠎ᠤ ᠵᠠᠰᠠᠭ ᠵᠠᠬᠢᠷᠭ᠋ᠠᠨ᠎ᠤ ᠬᠠᠣᠯᠢ ᠲᠣᠭᠲᠠᠭ᠋ᠠᠬᠤ ᠵᠢ ᠴᠢᠩᠭ᠋ᠠᠷᠠᠭᠤᠯᠵᠣ᠂ ᠵᠠᠰᠠᠭ ᠵᠠᠬᠢᠷᠭ᠋ᠠᠨ᠎ᠤ ᠬᠠᠣᠯᠢ ᠬᠡᠷᠡᠭᠵᠢᠭᠦᠯᠬᠦ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠡ᠃ ᠵᠠᠰᠠᠭ᠎ᠤᠨ ᠶᠠᠪᠣᠳᠠᠯ᠎ᠢ ᠢᠯᠡ ᠪᠣᠯᠭ᠋ᠠᠬᠤ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠣ᠂ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ᠂ ᠠᠵᠣ ᠠᠬᠤᠢ ᠵᠢᠨ ᠬᠠᠷᠢᠭᠤᠴᠠᠯᠭ᠎ᠠ ᠵᠢ ᠬᠢᠨᠠᠨ ᠪᠣᠳᠣᠬᠤ ᠪᠠ ᠨᠡᠶ᠋ᠢᠬᠡᠮᠤᠨᠬᠢᠨᠤ ᠬᠢᠨᠠᠯᠲᠠ ᠲᠠᠯᠪᠢᠬᠤ ᠵᠢ ᠴᠢᠩᠭ᠋ᠠᠳᠬᠠᠪᠠ᠃
ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ᠎ᠤᠨ ᠠᠮᠵᠢᠯᠲᠠ ᠣᠯᠣᠭᠰᠠᠨ᠎ᠨᠢ ᠬᠢᠯᠪᠠᠷ ᠪᠣᠰᠣ ᠶᠣᠮ᠃ ᠡᠨᠡ᠎ᠨᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠣᠳᠠᠯ᠎ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠦᠪ ᠣᠨᠣᠪᠴᠢᠲᠠᠢ ᠣᠳᠣᠷᠢᠳᠣᠭᠰᠠᠨᠤ ᠦᠷ᠎ᠡ ᠳ᠋ᠦᠡᠭ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠷᠭ᠋ᠠᠭᠤ᠎ᠪᠠᠷ ᠲᠡᠮᠡᠴᠡᠨ᠂ ᠬᠠᠲᠠᠭᠤᠵᠢᠯᠲᠠᠢ ᠴᠢᠷᠮᠠᠶ᠋ᠢᠭᠰᠠᠨᠤ ᠦᠷ᠎ᠡ ᠳ᠋ᠦᠡᠭ ᠪᠣᠯᠬᠤ ᠪᠦᠭᠡᠳ ᠮᠦᠨᠴᠦ ᠨᠡᠶ᠋ᠢᠬᠡᠮ᠎ᠤᠨ ᠡᠯ᠎ᠡ ᠡᠲᠡᠭᠡᠳ᠎ᠤᠨ᠎ᠬᠢᠨ ᠶᠡᠬᠡᠬᠡᠨ ᠳᠡᠮᠵᠢᠵᠣ ᠬᠠᠪᠰᠣᠷᠣᠭᠰᠠᠨᠤ ᠦᠷ᠎ᠡ ᠳ᠋ᠦᠡᠭ ᠪᠣᠯᠬᠤ ᠶᠣᠮ᠃ ᠠᠳᠡ᠂ ᠪᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠰᠢᠷᠭ᠋ᠠᠭᠤ᠎ᠪᠠᠷ ᠠᠵᠢᠯᠯᠠᠵᠤ ᠪᠠᠶ᠋ᠢᠭ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ᠂ ᠣᠯᠣᠰ ᠲᠦᠷᠦ ᠵᠢᠨ ᠵᠦᠪᠯᠡᠯᠭᠡᠨ᠎ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠠᠷᠠᠳ᠎ᠤᠨ ᠪᠦᠯᠬᠦᠮ᠂ ᠦᠪᠦᠷ ᠮᠣᠩᠭᠤᠯ᠎ᠤᠨ ᠪᠦᠲᠦᠭᠡᠨ ᠪᠠᠶ᠋ᠢᠭᠤᠯᠣᠯᠲᠠ ᠬᠢᠭᠡᠳ ᠬᠦᠭᠵᠢᠯᠲᠡ ᠵᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠦᠬᠦᠳ᠂ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠠᠮᠵᠢᠯᠲᠠ᠎ᠪᠠᠨ ᠣᠯᠵᠣ ᠬᠠᠷᠠᠭᠰᠠᠨᠤ ᠳᠠᠭ᠋ᠠᠣ ᠪᠢᠳᠡ ᠪᠠᠰᠠ ᠠᠵᠣ ᠠᠬᠤᠢ ᠨᠡᠶ᠋ᠢᠬᠡᠮ᠎ᠤᠨ ᠬᠦᠭᠵᠢᠯᠲᠡ᠎ᠳᠤ ᠣᠷᠣᠰᠢᠵᠣ ᠪᠠᠶ᠋ᠢᠭ᠎ᠠ ᠠᠰᠠᠭᠤᠳᠠᠯ ᠪᠣᠯᠣᠨ ᠲᠣᠯᠭ᠋ᠠᠷᠠᠵᠣ ᠪᠦᠬᠦᠢ ᠬᠦᠴᠢᠷᠳᠡᠯ᠎ᠢ ᠰᠡᠷᠭᠡᠭ ᠵᠶ᠋ᠠᠷ ᠣᠯᠵᠣ ᠲᠠᠨᠢᠪᠠ᠃ ᠨᠢᠭᠡ᠎ᠳᠤ ᠠᠵᠣ ᠠᠬᠤᠢ ᠵᠢᠨ ᠪᠠᠭᠤᠷᠠᠵᠣ ᠪᠠᠶ᠋ᠢᠭ᠎ᠠ ᠳᠠᠷᠣᠯᠲᠠ ᠨᠡᠮᠡᠭᠳᠡᠪᠡ᠃ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠲᠠᠯᠭ᠎ᠠ ᠬᠦᠷᠦᠯᠴᠡᠬᠦ ᠦᠭᠡᠢ᠂ ᠭᠤᠣᠯ ᠪᠣᠯᠬᠤ ᠠᠵᠣ ᠦᠢ᠍ᠯᠡᠳᠪᠦᠷᠢ ᠵᠢᠨ ᠦᠢ᠍ᠯᠡᠳᠬᠦᠨ᠎ᠤ ᠦᠨ᠎ᠡ ᠬᠠᠨᠭ᠌ᠰᠢ ᠪᠠᠭᠤᠷᠠᠭᠰᠠᠨ ᠵᠡᠷᠭᠡ ᠬᠦᠴᠦᠨ ᠵᠦᠢ᠍ᠯ᠎ᠤᠨ ᠨᠦᠯᠦᠭᠡᠯᠡᠯ᠎ᠠᠴᠠ ᠪᠣᠯᠵᠣ᠂ ᠠᠵᠣ ᠠᠬᠤᠢ ᠵᠢᠨ ᠨᠡᠮᠡᠭᠳᠡᠯ᠎ᠤᠨ ᠬᠤᠷᠳᠣᠴᠠ ᠣᠳᠠᠭ᠋ᠠᠰᠢᠷᠠᠨ᠂ ᠵᠠᠷᠢᠮ ᠳᠠᠪᠠᠭᠤᠯᠢᠭ ᠠᠵᠣ ᠦᠢ᠍ᠯᠡᠰ᠎ᠤᠨ ᠠᠰᠢᠭ ᠣᠯᠵᠠᠪᠣᠷᠢ ᠵᠢᠨ ᠣᠷᠣᠨ ᠵᠠᠢ ᠢᠪᠴᠣᠣᠷᠠᠵᠣ᠂ ᠡᠳ᠋᠎ᠤᠨ ᠵᠠᠰᠠᠭ᠎ᠤᠨ ᠣᠷᠣᠯᠭ᠎ᠠ ᠵᠢ ᠨᠡᠮᠡᠭᠳᠡᠭᠦᠯᠬᠦ ᠬᠦᠴᠢᠷᠳᠡᠯ ᠶᠡᠭᠡᠰᠭᠡᠪᠡ᠃ ᠬᠤᠶᠠᠷ᠎ᠲᠤ ᠠᠵᠣ ᠠᠬᠤᠢ ᠵᠢᠨ ᠪᠦᠲᠦᠴᠡ ᠵᠦᠢ ᠵᠣᠬᠢᠰ ᠦᠭᠡᠢ ᠪᠠᠶ᠋ᠢᠨ᠎ᠠ᠃ ᠠᠩᠬᠠᠨ᠎ᠤ ᠪᠦᠲᠦᠭᠡᠭᠳᠡᠬᠦᠨ᠎ᠤ ᠬᠤᠪᠢ ᠵᠢᠨ ᠵᠢᠩ ᠶᠡᠭᠡ ᠪᠠᠶ᠋ᠢᠵᠣ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠬᠢᠷᠢ ᠬᠡᠮᠵᠢᠶ᠎ᠡ ᠵᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠲᠠᠢ ᠪᠠᠶ᠋ᠢᠵᠣ᠂ ᠦᠢ᠍ᠯᠡᠴᠢᠯᠡᠭᠡᠨ᠎ᠤ ᠦᠢ᠍ᠯᠡᠰ ᠪᠣᠯᠣᠨ ᠳᠣᠮᠲᠠ ᠪᠠᠭ᠎ᠠ ᠠᠵᠣ ᠠᠬᠤᠶ᠋ᠢᠯᠠᠯ᠎ᠤᠨ ᠬᠦᠭᠵᠢᠯᠲᠡ ᠬᠤᠴᠣᠷᠠᠵᠣ᠂ ᠪᠡᠶ᠎ᠡ᠎ᠪᠠᠨ ᠳᠠᠭ᠋ᠠᠭ᠋ᠠᠵᠣ ᠰᠢᠨ᠎ᠡ ᠵᠢ ᠡᠭᠦᠳᠬᠦ ᠴᠢᠳᠠᠪᠣᠷᠢ ᠴᠢᠩᠭ᠎ᠠ ᠪᠣᠰᠣ᠂ ᠬᠦᠭᠵᠢᠯᠲᠡ ᠵᠢᠨ ᠠᠷᠭ᠎ᠠ ᠮᠠᠶᠢᠭ ᠪᠠᠰᠠ ᠨᠡᠯᠢᠶᠡᠳ ᠪᠦᠳᠦᠭᠦᠯᠢᠩ᠂ ᠨᠡᠶ᠋ᠢᠲᠡ ᠵᠢᠨ ᠦᠮᠴᠢᠯᠡᠯ᠎ᠤᠨ ᠪᠣᠰᠣ ᠠᠵᠣ ᠠᠬᠤᠢ ᠪᠣᠯᠣᠨ ᠰᠢᠶᠠᠨ᠎ᠤ ᠬᠡᠪᠴᠢᠶᠡᠨ᠎ᠤ ᠠᠵᠣ ᠠᠬᠤᠢ ᠵᠢᠨ ᠬᠦᠭᠵᠢᠯᠲᠡ ᠲᠣᠲᠠᠮᠠᠭ᠂ ᠬᠤᠲᠠ ᠬᠦᠳᠡᠭᠡ᠂ ᠣᠷᠣᠨ ᠪᠦᠰᠡ ᠵᠢᠨ ᠬᠦᠭᠵᠢᠯᠲᠡ ᠲᠡᠩᠴᠡᠭᠦᠷᠢ ᠦᠭᠡᠢ ᠪᠠᠶ᠋ᠢᠨ᠎ᠠ᠃ ᠭᠤᠷᠪᠠ᠎ᠳᠤ ᠰᠠᠭᠤᠷᠢ ᠪᠡᠯᠡᠳᠭᠡᠮᠵᠢ ᠵᠢᠨ ᠪᠣᠭᠤᠮᠢ ᠬᠢᠵᠠᠭ᠋ᠠᠷᠯᠠᠯ ᠮᠦᠨ ᠬᠦ᠌ ᠬᠦᠨᠳᠦ ᠨᠣᠴᠢᠲᠠᠢ ᠪᠠᠶ᠋ᠢᠨ᠎ᠠ᠃ ᠡᠨᠧᠷᠬᠢ ᠵᠢᠨ ᠨᠡᠪᠲᠡᠷᠡᠯ ᠵᠠᠮ᠎ᠤᠨ ᠪᠦᠲᠦᠭᠡᠨ ᠪᠠᠶ᠋ᠢᠭᠤᠯᠣᠯᠲᠠ ᠬᠠᠷᠢᠴᠠᠩᠭᠤᠢ ᠬᠤᠴᠣᠷᠠᠵᠣ᠂ ᠪᠠᠷᠠᠭ᠎ᠠ ᠵᠢ ᠭᠠᠳᠠᠭᠰᠢ ᠲᠡᠭᠡᠭᠡᠪᠦᠷᠢᠯᠡᠬᠦ᠂ ᠴᠠᠬᠢᠯᠭ᠋ᠠᠨ ᠬᠦᠴᠦᠨ᠎ᠢ ᠭᠠᠷᠭ᠋ᠠᠬᠤ ᠴᠢᠳᠠᠪᠣᠷᠢ ᠬᠦᠷᠦᠯᠴᠡᠬᠦ ᠦᠭᠡᠢ᠂ ᠣᠰᠣᠨ ᠠᠰᠢᠭᠯᠠᠯᠲᠠ ᠵᠢᠨ ᠰᠠᠭᠤᠷᠢ ᠪᠡᠯᠡᠳᠭᠡᠮᠵᠢ ᠪᠠᠭᠤᠷᠠᠢ᠂ ᠣᠰᠣᠨ᠎ᠤ ᠡᠬᠢ ᠪᠠᠶᠠᠯᠢᠭ᠎ᠢ ᠪᠠᠲᠣᠯᠠᠬᠤ ᠴᠢᠳᠠᠪᠣᠷᠢ ᠴᠢᠩᠭ᠎ᠠ ᠪᠣᠰᠣ ᠪᠠᠶ᠋ᠢᠨ᠎ᠠ᠃ ᠳᠦᠷᠪᠡ᠎ᠳᠤ ᠠᠷᠠᠳ᠎ᠤᠨ ᠠᠮᠢᠳᠣᠷᠠᠯ ᠪᠣᠯᠣᠨ ᠨᠡᠶ᠋ᠢᠬᠡᠮ᠎ᠤᠨ ᠪᠠᠶ᠋ᠢᠭᠤᠯᠣᠯᠲᠠ ᠵᠢ ᠣᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠢ ᠪᠠᠶ᠋ᠢᠨ᠎ᠠ᠃ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ ᠬᠦᠴᠢᠷᠳᠡᠯ ᠶᠡᠬᠡᠰᠴᠦ᠂ ᠭᠡᠰᠡᠭ ᠣᠯᠠᠨ ᠲᠦᠮᠡᠨ᠎ᠤ ᠠᠮᠢᠳᠣᠷᠠᠯ ᠪᠣᠯᠣᠨ ᠪᠠᠰᠠ ᠨᠡᠯᠢᠶᠡᠳ ᠬᠦᠴᠢᠷᠳᠡᠯ ᠲᠠᠢ ᠪᠠᠶ᠋ᠢᠭ᠎ᠠ ᠪᠦᠭᠡᠳ ᠰᠣᠷᠭ᠋ᠠᠨ ᠬᠦᠮᠦᠵᠢᠯ᠂ ᠡᠮᠨᠡᠯᠭᠡ᠂ ᠨᠡᠶ᠋ᠢᠬᠡᠮ᠎ᠤᠨ ᠪᠠᠲᠣᠯᠠᠭ᠎ᠠ᠂ ᠢᠳᠡᠭᠡᠨ ᠪᠠ ᠡᠮ᠎ᠤᠨ ᠵᠦᠢ᠍ᠯ᠎ᠤᠨ ᠠᠶᠣᠯ ᠦᠭᠡᠢ ᠵᠢᠨ ᠵᠡᠷᠭᠡ ᠲᠠᠯ᠎ᠠ᠎ᠪᠠᠷ ᠪᠠᠰᠠ ᠣᠯᠠᠨ ᠲᠦᠮᠡᠨ᠎ᠤ ᠲᠣᠰᠬᠠᠯ ᠳᠣᠪᠣᠶ᠋ᠢᠮ᠎ᠠ ᠪᠠᠶ᠋ᠢᠭ᠎ᠠ ᠴᠦᠬᠡᠨ ᠪᠣᠰᠣ ᠠᠰᠠᠭᠤᠳᠠᠯ ᠣᠷᠣᠰᠢᠵᠣ ᠪᠠᠶ᠋ᠢᠨ᠎ᠠ᠃ ᠲᠠᠪᠤ᠎ᠳᠤ ᠠᠮᠢ ᠠᠬᠤᠢ ᠵᠢᠨ ᠪᠣᠯᠪᠠᠰᠣᠨ᠎ᠤ ᠪᠠᠶ᠋ᠢᠭᠤᠯᠣᠯᠲᠠ ᠵᠢᠨ ᠡᠭᠦᠷᠭᠡ ᠬᠠᠲᠠᠭᠤ ᠪᠡᠷᠬᠡ ᠪᠠᠶ᠋ᠢᠨ᠎ᠠ᠃ ᠬᠡᠰᠡᠭ ᠵᠠᠷᠢᠮ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠤᠷᠢᠨ ᠮᠦᠨ ᠬᠦ᠌ ᠮᠠᠭᠤᠵᠢᠷᠠᠵᠣ᠂ ᠡᠯᠡᠰᠦᠷᠭᠡᠭᠵᠢᠯ ᠡᠯᠡᠰᠦᠨ᠎ᠤ ᠬᠦᠨᠦᠭᠡᠯ᠂ ᠬᠦᠷᠦᠰᠦ ᠰᠢᠷᠣᠢ ᠢᠳᠡᠭᠳᠡᠵᠦ ᠪᠠᠶ᠋ᠢᠭ᠎ᠠ ᠦᠵᠡᠭᠳᠡᠯ ᠮᠦᠨ ᠬᠦ᠌ ᠬᠦᠨᠳᠦ ᠨᠣᠴᠢᠲᠠᠢ ᠪᠠᠶ᠋ᠢᠵᠣ᠂ ᠣᠰᠣ᠂ ᠠᠭ᠋ᠠᠷ ᠮᠠᠨᠳᠠᠯ᠂ ᠬᠦᠨᠳᠦ ᠲᠡᠮᠦᠷᠯᠢᠭ᠎ᠤᠨ ᠪᠣᠬᠢᠷᠳᠣᠯ᠎ᠢ ᠰᠡᠷᠭᠡᠶ᠋ᠢᠯᠡᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶ᠋ᠢᠨ᠎ᠠ᠃ ᠵᠢᠷᠭᠤᠭ᠎ᠠ᠎ᠳᠤ ᠵᠠᠰᠠᠭ᠎ᠤᠨ ᠣᠷᠳᠣᠨ᠎ᠤ ᠡᠭᠦᠷᠭᠡ ᠴᠢᠳᠠᠪᠣᠷᠢ ᠵᠢᠨ ᠬᠤᠪᠢᠷᠠᠭᠤᠯᠣᠯᠲᠠ ᠬᠦᠷᠦᠯᠴᠡᠬᠦ ᠦᠭᠡᠢ ᠪᠠᠶ᠋ᠢᠨ᠎ᠠ᠃ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠂ ᠨᠡᠶ᠋ᠢᠬᠡᠮ᠎ᠤᠨ ᠬᠠᠷᠢᠴᠠᠭ᠎ᠠ ᠪᠠᠰᠠ ᠰᠢᠯᠣᠭᠤᠳᠣᠭ᠋ᠠᠳᠣᠢ ᠪᠠᠶ᠋ᠢᠵᠣ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠣᠯᠲᠠ ᠵᠡᠷᠭᠡ ᠡᠭᠦᠷᠭᠡ ᠴᠢᠳᠠᠪᠣᠷᠢ᠎ᠪᠠᠨ ᠪᠠᠳᠠᠷᠠᠭᠤᠯᠬᠤ ᠶᠠᠪᠣᠳᠠᠯ ᠪᠠᠰᠠ ᠬᠦᠷᠦᠯᠴᠡᠬᠦ ᠦᠭᠡᠢ ᠪᠠᠶ᠋ᠢᠵᠣ᠂ 《ᠳᠦᠷᠪᠡᠨ ᠰᠣᠷᠲᠠᠯ》᠎ᠤᠨ ᠠᠰᠠᠭᠤᠳᠠᠯ ᠮᠦᠨ ᠬᠦ᠌ ᠠᠳᠠᠯᠢ ᠪᠣᠰᠣ ᠬᠡᠮᠵᠢᠶ᠎ᠡ᠎ᠪᠠᠷ ᠣᠷᠣᠰᠢᠵᠣ ᠪᠠᠶ᠋ᠢᠨ᠎ᠠ᠃ ᠡᠭᠦᠨ᠎ᠢ ᠪᠢᠳᠡ ᠬᠢᠨᠠᠮᠠᠭ᠋ᠠᠢ ᠰᠢᠢ᠍ᠳᠪᠦᠷᠢᠯᠡᠬᠦ ᠬᠡᠷᠡᠭᠲᠡᠢ᠃
ᠬᠤᠶᠠᠷ᠂ ᠡᠨᠡ ᠵᠢᠯ᠎ᠤᠨ ᠭᠤᠣᠯ ᠡᠭᠦᠷᠭᠡ
2014 ᠣᠨ ᠪᠣᠯ ᠨᠠᠮ᠎ᠤᠨ ᠠᠷᠪᠠᠨ ᠨᠠᠢ᠍ᠮᠠᠳᠣᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠣᠭ᠋ᠠᠷ ᠪᠦᠬᠦᠲᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠣᠭᠤᠰᠢᠯᠠᠭᠤᠯᠣᠨ ᠨᠠᠶ᠋ᠢᠳᠠᠪᠦᠷᠢᠵᠢᠭᠤᠯᠵᠣ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠬᠦᠯᠬᠦ ᠡᠬᠢᠯᠡᠯᠲᠡ ᠵᠢᠨ ᠵᠢᠯ ᠪᠣᠯᠬᠤ ᠪᠦᠭᠡᠳ ᠮᠦᠨ ᠴᠦ᠍ ᠦᠪᠡᠷᠲᠡᠬᠡᠨ ᠵᠠᠰᠠᠬᠤ ᠣᠷᠣᠨ᠎ᠤ 《8337》 ᠬᠦᠭᠵᠢᠯᠲᠡ ᠵᠢᠨ ᠰᠡᠳᠬᠢᠴᠡ ᠵᠢ ᠲᠣᠭᠤᠰᠢᠯᠠᠭᠤᠯᠣᠨ ᠨᠠᠶ᠋ᠢᠳᠠᠪᠦᠷᠢᠵᠢᠭᠤᠯᠬᠤ ᠵᠢ ᠲᠦᠯᠬᠢᠨ ᠠᠬᠢᠭᠤᠯᠬᠤ᠂ 《12.5》 ᠵᠢᠨ ᠲᠦᠯᠦᠪᠵᠢᠭᠦᠯᠭᠡ ᠵᠢᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃ ᠡᠨᠡ ᠵᠢᠯ᠎ᠤᠨ ᠠᠵᠣ ᠠᠬᠤᠢ ᠨᠡᠶ᠋ᠢᠬᠡᠮ᠎ᠤᠨ ᠬᠦᠭᠵᠢᠯᠲᠡ ᠵᠢᠨ ᠣᠷᠴᠢᠨ ᠠᠬᠤᠢ ᠮᠦᠨ ᠬᠦ᠌ ᠪᠣᠳᠣᠯᠢᠶᠠᠨᠲᠠᠢ ᠪᠦᠭᠡᠳ ᠬᠠᠲᠠᠭᠤ ᠴᠢᠩᠭ᠎ᠠ ᠪᠠᠶ᠋ᠢᠵᠣ᠂ ᠲᠣᠭᠲᠠᠭᠤᠨ ᠪᠠᠶ᠋ᠢᠬᠤ ᠵᠢᠨ ᠳᠠᠭ᠋ᠠᠣ ᠲᠦᠭᠰᠢᠭᠦᠷᠢ᠎ᠲᠠᠢ᠂ ᠠᠵᠣ ᠲᠣᠬᠢᠶᠠᠯ ᠪᠣᠯᠣᠨ ᠦᠷᠢᠰᠦᠯᠳᠦᠭᠡᠨ ᠬᠠᠮᠲᠣ ᠣᠷᠣᠰᠢᠵᠣ ᠪᠣᠢ᠃ ᠪᠢᠳᠡ ᠲᠣᠯᠭ᠋ᠠᠷᠠᠵᠣ ᠮᠡᠳᠡᠬᠦ ᠬᠦᠴᠢᠷᠳᠡᠯ ᠪᠣᠯᠣᠨ ᠦᠷᠢᠰᠦᠯᠳᠦᠭᠡᠨ᠎ᠢ ᠭᠦᠢ᠍ᠴᠡᠳ ᠵᠢᠱ᠌ᠢᠵᠦ᠂ ᠦᠷᠢᠳᠠᠰᠠ ᠰᠠᠶ᠋ᠢᠳᠣᠷ ᠪᠡᠯᠡᠳᠬᠡᠯ ᠬᠢᠵᠦ᠂ ᠬᠡᠮ᠎ᠢ ᠢᠷᠡᠬᠦ᠎ᠠᠴᠠ᠎ᠨᠢ ᠡᠮᠦᠨ᠎ᠡ ᠰᠡᠷᠭᠡᠶ᠋ᠢᠯᠡᠬᠦ ᠬᠡᠷᠡᠭᠲᠡᠢ ᠮᠦᠷᠲᠡᠬᠡᠨ ᠪᠠᠰᠠ ᠢᠲᠡᠭᠡᠯ ᠵᠣᠷᠢᠭ ᠵᠶ᠋ᠠᠨ ᠪᠠᠳᠣᠳᠬᠠᠨ᠂ ᠰᠢᠨᠵᠢᠯᠡᠬᠦ ᠣᠬᠠᠭ᠋ᠠᠨᠴᠢ᠎ᠪᠠᠷ ᠠᠷᠭ᠋ᠠᠴᠠᠵᠣ᠂ ᠡᠯ᠎ᠡ ᠵᠦᠢ᠍ᠯ᠎ᠤᠨ ᠠᠵᠢᠯ ᠵᠶ᠋ᠠᠨ ᠯᠠᠪᠲᠠᠭᠤᠨ ᠪᠠᠲᠣᠲᠠᠢ ᠰᠠᠶ᠋ᠢᠳᠣᠷ ᠬᠢᠬᠦ ᠬᠡᠷᠡᠭᠲᠡᠢ᠃
ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠢ ᠱᠠᠭ᠋ᠠᠷᠲᠠᠯᠭ᠎ᠠ ᠪᠣᠯ᠄ ᠲᠣᠮᠲᠠᠲᠣ ᠣᠯᠣᠰ᠎ᠤᠨ ᠣᠨᠴᠠᠯᠢᠭ ᠪᠦᠬᠦᠢ ᠨᠡᠶ᠋ᠢᠬᠡᠮ ᠵᠢᠷᠣᠮ᠎ᠤᠨ ᠠᠭᠤᠣ ᠶᠡᠭᠡ ᠲᠤᠭ᠎ᠢ ᠦᠨᠳᠦᠷ ᠮᠠᠨᠳᠣᠭᠤᠯᠣᠨ᠂ ᠳ᠋ᠸᠡᠭ ᠰᠢᠶᠣᠣ ᠫᠢᠡᠭ᠎ᠤᠨ ᠣᠨᠣᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭ᠋ᠠᠨᠴᠢ ᠬᠦᠭᠵᠢᠯᠲᠡ ᠵᠢᠨ ᠦᠵᠡᠯᠲᠡ᠎ᠪᠠᠷ ᠵᠢᠯᠣᠭᠤᠳᠠᠯᠭ᠎ᠠ ᠪᠣᠯᠭ᠋ᠠᠵᠣ᠂ ᠨᠠᠮ᠎ᠤᠨ ᠠᠷᠪᠠᠨ ᠨᠠᠢ᠍ᠮᠠᠳᠣᠭ᠋ᠠᠷ ᠶᠡᠭᠡ ᠬᠤᠷᠠᠯ᠂ ᠠᠷᠪᠠᠨ ᠨᠠᠢ᠍ᠮᠠᠳᠣᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠣᠭ᠋ᠠᠷ᠂ ᠭᠤᠷᠪᠠᠳᠣᠭ᠋ᠠᠷ ᠪᠦᠬᠦᠲᠡ ᠬᠤᠷᠠᠯ᠂ ᠲᠦᠪ᠎ᠤᠨ ᠠᠵᠣ ᠠᠬᠤᠢ ᠵᠢᠨ ᠠᠵᠢᠯ᠎ᠤᠨ ᠬᠤᠷᠠᠯ ᠪᠣᠯᠣᠨ ᠰᠢ ᠵᠢᠨ ᠫᠢᠡᠭ ᠶᠡᠷᠦᠩᠬᠡᠢ ᠱᠦᠵᠢ ᠵᠢᠨ ᠠᠯᠢ ᠣᠯᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠣᠭᠤᠰᠢᠯᠠᠭᠤᠯᠣᠨ ᠨᠠᠶ᠋ᠢᠳᠠᠪᠦᠷᠢᠵᠢᠭᠤᠯᠵᠣ᠂ ᠦᠪᠡᠷᠲᠡᠭᠡᠨ ᠵᠠᠰᠠᠬᠤ ᠣᠷᠣᠨ᠎ᠤ 《8337》 ᠬᠦᠭᠵᠢᠯᠲᠡ ᠵᠢᠨ ᠰᠡᠳᠬᠢᠴᠡ ᠪᠣᠯᠣᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠶᠢᠰᠦᠳᠦᠭᠡᠷ ᠬᠤᠭᠤᠴᠠᠭ᠋ᠠᠨ᠎ᠤ ᠪᠦᠬᠦ ᠬᠡᠰᠢᠭᠦᠳ᠎ᠤᠨ ᠬᠤᠷᠠᠯ ᠶᠢᠰᠦᠳᠦᠭᠡᠷ ᠬᠤᠭᠤᠴᠠᠭ᠋ᠠᠨ᠎ᠤ ᠠᠷᠪᠠᠳᠣᠭ᠋ᠠᠷ ᠣᠳᠠᠭ᠋ᠠᠨ᠎ᠤ ᠪᠦᠬᠦ ᠬᠡᠰᠢᠭᠦᠳ᠎ᠤᠨ ᠬᠤᠷᠠᠯ ᠵᠢᠴᠢ ᠪᠦᠬᠦ ᠣᠷᠣᠨ᠎ᠤ ᠠᠵᠣ ᠠᠬᠤᠢ ᠵᠢᠨ ᠠᠵᠢᠯ᠎ᠤᠨ ᠬᠤᠷᠠᠯᠳᠣᠭ᠋ᠠᠨᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠣᠭᠤᠰᠢᠯᠠᠭᠤᠯᠣᠨ ᠨᠠᠶ᠋ᠢᠳᠠᠪᠣᠷᠢᠵᠢᠭᠤᠯᠵᠣ᠂ ᠯᠠᠪᠳᠠᠭᠤᠨ ᠵᠶ᠋ᠠᠷ ᠣᠷᠣᠭᠰᠢ ᠳᠠᠪᠰᠢᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠵᠣ ᠠᠬᠤᠢ ᠨᠡᠶ᠋ᠢᠬᠡᠮ᠎ᠤᠨ ᠬᠦᠭᠵᠢᠯᠲᠡ ᠵᠢᠨ ᠡᠯ᠎ᠡ ᠬᠦᠷᠢᠶᠡᠨ᠎ᠤ ᠵᠠᠩᠬᠢᠯᠭ᠎ᠠ ᠨᠢᠭᠡᠪᠦᠷᠢ᠎ᠳᠤ ᠲᠣᠭᠤᠰᠢᠯᠠᠵᠣ᠂ ᠪᠦᠲᠦᠮᠵᠢᠲᠡᠢ ᠪᠡᠯᠡ ᠣᠷᠣᠭᠤᠯᠣᠯᠲᠠ ᠵᠢ ᠦᠷᠭᠡᠳᠭᠡᠬᠦ᠎ᠪᠠᠷ ᠭᠤᠣᠯᠳᠠᠯᠭ᠎ᠠ ᠪᠣᠯᠭ᠋ᠠᠨ ᠠᠵᠣ ᠠᠬᠤᠢ ᠵᠢᠨ ᠨᠡᠮᠡᠭᠳᠡᠯ᠎ᠢ ᠲᠣᠭᠲᠠᠪᠣᠷᠢᠵᠢᠭᠤᠯᠵᠣ᠂ 《ᠲᠠᠪᠣᠨ ᠶᠡᠭᠡ ᠰᠠᠭᠤᠷᠢᠨ ᠭᠠᠵᠠᠷ》᠎ᠢ ᠪᠦᠲᠦᠭᠡᠨ ᠪᠠᠶ᠋ᠢᠭᠤᠯᠬᠤ᠎ᠪᠠᠷ ᠭᠤᠣᠯᠳᠠᠯᠭ᠎ᠠ ᠪᠣᠯᠭ᠋ᠠᠨ ᠠᠵᠣ ᠦᠢ᠍ᠯᠡᠰ᠎ᠤᠨ ᠪᠦᠲᠦᠴᠡ᠎ᠳᠤ ᠲᠣᠬᠢᠷᠠᠭᠤᠯᠣᠯᠲᠠ ᠬᠢᠵᠦ᠂ ᠠᠷᠠᠳ᠎ᠤᠨ ᠠᠮᠢᠳᠣᠷᠠᠯ᠎ᠤᠨ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠬᠦ᠎ᠪᠠᠷ ᠭᠤᠣᠯᠳᠠᠯᠭ᠎ᠠ ᠪᠣᠯᠭ᠋ᠠᠨ ᠬᠤᠲᠠ ᠬᠦᠳᠡᠭᠡ ᠵᠢᠨ ᠵᠣᠬᠢᠴᠠᠩᠭᠤᠢ᠎ᠪᠠᠷ ᠬᠦᠭᠵᠢᠬᠦ ᠵᠢ ᠨᠢᠭᠡᠳᠦᠯᠲᠡᠢ ᠲᠦᠯᠦᠪᠯᠡᠵᠦ᠂ ᠠᠵᠣ ᠠᠬᠤᠢ ᠵᠢᠨ ᠪᠠᠶ᠋ᠢᠭᠤᠯᠣᠯᠤᠨ ᠥᠭᠡᠷᠡᠴᠢᠯᠡᠯᠲᠡ ᠵᠢ ᠲᠦᠷᠭᠡᠳᠬᠡᠬᠦ᠎ᠪᠠᠷ ᠭᠤᠣᠯᠳᠠᠯᠭ᠎ᠠ ᠪᠣᠯᠭ᠋ᠠᠨ ᠥᠭᠡᠷᠡᠴᠢᠯᠡᠯᠲᠡ ᠨᠡᠬᠡᠬᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠠᠵᠣ ᠠᠬᠤᠢ ᠵᠢᠨ ᠬᠦᠭᠵᠢᠯᠲᠡ ᠵᠢᠨ ᠶᠠᠰᠣ ᠴᠢᠨᠠᠷ ᠪᠣᠯᠣᠨ ᠦᠷ᠎ᠡ ᠠᠰᠢᠭ᠎ᠢ ᠦᠨᠡᠨᠬᠦ ᠳᠡᠭᠡᠭᠰᠢᠯᠡᠭᠦᠯᠦᠨ᠂ ᠠᠷᠠᠳ᠎ᠤᠨ ᠠᠮᠢᠳᠣᠷᠠᠯ᠎ᠤᠨ ᠶᠠᠰᠣ ᠴᠢᠨᠠᠷ ᠪᠣᠯᠣᠨ ᠬᠢᠷᠢ ᠬᠡᠮᠵᠢᠶ᠎ᠡ ᠵᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠵᠢᠨ ᠪᠣᠯᠪᠠᠰᠣᠨ᠎ᠤ ᠪᠠᠶ᠋ᠢᠭᠤᠯᠣᠯᠲᠠ ᠵᠢ ᠴᠢᠩᠭ᠋ᠠᠳᠬᠠᠨ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠬᠦ ᠪᠠ ᠲᠡᠭᠦᠯᠳᠡᠷᠵᠢᠭᠦᠯᠵᠦ᠂ ᠨᠡᠶ᠋ᠢᠬᠡᠮ᠎ᠤᠨ ᠡᠯ᠎ᠡ ᠵᠦᠢ᠍ᠯ᠎ᠤᠨ ᠦᠢ᠍ᠯᠡᠰ᠎ᠢ ᠪᠦᠬᠦ ᠲᠠᠯ᠎ᠠ᠎ᠪᠠᠷ ᠬᠦᠭᠵᠢᠭᠦᠯᠦᠨ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠣᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠣ᠂ ᠠᠵᠣ ᠠᠬᠤᠢ ᠵᠢᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ᠂ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢ ᠠᠬᠢᠭᠤᠯᠬᠤ ᠪᠣᠯᠣᠨ᠎ᠠ᠃ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠭᠡᠢ ᠦᠷᠲᠡᠭ᠎ᠢ 9% ᠣᠷᠴᠢᠮ ᠵᠶ᠋ᠠᠷ ᠨᠡᠮᠡᠭᠳᠡᠭᠦᠯᠵᠦ᠂ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠦᠰᠦᠪ᠎ᠤᠨ ᠣᠷᠣᠯᠭ᠎ᠠ ᠵᠢ 7%᠎ᠪᠠᠷ ᠨᠡᠮᠡᠭᠳᠡᠭᠦᠯᠦᠨ᠂ ᠪᠦᠬᠦ ᠨᠡᠶ᠋ᠢᠬᠡᠮ᠎ᠤᠨ ᠲᠣᠭᠲᠠᠮᠠᠯ ᠬᠦᠷᠦᠩᠭᠡ ᠵᠢᠨ ᠪᠡᠯᠡ ᠣᠷᠣᠭᠤᠯᠣᠯᠲᠠ ᠵᠢ 15%᠎ᠪᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠣ ᠦᠢ᠍ᠯᠡᠳᠪᠦᠷᠢ ᠵᠢᠨ ᠨᠡᠮᠡᠭᠳᠡᠯ᠎ᠢ 12% ᠵᠶ᠋ᠠᠷ ᠨᠡᠮᠡᠭᠳᠡᠭᠦᠯᠵᠦ᠂ ᠬᠤᠲᠠ ᠪᠠᠯᠭ᠋ᠠᠰᠣ ᠵᠢᠨ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠵᠢ 9%᠎ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠮᠦᠨ ᠪᠦᠷᠢ ᠵᠢᠨ ᠳᠣᠮᠳᠠᠴᠢ ᠴᠡᠪᠡᠷ ᠣᠷᠣᠯᠭ᠎ᠠ ᠵᠢ 10%᠎ᠪᠠᠷ ᠨᠡᠮᠡᠭᠳᠡᠭᠦᠯᠵᠦ᠂ ᠨᠡᠶ᠋ᠢᠬᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠣᠬᠤ ᠶᠡᠷᠦᠩᠬᠡᠢ ᠲᠤᠭ᠎ᠠ ᠵᠢ 12% ᠵᠶ᠋ᠠᠷ ᠨᠡᠮᠡᠭᠳᠡᠭᠦᠯᠦᠨ᠎ᠡ; ᠬᠤᠲᠠ ᠪᠠᠯᠭ᠋ᠠᠰᠣ ᠵᠢᠨ ᠳᠠᠩᠰᠠᠯᠠᠭᠤᠯᠬᠤ ᠠᠵᠢᠯ᠎ᠤᠨ ᠠᠯᠳᠠᠯᠲᠠ ᠵᠢᠨ ᠨᠣᠷᠮ᠎ᠠ ᠵᠢ 4% ᠵᠢᠨ ᠲᠣᠲᠣᠷ᠎ᠠ ᠬᠢᠵᠠᠭ᠋ᠠᠷᠯᠠᠵᠣ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠨᠭ᠌ᠰᠢ ᠵᠢᠨ ᠶᠡᠷᠦᠩᠬᠡᠢ ᠬᠢᠷᠢ ᠬᠡᠮᠵᠢᠶ᠎ᠡ ᠵᠢᠨ ᠦᠰᠦᠯᠲᠡ ᠵᠢᠨ ᠬᠡᠮᠵᠢᠶ᠎ᠡ ᠵᠢ 3.5% ᠵᠢᠨ ᠣᠷᠴᠢᠮ᠎ᠳᠤ ᠬᠢᠵᠠᠭ᠋ᠠᠷᠯᠠᠵᠣ᠂ ᠨᠢᠭᠡᠴᠢ ᠦᠢ᠍ᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠵᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠵᠢᠨ ᠲᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠵᠢ ᠴᠦᠮ 2.2%᠎ᠠᠴᠠ ᠳᠡᠭᠡᠭᠰᠢ᠎ᠪᠠᠷ ᠪᠠᠭᠤᠷᠭᠤᠯᠬᠤ ᠪᠣᠯᠣᠨ᠎ᠠ᠃
ᠠᠵᠣ ᠠᠬᠤᠢ ᠨᠡᠶ᠋ᠢᠬᠡᠮ᠎ᠤᠨ ᠬᠦᠭᠵᠢᠯᠲᠡ ᠵᠢᠨ ᠬᠠᠷᠠᠯᠲᠠ ᠵᠢᠨ ᠡᠭᠦᠷᠬᠡ ᠵᠢ ᠪᠡᠶᠡᠯᠡᠭᠦᠯᠬᠦ᠎ᠳᠤ᠂ ᠭᠤᠷᠪᠠᠨ ᠲᠠᠯ᠎ᠠ ᠵᠢ ᠰᠠᠶ᠋ᠢᠳᠣᠷ ᠡᠵᠡᠮᠰᠢᠬᠦ ᠬᠡᠷᠡᠭᠲᠡᠢ᠄ ᠨᠢᠭᠡ᠎ᠳᠤ ᠯᠠᠪᠳᠠᠭᠤᠨ ᠵᠶ᠋ᠠᠷ ᠣᠷᠣᠭᠰᠢ ᠳᠠᠪᠰᠢᠭᠤᠯᠬᠤ ᠵᠢ ᠪᠠᠷᠢᠮᠲᠠᠯᠠᠬᠤ ᠬᠡᠷᠡᠭᠲᠡᠢ᠃ ᠣᠳᠣᠬᠠᠨ᠎ᠤ ᠪᠠ ᠬᠤᠶ᠋ᠢᠰᠢᠲᠠ ᠵᠢᠨ ᠨᠢᠭᠡᠨ ᠬᠤᠭᠤᠴᠠᠭ᠋ᠠᠨ᠎ᠳᠤ᠂ ᠬᠡᠳᠦᠶ᠋ᠢᠪᠡᠷ ᠮᠠᠨ᠎ᠤ ᠣᠷᠣᠨ᠎ᠤ ᠠᠵᠣ ᠠᠬᠤᠢ ᠨᠡᠶ᠋ᠢᠬᠡᠮ᠎ᠤᠨ ᠬᠦᠭᠵᠢᠯᠲᠡ ᠵᠢᠨ ᠣᠷᠲᠣ ᠬᠤᠭᠤᠴᠠᠭ᠎ᠠ᠎ᠪᠠᠷ ᠰᠠᠶ᠋ᠢᠵᠢᠷᠠᠯᠲᠠᠢ ᠪᠠᠶ᠋ᠢᠬᠤ ᠦᠨᠳᠦᠰᠦᠨ ᠪᠠᠶ᠋ᠢᠳᠠᠯ ᠬᠤᠪᠢᠷᠭ᠋ᠠᠲᠣᠢ ᠪᠣᠯᠪᠠᠴᠣ᠂ ᠭᠠᠳᠠᠭ᠋ᠠᠲᠣ ᠣᠷᠴᠢᠨ ᠠᠬᠤᠢ ᠪᠣᠯᠣᠨ ᠲᠣᠯᠭ᠋ᠠᠭᠤᠷᠢᠯᠠᠬᠤ ᠨᠦᠭᠦᠴᠡᠯ᠎ᠳᠤ ᠢᠯᠡᠷᠡᠬᠡᠢ ᠬᠤᠪᠢᠷᠠᠯᠲᠠ ᠭᠠᠷᠴᠣ᠂ ᠶᠠᠭ ᠠᠵᠣ ᠠᠬᠤᠢ ᠬᠤᠷᠳᠣᠴᠠ᠎ᠪᠠᠨ ᠨᠡᠮᠡᠭᠳᠡᠭᠦᠯᠬᠦ ᠳᠡᠰ ᠵᠶ᠋ᠠᠨ ᠰᠣᠯᠢᠬᠤ ᠬᠤᠭᠤᠴᠠᠭ᠎ᠠ ᠪᠠ ᠪᠦᠲᠦᠴᠡ ᠵᠢᠨ ᠲᠣᠬᠢᠷᠠᠭᠤᠯᠣᠯᠲᠠ ᠦᠶ᠎ᠡ ᠦᠶ᠎ᠡ ᠬᠦᠨᠳᠡᠬᠦ ᠬᠤᠭᠤᠴᠠᠭ᠋ᠠᠨ᠎ᠳᠤ ᠣᠷᠣᠰᠢᠬᠤ ᠪᠣᠯᠣᠨ᠎ᠠ᠃ ᠡᠨᠡᠬᠦ ᠬᠤᠭᠤᠴᠠᠭ᠋ᠠᠨ᠎ᠳᠤ ᠠᠵᠣ ᠠᠬᠤᠢ ᠵᠢᠨ ᠯᠠᠪᠳᠠᠭᠤᠨ ᠲᠣᠭᠲᠠᠭᠤᠨ ᠪᠦᠭᠡᠳ ᠨᠡᠯᠢᠶᠡᠳ ᠲᠦᠷᠭᠡᠨ ᠨᠡᠮᠡᠭᠳᠡᠯ᠎ᠢ ᠪᠠᠲᠣᠯᠠᠵᠣ᠂ ᠠᠵᠢᠯ ᠣᠯᠭᠤᠯᠲᠠ ᠵᠢ ᠦᠷᠭᠡᠳᠭᠡᠬᠦ᠂ ᠡᠳ᠋᠎ᠤᠨ ᠬᠦᠴᠦᠨ᠎ᠢ ᠨᠡᠮᠡᠭᠳᠡᠭᠦᠯᠬᠦ᠂ ᠠᠷᠠᠳ᠎ᠤᠨ ᠠᠮᠢᠳᠣᠷᠠᠯ᠎ᠢ ᠰᠠᠶ᠋ᠢᠵᠢᠷᠠᠭᠤᠯᠬᠤ᠂ ᠨᠡᠶ᠋ᠢᠭᠡᠮ᠎ᠢ ᠲᠣᠭᠲᠠᠭᠤᠨ ᠪᠠᠶ᠋ᠢᠯᠭ᠋ᠠᠬᠤ ᠵᠢᠱ᠌ᠢᠯᠲᠡ᠎ᠳᠤ ᠪᠠᠲᠣᠯᠠᠭ᠎ᠠ ᠬᠠᠨᠭ᠌ᠭ᠋ᠠᠬᠤ ᠬᠡᠷᠡᠭᠲᠡᠢ ᠮᠦᠷᠲᠡᠭᠡᠨ ᠪᠠᠰᠠ ᠠᠵᠣ ᠠᠬᠤᠢ ᠵᠢᠨ ᠨᠡᠮᠡᠭᠳᠡᠯ᠎ᠤᠨ ᠬᠤᠷᠳᠣᠴᠠ ᠵᠢ ᠵᠦᠢ ᠵᠣᠬᠢᠰᠲᠠᠢ ᠣᠷᠣᠨ᠎ᠳᠤ ᠬᠢᠵᠠᠭ᠋ᠠᠷᠯᠠᠵᠣ᠂ ᠠᠷᠭ᠎ᠠ ᠮᠠᠶᠢᠭ ᠵᠶ᠋ᠠᠨ ᠬᠤᠪᠢᠷᠠᠭᠤᠯᠬᠤ᠂ ᠪᠦᠲᠦᠴᠡ ᠵᠢ ᠲᠣᠬᠢᠷᠠᠭᠤᠯᠬᠤ᠎ᠳᠤ ᠣᠷᠣᠨ ᠵᠠᠢ ᠦᠯᠡᠳᠡᠭᠡᠵᠦ ᠦᠭᠬᠦ ᠬᠡᠷᠡᠭᠲᠡᠢ᠃ ᠡᠶ᠋ᠢᠮᠦ᠎ᠠᠴᠠ᠂ ᠡᠷᠬᠡᠪᠰᠢ ᠯᠠᠪᠳᠠᠭᠤᠨ ᠵᠶ᠋ᠠᠷ ᠣᠷᠣᠭᠰᠢ ᠲᠠᠪᠰᠢᠭᠤᠯᠬᠤ᠂ ᠯᠠᠪᠳᠠᠭᠤᠨ ᠵᠶ᠋ᠠᠷ ᠦᠢ᠍ᠯᠡᠰ ᠪᠦᠳᠦᠭᠡᠬᠦ᠂ ᠯᠠᠪᠳᠠᠭᠤᠨ ᠵᠶ᠋ᠠᠷ ᠴᠢᠨᠠᠷ᠎ᠢ ᠳᠡᠭᠡᠭᠰᠢᠯᠡᠭᠦᠯᠬᠦ ᠵᠢ ᠪᠠᠷᠢᠮᠲᠠᠯᠠᠨ᠂ ᠠᠵᠣ ᠠᠬᠤᠢ ᠵᠢᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ᠂ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠪᠦᠭᠡᠳ ᠲᠣᠭᠲᠠᠭᠤᠨ ᠪᠠᠶ᠋ᠢᠬᠤ ᠵᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ᠎ᠲᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠬᠤ ᠬᠡᠷᠡᠭᠲᠡᠢ᠃ ᠲᠦᠪ᠎ᠠᠴᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠴᠢᠬᠤᠯᠠ ᠶᠡᠭᠡ ᠪᠠᠶ᠋ᠢᠯᠳᠣᠬᠤ ᠪᠣᠳᠣᠯᠭ᠎ᠠ ᠵᠢᠨ ᠪᠠᠶ᠋ᠢᠷᠢᠯᠠᠭᠤᠯᠣᠯᠲᠠ ᠬᠢᠭᠰᠡᠨ ᠶᠠᠪᠣᠳᠠᠯ᠎ᠨᠢ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ ᠳᠡᠰ ᠳᠡᠪᠰᠢᠭᠦᠯᠬᠦ᠎ᠪᠠᠷ ᠭᠤᠣᠯ ᠪᠣᠯᠭ᠋ᠠᠭᠰᠠᠨ ᠰᠢᠨ᠎ᠡ ᠨᠢᠭᠡᠨ ᠡᠭᠡᠯᠵᠢ ᠵᠢᠨ ᠬᠦᠭᠵᠢᠯᠲᠡ ᠵᠢ ᠲᠦᠯᠬᠢᠨ ᠠᠬᠢᠭᠤᠯᠬᠤ ᠪᠣᠯᠣᠨ᠎ᠠ᠂ ᠬᠡᠷᠪᠡ ᠰᠢᠨ᠎ᠡ ᠡᠷᠡᠨ ᠵᠠᠭᠤᠨ᠎ᠤ ᠲᠦᠷᠦᠭᠦᠦ ᠠᠷᠪᠠᠨ ᠵᠢᠯ᠎ᠳᠤ ᠦᠪᠦᠷ ᠮᠣᠩᠭᠤᠯ ᠮᠠᠨ᠎ᠤ ᠣᠯᠣᠰ᠎ᠤᠨ ᠠᠵᠣ ᠠᠬᠤᠢ ᠵᠢᠨ ᠲᠦᠷᠭᠡᠨ ᠨᠡᠮᠡᠭᠳᠡᠯ᠎ᠤᠨ ᠬᠤᠭᠤᠴᠠᠭ᠋ᠠᠨ᠎ᠳᠤ ᠣᠷᠣᠭᠰᠠᠨ ᠴᠢᠬᠤᠯᠠ ᠶᠡᠭᠡ ᠠᠵᠠ ᠲᠣᠬᠢᠶᠠᠯ᠎ᠢ ᠵᠠᠪᠳᠣᠨ᠂ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠬᠤ᠎ᠪᠠᠷ ᠳᠠᠮᠵᠢᠭᠤᠯᠣᠨ ᠠᠵᠣ ᠠᠬᠤᠢ ᠵᠢᠨ ᠨᠢᠰᠬᠦ ᠮᠡᠲᠦ ᠲᠦᠷᠭᠡᠨ ᠬᠦᠭᠵᠢᠬᠦ ᠵᠢ ᠪᠡᠶᠡᠯᠡᠭᠦᠯᠪᠡ ᠭᠡᠬᠦ᠎ᠳᠤ ᠬᠦᠷᠪᠡᠯ᠂ ᠣᠳᠣ᠎ᠪᠠᠷ ᠵᠶ᠋ᠠᠨ ᠰᠢᠨ᠎ᠡ ᠨᠢᠭᠡᠨ ᠡᠭᠡᠯᠵᠢ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠂ ᠥᠭᠡᠷᠡᠴᠢᠯᠡᠯᠲᠡ᠎ᠪᠠᠷ ᠬᠦᠭᠵᠢᠯᠲᠡ ᠵᠢ ᠠᠬᠢᠭᠤᠯᠵᠣ ᠠᠷᠭ᠎ᠠ ᠮᠠᠶᠢᠭ ᠵᠶ᠋ᠠᠨ ᠬᠤᠪᠢᠷᠠᠭᠤᠯᠬᠤ᠎ᠪᠠᠷ ᠪᠦᠲᠦᠴᠡ ᠵᠢᠨ ᠲᠣᠬᠢᠷᠠᠭᠤᠯᠣᠯᠲᠠ ᠵᠢ ᠠᠬᠢᠭᠤᠯᠵᠣ᠂ ᠠᠷᠠᠳ᠎ᠤᠨ ᠠᠮᠢᠳᠣᠷᠠᠯ᠎ᠢ ᠰᠠᠶ᠋ᠢᠵᠢᠷᠠᠭᠤᠯᠬᠤ ᠵᠢ ᠠᠬᠢᠭᠤᠯᠵᠣ᠂ ᠥᠭᠡᠷᠡᠴᠢᠯᠡᠯᠲᠡ ᠬᠢᠵᠦ ᠰᠢᠨ᠎ᠡ ᠡᠭᠦᠳᠬᠦ᠎ᠪᠠᠷ ᠳᠠᠮᠵᠢᠭᠤᠯᠣᠨ ᠠᠵᠣ ᠠᠬᠤᠢ ᠨᠡᠶ᠋ᠢᠭᠡᠮ᠎ᠤᠨ ᠬᠦᠭᠵᠢᠯᠲᠡ ᠵᠢᠨ ᠲᠣᠲᠣᠭ᠋ᠠᠲᠣ ᠬᠦᠳᠡᠯᠭᠡᠬᠦ ᠬᠦᠴᠦᠨ ᠪᠣᠯᠣᠨ ᠠᠮᠢᠵᠢᠷᠠᠯ ᠵᠢᠨ ᠬᠦᠴᠦᠨ᠎ᠢ ᠭᠦᠢ᠍ᠴᠡᠳ ᠭᠠᠷᠭ᠋ᠠᠨ᠂ ᠨᠡᠩ ᠰᠠᠶ᠋ᠢᠨ ᠶᠠᠰᠣ ᠴᠢᠨᠠᠷ᠂ ᠨᠡᠩ ᠢᠯᠡᠭᠦᠦ ᠦᠷ᠎ᠡ ᠠᠰᠢᠭ᠂ ᠨᠡᠩ ᠦᠷᠭᠦᠯᠵᠢᠯᠡᠬᠦ ᠬᠦᠭᠵᠢᠯᠲᠡ ᠵᠢ ᠪᠡᠶᠡᠯᠡᠭᠦᠯᠬᠦ ᠬᠡᠷᠡᠭᠲᠡᠢ᠃ ᠭᠤᠷᠪᠠ᠎ᠳᠤ ᠠᠷᠠᠳ᠎ᠤᠨ ᠠᠮᠢᠳᠣᠷᠠᠯ᠎ᠢ ᠡᠩ ᠲᠡᠷᠢᠭᠦᠨ᠎ᠳᠤ ᠪᠠᠶ᠋ᠢᠯᠭ᠋ᠠᠬᠤ ᠵᠢ ᠪᠠᠷᠢᠮᠲᠠᠯᠠᠬᠤ ᠬᠡᠷᠡᠭᠲᠡᠢ᠃ ᠲᠦᠪ᠎ᠤᠨ 《ᠨᠠᠭ᠋ᠠᠲᠣ ᠵᠠᠬ᠎ᠠ ᠵᠢᠨ ᠨᠦᠭᠦᠴᠡᠯ ᠪᠣᠯᠣᠮᠵᠢ᠎ᠪᠠᠨ ᠪᠠᠷᠢᠮᠲᠠᠯᠠᠬᠤ᠂ ᠭᠤᠣᠯᠳᠠᠭ᠎ᠠ ᠵᠢ ᠳᠣᠪᠣᠶ᠋ᠢᠯᠭ᠋ᠠᠬᠤ᠂ ᠳᠦᠷᠢᠮ᠎ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡ᠎ᠨᠢ ᠬᠦᠳᠦᠯᠦᠨ ᠵᠢᠯᠣᠭᠤᠳᠬᠤ》 ᠱᠠᠠᠭ᠋ᠠᠷᠲᠠᠯᠭᠠ ᠶᠣᠰᠣᠭ᠋ᠠᠷ᠂ ᠦᠪᠡᠷᠲᠡᠭᠡᠨ ᠵᠠᠰᠠᠬᠤ ᠣᠷᠣᠨ᠎ᠤ ᠪᠣᠲᠠᠲᠣ ᠪᠠᠶ᠋ᠢᠳᠠᠯ᠎ᠲᠠᠢ ᠣᠶᠠᠯᠳᠣᠭᠤᠯᠣᠨ᠂ ᠠᠵᠢᠯ ᠣᠯᠭᠤᠬᠤ᠂ ᠰᠣᠷᠭ᠋ᠠᠨ ᠬᠦᠮᠦᠵᠢᠯ᠂ ᠣᠷᠣᠨ ᠰᠠᠭᠤᠴᠠ᠂ ᠨᠡᠶ᠋ᠢᠭᠡᠮ᠎ᠤᠨ ᠪᠠᠲᠣᠯᠠᠭ᠎ᠠ᠂ ᠣᠷᠣᠯᠭ᠎ᠠ ᠵᠢᠨ ᠬᠤᠪᠢᠶᠠᠷᠢᠯᠠᠯᠲᠠ᠂ ᠣᠯᠠᠨ ᠨᠡᠶ᠋ᠢᠲᠡ ᠵᠢᠨ ᠠᠮᠣᠷ ᠲᠦᠪᠰᠢᠨ ᠵᠡᠷᠭᠡ ᠠᠷᠠᠳ᠎ᠤᠨ ᠠᠮᠢᠳᠣᠷᠠᠯ᠎ᠤᠨ ᠡᠯ᠎ᠡ ᠵᠦᠢ᠍ᠯ᠎ᠤᠨ ᠠᠵᠢᠯ᠎ᠢ ᠨᠢᠭᠡᠲᠦᠯᠲᠡᠢ ᠲᠦᠯᠦᠪᠯᠡᠨ ᠰᠠᠶ᠋ᠢᠳᠣᠷ ᠬᠢᠵᠦ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠣᠯᠲᠠ ᠵᠢ ᠲᠦᠷᠭᠡᠳᠭᠡᠨ ᠠᠬᠢᠭᠤᠯᠵᠣ᠂ ᠪᠦᠬᠦ ᠰᠡᠳᠭᠢᠯ ᠪᠠᠶ᠋ᠢᠳᠠᠭ ᠴᠢᠳᠠᠯ ᠵᠶ᠋ᠠᠷ ᠵᠶ᠋ᠠᠨ ᠠᠷᠠᠳ ᠣᠯᠠᠨ᠎ᠳᠤ ᠪᠣᠲᠠᠲᠣ ᠶᠠᠪᠣᠳᠠᠯ ᠬᠢᠵᠦ ᠦᠭᠵᠦ ᠬᠦᠴᠢᠷ ᠶᠠᠪᠣᠳᠠᠯ᠎ᠢ᠎ᠨᠢ ᠰᠢᠢ᠍ᠳᠪᠦᠷᠢᠯᠡᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠥᠭᠡᠷᠡᠴᠢᠯᠡᠯᠲᠡ ᠬᠦᠭᠵᠢᠯᠲᠡ ᠵᠢ ᠦᠷ᠎ᠡ ᠪᠦᠲᠦᠭᠡᠯ᠎ᠢ ᠭᠦᠢ᠍ᠴᠡᠳ ᠬᠦᠷᠲᠡᠭᠡᠬᠦ ᠬᠡᠷᠡᠭᠲᠡᠢ᠃
ᠡᠨᠡ ᠵᠢᠯ ᠲᠣᠣᠷᠠᠬᠢ ᠠᠷᠪᠠᠨ ᠠᠵᠢᠯ᠎ᠢ ᠭᠤᠣᠯᠳᠠᠯᠭ᠎ᠠ᠎ᠲᠠᠢ ᠰᠠᠶ᠋ᠢᠳᠣᠷ ᠠᠳᠬᠤᠬᠤ ᠬᠡᠷᠡᠭᠲᠡᠢ᠃
(ᠨᠢᠭᠡ) ᠪᠦᠲᠦᠮᠵᠢ᠎ᠲᠠᠢ ᠬᠡᠷᠡᠭᠴᠡᠭᠡ ᠵᠢ ᠴᠢᠷᠮᠠᠶ᠋ᠢᠨ ᠦᠷᠭᠡᠳᠬᠡᠵᠤ᠂ ᠠᠵᠤ ᠠᠬᠤᠢ ᠵᠢᠨ ᠲᠤᠭᠲᠠᠭᠤᠨ ᠵᠶ᠋ᠠᠷ ᠨᠡᠮᠡᠭᠳᠡᠭᠦ ᠵᠢ ᠠᠬᠢᠭᠤᠯᠤᠨ᠎ᠠ
ᠪᠡᠯᠡ ᠤᠷᠤᠭᠤᠯᠤᠯᠲᠠ ᠵᠢ ᠳᠤᠪᠤᠶ᠋ᠢᠮ᠎ᠠ ᠰᠠᠶ᠋ᠢᠲᠤᠷ ᠠᠳᠬᠤᠨ᠎ᠠ᠃ ᠲᠦᠷᠦ ᠵᠢᠨ ᠶᠠᠪᠤᠳᠠᠯ ᠤᠨ ᠬᠤᠷᠢᠶᠠᠨ ᠤ 《ᠦᠪᠦᠷ ᠮᠤᠩᠭᠤᠯ᠎ᠤᠨ ᠠᠵᠤ ᠠᠬᠤᠢ ᠨᠡᠶ᠋ᠢᠭᠡᠮ᠎ᠤᠨ ᠴᠢᠨᠠᠷᠯᠢᠭ ᠪᠦᠭᠡᠳ ᠲᠦᠷᠭᠡᠨ ᠬᠦᠭᠵᠢᠯᠲᠠ ᠵᠢ ᠠᠬᠢᠭᠤᠯᠬᠤ ᠲᠤᠬᠠᠢ ᠰᠠᠨᠠᠯ᠎ᠤᠳ》᠎ᠢ ᠤᠯᠠᠮ ᠨᠢᠭᠡ ᠠᠯᠬᠤᠮ ᠨᠡᠶ᠋ᠢᠳᠠᠪᠤᠷᠢᠵᠢᠭᠤᠯᠵᠤ᠂ ᠪᠤᠭᠤᠮᠢ ᠬᠢᠵᠠᠭ᠋ᠠᠷᠯᠠᠯ᠎ᠢ ᠰᠢᠪᠲᠤᠯᠬᠤ᠂ ᠠᠵᠤ ᠦᠢ᠍ᠯᠡᠰ᠎ᠤᠨ ᠪᠦᠲᠦᠴᠡ ᠵᠢ ᠲᠤᠬᠢᠷᠠᠭᠤᠯᠬᠤ ᠪᠠ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠤᠵᠤ ᠪᠡᠯᠡ ᠤᠷᠤᠭᠤᠯᠤᠯᠲᠠ ᠵᠢ ᠠᠳᠬᠤᠬᠤ ᠲᠤᠭᠤᠷᠢᠨ᠎ᠳᠤ᠂ ᠵᠠᠮ ᠬᠠᠷᠢᠯᠴᠠᠭ᠎ᠠ ᠲᠡᠬᠡᠬᠡᠪᠦᠷᠢ ᠵᠢᠨ ᠰᠢᠰᠲ᠋ᠧᠮᠵᠢ᠂ ᠡᠨᠧᠷᠬᠢ ᠵᠢ ᠭᠠᠳᠠᠭᠰᠢ ᠬᠦᠷᠭᠡᠬᠦ ᠨᠡᠪᠲᠡᠷᠡᠯ ᠵᠠᠮ᠂ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠪᠠ ᠮᠡᠳᠡᠭᠡ ᠵᠠᠩᠬᠢ ᠵᠢᠨ ᠲᠤᠤᠷ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ 《ᠲᠠᠪᠤᠨ ᠶᠡᠭᠡ ᠰᠠᠭᠤᠷᠢᠨ ᠭᠠᠵᠠᠷ》᠎ᠤᠨ ᠭᠤᠤᠯᠳᠠᠯᠭ᠎ᠠ᠎ᠲᠠᠢ ᠲᠦᠯᠦᠪᠵᠢᠭᠦᠯᠭᠡ ᠵᠢᠨ ᠲᠦᠷᠦᠯ ᠵᠦᠢ᠍ᠯ᠎ᠢ ᠶᠡᠬᠡᠪᠡᠷ ᠲᠦᠯᠬᠢᠨ ᠠᠬᠢᠭᠤᠯᠵᠤ᠂ ᠲᠡᠷᠢᠶᠠᠯᠠᠩ ᠮᠠᠯ ᠠᠵᠤ ᠠᠬᠤᠢ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠦᠷᠢᠶᠡᠨ᠎ᠤ ᠪᠡᠯᠡ ᠤᠷᠤᠭᠤᠯᠤᠯᠲᠠ ᠵᠢ ᠪᠦᠲᠦᠮᠵᠢᠲᠠᠢ᠎ᠪᠠᠷ ᠨᠡᠮᠡᠭᠳᠡᠭᠦᠯᠦᠨ᠎ᠡ᠃ ᠤᠯᠠᠨ ᠲᠠᠯ᠎ᠠ᠎ᠠᠴᠠ ᠪᠡᠯᠡ ᠤᠷᠤᠭᠤᠯᠬᠤ᠂ ᠵᠠᠬ᠎ᠠ ᠳᠡᠯᠭᠡᠬᠦᠷ ᠵᠶ᠋ᠠᠷ ᠠᠵᠢᠯᠯᠠᠭᠤᠯᠬᠤ᠂ ᠲᠦᠷᠦ ᠵᠢᠨ ᠪᠤᠳᠤᠯᠭ᠎ᠠ ᠵᠢ ᠲᠦᠬᠦᠷᠵᠢᠭᠦᠯᠬᠦ ᠦᠨᠳᠦᠰᠦᠨ ᠰᠡᠳᠬᠢᠴᠡ ᠵᠢ ᠪᠠᠷᠢᠮᠲᠠᠯᠠᠨ᠂ ᠪᠡᠯᠡ ᠲᠤᠬᠢᠷᠠᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢ ᠤᠨᠤᠪᠴᠢᠲᠠᠢ ᠡᠵᠡᠮᠰᠢᠨ᠂ ᠲᠦᠪ᠎ᠤᠨ ᠲᠦᠰᠦᠪ᠎ᠤᠨ ᠲᠤᠲᠤᠷᠠᠬᠢ ᠪᠡᠯᠡ ᠮᠦᠡᠭᠭᠦ ᠵᠢ ᠢᠳᠡᠪᠬᠢᠯᠡᠨ ᠤᠯᠵᠤ᠂ ᠮᠦᠡᠭᠭᠦᠨ ᠬᠦᠢ᠍ᠯᠭᠡᠭᠡᠨ᠎ᠤ ᠪᠠᠶ᠋ᠢᠭᠤᠯᠤᠮᠵᠢ ᠵᠢᠨ ᠪᠡᠯᠡ ᠲᠤᠬᠢᠷᠠᠭᠤᠯᠬᠤ ᠬᠡᠪᠴᠢᠶ᠎ᠡ᠎ᠪᠠᠨ ᠦᠷᠭᠡᠳᠬᠡᠬᠦ ᠵᠢ ᠳᠡᠮᠵᠢᠵᠤ ᠬᠦᠲᠦᠯᠦᠨ ᠵᠢᠯᠦᠭᠤᠳᠤᠨ᠎ᠠ᠃ ᠪᠡᠯᠡ ᠤᠷᠤᠭᠤᠯᠬᠤ ᠪᠡᠯᠡ ᠲᠤᠬᠢᠷᠠᠭᠤᠯᠬᠤ ᠪᠠᠶ᠋ᠢᠭᠤᠯᠤᠯ ᠲᠤᠭᠲᠠᠴᠠ ᠵᠢᠨ ᠰᠢᠨ᠎ᠠ ᠵᠢ ᠡᠭᠦᠳᠴᠤ᠂ ᠪᠡᠯᠡ ᠤᠷᠤᠭᠤᠯᠵᠤ ᠪᠡᠯᠡ ᠲᠤᠬᠢᠷᠠᠭᠤᠯᠬᠤ ᠤᠷᠴᠢᠨ ᠨᠦᠬᠦᠴᠡᠯ᠎ᠢ ᠶᠡᠬᠡᠪᠡᠷ ᠰᠠᠶ᠋ᠢᠵᠢᠷᠠᠭᠤᠯᠤᠨ᠂ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠪᠡᠯᠡ ᠤᠷᠤᠭᠤᠯᠬᠤ ᠢᠲᠡᠭᠡᠯ ᠵᠤᠷᠢᠭ᠎ᠢ ᠨᠡᠮᠡᠭᠳᠡᠭᠦᠯᠵᠤ᠂ ᠠᠷᠠᠳ᠎ᠤᠨ ᠪᠡᠯᠡ ᠤᠷᠤᠭᠤᠯᠤᠯᠲᠠ ᠵᠢᠨ ᠳᠠᠯᠳᠠ ᠬᠦᠴᠦᠨ᠎ᠢ ᠬᠦᠢ᠍ᠴᠡᠳ ᠠᠭᠤᠲᠠᠯᠯᠠᠨᠠ᠃ ᠵᠠᠰᠠᠭ᠎ᠤᠨ ᠤᠷᠳᠤᠨ᠎ᠤ ᠪᠡᠯᠡ ᠤᠷᠤᠭᠤᠯᠤᠯᠲᠠ ᠵᠢᠨ ᠬᠦᠰᠢᠭᠦᠷᠬᠡ ᠵᠢᠨ ᠦᠢ᠍ᠯᠡᠳᠦᠯ᠎ᠢ ᠪᠠᠳᠠᠷᠠᠭᠤᠯᠤᠨ᠂ ᠡᠬᠢ ᠪᠠᠶᠠᠯᠢᠭ᠂ ᠡᠳ᠋ ᠬᠦᠷᠦᠩᠭᠡ᠂ ᠬᠦᠷᠦᠩᠭᠡ ᠵᠢ ᠨᠢᠭᠡ ᠴᠤᠭᠴᠠᠵᠢᠭᠤᠯᠤᠨ ᠠᠵᠢᠯᠯᠠᠭᠤᠯᠬᠤ ᠵᠢ ᠲᠦᠯᠬᠢᠨ ᠠᠬᠢᠭᠤᠯᠵᠤ᠂ ᠬᠦᠭᠵᠢᠭᠦᠯᠦᠯᠲᠡ ᠵᠢᠨ ᠰᠠᠭᠤᠷᠢ ᠮᠦᠡᠭᠭᠦ ᠪᠠᠶ᠋ᠢᠭᠤᠯᠬᠤ᠂ ᠵᠢᠭᠡᠯᠡᠯᠭᠡ ᠵᠢᠨ ᠲᠡᠮᠳᠡᠭ᠎ᠲᠤ ᠲᠠᠷᠬᠠᠭ᠋ᠠᠬᠤ᠂ ᠰᠲ᠋ᠤᠺ᠎ᠤᠨ ᠡᠷᠬᠡ ᠵᠢ ᠬᠢᠮᠳᠡ᠎ᠪᠠᠷ ᠬᠤᠳᠠᠯᠳᠤᠬᠤ ᠵᠡᠷᠭᠡ ᠪᠡᠯᠡ ᠲᠤᠬᠢᠷᠠᠭᠤᠯᠬᠤ ᠠᠷᠭ᠎ᠠ ᠮᠠᠶᠢᠭ᠎ᠢ ᠬᠠᠶ᠋ᠢᠨ ᠰᠦᠪᠡᠭᠴᠢᠯᠡᠵᠤ᠂ ᠪᠠᠶ᠋ᠢᠯᠳᠤᠬᠤ ᠪᠤᠳᠤᠯᠭ᠎ᠠ ᠵᠢᠨ ᠰᠢᠨ᠎ᠡ ᠵᠢ ᠡᠭᠦᠳᠬᠦ ᠠᠵᠤ ᠦᠢ᠍ᠯᠡᠰ᠎ᠤᠨ ᠰᠠᠭᠤᠷᠢ ᠮᠦᠡᠭᠭᠦ ᠵᠢᠨ ᠠᠵᠢᠯᠯᠠᠭ᠋ᠠᠨ᠎ᠢ ᠠᠬᠢᠭᠤᠯᠤᠨ᠎ᠠ᠃
ᠭᠤᠤᠯᠳᠠᠯᠭ᠎ᠠ᠎ᠲᠠᠢ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠪᠦᠬᠦ ᠲᠠᠯ᠎ᠠ ᠵᠢᠨ ᠴᠢᠨᠠᠷ᠂ ᠰᠠᠭᠤᠷᠢ ᠴᠢᠨᠠᠷ ᠪᠠ ᠪᠠᠶ᠋ᠢᠯᠳᠤᠬᠤ ᠪᠤᠳᠤᠯᠭ᠎ᠠ ᠵᠢᠨ ᠴᠢᠨᠠᠷ ᠪᠦᠬᠦᠢ ᠨᠦᠯᠦᠭᠡ᠎ᠲᠠᠢ ᠨᠢᠭᠡ ᠪᠦᠯᠦᠭ ᠴᠢᠬᠤᠯᠡ ᠶᠡᠭᠡ ᠲᠦᠷᠦᠯ ᠵᠦᠢ᠍ᠯ᠎ᠢ ᠵᠤᠬᠢᠶᠠᠨ ᠪᠠᠶ᠋ᠢᠭᠤᠯᠤᠨ ᠬᠡᠷᠡᠭᠵᠢᠭᠦᠯᠵᠤ᠂ ᠤᠮᠠᠷᠠᠲᠤ ᠤᠷᠤᠨ᠂ ᠵᠡᠭᠦᠨ ᠬᠤᠶ᠋ᠢᠲᠤ ᠤᠷᠤᠨ᠂ ᠳᠤᠮᠳᠠᠲᠤ ᠤᠷᠤᠨ ᠪᠤᠯᠤᠨ ᠲᠤᠷᠤᠨᠠᠲᠤ ᠤᠷᠤᠨ ᠲᠠᠰ᠎ᠢ ᠬᠠᠨᠳᠤᠭᠤᠯᠤᠭᠰᠠᠨ ᠴᠡᠪᠡᠷ ᠡᠨᠧᠷᠬᠢ ᠭᠠᠷᠭ᠋ᠠᠬᠤ ᠨᠡᠪᠲᠡᠷᠡᠯ ᠵᠠᠮ ᠬᠢᠭᠡᠳ ᠢᠵᠢ ᠪᠦᠷᠢᠯᠳᠦᠬᠦᠯᠦᠭᠰᠡᠨ ᠴᠠᠬᠢᠯᠭ᠋ᠠᠨ ᠡᠭᠦᠰᠬᠡᠭᠴᠢ ᠵᠢᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠴᠠᠬᠢᠯᠭ᠋ᠠᠨ ᠬᠦᠴᠦᠨ᠂ ᠲᠤᠰᠦ ᠬᠡᠢ ᠵᠢ ᠭᠠᠳᠠᠭᠰᠢ ᠬᠦᠷᠭᠡᠬᠦ ᠨᠡᠪᠲᠡᠷᠡᠯ ᠵᠠᠮ᠎ᠤᠨ ᠲᠦᠷᠦᠯ ᠵᠦᠢ᠍ᠯ᠎ᠤᠨ ᠵᠦᠪᠰᠢᠶᠡᠷᠡᠯ᠎ᠢ ᠲᠦᠷᠭᠡᠬᠡᠨ ᠤᠯᠬᠤ᠎ᠪᠠᠷ ᠴᠢᠷᠮᠠᠶ᠋ᠢᠨ᠎ᠠ᠃ ᠳᠡᠭᠡᠲᠤ ᠬᠤᠷᠲᠤ ᠵᠢᠨ ᠵᠠᠰᠠᠮᠠᠯ ᠵᠠᠮ᠎ᠤᠨ ᠲᠤᠤᠷ ᠪᠠ ᠤᠯᠤᠰ ᠪᠤᠯᠤᠨ ᠮᠤᠵᠢ ᠵᠢᠨ ᠭᠤᠤᠯ ᠱᠤᠭᠤᠮ᠎ᠤᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠬᠤᠰᠢᠭᠤ ᠰᠢᠶᠠᠨ᠎ᠳᠤ ᠨᠡᠪᠲᠡᠷᠡᠬᠦ ᠨᠢᠭᠡᠳᠤᠭᠡᠷ ᠳᠡᠰ᠎ᠤᠨ ᠵᠠᠰᠠᠮᠠᠯ ᠵᠠᠮ ᠪᠠ ᠭᠠᠴᠠᠭ᠎ᠠ ᠲᠤᠰᠬᠤᠨ᠎ᠳᠤ ᠨᠡᠪᠲᠡᠷᠡᠬᠦ ᠪᠠᠷᠤᠭᠰᠢᠨ ᠱᠦᠢ᠍ᠨᠢ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠪᠡᠭᠡᠵᠢᠩ᠎ᠠᠴᠠ ᠰᠢᠨᠵᠢᠶᠠᠩ ᠬᠦᠷᠬᠦ ᠳᠡᠭᠡᠲᠤ ᠬᠤᠷᠲᠤ ᠵᠢᠨ ᠵᠠᠰᠠᠮᠠᠯ ᠵᠠᠮ᠎ᠤᠨ ᠯᠢᠩᠾᠧ᠎ᠠᠴᠠ ᠦᠪᠦᠷ ᠮᠤᠩᠭᠤᠯ ᠭᠠᠨᠰᠤ ᠵᠢᠨ ᠵᠠᠭ᠋ᠠᠭ ᠬᠦᠷᠬᠦ᠂ ᠷᠦᠡᠭ ᠴᠸᠡᠭ᠎ᠠᠴᠠ ᠦᠬᠠᠢ ᠬᠦᠷᠬᠦ ᠳᠡᠭᠡᠲᠤ ᠬᠤᠷᠲᠤ ᠵᠢᠨ ᠵᠠᠰᠠᠮᠠᠯ ᠵᠠᠮ᠎ᠤᠨ ᠦᠵᠦᠬᠦᠷ ᠪᠠᠯᠭ᠋ᠠᠰᠤ᠎ᠠᠴᠠ ᠦᠬᠠᠢ ᠬᠦᠷᠬᠦ᠂ ᠳ᠋ᠠᠨᠳᠦ᠋ᠡᠭᠠᠴᠠ ᠰᠢᠯᠢᠩᠬᠤᠲᠠ ᠬᠦᠷᠬᠦ ᠳᠡᠭᠡᠲᠤ ᠬᠤᠷᠲᠤ ᠵᠢᠨ ᠵᠠᠰᠠᠮᠠᠯ ᠵᠠᠮ᠎ᠤᠨ ᠪᠢᠷᠠᠭᠤ ᠪᠠᠯᠭ᠋ᠠᠰᠤ᠎ᠠᠴᠠ ᠰᠢᠯᠢᠩᠬᠤᠲᠠ ᠬᠦᠷᠬᠦ ᠳᠡᠭᠡᠲᠤ ᠬᠤᠷᠳᠤ ᠵᠢᠨ ᠵᠠᠰᠠᠮᠠᠯ ᠵᠠᠮ ᠪᠤᠯᠤᠨ ᠤᠯᠠᠭ᠋ᠠᠨᠬᠤᠲᠠ᠎ᠠᠴᠠ ᠷᠠᠰᠢᠶᠠᠨ ᠬᠦᠷᠬᠦ ᠨᠢᠭᠡᠳᠤᠭᠡᠷ ᠳᠡᠰ᠎ᠤᠨ ᠵᠠᠰᠠᠮᠠᠯ ᠵᠠᠮ᠎ᠤᠨ ᠦᠭᠡᠷᠡᠴᠢᠯᠡᠨ ᠪᠠᠶ᠋ᠢᠭᠤᠯᠬᠤ ᠵᠡᠷᠭᠡ ᠲᠦᠷᠦᠯ ᠵᠦᠢ᠍ᠯ᠎ᠢ ᠰᠢᠨ᠎ᠡ᠎ᠪᠠᠷ ᠠᠵᠢᠯ ᠡᠬᠢᠯᠡᠭᠦᠯᠵᠤ᠂ ᠳᠡᠭᠡᠲᠤ ᠬᠤᠷᠲᠤ ᠵᠢᠨ ᠵᠠᠰᠠᠮᠠᠯ ᠵᠠᠮ 1990 ᠺᠢᠯᠤᠮᠸᠲᠷ᠂ ᠭᠠᠴᠠᠭ᠎ᠠ ᠲᠤᠰᠬᠤᠨ᠎ᠳᠤ ᠨᠡᠪᠲᠡᠷᠡᠬᠦ ᠪᠠᠷᠤᠭᠰᠢᠨ ᠱᠦᠢ᠍ᠨᠢ ᠵᠠᠮ᠎ᠢ ᠰᠢᠨ᠎ᠡ᠎ᠪᠠᠷ 700 ᠵᠢ ᠨᠡᠮᠡᠭᠳᠡᠭᠦᠯᠬᠦ ᠵᠢ ᠪᠠᠭᠲᠠᠭ᠋ᠠᠭᠰᠠᠨ ᠵᠠᠰᠠᠮᠠᠯ ᠵᠠᠮ᠎ᠤᠨ ᠬᠡᠪᠴᠢᠶ᠎ᠡ ᠵᠢ 1.4 ᠲᠦᠮᠡᠨ ᠺᠢᠯᠤᠮᠧᠳ᠋ᠷ ᠪᠦᠲᠦᠭᠡᠨ ᠪᠠᠶ᠋ᠢᠭᠤᠯᠤᠨ᠎ᠠ᠃ ᠬᠦᠬᠡᠬᠤᠲᠠ᠎ᠠᠴᠠ ᠴᠢᠭᠤᠯᠤᠯᠲᠤ ᠬᠠᠭ᠋ᠠᠯᠭ᠎ᠠ ᠬᠦᠷᠬᠦ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠢ ᠱᠤᠭᠤᠮ᠎ᠤᠨ ᠲᠡᠮᠦᠷ ᠵᠠᠮ᠂ ᠬᠦᠬᠡᠬᠤᠲᠠ᠎ᠠᠴᠠ ᠵᠡᠭᠦᠨᠭ᠋ᠠᠷ ᠤᠷᠳᠤᠰ ᠬᠦᠷᠬᠦ ᠲᠦᠷᠭᠡᠨ ᠬᠤᠷᠳᠤ ᠵᠢᠨ ᠲᠡᠮᠦᠷ ᠵᠠᠮ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠦᠪᠦᠷ ᠮᠤᠩᠭᠤᠯ᠎ᠤᠨ ᠪᠠᠷᠠᠭᠤᠨ ᠬᠡᠰᠡᠭ᠎ᠠᠴᠠ ᠳᠤᠮᠳᠠᠲᠤ ᠤᠷᠤᠨ ᠬᠦᠷᠬᠦ᠂ ᠡᠵᠡᠨ᠎ᠡ᠎ᠠᠴᠠ ᠬᠠᠮᠢ ᠬᠦᠷᠬᠦ᠂ ᠪᠠᠶ᠋ᠢᠴᠸᠡᠭᠠᠴᠠ ᠷᠠᠰᠢᠶᠠᠨ ᠬᠦᠷᠬᠦ ᠲᠡᠮᠦᠷ ᠵᠠᠮ᠎ᠤᠨ ᠴᠢᠳᠠᠪᠤᠷᠢ ᠵᠢ ᠦᠷᠭᠡᠳᠬᠡᠨ ᠦᠭᠡᠷᠡᠴᠢᠯᠡᠨ ᠪᠠᠶ᠋ᠢᠭᠤᠯᠬᠤ ᠪᠠ ᠬᠠᠷᠪᠢᠨ᠎ᠠᠴᠠ ᠮᠠᠨᠵᠤᠤᠷ ᠬᠦᠷᠬᠦ ᠲᠡᠮᠦᠷ ᠵᠠᠮ᠎ᠤᠨ ᠴᠠᠬᠢᠯᠭ᠋ᠠᠨᠵᠢᠭᠤᠯᠤᠨ ᠦᠭᠡᠷᠡᠴᠢᠯᠡᠬᠦ ᠵᠡᠷᠬᠡ ᠲᠦᠷᠦᠯ ᠵᠦᠢ᠍ᠯ᠎ᠢ ᠰᠢᠨ᠎ᠡ᠎ᠪᠠᠷ ᠪᠠᠷᠢᠯᠭ᠎ᠠ ᠡᠬᠢᠯᠡᠬᠦᠯᠵᠤ᠂ ᠲᠦᠡᠭᠯᠢᠶᠤᠤ᠂ ᠤᠯᠠᠭ᠋ᠠᠨᠬᠠᠳᠠ᠎ᠠᠴᠠ ᠪᠡᠭᠡᠵᠢᠩ ᠮᠦᠭᠳᠡᠨ ᠬᠦᠷᠬᠦ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠢ ᠱᠤᠭᠤᠮ᠎ᠤᠨ ᠲᠡᠮᠦᠷ ᠵᠠᠮ᠎ᠤᠨ ᠬᠤᠯᠪᠤᠬᠤ ᠱᠤᠭᠤᠮ᠎ᠤᠨ ᠡᠮᠦᠨᠡᠬᠦ ᠬᠤᠭᠤᠴᠠᠭ᠋ᠠᠨ᠎ᠤ ᠠᠵᠢᠯ᠎ᠢ ᠲᠦᠯᠬᠢᠨ ᠠᠬᠢᠭᠤᠯᠵᠤ᠂ 1800 ᠺᠢᠯᠦᠮᠸᠲᠷ ᠤᠷᠲᠤ ᠲᠡᠮᠦᠷ ᠵᠠᠮ᠎ᠢ ᠰᠢᠨ᠎ᠡ᠎ᠪᠠᠷ ᠪᠠᠷᠢᠯᠭ᠎ᠠ ᠡᠬᠢᠯᠡᠬᠦᠯᠦᠨ᠂ ᠲᠡᠭᠡᠭᠡᠪᠦᠷᠢ ᠡᠵᠡᠩᠨᠡᠬᠦ ᠤᠷᠲᠤ ᠵᠢ 1100 ᠺᠢᠯᠦᠮᠸᠲᠷ ᠰᠢᠨ᠎ᠡ᠎ᠪᠠᠷ ᠨᠡᠮᠡᠭᠳᠡᠬᠦᠯᠦᠨ᠎ᠡ᠃ ᠬᠦᠬᠡᠬᠤᠲᠠ ᠨᠢᠰᠬᠡᠯ᠎ᠤᠨ ᠪᠠᠭᠤᠳᠠᠯ᠎ᠤᠨ ᠨᠡᠬᠦᠯᠬᠡᠵᠤ ᠪᠠᠶ᠋ᠢᠭᠤᠯᠬᠤ ᠠᠵᠢᠯ᠎ᠢ ᠲᠦᠷᠭᠡᠳᠬᠡᠨ᠂ ᠬᠤᠤᠯᠢᠨ ᠭᠤᠤᠯ᠂ ᠤᠯᠠᠭ᠋ᠠᠨᠴᠠᠪ᠎ᠤᠨ ᠨᠢᠰᠬᠡᠯ᠎ᠤᠨ ᠪᠠᠭᠤᠳᠠᠯ᠎ᠢ ᠪᠠᠶ᠋ᠢᠭᠤᠯᠵᠤ ᠳᠠᠭᠤᠰᠬᠠᠨ᠂ ᠪᠤᠭᠤᠲᠤ᠂ ᠤᠯᠠᠭ᠋ᠠᠨᠬᠤᠲᠠ᠂ ᠤᠯᠠᠭ᠋ᠠᠨᠬᠠᠳᠠ ᠵᠢᠨ ᠨᠢᠰᠬᠡᠯ᠎ᠤᠨ ᠪᠠᠭᠤᠳᠠᠯ᠎ᠤᠨ ᠦᠭᠡᠷᠡᠴᠢᠯᠡᠵᠤ ᠦᠷᠬᠡᠳᠬᠡᠨ ᠪᠠᠷᠢᠯᠭ᠎ᠠ ᠵᠢ ᠪᠡᠶᠡᠯᠡᠭᠦᠯᠵᠤ᠂ ᠤᠯᠤᠰ᠎ᠤᠨ ᠳᠡᠰ᠎ᠤᠨ ᠠᠵᠢᠯ ᠡᠬᠦᠷᠬᠡ ᠬᠦᠢ᠍ᠴᠡᠳᠬᠡᠬᠦ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠲᠡᠭᠡᠭᠡᠪᠦᠷᠢ ᠵᠢᠨ ᠲᠤᠷᠰᠢᠯᠲᠠ ᠵᠢᠨ ᠠᠵᠢᠯ᠎ᠢ ᠲᠦᠯᠬᠢᠨ ᠠᠬᠢᠭᠤᠯᠵᠤ᠂ ᠨᠡᠶ᠋ᠢᠳᠡᠮ ᠬᠡᠷᠡᠭᠯᠡᠬᠡᠨ᠎ᠤ ᠨᠢᠰᠬᠡᠯ᠎ᠤᠨ ᠪᠠᠭᠤᠳᠠᠯ᠎ᠢ ᠪᠠᠶ᠋ᠢᠭᠤᠯᠵᠤ ᠳᠠᠭᠤᠰᠬᠠᠬᠤ᠎ᠪᠠᠷ ᠴᠢᠷᠮᠠᠶ᠋ᠢᠨ᠎ᠠ᠃ ᠦᠨᠳᠡᠭᠡᠨ᠂ 《ᠴᠤᠤᠯ ᠭᠤᠤᠯ᠎ᠤᠨ ᠤᠰᠤ ᠵᠢ ᠲᠠᠲᠠᠵᠤ ᠯᠢᠶᠤᠤ ᠡᠾᠧ ᠭᠤᠤᠯ᠎ᠳᠤ ᠨᠡᠮᠡᠷᠢᠯᠡᠬᠦ》᠂ ᠬᠠᠲᠤᠨ ᠭᠤᠤᠯ᠎ᠤᠨ ᠦᠶᠡᠷ ᠰᠡᠷᠭᠡᠶ᠋ᠢᠯᠡᠬᠦ ᠪᠠᠷᠢᠯᠭ᠎ᠠ ᠵᠢᠨ ᠬᠤᠶᠠᠳᠤᠭ᠋ᠠᠷ ᠬᠤᠭᠤᠴᠠᠭ᠎ᠠ ᠵᠡᠷᠭᠡ ᠭᠤᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠤᠯᠢᠶᠠᠰᠤᠲᠠᠢ ᠨᠠᠭᠤᠷ ᠪᠤᠯᠤᠨ ᠬᠦᠯᠦᠨ ᠨᠠᠭᠤᠷ᠎ᠤᠨ ᠤᠰᠤᠨ᠎ᠤ ᠤᠷᠴᠢᠨ ᠲᠤᠭᠤᠷᠢᠨ᠎ᠢ ᠵᠠᠰᠠᠬᠤ ᠶᠠᠪᠤᠳᠠᠯ᠎ᠢ ᠰᠠᠶ᠋ᠢᠲᠤᠷ ᠠᠳᠬᠤᠨ᠂ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠪᠠᠲᠤᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃
ᠬᠡᠷᠡᠭᠯᠡᠭᠡᠨ ᠪᠠ ᠭᠠᠳᠠᠭ᠋ᠠᠲᠤ ᠬᠡᠷᠡᠭᠴᠡᠭᠡ ᠵᠢ ᠬᠦᠴᠦᠯᠡᠨ ᠦᠷᠭᠡᠳᠬᠡᠨ᠎ᠡ᠃ ᠬᠡᠷᠡᠭᠯᠡᠬᠡᠨ᠎ᠤ ᠰᠠᠭᠤᠷᠢ ᠦᠢ᠍ᠯᠡᠳᠦᠯ᠎ᠢ ᠬᠦᠢ᠍ᠴᠡᠳ ᠪᠠᠳᠠᠷᠠᠭᠤᠯᠤᠨ᠂ ᠬᠡᠷᠡᠭᠯᠡᠬᠡ᠎ᠨᠢ ᠵᠤᠷᠢᠭᠵᠢᠭᠤᠯᠬᠤ ᠡᠳ᠋᠎ᠤᠨ ᠵᠠᠰᠠᠭ ᠭᠠᠶ᠋ᠢᠯᠢ᠂ ᠢᠲᠡᠭᠡᠮᠵᠢᠲᠤ ᠵᠢᠭᠡᠯᠡᠯᠭᠡ ᠪᠠ ᠢᠲᠡᠭᠡᠮᠵᠢᠲᠤ ᠬᠡᠷᠡᠭᠯᠡᠭᠡᠨ᠎ᠤ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠮᠡᠳᠡᠭᠡ ᠵᠠᠩᠬᠢ᠂ ᠰᠤᠶᠤᠯ ᠵᠢᠭᠤᠯᠴᠢᠯᠠᠯ᠂ ᠨᠠᠰᠤᠵᠢᠯ ᠡᠷᠡᠭᠦᠯ ᠮᠡᠨᠲᠤ᠂ ᠬᠡᠷ᠎ᠤᠨ ᠠᠳᠡᠯ ᠠᠬᠤᠢ ᠵᠢᠨ ᠦᠢ᠍ᠯᠡᠴᠢᠯᠡᠭᠡᠨ ᠵᠡᠷᠭᠡ ᠬᠡᠷᠡᠭᠯᠡᠭᠡᠨ᠎ᠤ ᠬᠠᠯᠠᠮᠰᠢᠯ ᠴᠢᠭ᠋᠎ᠢ ᠪᠤᠶ᠋ᠢᠵᠢᠭᠤᠯᠵᠤ᠂ ᠰᠢᠨ᠎ᠡ ᠮᠠᠶᠢᠭ᠎ᠤᠨ ᠬᠡᠷᠡᠭᠯᠡᠭᠡᠨ᠎ᠤ ᠲᠦᠯᠦᠪ ᠪᠠᠶ᠋ᠢᠳᠠᠯ᠎ᠢ ᠬᠦᠭᠵᠢᠭᠦᠯᠦᠨ᠂ ᠬᠡᠷᠡᠭᠯᠡᠬᠡᠨ᠎ᠤ ᠤᠷᠤᠨ ᠵᠠᠢ ᠵᠢ ᠲᠠᠰᠤᠷᠠᠯᠲᠠ ᠦᠭᠡᠢ ᠦᠷᠭᠡᠵᠢᠭᠦᠯᠦᠨ᠎ᠡ᠃ ᠤᠳᠤ ᠦᠶ᠎ᠡ ᠵᠢᠨ ᠬᠦᠢ᠍ᠯᠬᠡᠬᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠨ᠂ ᠬᠦᠢ᠍ᠯᠭᠡᠭᠡᠨ᠎ᠤ ᠭᠤᠤᠯ ᠴᠤᠭᠴᠠ ᠵᠢ ᠪᠤᠶ᠋ᠢᠵᠢᠭᠤᠯᠤᠨ᠂ ᠬᠦᠢ᠍ᠯᠬᠡᠬᠡᠨ᠎ᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠵᠤ᠂ 《ᠲᠦᠮᠡᠨ ᠲᠤᠰᠬᠤᠨ ᠮᠢᠩᠭ᠋ᠠᠨ ᠰᠢᠶᠠᠩ᠎ᠤᠨ ᠵᠠᠬ᠎ᠠ ᠳᠡᠯᠭᠡᠭᠦᠷ》᠎ᠤᠨ ᠢᠨᠵᠧᠨᠧᠷᠢᠩ᠎ᠢ ᠬᠦᠨᠵᠡᠬᠡᠢ ᠬᠡᠷᠡᠭᠵᠢᠭᠦᠯᠵᠤ᠂ ᠬᠦᠳᠡᠭᠡ ᠠᠶ᠋ᠢᠯ᠎ᠤᠨ ᠳᠡᠯᠭᠡᠭᠦᠷ᠎ᠢ ᠪᠦᠲᠦᠭᠡᠨ ᠪᠠᠶ᠋ᠢᠭᠤᠯᠬᠤ ᠪᠠ ᠦᠭᠡᠷᠡᠴᠢᠯᠡᠨ ᠪᠠᠶ᠋ᠢᠭᠤᠯᠤᠨ᠎ᠠ᠃ ᠵᠠᠬ᠎ᠠ ᠳᠡᠯᠭᠡᠭᠦᠷ᠎ᠤᠨ ᠡᠮᠬᠢ ᠲᠢᠭᠯᠢᠮ᠎ᠢ ᠶᠡᠬᠡᠪᠡᠷ ᠴᠡᠭᠴᠡᠯᠡᠨ ᠵᠢᠷᠤᠮᠵᠢᠭᠤᠯᠵᠤ᠂ ᠪᠠᠷᠠᠭ᠎ᠠ ᠵᠢᠨ ᠦᠨ᠎ᠡ ᠬᠠᠨᠭ᠌ᠰᠢ ᠵᠢ ᠲᠤᠭᠲᠠᠭᠤᠨ ᠵᠶ᠋ᠠᠷ ᠬᠢᠵᠠᠭ᠋ᠠᠷᠯᠠᠬᠤ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠦᠢ᠍ᠯᠡᠳᠭᠦᠨ᠎ᠤ ᠶᠠᠰᠤ ᠴᠢᠨᠠᠷ᠎ᠤᠨ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠬᠤᠳᠠᠯᠳᠤᠭ᠋ᠠᠨ᠎ᠤ ᠮᠡᠬᠡᠯᠡᠨ ᠬᠢᠬᠠᠬᠤ᠂ ᠬᠤᠳᠠᠯ ᠬᠠᠭᠤᠷᠮᠠᠭ ᠴᠢᠨᠠᠷ ᠮᠠᠭᠤ ᠦᠢ᠍ᠯᠡᠳᠭᠦᠨ ᠦᠢ᠍ᠯᠡᠳᠴᠤ ᠪᠤᠷᠤᠯᠠᠭᠤᠯᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠴᠤ᠂ ᠬᠡᠷᠡᠭᠯᠡᠭᠡᠨ᠎ᠤ ᠰᠠᠶ᠋ᠢᠨ ᠰᠠᠶ᠋ᠢᠬᠠᠨ ᠤᠷᠴᠢᠨ ᠠᠬᠤᠢ ᠵᠢ ᠪᠠᠶ᠋ᠢᠭᠤᠯᠤᠨ᠎ᠠ᠃ ᠭᠠᠳᠠᠭ᠋ᠠᠲᠤ ᠬᠡᠷᠡᠭᠴᠡᠭᠡ ᠵᠢ ᠢᠳᠡᠪᠬᠢᠲᠠᠢ᠎ᠪᠠᠷ ᠦᠷᠭᠡᠵᠢᠭᠦᠯᠦᠨ᠂ ᠭᠠᠳᠠᠭ᠋ᠠᠲᠤ᠎ᠳᠤ ᠭᠠᠷᠭ᠋ᠠᠬᠤ ᠭᠠᠳᠠᠭ᠋ᠠᠲᠤ᠎ᠠᠴᠠ ᠤᠷᠤᠭᠤᠯᠬᠤ ᠪᠦᠲᠦᠴᠡ ᠵᠢ ᠰᠢᠯᠢᠳᠡᠭᠵᠢᠭᠦᠯᠵᠤ᠂ ᠳᠠᠪᠠᠭᠤᠯᠢᠭ ᠦᠢ᠍ᠯᠡᠳᠭᠦᠨ᠎ᠤ ᠭᠠᠳᠠᠭ᠋ᠠᠲᠤ᠎ᠳᠤ ᠭᠠᠷᠭ᠋ᠠᠬᠤ ᠵᠢ ᠦᠷᠭᠡᠳᠭᠡᠨ᠂ ᠡᠨᠧᠷᠬᠢ᠂ ᠲᠦᠬᠦᠬᠡᠢ ᠮᠠᠲ᠋ᠧᠷᠢᠶᠠᠯ ᠵᠢᠴᠢ ᠲᠡᠷᠢᠭᠦᠨ᠎ᠤ ᠮᠡᠷᠭᠡᠵᠢᠯ ᠪᠠ ᠲᠦᠭᠦᠬᠡᠷᠤᠮᠵᠢ ᠵᠢ ᠭᠠᠳᠠᠭ᠋ᠠᠲᠤ᠎ᠠᠴᠠ ᠤᠷᠤᠭᠤᠯᠬᠤ ᠵᠢ ᠨᠡᠮᠡᠭᠳᠡᠭᠦᠯᠦᠨ᠎ᠡ᠃ 《ᠭᠠᠳᠠᠭᠰᠢ ᠭᠠᠷᠬᠤ》 ᠠᠯᠬᠤᠴᠠ ᠵᠢ ᠲᠦᠷᠭᠡᠳᠬᠡᠨ᠂ ᠬᠢᠯᠢ ᠵᠢᠨ ᠭᠠᠳᠠᠨ᠎ᠠ ᠪᠡᠯᠡ ᠤᠷᠤᠭᠤᠯᠬᠤ ᠵᠢ ᠵᠤᠷᠢᠭᠵᠢᠭᠤᠯᠵᠤ᠂ ᠲᠤᠮᠦ ᠠᠵᠤ ᠠᠬᠤᠶ᠋ᠢᠯᠠᠯ᠎ᠤᠨ ᠤᠯᠠᠨ ᠤᠯᠤᠰ᠎ᠲᠠᠬᠢ ᠦᠷᠢᠰᠦᠯᠳᠦᠬᠦ ᠴᠢᠳᠠᠯ᠎ᠢ ᠳᠡᠭᠡᠭᠰᠢᠯᠡᠭᠦᠯᠦᠨ᠂ ᠳᠤᠮᠳᠠ ᠪᠠᠭ᠎ᠠ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠤᠳᠤᠨ ᠤᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠭᠠᠳᠠᠭ᠋ᠠᠲᠤ᠎ᠳᠤ ᠪᠡᠯᠡ ᠤᠷᠤᠭᠤᠯᠵᠤ ᠬᠤᠷᠰᠢᠯᠴᠠᠬᠤ ᠠᠵᠢᠯ ᠦᠷᠨᠢᠭᠦᠯᠬᠦ ᠵᠢ ᠬᠦᠲᠦᠯᠦᠨ ᠵᠢᠯᠤᠭᠤᠳᠴᠤ᠂ ᠬᠢᠯᠢ ᠵᠢᠨ ᠭᠠᠳᠠᠨ᠎ᠠ ᠡᠬᠢ ᠪᠠᠶᠠᠯᠢᠭ᠎ᠤᠨ ᠨᠡᠭᠡᠭᠡᠯᠲᠡ ᠬᠢᠬᠦ᠂ ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠬᠤᠷᠰᠢᠯᠴᠠᠬᠤ ᠵᠡᠷᠬᠡ ᠲᠦᠷᠦᠯ ᠵᠦᠢ᠍ᠯ᠎ᠢ ᠭᠤᠤᠯᠳᠠᠯᠭ᠎ᠠ᠎ᠲᠠᠢ ᠰᠠᠶ᠋ᠢᠲᠤᠷ ᠠᠳᠬᠤᠨ᠎ᠠ᠃
(ᠬᠤᠶᠠᠷ) ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠲᠦᠯᠬᠢᠨ ᠠᠬᠢᠭᠤᠯᠵᠤ᠂ ᠬᠦᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠢ ᠠᠬᠢᠭᠤᠯᠤᠨ᠎ᠠ
ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠠᠯᠬᠤᠴᠠ ᠵᠢ ᠲᠦᠷᠭᠡᠳᠬᠡᠨ᠎ᠡ᠃ 《ᠲᠠᠪᠤᠨ ᠶᠡᠭᠡ ᠰᠠᠭᠤᠷᠢᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢᠨ ᠲᠤᠭᠤᠷᠢᠨ᠎ᠳᠤ᠂ ᠬᠡᠮᠵᠢᠶ᠎ᠡ ᠵᠢ ᠨᠡᠮᠡᠭᠳᠡᠭᠦᠯᠬᠦ ᠶᠡᠪᠤᠳᠠᠯ ᠵᠶ᠋ᠠᠷ ᠪᠦᠲᠦᠴᠡ ᠵᠢᠨ ᠲᠤᠬᠢᠷᠠᠭᠤᠯᠤᠯᠲᠠ ᠵᠢ ᠳᠠᠶ᠋ᠢᠴᠢᠯᠠᠨ᠂ ᠰᠢᠨ᠎ᠡ ᠵᠢ ᠡᠭᠦᠳᠬᠦ ᠶᠠᠪᠤᠳᠠᠯ ᠵᠶ᠋ᠠᠷ ᠠᠵᠤ ᠦᠢ᠍ᠯᠡᠰ᠎ᠤᠨ ᠲᠡᠰ ᠲᠡᠪᠰᠢᠬᠦ ᠵᠢ ᠠᠬᠢᠭᠤᠯᠵᠤ᠂ ᠠᠵᠤ ᠠᠬᠤᠢ ᠵᠢᠨ ᠬᠦᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ᠎ᠠᠴᠠ ᠠᠭ᠋ᠠᠷ ᠮᠠᠨᠳᠠᠯ᠎ᠤᠨ ᠪᠤᠬᠢᠷᠳᠤᠯ᠎ᠢ ᠵᠠᠰᠠᠬᠤ᠂ ᠦᠢ᠍ᠯᠡᠳᠪᠦᠷᠢᠯᠡᠬᠦ ᠴᠢᠳᠠᠪᠤᠷᠢ ᠬᠡᠲᠤ ᠢᠯᠡᠭᠦᠳᠡᠵᠤ ᠪᠠᠶ᠋ᠢᠭ᠎ᠠ ᠵᠢ ᠠᠷᠢᠯᠭ᠋ᠠᠬᠤ ᠠᠵᠠ ᠲᠤᠬᠢᠶᠠᠯ᠎ᠢ ᠵᠠᠪᠳᠤᠨ᠂ ᠡᠨᠧᠷᠬᠢ᠂ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠤᠨ ᠴᠢᠬᠤᠯᠠ ᠶᠡᠭᠡ ᠲᠦᠷᠦᠯ ᠵᠦᠢ᠍ᠯ᠎ᠤᠨ ᠪᠠᠷᠢᠯᠭ᠎ᠠ ᠡᠬᠢᠯᠡᠭᠦᠯᠵᠤ ᠪᠦᠲᠦᠭᠡᠨ ᠪᠠᠶ᠋ᠢᠭᠤᠯᠬᠤ ᠵᠢ ᠲᠤᠪᠤᠶ᠋ᠢᠮ᠎ᠠ ᠰᠠᠶ᠋ᠢᠲᠤᠷ ᠠᠳᠬᠤᠵᠤ᠂ ᠠᠵᠤ ᠦᠢ᠍ᠯᠡᠰ᠎ᠤᠨ ᠰᠢᠯᠵᠢᠯᠲᠡ ᠵᠢ ᠬᠡᠪᠴᠢᠶᠡᠵᠢᠭᠦᠯᠦᠨ᠂ ᠬᠡᠯᠬᠢᠶᠡᠵᠢᠭᠦᠯᠤᠨ᠂ ᠪᠦᠯᠦᠭᠯᠡᠯᠵᠢᠭᠦᠯᠦᠨ ᠵᠠᠯᠭ᠋ᠠᠨ ᠠᠪᠴᠤ᠂ ᠨᠡᠭᠦᠷᠡᠰᠦ᠎ᠪᠠᠷ ᠲᠤᠰᠤ ᠬᠢᠬᠦ 450 ᠲᠦᠮᠡᠨ ᠳᠤᠨ᠂ ᠨᠡᠭᠦᠷᠠᠰᠦ᠎ᠪᠠᠷ ᠠᠯᠺᠸᠠ ᠬᠢᠬᠦ 220 ᠲᠦᠮᠡᠨ ᠳᠤᠨ᠂ ᠨᠡᠭᠦᠷᠠᠰᠤ ᠵᠢ ᠬᠡᠢ ᠪᠤᠯᠭ᠋ᠠᠬᠤ 200 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠳ᠋ᠷ᠂ ᠴᠠᠬᠢᠯᠭ᠋ᠠᠨ ᠬᠦᠴᠦᠨ᠎ᠤ ᠮᠠᠰᠢᠨ ᠴᠤᠭᠴᠠᠯᠠᠪᠤᠷᠢ ᠵᠢᠨ 600 ᠲᠦᠮᠡᠨ ᠺᠢᠯᠤᠸᠲᠤᠨᠬᠢ ᠵᠢ ᠰᠢᠨ᠎ᠡ᠎ᠪᠠᠷ ᠪᠠᠷᠢᠯᠭ᠎ᠠ ᠡᠬᠢᠯᠡᠬᠦᠯᠬᠦ᠎ᠪᠠᠷ ᠴᠢᠷᠮᠠᠶ᠋ᠢᠵᠤ᠂ ᠠᠵᠤ ᠠᠬᠤᠢ ᠵᠢᠨ ᠰᠢᠨ᠎ᠡ ᠨᠡᠮᠡᠭᠳᠡᠯ᠎ᠤᠨ ᠴᠢᠭ᠋᠎ᠢ ᠪᠤᠶ᠋ᠢᠵᠢᠭᠤᠯᠤᠨ᠎ᠠ᠃ ᠤᠯᠠᠮᠵᠢᠯᠠᠯᠲᠤ ᠲᠠᠪᠠᠭᠤᠯᠢᠭ ᠤᠨᠴᠠᠯᠢᠭ ᠪᠦᠬᠦᠢ ᠠᠵᠤ ᠦᠢ᠍ᠯᠡᠰ᠎ᠢ ᠦᠭᠡᠷᠡᠴᠢᠯᠡᠵᠤ ᠲᠡᠰ ᠲᠡᠪᠰᠢᠬᠦᠯᠬᠦ ᠵᠢ ᠲᠦᠷᠭᠡᠳᠬᠡᠨ᠂ ᠠᠵᠤ ᠦᠢ᠍ᠯᠡᠰ᠎ᠢ ᠡᠮᠬᠢᠯᠡᠨ ᠨᠡᠶ᠋ᠢᠯᠡᠭᠦᠯᠵᠤ ᠲᠠᠬᠢᠨ ᠵᠤᠬᠢᠶᠠᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠨᠡᠭᠦᠷᠡᠰᠦᠨ᠎ᠤ ᠭᠠᠷᠭ᠋ᠠᠯᠲᠠ ᠵᠢ ᠲᠤᠭᠲᠠᠭᠤᠨ ᠪᠠᠶ᠋ᠢᠯᠭ᠋ᠠᠵᠤ᠂ ᠨᠡᠭᠦᠷᠠᠰᠤ ᠵᠢ ᠬᠡᠤᠳᠠᠰᠦᠵᠢᠬᠦᠯᠬᠦ᠂ ᠡᠾᠯᠤᠷᠲᠤ ᠱᠦᠯᠲᠤ ᠵᠢᠨ ᠬᠢᠮᠢ ᠵᠢᠨ ᠠᠵᠤ ᠦᠢ᠍ᠯᠡᠳᠪᠦᠷᠢ᠂ ᠹᠯᠤᠷ᠎ᠤᠨ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠤ ᠦᠢ᠍ᠯᠡᠰ᠎ᠤᠨ ᠳᠡᠰ ᠲᠠᠪᠬᠤᠷᠭ᠎ᠠ ᠵᠢ ᠲᠦᠷᠭᠡᠳᠬᠡᠨ ᠳᠡᠭᠡᠭᠰᠢᠯᠡᠬᠦᠯᠵᠤ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠤᠪᠢ ᠵᠢᠨ ᠵᠢᠩ᠎ᠢ ᠳᠡᠭᠡᠭᠰᠢᠯᠡᠭᠦᠯᠦᠨ᠂ ᠠᠵᠤ ᠦᠢ᠍ᠯᠡᠰ᠎ᠤᠨ ᠬᠦᠭᠵᠢᠯᠲᠡ ᠵᠢᠨ ᠰᠢᠨ᠎ᠡ ᠳᠠᠪᠠᠭᠤᠯᠢᠭ᠎ᠢ ᠪᠦᠲᠦᠭᠡᠨ᠎ᠡ᠃ ᠨᠡᠭᠦᠷᠡᠰᠦ ᠴᠠᠬᠢᠯᠭ᠋ᠠᠨ ᠲᠡᠮᠦᠷᠯᠢᠭ᠂ ᠬᠠᠶ᠋ᠢᠬᠤ ᠮᠠᠯᠲᠠᠬᠤ ᠰᠢᠯᠢᠬᠦ ᠪᠤᠯᠪᠠᠰᠤᠷᠠᠭᠤᠯᠬᠤ ᠵᠢ ᠨᠢᠭᠡ ᠴᠤᠭᠴᠠᠵᠢᠭᠤᠯᠤᠨ ᠬᠦᠭᠵᠢᠭᠦᠯᠬᠦ ᠵᠢ ᠲᠦᠯᠬᠢᠨ ᠠᠬᠢᠭᠤᠯᠵᠤ᠂ ᠦᠡᠭᠭᠡᠲᠤ ᠲᠡᠮᠦᠷᠯᠢᠭ᠎ᠤᠨ ᠠᠵᠤ ᠦᠢ᠍ᠯᠡᠰ᠎ᠤᠨ ᠤᠷᠲᠤᠳᠬᠠᠨ ᠡᠳ᠋ᠰᠢᠬᠦᠯᠬᠦ ᠨᠤᠷᠮ᠎ᠠ ᠵᠢ 30 %᠎ᠠᠴᠠ ᠳᠡᠭᠡᠭᠰᠢ᠎ᠳᠤ ᠬᠦᠷᠦᠭᠦᠯᠦᠨ᠂ ᠸᠠᠭ᠋ᠠᠷ ᠱᠠᠭ᠋ᠠᠵᠠᠩ᠂ ᠭᠡᠷᠡᠯ ᠸᠤᠯᠳ᠋ᠲᠤ ᠰᠢᠯ ᠵᠡᠷᠭᠡ ᠨᠠᠷᠢᠯᠢᠭ ᠬᠦᠨᠵᠡᠬᠡᠢ ᠡᠳ᠋ᠰᠢᠭᠦᠯᠦᠭᠰᠡᠨ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠭᠦᠨ᠎ᠢ ᠲᠦᠷᠭᠡᠳᠬᠡᠨ ᠬᠦᠭᠵᠢᠭᠦᠯᠦᠨ᠎ᠡ᠃ ᠡᠬᠢ ᠪᠠᠶᠠᠯᠢᠭ᠎ᠤᠨ ᠪᠤᠰᠤ ᠬᠡᠯᠪᠡᠷᠢ ᠵᠢᠨ ᠠᠵᠤ ᠦᠢ᠍ᠯᠡᠰ ᠪᠤᠯᠤᠨ ᠪᠠᠶ᠋ᠢᠯᠲᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠢ ᠶᠡᠬᠡᠪᠡᠷ ᠬᠦᠭᠵᠢᠭᠦᠯᠦᠨ᠂ ᠡᠬᠦᠯᠡᠨ ᠪᠤᠳᠤᠯᠲᠠ ᠵᠢᠨ ᠲᠤᠭ᠎ᠠ ᠪᠠᠷᠢᠮᠲᠠ ᠵᠢᠨ ᠲᠦᠪ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠡᠬᠦᠯᠡᠨ ᠪᠤᠳᠤᠯᠲᠠ ᠵᠢᠨ ᠬᠡᠷᠡᠭᠯᠡᠯᠲᠡ ᠵᠢᠨ ᠦᠢ᠍ᠯᠡᠴᠢᠯᠡᠬᠡᠨ ᠪᠠ ᠬᠠᠲᠠᠭᠤ ᠬᠡᠷᠡᠭᠰᠡᠯ᠎ᠤᠨ ᠲᠦᠭᠦᠭᠡᠷᠤᠮᠵᠢ ᠦᠢ᠍ᠯᠡᠳᠬᠦ ᠵᠢ ᠢᠳᠡᠪᠬᠢᠲᠠᠢ᠎ᠪᠠᠷ ᠬᠦᠭᠵᠢᠭᠦᠯᠦᠨ᠂ ᠴᠢ ᠷᠦᠢ ᠲᠡᠮᠳᠡᠭ᠎ᠲᠤ ᠮᠠᠰᠢᠨ ᠲᠡᠷᠭᠡ᠂ ᠤᠮᠠᠷᠠᠲᠤ ᠵᠢᠨ ᠪᠧᠨ ᠊ᠤᠤᠢ ᠲᠡᠮᠳᠡᠭ᠎ᠲᠤ ᠬᠦᠨᠲᠤ ᠠᠴᠢᠶᠠᠨ᠎ᠤ ᠮᠠᠰᠢᠨ ᠲᠡᠷᠭᠡ ᠵᠡᠷᠭᠡ ᠲᠤᠨᠤᠭ ᠲᠦᠬᠦᠭᠡᠷᠦᠮᠵᠢ ᠦᠢ᠍ᠯᠡᠳᠬᠦ ᠦᠢ᠍ᠯᠡᠰ᠎ᠤᠨ ᠭᠤᠤᠯᠳᠠᠯᠭ᠎ᠠ᠎ᠲᠠᠢ ᠲᠦᠷᠦᠯ ᠵᠦᠢ᠍ᠯ᠎ᠢ ᠰᠠᠶ᠋ᠢᠲᠤᠷ ᠠᠳᠬᠤᠨ᠎ᠠ᠂ ᠰᠢᠨ᠎ᠡ ᠡᠨᠧᠷᠬᠢ᠂ ᠬᠤᠪᠤᠷ ᠰᠢᠷᠤᠢ ᠵᠢᠨ ᠰᠢᠨ᠎ᠡ ᠮᠠᠲ᠋ᠧᠷᠢᠶᠠᠯ᠂ ᠠᠮᠢᠲᠤ ᠪᠤᠳᠠᠰ᠎ᠤᠨ ᠡᠮ ᠬᠢᠬᠦ᠂ ᠡᠯᠧᠺᠳ᠋ᠷᠤᠨ ᠮᠡᠳᠡᠭᠡ ᠵᠠᠩᠬᠢ᠂ ᠡᠨᠧᠷᠬᠢ ᠠᠷᠪᠢᠯᠠᠵᠤ ᠤᠷᠴᠢᠨ ᠲᠤᠭᠤᠷᠢᠨ᠎ᠢ ᠬᠠᠮᠠᠭ᠋ᠠᠯᠠᠬᠤ ᠵᠡᠷᠭᠡ ᠠᠵᠤ ᠦᠢ᠍ᠯᠡᠰ᠎ᠢ ᠲᠦᠷᠭᠡᠳᠭᠡᠨ ᠬᠦᠭᠵᠢᠭᠦᠯᠵᠤ᠂ ᠶᠡᠷᠤᠩᠬᠡᠢ ᠬᠡᠮᠵᠢᠶ᠎ᠡ ᠪᠠ ᠬᠡᠪᠴᠢᠶ᠎ᠡ ᠵᠢ᠎ᠨᠢ ᠪᠤᠵᠠᠭ᠋ᠠᠶ᠋ᠢᠷᠠᠭᠤᠯᠤᠨ᠂ ᠰᠢᠨ᠎ᠡ ᠲᠤᠯᠭ᠋ᠠᠭᠤᠷᠢ ᠠᠵᠤ ᠦᠢ᠍ᠯᠡᠰ᠎ᠢ ᠪᠤᠢ ᠪᠤᠯᠭ᠋ᠠᠨ᠎ᠠ᠃
ᠤᠳᠤ ᠦᠶ᠎ᠡ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠢ ᠶᠡᠬᠡᠪᠡᠷ ᠬᠦᠭᠵᠢᠭᠦᠯᠦᠨ᠎ᠡ᠃ ᠦᠢ᠍ᠯᠡᠳᠪᠦᠷᠢᠯᠡᠯ᠎ᠤᠨ ᠴᠢᠨᠠᠷᠲᠠᠢ ᠪᠠ ᠠᠮᠢᠳᠤᠷᠠᠯ᠎ᠤᠨ ᠴᠢᠨᠠᠷᠲᠠᠢ ᠦᠢ᠍ᠯᠡᠴᠢᠯᠡᠭᠡᠨ᠎ᠢ ᠵᠡᠷᠭᠡ᠎ᠳᠤ᠎ᠨᠢ ᠴᠢᠬᠤᠯᠠᠴᠢᠯᠠᠬᠤ᠂ ᠤᠯᠠᠮᠵᠢᠯᠠᠯᠲᠤ ᠪᠠ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠵᠡᠷᠭᠡ᠎ᠳᠤ᠎ᠨᠢ ᠡᠷᠬᠢᠮᠯᠡᠬᠦ ᠵᠢ ᠪᠠᠷᠢᠮᠲᠠᠯᠠᠨ᠂ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠲᠡ ᠵᠢᠨ ᠬᠤᠷᠳᠤᠴᠠ᠎ᠪᠠᠨ ᠲᠦᠷᠭᠡᠳᠭᠡᠬᠦ᠂ ᠬᠤᠪᠢ ᠵᠢᠨ ᠵᠢᠩ ᠵᠶ᠋ᠠᠨ ᠳᠡᠭᠡᠭᠰᠢᠯᠡᠭᠦᠯᠬᠦ᠂ ᠬᠢᠷᠢ ᠬᠡᠮᠵᠢᠶ᠎ᠡ ᠵᠢ ᠳᠡᠭᠡᠭᠰᠢᠯᠡᠬᠦᠯᠬᠦ ᠵᠢ ᠲᠦᠯᠬᠢᠨ ᠠᠬᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ ᠲᠦᠷᠦᠯ ᠵᠦᠢ᠍ᠯ᠎ᠢ ᠲᠦᠪᠯᠡᠷᠡᠭᠦᠯᠦᠨ ᠪᠦᠲᠦᠭᠡᠨ ᠪᠠᠶ᠋ᠢᠭᠤᠯᠵᠤ᠂ ᠤᠨᠴᠠᠯᠢᠭ ᠵᠶ᠋ᠠᠷ ᠢᠯᠡ ᠲᠤᠳᠤ᠂ ᠬᠡᠪᠴᠢᠶ᠎ᠡ᠎ᠪᠠᠷ ᠨᠡᠯᠢᠶᠡᠳ ᠶᠡᠭᠡ᠂ ᠨᠦᠯᠦᠭᠡᠯᠡᠨ ᠲᠠᠶ᠋ᠢᠴᠢᠯᠠᠬᠤ ᠬᠦᠴᠦᠨ ᠵᠶ᠋ᠠᠷ ᠴᠢᠩᠭ᠎ᠠ ᠪᠦᠬᠦᠢ ᠦᠢ᠍ᠯᠡᠴᠢᠯᠡᠭᠡᠨ᠎ᠤ ᠦᠢ᠍ᠯᠡᠰ ᠴᠤᠭᠯᠠᠷᠠᠭᠰᠠᠨ ᠤᠷᠤᠨ᠎ᠢ 30 — 50 ᠵᠢ ᠪᠠᠶ᠋ᠢᠭᠤᠯᠤᠨ᠎ᠠ᠃ ᠡᠯᠧᠺᠳ᠋ᠷᠤᠨ ᠬᠤᠳᠠᠯᠳᠤᠭ᠋ᠠᠨ᠎ᠤ ᠶᠠᠪᠤᠳᠠᠯ᠎ᠤᠨ ᠬᠦᠭᠵᠢᠯᠲᠠ ᠵᠢᠨ ᠲᠦᠯᠦᠪᠵᠢᠭᠦᠯᠬᠡ ᠪᠠ ᠲᠦᠷᠦ ᠵᠢᠨ ᠪᠤᠳᠤᠯᠭ᠎ᠠ ᠵᠢ ᠲᠤᠭᠲᠠᠭ᠋ᠠᠨ᠂ 《ᠦᠷᠭᠡᠨ ᠪᠦᠰᠡᠲᠤ ᠦᠪᠦᠷ ᠮᠤᠩᠭᠤᠯ》 ᠢᠨᠵᠧᠨᠧᠷᠢᠩ᠎ᠢ ᠬᠦᠨᠵᠡᠭᠡᠢ ᠬᠡᠷᠡᠭᠵᠢᠭᠦᠯᠵᠤ᠂ ᠡᠯᠧᠺᠳ᠋ᠷᠤᠨ ᠬᠤᠳᠠᠯᠳᠤᠭ᠋ᠠᠨ᠎ᠤ ᠶᠠᠪᠤᠳᠠᠯ᠎ᠢ ᠶᠡᠬᠡᠪᠡᠷ ᠬᠦᠭᠵᠢᠭᠦᠯᠦᠨ᠎ᠡ᠃ ᠠᠷᠠᠯᠵᠢᠶᠠᠯᠠᠬᠤ᠂ ᠳᠡᠯᠭᠡᠨ ᠦᠵᠡᠭᠦᠯᠬᠦ᠂ ᠬᠦᠮᠦᠷᠭᠡᠯᠡᠨ ᠬᠠᠳᠠᠭ᠋ᠠᠯᠠᠬᠤ᠂ ᠡᠳ᠋ᠰᠢᠭᠦᠯᠬᠦ᠂ ᠲᠤᠬᠢᠷᠠᠭᠤᠯᠤᠨ ᠬᠦᠷᠭᠡᠬᠦ ᠵᠢ ᠨᠢᠭᠡ ᠴᠤᠭᠴᠠᠵᠢᠭᠤᠯᠤᠭᠰᠠᠨ ᠨᠢᠭᠡ ᠪᠦᠯᠦᠭ ᠶᠡᠷᠦᠩᠭᠡᠶ᠋ᠢᠯᠡᠭᠰᠡᠨ ᠪᠠᠷᠠᠭ᠎ᠠ ᠵᠢᠨ ᠬᠦᠢ᠍ᠯᠭᠡᠭᠡᠨ᠎ᠤ ᠬᠦᠷᠢᠶᠡᠯᠡᠩ ᠲᠤᠭᠤᠷᠢᠭ᠎ᠢ ᠪᠦᠲᠦᠭᠡᠨ ᠪᠠᠶ᠋ᠢᠭᠤᠯᠵᠤ᠂ ᠬᠤᠳᠠᠯᠳᠤᠭ᠎ᠠ ᠠᠷᠠᠯᠵᠢᠶ᠎ᠠ ᠵᠢᠨ ᠬᠦᠢ᠍ᠯᠬᠡᠬᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠬᠦᠬᠡᠬᠤᠲᠠ ᠵᠡᠷᠭᠡ ᠲᠦᠪ ᠬᠤᠲᠠ ᠪᠠ ᠮᠠᠨᠵᠤᠤᠷ᠂ ᠡᠷᠢᠶᠡᠨ ᠬᠤᠲᠠ ᠵᠡᠷᠭᠡ ᠪᠤᠭᠤᠮᠲᠠ ᠬᠤᠲᠠ ᠪᠡ ᠭᠤᠤᠯᠳᠠᠯᠭ᠎ᠠ ᠪᠤᠯᠭ᠋ᠠᠨ᠂ 《ᠡᠬᠡ ᠬᠠᠭᠤᠷᠠᠢ ᠵᠢᠨ ᠭᠠᠷᠠᠮ᠎ᠤᠨ ᠠᠵᠤ ᠠᠬᠤᠢ》 ᠵᠢ ᠢᠳᠡᠪᠬᠢᠲᠠᠢ᠎ᠪᠠᠷ ᠬᠦᠭᠵᠢᠭᠦᠯᠦᠨ᠎ᠡ᠃ ᠤᠷᠤᠨ ᠨᠤᠲᠤᠭ᠎ᠤᠨ ᠮᠦᠡᠭᠭᠦᠨ ᠬᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ᠎ᠤᠨ ᠪᠡᠯᠡ ᠬᠦᠷᠦᠩᠭᠡ ᠪᠠᠨ ᠨᠡᠮᠡᠭᠳᠡᠭᠦᠯᠵᠤ ᠰᠲ᠋ᠤᠺ ᠵᠶ᠋ᠠᠨ ᠦᠷᠭᠡᠳᠬᠡᠬᠦ᠎ᠳᠤ ᠡᠯ᠎ᠡ ᠲᠦᠷᠦᠯ᠎ᠤᠨ ᠬᠦᠷᠦᠩᠭᠡ ᠵᠢᠨ ᠤᠷᠤᠯᠴᠠᠬᠤ ᠵᠢ ᠵᠤᠷᠢᠭᠵᠢᠭᠤᠯᠤᠨ᠂ ᠠᠷᠠᠳ᠎ᠠᠴᠠ ᠡᠵᠡᠩᠨᠡᠭᠰᠡᠨ ᠪᠠᠩᠬᠢ ᠵᠢ ᠡᠬᠦᠰᠬᠡᠨ ᠪᠠᠶ᠋ᠢᠭᠤᠯᠵᠤ᠂ ᠲᠤᠰᠬᠤᠨ ᠪᠠᠯᠭ᠋ᠠᠰᠤ ᠵᠢᠨ ᠪᠠᠩᠬᠢ᠂ ᠪᠡᠯᠡ ᠮᠦᠡᠭᠭᠦ ᠵᠢᠨ ᠲᠠᠯ᠎ᠠ᠎ᠪᠠᠷ ᠬᠠᠪᠰᠤᠷᠤᠯᠴᠠᠬᠤ ᠬᠤᠷᠰᠢᠶ᠎ᠡ ᠵᠡᠷᠭᠡ ᠰᠢᠨ᠎ᠡ ᠬᠡᠯᠪᠡᠷᠢ ᠵᠢᠨ ᠮᠦᠡᠭᠭᠦᠨ ᠬᠦᠢ᠍ᠯᠭᠡᠭᠡᠨ᠎ᠤ ᠪᠠᠶ᠋ᠢᠭᠤᠯᠤᠮᠵᠢ ᠵᠢ ᠲᠦᠷᠭᠡᠳᠭᠡᠨ ᠵᠤᠬᠢᠶᠠᠨ ᠪᠠᠶ᠋ᠢᠭᠤᠯᠵᠤ᠂ ᠢᠲᠡᠭᠡᠮᠵᠢᠲᠤ ᠵᠢᠭᠡᠯᠡᠯᠭᠡ ᠵᠢᠨ ᠪᠦᠲᠦᠴᠡ ᠵᠢ ᠰᠢᠯᠢᠳᠡᠭᠵᠢᠭᠦᠯᠦᠨ᠂ ᠤᠯᠠᠨ ᠲᠡᠰ ᠲᠠᠪᠬᠤᠷᠭ᠎ᠠ ᠪᠦᠬᠦᠢ ᠬᠦᠷᠦᠩᠭᠡ ᠵᠢᠨ ᠵᠠᠬ᠎ᠠ ᠳᠡᠯᠭᠡᠭᠦᠷ᠎ᠢ ᠲᠦᠡᠭᠡᠳᠬᠡᠨ ᠬᠦᠭᠵᠢᠭᠦᠯᠵᠤ᠂ ᠰᠢᠭᠤᠳ ᠪᠡᠯᠡ ᠲᠤᠬᠢᠷᠠᠭᠤᠯᠬᠤ ᠬᠤᠪᠢ ᠵᠢᠨ ᠵᠢᠩ᠎ᠢ ᠳᠡᠭᠡᠭᠰᠢᠯᠡᠭᠦᠯᠦᠨ᠎ᠡ᠃ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠵᠢᠭᠤᠯᠴᠢᠯᠠᠯ᠎ᠤᠨ ᠠᠵᠤ ᠠᠬᠤᠶ᠋ᠢᠯᠠᠯ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠵᠢᠭᠤᠯᠴᠢᠯᠠᠯ᠎ᠤᠨ ᠪᠦᠲᠦᠭᠡᠭᠳᠡᠭᠦᠨ᠎ᠤ ᠰᠢᠰᠲ᠋ᠧᠮᠵᠢ ᠵᠢ ᠳᠡᠭᠦᠯᠳᠡᠷᠵᠢᠭᠦᠯᠦᠨ᠂ ᠵᠢᠭᠤᠯᠴᠢᠯᠠᠯ᠎ᠤᠨ ᠰᠤᠶᠤᠯ᠎ᠤᠨ ᠠᠭᠤᠯᠤᠭᠳᠠᠬᠤᠨ᠎ᠢ ᠨᠡᠮᠡᠭᠳᠡᠭᠦᠯᠦᠨ᠎ᠡ᠃ ᠵᠢᠭᠤᠯᠴᠢᠯᠠᠵᠤ ᠲᠤᠭᠤᠷᠢᠨ ᠦᠵᠡᠬᠦ᠂ ᠰᠡᠯᠡᠭᠦᠴᠡᠵᠤ ᠠᠮᠠᠷᠠᠨ ᠵᠤᠭ᠋ᠠᠴᠠᠬᠤ ᠵᠢ ᠳᠤᠪᠤᠶ᠋ᠢᠯᠭ᠋ᠠᠨ᠂ ᠬᠢᠯᠢ ᠵᠢᠨ ᠵᠢᠭᠤᠯᠴᠢᠯᠠᠯ᠎ᠢ ᠲᠦᠷᠭᠡᠳᠬᠡᠨ ᠬᠦᠭᠵᠢᠭᠦᠯᠵᠤ᠂ ᠬᠢᠯᠢ ᠠᠯᠤᠰᠯᠠᠨ ᠵᠢᠭᠤᠯᠴᠢᠯᠠᠬᠤ ᠬᠤᠷᠰᠢᠯᠴᠠᠭ᠋ᠠᠨᠤ ᠤᠷᠤᠨ᠎ᠢ ᠰᠦᠪᠡᠭᠴᠢᠯᠡᠨ ᠪᠠᠶ᠋ᠢᠭᠤᠯᠵᠤ᠂ ᠤᠯᠤᠰ᠎ᠤᠨ ᠲᠤᠲᠤᠭ᠋ᠠᠲᠤ ᠵᠢᠨ ᠵᠢᠭᠤᠯᠴᠢᠯᠠᠯ᠎ᠤᠨ ᠤᠷᠤᠨ ᠪᠦᠰᠡ ᠵᠢᠨ ᠬᠠᠮᠵᠢᠯᠴᠠᠭ᠎ᠠ ᠵᠢ ᠴᠢᠩᠭ᠋ᠠᠳᠬᠠᠨ᠎ᠠ᠃
ᠨᠠᠶ᠋ᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠬᠦᠭᠵᠢᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠨᠡᠶ᠋ᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠬᠦᠭᠵᠢᠯᠲᠡ᠎ᠳᠤ ᠠᠷᠠᠳ᠎ᠤᠨ ᠪᠡᠯᠡ ᠤᠷᠤᠭᠤᠯᠵᠤ ᠳᠡᠮᠵᠢᠬᠦ ᠵᠢ ᠵᠤᠷᠢᠭᠵᠢᠭᠤᠯᠬᠤ ᠲᠦᠷᠦᠯ᠎ᠤᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠬᠦᠷ᠎ᠲᠤ ᠵᠦᠪᠰᠢᠶᠡᠷᠡᠨ ᠤᠷᠤᠭᠤᠯᠬᠤ ᠨᠢᠭᠡᠲᠤᠯᠲᠠᠢ ᠳᠦᠷᠢᠮ᠎ᠢ ᠬᠡᠷᠡᠭᠵᠢᠭᠦᠯᠤᠨ᠂ ᠤᠯᠤᠰ᠎ᠤᠨ ᠨᠠᠵᠠᠭ᠋ᠠᠢ ᠲᠠᠯ᠎ᠠ ᠵᠢᠨ ᠨᠠᠷᠢᠨ ᠳᠠᠩᠰᠠ᠎ᠠᠴᠠ ᠭᠠᠳᠠᠨᠠᠬᠢ ᠬᠦᠷᠢᠶᠡᠨ᠎ᠳᠤ ᠡᠯ᠎ᠡ ᠲᠦᠷᠦ ᠵᠢᠨ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠬᠠᠤᠯᠢ ᠶᠤᠰᠤᠭ᠋ᠠᠷ ᠡᠷᠬᠡ ᠲᠡᠭᠰᠢ᠎ᠪᠠᠷ ᠤᠷᠤᠬᠤ ᠵᠢ ᠦᠨᠡᠨᠬᠦ ᠪᠠᠲᠤᠯᠠᠨ᠎ᠠ᠃ ᠰᠠᠭᠤᠷᠢ ᠠᠵᠤ ᠦᠢ᠍ᠯᠡᠰ᠂ ᠰᠠᠭᠤᠷᠢ ᠪᠡᠯᠡᠳᠭᠡᠮᠵᠢ᠂ ᠨᠡᠶ᠋ᠢᠭᠡᠮ᠎ᠤᠨ ᠦᠢ᠍ᠯᠡᠰ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ ᠵᠡᠷᠭᠡ ᠬᠦᠷᠢᠶᠡᠨ᠎ᠳᠤ ᠠᠷᠠᠳ᠎ᠤᠨ ᠬᠦᠷᠦᠩᠭᠡ ᠵᠢᠨ ᠤᠷᠤᠬᠤ ᠵᠢ ᠳᠡᠮᠵᠢᠵᠤ᠂ ᠳᠤᠮᠳᠠ ᠪᠠᠭ᠎ᠠ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠬᠦᠲᠦᠯᠦᠨ ᠵᠢᠯᠤᠭᠤᠳᠴᠤ ᠪᠠᠶ᠋ᠢᠭ᠋ᠠᠳ ᠲᠦᠬᠦᠷ ᠬᠠᠮᠵᠢᠯᠴᠠᠭ᠎ᠠ ᠵᠢ ᠰᠠᠶ᠋ᠢᠲᠤᠷ ᠬᠢᠯᠬᠡᠨ᠎ᠡ᠃ ᠤᠨᠴᠠ ᠵᠦᠪᠰᠢᠶᠡᠷᠡᠭᠰᠡᠨ ᠡᠵᠡᠩᠨᠡᠯᠲᠡ ᠵᠢᠨ ᠬᠦᠷᠢᠶᠡᠨ᠎ᠳᠤ ᠨᠡᠶ᠋ᠢᠲᠡ ᠵᠢᠨ ᠦᠮᠴᠢᠯᠡᠯ᠎ᠤᠨ ᠪᠤᠰᠤ ᠠᠵᠤ ᠠᠬᠤᠶ᠋ᠢᠯᠠᠯ᠎ᠤᠨ ᠤᠷᠤᠬᠤ ᠪᠤᠲᠠᠲᠠᠢ ᠠᠷᠭ᠎ᠠ ᠵᠢ ᠲᠤᠭᠲᠠᠭ᠋ᠠᠬᠤ᠂ ᠪᠠᠭ᠎ᠠ ᠵᠢᠵᠢᠭ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠲᠦᠭᠰᠢᠭᠦᠷᠢ ᠵᠢᠨ ᠨᠦᠬᠦᠪᠦᠷᠢ ᠮᠦᠡᠭᠭᠦ ᠪᠠᠶ᠋ᠢᠭᠤᠯᠬᠤ᠂ ᠢᠲᠡᠭᠡᠮᠵᠢ ᠵᠢᠨ ᠳᠠᠭ᠋ᠠᠭ᠋ᠠᠯᠲᠠ ᠬᠢᠬᠦ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠨᠡᠶ᠋ᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ 《ᠵᠦᠪᠰᠢᠶᠡᠷᠡᠯ ᠵᠶ᠋ᠠᠷ ᠤᠷᠤᠬᠤ᠎ᠳᠤ ᠬᠦᠴᠢᠷ ᠪᠠᠶ᠋ᠢᠬᠤ᠂ ᠪᠡᠯᠡ ᠲᠤᠬᠢᠷᠠᠭᠤᠯᠬᠤ᠎ᠳᠤ ᠬᠦᠴᠢᠷ ᠪᠠᠶ᠋ᠢᠬᠤ᠂ ᠪᠡᠯᠡ ᠲᠤᠬᠢᠷᠠᠭᠤᠯᠬᠤ᠎ᠳᠤ ᠦᠨ᠎ᠡ᠎ᠲᠠᠢ ᠪᠠᠶ᠋ᠢᠬᠤ》 ᠵᠡᠷᠭᠡ ᠳᠤᠪᠤᠶ᠋ᠢᠮ᠎ᠠ ᠠᠰᠠᠭᠤᠳᠠᠯ᠎ᠤᠳ᠎ᠢ ᠲᠠᠶ᠋ᠢᠯᠵᠤ᠂ ᠨᠡᠶ᠋ᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠬᠦᠭᠵᠢᠯᠲᠡ ᠵᠢᠨ ᠠᠮᠢᠵᠢᠷᠠᠯ᠎ᠤᠨ ᠬᠦᠴᠦᠨ ᠪᠠ ᠳᠠᠯᠲᠠ ᠴᠢᠳᠠᠪᠤᠷᠢ ᠵᠢ ᠬᠦᠢ᠍ᠴᠡᠳ ᠭᠠᠷᠭ᠋ᠠᠨ᠎ᠠ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠦᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠰᠤᠷᠭ᠋ᠠᠨ ᠬᠦᠮᠦᠵᠢᠯ ᠵᠶ᠋ᠠᠷ ᠤᠷᠤᠨ ᠵᠶ᠋ᠠᠨ ᠬᠦᠭᠵᠢᠭᠦᠯᠬᠦ ᠪᠠᠶ᠋ᠢᠯᠲᠤᠬᠤ ᠪᠤᠳᠤᠯᠭ᠎ᠠ ᠵᠢ ᠶᠡᠬᠡᠪᠡᠷ ᠬᠡᠷᠭᠵᠢᠭᠦᠯᠵᠤ᠂ ᠰᠢᠨ᠎ᠡ ᠵᠢ ᠡᠭᠦᠳᠬᠦ᠎ᠪᠠᠷ ᠬᠦᠳᠡᠯᠭᠡᠬᠦᠷ ᠪᠤᠯᠭ᠋ᠠᠭᠰᠠᠨ ᠬᠦᠭᠵᠢᠯᠲᠡ ᠵᠢᠨ ᠡᠨᠡᠬᠦ ᠵᠠᠩᠬᠢᠯᠠᠭ᠎ᠠ ᠵᠢ ᠠᠳᠬᠤᠵᠤ᠂ ᠰᠢᠨ᠎ᠡ ᠮᠠᠶᠢᠭ᠎ᠤᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ᠂ ᠲᠤᠨᠤᠭ ᠲᠦᠭᠦᠬᠡᠷᠦᠮᠵᠢ ᠦᠢ᠍ᠯᠡᠳᠭᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶᠡᠨ᠎ᠤ ᠵᠠᠩᠬᠢᠯᠠᠭ᠎ᠠ ᠵᠢᠨ ᠨᠡᠶ᠋ᠢᠲᠡᠯᠢᠭ ᠴᠢᠨᠠᠷ ᠪᠦᠬᠦᠢ ᠮᠡᠷᠭᠡᠵᠢᠯ᠎ᠤᠨ ᠪᠤᠭᠤᠮᠲᠠ ᠰᠢᠪᠲᠤᠯᠬᠤ ᠵᠢ ᠴᠢᠩᠭ᠋ᠠᠳᠬᠠᠨ᠂ ᠨᠡᠩ ᠤᠯᠠᠨ ᠬᠦᠷᠢᠶᠡᠨ᠎ᠳᠤ ᠤᠨᠤᠯ ᠬᠢᠭᠡᠳ ᠮᠡᠷᠭᠡᠵᠢᠯ᠎ᠤᠨ ᠰᠢᠪᠲᠤᠯᠤᠯᠲᠠ ᠵᠢ ᠴᠢᠷᠮᠠᠶ᠋ᠢᠨ ᠪᠡᠶᠡᠯᠡᠭᠦᠯᠦᠨ᠎ᠡ᠃ ᠮᠡᠷᠭᠡᠵᠢᠯ᠎ᠤᠨ ᠰᠢᠨ᠎ᠡ ᠵᠢ ᠡᠭᠦᠳᠬᠦ᠎ᠳᠠᠬᠢ ᠠᠵᠤ ᠠᠬᠤᠶ᠋ᠢᠯᠠᠯ᠎ᠤᠨ ᠭᠤᠤᠯ ᠴᠤᠭᠴᠠ ᠪᠤᠯᠬᠤ ᠪᠠᠶ᠋ᠢᠷᠢ ᠰᠠᠭᠤᠷᠢ ᠵᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠠᠵᠤ ᠠᠬᠤᠶ᠋ᠢᠯᠠᠯ ᠵᠶ᠋ᠠᠷ ᠭᠤᠤᠯ ᠴᠤᠭᠴᠠ ᠪᠤᠯᠭ᠋ᠠᠭᠰᠠᠨ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠤᠯᠭ᠋ᠠᠭᠰᠠᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠨᠢᠭᠲᠠ ᠤᠶᠠᠯᠳᠤᠭᠤᠯᠤᠭᠰᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠵᠤ᠂ ᠮᠡᠷᠭᠡᠵᠢᠯ᠎ᠤᠨ ᠰᠢᠨ᠎ᠡ ᠵᠢ ᠡᠭᠦᠳᠬᠦ ᠵᠠᠬ᠎ᠠ ᠳᠡᠯᠭᠡᠬᠦᠷ᠎ᠤᠨ ᠤᠳᠤᠷᠢᠳᠤᠮᠵᠢ ᠵᠢᠨ ᠲᠤᠭᠲᠠᠴᠠ ᠵᠢ ᠪᠦᠷᠢᠨᠰᠢᠭᠦᠯᠦᠨ᠂ ᠠᠵᠤ ᠠᠬᠤᠶ᠋ᠢᠯᠠᠯ ᠵᠶ᠋ᠠᠷ ᠭᠤᠤᠯ ᠴᠤᠭᠴᠠ ᠪᠤᠯᠭ᠋ᠠᠭᠰᠠᠨ᠂ ᠨᠡᠶ᠋ᠢᠭᠡᠮ᠎ᠤᠨ ᠬᠦᠴᠦᠨ ᠦᠷᠭᠡᠨ ᠵᠶ᠋ᠠᠷ ᠤᠷᠤᠯᠴᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠯᠠᠨ ᠡᠰᠢᠵᠢᠭᠰᠡᠨ ᠤᠷᠤᠭᠤᠯᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ᠎ᠠ᠃ 《ᠴᠢᠳᠠᠪᠤᠷᠢᠲᠠᠨ ᠵᠶ᠋ᠠᠷ ᠤᠷᠤᠨ ᠵᠶ᠋ᠠᠨ ᠬᠦᠴᠦᠷᠬᠡᠭᠵᠢᠭᠦᠯᠬᠦ》 ᠢᠨᠵᠧᠨᠧᠷᠢᠩ᠎ᠢ ᠬᠦᠨᠵᠡᠭᠡᠢ ᠬᠡᠷᠡᠭᠵᠢᠭᠦᠯᠵᠤ᠂ ᠴᠢᠳᠠᠪᠤᠷᠢᠲᠠᠨ ᠬᠦᠮᠦᠵᠢᠭᠦᠯᠬᠦ ᠪᠠ ᠤᠷᠤᠭᠤᠯᠵᠤ ᠢᠷᠡᠬᠦ ᠪᠠᠶ᠋ᠢᠭᠤᠯᠤᠯ ᠲᠤᠭᠲᠠᠴᠠ ᠵᠢᠨ ᠦᠭᠡᠷᠡᠴᠢᠯᠡᠯᠲᠡ ᠵᠢ ᠲᠦᠷᠭᠡᠳᠬᠡᠨ᠂ ᠮᠡᠳᠡᠯᠭᠡ ᠵᠢᠨ ᠦᠷ᠎ᠡ ᠪᠦᠲᠦᠭᠡᠯ᠎ᠤᠨ ᠦᠮᠴᠢᠯᠡᠬᠦ ᠡᠷᠭᠡ ᠵᠢ ᠬᠠᠮᠠᠭ᠋ᠠᠯᠠᠬᠤ ᠪᠠ ᠬᠡᠷᠡᠭᠯᠡᠬᠦ᠎ᠪᠠᠷ ᠭᠤᠤᠯ ᠪᠤᠯᠭ᠋ᠠᠭᠰᠠᠨ ᠰᠢᠨ᠎ᠡ ᠵᠢ ᠡᠬᠦᠳᠬᠦ ᠵᠢ ᠤᠷᠠᠮᠰᠢᠭᠤᠯᠬᠤ ᠲᠦᠷᠦ ᠵᠢᠨ ᠪᠤᠳᠤᠯᠭ᠎ᠠ ᠵᠢ ᠲᠤᠭᠲᠠᠭ᠋ᠠᠨ ᠬᠡᠷᠡᠭᠵᠢᠭᠦᠯᠵᠤ᠂ ᠰᠢᠨ᠎ᠡ ᠵᠢ ᠡᠭᠦᠳᠬᠦ ᠡᠯ᠎ᠡ ᠲᠦᠷᠦᠯ᠎ᠤᠨ ᠴᠢᠬᠤᠯᠠ ᠬᠦᠴᠦᠨ ᠵᠦᠢ᠍ᠯ ᠪᠤᠯᠤᠨ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ ᠦᠷᠢᠰᠦᠯᠳᠤᠨ ᠪᠠᠳᠠᠷᠠᠭᠰᠠᠨ ᠠᠮᠢᠳᠤ ᠴᠤᠪᠤᠭᠤᠯᠢᠭ ᠪᠠᠶ᠋ᠢᠳᠠᠯ᠎ᠢ ᠪᠤᠢ ᠪᠤᠯᠭ᠋ᠠᠨ᠎ᠠ᠃
(ᠭᠤᠷᠪᠠ) ᠲᠠᠷᠢᠶᠡᠯᠠᠩ ᠮᠠᠯ ᠠᠵᠤ ᠠᠬᠤᠢ ᠲᠠᠷᠢᠶᠠᠯᠠᠬᠤ ᠮᠡᠯᠵᠢᠬᠤ ᠤᠷᠤᠨ ᠲᠠᠷᠢᠶᠠᠴᠢᠨ ᠮᠠᠯᠴᠢᠳ᠎ᠤᠨ ᠠᠵᠢᠯ᠎ᠢ ᠴᠢᠩᠭ᠋ᠠᠳᠬᠠᠨ᠂ ᠲᠠᠷᠢᠶᠠᠯᠠᠩ ᠮᠠᠯ ᠠᠵᠤ ᠠᠬᠤᠢ ᠵᠢᠨ ᠬᠦᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠦᠨ᠎ᠡ᠃
ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠲᠦᠷᠭᠡᠳᠬᠡᠨ ᠬᠦᠭᠵᠢᠭᠦᠯᠦᠨ᠎ᠡ᠃ ᠠᠮᠦ ᠪᠤᠳᠠᠭ᠋ᠠᠨ᠎ᠤ ᠦᠢ᠍ᠯᠡᠳᠪᠦᠷᠢᠯᠡᠯ᠎ᠢ ᠦᠴᠦᠭᠡᠨ ᠴᠤ᠌ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠲᠠᠷᠢᠮᠠᠯ᠎ᠤᠨ ᠶᠡᠷᠤᠩᠬᠡᠢ ᠲᠠᠷᠢᠬᠤ ᠲᠠᠯᠠᠪᠠᠢ ᠪᠠ ᠠᠮᠤ ᠪᠤᠳᠠᠭ᠋ᠠᠨ᠎ᠤ ᠲᠠᠷᠢᠮᠠᠯ᠎ᠤᠨ ᠲᠠᠷᠢᠬᠤ ᠲᠠᠯᠠᠪᠠᠢ ᠵᠢ ᠲᠤᠰ ᠲᠤᠰ 1 ᠳ᠋ᠦᠡᠭᠰᠢᠭᠤᠷ ᠮᠤ᠌ ᠪᠠ 8000 ᠲᠦᠮᠡᠨ ᠮᠤ᠌ᠠᠴᠠ ᠳᠡᠭᠡᠭᠰᠢ᠎ᠳᠤ ᠲᠤᠭᠲᠠᠭᠤᠨ ᠪᠠᠶ᠋ᠢᠯᠭ᠋ᠠᠬᠤ ᠵᠢ ᠦᠨᠡᠨᠬᠦ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ ᠳᠡᠯᠭᠡᠷᠡᠭᠦᠯᠬᠦ ᠡᠷᠴᠢᠮ᠎ᠢ ᠨᠡᠮᠡᠭᠳᠡᠭᠦᠯᠦᠨ᠂ ᠲᠡᠷᠢᠶᠠᠯᠠᠩ ᠮᠠᠯ ᠠᠵᠤ ᠠᠬᠤᠢ ᠵᠢᠨ ᠮᠠᠰᠢᠨᠴᠢᠯᠠᠬᠤ ᠬᠢᠷᠢ ᠬᠡᠮᠵᠢᠶ᠎ᠡ ᠵᠢ ᠳᠡᠬᠡᠭᠰᠢᠯᠡᠬᠦᠯᠵᠤ᠂ ᠡᠷᠳᠡᠨᠢ ᠰᠢᠰᠢ᠂ ᠪᠤᠭᠤᠳᠠᠢ᠂ ᠲᠦᠮᠦᠰᠤ᠂ ᠴᠠᠷᠭ᠋ᠠᠰᠤ ᠵᠡᠷᠭᠡ ᠵᠢᠨ ᠰᠠᠶ᠋ᠢᠨ ᠦᠷ᠎ᠡ ᠪᠤᠶ᠋ᠢᠵᠢᠭᠤᠯᠬᠤ᠂ ᠡᠭᠦᠯᠳᠡᠷ ᠪᠤᠶ᠋ᠢᠵᠢᠭᠤᠯᠬᠤ ᠰᠠᠭᠤᠷᠢᠨ ᠭᠠᠵᠠᠷ ᠪᠠ ᠡᠮᠦᠨ᠎ᠡ ᠬᠡᠰᠡᠭ᠎ᠲᠤ ᠦᠷᠡᠵᠢᠭᠦᠯᠵᠤ ᠡᠭᠦᠯᠳᠡᠷ ᠪᠤᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠵᠠᠭᠤᠨ ᠳ᠋ᠦᠡᠭᠰᠢᠭᠤᠷ ᠵᠢᠩ ᠠᠮᠦ ᠪᠤᠳᠠᠭ᠋ᠠᠨ᠎ᠤ ᠬᠤᠷᠢᠶᠠᠯᠲᠠ ᠨᠡᠮᠡᠭᠳᠡᠭᠦᠯᠬᠦ ᠢᠨᠵᠧᠨᠧᠷᠢᠩ᠂ 《ᠳᠦᠷᠪᠡᠨ ᠤᠷᠤᠨ᠎ᠤ ᠮᠢᠩᠭ᠋ᠠᠨ ᠲᠦᠮᠡᠨ ᠮᠤ᠌》 ᠵᠢᠨ ᠦᠨᠳᠦᠷ ᠦᠷ᠎ᠡ ᠪᠦᠲᠦᠮᠵᠢ᠎ᠲᠠᠢ ᠤᠰᠤ ᠠᠷᠪᠢᠯᠠᠵᠤ ᠤᠰᠤᠯᠠᠬᠤ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠵᠤ᠂ ᠤᠰᠤ ᠠᠷᠪᠢᠯᠠᠵᠤ ᠤᠰᠤᠯᠠᠬᠤ ᠲᠠᠯᠠᠪᠠᠢ ᠵᠢ 450 ᠲᠦᠮᠡᠨ ᠮᠤ᠌ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠂ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠪᠠ ᠪᠠᠶ᠋ᠢᠭ᠋ᠠᠯᠢ ᠵᠢᠨ ᠭᠠᠮᠰᠢᠭ᠎ᠢ ᠡᠰᠡᠷᠭᠦᠴᠡᠬᠦ ᠴᠢᠳᠠᠪᠤᠷᠢ ᠵᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃ ᠲᠠᠷᠢᠮᠠᠯ᠎ᠤᠨ ᠪᠦᠲᠦᠴᠡ ᠪᠠ ᠡᠭᠦᠯᠳᠡᠷ᠎ᠤᠨ ᠪᠦᠲᠦᠴᠡ ᠵᠢ ᠰᠢᠯᠢᠳᠡᠭᠵᠢᠭᠦᠯᠵᠤ᠂ ᠦᠨᠳᠦᠷ ᠤᠨᠠᠯᠲᠠ᠎ᠲᠠᠢ ᠴᠢᠨᠠᠷ ᠰᠠᠶ᠋ᠢᠨᠲᠠᠢ ᠦᠨᠳᠦᠷ ᠦᠷ᠎ᠡ ᠠᠰᠢᠭᠲᠠᠢ ᠠᠶᠤᠯ ᠦᠭᠡᠢ ᠲᠠᠷᠢᠮᠠᠯ᠎ᠤᠨ ᠠᠵᠤ ᠦᠢ᠍ᠯᠡᠰ᠎ᠤᠨ ᠬᠦᠭᠵᠢᠯᠲᠠ ᠵᠢ ᠠᠬᠢᠭᠤᠯᠤᠨ᠎ᠠ᠃ ᠰᠢᠨ᠎ᠡ ᠨᠢᠭᠡᠨ ᠡᠬᠡᠯᠵᠢ ᠵᠢᠨ 《ᠬᠤᠯᠢᠰᠢᠨ ᠢᠳᠡᠭᠡᠨ》᠎ᠤ ᠢᠨᠵᠧᠨᠧᠷᠢᠩ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠪᠡᠯᠡᠳᠬᠡᠮᠵᠢ᠎ᠲᠤ ᠢᠳᠡᠰᠢᠨ ᠨᠤᠭᠤᠭ᠎ᠠ ᠵᠢᠨ ᠲᠠᠯᠠᠪᠠᠢ ᠵᠢ 20 ᠲᠦᠮᠡᠨ ᠮᠤ᠌ ᠰᠢᠨ᠎ᠡ᠎ᠪᠠᠷ ᠨᠡᠮᠡᠭᠳᠡᠭᠦᠯᠦᠨ᠎ᠡ᠃ 《ᠠᠮᠤ ᠪᠤᠳᠠᠭ᠋ᠠᠨ᠎ᠤ ᠠᠮᠤᠷ ᠲᠦᠪᠰᠢᠨ᠎ᠤ ᠢᠨᠵᠧᠨᠧᠷᠢᠩ》᠎ᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠦᠮᠦᠷᠬᠡᠯᠡᠨ ᠬᠠᠳᠠᠭ᠋ᠠᠯᠠᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠮᠤ ᠪᠤᠳᠠᠭ᠎ᠠ ᠵᠢ ᠤᠷᠤᠭᠰᠢᠲᠠᠢ ᠬᠤᠳᠠᠯᠲᠤᠨ ᠠᠪᠬᠤ ᠵᠢ ᠪᠠᠲᠤᠯᠠᠨ᠎ᠠ᠃ ᠮᠠᠯ ᠠᠵᠤ ᠠᠬᠤᠢ ᠵᠢᠨ ᠬᠦᠭᠵᠢᠯᠲᠡ ᠵᠢᠨ ᠠᠷᠭ᠎ᠠ ᠮᠠᠶᠢᠭ᠎ᠢ ᠲᠦᠷᠭᠡᠳᠬᠡᠨ ᠬᠤᠪᠢᠷᠠᠭᠤᠯᠵᠤ᠂ ᠰᠦ ᠰᠠᠭ᠋ᠠᠯᠢ ᠵᠢᠨ ᠦᠢ᠍ᠯᠡᠰ᠂ ᠢᠳᠡᠰᠢᠨ ᠦᠬᠡᠷ᠂ ᠢᠳᠡᠰᠢᠨ ᠬᠤᠨᠢᠨ᠎ᠤ ᠠᠵᠤ ᠦᠢ᠍ᠯᠡᠰ ᠵᠶ᠋ᠠᠷ ᠭᠤᠤᠯᠳᠠᠯᠭ᠎ᠠ ᠪᠤᠯᠭ᠋ᠠᠭᠰᠠᠨ ᠠᠮᠢ ᠠᠬᠤᠢ ᠵᠢᠨ ᠮᠠᠯ ᠠᠵᠤ ᠠᠬᠤᠢ ᠵᠢ ᠶᠡᠬᠡᠪᠡᠷ ᠬᠦᠭᠵᠢᠭᠦᠯᠵᠤ᠂ 《ᠬᠤᠤᠰ ᠵᠠᠭᠤ ᠮᠢᠩᠭ᠎ᠠ ᠲᠦᠮᠡ ᠵᠢᠨ ᠦᠨᠳᠦᠷ ᠬᠤᠷᠢᠶᠠᠯᠲᠠ ᠭᠠᠷᠤᠯᠲᠠ ᠵᠢ ᠡᠭᠦᠳᠤᠨ ᠪᠠᠶ᠋ᠢᠭᠤᠯᠬᠤ ᠶᠠᠰᠤ ᠴᠢᠨᠠᠷ᠎ᠢ ᠳᠡᠭᠡᠭᠰᠢᠯᠡᠭᠦᠯᠤᠨ ᠦᠷ᠎ᠡ ᠠᠰᠢᠭ᠎ᠢ ᠨᠡᠮᠡᠭᠳᠡᠭᠦᠯᠬᠦ》 ᠢᠨᠵᠧᠨᠧᠷᠢᠩ᠎ᠢ ᠬᠦᠨᠵᠡᠭᠡᠢ ᠬᠡᠷᠡᠭᠵᠢᠭᠦᠯᠵᠤ᠂ ᠮᠠᠯ᠎ᠤᠨ ᠡᠭᠦᠯᠳᠡᠷ ᠰᠠᠶ᠋ᠢᠵᠢᠷᠠᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠮᠠᠯᠵᠢᠬᠤ ᠤᠷᠤᠨ᠎ᠤ ᠠᠮᠢ ᠠᠬᠤᠢ ᠵᠢᠨ ᠬᠡᠷ ᠪᠦᠯᠢ ᠵᠢᠨ ᠮᠠᠯᠵᠢᠯ᠎ᠤᠨ ᠲᠠᠯᠠᠪᠠᠢ ᠪᠠ ᠲᠠᠷᠢᠶᠠᠯᠠᠬᠤ ᠤᠷᠤᠨ᠎ᠤ ᠪᠠᠷᠢᠮᠵᠢᠶᠠᠵᠢᠭᠤᠯᠤᠭᠰᠠᠨ ᠬᠡᠪᠴᠢᠶ᠎ᠡ᠎ᠲᠤ ᠲᠡᠵᠢᠭᠡᠨ ᠦᠷᠡᠵᠢᠭᠦᠯᠬᠦ ᠲᠠᠯᠠᠪᠠᠢ ᠵᠢ ᠲᠦᠷᠭᠡᠳᠬᠡᠨ ᠬᠦᠭᠵᠢᠬᠦᠯᠵᠤ᠂ ᠤᠳᠤ ᠦᠶ᠎ᠡ ᠵᠢᠨ ᠮᠠᠯ ᠠᠵᠤ ᠠᠬᠤᠢ ᠵᠢᠨ ᠬᠦᠭᠵᠢᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠴᠢᠯᠡᠭᠰᠡᠨ ᠡᠵᠡᠩᠨᠡᠯᠲᠡ ᠵᠢ ᠢᠳᠡᠪᠬᠢᠲᠠᠢ᠎ᠪᠠᠷ ᠲᠦᠯᠬᠢᠨ ᠠᠬᠢᠭᠤᠯᠤᠨ᠎ᠠ᠃ ᠲᠤᠰᠬᠠᠢ ᠲᠤᠮᠦ ᠡᠷᠤᠬᠡ᠂ ᠬᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ᠂ ᠲᠠᠷᠢᠶᠠᠴᠢᠨ ᠮᠠᠯᠴᠢᠳ᠎ᠤᠨ ᠬᠤᠷᠰᠢᠶ᠎ᠠ᠂ ᠠᠵᠤ ᠦᠢ᠍ᠯᠡᠰᠴᠢᠯᠡᠭᠰᠡᠨ ᠲᠠᠭ᠋ᠠᠭᠤᠯᠤᠭᠴᠢ ᠠᠵᠤ ᠠᠬᠤᠶ᠋ᠢᠯᠠᠯ ᠵᠡᠷᠭᠡ ᠤᠯᠠᠨ ᠲᠦᠷᠦᠯ᠎ᠤᠨ ᠡᠵᠡᠩᠨᠡᠯᠲᠡ ᠵᠢᠨ ᠭᠤᠤᠯ ᠴᠤᠭᠴᠠ ᠵᠢ ᠲᠡᠳᠬᠦᠨ ᠬᠦᠭᠵᠢᠭᠦᠯᠵᠤ᠂ ᠰᠦ᠂ ᠮᠢᠬ᠎ᠠ᠂ ᠨᠤᠯᠤᠤᠷ᠂ ᠠᠮᠤ ᠪᠤᠳᠠᠭ᠎ᠠ ᠪᠤᠷᠴᠠᠭ᠂ ᠲᠦᠮᠦᠰᠦ ᠵᠡᠷᠭᠡ ᠳᠠᠪᠠᠭᠤᠯᠢᠭ ᠤᠨᠴᠠᠯᠢᠭ ᠪᠦᠬᠦᠢ ᠠᠵᠤ ᠦᠢ᠍ᠯᠡᠰ ᠵᠶ᠋ᠠᠷ ᠭᠤᠤᠯᠳᠠᠯᠭ᠎ᠠ᠎ᠲᠠᠢ ᠭᠤᠤᠯᠯᠠᠭᠤᠯᠤᠨ᠂ ᠬᠤᠯᠪᠤᠭ᠋ᠠᠯᠠᠭᠤᠯᠤᠨ ᠳᠠᠬᠢᠨ ᠵᠤᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ ᠦᠢ᠍ᠯᠡᠳᠪᠦᠷᠢᠯᠡᠵᠤ ᠡᠳ᠋ᠰᠢᠭᠦᠯᠬᠦ ᠬᠡᠯᠪᠡᠷᠢ ᠵᠢᠨ᠂ ᠬᠦᠢ᠍ᠯᠭᠡᠭᠡᠨ ᠠᠷᠠᠯᠵᠢᠶᠠᠯᠠᠬᠤ ᠬᠡᠯᠪᠡᠷᠢ ᠵᠢᠨ᠂ ᠲᠦᠭᠦᠷ ᠦᠢ᠍ᠯᠡᠴᠢᠯᠡᠭᠡᠨ᠎ᠤ ᠬᠡᠯᠪᠡᠷᠢ ᠵᠢᠨ ᠨᠢᠭᠡ ᠪᠦᠯᠦᠭ ᠳᠠᠭ᠋ᠠᠭᠤᠯᠤᠭᠴᠢ ᠠᠵᠤ ᠠᠬᠤᠶ᠋ᠢᠯᠠᠯ᠎ᠢ ᠲᠦᠷᠭᠡᠳᠬᠡᠨ ᠪᠤᠶ᠋ᠢᠵᠢᠭᠤᠯᠵᠤ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ ᠵᠶ᠋ᠠᠷ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠴᠢᠯᠡᠯᠲᠡ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠡᠵᠡᠩᠨᠠᠨ ᠪᠤᠷᠤᠯᠠᠭᠤᠯᠬᠤ ᠠᠷᠭ᠎ᠠ ᠵᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠰᠢᠭ ᠲᠤᠰᠠ᠎ᠪᠠᠷ ᠵᠶ᠋ᠠᠨ ᠬᠤᠯᠪᠤᠯᠳᠤᠬᠤ ᠲᠤᠭᠲᠠᠴᠠ ᠵᠢ ᠲᠡᠬᠦᠯᠳᠡᠷᠵᠢᠭᠦᠯᠦᠨ᠂ ᠲᠠᠷᠢᠶᠠᠴᠢᠨ ᠮᠠᠯᠴᠢᠳ᠎ᠤᠨ ᠤᠷᠤᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ ᠬᠡᠲᠤᠨ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠪᠦᠬᠦ ᠤᠯᠤᠰ᠎ᠲᠤ ᠨᠡᠷ᠎ᠡ᠎ᠲᠠᠢ ᠢᠳᠡᠰᠢᠨ ᠬᠤᠨᠢ ᠵᠢᠨ 5 ᠲᠦᠷᠦᠯ ᠲᠡᠮᠳᠡᠭ᠎ᠢ ᠪᠤᠢ ᠪᠤᠯᠭ᠋ᠠᠵᠤ᠂ 100 ᠲᠦᠮᠡᠨ ᠲᠤᠯᠤᠭ᠋ᠠᠢ᠎ᠠᠴᠠ ᠳᠡᠭᠡᠭᠰᠢ ᠢᠳᠡᠰᠢᠨ ᠬᠤᠨᠢ ᠮᠠᠯᠯᠠᠬᠤ 5 ᠲᠤᠮᠤ ᠬᠡᠯᠪᠡᠷᠢ ᠵᠢᠨ ᠦᠢ᠍ᠯᠡᠳᠪᠦᠷᠢᠯᠡᠯ᠎ᠤᠨ ᠬᠤᠯᠪᠤᠭ᠋ᠠᠲᠤ ᠴᠤᠭᠴᠠ ᠵᠢ ᠪᠠᠶ᠋ᠢᠭᠤᠯᠤᠨ᠂ ᠪᠤᠷᠤᠯᠠᠭᠤᠯᠤᠨ ᠬᠤᠳᠠᠯᠳᠤᠭᠰᠠᠨ ᠤᠷᠤᠯᠭ᠎ᠠ᠎ᠨᠢ 10 ᠳ᠋ᠦᠩᠰᠢᠭᠤᠷ ᠲᠦᠭᠦᠷᠢᠭ᠎ᠠᠴᠠ ᠳᠡᠭᠡᠭᠰᠢᠬᠢ 5 ᠳᠠᠭ᠋ᠠᠭᠤᠯᠬᠤ ᠠᠵᠤ ᠠᠬᠤᠶ᠋ᠢᠯᠠᠯ᠎ᠢ ᠪᠤᠶ᠋ᠢᠵᠢᠭᠤᠯᠤᠨ᠎ᠠ᠃
ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠮᠠᠶᠢᠭ᠎ᠤᠨ ᠡᠵᠡᠩᠨᠡᠯᠲᠡ ᠵᠢᠨ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠤᠨ᠎ᠠ᠃ ᠦᠮᠴᠢᠯᠡᠬᠦ ᠡᠷᠬᠡ ᠵᠢ ᠲᠤᠲᠤᠷᠬᠠᠶ᠋ᠢᠯᠠᠬᠤ᠂ ᠳᠠᠭ᠋ᠠᠭ᠋ᠠᠴᠢᠯᠠᠯᠲᠠ ᠵᠢᠨ ᠡᠷᠬᠡ ᠵᠢ ᠲᠤᠭᠲᠠᠭᠤᠨ ᠪᠠᠶ᠋ᠢᠯᠭ᠋ᠠᠬᠤ᠂ ᠡᠵᠡᠩᠨᠡᠯᠲᠠ ᠵᠢᠨ ᠡᠷᠬᠡ ᠵᠢ ᠠᠮᠢᠳᠤᠯᠢᠭ ᠪᠤᠯᠭ᠋ᠠᠬᠤ ᠱᠠᠭ᠋ᠠᠷᠳᠠᠯᠭ᠎ᠠ ᠶᠤᠰᠤᠭ᠋ᠠᠷ᠂ ᠲᠠᠷᠢᠶᠠᠯᠠᠬᠤ ᠮᠠᠯᠵᠢᠬᠤ ᠤᠷᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠲᠡᠷᠢᠶᠠᠯᠠᠬᠤ ᠮᠠᠯᠵᠢᠬᠤ ᠤᠷᠤᠨ᠎ᠤ ᠭᠠᠵᠠᠷ ᠰᠢᠷᠤᠢ᠂ ᠬᠠᠳᠤᠯᠠᠩ ᠪᠡᠯᠴᠢᠭᠡᠷ᠎ᠤᠨ ᠬᠠᠮᠲᠤ ᠵᠢᠨ ᠦᠮᠴᠢᠯᠡᠯ᠎ᠢ ᠪᠠᠷᠢᠮᠲᠠᠯᠠᠨ᠂ ᠲᠠᠷᠢᠶᠠᠴᠢᠨ ᠮᠠᠯᠴᠢᠳ᠎ᠤᠨ ᠳᠠᠭ᠋ᠠᠭ᠋ᠠᠴᠢᠯᠠᠵᠤ ᠪᠦᠬᠦᠢ ᠭᠠᠵᠠᠷ ᠰᠢᠷᠤᠢ᠎ᠪᠠᠨ ᠡᠵᠡᠮᠰᠢᠬᠦ᠂ ᠬᠡᠷᠡᠭᠯᠡᠬᠦ᠂ ᠠᠰᠢᠭ ᠬᠦᠷᠲᠡᠬᠦ᠂ ᠡᠷᠬᠢᠯᠳᠦᠬᠦᠯᠬᠦ ᠪᠠ ᠳᠠᠭ᠋ᠠᠭ᠋ᠠᠴᠢᠯᠠᠨ ᠡᠵᠡᠩᠨᠠᠵᠤ ᠪᠠᠶ᠋ᠢᠭ᠎ᠠ ᠡᠷᠬᠡ᠎ᠪᠠᠨ ᠪᠠᠷᠢᠴᠠᠭ᠋ᠠᠯᠠᠬᠤ᠂ ᠳᠠᠭ᠋ᠠᠭ᠋ᠠᠯᠲᠠ ᠬᠢᠬᠦ ᠡᠷᠬᠡ ᠵᠢ ᠬᠠᠤᠯᠢ ᠶᠤᠰᠤᠭ᠋ᠠᠷ ᠬᠠᠮᠠᠭ᠋ᠠᠯᠠᠵᠤ᠂ ᠬᠠᠮᠲᠤ ᠵᠢᠨ ᠤᠢ ᠮᠤᠳᠤᠨ᠎ᠤ ᠭᠠᠵᠠᠷ᠎ᠢ ᠬᠡᠷ ᠪᠦᠯᠢ᠎ᠳᠤ ᠳᠠᠭ᠋ᠠᠭ᠋ᠠᠴᠢᠯᠠᠭᠤᠯᠤᠨ ᠡᠵᠡᠩᠨᠡᠬᠦᠯᠬᠦ ᠳᠦᠷᠢᠮ᠎ᠢ ᠲᠡᠭᠦᠯᠳᠡᠷᠵᠢᠭᠦᠯᠵᠤ᠂ ᠭᠠᠵᠠᠷ ᠰᠢᠷᠤᠢ ᠵᠢᠨ ᠡᠷᠬᠡ ᠵᠢ ᠨᠤᠲᠠᠯᠠᠨ ᠳᠠᠩᠰᠠᠯᠠᠵᠤ ᠦᠨᠡᠮᠯᠡᠯ ᠤᠯᠭᠤᠬᠤ ᠲᠤᠷᠰᠢᠯᠲᠠ ᠵᠢᠨ ᠴᠢᠭ᠋᠎ᠤᠨ ᠠᠵᠢᠯ᠎ᠢ ᠦᠷᠨᠢᠭᠦᠯᠦᠨ᠂ ᠲᠠᠷᠢᠶᠠᠯᠠᠬᠤ ᠮᠠᠯᠵᠢᠬᠤ ᠤᠷᠤᠨ᠎ᠤ ᠬᠠᠮᠲᠤ ᠵᠢᠨ ᠭᠠᠵᠠᠷ ᠰᠢᠷᠤᠢ ᠵᠢᠨ ᠦᠮᠴᠢᠯᠡᠬᠦ ᠡᠷᠬᠡ ᠵᠢ ᠨᠤᠲᠠᠯᠠᠨ ᠲᠠᠩᠰᠠᠯᠠᠵᠤ ᠦᠨᠡᠮᠯᠠᠯ ᠤᠯᠭᠤᠬᠤ ᠠᠵᠢᠯ᠎ᠢ ᠦᠨᠳᠦᠰᠦᠨ᠎ᠳᠤ᠎ᠨᠢ ᠪᠡᠶᠡᠯᠡᠭᠦᠯᠵᠤ᠂ ᠤᠷᠤᠨ ᠰᠠᠭᠤᠴᠠ ᠵᠢᠨ ᠰᠠᠭᠤᠷᠢ ᠭᠠᠵᠠᠷ ᠬᠢᠭᠡᠳ ᠬᠠᠮᠲᠤ ᠵᠢᠨ ᠪᠦᠲᠦᠬᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠤᠢ ᠵᠢᠨ ᠬᠡᠷᠡᠭᠯᠡᠬᠦ ᠡᠷᠬᠡ ᠵᠢ ᠳᠠᠩᠰᠠᠯᠠᠵᠤ ᠦᠨᠡᠮᠯᠠᠯ ᠤᠯᠭᠤᠬᠤ ᠠᠵᠢᠯ᠎ᠢ ᠲᠦᠯᠬᠢᠨ ᠠᠬᠢᠭᠤᠯᠤᠨ᠎ᠠ᠃ ᠬᠡᠷ ᠪᠦᠯᠢ ᠵᠢᠨ ᠡᠵᠡᠩᠨᠡᠯᠲᠡ ᠵᠢᠨ ᠦᠨᠳᠦᠰᠦᠨ ᠪᠠᠶ᠋ᠢᠷᠢ ᠰᠠᠭᠤᠷᠢ ᠵᠢ ᠪᠠᠷᠢᠮᠲᠠᠯᠠᠨ᠂ ᠬᠡᠷ ᠪᠦᠯᠢ ᠡᠵᠡᠩᠨᠡᠬᠦ᠂ ᠬᠠᠮᠲᠤ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶ᠋ᠢᠯᠠᠯ ᠡᠵᠡᠩᠨᠡᠬᠦ ᠬᠠᠮᠲᠤ᠎ᠪᠠᠷ ᠬᠦᠭᠵᠢᠭᠰᠡᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠠᠯᠲᠡ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠤᠨ᠎ᠠ᠃ ᠭᠠᠵᠠᠷ ᠰᠢᠷᠤᠢ ᠬᠠᠳᠤᠯᠠᠩ ᠪᠡᠯᠴᠢᠭᠡᠷ᠎ᠢ ᠡᠷᠬᠢᠯᠳᠦᠭᠦᠯᠬᠦ ᠦᠢ᠍ᠯᠡᠴᠢᠯᠡᠭᠡᠨ᠎ᠤ ᠲᠤᠤᠷ ᠰᠦᠯᠵᠢᠶ᠎ᠡ ᠵᠢ ᠪᠦᠷᠢᠨᠰᠢᠭᠦᠯᠦᠨ᠂ ᠭᠠᠵᠠᠷ ᠰᠢᠷᠤᠢ ᠬᠠᠳᠤᠯᠠᠩ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠰᠢᠨ᠎ᠡ ᠮᠠᠶᠢᠭ᠎ᠤᠨ ᠡᠵᠡᠩᠨᠡᠯᠲᠡ ᠵᠢᠨ ᠭᠤᠤᠯ ᠴᠤᠭᠴᠠ ᠲᠠᠰ᠎ᠢ ᠡᠷᠬᠢᠯᠳᠦᠬᠦᠯᠬᠦ ᠵᠤᠷᠢᠭᠵᠢᠭᠤᠯᠤᠨ᠂ ᠤᠯᠠᠨ ᠵᠦᠢ᠍ᠯ᠎ᠤᠨ ᠬᠡᠯᠪᠡᠷᠢ ᠪᠦᠬᠦᠢ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠵᠢ ᠬᠦᠭᠵᠢᠭᠦᠯᠵᠤ᠂ ᠪᠦᠬᠦ ᠶᠠᠪᠤᠴᠠ ᠵᠢ ᠬᠠᠮᠤᠷᠤᠭᠰᠠᠨ᠂ ᠶᠡᠷᠦᠩᠭᠡᠶ᠋ᠢᠯᠡᠨ ᠢᠵᠢ ᠪᠦᠷᠢᠳᠤᠬᠦᠯᠦᠭᠰᠡᠨ᠂ ᠳᠦᠭᠦᠮ ᠲᠦᠳᠡ ᠦᠨᠳᠦᠷ ᠦᠷ᠎ᠡ ᠪᠦᠲᠦᠮᠵᠢ᠎ᠲᠠᠢ ᠲᠠᠷᠢᠶᠠᠯᠠᠩ ᠮᠠᠯ ᠠᠵᠤ ᠠᠬᠤᠢ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃
ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠦᠭᠡᠢ ᠵᠢ ᠪᠦᠬᠦ ᠬᠦᠴᠦ᠎ᠪᠠᠷ ᠵᠶ᠋ᠠᠨ ᠰᠠᠶ᠋ᠢᠲᠤᠷ ᠠᠳᠬᠤᠨ᠎ᠠ᠃ ᠦᠢ᠍ᠯᠡᠳᠪᠦᠷᠢᠯᠡᠯ᠎ᠤᠨ ᠤᠷᠴᠢᠨ ᠲᠤᠭᠤᠷᠢᠨ᠎ᠤ ᠠᠶᠤᠯ ᠦᠭᠡᠢ ᠵᠢᠨ ᠪᠤᠭᠤᠮᠲᠠ ᠵᠢ ᠴᠢᠩᠭ᠎ᠠ ᠠᠳᠬᠤᠵᠤ᠂ ᠲᠤᠰᠬᠠᠶ᠋ᠢᠴᠢᠯᠠᠭᠰᠠᠨ᠂ ᠪᠠᠷᠢᠮᠵᠢᠶᠠᠵᠢᠭᠤᠯᠤᠭᠰᠠᠨ᠂ ᠨᠡᠶ᠋ᠢᠲᠡ᠎ᠳᠤ ᠬᠤᠤᠷᠳᠠᠭᠤᠯᠤᠯ ᠦᠭᠡᠢ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠪᠠ ᠪᠤᠬᠢᠷᠳᠤᠯ ᠦᠭᠡᠢ ᠢᠳᠡᠭᠡᠨ᠎ᠤ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠭᠠᠷᠤᠯᠲᠠ ᠵᠢᠨ ᠭᠠᠵᠠᠷ᠎ᠤᠨ ᠤᠷᠴᠢᠨ ᠲᠤᠭᠤᠷᠢᠨ᠎ᠤ ᠪᠤᠬᠢᠷᠳᠤᠯ᠎ᠢ ᠴᠢᠩᠭ᠎ᠠ ᠬᠢᠵᠠᠭ᠋ᠠᠷᠯᠠᠨ ᠡᠵᠡᠮᠳᠡᠵᠤ᠂ ᠲᠠᠷᠢᠶᠠᠯᠠᠩ ᠮᠠᠯ ᠠᠵᠤ ᠠᠬᠤᠢ ᠵᠢᠨ ᠤᠷᠴᠢᠨ ᠲᠤᠭᠤᠷᠢᠨ᠂ ᠤᠷᠤᠭᠤᠯᠤᠯᠲᠠ ᠡᠳ᠋ ᠵᠡᠷᠭᠡ ᠵᠢᠨ ᠶᠠᠰᠤ ᠴᠢᠨᠠᠷ᠎ᠤᠨ ᠠᠶᠤᠯ ᠦᠬᠡᠢ ᠵᠢᠨ ᠪᠠᠶ᠋ᠢᠴᠠᠭ᠋ᠠᠯᠲᠠ ᠵᠢ ᠴᠢᠩᠭ᠋ᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠦᠭᠡᠢ ᠵᠢ ᠰᠢᠯᠭ᠋ᠠᠨ ᠪᠠᠶ᠋ᠢᠴᠠᠭ᠋ᠠᠬᠤ ᠪᠠᠶ᠋ᠢᠴᠠᠭ᠋ᠠᠨ ᠬᠡᠮᠵᠢᠬᠦ ᠪᠠ ᠮᠦᠷᠳᠡᠨ ᠨᠡᠬᠡᠮᠵᠢᠯᠡᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠨ᠂ ᠦᠢ᠍ᠯᠡᠳᠪᠦᠷᠢᠯᠡᠬᠦ ᠡᠬᠢ ᠡᠬᠦᠰᠦᠯᠠᠴᠠᠨᠢ ᠵᠠᠰᠠᠬᠤ ᠪᠠ ᠦᠢ᠍ᠯᠡᠳᠪᠦᠷᠢᠯᠡᠵᠤ ᠪᠤᠷᠤᠯᠠᠭᠤᠯᠬᠤ ᠪᠦᠬᠦ ᠶᠠᠪᠤᠴᠠ ᠵᠢᠨ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠴᠢᠩᠭ᠎ᠠ ᠵᠢᠷᠤᠮᠵᠢᠯ᠎ᠢ ᠪᠠᠶ᠋ᠢᠭᠤᠯᠤᠨ᠂ ᠠᠷᠠᠳ ᠤᠯᠠᠨ᠎ᠤ 《ᠢᠳᠡᠭᠡᠨ ᠤᠮᠳᠠᠭ᠋ᠠᠨ᠎ᠤ ᠠᠶᠤᠯ ᠦᠭᠡᠢ》 ᠵᠢ ᠦᠨᠡᠨᠬᠦ ᠪᠠᠲᠤᠯᠠᠨ᠎ᠠ᠃ ᠠᠮᠢ ᠠᠬᠤᠢ ᠵᠢᠨ ᠤᠭ ᠭᠠᠷᠤᠯᠲᠠ ᠵᠢᠨ ᠭᠠᠵᠠᠷ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠪᠠ ᠨᠡᠶ᠋ᠢᠲᠡ᠎ᠳᠤ ᠬᠤᠤᠷᠳᠠᠭᠤᠯᠤᠯ ᠦᠭᠡᠢ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ᠂ ᠪᠤᠬᠢᠷᠳᠤᠯ ᠦᠬᠡᠢ ᠢᠳᠡᠭᠡᠨ᠂ ᠤᠷᠭ᠋ᠠᠨᠢᠭ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ᠂ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠭᠠᠵᠠᠷ ᠵᠦᠢ ᠵᠢᠨ ᠲᠡᠮᠳᠡᠭ᠎ᠢ ᠰᠢᠯᠭ᠋ᠠᠨ ᠲᠤᠭᠲᠠᠭ᠋ᠠᠬᠤ ᠶᠠᠪᠤᠳᠠᠯ᠎ᠢ ᠴᠢᠩᠭ᠋ᠠᠳᠬᠠᠨ᠂ ᠮᠠᠨ᠎ᠤ ᠤᠷᠤᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠲᠦᠷᠦᠯ ᠲᠡᠮᠳᠡᠭ᠎ᠤᠨ ᠠᠯᠳᠠᠷᠰᠢᠯ ᠪᠠ ᠦᠷᠢᠰᠦᠯᠲᠦᠬᠦ ᠴᠢᠳᠠᠯ᠎ᠢ ᠳᠡᠭᠡᠭᠰᠢᠯᠡᠭᠦᠯᠦᠨ᠎ᠡ᠃
ᠰᠢᠨ᠎ᠡ ᠲᠡᠷᠢᠶᠡᠯᠠᠬᠤ ᠮᠠᠯᠵᠢᠬᠤ ᠤᠷᠤᠨ᠎ᠤ ᠪᠦᠲᠦᠭᠡᠨ ᠪᠠᠶ᠋ᠢᠭᠤᠯᠤᠯᠲᠠ ᠵᠢ ᠦᠨᠡᠨᠬᠦ ᠴᠢᠩᠭ᠋ᠠᠳᠬᠠᠨ᠎ᠠ᠃ ᠬᠤᠲᠠ ᠬᠦᠳᠡᠭᠡ ᠵᠢ ᠨᠢᠭᠡ ᠴᠤᠭᠴᠠᠵᠢᠭᠤᠯᠤᠨ ᠬᠦᠭᠵᠢᠭᠦᠯᠬᠦ ᠵᠢ ᠶᠡᠬᠡᠪᠡᠷ ᠲᠦᠯᠬᠢᠨ ᠠᠬᠢᠭᠤᠯᠵᠤ᠂ ᠰᠠᠭᠤᠷᠢ ᠪᠡᠯᠡᠳᠬᠡᠮᠵᠢ ᠵᠢ ᠲᠠᠷᠢᠶᠠᠯᠠᠬᠤ ᠮᠠᠯᠵᠢᠬᠤ ᠤᠷᠤᠨ ᠲᠡᠰᠢ ᠤᠷᠳᠤᠳᠬᠠᠬᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ ᠵᠶ᠋ᠠᠷ ᠮᠠᠯᠵᠢᠬᠤ ᠲᠠᠷᠢᠶᠠᠯᠠᠬᠤ ᠤᠷᠤᠨ᠎ᠢ ᠬᠠᠮᠤᠷᠤᠭᠤᠯᠬᠤ᠂ ᠬᠤᠲᠠ ᠵᠢᠨ ᠪᠤᠯᠪᠠᠰᠤᠨ ᠵᠶ᠋ᠠᠷ ᠮᠠᠯᠵᠢᠬᠤ ᠲᠠᠷᠢᠶᠠᠯᠠᠬᠤ ᠤᠷᠤᠨ᠎ᠢ ᠨᠦᠯᠦᠭᠡᠯᠡᠨ ᠲᠠᠶ᠋ᠢᠴᠢᠯᠠᠬᠤ ᠵᠢ ᠠᠬᠢᠭᠤᠯᠤᠨ᠎ᠠ᠃ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠯᠲᠠ ᠵᠢᠨ ᠭᠤᠤᠯᠳᠠᠯᠭ᠎ᠠ ᠵᠢ ᠲᠡᠷᠢᠶᠠᠯᠠᠬᠤ ᠮᠠᠯᠵᠢᠬᠤ ᠤᠷᠤᠨ᠎ᠳᠤ ᠲᠠᠯᠪᠢᠬᠤ ᠵᠢ ᠪᠠᠷᠢᠮᠲᠠᠯᠠᠨ᠂ 3 ᠵᠢᠯ᠎ᠤᠨ ᠬᠤᠭᠤᠴᠠᠭ᠋ᠠᠨ᠎ᠳᠤ᠂ ᠪᠦᠬᠦ ᠤᠷᠤᠨ᠎ᠤ ᠬᠡᠪᠴᠢᠶᠡᠨ᠎ᠳᠤ ᠲᠠᠷᠢᠶᠠᠯᠠᠬᠤ ᠮᠠᠯᠵᠢᠬᠤ ᠤᠷᠤᠨ᠎ᠤ ᠨᠤᠷᠠᠬᠤ ᠠᠶᠤᠯᠲᠠᠢ ᠬᠡᠷ ᠪᠠᠶ᠋ᠢᠰᠢᠩ᠎ᠢ ᠵᠠᠰᠠᠨ ᠰᠢᠨᠡᠳᠬᠡᠬᠦ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠤᠰᠬᠤᠨ᠎ᠤ ᠵᠡᠬᠡᠯᠢ ᠭᠤᠳᠤᠮᠵᠢ ᠵᠢ ᠬᠠᠲᠠᠭᠤᠷᠠᠭᠤᠯᠬᠤ᠂ ᠲᠤᠰᠬᠤᠨ ᠪᠤᠯᠭ᠋ᠠᠨ᠎ᠳᠤ ᠴᠠᠬᠢᠯᠭ᠋ᠠᠨ ᠨᠡᠪᠲᠡᠷᠡᠭᠦᠯᠬᠦ᠂ ᠲᠤᠰᠬᠤᠨ ᠪᠤᠯᠭ᠋ᠠᠨ᠎ᠳᠤ ᠷᠠᠳᠢᠤ᠋ ᠨᠡᠪᠲᠡᠷᠡᠭᠦᠯᠭᠡ ᠲᠧᠯᠸᠢᠰ ᠪᠠ ᠴᠢᠮᠡᠭᠡ ᠨᠡᠪᠲᠡᠷᠡᠭᠦᠯᠬᠡ ᠨᠡᠪᠲᠡᠷᠡᠭᠦᠯᠬᠦ᠂ ᠰᠤᠷᠭ᠋ᠠᠭᠤᠯᠢ ᠵᠢᠨ ᠬᠡᠷ ᠪᠠᠶ᠋ᠢᠷᠢ ᠵᠢᠨ ᠪᠦᠲᠦᠭᠡᠨ ᠪᠠᠶ᠋ᠢᠭᠤᠯᠤᠯᠲᠠ ᠬᠢᠭᠡᠳ ᠠᠠᠶᠤᠯ ᠦᠭᠡᠢ ᠪᠤᠯᠭ᠋ᠠᠨ ᠵᠠᠰᠠᠨ ᠰᠢᠨᠡᠳᠬᠡᠬᠦ᠂ ᠭᠠᠴᠠᠭ᠎ᠠ ᠲᠤᠰᠬᠤᠨ᠎ᠤ ᠪᠠᠷᠢᠮᠵᠢᠶᠠᠵᠢᠭᠤᠯᠤᠭᠰᠠᠨ ᠡᠷᠡᠬᠦᠯ ᠬᠠᠮᠠᠭ᠋ᠠᠯᠠᠯ᠎ᠤᠨ ᠲᠠᠰᠤᠭ᠂ ᠭᠠᠴᠠᠭ᠎ᠠ ᠲᠤᠰᠬᠤᠨ᠎ᠤ ᠰᠤᠶᠤᠯ ᠲᠤᠭᠯᠠᠭ᠋ᠠᠮ᠎ᠤᠨ ᠦᠷᠦᠭᠡ᠂ ᠠᠷᠠᠳ᠎ᠲᠤ ᠳᠦᠭᠦᠮ ᠬᠡᠯᠬᠢᠶ᠎ᠡ ᠬᠡᠲᠤ ᠳᠡᠯᠭᠡᠬᠦᠷ᠂ ᠲᠡᠷᠢᠶᠠᠯᠠᠬᠤ ᠮᠠᠯᠵᠢᠬᠤ ᠤᠷᠤᠨ᠎ᠤ ᠪᠠᠶ᠋ᠢᠡᠭᠭᠤ ᠰᠠᠭᠤᠭ᠎ᠠ ᠬᠦᠮᠦᠨ ᠠᠮᠠ ᠵᠢᠨ ᠨᠠᠰᠤᠵᠢᠯ ᠡᠮᠨᠡᠯᠭᠡ ᠨᠠᠭ᠋ᠠᠲᠤ ᠵᠠᠬ᠎ᠠ ᠵᠢᠨ ᠪᠠᠲᠤᠯᠭ᠎ᠠ ᠵᠡᠷᠭᠡ ᠨᠡᠶ᠋ᠢᠭᠡᠮ ᠪᠠᠲᠤᠯᠭ᠎ᠠ ᠵᠢᠨ 《ᠠᠷᠪᠠᠨ ᠪᠦᠬᠦᠨ᠎ᠢ ᠬᠠᠮᠤᠷᠬᠤ》 ᠵᠢ ᠪᠶᠡᠯᠡᠭᠦᠯᠦᠨ᠂ ᠬᠤᠲᠠ ᠬᠦᠳᠡᠭᠡ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠡᠩᠴᠡᠭᠦᠷᠢᠰᠢᠯᠲᠡ ᠵᠢ ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠤᠷᠤᠨ᠎ᠤ ᠵᠠᠰᠠᠮᠠᠯ ᠵᠠᠮ᠂ ᠤᠰᠤᠨ ᠠᠰᠢᠭᠯᠠᠯᠲᠠ᠂ ᠴᠠᠬᠢᠯᠭ᠋ᠠᠨ᠎ᠤ ᠲᠤᠤᠷ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠤᠯᠲᠠᠢ ᠲᠦᠯᠦᠪᠯᠡᠨ ᠲᠦᠯᠬᠢᠨ ᠠᠬᠢᠭᠤᠯᠵᠤ᠂ ᠲᠡᠷᠢᠶᠠᠯᠠᠬᠤ ᠮᠠᠯᠵᠢᠬᠤ ᠤᠷᠤᠨ᠎ᠤ ᠨᠠᠮᠤᠭ᠎ᠤᠨ ᠬᠡᠢ ᠪᠤᠯᠤᠨ ᠠᠶᠤᠯ ᠦᠭᠡᠢ ᠤᠤᠭᠤᠬᠤ ᠤᠰᠤᠨ᠎ᠤ ᠢᠨᠵᠧᠨᠧᠷᠢᠩ᠎ᠢ ᠰᠠᠶ᠋ᠢᠲᠤᠷ ᠠᠳᠬᠤᠵᠤ᠂ ᠬᠦᠳᠡᠭᠡ ᠲᠤᠰᠬᠤᠨ᠎ᠤ 1.5 ᠲᠦᠮᠡᠨ ᠡᠷᠦᠬᠡ᠎ᠳᠤ ᠨᠠᠮᠤᠭ᠎ᠤᠨ ᠬᠡᠢ ᠬᠡᠷᠡᠭᠯᠡᠭᠦᠯᠬᠦ ᠪᠦᠲᠦᠭᠡᠨ ᠪᠠᠶ᠋ᠢᠭᠤᠯᠤᠯᠲᠠ ᠬᠢᠵᠤ᠂ 80 ᠲᠦᠮᠡᠨ ᠬᠦᠮᠦᠨ ᠠᠮᠠ ᠵᠢᠨ ᠠᠶᠤᠯ ᠦᠭᠡᠢ ᠤᠤᠭᠤᠬᠤ ᠤᠰᠤᠨ᠎ᠤ ᠠᠰᠠᠭᠤᠳᠠᠯ᠎ᠢ ᠰᠢᠢ᠍ᠳᠪᠦᠷᠢᠯᠡᠨ᠎ᠡ᠂ ᠤᠷᠤᠰᠢᠨ ᠰᠠᠭᠤᠬᠤ᠎ᠳᠤ ᠲᠤᠬᠢᠷᠠᠭᠰᠠᠨ ᠦᠵᠡᠰᠭᠦᠯᠡᠩᠲᠤ ᠰᠠᠶ᠋ᠢᠬᠠᠨ ᠬᠦᠳᠡᠭᠡ ᠲᠤᠰᠬᠤᠨ᠎ᠢ ᠶᠡᠬᠡᠪᠡᠷ ᠪᠦᠲᠦᠭᠡᠨ ᠪᠠᠶ᠋ᠢᠭᠤᠯᠵᠤ᠂ ᠰᠢᠨ᠎ᠡ ᠲᠠᠷᠢᠶᠠᠯᠠᠬᠤ ᠮᠠᠯᠵᠢᠬᠤ ᠤᠷᠤᠨ᠎ᠤ ᠪᠦᠲᠦᠭᠡᠨ ᠪᠠᠶ᠋ᠢᠭᠤᠯᠤᠯᠲᠠ ᠵᠢᠨ ᠵᠢᠱ᠌ᠢᠶ᠎ᠠ ᠦᠵᠡᠭᠦᠯᠬᠦ ᠢᠨᠵᠧᠨᠧᠷᠢᠩ᠎ᠢ ᠬᠦᠨᠵᠡᠭᠡᠢ ᠲᠦᠯᠬᠢᠨ ᠠᠬᠢᠭᠤᠯᠵᠤ᠂ ᠲᠡᠷᠢᠶᠠᠯᠠᠬᠤ ᠮᠠᠯᠵᠢᠬᠤ ᠤᠷᠤᠨ᠎ᠤ ᠬᠦᠮᠦᠰ᠎ᠤᠨ ᠤᠷᠤᠰᠢᠨ ᠰᠠᠭᠤᠬᠤ ᠤᠷᠴᠢᠨ ᠲᠤᠭᠤᠷᠢᠨ᠎ᠢ ᠶᠡᠷᠦᠩᠭᠡᠶ᠋ᠢᠯᠡᠨ ᠴᠡᠭᠴᠡᠯᠡᠨ ᠵᠠᠰᠠᠬᠤ ᠵᠢ ᠪᠦᠬᠦ ᠲᠠᠯ᠎ᠠ᠎ᠪᠠᠷ ᠦᠷᠨᠢᠭᠦᠯᠦᠨ᠂ ᠲᠡᠷᠢᠶᠠᠯᠠᠬᠤ ᠮᠠᠯᠵᠢᠬᠤ ᠤᠷᠤᠨ᠎ᠤ ᠲᠦᠷᠰᠦ ᠪᠠᠶ᠋ᠢᠳᠠᠯ᠎ᠳᠤ ᠦᠨᠳᠦᠰᠦᠨ ᠴᠢᠨᠡᠷ᠎ᠲᠠᠢ ᠬᠤᠪᠢᠷᠠᠯᠲᠠ ᠭᠠᠷᠭ᠋ᠠᠨ᠎ᠠ᠃
(ᠳᠦᠷᠪᠡ) ᠠᠵᠤ ᠠᠬᠤᠢ ᠵᠢᠨ ᠪᠠᠶ᠋ᠢᠭᠤᠯᠤᠯ᠎ᠤᠨ ᠦᠭᠡᠷᠡᠴᠢᠯᠡᠯᠲᠡ᠎ᠪᠠᠷ ᠭᠤᠤᠯᠳᠠᠯᠭ᠎ᠠ ᠪᠤᠯᠭ᠋ᠠᠨ ᠦᠭᠡᠷᠡᠴᠢᠯᠡᠯᠲᠡ ᠨᠡᠭᠡᠭᠡᠯᠲᠡ ᠵᠢ ᠬᠦᠨᠵᠡᠭᠡᠶ᠋ᠢᠷᠡᠭᠦᠯᠦᠨ᠂ ᠬᠦᠭᠵᠢᠯᠲᠡ ᠵᠢᠨ ᠠᠮᠢᠵᠢᠷᠠᠯ᠎ᠤᠨ ᠬᠦᠴᠦᠨ ᠪᠤᠯᠤᠨ ᠬᠦᠳᠡᠯᠬᠡᠬᠦ ᠬᠦᠴᠦᠨ᠎ᠢ ᠨᠡᠮᠡᠭᠳᠡᠭᠦᠯᠦᠨ᠎ᠡ᠃
ᠠᠵᠤ ᠠᠬᠤᠢ ᠵᠢᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠢᠳᠡᠪᠬᠢᠲᠠᠢ᠎ᠪᠠᠷ ᠲᠦᠯᠬᠢᠨ ᠠᠬᠢᠭᠤᠯᠤᠨ᠎ᠠ᠃ ᠤᠯᠤᠰ᠎ᠤᠨ ᠦᠮᠴᠢᠯᠡᠯᠲᠤ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠰᠢᠯᠤᠭᠤᠳᠬᠠᠨ᠂ ᠬᠦᠷᠦᠩᠭᠡ ᠵᠢ ᠬᠠᠮᠢᠶᠠᠷᠬᠤ᠎ᠪᠠᠷ ᠭᠤᠤᠯ ᠪᠤᠯᠭ᠋ᠠᠨ ᠤᠯᠤᠰ᠎ᠤᠨ ᠦᠮᠴᠢᠯᠡᠯᠲᠤ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠤᠯᠤᠰ᠎ᠤᠨ ᠦᠮᠴᠢᠯᠡᠯᠲᠤ ᠡᠳ᠋ ᠬᠦᠷᠦᠩᠭᠡ ᠵᠢᠨ ᠪᠠᠶ᠋ᠢᠷᠢᠰᠢᠭᠤᠯᠤᠯ ᠪᠠ ᠪᠦᠲᠦᠴᠡ ᠵᠢ ᠰᠢᠯᠢᠳᠡᠭᠵᠢᠭᠦᠯᠦᠨ ᠲᠤᠬᠢᠷᠠᠭᠤᠯᠤᠨ᠎ᠠ᠃ ᠤᠯᠤᠰ᠎ᠤᠨ ᠦᠮᠴᠢᠯᠡᠯᠲᠤ ᠠᠵᠤ ᠠᠬᠤᠶ᠋ᠢᠯᠠᠯ᠎ᠤᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠦᠨ᠂ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠵᠤ᠂ ᠤᠯᠤᠰ᠎ᠤᠨ ᠦᠮᠴᠢᠯᠡᠯᠲᠤ ᠠᠵᠤ ᠠᠬᠤᠶ᠋ᠢᠯᠠᠯ᠎ᠤᠨ ᠦᠭᠡᠷᠡᠴᠢᠯᠡᠯᠲᠠ᠎ᠳᠤ ᠠᠷᠠᠳ᠎ᠤᠨ ᠬᠦᠷᠦᠩᠭᠡ ᠵᠢᠨ ᠤᠷᠤᠯᠴᠠᠬᠤ ᠵᠢ ᠵᠤᠷᠢᠭᠵᠢᠭᠤᠯᠤᠨ᠂ ᠬᠤᠯᠢᠮᠠᠭ ᠦᠮᠴᠢᠯᠡᠯᠲᠤ ᠠᠵᠤ ᠠᠬᠤᠢ ᠵᠢ ᠢᠳᠡᠪᠬᠢᠲᠠᠢ᠎ᠪᠠᠷ ᠬᠦᠭᠵᠢᠭᠦᠯᠦᠨ᠂ ᠤᠯᠤᠰ᠎ᠤᠨ ᠦᠮᠴᠢᠯᠡᠯ᠎ᠤᠨ᠂ ᠬᠠᠮᠲᠤ ᠵᠢᠨ ᠪᠠ ᠠᠷᠠᠳ᠎ᠤᠨ ᠬᠦᠷᠦᠩᠭᠡ ᠰᠤᠯᠪᠢᠴᠡᠨ ᠰᠲ᠋ᠤᠺ ᠡᠵᠡᠮᠰᠢᠬᠦ ᠪᠠ ᠬᠠᠷᠢᠯᠴᠠᠨ ᠠᠭᠤᠰᠤᠯᠴᠠᠨ ᠨᠢᠭᠡᠳᠬᠦ ᠵᠢ ᠲᠦᠯᠬᠢᠨ ᠠᠬᠢᠭᠤᠯᠤᠨ᠎ᠠ᠃ ᠴᠠᠬᠢᠯᠭ᠋ᠠᠨ ᠬᠦᠴᠦᠨ᠎ᠤ ᠵᠠᠬ᠎ᠠ ᠳᠡᠯᠭᠡᠬᠦᠷ᠎ᠤᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠵᠤ᠂ ᠤᠯᠤᠰ᠎ᠠᠴᠠ ᠮᠠᠨ᠎ᠤ ᠤᠷᠤᠨ᠎ᠳᠤ ᠴᠠᠬᠢᠯᠭ᠋ᠠᠨ ᠬᠦᠴᠦᠨ᠎ᠤ ᠪᠠᠶ᠋ᠢᠭᠤᠯᠤᠯ᠎ᠤᠨ ᠦᠭᠡᠷᠡᠴᠢᠯᠡᠯᠲᠡ ᠵᠢᠨ ᠲᠤᠷᠰᠢᠯᠲᠠ ᠬᠢᠬᠦ ᠵᠢ ᠴᠢᠷᠮᠠᠶ᠋ᠢᠨ ᠤᠯᠵᠤ᠂ ᠲᠤᠤᠷᠵᠢᠭᠤᠯᠬᠤ ᠪᠠ ᠲᠡᠭᠡᠭᠡᠪᠦᠷᠢᠯᠡᠬᠦ ᠵᠢ ᠰᠠᠯᠭ᠋ᠠᠬᠤ ᠰᠢᠨ᠎ᠡ ᠬᠡᠯᠪᠡᠷᠢ ᠮᠠᠶᠢᠭ᠎ᠢ ᠢᠳᠡᠪᠬᠢᠲᠠᠢ ᠰᠦᠪᠡᠭᠴᠢᠯᠡᠨ᠂ ᠴᠠᠬᠢᠯᠭ᠋ᠠᠨ ᠦᠨ᠎ᠡ ᠵᠢᠨ ᠪᠤᠢ ᠪᠤᠯᠬᠤ ᠲᠤᠭᠲᠠᠴᠠ ᠵᠢ ᠲᠡᠭᠦᠯᠳᠡᠷᠵᠢᠭᠦᠯᠵᠤ᠂ ᠦᠨ᠎ᠡ ᠦᠷᠢᠰᠦᠯᠳᠤᠨ ᠲᠤᠤᠷ᠎ᠲᠤ ᠭᠠᠷᠬᠤ ᠵᠢ ᠲᠦᠯᠬᠢᠨ ᠠᠬᠢᠭᠤᠯᠤᠨ᠎ᠠ᠃ ᠦᠪᠦᠷ ᠮᠤᠩᠭᠤᠯ᠎ᠤᠨ ᠪᠠᠷᠠᠭᠤᠨ ᠬᠡᠰᠡᠭ᠎ᠤᠨ ᠭᠠᠵᠠᠷ ᠤᠷᠤᠨ᠎ᠤ ᠴᠠᠬᠢᠯᠭ᠋ᠠᠨ ᠬᠦᠴᠦᠨ᠎ᠤ ᠵᠠᠬ᠎ᠠ ᠳᠡᠯᠭᠡᠬᠦᠷ᠎ᠤᠨ ᠤᠯᠠᠨ ᠲᠡᠰᠢ ᠠᠷᠠᠯᠵᠢᠶᠠᠯᠠᠬᠤ ᠲᠤᠭᠲᠠᠴᠠ ᠵᠢ ᠲᠡᠭᠦᠯᠳᠡᠷᠵᠢᠭᠦᠯᠵᠤ᠂ ᠦᠪᠦᠷ ᠮᠤᠩᠭᠤᠯ᠎ᠤᠨ ᠵᠡᠭᠦᠨ ᠬᠡᠰᠡᠭ᠎ᠤᠨ ᠭᠠᠵᠠᠷ ᠤᠷᠤᠨ᠎ᠤ ᠲᠤᠮᠤ ᠬᠡᠷᠡᠭᠯᠡᠬᠦ ᠡᠷᠦᠬᠡ᠎ᠳᠤ ᠰᠢᠭᠤᠳ ᠴᠠᠬᠢᠯᠭ᠋ᠠᠨ ᠬᠠᠨᠭ᠌ᠭ᠋ᠠᠬᠤ ᠵᠢ ᠡᠬᠢᠯᠡᠭᠦᠯᠵᠤ᠂ ᠠᠵᠤ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠎ᠤ ᠦᠪᠡᠷ᠎ᠤᠨ ᠦᠷᠲᠡᠭ᠎ᠢ ᠪᠠᠭᠤᠷᠠᠭᠤᠯᠤᠨ᠎ᠠ᠃ ᠤᠷᠤᠨ ᠪᠦᠰᠡ ᠠᠯᠤᠰᠯᠠᠭᠰᠠᠨ ᠴᠠᠬᠢᠯᠭ᠋ᠠᠨ ᠬᠦᠴᠦᠨ᠎ᠤ ᠵᠠᠬ᠎ᠠ ᠳᠡᠯᠭᠡᠬᠦᠷ᠎ᠤᠨ ᠰᠢᠰᠲ᠋ᠧᠮᠵᠢ ᠵᠢ ᠪᠠᠶ᠋ᠢᠭᠤᠯᠵᠤ᠂ ᠴᠠᠬᠢᠯᠭ᠋ᠠᠨ ᠬᠦᠴᠦᠨ᠎ᠤ ᠵᠠᠬ᠎ᠠ ᠳᠡᠯᠭᠡᠬᠦᠷ᠎ᠤᠨ ᠨᠡᠩ ᠶᠡᠭᠡ ᠬᠡᠪᠴᠢᠶᠡᠨ᠎ᠤ ᠨᠡᠶ᠋ᠢᠯᠡᠯᠢ ᠠᠬᠢᠭᠤᠯᠤᠨ᠎ᠠ᠃ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠦᠨ᠂ ᠰᠠᠯᠠᠭ᠎ᠠ ᠮᠦᠴᠢᠷ᠎ᠤᠨ ᠲᠦᠰᠦᠪ᠎ᠤᠨ ᠦᠭᠡᠷᠡᠴᠢᠯᠡᠯᠲᠡ ᠵᠢ ᠲᠦᠯᠬᠢᠨ ᠠᠬᠢᠭᠤᠯᠵᠤ᠂ ᠪᠦᠬᠦ ᠰᠢᠰᠲ᠋ᠧᠮ᠎ᠤᠨ ᠵᠠᠰᠠᠭ᠎ᠤᠨ ᠤᠷᠳᠤᠨ᠎ᠤ ᠲᠦᠰᠦᠪ᠎ᠤᠨ ᠰᠢᠰᠲ᠋ᠧᠮᠵᠢ ᠵᠢ ᠪᠠᠶ᠋ᠢᠭᠤᠯᠤᠨ᠎ᠠ᠃ ᠵᠠᠰᠠᠭ᠎ᠤᠨ ᠤᠷᠳᠤᠨ᠎ᠤ ᠬᠤᠭᠤᠷᠤᠨᠳᠤᠬᠢ ᠠᠵᠢᠯ᠎ᠤᠨ ᠡᠷᠬᠡ ᠪᠤᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠢ ᠵᠤᠬᠢᠰᠲᠠᠢ ᠬᠤᠪᠢᠶᠠᠷᠢᠯᠡᠵᠤ᠂ ᠰᠢᠯᠵᠢᠭᠦᠯᠦᠨ ᠦᠭᠬᠦ ᠳᠦᠷᠢᠮ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠰᠢᠭᠤ ᠰᠢᠶᠠᠨ᠎ᠤ ᠱᠠᠲᠤᠨ᠎ᠤ ᠦᠨᠳᠦᠰᠦᠨ ᠡᠳ᠋᠎ᠤᠨ ᠬᠦᠴᠦᠨ᠎ᠢ ᠪᠠᠲᠤᠯᠠᠬᠤ ᠲᠤᠭᠲᠠᠴᠠ ᠵᠢ ᠲᠡᠭᠦᠯᠳᠡᠷᠵᠢᠭᠦᠯᠦᠨ᠎ᠡ᠃ ᠤᠯᠤᠰ᠎ᠤᠨ ᠱᠠᠭ᠋ᠠᠷᠳᠠᠯᠭ᠎ᠠ ᠶᠤᠰᠤᠭ᠋ᠠᠷ᠂ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠲᠠᠲᠠᠪᠤᠷᠢᠯᠠᠬᠤ ᠵᠡᠷᠭᠡ ᠭᠠᠶ᠋ᠢᠯᠢ ᠵᠢᠨ ᠳᠦᠷᠢᠮ᠎ᠤᠨ ᠦᠭᠡᠷᠡᠴᠢᠯᠡᠯᠲᠡ ᠵᠢ ᠤᠯᠠᠮ ᠨᠢᠭᠡ ᠠᠯᠬᠤᠮ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠵᠠᠰᠠᠭ᠎ᠤᠨ ᠤᠷᠳᠤᠨ᠎ᠤ ᠴᠢᠨᠠᠷᠲᠠᠢ ᠦᠷᠢ ᠦᠭᠴᠡᠭᠡ ᠵᠢᠨ ᠬᠠᠮᠢᠶᠠᠷᠤᠯᠲᠠ ᠵᠢᠨ ᠳᠦᠷᠢᠮ᠎ᠢ ᠲᠤᠭᠲᠠᠭ᠋ᠠᠵᠤ᠂ ᠵᠠᠰᠠᠭ᠎ᠤᠨ ᠤᠷᠳᠤᠨ᠎ᠤ ᠦᠷᠢ ᠦᠭᠴᠡᠭᠡ ᠵᠢᠭᠡᠯᠡᠬᠦ ᠡᠷᠭᠡ ᠮᠡᠳᠡᠯ ᠪᠠ ᠬᠡᠪᠴᠢᠶ᠎ᠡ ᠵᠢ ᠵᠢᠷᠤᠮᠵᠢᠭᠤᠯᠵᠤ᠂ ᠦᠯᠡᠳᠡᠬᠡᠯ ᠦᠷᠢ ᠦᠭᠴᠡᠭᠡ ᠵᠢ ᠠᠯᠬᠤᠮ ᠠᠯᠬᠤᠮ ᠵᠶ᠋ᠠᠷ ᠰᠢᠢ᠍ᠳᠪᠦᠷᠢᠯᠡᠨ᠂ ᠰᠢᠨ᠎ᠡ᠎ᠪᠠᠷ ᠨᠡᠮᠡᠭᠳᠡᠬᠦ ᠦᠷᠢ ᠦᠭᠴᠡᠭᠡ ᠵᠢ ᠴᠢᠩᠭ᠎ᠠ ᠬᠢᠵᠠᠭ᠋ᠠᠷᠯᠠᠨ ᠡᠵᠡᠮᠳᠡᠨ᠎ᠡ᠃ ᠡᠬᠢ ᠪᠠᠶᠠᠯᠢᠭ᠎ᠤᠨ ᠴᠢᠨᠠᠷᠲᠠᠢ ᠦᠢ᠍ᠯᠡᠳᠭᠦᠨ᠎ᠤ ᠦᠨ᠎ᠡ ᠬᠠᠨᠭ᠌ᠰᠢ ᠵᠢᠨ ᠦᠭᠡᠷᠡᠴᠢᠯᠡᠯᠲᠡ ᠵᠢ ᠲᠦᠯᠬᠢᠨ ᠠᠬᠢᠭᠤᠯᠵᠤ᠂ ᠤᠯᠤᠰ᠎ᠤᠨ ᠨᠡᠭᠦᠷᠡᠰᠦ ᠵᠡᠷᠭᠡ ᠡᠬᠢ ᠪᠠᠶᠠᠯᠢᠭ᠎ᠤᠨ ᠭᠠᠶ᠋ᠢᠯᠢ ᠵᠢ ᠦᠨ᠎ᠡ᠎ᠪᠠᠷ ᠪᠤᠳᠤᠵᠤ ᠲᠠᠲᠠᠪᠤᠷᠢᠯᠠᠬᠤ ᠦᠭᠡᠷᠡᠴᠢᠯᠡᠯᠲᠡ ᠵᠢ ᠨᠠᠶ᠋ᠢᠳᠠᠪᠤᠷᠢᠵᠢᠭᠤᠯᠤᠨ᠂ ᠰᠠᠭᠤᠭ᠋ᠠᠯᠢ ᠠᠷᠠᠳ᠎ᠤᠨ ᠤᠰᠤ᠂ ᠴᠠᠬᠢᠯᠭ᠋ᠠᠨ᠂ ᠬᠡᠢ ᠵᠡᠷᠭᠡ ᠱᠠᠲᠤᠯᠢᠭ ᠦᠨ᠎ᠡ ᠬᠠᠨᠭ᠌ᠰᠢ ᠵᠢᠨ ᠳᠦᠷᠢᠮ᠎ᠢ ᠲᠡᠭᠦᠯᠳᠡᠷᠵᠢᠭᠦᠯᠵᠤ᠂ ᠵᠠᠰᠠᠭ ᠵᠠᠬᠢᠷᠭ᠋ᠠᠨ᠎ᠤ ᠤᠷᠤᠨ ᠪᠦᠰᠡ ᠠᠯᠤᠰᠯᠠᠭᠰᠠᠨ ᠤᠰᠤ ᠲᠠᠲᠠᠬᠤ ᠬᠦᠢ᠍ᠴᠡᠳᠬᠡᠬᠦ ᠲᠤᠭ᠎ᠠ ᠵᠢᠨ ᠠᠷᠠᠯᠵᠢᠶᠠᠯᠠᠭ᠎ᠠ ᠵᠢ ᠠᠬᠢᠭᠤᠯᠵᠤ᠂ ᠭᠤᠤᠯ ᠪᠤᠯᠬᠤ ᠪᠤᠬᠢᠷ ᠪᠤᠳᠠᠰ ᠭᠠᠳᠠᠭᠰᠢᠯᠠᠭᠤᠯᠬᠤ ᠰᠦᠢ᠍ᠳᠬᠡᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃
ᠨᠡᠬᠡᠬᠡᠯᠲᠡ᠎ᠲᠤ ᠠᠵᠤ ᠠᠬᠤᠢ ᠵᠢᠨ ᠬᠦᠭᠵᠢᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠯᠤᠰ᠎ᠤᠨ ᠳᠤᠲᠤᠭ᠋ᠠᠲᠤ ᠬᠠᠭᠤᠷᠠᠢ ᠵᠢᠨ ᠬᠢᠯᠢ ᠳᠠᠭ᠋ᠠᠤ ᠵᠢᠨ ᠨᠡᠬᠡᠬᠡᠯᠲᠡ ᠵᠢ ᠦᠷᠭᠡᠳᠬᠡᠬᠦ ᠪᠠᠶ᠋ᠢᠯᠳᠤᠬᠤ ᠪᠤᠳᠤᠯᠭ᠎ᠠ ᠵᠢᠨ ᠠᠵᠠ ᠲᠤᠬᠢᠶᠠᠯ᠎ᠢ ᠵᠠᠪᠳᠤᠨ᠂ ᠤᠮᠠᠷᠠᠰᠢ ᠨᠡᠬᠡᠬᠡᠯᠲᠡ ᠬᠢᠬᠦ ᠴᠢᠬᠤᠯᠠ ᠬᠦᠬᠦᠷᠬᠡᠨ ᠪᠠᠬᠢᠯᠡᠯᠲᠡ ᠪᠤᠯᠤᠨ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠬᠢᠯᠢ ᠳᠠᠭ᠋ᠠᠤ ᠵᠢᠨ ᠠᠵᠤ ᠠᠬᠤᠢ ᠵᠢᠨ ᠪᠦᠰᠡ ᠵᠢ ᠲᠦᠷᠭᠡᠳᠬᠡᠨ ᠪᠠᠶ᠋ᠢᠭᠤᠯᠵᠤ᠂ ᠨᠡᠭᠡᠭᠡᠯᠲᠡ ᠬᠢᠵᠤ ᠬᠦᠭᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠪᠤᠭᠤᠮᠲᠠ ᠵᠢᠨ ᠠᠵᠤ ᠠᠬᠤᠢ ᠵᠢ ᠶᠡᠬᠡᠪᠡᠷ ᠬᠦᠭᠵᠢᠭᠦᠯᠦᠨ᠂ ᠮᠠᠨᠵᠤᠤᠷ᠎ᠤᠨ ᠤᠯᠤᠰ᠎ᠤᠨ ᠭᠤᠤᠯᠳᠠᠯᠭ᠎ᠠ᠎ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠵᠢᠨ ᠤᠷᠤᠨ ᠪᠤᠯᠤᠨ ᠬᠦᠯᠦᠨ ᠪᠤᠶ᠋ᠢᠷ᠎ᠤᠨ ᠲᠤᠮᠳᠠᠲᠤ ᠤᠷᠤᠰ ᠮᠤᠩᠭᠤᠯ ᠤᠯᠤᠰ᠎ᠤᠨ ᠬᠤᠷᠰᠢᠯᠴᠠᠬᠤ ᠬᠤᠰᠢᠭᠤᠴᠢ ᠤᠷᠤᠨ᠎ᠢ ᠲᠦᠯᠦᠪᠵᠢᠭᠦᠯᠵᠤ ᠪᠦᠲᠦᠭᠡᠨ ᠪᠠᠶ᠋ᠢᠭᠤᠯᠬᠤ ᠵᠢ ᠲᠦᠷᠭᠡᠳᠭᠡᠨ ᠠᠬᠢᠭᠤᠯᠵᠤ᠂ ᠤᠯᠤᠰ᠎ᠠᠴᠠ ᠡᠷᠢᠶᠡᠨ ᠬᠤᠲᠠ ᠵᠢᠨ ᠤᠯᠤᠰ᠎ᠤᠨ ᠭᠤᠤᠯᠳᠠᠯᠭ᠎ᠠ᠎ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠵᠢᠨ ᠤᠷᠤᠨ᠎ᠤ ᠲᠦᠰᠦᠯ᠎ᠢ ᠵᠦᠪᠰᠢᠶᠡᠷᠡᠨ ᠬᠡᠷᠡᠭᠵᠢᠬᠦᠯᠬᠦ ᠵᠢ ᠢᠳᠡᠪᠬᠢᠯᠡᠨ ᠤᠯᠵᠤ᠂ ᠬᠢᠯᠢ ᠵᠢᠨ ᠴᠢᠯᠦᠭᠡᠲᠤ ᠠᠷᠠᠯᠵᠢᠶᠠᠨ᠎ᠤ ᠤᠷᠤᠨ ᠪᠤᠯᠤᠨ ᠬᠢᠯᠢ ᠠᠯᠤᠰᠯᠠᠭᠰᠠᠨ ᠠᠵᠤ ᠠᠬᠤᠢ ᠵᠢᠨ ᠬᠤᠷᠰᠢᠯᠴᠠᠬᠤ ᠤᠷᠤᠨ᠎ᠢ ᠰᠦᠪᠡᠭᠴᠢᠯᠡᠨ ᠪᠠᠶ᠋ᠢᠭᠤᠯᠵᠤ᠂ ᠮᠠᠨᠵᠤᠤᠷ᠂ ᠡᠷᠢᠶᠡᠨ ᠬᠤᠲᠠ ᠵᠢ ᠴᠢᠯᠦᠭᠡᠲᠤ ᠠᠷᠠᠯᠵᠢᠶᠠᠨ᠎ᠤ ᠤᠷᠤᠨ (ᠬᠦᠷᠢᠶᠡᠯᠡᠩ) ᠵᠶ᠋ᠠᠷ ᠮᠡᠳᠡᠬᠦᠯᠵᠤ ᠪᠠᠶ᠋ᠢᠭᠤᠯᠬᠤ ᠠᠵᠢᠯ᠎ᠢ ᠲᠦᠷᠭᠡᠭᠡᠨ ᠡᠬᠢᠯᠡᠬᠦᠯᠦᠨ᠎ᠡ᠃ ᠤᠷᠤᠰ ᠮᠤᠩᠭᠤᠯ᠎ᠯᠤᠭ᠎ᠠ ᠵᠢᠨ ᠡᠳ᠋ᠰᠢᠬᠦᠯᠬᠡ ᠵᠢᠨ ᠠᠷᠠᠯᠵᠢᠶ᠎ᠠ᠂ ᠡᠬᠢ ᠪᠠᠶᠠᠯᠢᠭ ᠨᠡᠬᠡᠬᠡᠭᠦ᠂ ᠰᠤᠶᠤᠯ ᠰᠤᠷᠭ᠋ᠠᠨ ᠬᠦᠮᠦᠵᠢᠯ ᠵᠡᠷᠭᠡ ᠬᠦᠷᠢᠶᠡᠨ᠎ᠤ ᠬᠤᠷᠰᠢᠯᠴᠠᠬᠤ ᠲᠤᠭᠲᠠᠴᠠ ᠵᠢ ᠲᠡᠭᠦᠯᠲᠡᠷᠵᠢᠭᠦᠯᠦᠨ᠂ ᠬᠢᠯᠢ᠎ᠪᠠᠷ ᠦᠡᠭᠭᠡᠷᠡᠭᠦᠯᠬᠦ ᠸᠢᠰᠠᠯᠠᠬᠤ ᠭᠠᠷᠳᠠᠮ᠎ᠢ ᠳᠦᠭᠦᠮᠴᠢᠯᠡᠨ᠎ᠡ᠃ ᠡᠷᠬᠢᠨ ᠲᠤᠭᠤᠷᠢᠨ᠎ᠤ ᠮᠤᠵᠢ ᠤᠷᠤᠨ ᠬᠤᠲᠠ᠎ᠯᠤᠭ᠎ᠠ ᠵᠢᠨ ᠠᠵᠤ ᠠᠬᠤᠢ ᠵᠢᠨ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠳᠠᠯᠠᠢ ᠳᠠᠭ᠋ᠠᠤ ᠵᠢᠨ ᠪᠠ ᠳᠤᠲᠤᠭ᠋ᠠᠲᠤ ᠬᠠᠭᠤᠷᠠᠢ ᠵᠢᠨ ᠭᠠᠵᠠᠷ ᠤᠷᠤᠨ᠎ᠯᠤᠭ᠎ᠠ ᠵᠢᠨ ᠬᠦᠨᠳᠡᠯᠡᠨ ᠬᠤᠯᠪᠤᠭ᠋ᠠᠯᠠᠯᠢ ᠲᠦᠯᠬᠢᠨ ᠠᠬᠢᠭᠤᠯᠵᠤ᠂ ᠰᠢᠶᠠᠩᠭ᠋ᠠᠡᠭ ᠤᠤᠮᠸᠠ ᠲᠠᠶ᠋ᠢᠸᠠᠨ ᠤᠷᠤᠨ᠎ᠯᠤᠭ᠎ᠠ ᠵᠢᠨ ᠠᠵᠤ ᠠᠬᠤᠢ ᠠᠷᠠᠯᠵᠢᠶᠠᠨ᠎ᠤ ᠬᠤᠷᠰᠢᠯᠴᠠᠭ᠎ᠠ ᠵᠢ ᠬᠦᠨᠵᠡᠬᠡᠶ᠋ᠢᠷᠡᠭᠦᠯᠦᠨ᠂ ᠪᠡᠭᠡᠵᠢᠩ ᠦᠪᠦᠷ ᠮᠤᠩᠭᠤᠯ᠎ᠤᠨ ᠤᠷᠤᠨ ᠪᠦᠰᠡ ᠵᠢᠨ ᠬᠤᠷᠰᠢᠯᠴᠠᠬᠤ ᠲᠤᠭᠲᠠᠴᠠ ᠵᠢᠨ ᠰᠢᠨ᠎ᠡ ᠵᠢ ᠡᠭᠦᠳᠴᠤ᠂ ᠪᠦᠸᠧᠬᠠᠢ ᠲᠠᠩᠬᠢᠰ᠎ᠤᠨ ᠡᠷᠬᠢᠨ ᠲᠤᠭᠤᠷᠢᠨ᠎ᠤ ᠠᠵᠤ ᠠᠬᠤᠢ ᠵᠢᠨ ᠬᠦᠷᠢᠶ᠎ᠡ᠎ᠳᠤ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠯᠡᠨ ᠤᠷᠤᠵᠤ᠂ ᠮᠠᠨ᠎ᠤ ᠤᠷᠤᠨ᠎ᠤ ᠠᠵᠤ ᠠᠬᠤᠢ᠎ᠪᠠᠨ ᠪᠦᠬᠦ ᠤᠯᠤᠰ᠎ᠤᠨ ᠬᠦᠭᠵᠢᠯᠲᠡ ᠵᠢᠨ ᠶᠡᠭᠡ ᠲᠠᠯ᠎ᠠ᠎ᠳᠤ ᠬᠦᠨᠵᠡᠭᠡᠢ ᠠᠭᠤᠰᠤᠯᠴᠠᠭᠤᠯᠬᠤ ᠵᠢ ᠲᠦᠯᠬᠢᠨ ᠠᠬᠢᠭᠤᠯᠤᠨ᠎ᠠ᠃
(ᠲᠠᠪᠤ) ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠶ᠋ᠢᠵᠢᠷᠠᠭᠤᠯᠵᠤ᠂ ᠠᠷᠠᠳ ᠤᠯᠠᠨ᠎ᠤ ᠠᠮᠢᠳᠤᠷᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠠᠵᠤ ᠦᠢ᠍ᠯᠡᠰ ᠴᠤᠭᠴᠠᠯᠠᠬᠤ᠎ᠪᠠᠷ ᠠᠵᠢᠯ ᠤᠯᠭᠤᠬᠤ ᠢᠨᠵᠧᠨᠧᠷᠢᠩ᠎ᠢ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ ᠠᠵᠢᠯ ᠤᠯᠭᠤᠬᠤ ᠨᠡᠩ ᠢᠳᠡᠪᠬᠢᠲᠠᠢ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠤ᠂ ᠬᠤᠲᠠ ᠪᠠᠯᠭ᠋ᠠᠰᠤᠨ᠎ᠳᠤ ᠠᠵᠢᠯ ᠤᠯᠭᠤᠭᠰᠠᠨ ᠬᠦᠮᠦᠰ᠎ᠢ 25 ᠲᠦᠮᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ ᠵᠢ ᠦᠨᠡᠨᠬᠦ ᠪᠠᠲᠤᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠦᠢ᠍ᠯᠡᠰ᠂ ᠦᠢ᠍ᠯᠡᠴᠢᠯᠡᠭᠡᠨ᠎ᠤ ᠦᠢ᠍ᠯᠡᠰ ᠪᠤᠯᠤᠨ ᠨᠡᠶ᠋ᠢᠲᠡ ᠵᠢᠨ ᠦᠮᠴᠢᠯᠡᠯ᠎ᠤᠨ ᠪᠤᠰᠤ ᠠᠵᠤ ᠠᠬᠤᠢ᠂ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ᠎ᠢ ᠶᠡᠬᠡᠪᠡᠷ ᠬᠦᠭᠵᠢᠭᠦᠯᠦᠨ᠂ ᠵᠠᠰᠠᠭ᠎ᠤᠨ ᠤᠷᠳᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠬᠤᠳᠠᠯᠳᠤᠨ ᠠᠪᠬᠤ ᠵᠢ ᠤᠯᠠᠮ ᠨᠢᠭᠡ ᠠᠯᠬᠤᠮ ᠨᠡᠮᠡᠭᠳᠡᠭᠦᠯᠦᠨ᠂ ᠤᠯᠠᠨ ᠨᠡᠶ᠋ᠢᠲᠡ ᠵᠢᠨ ᠳᠠᠳᠤᠯᠭ᠎ᠠ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ ᠪᠤᠯᠤᠨ ᠤᠶᠤᠲᠠᠳ᠎ᠤᠨ ᠠᠲᠠᠯ ᠦᠢ᠍ᠯᠡᠰ ᠴᠤᠭᠴᠠᠯᠠᠬᠤ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠷᠭ᠋ᠠᠭᠤᠯᠢ ᠠᠵᠤ ᠠᠬᠤᠶ᠋ᠢᠯᠡᠯ ᠬᠤᠷᠰᠢᠯᠴᠠᠨ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠭᠤᠯᠤᠯ ᠦᠷᠨᠢᠭᠦᠯᠬᠦ᠂ ᠠᠵᠢᠯ ᠲᠠᠨᠢᠯᠴᠠᠭᠤᠯᠬᠤ᠂ ᠠᠵᠢᠯ ᠤᠯᠭᠤᠬᠤ ᠦᠢ᠍ᠯᠡᠴᠢᠯᠡᠭᠡ ᠬᠢᠬᠦ᠂ ᠬᠦᠳᠡᠯᠮᠦᠷᠢ ᠬᠦᠴᠦ ᠵᠢ ᠭᠠᠳᠠᠭᠰᠢ ᠬᠦᠷᠭᠡᠬᠦ ᠵᠢ ᠨᠢᠭᠡ ᠴᠤᠭᠴᠠᠵᠢᠭᠤᠯᠤᠭᠰᠠᠨ ᠠᠵᠢᠯᠯᠠᠭ᠋ᠠᠨ᠎ᠤ ᠬᠡᠯᠪᠡᠷᠢ ᠮᠠᠶᠢᠭ᠎ᠢ ᠰᠦᠪᠡᠭᠴᠢᠯᠡᠨ ᠪᠠᠶ᠋ᠢᠭᠤᠯᠵᠤ᠂ ᠳᠡᠭᠡᠲᠤ ᠰᠤᠷᠭ᠋ᠠᠭᠤᠯᠢ ᠲᠡᠭᠦᠰᠦᠭᠰᠡᠳ ᠢᠯᠠᠩᠭᠤᠶ᠎ᠠ ᠶᠠᠳᠠᠭᠤ ᠬᠦᠴᠢᠷᠳᠡᠯ᠎ᠲᠠᠢ ᠬᠡᠷ ᠪᠦᠯᠢ ᠪᠤᠯᠤᠨ ᠮᠤᠩᠭᠤᠯ ᠬᠡᠯᠡ᠎ᠪᠠᠷ ᠬᠢᠴᠢᠶᠡᠯᠯᠡᠭᠡᠳ ᠲᠡᠭᠦᠰᠦᠭᠰᠡᠳ᠎ᠲᠤ ᠠᠵᠢᠯ ᠤᠯᠭᠤᠬᠤ ᠵᠢ ᠠᠬᠢᠭᠤᠯᠤᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠬᠤᠲᠠ ᠪᠠᠯᠭ᠋ᠠᠰᠤ ᠵᠢᠨ ᠠᠵᠢᠯ ᠤᠯᠬᠤ᠎ᠳᠤ ᠬᠦᠴᠢᠷ᠎ᠲᠠᠢ ᠬᠦᠮᠦᠰ ᠪᠤᠯᠤᠨ ᠴᠡᠷᠢᠭ᠎ᠤᠨ ᠠᠯᠪᠠᠨ᠎ᠠᠴᠠ ᠪᠠᠭᠤᠭᠰᠠᠳ᠎ᠲᠤ ᠠᠵᠢᠯ ᠤᠯᠭᠤᠬᠤ ᠵᠢ ᠨᠢᠭᠡᠳᠤᠯᠲᠠᠢ ᠲᠦᠯᠦᠪᠯᠡᠨ ᠰᠠᠶ᠋ᠢᠲᠤᠷ ᠬᠢᠨ᠎ᠡ᠃ ᠪᠡᠶ᠎ᠡ᠎ᠪᠠᠨ ᠳᠠᠭ᠋ᠠᠭ᠋ᠠᠵᠤ ᠠᠲᠠᠯ ᠦᠢ᠍ᠯᠡᠰ ᠴᠤᠭᠴᠠᠯᠠᠬᠤ ᠵᠢ ᠢᠳᠡᠪᠬᠢᠲᠠᠢ᠎ᠪᠠᠷ ᠵᠤᠷᠢᠭᠵᠢᠭᠤᠯᠤᠨ ᠳᠠᠮᠵᠢᠵᠤ᠂ ᠬᠠᠮᠢᠶ᠎ᠡ ᠪᠦᠬᠦᠢ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠠᠳᠠᠯ ᠦᠢ᠍ᠯᠡᠰ ᠴᠤᠭᠴᠠᠯᠠᠬᠤ ᠵᠢᠨ ᠬᠤᠷᠢᠭ᠎ᠠ ᠴᠠᠭ᠋ᠠᠵᠠ ᠵᠢ ᠳᠤᠷᠤᠭᠰᠢᠯᠠᠭᠤᠯᠤᠨ᠂ ᠠᠲᠠᠯ ᠦᠢ᠍ᠯᠡᠰ ᠴᠤᠭᠴᠠᠯᠠᠬᠤ᠎ᠳᠠᠬᠢ ᠦᠢ᠍ᠯᠡᠴᠢᠯᠡᠭᠡᠨ᠎ᠤ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠵᠤ᠂ ᠠᠲᠠᠯ ᠦᠢ᠍ᠯᠡᠰ ᠴᠤᠭᠴᠠᠯᠠᠬᠤ᠎ᠪᠠᠷ ᠠᠵᠢᠯ ᠤᠯᠭᠤᠯᠲᠠ ᠵᠢ ᠳᠠᠶ᠋ᠢᠴᠢᠯᠠᠬᠤ ᠵᠢᠨ ᠳᠠᠬᠢᠨ ᠵᠶ᠋ᠠᠷ ᠨᠡᠮᠡᠭᠳᠡᠬᠦᠯᠬᠦ ᠦᠢ᠍ᠯᠡᠳᠦᠯ᠎ᠢ ᠪᠠᠳᠠᠷᠠᠭᠤᠯᠵᠤ᠂ ᠵᠠᠰᠠᠭ᠎ᠤᠨ ᠤᠷᠳᠤᠨ᠎ᠠᠴᠠ ᠠᠲᠠᠯ ᠦᠢ᠍ᠯᠡᠰ ᠴᠤᠭᠴᠠᠯᠠᠬᠤ ᠵᠢ ᠵᠤᠷᠢᠭᠵᠢᠭᠤᠯᠬᠤ᠂ ᠨᠡᠶ᠋ᠢᠭᠡᠮ᠎ᠠᠴᠠ ᠠᠲᠠᠯ ᠦᠢ᠍ᠯᠡᠰ ᠴᠤᠭᠴᠠᠯᠠᠬᠤ ᠵᠢ ᠳᠡᠮᠵᠢᠬᠦ᠂ ᠬᠦᠳᠡᠯᠮᠦᠷᠢᠯᠡᠭᠴᠢᠳ ᠵᠤᠷᠢᠭᠲᠠᠢ᠎ᠪᠠᠷ ᠠᠲᠠᠯ ᠦᠢ᠍ᠯᠡᠰ ᠴᠤᠭᠴᠠᠯᠠᠬᠤ ᠰᠢᠨ᠎ᠡ ᠲᠤᠭᠲᠠᠴᠠ ᠵᠢ ᠪᠤᠢ ᠪᠤᠯᠭ᠋ᠠᠨ᠎ᠠ᠃
ᠤᠷᠤᠯᠭ᠎ᠠ ᠵᠢᠨ ᠬᠤᠪᠢᠶᠠᠷᠢᠯᠡᠯᠲᠠ ᠵᠢᠨ ᠳᠦᠷᠢᠮ᠎ᠤᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠦᠨᠡ᠃ ᠴᠠᠯᠢᠩ ᠵᠶ᠋ᠠᠷ ᠰᠢᠢ᠍ᠳᠪᠦᠷᠢᠯᠡᠬᠦ ᠬᠢᠬᠡᠳ ᠬᠡᠪ᠎ᠤᠨ ᠶᠤᠰᠤᠭ᠋ᠠᠷ ᠨᠡᠮᠡᠭᠳᠡᠭᠦᠯᠬᠦ ᠲᠤᠭᠲᠠᠴᠠ ᠵᠢ ᠪᠦᠷᠢᠨᠰᠢᠭᠦᠯᠦᠨ᠂ ᠴᠠᠯᠢᠩ ᠦᠭᠬᠦ ᠪᠠᠲᠤᠯᠠᠭ᠎ᠠ᠂ ᠨᠠᠭ᠋ᠠᠲᠤ ᠵᠠᠬ᠎ᠠ ᠵᠢᠨ ᠴᠠᠯᠢᠩ ᠪᠤᠯᠤᠨ ᠠᠵᠤ ᠠᠬᠤᠶ᠋ᠢᠯᠠᠯ᠎ᠤᠨ ᠴᠠᠯᠢᠩ᠎ᠢ ᠬᠠᠮᠲᠤ᠎ᠪᠠᠷ ᠵᠦᠪᠳᠡᠯᠴᠡᠬᠦ ᠳᠦᠷᠢᠮ᠎ᠢ ᠲᠡᠭᠦᠯᠳᠡᠷᠵᠢᠭᠦᠯᠦᠨ᠂ ᠪᠠᠶ᠋ᠢᠭᠤᠯᠤᠯᠭ᠎ᠠ ᠠᠵᠢᠯ ᠦᠢ᠍ᠯᠡᠰ᠎ᠤᠨ ᠨᠢᠭᠡᠴᠡ ᠵᠢᠨ ᠴᠠᠯᠢᠩ ᠪᠤᠯᠤᠨ ᠨᠡᠮᠡᠭᠦᠷᠢ ᠨᠦᠬᠦᠪᠦᠷᠢ ᠵᠢᠨ ᠳᠦᠷᠢᠮ᠎ᠤᠨ ᠦᠭᠡᠷᠡᠴᠢᠯᠡᠯᠲᠠ ᠵᠢ ᠬᠦᠨᠵᠡᠭᠡᠶ᠋ᠢᠷᠡᠬᠦᠯᠵᠤ᠂ ᠳᠠᠬᠢᠨ ᠬᠤᠪᠢᠶᠠᠷᠢᠯᠡᠬᠤ ᠵᠢᠨ ᠲᠤᠬᠢᠷᠠᠭᠤᠯᠬᠤ ᠲᠤᠭᠲᠠᠴᠠ ᠵᠢ ᠲᠡᠭᠦᠯᠳᠡᠷᠵᠢᠭᠦᠯᠦᠨ᠂ ᠤᠯᠠᠨ ᠨᠡᠶ᠋ᠢᠲᠡ ᠵᠢᠨ ᠡᠬᠢ ᠪᠠᠶᠠᠯᠢᠭ᠎ᠢ ᠬᠢᠮᠳᠠ᠎ᠪᠠᠷ ᠬᠤᠳᠠᠯᠳᠤᠭᠰᠠᠨ᠎ᠤ ᠠᠰᠢᠭ ᠤᠯᠵᠠᠪᠤᠷᠢ ᠵᠢ ᠵᠦᠢ ᠵᠤᠬᠢᠰᠲᠠᠢ᠎ᠪᠠᠷ ᠬᠠᠮᠲᠤᠪᠡᠷ ᠡᠳ᠋ᠯᠡᠬᠦ ᠵᠢ ᠠᠬᠢᠭᠤᠯᠤᠨ᠎ᠠ᠃ ᠲᠠᠷᠢᠶᠠᠴᠢᠨ ᠮᠠᠯᠴᠢᠳ᠎ᠤᠨ ᠭᠠᠵᠠᠷ ᠰᠢᠷᠤᠢ᠂ ᠤᠷᠤᠨ ᠰᠠᠭᠤᠴᠠ ᠵᠢᠨ ᠰᠠᠭᠤᠷᠢ ᠭᠠᠵᠠᠷ ᠪᠤᠯᠤᠨ ᠬᠠᠮᠲᠤ ᠵᠢᠨ ᠡᠳ᠋ ᠬᠦᠷᠦᠩᠭᠡ ᠵᠢᠨ ᠡᠷᠭᠡ ᠠᠰᠢᠭ᠎ᠢ ᠬᠠᠤᠯᠢ ᠶᠤᠰᠤᠭ᠋ᠠᠷ ᠪᠠᠲᠤᠯᠠᠨ᠂ ᠲᠠᠷᠢᠶᠠᠴᠢᠨ ᠮᠠᠯᠴᠢᠳ᠎ᠤᠨ ᠡᠳ᠋ ᠬᠦᠷᠦᠩᠭᠡ ᠵᠢᠨ ᠴᠢᠨᠠᠷᠲᠠᠢ ᠤᠷᠤᠯᠭ᠎ᠠ ᠵᠢ ᠨᠡᠮᠡᠭᠳᠡᠭᠦᠯᠦᠨ᠎ᠡ᠃ ᠲᠠᠷᠢᠶᠠᠴᠢᠨ ᠮᠠᠯᠴᠢᠳ᠎ᠲᠤ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠵᠤ᠂ ᠠᠮᠤ ᠪᠤᠳᠠᠭ᠎ᠠ ᠬᠤᠳᠠᠯᠳᠤᠨ ᠠᠪᠬᠤ ᠨᠠᠭ᠋ᠠᠲᠤ ᠵᠠᠬ᠎ᠠ ᠵᠢᠨ ᠦᠨ᠎ᠡ ᠪᠤᠯᠤᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠲᠦᠷ ᠬᠤᠳᠠᠯᠳᠤᠨ ᠠᠪᠴᠤ ᠬᠠᠳᠠᠭ᠋ᠠᠯᠠᠬᠤ ᠳᠦᠷᠢᠮ᠎ᠢ ᠦᠷᠭᠦᠯᠵᠢᠯᠡᠨ ᠬᠡᠷᠡᠭᠵᠢᠭᠦᠯᠵᠤ᠂ ᠲᠡᠷᠢᠶᠠᠴᠢᠨ ᠮᠠᠯᠴᠢᠳ᠎ᠤᠨ ᠲᠦᠷᠦ ᠵᠢᠨ ᠪᠤᠳᠤᠯᠭ᠎ᠠ ᠵᠢᠨ ᠴᠢᠨᠠᠷᠲᠠᠢ ᠤᠷᠤᠯᠭ᠎ᠠ ᠵᠢ ᠨᠡᠮᠡᠭᠳᠡᠭᠦᠯᠦᠨ᠎ᠡ᠃
ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ᠃ ᠠᠷᠠᠳ ᠢᠷᠭᠡᠳ᠎ᠤᠨ ᠬᠢᠮᠳᠠ ᠤᠷᠤᠨ ᠰᠠᠭᠤᠴᠠ ᠵᠢᠨ ᠢᠨᠵᠧᠨᠧᠷᠢᠩ᠎ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠦᠷᠦᠩᠭᠡ ᠵᠢᠨ ᠡᠷᠭᠡ ᠵᠢ ᠬᠠᠮᠲᠤᠪᠡᠷ ᠦᠮᠴᠢᠯᠡᠬᠦ ᠵᠢ ᠰᠦᠪᠡᠭᠴᠢᠯᠡᠭᠰᠡᠨ ᠤᠷᠤᠨ ᠰᠠᠭᠤᠴᠠ ᠵᠢ ᠬᠦᠭᠵᠢᠭᠦᠯᠵᠤ᠂ ᠪᠤᠭᠤᠲᠤ ᠵᠢᠨ ᠬᠤᠶ᠋ᠢᠲᠤ ᠬᠢᠷ᠎ᠠ ᠵᠡᠷᠭᠡ ᠲᠦᠬᠦᠮ ᠪᠦᠳᠦᠭᠦᠯᠢᠭ ᠤᠷᠤᠨ ᠰᠠᠭᠤᠴᠠ ᠵᠢᠨ ᠲᠤᠭᠤᠷᠢᠭ᠎ᠢ ᠰᠢᠨᠡᠳᠬᠡᠨ ᠵᠠᠰᠠᠬᠤ ᠲᠦᠷᠦᠯ ᠵᠦᠢ᠍ᠯ᠎ᠢ ᠲᠦᠷᠭᠷᠳᠬᠡᠨ ᠠᠬᠢᠭᠤᠯᠵᠤ᠂ ᠬᠤᠲᠠ ᠪᠠᠯᠭ᠋ᠠᠰᠤ ᠵᠢᠨ ᠪᠠᠲᠤᠯᠠᠭ᠎ᠠ ᠵᠢᠨ ᠴᠢᠨᠠᠷᠲᠠᠢ ᠤᠷᠤᠨ ᠰᠠᠭᠤᠴᠠ ᠵᠢ 24 ᠲᠦᠮᠡᠨ ᠢᠵᠢ ᠰᠢᠨ᠎ᠡ᠎ᠪᠠᠷ ᠠᠵᠢᠯ ᠡᠬᠢᠯᠡᠨ ᠪᠦᠲᠦᠭᠡᠨ ᠪᠠᠶ᠋ᠢᠭᠤᠯᠵᠤ᠂ ᠲᠠᠷᠢᠶᠠᠯᠠᠬᠤ ᠮᠠᠯᠵᠢᠬᠤ ᠤᠷᠤᠨ᠎ᠤ ᠨᠤᠷᠠᠬᠤ ᠠᠶᠤᠯᠲᠠᠢ ᠬᠡᠷ ᠪᠠᠶ᠋ᠢᠰᠢᠩ᠎ᠢ 13 ᠲᠦᠮᠡᠨ ᠡᠷᠦᠬᠡ᠎ᠠᠴᠠ ᠳᠡᠭᠡᠭᠰᠢ ᠵᠢᠨ᠎ᠬᠢ ᠵᠢ ᠰᠢᠨᠡᠳᠬᠡᠨ ᠵᠠᠰᠠᠬᠤ ᠵᠢ ᠦᠨᠡᠨᠬᠦ ᠪᠠᠲᠤᠯᠠᠨ᠎ᠠ᠃ ᠦᠨᠳᠦᠰᠦᠨ ᠡᠮᠨᠡᠯᠭᠡ ᠵᠢᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠡᠳᠬᠡᠨ᠂ ᠬᠤᠲᠠ ᠪᠠᠯᠭ᠋ᠠᠰᠤ ᠵᠢᠨ ᠦᠨᠳᠦᠰᠦᠨ ᠡᠮᠨᠡᠯᠭᠡ ᠵᠢᠨ ᠳᠠᠭ᠋ᠠᠳᠬᠠᠯ᠎ᠳᠤ ᠤᠷᠤᠯᠴᠠᠬᠤ ᠨᠤᠷᠮ᠎ᠠ᠂ ᠬᠦᠳᠡᠭᠡ ᠲᠤᠰᠬᠤᠨ᠎ᠤ ᠰᠢᠨ᠎ᠡ ᠮᠠᠶᠢᠭ᠎ᠤᠨ ᠬᠤᠷᠰᠢᠭᠰᠡᠨ ᠡᠮᠨᠡᠯᠬᠡ᠎ᠳᠤ ᠤᠷᠤᠯᠴᠠᠬᠤ ᠨᠤᠷᠮ᠎ᠠ ᠵᠢ 95%᠎ᠠᠴᠠ ᠳᠡᠭᠡᠭᠰᠢ᠎ᠳᠤ ᠲᠤᠭᠲᠠᠭᠤᠨ ᠪᠠᠶ᠋ᠢᠯᠭ᠋ᠠᠵᠤ᠂ ᠬᠦᠳᠡᠭᠡ ᠲᠤᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠨᠡᠯᠬᠡ ᠪᠤᠯᠤᠨ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠡᠮᠨᠡᠯᠭᠡ ᠵᠢᠨ ᠳᠠᠭ᠋ᠠᠳᠬᠠᠯ᠎ᠤᠨ ᠵᠠᠰᠠᠭ᠎ᠤᠨ ᠤᠷᠳᠤᠨ᠎ᠠᠴᠠ ᠲᠤᠰᠠᠯᠠᠬᠤ ᠪᠠᠷᠢᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ ᠤᠯᠤᠰ᠎ᠤᠨ ᠨᠢᠭᠡᠳᠦᠯᠲᠠᠢ ᠪᠠᠶ᠋ᠢᠷᠢᠯᠠᠭᠤᠯᠤᠯᠲᠠ ᠶᠤᠰᠤᠭ᠋ᠠᠷ᠂ ᠠᠵᠤ ᠠᠬᠤᠶ᠋ᠢᠯᠠᠯ᠎ᠤᠨ ᠠᠵᠢᠯ᠎ᠠᠴᠠ᠎ᠪᠠᠨ ᠪᠠᠭᠤᠭᠰᠠᠨ ᠬᠦᠮᠦᠰ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠲᠤᠬᠢᠷᠠᠭᠤᠯᠤᠯᠲᠠ ᠬᠢᠬᠦ ᠠᠵᠢᠯ᠎ᠢ ᠰᠠᠶ᠋ᠢᠲᠤᠷ ᠬᠢᠵᠤ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠲᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠂ ᠬᠤᠲᠠ ᠪᠠᠯᠭ᠋ᠠᠰᠤ ᠵᠢᠨ ᠦᠨᠳᠦᠰᠦᠨ ᠡᠮᠨᠡᠯᠭᠡ ᠵᠢᠨ ᠳᠠᠭ᠋ᠠᠳᠬᠠᠯ᠎ᠤᠨ ᠬᠠᠷᠢᠴᠠᠭ᠎ᠠ ᠵᠢᠨ ᠰᠢᠯᠵᠢᠭᠦᠯᠦᠨ ᠦᠷᠭᠦᠯᠵᠢᠯᠡᠭᠦᠯᠭᠦ ᠠᠷᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠪᠦᠬᠦ ᠤᠷᠤᠨ᠎ᠳᠤ ᠰᠠᠭ᠋ᠠᠳ ᠦᠭᠡᠢ ᠦᠷᠭᠦᠯᠵᠢᠯᠡᠭᠦᠯᠬᠦ ᠵᠢ ᠪᠡᠶᠡᠯᠡᠭᠦᠯᠦᠨ᠎ᠡ᠃ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠦᠨ᠂ ᠬᠤᠲᠠ ᠬᠦᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠲᠠᠷᠢᠶᠠᠯᠠᠬᠤ ᠮᠠᠯᠵᠢᠬᠤ ᠤᠷᠤᠨ᠎ᠤ 《ᠲᠠᠪᠤᠨ ᠪᠠᠲᠤᠯᠠᠭ᠎ᠠ》 ᠪᠤᠯᠤᠨ ᠬᠤᠲᠠ ᠬᠦᠳᠡᠭᠡ ᠵᠢᠨ ᠡᠮᠨᠡᠯᠭᠡ ᠵᠢᠨ ᠲᠡᠩᠭᠡᠷᠡᠬᠦᠯᠦᠨ ᠲᠤᠰᠠᠯᠠᠬᠤ ᠬᠢᠷᠢ ᠬᠡᠮᠵᠢᠶ᠎ᠡ ᠵᠢ ᠲᠤᠭᠲᠠᠭᠤᠨ ᠵᠶ᠋ᠠᠷ ᠳᠡᠭᠡᠭᠰᠢᠯᠡᠬᠦᠯᠵᠤ᠂ ᠦᠨᠦᠴᠢᠨ ᠬᠡᠤᠭᠡᠳ᠂ 《ᠭᠤᠷᠪᠠ ᠦᠭᠡᠢ》 ᠬᠦᠮᠦᠰ ᠪᠤᠯᠤᠨ 《ᠭᠤᠷᠪᠠᠨ ᠵᠦᠢ᠍ᠯ᠎ᠤᠨ ᠠᠷᠠᠳ》᠎ᠢ ᠠᠰᠠᠷᠠᠬᠤ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃
ᠶᠠᠳᠠᠭᠤ ᠵᠢ ᠲᠡᠳᠭᠦᠬᠦ ᠪᠠᠬᠢᠯᠡᠯᠲᠡ ᠲᠠᠭ᠋ᠠᠷᠢᠬᠤ ᠢᠨᠵᠧᠨᠧᠷᠢᠩ᠎ᠢ ᠶᠡᠬᠡᠪᠡᠷ ᠲᠦᠯᠬᠢᠨ ᠠᠬᠢᠭᠤᠯᠤᠨ᠎ᠠ᠃ ᠶᠠᠳᠠᠭᠤ ᠵᠢ ᠲᠡᠳᠭᠦᠬᠦ ᠨᠡᠭᠡᠭᠡᠨ ᠬᠦᠭᠵᠢᠭᠦᠯᠬᠦ ᠠᠵᠢᠯ᠎ᠤᠨ ᠲᠤᠭᠲᠠᠴᠠ ᠵᠢ ᠰᠢᠨ᠎ᠡ᠎ᠪᠠᠷ ᠡᠭᠦᠳᠴᠤ᠂ ᠶᠠᠳᠠᠭᠤ ᠵᠢ ᠲᠡᠳᠭᠦᠬᠦ ᠤᠷᠤᠭᠤᠯᠤᠯᠲᠠ ᠵᠢᠨ ᠡᠷᠴᠢᠮ᠎ᠢ ᠨᠡᠮᠡᠭᠳᠡᠭᠦᠯᠦᠨ᠂ ᠵᠠᠯᠭ᠋ᠠᠯᠳᠤᠭᠰᠠᠨ ᠬᠡᠰᠡᠭ ᠵᠶ᠋ᠠᠷ ᠨᠡᠭᠡᠭᠡᠨ ᠬᠦᠭᠵᠢᠭᠦᠯᠬᠦ᠂ ᠪᠦᠬᠦᠶ᠋ᠢᠯᠡ ᠲᠤᠰᠬᠤᠨ ᠵᠶ᠋ᠠᠷ ᠲᠦᠯᠬᠢᠨ ᠠᠬᠢᠭᠤᠯᠬᠤ᠂ ᠶᠠᠳᠠᠭᠤ ᠵᠢ ᠲᠡᠳᠭᠦᠨ ᠠᠷᠠᠳ᠎ᠢ ᠨᠡᠭᠦᠯᠬᠡᠬᠦ ᠢᠨᠵᠧᠨᠧᠷᠢᠩ᠎ᠢ ᠬᠦᠨᠵᠡᠭᠡᠢ ᠬᠡᠷᠡᠭᠵᠢᠭᠦᠯᠵᠤ᠂ ᠠᠵᠢᠯ ᠲᠦᠷᠦᠯ᠎ᠤᠨ ᠰᠢᠰᠲ᠋ᠧᠮ ᠵᠶ᠋ᠠᠷ ᠲᠤᠰᠠᠯᠠᠬᠤ᠂ ᠲᠤᠭᠲᠠᠭᠰᠠᠨ ᠴᠢᠭ᠋ ᠵᠶ᠋ᠠᠷ ᠶᠠᠳᠠᠭᠤ ᠵᠢ ᠲᠡᠳᠭᠦᠬᠦ ᠪᠠ ᠤᠳᠤᠷᠢᠳᠬᠤ ᠺᠠᠳ᠋ᠷ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨᠯᠦᠭᠡ ᠬᠠᠷᠢᠯᠴᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠤ᠂ ᠨᠠᠷᠢᠯᠢᠭ ᠤᠨᠤᠪᠴᠢᠲᠠᠢ᠎ᠪᠠᠷ ᠶᠠᠳᠠᠭᠤ ᠵᠢ ᠲᠡᠳᠭᠦᠬᠦ ᠵᠢ ᠬᠡᠷᠡᠭᠵᠢᠭᠦᠯᠵᠤ᠂ ᠲᠦᠯᠦᠪᠵᠢᠭᠦᠯᠬᠡ᠂ ᠲᠦᠷᠦᠯ ᠵᠦᠢ᠍ᠯ᠂ ᠺᠠᠳ᠋ᠷ ᠵᠡᠷᠭᠡ 《ᠭᠤᠷᠪᠠ ᠵᠢ ᠲᠤᠰᠬᠤᠨ ᠬᠢᠭᠡᠳ ᠡᠷᠦᠬᠡ᠎ᠳᠤ ᠬᠦᠷᠦᠭᠦᠯᠬᠦ》 ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠦᠨ᠂ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢ 40 ᠲᠦᠮᠡ ᠪᠠᠭ᠋ᠠᠰᠬᠠᠬᠤ᠂ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢᠨ ᠬᠦᠮᠦᠨ ᠪᠦᠷᠢ ᠵᠢᠨ ᠳᠤᠮᠳᠠᠴᠢ ᠤᠷᠤᠯᠭ᠎ᠠ ᠵᠢ 15%᠎ᠠᠴᠠ ᠳᠡᠭᠡᠭᠰᠢ᠎ᠪᠠᠷ ᠨᠡᠮᠡᠭᠳᠡᠭᠦᠯᠬᠦ᠂ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠤ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠪᠠᠷᠢᠮᠵᠢᠶ᠎ᠠ ᠵᠢᠨ ᠨᠡᠮᠡᠭᠳᠡᠯ᠎ᠤᠨ ᠬᠡᠮᠵᠢᠶ᠎ᠡ ᠵᠢ ᠪᠦᠬᠦ ᠤᠷᠤᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠡᠭᠡᠭᠦᠷ ᠪᠤᠯᠭ᠋ᠠᠬᠤ᠎ᠪᠠᠷ ᠴᠢᠷᠮᠠᠶ᠋ᠢᠨ᠂ ᠴᠦᠬᠡᠨ ᠲᠤᠭ᠋ᠠᠲᠤ ᠦᠨᠳᠦᠰᠦᠲᠡᠨ᠎ᠤ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢ ᠶᠠᠳᠠᠭᠤ᠎ᠠᠴᠠ᠎ᠨᠢ ᠠᠩᠬᠢᠵᠢᠷᠠᠭᠤᠯᠵᠤ ᠪᠠᠶᠠᠵᠢᠭᠤᠯᠬᠤ ᠠᠰᠠᠭᠤᠳᠠᠯ᠎ᠢ ᠦᠨᠡᠨᠬᠦ ᠰᠠᠶ᠋ᠢᠲᠤᠷ ᠰᠢᠢ᠍ᠳᠪᠦᠷᠢᠯᠡᠨ᠎ᠡ᠃
ᠨᠡᠶ᠋ᠢᠭᠡᠮ᠎ᠤᠨ ᠦᠢ᠍ᠯᠡᠰ᠎ᠢ ᠲᠦᠷᠭᠡᠳᠬᠡᠨ ᠬᠦᠭᠵᠢᠭᠦᠯᠦᠨ᠎ᠡ᠃ ᠰᠤᠷᠭ᠋ᠠᠨ ᠬᠦᠮᠦᠵᠢᠯ᠎ᠤᠨ ᠬᠦᠷᠢᠶᠡᠨ᠎ᠤ ᠶᠡᠷᠦᠩᠬᠡᠶ᠋ᠢᠯᠡᠭᠰᠡᠨ ᠦᠬᠡᠷᠡᠴᠢᠯᠡᠯᠲᠡ ᠵᠢ ᠬᠦᠨᠵᠡᠭᠡᠶ᠋ᠢᠷᠡᠭᠦᠯᠦᠨ᠂ ᠰᠤᠷᠭ᠋ᠠᠨ ᠬᠦᠮᠦᠵᠢᠯ᠎ᠤᠨ ᠤᠷᠤᠭᠤᠯᠤᠯᠲᠠ ᠵᠢ ᠨᠡᠮᠡᠭᠳᠡᠬᠦᠯᠵᠤ᠂ ᠪᠦᠬᠦ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ᠎ᠤᠨ ᠭᠤᠷᠪᠠᠨ ᠵᠢᠯ᠎ᠤᠨ ᠠᠵᠢᠯᠯᠠᠭ᠎ᠠ ᠵᠢᠨ ᠲᠦᠯᠦᠪᠯᠡᠭᠡ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠰᠤᠷᠭ᠋ᠠᠭᠤᠯᠢ ᠵᠢ ᠪᠠᠷᠢᠮᠵᠢᠶᠠᠵᠢᠭᠤᠯᠬᠤ᠂ ᠳᠤᠮᠳᠠᠲᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠠᠭᠤᠷᠢ ᠴᠢᠳᠠᠪᠤᠷᠢ ᠪᠠ ᠳᠡᠭᠡᠲᠤ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠴᠢᠳᠠᠪᠤᠷᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ᠃ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠲᠡᠩᠴᠡᠭᠦᠷᠢ᠎ᠲᠠᠢ ᠬᠦᠭᠵᠢᠭᠦᠯᠬᠦ ᠵᠢ ᠲᠦᠯᠬᠢᠨ ᠠᠬᠢᠭᠤᠯᠵᠤ᠂ ᠬᠤᠲᠠ ᠬᠦᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠡᠬᠢ ᠪᠠᠶᠠᠯᠢᠭ᠎ᠢ ᠨᠢᠭᠡᠳᠦᠯᠲᠠᠢ ᠲᠦᠯᠦᠪᠯᠡᠨ᠂ ᠬᠤᠲᠠ ᠤᠷᠤᠵᠤ ᠬᠦᠴᠦ ᠶᠠᠪᠤᠵᠤ ᠪᠠᠶ᠋ᠢᠭ᠎ᠠ ᠬᠦᠮᠦᠰ᠎ᠢ ᠳᠠᠭ᠋ᠠᠵᠤ ᠨᠡᠭᠦᠭᠰᠡᠨ ᠦᠷ᠎ᠡ ᠬᠡᠤᠬᠡᠳ᠎ᠤᠨ ᠰᠤᠷᠭ᠋ᠠᠭᠤᠯᠢ᠎ᠳᠤ ᠤᠷᠤᠬᠤ᠎ᠳᠤ ᠬᠦᠴᠢᠷ ᠪᠠᠶ᠋ᠢᠭ᠎ᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ᠃ ᠮᠠᠨ᠎ᠤ ᠤᠷᠤᠨ᠎ᠤ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠬᠤ ᠪᠠ ᠨᠡᠶ᠋ᠢᠭᠡᠮ᠎ᠤᠨ ᠬᠡᠷᠡᠭᠴᠡᠭᠡ᠎ᠳᠤ ᠲᠤᠬᠢᠷᠠᠯᠴᠠᠭᠰᠠᠨ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠵᠤ᠂ ᠳᠡᠭᠡᠲᠤ ᠰᠤᠷᠭ᠋ᠠᠭᠤᠯᠢ ᠪᠤᠯᠤᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠤᠷᠰᠢᠯᠴᠠᠭ᠎ᠠ ᠵᠢ ᠠᠬᠢᠭᠤᠯᠵᠤ᠂ ᠰᠢᠯᠭ᠋ᠠᠯᠲᠠ᠎ᠪᠠᠷ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠲᠡ ᠵᠢ ᠢᠳᠡᠪᠬᠢᠲᠠᠢ᠎ᠪᠠᠷ ᠲᠦᠯᠬᠢᠨ ᠠᠬᠢᠭᠤᠯᠤᠨ᠎ᠠ᠃ ᠳᠡᠭᠡᠲᠤ ᠰᠤᠷᠭ᠋ᠠᠭᠤᠯᠢ ᠵᠢᠨ ᠴᠢᠳᠠᠪᠤᠷᠢᠲᠠᠨ ᠬᠦᠮᠦᠵᠢᠬᠦᠯᠬᠦ ᠲᠤᠭᠲᠠᠴᠠ ᠵᠢᠨ ᠰᠢᠨ᠎ᠡ ᠵᠢ ᠡᠭᠦᠳᠴᠤ᠂ ᠳᠡᠭᠡᠲᠤ ᠰᠤᠷᠭ᠋ᠠᠭᠤᠯᠢ ᠨᠤᠭᠤᠳ᠎ᠤᠨ ᠤᠨᠴᠠᠯᠢᠭ᠎ᠲᠠᠢ᠎ᠪᠠᠷ ᠰᠤᠷᠭ᠋ᠠᠭᠤᠯᠢ ᠡᠷᠬᠢᠯᠡᠬᠦ ᠵᠢ ᠳᠡᠮᠵᠢᠵᠤ᠂ ᠲᠡᠷᠢᠭᠦᠨ᠎ᠤ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ᠎ᠪᠠᠷ ᠴᠢᠷᠮᠠᠶ᠋ᠢᠨ᠎ᠠ᠃ ᠰᠤᠷᠭ᠋ᠠᠨ ᠬᠦᠮᠦᠵᠢᠯ ᠵᠶ᠋ᠠᠷ ᠶᠠᠳᠠᠭᠤ ᠵᠢ ᠲᠡᠳᠬᠦᠬᠦ ᠠᠵᠢᠯ᠎ᠢ ᠰᠠᠶ᠋ᠢᠲᠤᠷ ᠠᠳᠬᠤᠵᠤ᠂ ᠲᠡᠷᠢᠶᠠᠯᠠᠬᠤ ᠮᠠᠯᠵᠢᠬᠤ ᠤᠷᠤᠨ᠎ᠤ ᠬᠦᠴᠢᠷᠳᠡᠯ᠎ᠲᠠᠢ ᠬᠡᠷ ᠪᠦᠯᠢ᠂ ᠬᠤᠲᠠ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠵᠤ ᠪᠠᠶ᠋ᠢᠭ᠎ᠠ ᠬᠡᠷ ᠪᠦᠯᠢ᠎ᠠᠴᠠ ᠶᠡᠭᠡ ᠰᠤᠷᠭ᠋ᠠᠭᠤᠯᠢ ᠵᠢᠨ ᠵᠢᠩᠬᠢᠨᠢ ᠠᠩᠬᠢ᠂ ᠶᠡᠭᠡ ᠰᠤᠷᠭ᠋ᠠᠭᠤᠯᠢ ᠪᠤᠯᠤᠨ ᠳᠡᠬᠡᠲᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠰᠢᠯᠭ᠋ᠠᠭᠤᠯᠤᠨ ᠤᠷᠤᠭᠰᠠᠨ ᠰᠤᠷᠤᠭᠴᠢᠳ᠎ᠲᠤ ᠬᠦᠴᠢᠷᠳᠡᠯ᠎ᠤᠨ ᠲᠤᠰᠠᠯᠠᠮᠵᠢ ᠤᠯᠭᠤᠵᠤ᠂ ᠶᠠᠳᠠᠭᠤ ᠬᠦᠴᠢᠷᠳᠡᠯ᠎ᠲᠠᠢ ᠬᠡᠷ ᠪᠦᠯᠢ ᠵᠢᠨ ᠰᠤᠷᠤᠭᠴᠢᠳ᠎ᠢ ᠡᠬᠢᠯᠡᠯᠲᠡ ᠵᠢᠨ ᠱᠤᠭᠤᠮ ᠳᠡᠭᠡᠷ᠎ᠡ᠎ᠨᠢ ᠶᠠᠭ᠋ᠠᠬᠢᠭᠰᠠᠨ ᠴᠤ᠌ ᠢᠯᠠᠭᠳᠠᠭᠤᠯᠬᠤ ᠦᠭᠡᠢ ᠪᠤᠯᠭ᠋ᠠᠨ᠎ᠠ᠃ ᠦᠨᠳᠦᠰᠦᠲᠡᠨ᠎ᠤ ᠰᠤᠷᠭ᠋ᠠᠨ ᠬᠦᠮᠦᠵᠢᠯ᠎ᠢ ᠡᠩ ᠲᠡᠷᠢᠭᠦᠨ᠎ᠳᠤ ᠭᠤᠤᠯᠳᠠᠯᠭ᠎ᠠ᠎ᠲᠠᠢ ᠬᠦᠭᠵᠢᠭᠦᠯᠦᠨ᠂ ᠦᠨᠳᠦᠰᠦᠲᠡᠨ᠎ᠤ ᠰᠤᠷᠭ᠋ᠠᠨ ᠬᠦᠮᠦᠵᠢᠯ᠎ᠤᠨ ᠬᠦᠭᠵᠢᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠬᠦᠯᠬᠦ ᠢᠨᠵᠧᠨᠧᠷᠢᠩ᠎ᠢ ᠶᠡᠬᠡᠪᠡᠷ ᠲᠦᠯᠬᠢᠨ ᠠᠬᠢᠭᠤᠯᠵᠤ᠂ ᠦᠨᠳᠦᠰᠦᠲᠡᠨ᠎ᠤ ᠰᠤᠷᠭ᠋ᠠᠨ ᠬᠦᠮᠦᠵᠢᠯ᠎ᠤᠨ ᠴᠢᠳᠠᠪᠤᠷᠢᠲᠠᠨ ᠬᠦᠮᠦᠵᠢᠬᠦᠯᠬᠦ ᠵᠠᠭᠪᠤᠷ᠎ᠤᠨ ᠦᠭᠡᠷᠡᠴᠢᠯᠡᠯᠲᠡ ᠵᠢ ᠬᠢᠨᠠᠮᠠᠭ᠋ᠠᠢ ᠵᠤᠬᠢᠶᠠᠨ ᠪᠠᠶ᠋ᠢᠭᠤᠯᠤᠨ ᠬᠡᠷᠡᠭᠵᠢᠭᠦᠯᠵᠤ᠂ ᠮᠤᠩᠭᠤᠯ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠵᠢᠭᠤᠯᠬᠤ᠂ ᠰᠦᠯᠵᠢᠶᠡᠵᠢᠭᠦᠯᠬᠦ ᠪᠠᠶ᠋ᠢᠭᠤᠯᠤᠯᠲᠠ ᠵᠢ ᠲᠦᠷᠭᠡᠳᠬᠡᠨ᠎ᠡ᠃ ᠪᠠᠭᠰᠢᠯᠠᠭᠴᠢᠳ᠎ᠤᠨ ᠡᠩᠨᠡᠭᠡ ᠪᠠ ᠰᠤᠷᠭ᠋ᠠᠨ ᠬᠦᠮᠦᠵᠢᠯ᠎ᠤᠨ ᠮᠡᠳᠡᠭᠡ ᠵᠠᠩᠬᠢᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠨ᠂ ᠰᠤᠷᠭ᠋ᠠᠨ ᠬᠦᠮᠦᠵᠢᠯ᠎ᠤᠨ ᠡᠬᠢ ᠪᠠᠶᠠᠯᠢᠭ᠎ᠢ ᠲᠠᠷᠢᠶᠠᠯᠠᠬᠤ ᠮᠠᠯᠵᠢᠬᠤ ᠤᠷᠤᠨ ᠪᠤᠯᠤᠨ ᠶᠠᠳᠠᠭᠤ ᠬᠦᠴᠢᠷᠳᠡᠯ᠎ᠲᠠᠢ ᠭᠠᠵᠠᠷ ᠤᠷᠤᠨ ᠲᠠᠰ᠎ᠢ ᠬᠡᠯᠪᠡᠶ᠋ᠢᠯᠬᠡᠬᠦ ᠵᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠬᠦᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ 10 ᠭᠤᠤᠯᠳᠠᠯᠭ᠎ᠠ᠎ᠲᠠᠢ ᠡᠷᠡᠭᠦᠯ ᠬᠠᠮᠠᠭ᠋ᠠᠯᠠᠯ᠎ᠤᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠦᠪᠦᠷ ᠮᠤᠩᠭᠤᠯ᠎ᠤᠨ ᠡᠮᠨᠡᠯᠭᠡ ᠵᠢᠨ ᠬᠤᠷᠢᠶᠠᠨ᠎ᠤ ᠡᠬᠦᠳᠡᠨ ᠡᠮᠨᠡᠯᠬᠡ ᠵᠢᠨ ᠠᠰᠠᠷ ᠵᠡᠷᠭᠡ 3 ᠲᠦᠷᠦᠯ ᠵᠦᠢ᠍ᠯ᠎ᠢ ᠪᠠᠶ᠋ᠢᠭᠤᠯᠤᠨ ᠪᠦᠲᠦᠭᠡᠬᠦ ᠵᠢᠨ ᠬᠠᠮᠲᠤ ᠠᠰᠢᠭᠯᠠᠯᠲᠠ᠎ᠳᠤ ᠤᠷᠤᠭᠤᠯᠤᠨ ᠬᠡᠷᠡᠭᠯᠡᠬᠦᠯᠬᠦ᠂ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠬᠤᠶᠠᠳᠤᠭ᠋ᠠᠷ ᠬᠠᠷᠢᠶᠠᠲᠤ ᠡᠮᠨᠡᠯᠬᠡ ᠵᠢᠨ ᠬᠤᠷᠢᠶ᠎ᠡ ᠵᠡᠷᠭᠡ 7 ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦᠯᠵᠤ ᠪᠦᠲᠦᠭᠡᠨ ᠪᠠᠶ᠋ᠢᠭᠤᠯᠬᠤ ᠵᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠤᠷᠢᠶ᠎ᠠ ᠵᠡᠷᠭᠡ ᠦᠨᠳᠦᠰᠦᠨ ᠱᠠᠲᠤᠨ᠎ᠤ ᠡᠮᠨᠡᠯᠬᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠶᠡᠷᠦᠩᠬᠡᠶ᠋ᠢᠯᠡᠭᠰᠡᠨ ᠦᠭᠡᠷᠡᠴᠢᠯᠡᠯᠲᠡ ᠵᠢ ᠬᠦᠨᠵᠡᠭᠡᠶ᠋ᠢᠷᠡᠭᠦᠯᠵᠤ᠂ ᠦᠨᠳᠦᠰᠦᠨ ᠱᠠᠲᠤᠨ᠎ᠤ ᠡᠮᠨᠡᠯᠭᠡ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠤᠤᠷ ᠰᠦᠯᠵᠢᠶ᠎ᠡ ᠪᠠ ᠡᠮᠴᠢᠯᠡᠭᠡ ᠵᠢᠨ ᠡᠩᠨᠡᠬᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠰᠦᠷᠢᠶ᠎ᠡ ᠡᠪᠠᠳᠴᠢᠨ ᠵᠡᠷᠭᠡ ᠬᠦᠨᠲᠤ ᠶᠡᠭᠡ ᠡᠪᠳᠴᠢᠨ ᠡᠮᠬᠡᠭ᠎ᠢ ᠰᠡᠷᠬᠡᠶ᠋ᠢᠯᠡᠨ ᠬᠢᠵᠠᠭ᠋ᠠᠷᠯᠠᠬᠤ ᠵᠢ ᠴᠢᠩᠭ᠋ᠠᠳᠬᠠᠨ᠎ᠠ᠃ ᠮᠤᠩᠭᠤᠯ ᠬᠢᠲᠠᠳ ᠡᠮ ᠡᠮᠨᠡᠯᠭᠡ ᠵᠢᠨ ᠦᠢ᠍ᠯᠡᠰ᠎ᠤᠨ ᠬᠦᠭᠵᠢᠯᠲᠡ ᠵᠢ ᠲᠦᠷᠭᠡᠳᠬᠡᠨ᠂ ᠪᠠᠶ᠋ᠢᠷᠢᠰᠢᠭᠤᠯᠤᠯ᠎ᠨᠢ ᠵᠦᠢ ᠵᠤᠬᠢᠰᠲᠠᠢ᠂ ᠴᠢᠳᠠᠮᠵᠢ ᠪᠡ ᠪᠦᠷᠢᠨ ᠲᠡᠭᠦᠯᠳᠡᠷ ᠪᠦᠬᠦᠢ ᠮᠤᠩᠭᠤᠯ ᠬᠢᠲᠠᠳ ᠡᠮᠨᠡᠯᠭᠡ ᠵᠢᠨ ᠡᠮᠴᠢᠯᠡᠭᠡ᠂ ᠵᠢᠭ᠋ᠠᠨ ᠰᠤᠷᠭ᠋ᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠰᠤᠷᠭ᠋ᠠᠨ ᠬᠦᠮᠦᠵᠢᠯ᠂ ᠰᠤᠶᠤᠯ᠂ ᠡᠮᠨᠡᠯᠭᠡ ᠵᠡᠷᠭᠡ ᠨᠡᠶ᠋ᠢᠭᠡᠮ᠎ᠤᠨ ᠦᠢ᠍ᠯᠡᠰ᠎ᠤᠨ ᠬᠦᠭᠵᠢᠯᠲᠡ᠎ᠳᠤ ᠨᠡᠶ᠋ᠢᠭᠡᠮ᠎ᠤᠨ ᠬᠦᠷᠦᠩᠭᠡ ᠵᠢᠨ ᠤᠷᠤᠯᠴᠠᠬᠤ ᠵᠢ ᠵᠤᠷᠢᠭᠵᠢᠭᠤᠯᠤᠨ᠎ᠠ᠃ ᠲᠦᠯᠦᠪᠯᠡᠭᠡᠲᠤ ᠦᠷᠡᠵᠢᠯ᠎ᠤᠨ ᠲᠤᠬᠠᠢ ᠤᠯᠤᠰ᠎ᠤᠨ ᠦᠨᠳᠦᠰᠦᠨ ᠪᠤᠳᠤᠯᠭ᠎ᠠ ᠵᠢ ᠪᠠᠷᠢᠮᠲᠠᠯᠠᠨ᠂ ᠳᠤᠤᠷ᠎ᠠ ᠦᠷᠡᠵᠢᠯ᠎ᠤᠨ ᠬᠢᠷᠢ ᠬᠡᠮᠵᠢᠶ᠎ᠡ ᠵᠢ ᠦᠷᠬᠦᠯᠵᠢᠯᠡᠨ ᠲᠤᠭᠲᠠᠭᠤᠨ ᠪᠠᠶ᠋ᠢᠯᠭ᠋ᠠᠵᠤ᠂ ᠨᠢᠭᠡ᠎ᠨᠢ ᠦᠷ᠎ᠡ ᠵᠢᠨ ᠭᠠᠭᠴᠠ ᠪᠠᠶ᠋ᠢᠬᠤ ᠡᠷ᠎ᠡ ᠡᠮ᠎ᠡ ᠬᠤᠶᠠᠳᠤᠭ᠋ᠠᠷ ᠬᠡᠤᠭᠡᠳ ᠠᠪᠴᠤ ᠪᠤᠯᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠤ᠂ ᠲᠦᠷᠦᠯᠲᠡ ᠵᠢᠨ ᠳᠤᠲᠠᠭᠤ ᠲᠤᠷᠭᠤᠨᠤ ᠨᠢᠭᠡᠳᠤᠬᠡᠷ ᠳᠡᠰ᠎ᠤᠨ ᠤᠷᠢᠳᠴᠢᠯᠠᠨ ᠰᠡᠷᠬᠡᠶ᠋ᠢᠯᠡᠬᠦ ᠢᠨᠵᠧᠨᠧᠷᠢᠩ᠎ᠢ ᠦᠷᠨᠢᠭᠦᠯᠦᠨ᠂ ᠲᠦᠷᠦᠬᠦ ᠬᠦᠮᠦᠨ ᠠᠮᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠪᠦᠬᠦ ᠠᠷᠠᠳ᠎ᠤᠨ ᠪᠡᠶ᠎ᠡ ᠪᠤᠯᠪᠠᠰᠤᠷᠠᠭᠤᠯᠬᠤ ᠬᠦᠳᠡᠯᠬᠡᠬᠡᠨ᠎ᠢ ᠦᠷᠭᠡᠨ ᠵᠶ᠋ᠠᠷ ᠦᠷᠨᠢᠭᠦᠯᠦᠨ᠂ ᠤᠯᠠᠨ ᠲᠦᠮᠡᠨ᠎ᠤ ᠪᠡᠶ᠎ᠡ ᠲᠠᠮᠢᠷ ᠪᠤᠯᠤᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠵᠤᠬᠢᠴᠠᠩᠭᠤᠢ᠎ᠪᠠᠷ ᠬᠦᠭᠵᠢᠬᠦ ᠵᠢ ᠠᠬᠢᠭᠤᠯᠤᠨ᠎ᠠ᠃ ᠪᠦᠬᠦ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠡᠶ᠎ᠡ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠵᠤ᠂ ᠬᠦᠮᠦᠨ ᠠᠮᠠ ᠵᠢᠨ ᠦᠳᠡᠭᠦᠰᠵᠢᠬᠦ ᠵᠢ ᠢᠳᠡᠪᠬᠢᠲᠠᠢ᠎ᠪᠠᠷ ᠠᠷᠭ᠋ᠠᠴᠠᠵᠤ᠂ ᠦᠳᠡᠭᠦᠰ᠎ᠤᠨ ᠦᠢ᠍ᠯᠡᠰ ᠪᠤᠯᠤᠨ ᠨᠠᠰᠤᠲᠠᠶ᠋ᠢᠴᠤᠳ᠎ᠲᠤ ᠦᠢ᠍ᠯᠡᠴᠢᠯᠡᠬᠦ ᠠᠵᠤ ᠦᠢ᠍ᠯᠡᠰ᠎ᠢ ᠲᠦᠷᠭᠡᠳᠬᠡᠨ ᠬᠦᠭᠵᠢᠭᠦᠯᠵᠤ᠂ ᠨᠡᠶ᠋ᠢᠭᠡᠮ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠤ᠂ ᠨᠠᠰᠤᠵᠢᠯ᠎ᠤᠨ ᠦᠢ᠍ᠯᠡᠰ᠎ᠤᠨ ᠬᠦᠭᠵᠢᠯᠲᠡ᠎ᠳᠤ ᠠᠷᠠᠳ᠎ᠤᠨ ᠬᠦᠷᠦᠩᠭᠡ ᠵᠢᠨ ᠤᠷᠤᠯᠴᠠᠬᠤ ᠵᠢ ᠵᠤᠷᠢᠭᠵᠢᠭᠤᠯᠤᠨ ᠳᠡᠮᠵᠢᠵᠤ᠂ ᠴᠢᠳᠠᠮᠵᠢ᠎ᠪᠠᠷ ᠲᠡᠭᠦᠯᠳᠡᠷ᠂ ᠲᠦᠬᠦᠷ ᠪᠡᠯᠡᠳᠬᠡᠮᠵᠢ᠎ᠨᠢ ᠪᠦᠷᠢᠨ ᠲᠡᠭᠦᠯᠳᠡᠷ ᠨᠢᠭᠡ ᠪᠦᠯᠦᠭ ᠶᠡᠷᠦᠩᠬᠡᠶ᠋ᠢᠯᠡᠭᠰᠡᠨ ᠨᠠᠰᠤᠲᠠᠨ ᠠᠰᠠᠷᠠᠬᠤ ᠦᠢ᠍ᠯᠡᠴᠢᠯᠡᠬᠡᠨ᠎ᠤ ᠲᠦᠪ ᠪᠤᠯᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠦᠲᠦᠬᠡᠨ ᠪᠠᠶ᠋ᠢᠭᠤᠯᠤᠨ᠎ᠠ᠃ ᠡᠮᠡᠭᠲᠠᠶ᠋ᠢᠴᠤᠳ ᠬᠡᠤᠭᠡᠳ᠎ᠤᠨ ᠦᠢ᠍ᠯᠡᠰ᠎ᠤᠨ ᠡᠷᠡᠭᠦᠯ ᠵᠶ᠋ᠠᠷ ᠬᠦᠭᠵᠢᠬᠦ ᠵᠢ ᠲᠦᠯᠬᠢᠨ ᠠᠬᠢᠭᠤᠯᠤᠨ᠎ᠠ᠃
(ᠵᠢᠷᠭᠤᠭ᠎ᠠ) ᠠᠮᠢ ᠠᠬᠤᠢ ᠵᠢᠨ ᠣᠷᠴᠢᠨ ᠲᠤᠭᠤᠷᠢᠨ᠎ᠤ ᠬᠠᠮᠠᠭ᠋ᠠᠯᠠᠯᠳᠠ ᠵᠢ ᠴᠢᠩᠭ᠋ᠠᠳᠬᠠᠨ᠂ ᠠᠮᠢ ᠠᠬᠤᠢ ᠵᠢᠨ ᠪᠤᠯᠪᠠᠰᠣᠨᠤ ᠪᠠᠶ᠋ᠢᠭᠤᠯᠤᠯᠳᠠ ᠵᠢ ᠲᠦᠯᠬᠢᠨ ᠠᠬᠢᠭᠤᠯᠤᠨ᠎ᠠ᠃
ᠠᠮᠢ ᠠᠬᠤᠢ ᠵᠢᠨ ᠪᠤᠯᠪᠠᠰᠣᠨᠤ ᠲᠦᠷᠢᠮ᠎ᠤᠨ ᠪᠠᠶ᠋ᠢᠭᠤᠯᠤᠯᠳᠠ ᠵᠢ ᠴᠢᠩᠭ᠋ᠠᠳᠬᠠᠨ᠎ᠠ᠃ ᠠᠮᠢ ᠠᠬᠤᠢ ᠵᠢᠨ ᠪᠦᠳᠦᠭᠡᠨ ᠪᠠᠶ᠋ᠢᠭᠤᠯᠤᠯᠳᠠ ᠵᠢᠨ ᠬᠠᠷᠠᠯᠳᠠ ᠵᠢᠨ ᠦᠨᠡᠯᠡᠵᠣ ᠬᠢᠨᠠᠨ ᠰᠢᠯᠭ᠋ᠠᠬᠤ ᠰᠢᠰᠲ᠋ᠧᠮᠵᠢ ᠵᠢ ᠪᠠᠶ᠋ᠢᠭᠤᠯᠤᠨ᠂ ᠠᠮᠢ ᠠᠬᠤᠢ ᠵᠢᠨ ᠣᠯᠠᠭ᠋ᠠᠨ ᠱᠣᠭᠤᠮ᠎ᠢ ᠢᠯᠭ᠋ᠠᠨ ᠲᠤᠭᠳᠠᠭ᠋ᠠᠵᠣ᠂ ᠡᠬᠢ ᠡᠭᠦᠰᠦᠯ᠎ᠠᠴᠠ᠎ᠨᠢ ᠬᠠᠮᠠᠭ᠋ᠠᠯᠠᠬᠤ᠂ ᠬᠤᠬᠢᠷᠠᠭᠤᠯᠣᠭᠰᠠᠨᠢ ᠲᠦᠯᠦᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠣᠨ᠂ ᠣᠷᠴᠢᠨ ᠲᠣᠭᠤᠷᠢᠨ᠎ᠢ ᠵᠠᠰᠠᠬᠤ ᠪᠠ ᠠᠮᠢ ᠠᠬᠤᠢ ᠵᠢ ᠵᠠᠰᠠᠨ ᠰᠡᠷᠭᠦᠭᠡᠬᠦ ᠲᠦᠷᠢᠮ᠎ᠢ ᠲᠡᠭᠦᠯᠳᠡᠷᠵᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ ᠤᠨ ᠡᠳ᠋ ᠬᠦᠷᠦᠩᠭᠡ ᠵᠢᠨ ᠦᠮᠴᠢᠯᠡᠬᠦ ᠡᠷᠬᠡ ᠪᠠ ᠬᠡᠷᠡᠭᠴᠡᠭᠡ ᠵᠢ ᠵᠠᠬᠢᠷᠣᠨ ᠬᠠᠮᠢᠶᠠᠷᠬᠤ ᠲᠦᠷᠢᠮ᠎ᠢ ᠪᠦᠷᠢᠨᠰᠢᠭᠦᠯᠵᠣ᠂ ᠦᠢ᠍ᠯᠡᠳᠪᠦᠷᠢᠯᠡᠯ ᠠᠮᠢᠳᠣᠷᠠᠯ᠂ ᠠᠮᠢ ᠠᠬᠤᠢ ᠵᠢᠨ ᠣᠷᠣᠨ ᠵᠠᠢ ᠵᠢᠨ ᠨᠡᠭᠡᠭᠡᠯᠳᠡ ᠵᠢ ᠵᠠᠬᠢᠷᠣᠨ ᠬᠠᠮᠢᠶᠠᠷᠬᠤ ᠵᠠᠭ᠋ᠠᠭ᠎ᠢ ᠬᠤᠪᠢᠶᠠᠷᠢᠯᠠᠨ ᠲᠤᠭᠳᠠᠭ᠋ᠠᠨ᠎ᠠ᠃ ᠣᠯᠣᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ ᠵᠢᠨ ᠬᠠᠮᠢᠶᠠᠷᠣᠯᠳᠠ ᠵᠢ ᠴᠢᠩᠭ᠋ᠠᠳᠬᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠢᠨᠠᠨ ᠬᠠᠮᠢᠶᠠᠷᠬᠤ ᠲᠤᠭᠳᠠᠴᠠ ᠵᠢ ᠲᠡᠭᠦᠯᠳᠡᠷᠵᠢᠭᠦᠯᠦᠨ᠎ᠡ᠃ ᠠᠮᠢ ᠠᠬᠤᠢ ᠵᠢᠨ ᠰᠢᠯᠢᠳᠡᠭ ᠭᠠᠵᠠᠷ ᠣᠷᠣᠨ ᠵᠶ᠋ᠠᠷ ᠠᠨᠠᠢ ᠭᠠᠵᠠᠷ ᠣᠷᠣᠨ᠎ᠳᠤ ᠣᠯᠠᠨ ᠨᠡᠶ᠋ᠢᠳᠡ ᠵᠢᠨ ᠠᠮᠢ ᠠᠬᠤᠢ ᠵᠢᠨ ᠪᠦᠳᠦᠭᠡᠭᠳᠡᠭᠦᠨ᠎ᠤ ᠨᠦᠭᠦᠪᠦᠷᠢ ᠬᠠᠩᠭ᠋ᠠᠯᠭ᠋ᠠᠬᠤ ᠲᠤᠭᠳᠠᠴᠠ ᠵᠢ ᠰᠦᠪᠡᠭᠴᠢᠯᠡᠨ ᠪᠠᠶ᠋ᠢᠭᠤᠯᠵᠤ᠂ ᠭᠤᠤᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠦ ᠣᠷᠣᠨ᠎ᠳᠤ ᠰᠢᠯᠵᠢᠭᠦᠯᠦᠨ ᠣᠯᠭᠤᠬᠤ ᠲᠦᠷᠦ ᠵᠢᠨ ᠪᠤᠳᠣᠯᠭ᠎ᠠ ᠵᠢ ᠨᠠᠶ᠋ᠢᠳᠠᠪᠦᠷᠢᠵᠢᠭᠤᠯᠤᠨ᠂ ᠣᠢ ᠰᠢᠭᠤᠢ ᠵᠢᠨ ᠠᠮᠢ ᠠᠬᠤᠢ ᠵᠢᠨ ᠦᠷ᠎ᠡ ᠠᠰᠢᠭ᠎ᠲᠤ ᠨᠦᠬᠦᠪᠦᠷᠢᠯᠡᠬᠦ ᠲᠦᠷᠢᠮ᠎ᠢ ᠪᠦᠷᠢᠨᠰᠢᠭᠦᠯᠦᠨ᠎ᠡ᠃ ᠭᠤᠤᠯ ᠴᠣᠭᠴᠠ ᠪᠦᠬᠦᠢ ᠴᠢᠳᠠᠮᠵᠢᠲᠦ ᠣᠷᠣᠨ᠎ᠤ ᠪᠦᠳᠦᠭᠡᠨ ᠪᠠᠶ᠋ᠢᠭᠤᠯᠤᠯᠳᠠ ᠵᠢᠨ ᠲᠤᠷᠰᠢᠯᠳᠠ ᠵᠢᠨ ᠴᠢᠭ᠋᠎ᠤᠨ ᠵᠢᠱ᠌ᠢᠶ᠎ᠠ ᠦᠵᠡᠭᠦᠯᠬᠦ ᠵᠢ ᠦᠷᠭᠦᠯᠵᠢᠯᠡᠨ ᠦᠷᠨᠢᠭᠦᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ ᠵᠢᠨ ᠦᠷᠢᠳᠦᠯ᠎ᠤᠨ ᠬᠦᠰᠦᠨᠦᠭᠳᠦ ᠨᠠᠶ᠋ᠢᠷᠠᠭᠤᠯᠤᠨ ᠵᠣᠬᠢᠶᠠᠬᠤ ᠵᠢ ᠬᠠᠶ᠋ᠢᠨ ᠰᠦᠪᠡᠭᠴᠢᠯᠡᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ᠂ ᠠᠮᠢ ᠠᠬᠤᠢ ᠵᠢᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠡᠷᠭᠡ ᠲᠠᠯ᠎ᠠ ᠵᠢᠨ ᠬᠢᠨᠠᠨ ᠰᠢᠯᠭ᠋ᠠᠬᠤ ᠵᠢᠨ ᠴᠢᠬᠤᠯᠠ ᠪᠤᠯᠬᠤ ᠬᠡᠮᠵᠢᠶ᠎ᠡ ᠵᠢ ᠨᠡᠮᠡᠭᠳᠡᠭᠦᠯᠦᠨ᠎ᠡ᠃
ᠠᠮᠢ ᠠᠬᠤᠢ ᠵᠢᠨ ᠬᠠᠮᠠᠭ᠋ᠠᠯᠠᠯᠳᠠ ᠪᠠ ᠪᠦᠳᠦᠭᠡᠨ ᠪᠠᠶ᠋ᠢᠭᠤᠯᠤᠯᠳᠠ ᠵᠢ ᠬᠦᠴᠦᠲᠠᠢ ᠠᠳᠬᠤᠨ᠎ᠠ᠃ ᠪᠡᠭᠡᠵᠢᠩ ᠲᠢᠶᠠᠨᠵᠢᠨ᠎ᠤ ᠡᠷᠭᠢᠨ ᠲᠤᠭᠤᠷᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠪᠠᠶ᠋ᠢᠭ᠋ᠠᠯᠢ ᠵᠢᠨ ᠣᠢ ᠵᠢ ᠬᠠᠮᠠᠭ᠋ᠠᠯᠠᠬᠤ ᠬᠤᠶᠠᠳᠣᠭ᠋ᠠᠷ ᠬᠤᠭᠤᠴᠠᠭ᠎ᠠ ᠵᠡᠷᠭᠡ ᠭᠤᠤᠯᠳᠠᠯᠭ᠎ᠠ᠎ᠲᠠᠢ ᠠᠮᠢ ᠠᠬᠤᠢ ᠵᠢᠨ ᠪᠦᠳᠦᠭᠡᠨ ᠪᠠᠶ᠋ᠢᠭᠤᠯᠤᠯᠳᠠ ᠵᠢᠨ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠤ᠂ ᠰᠢᠨ᠎ᠡ ᠨᠢᠭᠡᠨ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠣ ᠣᠢ ᠮᠣᠲᠦ ᠵᠢ ᠰᠡᠷᠭᠦᠭᠡᠬᠦ ᠡᠭᠦᠷᠭᠡ ᠵᠢ ᠢᠳᠡᠪᠬᠢᠯᠡᠨ ᠣᠯᠵᠣ᠂ ᠭᠤᠣᠯᠳᠠᠯᠭ᠎ᠠ᠎ᠲᠠᠢ ᠣᠷᠣᠨ᠎ᠤ ᠨᠤᠭᠤᠭ᠋ᠠᠷᠠᠭᠤᠯᠤᠯᠳᠠ ᠵᠢᠨ ᠡᠷᠴᠢᠮ᠎ᠢ ᠨᠡᠮᠡᠭᠳᠡᠭᠦᠯᠦᠨ᠂ 1000 ᠲᠦᠮᠡᠨ ᠮᠣ᠌ ᠵᠢᠨ ᠣᠢ ᠰᠢᠭᠤᠢ ᠵᠢᠨ ᠠᠮᠢ ᠠᠬᠤᠢ ᠵᠢᠨ ᠪᠦᠳᠦᠭᠡᠨ ᠪᠠᠶ᠋ᠢᠭᠤᠯᠤᠯᠳᠠ᠂ 650 ᠲᠦᠮᠡᠨ ᠮᠤ᠌ ᠬᠦᠷᠦᠰᠦ ᠰᠢᠷᠦᠢ ᠵᠢᠨ ᠢᠳᠡᠭᠳᠡᠯ᠎ᠢ ᠵᠠᠰᠠᠬᠤ ᠵᠢ ᠪᠡᠶᠡᠯᠡᠭᠦᠯᠦᠨ᠎ᠡ᠃ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠣᠷᠣᠨ᠂ ᠠᠮᠢ ᠠᠬᠤᠢ ᠵᠢᠨ ᠴᠢᠳᠠᠮᠵᠢᠲᠦ ᠣᠷᠣᠨ ᠪᠠ ᠴᠢᠭᠢᠭᠯᠢᠭ ᠨᠤᠭᠤ ᠭᠠᠵᠠᠷ᠂ ᠭᠡᠭᠡᠷ᠎ᠡ ᠵᠢᠨ ᠠᠮᠢᠳᠠᠨ ᠣᠷᠭᠤᠮᠠᠯ᠎ᠤᠨ ᠬᠠᠮᠠᠭ᠋ᠠᠯᠠᠯᠳᠠ ᠵᠢ ᠴᠢᠩᠭ᠋ᠠᠳᠬᠠᠨ᠂ ᠣᠢ ᠰᠢᠭᠤᠢ᠂ ᠡᠯᠡᠰᠦ᠂ ᠡᠪᠡᠰᠦᠨ᠎ᠤ ᠠᠵᠣ ᠦᠢ᠍ᠯᠡᠰ᠎ᠢ ᠶᠡᠬᠡᠪᠡᠷ ᠬᠦᠭᠵᠢᠭᠦᠯᠦᠨ᠎ᠡ᠃ ᠠᠭᠤᠯᠠ ᠬᠦᠳᠡᠭᠡ ᠵᠢᠨ ᠠᠵᠣ ᠠᠬᠤᠢ ᠵᠢᠨ ᠵᠢᠱ᠌ᠢᠶ᠎ᠠ ᠦᠵᠡᠭᠦᠯᠬᠦ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠳᠠ ᠵᠢ ᠲᠦᠷᠭᠡᠳᠭᠡᠨ ᠠᠬᠢᠭᠤᠯᠵᠤ᠂ ᠣᠯᠣᠰ᠎ᠤᠨ ᠣᠢ ᠰᠢᠭᠤᠢ ᠠᠷᠠᠴᠢᠯᠠᠨ ᠪᠤᠶ᠋ᠢᠵᠢᠭᠤᠯᠬᠤ ᠪᠠ ᠣᠶ᠋ᠢᠵᠢᠭᠤᠯᠬᠤ᠎ᠳᠠᠬᠢ ᠨᠦᠬᠦᠪᠦᠷᠢ ᠣᠯᠭᠤᠬᠤ ᠲᠤᠷᠰᠢᠯᠳᠠ ᠵᠢᠨ ᠴᠢᠭ᠋᠎ᠢ ᠦᠷᠭᠡᠳᠭᠡᠬᠦ ᠵᠢ ᠣᠯᠬᠤ᠎ᠪᠠᠷ ᠢᠳᠠᠪᠬᠢᠯᠡᠨ ᠴᠢᠷᠮᠠᠶ᠋ᠢᠨ᠎ᠠ᠃ ᠮᠠᠯᠵᠢᠬᠤ ᠵᠢ ᠵᠣᠭᠰᠣᠭ᠋ᠠᠵᠣ ᠪᠡᠯᠴᠢᠭᠡᠷ ᠰᠡᠷᠭᠦᠭᠡᠬᠦ ᠪᠠ ᠦᠨᠳᠦᠷ ᠬᠤᠷᠢᠶᠠᠯᠳᠠ ᠴᠢᠨᠠᠷ ᠰᠠᠶ᠋ᠢᠲᠠᠢ ᠴᠠᠷᠭ᠋ᠠᠰᠣᠨᠤ ᠵᠢᠱ᠌ᠢᠶ᠎ᠠ ᠦᠵᠡᠭᠦᠯᠬᠦ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠳᠠ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠵᠣ᠂ ᠨᠣᠳᠤᠭ ᠪᠡᠯᠴᠢᠭᠡᠷ᠎ᠤᠨ ᠪᠦᠳᠦᠭᠡᠨ ᠪᠠᠶ᠋ᠢᠭᠤᠯᠤᠯᠳᠠ ᠵᠢᠨ ᠶᠡᠷᠦᠩᠬᠡᠢ ᠬᠡᠪᠴᠢᠶ᠎ᠡ ᠵᠢ 4000 ᠲᠦᠮᠡᠨ ᠮᠣ᠌ᠠᠴᠠ ᠲᠡᠭᠡᠭᠰᠢ ᠪᠠᠶ᠋ᠢᠯᠭ᠋ᠠᠬᠤ ᠵᠢ ᠪᠠᠳᠣᠯᠠᠨ᠎ᠠ᠂ ᠨᠣᠳᠤᠭ ᠪᠡᠯᠴᠢᠭᠡᠷ᠎ᠲᠤ ᠲᠣᠰᠠᠯᠠᠵᠣ ᠱᠠᠩᠨᠠᠬᠤ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠱᠠᠲᠦ ᠦᠶ᠎ᠡ ᠵᠢᠨ ᠴᠢᠨᠠᠷᠲᠠᠢ ᠮᠠᠯᠵᠢᠬᠤ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠲᠦᠷᠢᠮ᠎ᠢ ᠦᠷᠭᠦᠯᠵᠢᠯᠡᠨ ᠬᠡᠷᠡᠭᠵᠢᠭᠦᠯᠵᠤ᠂ ᠨᠣᠳᠤᠭ ᠪᠡᠯᠴᠢᠭᠡᠷ᠎ᠤᠨ ᠬᠠᠣᠯᠢ ᠬᠡᠷᠡᠭᠵᠢᠭᠦᠯᠵᠤ ᠬᠢᠨᠠᠯᠳᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃
ᠡᠨᠧᠷᠬᠢ ᠠᠷᠪᠢᠯᠠᠵᠦ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠰᠠᠶ᠋ᠢᠳᠣᠷ ᠬᠢᠨ᠎ᠡ᠃ ᠡᠨᠧᠷᠬᠢ ᠠᠷᠪᠢᠯᠠᠵᠤ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠵᠣ ᠵᠠᠬ᠎ᠠ ᠲᠡᠯᠭᠡᠭᠦᠷᠴᠢᠯᠡᠭᠰᠡᠨ ᠲᠤᠭᠳᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠤ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠳᠠᠳᠦ ᠬᠠᠷᠢᠭᠤᠴᠠᠯᠭ᠎ᠠ ᠵᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠴᠢᠩᠭ᠋ᠠᠷᠠᠭᠤᠯᠣᠨ᠂ ᠡᠨᠧᠷᠬᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠪᠠ ᠡᠨᠧᠷᠬᠢ ᠵᠢᠨ ᠬᠤᠷᠤᠭᠳᠠᠭᠤᠯᠭᠠ ᠵᠢᠨ ᠡᠷᠴᠢᠮ᠎ᠤᠨ 《ᠬᠤᠣᠰ ᠡᠵᠡᠮᠳᠡᠯ》᠎ᠤᠨ ᠬᠢᠨᠠᠨ ᠰᠢᠯᠭ᠋ᠠᠬᠤ ᠵᠢ ᠬᠡᠷᠡᠭᠵᠢᠭᠦᠯᠦᠨ᠎ᠡ᠃ ᠠᠶᠣᠯ ᠦᠭᠡᠢ᠂ ᠣᠷᠴᠢᠨ ᠲᠤᠭᠤᠷᠢᠨ᠎ᠢ ᠬᠠᠮᠠᠭ᠋ᠠᠯᠠᠬᠤ᠂ ᠡᠨᠧᠷᠬᠢ ᠵᠢᠨ ᠬᠤᠷᠣᠭᠳᠠᠭᠤᠯᠭ᠎ᠠ᠂ ᠭᠠᠵᠠᠷ ᠰᠢᠷᠦᠢ ᠵᠡᠷᠭᠡ ᠬᠢᠵᠠᠭ᠋ᠠᠷᠯᠠᠯ᠎ᠢ ᠴᠢᠩᠭ᠋ᠠᠷᠠᠭᠤᠯᠣᠨ᠂ ᠡᠨᠧᠷᠬᠢ ᠶᠡᠭᠡ ᠬᠤᠷᠣᠭᠳᠠᠭᠤᠯᠬᠤ᠂ ᠪᠤᠬᠢᠷᠳᠣᠯ ᠶᠡᠭᠡ ᠭᠠᠳᠠᠭᠰᠢᠯᠠᠭᠤᠯᠬᠤ ᠠᠵᠢᠯ ᠲᠦᠷᠦᠯ᠎ᠤᠨ ᠲᠤᠤᠷ᠎ᠠ ᠬᠢᠷᠢ ᠬᠡᠮᠵᠢᠶ᠎ᠡ᠎ᠪᠠᠷ ᠲᠠᠪᠬᠤᠷᠳᠠᠭᠤᠯᠣᠨ ᠪᠦᠳᠦᠭᠡᠨ ᠪᠠᠶ᠋ᠢᠭᠤᠯᠬᠤ ᠵᠢ ᠴᠢᠩᠭ᠎ᠠ ᠬᠢᠵᠠᠭ᠋ᠠᠷᠯᠠᠵᠤ᠂ ᠬᠤᠴᠣᠷᠣᠩᠭᠤᠢ ᠦᠢ᠍ᠯᠡᠳᠪᠦᠷᠢᠯᠡᠬᠦ ᠴᠢᠳᠠᠪᠦᠷᠢ ᠵᠢ ᠲᠦᠷᠭᠡᠳᠭᠡᠨ ᠰᠢᠭᠰᠢᠭᠳᠡᠭᠦᠯᠵᠤ᠂ 《12᠂ 5》 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠤ ᠬᠤᠴᠣᠷᠣᠩᠭᠤᠢ ᠦᠢ᠍ᠯᠡᠳᠪᠦᠷᠢᠯᠡᠬᠦ ᠴᠢᠳᠠᠪᠦᠷᠢ ᠵᠢ ᠰᠢᠭᠰᠢᠭᠳᠡᠭᠦᠯᠬᠦ ᠬᠠᠷᠠᠯᠳᠠ ᠵᠢ ᠨᠢᠭᠡ ᠵᠢᠯ ᠣᠷᠢᠳᠴᠢᠯᠠᠨ ᠪᠡᠶᠡᠯᠡᠭᠦᠯᠬᠦ ᠵᠢ ᠦᠨᠡᠨᠬᠦ ᠪᠠᠳᠣᠯᠠᠨ᠎ᠠ᠃ ᠪᠤᠬᠢᠷᠳᠣᠯ ᠭᠠᠳᠠᠭᠰᠢᠯᠠᠭᠤᠯᠬᠤ ᠡᠷᠬᠡ ᠵᠢ ᠲᠦᠯᠦᠪᠦᠷᠢ᠎ᠲᠠᠢ ᠬᠡᠷᠡᠭᠯᠡᠭᠦᠯᠬᠦ ᠪᠠ ᠠᠷᠠᠯᠵᠢᠶᠠᠯᠠᠬᠤ ᠲᠤᠷᠰᠢᠯᠳᠠ ᠵᠢ ᠢᠳᠡᠪᠬᠢᠲᠠᠢ᠎ᠪᠠᠷ ᠲᠦᠯᠬᠢᠨ ᠠᠬᠢᠭᠤᠯᠵᠤ᠂ ᠲᠤᠤᠷ᠎ᠠ ᠨᠡᠭᠦᠷᠡᠰᠦᠳᠦ᠋ᠷᠦᠭᠴᠢᠲᠦ ᠠᠵᠣ ᠠᠬᠤᠢ ᠵᠢᠨ ᠰᠢᠰᠲ᠋ᠧᠮᠵᠢ ᠵᠢ ᠲᠦᠷᠭᠡᠳᠭᠡᠨ ᠪᠤᠶ᠋ᠢᠵᠢᠭᠤᠯᠵᠤ᠂ ᠨᠡᠭᠦᠷᠡᠰᠦᠳᠦ᠋ᠷᠦᠭᠴᠢ ᠵᠢ ᠰᠢᠩᠭᠡᠭᠡᠨ ᠠᠪᠬᠤ ᠠᠷᠠᠯᠵᠢᠶ᠎ᠠ ᠵᠢ ᠲᠦᠯᠬᠢᠨ ᠠᠬᠢᠭᠤᠯᠤᠨ᠎ᠠ᠃ ᠡᠨᠧᠷᠬᠢ ᠠᠷᠪᠢᠯᠠᠵᠦ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠣᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠠᠷᠪᠠᠨ ᠶᠡᠭᠡ ᠭᠤᠣᠯᠳᠠᠯᠭ᠎ᠠ᠎ᠲᠠᠢ ᠡᠨᠧᠷᠬᠢ ᠠᠷᠪᠢᠯᠠᠬᠤ ᠢᠨᠵᠧᠨᠧᠷᠢᠩ᠎ᠤᠨ ᠪᠠᠶ᠋ᠢᠭᠤᠯᠣᠯᠳᠡ ᠵᠢ ᠴᠢᠩᠭ᠋ᠠᠳᠬᠠᠨ᠂ ᠡᠨᠧᠷᠬᠢ ᠠᠷᠪᠢᠯᠠᠨ ᠭᠠᠵᠠᠷ᠎ᠲᠤ ᠭᠠᠮᠳᠠᠢ ᠬᠡᠯᠪᠡᠷᠢ ᠵᠢᠨ ᠪᠣᠬᠢᠷᠳᠣᠯ ᠦᠬᠡᠢ ᠪᠠᠷᠢᠯᠭ᠎ᠠ ᠵᠢ ᠶᠡᠬᠡᠪᠡᠷ ᠬᠦᠭᠵᠢᠭᠦᠯᠵᠦ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠣᠨ ᠪᠦᠳᠦᠭᠡᠨ ᠪᠠᠶ᠋ᠢᠭᠤᠯᠬᠤ ᠬᠦᠷᠢᠶᠡᠨ᠎ᠳᠤ ᠪᠣᠬᠢᠷᠳᠣᠯ ᠦᠬᠡᠢ ᠪᠠᠷᠢᠯᠭ᠎ᠠ ᠵᠢᠨ ᠪᠠᠷᠢᠮᠵᠢᠶ᠎ᠡ ᠵᠢ ᠠᠯᠪᠠᠳᠠᠯᠭ᠎ᠠ᠎ᠪᠠᠷ ᠬᠡᠷᠡᠭᠵᠢᠭᠦᠯᠦᠨ᠎ᠡ᠃
ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠵᠢ ᠴᠢᠩᠭ᠋ᠠᠳᠬᠠᠨ᠎ᠠ᠃ ᠣᠷᠴᠢᠯ ᠠᠵᠦ ᠠᠬᠤᠢ ᠵᠢ ᠶᠡᠬᠡᠪᠡᠷ ᠬᠦᠭᠵᠢᠭᠦᠯᠵᠦ᠂ ᠣᠷᠴᠢᠯ ᠠᠵᠦ ᠠᠬᠤᠢ ᠵᠢᠨ ᠵᠢᠱ᠌ᠢᠶ᠎ᠡ ᠦᠵᠡᠬᠦᠯᠬᠦ ᠨᠢᠬᠡ ᠪᠦᠯᠦᠭ ᠠᠵᠦ ᠠᠬᠤᠶ᠋ᠢᠯᠠᠯ ᠪᠣᠯᠣᠨ ᠵᠢᠱ᠌ᠢᠶ᠎ᠡ ᠦᠵᠡᠬᠦᠯᠬᠦ ᠬᠦᠷᠢᠶᠡᠯᠡᠩ ᠲᠣᠭᠤᠷᠢᠭ᠎ᠢ ᠪᠦᠳᠦᠭᠡᠨ ᠪᠠᠶ᠋ᠢᠭᠤᠯᠵᠦ᠂ ᠨᠣᠨᠳᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠲᠡᠮᠦᠷᠯᠢᠭ ᠬᠠᠶ᠋ᠢᠯᠣᠭᠤᠯᠬᠤ ᠬᠢᠮᠢ ᠵᠢᠨ ᠠᠵᠦ ᠦᠢ᠍ᠯᠡᠳᠪᠦᠷᠢ ᠵᠢᠨ ᠬᠠᠶᠠᠭᠳᠠᠯ ᠰᠢᠭ᠋ᠠᠷᠦ ᠵᠡᠷᠬᠡ ᠠᠵᠦ ᠦᠢ᠍ᠯᠡᠳᠪᠦᠷᠢ ᠵᠢᠨ ᠬᠠᠶᠠᠭᠳᠠᠮᠠᠯ ᠪᠣᠳᠠᠰ᠎ᠢ ᠠᠰᠢᠭᠯᠠᠬᠤ ᠵᠢ ᠲᠦᠯᠬᠢᠨ ᠠᠬᠢᠭᠤᠯᠣᠨ᠎ᠠ᠃ ᠣᠰᠣᠨ᠎ᠤ ᠡᠬᠢ ᠪᠠᠶᠠᠯᠢᠭ᠎ᠤᠨ ᠬᠠᠮᠢᠶᠠᠷᠣᠯᠳᠡ ᠵᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭᠵᠢᠭᠦᠯᠵᠦ᠂ ᠭᠠᠵᠠᠷ ᠲᠣᠣᠷᠡᠬᠢ ᠣᠰᠣ ᠵᠢ ᠠᠷᠪᠢᠯᠠᠵᠦ ᠬᠠᠮᠠᠭ᠋ᠠᠯᠠᠬᠤ ᠵᠢ ᠴᠢᠩᠭ᠋ᠠᠳᠬᠠᠨ᠂ ᠭᠠᠵᠠᠷ ᠲᠣᠣᠷᠡᠬᠢ ᠣᠰᠣ ᠵᠢ ᠬᠡᠷᠡᠭᠯᠡᠨ ᠣᠰᠣ ᠶᠡᠭᠡ ᠬᠤᠷᠣᠭᠳᠠᠭᠤᠯᠬᠤ ᠠᠵᠦ ᠦᠢ᠍ᠯᠡᠰ᠎ᠢ ᠬᠦᠭᠵᠢᠬᠦᠯᠬᠦ ᠵᠢ ᠴᠢᠩᠭ᠎ᠠ ᠴᠠᠭ᠋ᠠᠵᠠᠯᠠᠨ᠎ᠠ᠃ ᠠᠭᠤᠷᠬᠠᠢ ᠵᠢᠨ ᠭᠠᠵᠠᠷ᠎ᠤᠨ ᠣᠷᠴᠢᠨ ᠲᠣᠭᠤᠷᠢᠨ᠂ ᠭᠠᠵᠠᠷ᠎ᠤᠨ ᠭᠠᠮᠰᠢᠭ ᠬᠢᠭᠡᠳ ᠨᠡᠭᠦᠷᠡᠰᠦᠨ ᠠᠭᠤᠷᠬᠠᠢ ᠵᠢᠨ ᠭᠠᠯ ᠨᠣᠴᠣᠭᠰᠠᠨ ᠣᠷᠣᠨ᠂ ᠲᠣᠷᠣᠭᠰᠢ ᠰᠠᠭᠤᠭᠰᠠᠨ ᠣᠷᠣᠨ᠎ᠢ ᠵᠠᠰᠠᠬᠤ ᠵᠢ ᠴᠢᠩᠭ᠋ᠠᠳᠬᠠᠨ᠂ ᠡᠯᠡᠰᠦ ᠮᠠᠩᠬ᠎ᠠ ᠡᠯᠡᠰᠦᠷᠬᠡᠭ ᠭᠠᠵᠠᠷ ᠪᠣᠯᠣᠨ ᠬᠦᠷᠦᠰᠦ ᠰᠢᠷᠦᠢ ᠵᠢᠨ ᠢᠳᠡᠭᠳᠡᠯ᠎ᠢ ᠵᠠᠰᠠᠬᠤ ᠪᠠ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠷᠠᠭᠤᠯᠣᠨ᠎ᠠ᠃ ᠬᠡᠨ ᠠᠰᠢᠭ ᠬᠦᠷᠳᠡᠵᠦ ᠪᠠᠶ᠋ᠢᠪᠠᠯ ᠲᠡᠭᠦᠨ ᠵᠶ᠋ᠠᠷ ᠨᠦᠬᠦᠪᠦᠷᠢᠯᠡᠭᠦᠯᠬᠦ ᠵᠠᠷᠴᠢᠮ᠎ᠢ ᠪᠠᠷᠢᠮᠳᠠᠯᠠᠨ᠂ ᠭᠤᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠳᠣ ᠣᠷᠣᠨ᠎ᠤ ᠠᠮᠢ ᠠᠬᠤᠢ᠎ᠳᠤ ᠨᠦᠬᠦᠪᠦᠷᠢᠯᠡᠬᠦ ᠲᠣᠭᠳᠠᠴᠠ ᠵᠢ ᠲᠡᠭᠦᠯᠳᠡᠷᠵᠢᠭᠦᠯᠵᠦ᠂ ᠡᠬᠢ ᠪᠠᠶᠠᠯᠢᠭ᠎ᠢ ᠨᠡᠬᠡᠬᠡᠨ ᠠᠰᠢᠭᠯᠠᠬᠤ ᠵᠢ ᠲᠠᠷᠢᠶᠠᠴᠢᠨ ᠮᠠᠯᠴᠢᠳ᠎ᠤᠨ ᠠᠰᠢᠭ ᠲᠣᠰᠠᠯᠤᠭᠠ ᠵᠣᠯᠭ᠋ᠠᠯᠳᠣᠭᠤᠯᠬᠤ ᠲᠣᠭᠳᠠᠴᠠ ᠵᠢ ᠪᠠᠶ᠋ᠢᠭᠤᠯᠣᠨ᠂ ᠡᠶ᠎ᠡ ᠵᠣᠬᠢᠴᠠᠯ᠎ᠲᠠᠢ ᠠᠭᠤᠷᠬᠠᠢ ᠵᠢᠨ ᠣᠷᠣᠨ᠂ ᠪᠣᠬᠢᠷᠳᠣᠯ ᠦᠬᠡᠢ ᠠᠭᠤᠷᠬᠠᠢ ᠵᠢᠨ ᠣᠷᠣᠨ᠎ᠢ ᠪᠦᠳᠦᠭᠡᠨ ᠪᠠᠶ᠋ᠢᠭᠤᠯᠬᠤ ᠵᠢ ᠲᠦᠯᠬᠢᠨ ᠠᠬᠢᠭᠤᠯᠣᠨ᠎ᠠ᠃ ᠠᠭ᠋ᠠᠷ ᠮᠠᠨᠳᠠᠯ᠎ᠤᠨ ᠪᠣᠬᠢᠷᠳᠣᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠦᠯᠦᠪᠯᠡᠭᠡ ᠬᠢᠭᠡᠳ ᠲᠦᠬᠦᠷ ᠲᠦᠷᠦ ᠵᠢᠨ ᠪᠣᠳᠣᠯᠭ᠎ᠠ ᠵᠢ ᠨᠠᠶ᠋ᠢᠳᠠᠪᠣᠷᠢᠵᠢᠭᠤᠯᠵᠦ᠂ ᠠᠷᠢᠭᠤᠨ ᠴᠡᠪᠡᠷ ᠡᠨᠧᠷᠬᠢ᠎ᠪᠠᠷ ᠣᠷᠣᠯᠠᠭᠤᠯᠬᠤ ᠵᠢ ᠲᠦᠷᠭᠡᠳᠭᠡᠨ ᠭᠡᠷᠡᠭᠵᠢᠭᠦᠯᠵᠦ᠂ ᠡᠯ᠎ᠡ ᠵᠦᠢ᠍ᠯ᠎ᠤᠨ ᠪᠣᠬᠢᠷᠳᠣᠯ᠎ᠢ ᠪᠦᠬᠦ ᠲᠠᠯ᠎ᠠ᠎ᠪᠠᠷ ᠵᠠᠰᠠᠵᠦ᠂ ᠣᠯᠣᠰ᠎ᠠᠴᠠ ᠪᠠᠭᠤᠯᠭ᠋ᠠᠭᠰᠠᠨ ᠡᠬᠦᠷᠭᠡ ᠵᠢ ᠦᠨᠡᠨᠬᠦ ᠪᠠᠳᠣᠯᠠᠭ᠎ᠠ᠎ᠲᠠᠢ ᠪᠡᠶᠡᠯᠡᠭᠦᠯᠦᠨ᠎ᠡ᠃ ᠭᠤᠣᠯᠳᠠᠯᠭ᠎ᠠ᠎ᠲᠠᠢ ᠰᠠᠪᠠ ᠭᠠᠵᠠᠷ᠂ ᠠᠵᠢᠯ ᠲᠦᠷᠦᠯ᠎ᠤᠨ ᠣᠰᠣᠨ᠎ᠤ ᠪᠣᠬᠢᠷᠳᠣᠯ ᠢ ᠰᠡᠷᠭᠡᠶ᠋ᠢᠯᠡᠨ ᠵᠠᠰᠠᠬᠤ ᠪᠠ ᠬᠦᠨᠳᠣ ᠲᠡᠮᠦᠷᠯᠢᠭ᠎ᠤᠨ ᠪᠣᠬᠢᠷᠳᠣᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠨ᠂ ᠰᠠᠪᠠ ᠭᠠᠵᠠᠷ᠂ ᠣᠷᠣᠨ ᠪᠦᠰᠡ ᠵᠢᠨ ᠣᠷᠴᠢᠨ ᠲᠣᠭᠤᠷᠢᠨ᠎ᠤ ᠠᠶᠣᠯ ᠦᠬᠡᠢ ᠵᠢ ᠦᠨᠡᠨᠬᠦ ᠪᠠᠳᠣᠯᠠᠨ᠎ᠠ᠃
(ᠲᠣᠯᠤᠭ᠎ᠠ) ᠰᠢᠨ᠎ᠡ ᠮᠠᠶᠢᠭ᠎ᠤᠨ ᠬᠤᠳᠠ ᠪᠠᠯᠭ᠋ᠠᠰᠣᠴᠢᠯᠠᠬᠤ ᠵᠠᠮ ᠵᠶ᠋ᠠᠷ ᠵᠠᠮᠨᠠᠵᠦ᠂ ᠬᠤᠳᠡ ᠬᠦᠳᠡᠭᠡ ᠵᠢᠨ ᠵᠣᠬᠢᠴᠠᠩᠭᠤᠢ᠎ᠪᠠᠷ ᠬᠦᠭᠵᠢᠬᠦ ᠵᠢ ᠠᠬᠢᠭᠤᠯᠣᠨ᠎ᠠ
ᠬᠤᠳᠡ ᠬᠦᠳᠡᠭᠡ ᠵᠢᠨ ᠲᠦᠯᠦᠪᠵᠢᠭᠦᠯᠭᠡ ᠵᠢᠨ ᠬᠦᠳᠦᠯᠦᠨ ᠵᠢᠯᠣᠭᠤᠳᠬᠤ ᠪᠠ ᠲᠣᠬᠢᠷᠠᠭᠤᠯᠣᠨ ᠡᠵᠡᠮᠳᠡᠬᠦ ᠦᠢ᠍ᠯᠡᠳᠣᠯ᠎ᠢ ᠪᠠᠳᠠᠷᠠᠭᠤᠯᠣᠨ᠎ᠠ᠃ ᠬᠦᠮᠦᠨ ᠵᠶ᠋ᠠᠷ ᠦᠨᠳᠣᠰᠣ ᠪᠣᠯᠭ᠋ᠠᠬᠤ᠂ ᠠᠵᠦ ᠦᠢ᠍ᠯᠡᠳᠪᠦᠷᠢᠵᠢᠭᠦᠯᠬᠦ᠂ ᠮᠡᠳᠡᠭᠡ ᠵᠠᠩᠭᠢᠵᠢᠭᠤᠯᠬᠤ᠂ ᠬᠤᠳᠠ ᠪᠠᠯᠭ᠋ᠠᠰᠣᠴᠢᠯᠠᠬᠤ᠂ ᠲᠡᠷᠢᠶᠠᠯᠠᠩ ᠮᠠᠯ ᠠᠵᠦ ᠠᠬᠤᠢ ᠵᠢᠨ ᠣᠳᠣᠬᠢᠴᠢᠯᠠᠬᠤ ᠵᠢ ᠵᠡᠷᠭᠡ᠎ᠳᠤ ᠨᠢ ᠬᠦᠭᠵᠢᠭᠦᠯᠬᠦ᠂ ᠰᠢᠨᠵᠢᠯᠡᠬᠦ ᠣᠬᠠᠭ᠋ᠠᠨᠴᠢ᠎ᠪᠠᠷ ᠪᠠᠶ᠋ᠢᠷᠢᠯᠠᠭᠤᠯᠬᠤ᠂ ᠪᠣᠬᠢᠷᠳᠣᠯ ᠦᠬᠡᠢ ᠬᠦᠭᠵᠢᠬᠦᠯᠬᠦ᠂ ᠰᠣᠶᠣᠯ᠎ᠢ ᠣᠯᠠᠮᠵᠢᠯᠠᠬᠤ ᠰᠢᠨ᠎ᠡ ᠮᠠᠶᠢᠭ᠎ᠤᠨ ᠬᠤᠳᠠ ᠪᠠᠯᠭ᠋ᠠᠰᠣᠴᠢᠯᠠᠬᠤ ᠵᠠᠮ ᠵᠶ᠋ᠠᠷ ᠵᠠᠮᠨᠠᠬᠤ ᠵᠢ ᠪᠠᠷᠢᠮᠳᠠᠯᠠᠨ᠂ ᠬᠤᠳᠠ ᠪᠠᠯᠭ᠋ᠠᠰᠤ ᠵᠢᠨ ᠶᠡᠷᠦᠩᠬᠡᠢ ᠲᠦᠯᠦᠪᠵᠢᠭᠦᠯᠭᠡ ᠪᠤᠯᠤᠨ ᠡᠵᠡᠮᠰᠢᠯ᠎ᠤᠨ ᠴᠢᠨᠠᠷᠲᠠᠢ ᠨᠠᠷᠢᠨ ᠲᠣᠳᠣᠷᠬᠠᠢ ᠲᠦᠯᠦᠪᠵᠢᠭᠦᠯᠭᠡ ᠵᠢ ᠰᠢᠨᠵᠢᠯᠡᠬᠦ ᠣᠬᠠᠭ᠋ᠠᠨᠴᠢ᠎ᠪᠠᠷ ᠨᠠᠶ᠋ᠢᠷᠠᠭᠤᠯᠤᠨ ᠵᠤᠬᠢᠶᠠᠵᠣ᠂ ᠶᠡᠭᠡ ᠲᠤᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭ᠋ᠠᠰᠣ ᠵᠢᠨ ᠵᠣᠬᠢᠴᠠᠩᠭᠤᠢ᠎ᠪᠠᠷ ᠬᠦᠭᠵᠢᠬᠦ᠂ ᠠᠵᠣ ᠦᠢ᠍ᠯᠡᠰ ᠪᠣᠯᠣᠨ ᠬᠤᠳᠠ ᠪᠠᠯᠭ᠋ᠠᠰᠦ ᠨᠡᠶ᠋ᠢᠯᠡᠵᠦ ᠬᠦᠭᠵᠢᠬᠦ᠂ ᠬᠤᠳᠠ ᠪᠠᠯᠭ᠋ᠠᠰᠣᠴᠢᠯᠠᠯᠳᠠ ᠪᠠ ᠰᠢᠨ᠎ᠡ ᠲᠠᠷᠢᠶᠠᠯᠠᠬᠤ ᠮᠠᠯᠵᠢᠬᠤ ᠤᠷᠤᠨ᠎ᠤ ᠪᠦᠳᠦᠭᠡᠨ ᠪᠠᠶ᠋ᠢᠭᠤᠯᠤᠳᠠ ᠵᠢ ᠵᠤᠬᠢᠴᠠᠩᠭᠤᠢ᠎ᠪᠠᠷ ᠲᠦᠯᠬᠢᠨ ᠠᠬᠢᠭᠤᠯᠬᠤ ᠵᠢ ᠢᠳᠡᠪᠬᠢᠲᠠᠢ᠎ᠪᠠᠷ ᠬᠦᠳᠦᠯᠦᠨ ᠵᠢᠯᠣᠭᠤᠳᠣᠨ᠎ᠠ᠃ ᠡᠷᠦᠬᠡ ᠠᠮᠠ ᠵᠢᠨ ᠬᠠᠷᠢᠶ᠎ᠠ᠂ ᠭᠠᠵᠠᠷ ᠰᠢᠷᠦᠢ᠂ ᠣᠷᠣᠨ ᠰᠠᠭᠤᠴᠠ᠂ ᠣᠯᠠᠨ ᠨᠡᠶ᠋ᠢᠳᠡ ᠵᠢᠨ ᠦᠨᠳᠦᠰᠦᠨ ᠦᠢ᠍ᠯᠡᠴᠢᠯᠡᠭᠡᠨ ᠵᠡᠷᠭᠡ ᠲᠦᠭᠦᠷ ᠲᠦᠷᠦ ᠵᠢᠨ ᠪᠤᠳᠣᠯᠭ᠎ᠠ ᠵᠢ ᠰᠣᠳᠣᠯᠣᠨ ᠲᠣᠭᠳᠠᠭ᠋ᠠᠵᠣ᠂ ᠲᠣᠷᠰᠢᠯᠳᠠ ᠵᠢᠨ ᠴᠢᠭ᠋ ᠵᠶ᠋ᠠᠷ ᠵᠢᠱ᠌ᠢᠶ᠎ᠠ ᠦᠵᠡᠭᠦᠯᠬᠦ ᠵᠢ ᠲᠦᠷᠭᠡᠳᠭᠡᠨ ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠦᠮᠦᠨ ᠠᠮᠠ ᠵᠢ ᠬᠤᠳᠠ ᠵᠢᠨ ᠠᠷᠠᠳ ᠪᠤᠯᠭ᠋ᠠᠬᠤ ᠵᠢ ᠲᠦᠯᠬᠢᠨ ᠠᠬᠢᠭᠤᠯᠵᠤ᠂ ᠣᠯᠠᠨ ᠨᠡᠶ᠋ᠢᠳᠡ ᠵᠢᠨ ᠦᠨᠳᠦᠰᠦᠨ ᠦᠢ᠍ᠯᠡᠴᠢᠯᠡᠭᠡᠨ᠎ᠢ ᠡᠷᠬᠡ ᠲᠡᠭᠰᠢ᠎ᠪᠠᠷ ᠬᠦᠷᠳᠡᠭᠡᠬᠦ ᠵᠢᠨ ᠬᠠᠮᠲᠦ ᠡᠷᠦᠬᠡ ᠠᠮᠠ ᠵᠢᠨ ᠬᠠᠷᠢᠶ᠎ᠠ ᠵᠢᠨ ᠬᠦᠮᠦᠨ ᠠᠮᠠ᠎ᠠᠴᠠ ᠪᠠᠶ᠋ᠢᠩᠭᠤ ᠰᠠᠭᠤᠭ᠎ᠠ ᠬᠦᠮᠦᠨ ᠠᠮᠠ ᠲᠡᠰᠢ ᠪᠦᠬᠦᠨ᠎ᠢ ᠬᠠᠮᠣᠷᠣᠭᠤᠯᠬᠤ ᠵᠢ ᠪᠡᠶᠡᠯᠡᠭᠦᠯᠦᠨ᠎ᠡ᠃
ᠬᠤᠳᠠ ᠪᠠᠯᠭ᠋ᠠᠰᠦ ᠵᠢᠨ ᠪᠠᠶ᠋ᠢᠷᠢᠰᠢᠭᠤᠯᠣᠯ ᠪᠤᠯᠤᠨ ᠬᠡᠯᠪᠡᠷᠢ ᠪᠠᠶ᠋ᠢᠳᠠᠯ᠎ᠢ ᠰᠢᠯᠢᠳᠡᠭᠵᠢᠭᠦᠯᠦᠨ᠎ᠡ᠃ ᠣᠯᠠᠨ ᠲᠦᠪ ᠵᠶ᠋ᠠᠷ ᠲᠠᠶ᠋ᠢᠴᠢᠯᠠᠬᠤ᠂ ᠣᠯᠠᠨ ᠵᠠᠩᠬᠢᠯᠠᠭ᠎ᠠ ᠴᠢᠭ᠋ ᠵᠶ᠋ᠠᠷ ᠲᠤᠯᠭ᠋ᠠᠭᠤᠷᠢᠯᠠᠭᠤᠯᠬᠤ ᠵᠢ ᠪᠠᠷᠢᠮᠳᠠᠯᠠᠨ᠂ ᠶᠡᠭᠡ᠎ᠪᠠᠷ ᠪᠠᠭ᠎ᠠ ᠵᠢ ᠲᠠᠶ᠋ᠢᠴᠢᠯᠠᠭᠰᠠᠨ᠂ ᠶᠡᠭᠡ ᠲᠣᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭ᠋ᠠᠰᠦ ᠵᠣᠬᠢᠴᠠᠩᠭᠤᠢ᠎ᠪᠠᠷ ᠬᠦᠭᠵᠢᠭᠰᠡᠨ ᠬᠤᠳᠠ ᠪᠠᠯᠭ᠋ᠠᠰᠣᠴᠢᠯᠠᠬᠤ ᠰᠢᠨ᠎ᠡ ᠪᠠᠶ᠋ᠢᠷᠢᠰᠢᠯ᠎ᠢ ᠴᠣᠭᠴᠠᠯᠠᠨ ᠪᠠᠶ᠋ᠢᠭᠤᠯᠤᠨ᠎ᠠ᠃ ᠬᠦᠬᠡᠬᠤᠳᠠ ᠪᠣᠭᠤᠲᠦ ᠣᠷᠳᠣᠰ ᠲᠡᠮᠡᠭᠡᠲᠦ ᠵᠢᠨ ᠬᠤᠳᠠ ᠵᠢᠨ ᠪᠦᠭᠡᠮᠨᠡᠷᠡᠯ᠎ᠤᠨ ᠲᠤᠬᠠᠢ ᠣᠯᠣᠰ᠎ᠤᠨ ᠲᠦᠯᠦᠪᠵᠢᠭᠦᠯᠭᠡ ᠵᠢ ᠨᠠᠶ᠋ᠢᠳᠠᠪᠦᠷᠢᠵᠢᠭᠤᠯᠤᠨ᠂ ᠬᠦᠬᠡᠬᠤᠳᠠ ᠪᠣᠭᠤᠲᠦ ᠣᠷᠳᠣᠰ᠎ᠤᠨ ᠬᠤᠳᠠ ᠵᠢᠨ ᠪᠦᠭᠡᠮᠨᠡᠷᠡᠯ᠎ᠤᠨ ᠪᠦᠳᠦᠭᠡᠨ ᠪᠠᠶ᠋ᠢᠭᠤᠯᠤᠳᠠ ᠵᠢ ᠲᠦᠯᠬᠢᠨ ᠠᠬᠢᠭᠤᠯᠵᠤ᠂ ᠴᠢᠳᠠᠮᠵᠢ᠎ᠪᠠᠷ ᠵᠶ᠋ᠠᠨ ᠬᠠᠷᠢᠯᠴᠠᠨ ᠨᠦᠬᠦᠪᠦᠷᠢᠯᠡᠬᠦ᠂ ᠠᠵᠣ ᠦᠢ᠍ᠯᠡᠰ ᠵᠶ᠋ᠠᠷ ᠵᠶ᠋ᠠᠨ ᠬᠠᠷᠢᠯᠴᠠᠨ ᠲᠣᠰᠠᠯᠠᠬᠤ ᠵᠢ ᠠᠬᠢᠭᠤᠯᠤᠨ᠂ ᠵᠡᠷᠭᠡᠴᠡᠨ ᠬᠤᠯᠪᠣᠯᠳᠣᠬᠤ ᠬᠡᠯᠪᠡᠷᠢ ᠪᠠ ᠪᠦᠯᠬᠦᠮ ᠪᠠᠶ᠋ᠢᠭᠤᠯᠬᠤ ᠬᠡᠯᠪᠡᠷᠢ ᠵᠢᠨ ᠬᠦᠭᠵᠢᠯᠳᠡ ᠵᠢ ᠪᠡᠶᠡᠯᠡᠭᠦᠯᠦᠨ᠂ ᠪᠦᠬᠦ ᠣᠷᠣᠨ᠎ᠤ ᠬᠦᠭᠵᠢᠯᠳᠡ ᠵᠢ ᠣᠳᠣᠷᠢᠳᠣᠨ ᠲᠠᠭ᠋ᠠᠭᠤᠯᠣᠭᠰᠠᠨ ᠴᠢᠬᠤᠯᠠ ᠨᠡᠮᠡᠭᠳᠡᠯ᠎ᠤᠨ ᠲᠦᠢ᠍ᠯ᠎ᠢ ᠪᠤᠢ ᠪᠤᠯᠭ᠋ᠠᠨ᠎ᠠ᠃ ᠬᠦᠬᠡᠬᠤᠳᠠ ᠵᠢᠨ ᠪᠦᠳᠦᠭᠡᠨ ᠪᠠᠶ᠋ᠢᠭᠤᠯᠤᠯᠳᠠ ᠵᠢᠨ ᠬᠠᠮᠢᠶᠠᠷᠣᠯᠳᠠ ᠵᠢᠨ ᠬᠢᠷᠢ ᠬᠡᠮᠵᠢᠶ᠎ᠡ ᠵᠢ ᠲᠡᠭᠡᠭᠰᠢᠯᠡᠭᠦᠯᠵᠤ᠂ ᠣᠷᠣᠨ᠎ᠤ ᠲᠦᠪ ᠬᠤᠳᠠ ᠵᠢᠨ ᠵᠢᠱ᠌ᠢᠶ᠎ᠠ ᠦᠵᠡᠭᠦᠯᠦᠨ ᠲᠠᠶ᠋ᠢᠴᠢᠯᠠᠨ ᠲᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠣᠨ᠎ᠠ᠃ ᠠᠶ᠋ᠢᠮᠠᠭ ᠬᠤᠳᠠ ᠵᠢᠨ ᠪᠠᠶ᠋ᠢᠭ᠎ᠠ ᠭᠠᠵᠠᠷ᠎ᠤᠨ ᠲᠦᠪ ᠬᠤᠳᠠ ᠵᠢᠨ ᠲᠤᠭᠤᠷᠢᠭ ᠵᠶ᠋ᠠᠷ ᠭᠤᠤᠯᠳᠠᠯᠭ᠎ᠠ ᠪᠤᠯᠭ᠋ᠠᠨ᠂ ᠨᠡᠭᠡᠭᠡᠨ ᠬᠦᠭᠵᠢᠭᠦᠯᠬᠦ ᠬᠦᠴᠦᠯᠡᠴᠡ ᠵᠢ ᠰᠢᠨᠵᠢᠯᠡᠬᠦ ᠣᠬᠠᠭ᠋ᠠᠨ᠎ᠪᠠᠷ ᠲᠤᠬᠢᠷᠠᠭᠤᠯᠵᠣ᠂ ᠨᠡᠭᠡᠭᠡᠨ ᠬᠦᠭᠵᠢᠭᠦᠯᠬᠦ ᠵᠠᠭ᠋ᠠᠭ᠎ᠢ ᠵᠦᠢ ᠵᠣᠬᠢᠰᠲᠠᠢ ᠢᠯᠭ᠋ᠠᠨ ᠲᠤᠭᠳᠠᠭ᠋ᠠᠵᠣ᠂ ᠣᠯᠣᠰ᠎ᠤᠨ ᠭᠠᠵᠠᠷ ᠰᠢᠷᠦᠢ ᠵᠢᠨ ᠣᠷᠣᠨ ᠵᠠᠢ ᠵᠢ ᠲᠡᠩᠴᠡᠭᠦᠷᠢ᠎ᠲᠠᠢ ᠨᠡᠭᠡᠭᠡᠨ ᠬᠦᠭᠵᠢᠭᠦᠯᠬᠦ ᠵᠢ ᠲᠦᠯᠬᠢᠨ ᠠᠬᠢᠭᠤᠯᠵᠤ᠂ ᠣᠷᠣᠨ ᠪᠦᠰᠡ ᠵᠢᠨ ᠴᠢᠨᠠᠷᠲᠠᠢ ᠲᠦᠪ ᠬᠤᠳᠠ ᠵᠢ ᠬᠦᠴᠦᠷᠭᠡᠭᠵᠢᠭᠦᠯᠦᠨ᠂ ᠣᠷᠣᠨ ᠪᠦᠰᠡ ᠵᠢᠨ ᠬᠦᠭᠵᠢᠯᠳᠡ ᠵᠢ ᠲᠠᠶ᠋ᠢᠴᠢᠯᠠᠨ᠎ᠠ᠃ ᠰᠢᠶᠠᠨ ᠤ ᠬᠤᠳᠠ ᠵᠢᠨ ᠪᠠᠭᠳᠠᠭ᠋ᠠᠮᠵᠢ ᠵᠢ ᠦᠷᠭᠡᠳᠭᠡᠨ ᠴᠢᠨᠠᠷ᠎ᠢ ᠲᠡᠭᠡᠭᠰᠢᠯᠡᠭᠦᠯᠬᠦ᠎ᠪᠠᠷ ᠭᠤᠤᠯᠳᠠᠯᠭ᠎ᠠ ᠪᠤᠯᠭ᠋ᠠᠨ᠂ ᠬᠤᠳᠠ ᠵᠢᠨ ᠲᠡᠭᠦᠷᠭᠡ ᠪᠠᠯᠭ᠋ᠠᠰᠦ ᠪᠤᠯᠤᠨ ᠭᠤᠣᠯᠳᠠᠯᠭ᠎ᠠ᠎ᠲᠠᠢ ᠪᠠᠯᠭ᠋ᠠᠰᠦ ᠵᠢᠨ ᠪᠦᠳᠦᠭᠡᠨ ᠪᠠᠶ᠋ᠢᠭᠤᠯᠤᠯᠳᠠ ᠵᠢ ᠰᠠᠶ᠋ᠢᠳᠣᠷ ᠠᠳᠬᠤᠵᠣ᠂ ᠬᠡᠪᠴᠢᠶ᠎ᠡ᠎ᠨᠢ ᠵᠤᠬᠢᠰᠲᠠᠢ᠂ ᠴᠢᠳᠠᠮᠵᠢ᠎ᠨᠢ ᠪᠦᠷᠢᠨ᠂ ᠪᠠᠶ᠋ᠢᠷᠢᠰᠢᠯᠠᠭᠤᠯᠤᠯᠨᠢ ᠵᠦᠢ ᠵᠤᠬᠢᠰᠲᠠᠢ᠂ ᠠᠵᠢᠯᠯᠠᠵᠤ ᠠᠮᠢᠳᠣᠷᠠᠬᠤ᠎ᠳᠤ ᠴᠦᠮ ᠲᠤᠬᠢᠷᠠᠮᠵᠢᠲᠠᠢ ᠣᠨᠴᠠᠯᠢᠭᠲᠦ ᠬᠤᠳᠠ ᠪᠠᠯᠭ᠋ᠠᠰᠦ ᠵᠢᠨ ᠰᠢᠰᠲ᠋ᠧᠮᠵᠢ ᠵᠢ ᠪᠤᠢ ᠪᠤᠯᠭ᠋ᠠᠨ᠎ᠠ᠃ ᠬᠤᠳᠠ ᠵᠢᠨ ᠪᠦᠳᠦᠭᠡᠨ ᠪᠠᠶ᠋ᠢᠭᠤᠯᠤᠯᠳᠠ ᠵᠢᠨ ᠬᠠᠮᠢᠶᠠᠷᠣᠯᠳᠠ ᠵᠢᠨ ᠬᠢᠷᠢ ᠬᠡᠮᠵᠢᠶ᠎ᠡ ᠵᠢ ᠲᠡᠭᠡᠭᠰᠢᠯᠡᠭᠦᠯᠦᠨ᠎ᠡ᠃ ᠭᠠᠵᠠᠷ ᠰᠢᠷᠣᠢ ᠵᠢᠨ ᠠᠰᠢᠭᠯᠠᠮᠵᠢ ᠵᠢ ᠲᠡᠭᠡᠭᠰᠢᠯᠡᠭᠦᠯᠦᠨ᠂ ᠨᠡᠮᠡᠭᠳᠡᠯ᠎ᠢ ᠴᠢᠩᠭ᠎ᠠ ᠬᠢᠵᠠᠭ᠋ᠠᠷᠯᠠᠵᠤ᠂ ᠦᠯᠡᠳᠡᠭᠡᠯ᠎ᠢ ᠠᠮᠢᠳᠣᠯᠢᠭᠵᠢᠭᠤᠯᠤᠨ᠂ ᠬᠤᠳᠠ ᠪᠠᠯᠭ᠋ᠠᠰᠦ ᠵᠢᠨ ᠣᠷᠣᠨ ᠵᠠᠢ ᠵᠢᠨ ᠪᠦᠳᠦᠴᠡ ᠵᠢ ᠰᠢᠯᠢᠳᠡᠭᠵᠢᠭᠦᠯᠵᠤ᠂ ᠬᠤᠳᠠ ᠵᠢᠨ ᠪᠢᠴᠢᠯ ᠣᠷᠣᠨ ᠵᠠᠢ ᠵᠢ ᠵᠠᠰᠠᠬᠤ ᠶᠠᠪᠤᠳᠠᠯ᠎ᠢ ᠰᠠᠶ᠋ᠢᠳᠣᠷ ᠬᠢᠵᠤ᠂ ᠬᠤᠳᠠ ᠵᠢᠨ ᠶᠠᠪᠤᠳᠠᠯ᠎ᠤᠨ ᠰᠠᠭᠤᠷᠢ ᠪᠡᠯᠡᠳᠭᠡᠮᠵᠢ ᠵᠢᠨ ᠲᠤᠤᠷ ᠰᠦᠯᠵᠢᠶᠡᠨ᠎ᠤ ᠪᠠᠶ᠋ᠢᠭᠤᠯᠤᠯᠳᠠ ᠵᠢ ᠴᠢᠩᠭ᠋ᠠᠳᠬᠠᠨ᠂ ᠬᠦᠮᠦᠰ᠎ᠤᠨ ᠣᠷᠣᠰᠢᠨ ᠰᠠᠭᠤᠬᠤ ᠣᠷᠴᠢᠨ ᠲᠤᠭᠤᠷᠢᠨ ᠪᠠ ᠶᠠᠰᠣ ᠴᠢᠨᠠᠷ᠎ᠢ ᠰᠠᠶ᠋ᠢᠵᠢᠷᠠᠭᠤᠯᠣᠨ᠎ᠠ᠃ ᠬᠤᠳᠠ ᠵᠢᠨ ᠪᠦᠳᠦᠭᠡᠨ ᠪᠠᠶ᠋ᠢᠭᠤᠯᠤᠯᠳᠠ ᠵᠢᠨ ᠪᠡᠯᠡ ᠣᠷᠣᠭᠤᠯᠵᠤ ᠪᠡᠯᠡ ᠲᠤᠬᠢᠷᠠᠭᠤᠯᠬᠤ ᠢᠯᠡ ᠵᠢᠷᠦᠮᠵᠢᠭ᠍ᠰᠠᠨ ᠲᠤᠭᠳᠠᠴᠠ ᠵᠢ ᠪᠠᠶ᠋ᠢᠭᠤᠯᠵᠤ᠂ ᠬᠤᠳᠠ ᠵᠢᠨ ᠨᠡᠶ᠋ᠢᠳᠠ ᠵᠢᠨ ᠬᠡᠷᠡᠭᠯᠡᠭᠡᠨ᠎ᠤ ᠪᠡᠯᠡᠳᠭᠡᠮᠵᠢᠳᠤ ᠨᠡᠶ᠋ᠢᠭᠡᠮ᠎ᠤᠨ ᠬᠦᠷᠦᠩᠭᠡ ᠵᠢᠨ ᠣᠷᠣᠯᠴᠠᠵᠤ ᠡᠵᠡᠩᠨᠡᠬᠦ ᠵᠢ ᠵᠣᠷᠢᠭᠵᠢᠭᠤᠯᠤᠨ᠂ ᠬᠤᠳᠠ ᠪᠠᠯᠭ᠋ᠠᠰᠣ ᠵᠢᠨ ᠪᠦᠳᠦᠭᠡᠨ ᠪᠠᠶ᠋ᠢᠭᠤᠯᠤᠯᠳᠠ ᠵᠢᠨ ᠬᠡᠲᠦ ᠶᠡᠭᠡ ᠦᠷᠢ ᠲᠠᠯᠪᠢᠬᠤ ᠠᠰᠠᠭᠤᠳᠠᠯ᠎ᠢ ᠦᠨᠡᠨᠬᠦ ᠰᠢᠢ᠍ᠳᠪᠦᠷᠢᠯᠡᠨ᠎ᠡ᠃ ᠣᠶᠣᠨᠲᠦ ᠬᠤᠳᠠ ᠪᠣᠯᠣᠨ ᠨᠡᠶ᠋ᠢᠭᠡᠮ ᠲᠤᠭᠤᠷᠢᠭ᠎ᠤᠨ ᠪᠦᠳᠦᠭᠡᠨ ᠪᠠᠶ᠋ᠢᠭᠤᠯᠤᠯᠳᠠ ᠵᠢ ᠲᠦᠷᠭᠡᠳᠭᠡᠨ᠂ ᠬᠤᠳᠠ ᠪᠠᠯᠭ᠋ᠠᠰᠦ ᠵᠢᠨ ᠬᠦᠭᠵᠢᠯᠳᠡ ᠵᠢᠨ ᠠᠭᠤᠯᠤᠭᠳᠠᠬᠤᠨ ᠪᠠ ᠶᠡᠷᠦᠩᠬᠡᠶ᠋ᠢᠯᠡᠭᠰᠡᠨ ᠦᠢ᠍ᠯᠡᠴᠢᠯᠡᠭᠡᠨ ᠤ ᠴᠢᠳᠠᠪᠦᠷᠢ ᠵᠢ ᠨᠡᠮᠡᠭᠳᠡᠭᠦᠯᠦᠨ᠎ᠡ᠃
ᠰᠢᠶᠠᠨ᠎ᠤ ᠬᠡᠪᠴᠢᠶᠠᠨ᠎ᠤ ᠠᠵᠣ ᠠᠬᠤᠢ ᠵᠢ ᠬᠦᠭᠵᠢᠭᠦᠯᠦᠨ ᠪᠤᠵᠠᠭ᠋ᠠᠶ᠋ᠢᠷᠠᠭᠤᠯᠣᠨᠠ᠃ ᠰᠢᠶᠠᠨ᠎ᠤ ᠬᠡᠪᠴᠢᠶᠠᠨ ᠤ ᠠᠵᠣ ᠠᠬᠤᠢ ᠵᠢᠨ ᠬᠦᠭᠵᠢᠯᠳᠡ ᠵᠢᠨ ᠲᠦᠯᠦᠪᠵᠢᠭᠦᠯᠭᠡ ᠵᠢ ᠬᠢᠨᠠᠮᠠᠭ᠋ᠠᠢ ᠨᠠᠶ᠋ᠢᠳᠠᠪᠦᠷᠢᠵᠢᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠣᠨ ᠣᠨᠴᠠᠯᠢᠭᠲᠦ ᠠᠵᠣ ᠠᠬᠤᠢ ᠵᠢ ᠬᠦᠭᠵᠢᠭᠦᠯᠵᠤ᠂ ᠭᠤᠤᠯᠯᠠᠭᠴᠢ ᠠᠵᠤ ᠦᠢ᠍ᠯᠡᠰ᠎ᠢ ᠪᠤᠶ᠋ᠢᠵᠢᠭᠤᠯᠤᠨ᠂ ᠰᠠᠭᠤᠷᠢ ᠪᠡᠯᠡᠳᠭᠡᠮᠵᠢ ᠵᠢᠨ ᠪᠦᠳᠦᠭᠡᠨ ᠪᠠᠶ᠋ᠢᠭᠤᠯᠤᠯᠳᠠ ᠪᠤᠯᠤᠨ ᠠᠮᠢ ᠠᠬᠤᠢ ᠵᠢᠨ ᠣᠷᠴᠢᠨ ᠲᠤᠭᠤᠷᠢᠨ᠎ᠤ ᠬᠠᠮᠠᠭ᠋ᠠᠯᠠᠯᠳᠠ ᠵᠢ ᠴᠢᠩᠭ᠋ᠠᠳᠬᠠᠵᠣ᠂ ᠬᠤᠳᠠ ᠬᠦᠳᠡᠭᠡ ᠵᠢᠨ ᠬᠦᠭᠵᠢᠯᠳᠡ ᠵᠢ ᠨᠢᠭᠡᠳᠦᠯᠲᠠᠢ ᠲᠦᠯᠦᠪᠯᠡᠨ ᠬᠦᠭᠵᠢᠭᠦᠯᠬᠦ᠎ᠳᠠᠬᠢ ᠰᠢᠶᠠᠨ᠎ᠤ ᠬᠡᠪᠴᠢᠶᠠᠨ᠎ᠤ ᠠᠵᠣ ᠠᠬᠤᠢ ᠵᠢᠨ ᠰᠠᠭᠤᠷᠢ ᠦᠢ᠍ᠯᠡᠳᠦᠯ᠎ᠢ ᠭᠦᠢ᠍ᠴᠡᠳ ᠪᠠᠳᠠᠷᠠᠭᠤᠯᠣᠨ᠎ᠠ᠃ 《ᠡᠷᠬᠡ ᠵᠢ ᠦᠷᠭᠡᠳᠭᠡᠨ ᠰᠢᠶᠠᠨ᠎ᠢ ᠬᠦᠴᠦᠷᠭᠡᠭᠵᠢᠭᠦᠯᠬᠦ》 ᠦᠭᠡᠷᠡᠴᠢᠯᠡᠯᠳᠡ ᠵᠢᠨ ᠲᠤᠷᠰᠢᠯᠳᠠ ᠵᠢᠨ ᠴᠢᠭ᠋᠎ᠤᠨ ᠠᠵᠢᠯ᠎ᠢ ᠰᠠᠶ᠋ᠢᠳᠣᠷ ᠠᠳᠬᠤᠨ᠂ ᠰᠢᠶᠠᠨ᠎ᠤ ᠱᠠᠳᠣᠨ᠎ᠤ ᠡᠳ᠋᠎ᠤᠨ ᠬᠦᠴᠦᠨ᠎ᠤ ᠪᠠᠳᠣᠯᠠᠭ᠎ᠠ ᠵᠢᠨ ᠲᠤᠭᠳᠠᠴᠠ ᠵᠢ ᠲᠡᠭᠦᠯᠳᠡᠷᠵᠢᠭᠦᠯᠵᠤ᠂ ᠠᠳᠠᠯᠢ ᠪᠤᠰᠤ ᠲᠦᠷᠦᠯ ᠬᠡᠯᠪᠡᠷᠢ ᠵᠢᠨ ᠬᠤᠰᠢᠭᠤ ᠰᠢᠶᠠᠨ᠎ᠢ ᠰᠣᠩᠭᠤᠨ ᠠᠵᠢᠯ ᠡᠷᠬᠡ ᠵᠢ ᠲᠣᠷᠣᠭᠰᠢ ᠪᠠᠭᠤᠯᠭ᠋ᠠᠬᠤ ᠪᠠ 《ᠦᠪᠡᠷᠳᠡᠭᠡᠨ ᠵᠠᠰᠠᠬᠤ ᠤᠷᠤᠨ᠎ᠠᠴᠠ ᠰᠢᠭᠤᠳ ᠬᠠᠮᠢᠶᠠᠷᠬᠤ ᠰᠢᠶᠠᠨ》᠎ᠤ ᠡᠳ᠋᠎ᠤᠨ ᠵᠠᠰᠠᠭ᠎ᠤᠨ ᠦᠭᠡᠷᠡᠴᠢᠯᠡᠯᠳᠡ ᠵᠢ ᠶᠠᠪᠤᠭᠤᠯᠵᠤ᠂ 《ᠡᠳ᠋᠎ᠤᠨ ᠵᠠᠰᠠᠭ᠎ᠤᠨ ᠪᠠᠶ᠋ᠢᠭᠤᠯᠤᠯ᠎ᠢ ᠬᠤᠰᠢᠭᠤ ᠰᠢᠶᠠᠨ ᠬᠦᠷᠳᠡᠯ᠎ᠡ ᠬᠢᠨᠠᠨ ᠲᠤᠭᠳᠠᠭ᠋ᠠᠬᠤ᠂ ᠰᠢᠯᠵᠢᠭᠦᠯᠦᠨ ᠣᠯᠭᠤᠬᠤ ᠵᠢ ᠲᠦᠰᠦᠭᠡᠯᠡᠨ ᠪᠤᠳᠤᠬᠤ ᠵᠢᠨ ᠬᠠᠮᠲᠦ ᠬᠤᠰᠢᠭᠤ ᠰᠢᠶᠠᠨ᠎ᠳᠤ ᠬᠦᠷᠳᠡᠯ᠎ᠡ ᠪᠠᠭᠤᠯᠭ᠋ᠠᠬᠤ᠂ ᠤᠯᠤᠰ᠎ᠤᠨ ᠬᠦᠮᠦᠷᠭᠡ ᠵᠢᠨ ᠪᠡᠯᠡ ᠮᠦᠩᠭᠦ ᠵᠢ ᠬᠤᠰᠢᠭᠤ ᠰᠢᠶᠠᠨ᠎ᠳᠤ ᠬᠦᠷᠳᠡᠯ᠎ᠡ ᠲᠤᠬᠢᠷᠠᠭᠤᠯᠬᠤ᠂ ᠡᠳ᠋᠎ᠤᠨ ᠵᠠᠰᠠᠭ᠎ᠤᠨ ᠲᠦᠰᠦᠪ ᠪᠠ ᠲᠦᠰᠦᠪ᠎ᠤᠨ ᠭᠦᠢ᠍ᠴᠡᠳᠭᠡᠯ᠎ᠢ ᠬᠤᠰᠢᠭᠤ ᠰᠢᠶᠠᠨ᠎ᠳᠤ ᠬᠦᠷᠳᠡᠯ᠎ᠡ ᠰᠢᠭᠤᠳ ᠬᠢᠬᠦ᠂ ᠣᠷᠣᠨ ᠨᠣᠳᠤᠭ᠎ᠤᠨ ᠵᠠᠰᠠᠭ᠎ᠤᠨ ᠣᠷᠳᠣᠨ᠎ᠤ ᠴᠢᠨᠠᠷᠲᠠᠢ ᠦᠷᠢ ᠰᠢᠷᠢ ᠵᠢ ᠬᠤᠰᠢᠭᠤ ᠰᠢᠶᠠᠨ᠎ᠳᠤ ᠬᠦᠷᠳᠡᠯ᠎ᠡ ᠬᠠᠮᠢᠶᠠᠷᠬᠤ》 ᠡᠳ᠋᠎ᠤᠨ ᠵᠠᠰᠠᠭ᠎ᠤᠨ ᠬᠠᠮᠢᠶᠠᠷᠣᠯᠳᠠ ᠵᠢᠨ ᠠᠷᠭ᠎ᠠ ᠮᠠᠶᠢᠭ᠎ᠢ ᠬᠡᠷᠡᠭᠵᠢᠭᠦᠯᠦᠨ᠎ᠡ᠃
ᠣᠷᠣᠨ ᠪᠦᠰᠡ ᠵᠢᠨ ᠵᠤᠬᠢᠴᠠᠩᠭᠤᠢ᠎ᠪᠠᠷ ᠬᠦᠭᠵᠢᠬᠦ ᠵᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ᠎ᠤ ᠭᠤᠤᠯ ᠴᠤᠭᠴᠠ ᠪᠦᠭᠦᠢ ᠴᠢᠳᠠᠮᠵᠢᠲᠦ ᠣᠷᠣᠨ᠎ᠤ ᠲᠦᠯᠦᠪᠵᠢᠭᠦᠯᠭᠡ᠎ᠪᠠᠷ ᠬᠤᠳᠠ ᠪᠠᠯᠭ᠋ᠠᠰᠦ ᠬᠢᠭᠡᠳ ᠠᠵᠣ ᠦᠢ᠍ᠯᠡᠰ ᠵᠡᠷᠭᠡ ᠡᠯ᠎ᠡ ᠱᠠᠳᠣᠨ᠎ᠤ ᠡᠯ᠎ᠡ ᠲᠦᠷᠦᠯ᠎ᠤᠨ ᠲᠦᠯᠦᠪᠵᠢᠭᠦᠯᠭᠡ ᠵᠢ ᠶᠡᠷᠦᠩᠬᠡᠶ᠋ᠢᠯᠡᠨ ᠵᠠᠬᠢᠷᠴᠣ᠂ ᠬᠦᠮᠦᠨ ᠠᠮᠠ ᠵᠢᠨ ᠲᠠᠷᠬᠠᠯᠳᠠ᠂ ᠠᠵᠣ ᠠᠬᠤᠢ ᠵᠢᠨ ᠪᠠᠶ᠋ᠢᠷᠢᠰᠢᠭᠤᠯᠤᠯ᠂ ᠣᠯᠣᠰ᠎ᠤᠨ ᠭᠠᠵᠠᠷ ᠰᠢᠷᠣᠢ ᠵᠢᠨ ᠠᠰᠢᠭᠯᠠᠯᠳᠠ ᠪᠤᠯᠤᠨ ᠬᠤᠳᠠ ᠪᠠᠯᠭ᠋ᠠᠰᠣᠴᠢᠯᠠᠬᠤ ᠬᠦᠭᠵᠢᠯᠳᠡ ᠵᠢ ᠨᠢᠭᠡᠳᠦᠯᠲᠠᠢ ᠲᠦᠯᠦᠪᠯᠡᠨ ᠰᠦᠪᠡᠭᠴᠢᠯᠡᠵᠣ᠂ ᠣᠰᠣᠨ᠎ᠤ ᠡᠬᠢ ᠪᠠᠶᠠᠯᠢᠭ ᠢ ᠰᠢᠨᠵᠢᠯᠡᠬᠦ ᠣᠬᠠᠭ᠋ᠠᠨᠴᠢ᠎ᠪᠠᠷ ᠲᠤᠬᠢᠷᠠᠭᠤᠯᠵᠣ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠭᠦᠢ᠍ᠴᠡᠳᠭᠡᠬᠦ ᠲᠤᠭ᠎ᠠ ᠵᠢ ᠵᠦᠢ ᠵᠤᠬᠢᠰᠲᠠᠢ ᠲᠤᠭᠳᠠᠭ᠋ᠠᠨ᠎ᠠ᠃ ᠬᠠᠳᠣᠨ ᠭᠤᠣᠯ ᠬᠢᠭᠡᠳ ᠭᠤᠤᠯ ᠵᠠᠮ ᠱᠣᠭᠤᠮ ᠲᠠᠭ᠋ᠠᠦ ᠵᠢᠨ ᠠᠵᠣ ᠠᠬᠤᠢ ᠵᠢᠨ ᠪᠦᠰᠡ ᠵᠢᠨ ᠬᠦᠭᠵᠢᠯᠳᠡ ᠵᠢᠨ ᠬᠢᠷᠢ ᠬᠡᠮᠵᠢᠶ᠎ᠡ ᠵᠢ ᠲᠡᠭᠡᠭᠰᠢᠯᠡᠭᠦᠯᠵᠣ᠂ ᠦᠪᠦᠷ ᠮᠣᠩᠭᠤᠯ᠎ᠤᠨ ᠪᠠᠷᠠᠭᠤᠨ ᠬᠡᠰᠡᠭ᠎ᠤᠨ 22 ᠭᠤᠤᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠪᠦᠳᠦᠭᠡᠨ ᠪᠠᠶ᠋ᠢᠭᠤᠯᠤᠯᠳᠠ ᠵᠢ ᠬᠦᠴᠦᠯᠡᠨ ᠰᠠᠶ᠋ᠢᠳᠣᠷ ᠠᠳᠬᠤᠵᠣ᠂ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠢ ᠵᠦᠢ ᠵᠣᠬᠢᠰᠲᠠᠢ ᠲᠤᠬᠢᠷᠠᠭᠤᠯᠬᠤ ᠪᠠ ᠠᠵᠣ ᠦᠢ᠍ᠯᠡᠰ᠎ᠤᠨ ᠬᠠᠷᠢᠯᠴᠠᠨ ᠨᠦᠬᠦᠪᠦᠷᠢᠯᠡᠵᠣ ᠬᠠᠮᠳᠣᠷᠠᠨ ᠬᠦᠳᠡᠯᠣᠯᠴᠡᠬᠦ ᠵᠢ ᠬᠦᠳᠦᠯᠦᠨ ᠵᠢᠯᠤᠭᠤᠳᠴᠣ᠂ ᠲᠦᠪᠯᠡᠷᠡᠵᠤ ᠴᠣᠭᠯᠠᠷᠠᠨ ᠡᠷᠴᠢᠮᠯᠢᠭ ᠬᠦᠭᠵᠢᠬᠦ ᠵᠢ ᠠᠬᠢᠭᠤᠯᠤᠨ᠎ᠠ᠃ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠬᠦᠭᠵᠢᠯᠳᠡ ᠵᠢ ᠲᠦᠷᠭᠡᠳᠭᠡᠨ᠂ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠦᠭᠵᠢᠯᠳᠡ ᠵᠢᠨ ᠲᠦᠯᠦᠪᠵᠢᠭᠦᠯᠭᠡ ᠵᠢ ᠨᠠᠶ᠋ᠢᠳᠠᠪᠦᠷᠢᠵᠢᠭᠤᠯᠵᠤ᠂ 13 ᠭᠤᠣᠯᠳᠠᠯᠭ᠎ᠠ᠎ᠲᠠᠢ ᠠᠵᠣ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠪᠦᠳᠦᠭᠡᠨ ᠪᠠᠶ᠋ᠢᠭᠤᠯᠤᠯᠳᠠ ᠵᠢ ᠴᠢᠩᠭ᠋ᠠᠳᠬᠠᠨ᠂ ᠭᠤᠤᠯᠯᠠᠬᠤ ᠠᠵᠣ ᠦᠢ᠍ᠯᠡᠰ ᠬᠢᠭᠡᠳ ᠠᠮᠢ ᠠᠬᠤᠢ ᠵᠢᠨ ᠬᠠᠮᠠᠭ᠋ᠠᠯᠠᠯᠳᠠ᠂ ᠰᠢᠨ᠎ᠡ ᠲᠠᠷᠢᠶᠠᠯᠠᠬᠤ ᠮᠠᠯᠵᠢᠬᠤ ᠣᠷᠣᠨ᠎ᠤ ᠪᠦᠳᠦᠭᠡᠨ ᠪᠠᠶ᠋ᠢᠭᠤᠯᠤᠯᠳᠠ ᠵᠢᠨ ᠵᠤᠬᠢᠴᠠᠩᠭᠤᠢ ᠬᠠᠮᠳᠣᠪᠡᠷ ᠬᠦᠭᠵᠢᠬᠦ ᠵᠢ ᠲᠦᠯᠬᠢᠨ ᠠᠬᠢᠭᠤᠯᠵᠤ᠂ ᠪᠡᠶ᠎ᠡ᠎ᠪᠠᠨ ᠲᠠᠭ᠋ᠠᠭ᠋ᠠᠵᠣ ᠬᠦᠭᠵᠢᠬᠦ ᠴᠢᠳᠠᠪᠣᠷᠢ ᠵᠢ ᠪᠣᠶ᠋ᠢᠵᠢᠭᠤᠯᠣᠨᠠ᠃ ᠬᠦᠭᠵᠢᠯᠳᠡ ᠵᠢᠨ ᠰᠠᠭᠤᠷᠢ᠎ᠪᠠᠷ ᠪᠠᠭᠤᠷᠡᠢ ᠭᠠᠵᠠᠷ ᠣᠷᠣᠨ᠎ᠢ ᠬᠠᠪᠰᠣᠷᠣᠨ ᠲᠡᠳᠭᠦᠬᠦ ᠠᠵᠢᠯ᠎ᠢ ᠦᠷᠭᠦᠯᠵᠢᠯᠡᠨ ᠰᠠᠶ᠋ᠢᠳᠣᠷ ᠬᠢᠵᠤ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ ᠡᠷᠳᠡ ᠴᠢᠯᠦᠭᠡᠯᠡᠭᠳᠡᠭᠰᠡᠨ ᠣᠷᠣᠨ᠂ ᠬᠢᠯᠢ ᠵᠢᠨ ᠣᠷᠣᠨ ᠪᠠ ᠬᠦᠮᠦᠨ ᠠᠮᠠ᠎ᠪᠠᠷ ᠨᠡᠯᠢᠶᠡᠳ ᠴᠦᠭᠡᠨ ᠦᠨᠳᠦᠰᠦᠳᠡᠨ ᠤ ᠣᠷᠣᠨ᠎ᠢ ᠲᠡᠳᠭᠦᠬᠦ ᠡᠷᠴᠢᠮ ᠵᠶ᠋ᠠᠨ ᠨᠡᠮᠡᠭᠳᠡᠭᠦᠯᠦᠨ᠎ᠡ᠃
(ᠨᠠᠢ᠍ᠮᠠ) ᠦᠨᠳᠦᠰᠦᠳᠡᠨ᠎ᠤ ᠰᠣᠶᠣᠯ᠎ᠤᠨ ᠬᠦᠴᠦᠷᠬᠡᠭ ᠣᠷᠣᠨ᠎ᠤ ᠪᠠᠶ᠋ᠢᠭᠤᠯᠤᠯᠳᠠ ᠵᠢ ᠲᠦᠷᠭᠡᠳᠭᠡᠨ᠂ ᠰᠣᠶᠣᠯ᠎ᠤᠨ ᠶᠡᠭᠡ ᠬᠦᠭᠵᠢᠯᠳᠡ ᠴᠡᠴᠡᠭᠯᠡᠯᠳᠡ ᠵᠢ ᠲᠦᠯᠬᠢᠨ ᠠᠬᠢᠭᠤᠯᠤᠨ᠎ᠠ᠃
ᠨᠡᠶ᠋ᠢᠭᠡᠮ ᠵᠢᠷᠦᠮ᠎ᠤᠨ ᠭᠤᠤᠯᠯᠠᠬᠤ ᠦᠷᠳᠡᠭ᠎ᠤᠨ ᠦᠵᠡᠯᠳᠡ ᠵᠢ ᠦᠢ᠍ᠯᠡᠳᠦᠯᠭᠡᠵᠢᠭᠦᠯᠦᠨ᠎ᠡ᠃ ᠲᠤᠮᠳᠠᠲᠦ ᠣᠯᠣᠰ᠎ᠤᠨ ᠣᠨᠴᠠᠯᠢᠭ ᠪᠦᠬᠦᠢ ᠨᠡᠶ᠋ᠢᠭᠡᠮ ᠵᠢᠷᠦᠮ ᠪᠠ ᠲᠤᠮᠳᠠᠲᠦ ᠣᠯᠣᠰ᠎ᠤᠨ ᠵᠡᠭᠦᠲᠦ ᠵᠢᠨ ᠲᠤᠬᠠᠢ ᠣᠬᠠᠭᠤᠯᠭ᠎ᠠ ᠬᠦᠮᠦᠵᠢᠯ᠎ᠢ ᠬᠦᠨᠵᠡᠭᠡᠶ᠋ᠢᠷᠡᠭᠦᠯᠦᠨ᠂ ᠨᠡᠶ᠋ᠢᠭᠡᠮ ᠵᠢᠷᠦᠮ᠎ᠤᠨ ᠭᠤᠤᠯᠯᠠᠬᠤ ᠦᠷᠳᠡᠭ᠎ᠤᠨ ᠦᠵᠡᠯᠳᠡ ᠵᠢ ᠬᠦᠮᠦᠵᠢᠭᠦᠯᠬᠦ ᠪᠠ ᠦᠢ᠍ᠯᠡᠳᠦᠯᠭᠡᠵᠢᠭᠦᠯᠬᠦ ᠠᠵᠢᠯᠯᠠᠭ᠎ᠠ ᠵᠢ ᠦᠷᠭᠡᠨ ᠵᠶ᠋ᠠᠷ ᠦᠷᠨᠢᠭᠦᠯᠵᠤ᠂ 《ᠭᠤᠷᠪᠠ ᠵᠢ ᠰᠠᠨᠠᠭ᠋ᠠᠴᠢᠯᠠᠬᠤ》 ᠵᠢ ᠬᠦᠮᠦᠨ᠎ᠤ ᠰᠡᠳᠭᠢᠯ᠎ᠳᠤ ᠬᠠᠳᠠᠭᠰᠢᠭᠤᠯᠵᠤ᠂ ᠦᠨᠳᠦᠰᠦᠳᠡᠨ᠎ᠨᠦᠭᠦᠳ᠎ᠤᠨ ᠣᠯᠠᠨ ᠲᠦᠮᠡᠨ᠎ᠤ ᠨᠢᠭᠳᠠᠷᠠᠨ ᠪᠦᠯᠬᠦᠮᠳᠡᠵᠣ ᠱᠠᠯᠠᠮᠠᠭ᠋ᠠᠶ᠋ᠢᠯᠠᠨ ᠣᠷᠣᠭᠰᠢᠯᠠᠬᠤ ᠬᠦᠴᠦᠷᠬᠡᠭ ᠶᠡᠭᠡ ᠣᠶᠣᠨ ᠰᠠᠨᠠᠭ᠋ᠠᠨ᠎ᠤ ᠬᠦᠴᠦᠨ᠎ᠢ ᠨᠢᠭᠳᠠᠷᠠᠭᠤᠯᠤᠨ᠎ᠠ᠃ ᠨᠡᠶ᠋ᠢᠭᠡᠮ᠎ᠤᠨ ᠶᠣᠰᠣ ᠰᠣᠷᠳᠠᠬᠤᠨ᠂ ᠡᠷᠬᠢᠯᠡᠭᠰᠡᠨ ᠠᠵᠢᠯ᠎ᠤᠨ ᠶᠣᠰᠣ ᠰᠣᠷᠳᠠᠬᠤᠨ᠂ ᠭᠡᠷ ᠪᠦᠯᠢ ᠵᠢᠨ ᠶᠤᠰᠤ ᠰᠣᠷᠳᠠᠬᠤᠨ ᠬᠢᠭᠡᠳ ᠬᠤᠪᠢ ᠬᠦᠮᠦᠨ᠎ᠤ ᠵᠠᠩ ᠮᠣᠷᠠᠯ᠎ᠤᠨ ᠬᠦᠮᠦᠵᠢᠯ᠎ᠢ ᠴᠢᠩᠭ᠋ᠠᠳᠬᠠᠨ᠂ ᠨᠠᠰᠣᠨ᠎ᠳᠤ ᠦᠯᠦ ᠬᠦᠷᠦᠭᠰᠡᠳ᠎ᠤᠨ ᠦᠵᠡᠯ ᠰᠠᠨᠠᠭ᠎ᠠ ᠶᠤᠰᠤ ᠮᠣᠷᠠᠯ᠎ᠤᠨ ᠪᠠᠶ᠋ᠢᠭᠤᠯᠤᠯᠳᠠ ᠪᠠ ᠣᠶᠣᠳᠠᠳ᠎ᠤᠨ ᠦᠵᠠᠯ ᠰᠠᠨᠠᠭ᠎ᠠ ᠣᠯᠣᠰ ᠲᠦᠷᠦ ᠵᠢᠨ ᠬᠦᠮᠦᠵᠢᠯ᠎ᠢ ᠲᠣᠪᠣᠶ᠋ᠢᠮ᠎ᠠ ᠰᠠᠶ᠋ᠢᠳᠣᠷ ᠠᠳᠬᠤᠵᠣ᠂ ᠨᠡᠶ᠋ᠢᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠳᠠ ᠵᠢ ᠲᠦᠯᠬᠢᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ ᠣᠶᠣᠨ᠎ᠤ ᠪᠤᠯᠪᠠᠰᠣ᠎ᠨᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠯᠠᠪᠳᠠᠭᠤᠨ ᠪᠠᠳᠣᠲᠠᠢ ᠦᠷᠨᠢᠭᠦᠯᠵᠤ᠂ ᠠᠷᠠᠳ ᠢᠷᠭᠡᠳ᠎ᠤᠨ ᠶᠣᠰᠣ ᠮᠣᠷᠠᠯ᠎ᠤᠨ ᠬᠡᠪ ᠴᠢᠨᠠᠷ ᠪᠠ ᠨᠡᠶ᠋ᠢᠭᠡᠮ᠎ᠤᠨ ᠪᠤᠯᠪᠠᠰᠣᠨᠤ ᠬᠢᠷᠢ ᠬᠡᠮᠵᠢᠶ᠎ᠡ ᠵᠢ ᠲᠡᠭᠡᠭᠰᠢᠯᠡᠭᠦᠯᠦᠨ᠎ᠡ᠃ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠤ᠂ ᠣᠯᠠᠮᠵᠢᠯᠠᠯᠲᠦ ᠵᠠᠭᠤᠴᠢᠯᠠᠭᠤᠷ ᠪᠤᠯᠤᠨ ᠰᠢᠨ᠎ᠡ᠎ᠪᠠᠷ ᠪᠤᠢ ᠪᠤᠯᠤᠭᠰᠠᠨ ᠵᠠᠭᠤᠴᠢᠯᠠᠭᠤᠷ᠎ᠤᠨ ᠨᠡᠶ᠋ᠢᠯᠡᠵᠣ ᠬᠦᠭᠵᠢᠬᠦ ᠵᠢ ᠠᠬᠢᠭᠤᠯᠵᠤ᠂ ᠰᠦᠯᠵᠢᠶᠡᠨ᠎ᠤ ᠬᠠᠮᠢᠶᠠᠷᠣᠯᠳᠠ ᠪᠠ ᠶᠠᠷᠢᠶ᠎ᠠ ᠬᠡᠯᠡᠯᠴᠡᠭᠡᠨ᠎ᠤ ᠬᠦᠳᠦᠯᠦᠨ ᠵᠢᠯᠣᠭᠤᠳᠬᠤ ᠠᠵᠢᠯ᠎ᠢ ᠰᠠᠶ᠋ᠢᠳᠣᠷ ᠬᠢᠵᠤ᠂ ᠭᠤᠤᠯ ᠵᠣᠷᠢᠭ ᠰᠠᠨᠠᠭ᠎ᠠ ᠵᠢ ᠪᠠᠳᠠᠷᠠᠭᠤᠯᠣᠨ᠂ ᠲᠦᠪ ᠬᠦᠴᠦᠨ ᠵᠦᠢ᠍ᠯ᠎ᠢ ᠣᠯᠠᠮᠵᠢᠯᠠᠨ ᠲᠡᠯᠭᠡᠷᠡᠭᠦᠯᠦᠨ᠎ᠡ᠃
ᠣᠯᠠᠨ ᠨᠡᠶ᠋ᠢᠳᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ ᠣᠯᠠᠨ ᠨᠡᠶ᠋ᠢᠳᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠡᠯᠡᠳᠭᠡᠮᠵᠢ ᠵᠢᠨ ᠲᠤᠤᠷ ᠰᠦᠯᠵᠢᠶᠡᠨ᠎ᠤ ᠪᠠᠶ᠋ᠢᠭᠤᠯᠤᠯᠳᠠ ᠪᠠ ᠬᠠᠮᠢᠶᠠᠷᠣᠯᠳᠠ ᠵᠢ ᠴᠢᠩᠭ᠋ᠠᠳᠬᠠᠨ᠂ ᠦᠨᠳᠦᠰᠦᠨ ᠱᠠᠳᠣᠨ᠎ᠤ ᠣᠯᠠᠨ ᠨᠡᠶ᠋ᠢᠳᠡ ᠵᠢᠨ ᠰᠣᠶᠣᠯ᠎ᠤᠨ ᠪᠡᠯᠡᠳᠭᠡᠮᠵᠢ ᠵᠢ ᠬᠠᠮᠳᠣᠪᠡᠷ ᠪᠠᠶ᠋ᠢᠭᠤᠯᠤᠨ ᠬᠠᠮᠳᠣᠪᠡᠷ ᠡᠳ᠋ᠯᠡᠬᠦ ᠵᠢ ᠲᠦᠯᠬᠢᠨ ᠠᠬᠢᠭᠤᠯᠵᠤ᠂ ᠰᠣᠶᠣᠯ ᠵᠶ᠋ᠠᠷ ᠠᠷᠠᠳ᠎ᠲᠤ ᠠᠰᠢᠭ ᠬᠦᠷᠳᠡᠭᠡᠬᠦ ᠭᠤᠤᠯᠳᠠᠯᠭ᠎ᠠ᠎ᠲᠠᠢ ᠢᠨᠵᠧᠨᠧᠷᠢᠩ ᠪᠤᠯᠤᠨ ᠰᠣᠶᠣᠯ᠎ᠤᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠳᠠ ᠵᠢ ᠬᠡᠷᠡᠭᠵᠢᠭᠦᠯᠵᠤ᠂ ᠨᠣᠮ᠎ᠤᠨ ᠰᠠᠩ᠂ ᠮᠦᠽᠸᠢ᠂ ᠰᠣᠶᠣᠯ᠎ᠤᠨ ᠣᠷᠳᠣᠨ᠎ᠢ ᠰᠦᠢ᠍ᠳᠭᠡᠯ ᠬᠤᠷᠢᠶᠠᠬᠤ ᠦᠭᠡᠢ᠎ᠪᠠᠷ ᠨᠡᠶ᠋ᠢᠭᠡᠮ᠎ᠳᠤ ᠨᠡᠭᠡᠭᠡᠬᠦ ᠠᠵᠢᠯ᠎ᠢ ᠰᠠᠶ᠋ᠢᠳᠣᠷ ᠬᠢᠨ᠎ᠡ᠃ ᠣᠯᠠᠨ ᠨᠡᠶ᠋ᠢᠳᠡ ᠵᠢᠨ ᠰᠣᠶᠣᠯ᠎ᠤᠨ ᠦᠢ᠍ᠯᠡᠴᠢᠯᠡᠭᠡᠨ᠎ᠤ ᠵᠠᠰᠠᠭ ᠤᠨ ᠣᠷᠳᠣᠨ ᠬᠤᠳᠠᠯᠳᠣᠨ ᠠᠪᠬᠤ ᠭᠠᠷᠴᠠᠭ᠎ᠤᠨ ᠲᠦᠷᠢᠮ᠎ᠢ ᠰᠦᠪᠡᠭᠴᠢᠯᠡᠨ ᠪᠠᠶ᠋ᠢᠭᠤᠯᠵᠤ᠂ ᠣᠯᠠᠨ ᠨᠡᠶ᠋ᠢᠳᠡ ᠵᠢᠨ ᠰᠣᠶᠣᠯ᠎ᠤᠨ ᠦᠢ᠍ᠯᠡᠴᠢᠯᠡᠭᠡᠨ᠎ᠢ ᠦᠨᠡᠯᠡᠨ ᠵᠢᠱ᠌ᠢᠵᠣ ᠰᠢᠯᠭ᠋ᠠᠷᠠᠭᠤᠯᠬᠤ ᠰᠢᠰᠲ᠋ᠧᠮᠵᠢ ᠵᠢ ᠲᠡᠭᠦᠯᠳᠡᠷᠵᠢᠭᠦᠯᠵᠤ᠂ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠣᠯᠠᠨ ᠨᠡᠶ᠋ᠢᠳᠡ ᠵᠢᠨ ᠰᠣᠶᠣᠯ᠎ᠤᠨ ᠦᠢ᠍ᠯᠡᠰ᠎ᠤᠨ ᠬᠦᠭᠵᠢᠯᠳᠡ ᠵᠢ ᠲᠦᠷᠭᠡᠳᠭᠡᠨ᠂ ᠣᠯᠠᠨ ᠨᠡᠶ᠋ᠢᠳᠡ ᠵᠢᠨ ᠰᠣᠶᠣᠯ᠎ᠤᠨ ᠦᠨᠳᠣᠰᠣᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠣᠯᠳᠠ᠂ ᠲᠡᠩᠴᠡᠭᠦᠷᠢᠵᠢᠯᠳᠡ ᠵᠢ ᠠᠬᠢᠭᠤᠯᠤᠨ᠎ᠠ᠂ ᠴᠢᠬᠤᠯᠠ ᠶᠡᠭᠡ ᠲᠡᠦᠭᠡ ᠵᠢᠨ ᠲᠣᠷᠠᠰᠬᠠᠯᠲᠦ ᠵᠦᠢ᠍ᠯᠡᠰ᠎ᠢ ᠬᠠᠮᠠᠭ᠋ᠠᠯᠠᠬᠤ ᠢᠨᠵᠧᠨᠧᠷᠢᠭᠢ ᠬᠡᠷᠡᠭᠵᠢᠭᠦᠯᠵᠣ᠂ ᠪᠣᠳᠠᠰ᠎ᠤᠨ ᠪᠣᠰᠣ ᠰᠣᠶᠣᠯ᠎ᠤᠨ ᠦᠪ᠎ᠢ ᠬᠠᠮᠠᠭ᠋ᠠᠯᠠᠬᠤ ᠡᠷᠴᠢᠮ᠎ᠢ ᠨᠡᠮᠡᠭᠳᠡᠭᠦᠯᠦᠨ᠂ ᠦᠨᠳᠦᠰᠦᠳᠡᠨ ᠤ ᠰᠣᠶᠣᠯ ᠪᠠ ᠲᠠᠯ᠎ᠠ ᠨᠤᠳᠤᠭ᠎ᠤᠨ ᠰᠣᠶᠣᠯ᠎ᠢ ᠶᠡᠬᠡᠪᠷ ᠣᠯᠠᠮᠵᠢᠯᠠᠨ ᠪᠠᠳᠠᠷᠠᠭᠤᠯᠣᠨ᠎ᠠ᠃ ᠰᠣᠶᠣᠯ᠎ᠤᠨ ᠪᠦᠳᠦᠭᠡᠯ᠎ᠢ ᠡᠭᠦᠳᠦᠨ ᠭᠠᠷᠭ᠋ᠠᠬᠤ ᠠᠵᠢᠯ᠎ᠢ ᠴᠢᠩᠭ᠋ᠠᠳᠬᠠᠨ᠂ ᠭᠠᠵᠠᠷ ᠣᠷᠣᠨ ᠬᠢᠭᠡᠳ ᠦᠨᠳᠦᠰᠦᠳᠡᠨ᠎ᠤ ᠣᠨᠴᠠᠯᠢᠭ ᠵᠶ᠋ᠠᠷ ᠪᠠᠶᠠᠯᠢᠭ ᠪᠦᠬᠦᠢ ᠨᠢᠭᠡ ᠪᠦᠯᠦᠭ ᠰᠣᠳᠣᠨ ᠪᠦᠳᠦᠭᠡᠯᠤᠳᠢ ᠪᠤᠢ ᠪᠤᠯᠭ᠋ᠠᠨ᠎ᠠ᠃ ᠰᠣᠨᠢᠨ ᠮᠡᠳᠡᠭᠡ ᠬᠡᠪᠯᠡᠯ ᠬᠢᠭᠡᠳ ᠷᠠᠳᠢᠤ᠋ ᠨᠡᠪᠳᠡᠷᠡᠭᠦᠯᠭᠡ ᠺᠢᠨᠤ᠋ ᠲᠧᠯᠸᠢᠰ᠎ᠤᠨ ᠠᠵᠢᠯ᠎ᠢ ᠰᠠᠶ᠋ᠢᠳᠣᠷ ᠬᠢᠵᠤ᠂ ᠭᠦᠨ ᠣᠬᠠᠭ᠋ᠠᠨ ᠨᠡᠶ᠋ᠢᠭᠡᠮ᠎ᠤᠨ ᠰᠢᠨᠵᠢᠯᠡᠬᠦ ᠣᠬᠠᠭ᠋ᠠᠨ ᠢ ᠴᠡᠴᠡᠭᠯᠡᠭᠦᠯᠦᠨ ᠬᠦᠭᠵᠢᠭᠦᠯᠦᠨ᠎ᠡ᠃
ᠰᠣᠶᠣᠯ᠎ᠤᠨ ᠠᠵᠤ ᠦᠢ᠍ᠯᠡᠰ᠎ᠢ ᠲᠦᠷᠭᠡᠳᠭᠡᠨ ᠬᠦᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ᠎ᠤ ᠰᠣᠶᠣᠯ ᠤᠨ ᠠᠵᠤ ᠦᠢ᠍ᠯᠡᠰ᠎ᠤᠨ ᠣᠷᠳᠣᠪᠳᠣᠷ ᠪᠠ ᠣᠷᠳᠣ ᠬᠤᠭᠤᠴᠠᠭ᠋ᠠᠨ᠎ᠤ ᠬᠦᠭᠵᠢᠯᠳᠡ ᠵᠢᠨ ᠲᠦᠯᠦᠪᠵᠢᠭᠦᠯᠭᠡ ᠵᠢ ᠪᠦᠬᠦ ᠲᠠᠯ᠎ᠠ᠎ᠪᠠᠷ ᠬᠡᠷᠡᠭᠵᠢᠭᠦᠯᠵᠤ᠂ ᠰᠣᠶᠣᠯ᠎ᠤᠨ ᠠᠵᠣ ᠦᠢ᠍ᠯᠡᠰ᠎ᠢ ᠲᠡᠳᠭᠦᠬᠦ ᠲᠦᠷᠦ ᠵᠢᠨ ᠪᠣᠳᠣᠯᠭ᠎ᠠ ᠵᠢ ᠬᠢᠨᠠᠮᠠᠭ᠋ᠠᠢ ᠨᠠᠶ᠋ᠢᠳᠠᠪᠦᠷᠢᠵᠢᠭᠤᠯᠵᠤ᠂ ᠰᠣᠶᠣᠯ᠎ᠤᠨ ᠠᠵᠣ ᠦᠢ᠍ᠯᠡᠰ᠎ᠤᠨ ᠬᠦᠷᠢᠶᠡᠯᠡᠩ ᠪᠠ ᠰᠣᠶᠣᠯ᠎ᠤᠨ ᠭᠤᠤᠯᠳᠠᠯᠭ᠎ᠠ᠎ᠲᠠᠢ ᠢᠨᠵᠧᠨᠧᠷᠢᠩ᠎ᠤᠨ ᠪᠠᠶ᠋ᠢᠭᠤᠯᠤᠯᠳᠠ ᠵᠢ ᠲᠦᠯᠬᠢᠨ ᠠᠬᠢᠭᠤᠯᠤᠨ᠎ᠠ᠃ ᠣᠨᠴᠠᠯᠢᠭᠲᠦ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠯᠠᠵᠤ᠂ ᠰᠣᠶᠣᠯ ᠬᠢᠭᠡᠳ ᠵᠢᠭᠤᠯᠴᠢᠯᠠᠯ᠂ ᠮᠦᠩᠭᠦᠨ ᠭᠦᠢ᠍ᠯᠭᠡᠭᠡᠨ᠂ ᠰᠢᠨᠵᠢᠯᠡᠬᠦ ᠣᠬᠠᠭ᠋ᠠᠨ ᠮᠡᠷᠭᠡᠵᠢᠯ᠎ᠤᠨ ᠭᠦᠨᠵᠡᠭᠡᠢ ᠠᠭᠤᠰᠣᠯᠴᠠᠯᠢ ᠠᠬᠢᠭᠤᠯᠵᠤ᠂ ᠦᠨᠳᠦᠰᠦᠳᠠᠨ᠎ᠤ ᠣᠷᠠᠨ ᠰᠠᠶ᠋ᠢᠬᠠᠨ᠎ᠤ ᠲᠣᠭᠯᠠᠯᠳᠠ᠂ ᠺᠢᠨᠣ᠋ ᠲᠧᠯᠸᠢᠰ᠂ ᠺᠠᠷᠲ᠋ᠣᠨ ᠵᠢᠷᠤᠭ ᠱᠤᠭ ᠵᠢᠷᠤᠭ ᠵᠡᠷᠭᠡ ᠠᠵᠣ ᠦᠢ᠍ᠯᠡᠰ᠎ᠢ ᠶᠡᠬᠡᠪᠡᠷ ᠬᠦᠭᠵᠢᠭᠦᠯᠦᠨ᠂ ᠠᠵᠤ ᠦᠢ᠍ᠯᠡᠰ ᠤᠨ ᠬᠡᠯᠬᠢᠶ᠎ᠡ ᠵᠢ ᠦᠷᠭᠡᠵᠢᠭᠦᠯᠦᠨ ᠣᠷᠳᠣᠳᠬᠠᠵᠤ᠂ ᠰᠣᠶᠣᠯ᠎ᠤᠨ ᠠᠵᠣ ᠦᠢ᠍ᠯᠡᠰ᠎ᠤᠨ ᠰᠢᠯᠢᠳᠡᠭᠵᠢᠵᠣ ᠲᠡᠰ ᠲᠡᠪᠰᠢᠬᠦ ᠵᠢ ᠲᠦᠯᠬᠢᠨ ᠠᠬᠢᠭᠤᠯᠤᠨ᠎ᠠ᠃ ᠣᠳᠣ ᠦᠶ᠎ᠡ ᠵᠢᠨ ᠰᠣᠶᠣᠯ᠎ᠤᠨ ᠵᠠᠬ᠎ᠠ ᠲᠡᠯᠭᠡᠭᠦᠷ᠎ᠤᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠤ᠂ ᠰᠣᠶᠣᠯ᠎ᠤᠨ ᠵᠠᠬ᠎ᠠ ᠲᠡᠯᠭᠡᠭᠦᠷ᠎ᠲᠤ ᠵᠦᠪᠰᠢᠶᠡᠷᠡᠨ ᠣᠷᠣᠭᠤᠯᠬᠤ ᠪᠠ ᠪᠣᠴᠠᠭ᠋ᠠᠵᠦ ᠭᠠᠷᠭ᠋ᠠᠬᠤ ᠲᠤᠭᠳᠠᠴᠠ ᠵᠢ ᠲᠡᠭᠦᠯᠳᠡᠷᠵᠢᠭᠦᠯᠦᠨ᠂ ᠡᠯ᠎ᠡ ᠲᠦᠷᠦᠯ᠎ᠤᠨ ᠵᠠᠬ᠎ᠠ ᠲᠡᠯᠭᠡᠭᠦᠷ᠎ᠤᠨ ᠭᠤᠤᠯ ᠴᠣᠭᠴᠠ ᠵᠢᠨ ᠭᠤᠤᠯᠴᠢ᠎ᠪᠠᠷ ᠦᠷᠢᠰᠦᠯᠳᠦᠬᠦ᠂ ᠰᠢᠯᠢᠳᠡᠭ᠎ᠨᠢ ᠦᠯᠡᠳᠡᠵᠣ ᠰᠢᠭ᠋ᠠᠷᠣᠨᠢ ᠰᠢᠭᠰᠢᠭᠳᠡᠬᠦ ᠵᠢ ᠠᠬᠢᠭᠤᠯᠵᠤ᠂ ᠣᠯᠠᠨ ᠲᠡᠰ ᠲᠠᠪᠬᠤᠷᠭ᠎ᠠ ᠪᠦᠬᠦᠢ ᠰᠣᠶᠣᠯ᠎ᠤᠨ ᠪᠦᠳᠦᠭᠡᠭᠳᠡᠭᠦᠨ ᠪᠠ ᠴᠢᠬᠤᠯᠠ ᠬᠦᠴᠦᠨ ᠵᠦᠢ᠍ᠯ᠎ᠤᠨ ᠵᠠᠬ᠎ᠠ ᠲᠡᠯᠭᠡᠭᠦᠷ᠎ᠤᠨ ᠪᠤᠢ ᠪᠤᠯᠬᠤ ᠵᠢ ᠲᠦᠯᠬᠢᠨ ᠠᠬᠢᠭᠤᠯᠤᠨ᠎ᠠ᠃ ᠨᠡᠶ᠋ᠢᠭᠡᠮ᠎ᠤᠨ ᠬᠦᠷᠦᠩᠭᠡ ᠵᠢᠨ ᠰᠣᠶᠣᠯ᠎ᠤᠨ ᠡᠬᠢ ᠪᠠᠶᠠᠯᠢᠭ᠎ᠯᠤᠭ᠎ᠠ ᠬᠠᠷᠢᠯᠴᠠᠨ ᠣᠶᠠᠯᠳᠣᠬᠤ ᠵᠢ ᠵᠣᠷᠢᠭᠵᠢᠭᠤᠯᠤᠨ᠂ ᠰᠣᠶᠣᠯ᠎ᠤᠨ ᠲᠠᠭ᠋ᠠᠭᠤᠯᠣᠭᠴᠢ ᠠᠵᠤ ᠠᠬᠤᠶ᠋ᠢᠯᠠᠯ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠲᠤᠮᠳᠠ ᠪᠠᠭ᠎ᠠ ᠵᠢᠵᠢᠭ ᠰᠣᠶᠣᠯ᠎ᠤᠨ ᠠᠵᠤ ᠠᠬᠤᠶ᠋ᠢᠯᠠᠯ᠎ᠤᠨ ᠬᠦᠭᠵᠢᠯᠳᠡ ᠵᠢ ᠲᠡᠳᠭᠦᠨ᠎ᠡ᠃
ᠰᠣᠶᠣᠯ᠎ᠤᠨ ᠬᠦᠭᠵᠢᠯᠳᠡ ᠵᠢᠨ ᠰᠢᠨ᠎ᠡ ᠵᠢ ᠡᠭᠦᠳᠬᠦ ᠠᠮᠢᠵᠢᠷᠡᠯ᠎ᠤᠨ ᠬᠦᠴᠦᠨ᠎ᠢ ᠬᠦᠭᠵᠢᠭᠡᠨ᠎ᠡ᠃ ᠰᠣᠶᠣᠯ ᠤᠨ ᠬᠤᠷᠸ᠎ᠠ ᠬᠠᠮᠢᠶᠠᠷᠣᠯᠳᠡ ᠵᠢᠨ ᠪᠠᠶ᠋ᠢᠭᠤᠯᠣᠯᠤᠨ ᠦᠭᠡᠷᠡᠴᠢᠯᠡᠯᠳᠡ ᠵᠢ ᠭᠦᠨᠵᠡᠭᠡᠢ ᠲᠦᠯᠬᠢᠨ ᠠᠬᠢᠭᠤᠯᠵᠦ᠂ ᠵᠠᠰᠠᠭ ᠤᠨ ᠣᠷᠳᠣᠨ᠎ᠤ ᠰᠠᠯᠠᠭ᠎ᠠ ᠮᠦᠴᠢᠷ᠎ᠤᠨ ᠰᠣᠶᠣᠯ ᠡᠷᠬᠢᠯᠡᠵᠦ ᠪᠠᠶ᠋ᠢᠭᠰᠠᠨ᠎ᠠᠴᠠ᠎ᠨᠢ ᠰᠣᠶᠣᠯ᠎ᠤᠨ ᠬᠠᠮᠢᠶᠠᠷᠣᠯᠳᠡ ᠬᠢᠬᠦ ᠲᠡᠰᠢ ᠰᠢᠯᠵᠢᠬᠦᠯᠬᠦ ᠵᠢ ᠲᠦᠷᠭᠡᠳᠭᠡᠨ ᠠᠬᠢᠭᠤᠯᠵᠦ᠂ ᠣᠯᠣᠰ᠎ᠤᠨ ᠦᠮᠴᠢᠯᠡᠯᠳᠣ ᠰᠣᠶᠣᠯ᠎ᠤᠨ ᠬᠦᠷᠦᠩᠭᠡ ᠵᠢ ᠬᠢᠨᠡᠨ ᠬᠠᠮᠢᠶᠠᠷᠬᠤ ᠪᠠᠶ᠋ᠢᠭᠤᠯᠣᠯᠢ ᠪᠠᠶ᠋ᠢᠭᠤᠯᠣᠨ ᠲᠡᠭᠦᠯᠳᠡᠷᠵᠢᠭᠦᠯᠵᠦ᠂ ᠬᠦᠮᠦᠨ᠂ ᠶᠠᠪᠣᠳᠠᠯ᠂ ᠬᠦᠷᠦᠩᠭᠡ᠂ ᠬᠦᠳᠦᠯᠦᠮᠵᠢ ᠵᠡᠷᠬᠡ ᠬᠠᠮᠢᠶᠠᠷᠣᠯᠳᠡ ᠵᠢᠨ ᠬᠠᠷᠢᠯᠴᠠᠨ ᠨᠢᠭᠡᠳᠣᠯᠳᠡᠢ ᠪᠠᠶ᠋ᠢᠬᠤ ᠵᠢ ᠬᠡᠷᠡᠭᠵᠢᠬᠦᠯᠵᠦ᠂ ᠰᠣᠶᠣᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠭᠡᠳ ᠬᠠᠷᠢᠶ᠎ᠠ ᠪᠦᠬᠦᠢ ᠰᠣᠶᠣᠯ᠎ᠤᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠬᠠᠷᠢᠴᠠᠭ᠎ᠠ ᠵᠢ ᠣᠯᠠᠮ ᠨᠢᠬᠡ ᠠᠯᠬᠤᠮ ᠰᠢᠯᠣᠭᠤᠳᠬᠠᠨ᠎ᠠ᠃ ᠦᠪᠡᠷᠳᠡᠭᠡᠨ ᠵᠠᠰᠠᠬᠤ ᠣᠷᠣᠨ᠎ᠤ ᠰᠣᠶᠣᠯ᠎ᠤᠨ ᠵᠠᠬ᠎ᠠ ᠲᠡᠯᠭᠡᠭᠦᠷ᠎ᠤᠨ ᠶᠡᠷᠦᠩᠬᠡᠶ᠋ᠢᠯᠡᠭᠰᠡᠨ ᠬᠠᠥᠯᠢ ᠬᠡᠷᠡᠭᠵᠢᠬᠦᠯᠬᠦ ᠬᠠᠮᠢᠶᠠᠷᠣᠯᠳᠡ ᠵᠢᠨ ᠪᠠᠶ᠋ᠢᠭᠤᠯᠣᠯᠢ ᠠᠯᠬᠤᠮ ᠠᠯᠬᠤᠮ ᠵᠶ᠋ᠠᠷ ᠰᠢᠯᠣᠭᠤᠳᠬᠠᠵᠦ᠂ ᠦᠪᠡᠷᠳᠡᠭᠡᠨ ᠵᠠᠰᠠᠬᠤ ᠣᠷᠣᠨ᠎ᠤ ᠰᠣᠨᠢᠨ ᠮᠡᠳᠡᠭᠡ ᠬᠡᠪᠯᠡᠯ ᠵᠡᠷᠬᠡ ᠲᠠᠪᠣᠨ ᠶᠡᠭᠡ ᠰᠣᠶᠣᠯ᠎ᠤᠨ ᠠᠵᠦ ᠠᠬᠤᠶ᠋ᠢᠯᠠᠯ᠎ᠤᠨ ᠪᠦᠯᠦᠭᠯᠡᠯ᠎ᠤᠨ ᠣᠳᠣ ᠦᠶ᠎ᠡ ᠵᠢᠨ ᠠᠵᠦ ᠠᠬᠤᠶ᠋ᠢᠯᠠᠯ᠎ᠤᠨ ᠲᠦᠷᠢᠮ ᠪᠠᠶ᠋ᠢᠭᠤᠯᠬᠤ ᠵᠢ ᠲᠦᠷᠭᠡᠳᠭᠡᠨ ᠠᠬᠢᠭᠤᠯᠵᠦ᠂ ᠬᠠᠥᠯᠢ ᠵᠢᠨ ᠡᠷᠭᠡᠳᠡᠨ᠎ᠠᠴᠠ ᠵᠠᠰᠠᠬᠤ ᠪᠦᠳᠦᠴᠡ ᠵᠢ ᠲᠡᠭᠦᠯᠳᠡᠷᠵᠢᠭᠦᠯᠦᠨ᠎ᠡ᠃ ᠰᠣᠶᠣᠯ᠎ᠤᠨ 《ᠭᠠᠷᠴᠦ ᠶᠠᠪᠣᠬᠤ》 ᠠᠯᠬᠤᠴᠡ ᠵᠢ ᠲᠦᠷᠭᠡᠳᠭᠡᠨ᠂ ᠰᠣᠶᠣᠯ᠎ᠤᠨ ᠲᠠᠯ᠎ᠠ ᠪᠠᠷ ᠰᠣᠯᠢᠯᠴᠠᠭ᠎ᠠ ᠬᠢᠵᠦ ᠬᠤᠷᠰᠢᠯᠴᠠᠬᠤ ᠵᠢ ᠣᠯᠠᠮ ᠨᠢᠬᠡ ᠠᠯᠬᠤᠮ ᠴᠢᠩᠭ᠋ᠠᠳᠬᠠᠵᠦ᠂ ᠦᠪᠦᠷ ᠮᠤᠩᠭᠤᠯ᠎ᠤᠨ ᠦᠨᠳᠣᠰᠣᠳᠡᠨ᠎ᠤ ᠰᠣᠶᠣᠯ᠎ᠢ ᠦᠷᠭᠡᠨ ᠵᠶ᠋ᠠᠷ ᠣᠬᠠᠭᠤᠯᠬᠤ ᠪᠠ ᠶᠡᠬᠡᠪᠡᠷ ᠲᠠᠨᠢᠯᠴᠠᠭᠤᠯᠵᠦ᠂ ᠰᠤᠶᠤᠯ᠎ᠤᠨ ᠨᠦᠯᠦᠭᠡᠯᠡᠬᠦ ᠬᠦᠴᠦᠨ ᠪᠠ ᠵᠦᠭᠡᠯᠡᠨ ᠪᠣᠳᠠᠳᠣ ᠬᠦᠴᠦᠨ᠎ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃
(ᠶᠢᠰᠦ) ᠨᠡᠶ᠋ᠢᠬᠡᠮ᠎ᠢ ᠵᠠᠰᠬᠤ ᠪᠠᠶ᠋ᠢᠭᠤᠯᠣᠯᠤᠨ ᠰᠢᠨ᠎ᠡ ᠵᠢ ᠡᠭᠦᠳᠴᠦ᠂ ᠨᠡᠶ᠋ᠢᠬᠡᠮ᠎ᠤᠨ ᠡᠶ᠎ᠡ ᠵᠣᠬᠢᠴᠠᠯ᠎ᠲᠠᠢ ᠲᠣᠭᠳᠠᠭᠤᠨ ᠪᠠᠶ᠋ᠢᠬᠤ ᠵᠢ ᠠᠬᠢᠭᠤᠯᠣᠨ᠎ᠠ ᠦᠨᠳᠣᠰᠣᠳᠡᠨ᠎ᠤ ᠪᠦᠯᠬᠦᠮᠳᠡᠯ᠎ᠢ ᠣᠯᠠᠮ ᠨᠢᠬᠡ ᠠᠯᠬᠤᠮ ᠴᠢᠩᠭ᠋ᠠᠳᠬᠠᠨ᠎ᠠ᠃
ᠦᠨᠳᠣᠰᠣᠳᠡᠨ᠎ᠤ ᠣᠷᠣᠨ᠎ᠤ ᠦᠪᠡᠷᠳᠡᠭᠡᠨ ᠵᠠᠰᠠᠬᠤ ᠲᠦᠷᠢᠮ᠎ᠢ ᠪᠠᠷᠢᠮᠳᠠᠯᠠᠨ ᠲᠡᠭᠦᠯᠳᠡᠷᠵᠢᠭᠦᠯᠵᠦ᠂ ᠦᠨᠳᠣᠰᠣᠳᠡᠨ ᠱᠠᠰᠢᠨ ᠰᠣᠷᠳᠠᠬᠤᠨᠤ ᠲᠣᠬᠠᠢ ᠨᠠᠮ᠎ᠤᠨ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠣᠣᠱᠯᠠᠭᠤᠯᠣᠨ ᠨᠠᠶ᠋ᠢᠳᠠᠪᠣᠷᠢᠵᠢᠭᠤᠯᠵᠦ᠂ ᠦᠨᠳᠤᠰᠣᠳᠠᠨᠤ ᠪᠦᠯᠬᠦᠮᠳᠡᠯ ᠲᠠᠪᠰᠢᠯᠳᠠ ᠵᠢᠨ ᠣᠬᠠᠭᠤᠯᠭ᠎ᠠ ᠪᠠ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠭᠦᠨᠵᠡᠭᠡᠢ ᠦᠷᠨᠢᠭᠦᠯᠵᠦ᠂ ᠴᠦᠬᠡᠨ ᠲᠣᠭ᠋ᠠᠳᠣ ᠦᠨᠳᠣᠰᠣᠳᠡᠨ᠎ᠤ ᠬᠠᠥᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠬᠦᠮᠦᠨ ᠠᠮᠠ ᠨᠡᠯᠢᠶᠡᠳ ᠴᠦᠬᠡᠨ ᠦᠨᠳᠣᠰᠣᠳᠡᠨ᠎ᠤ ᠬᠦᠭᠵᠢᠯᠳᠡ ᠵᠢ ᠲᠡᠳᠭᠦᠵᠦ᠂ ᠡᠷᠬᠡ ᠲᠡᠭᠰᠢ ᠪᠦᠯᠬᠦᠮᠳᠡᠨ ᠨᠢᠭᠳᠠᠷᠠᠭᠰᠠᠨ ᠬᠠᠷᠢᠯᠴᠠᠨ ᠬᠠᠪᠰᠣᠷᠣᠯᠴᠠᠭᠰᠠᠨ ᠡᠶ᠎ᠡ ᠵᠣᠬᠢᠴᠠᠯ᠎ᠲᠠᠢ ᠨᠡᠶ᠋ᠢᠬᠡᠮ ᠵᠢᠷᠣᠮ᠎ᠤᠨ ᠦᠨᠳᠣᠰᠣᠳᠡᠨ᠎ᠤ ᠬᠠᠷᠢᠴᠠᠭ᠎ᠠ ᠵᠢ ᠪᠠᠬᠢᠵᠢᠭᠦᠯᠦᠨ ᠬᠦᠭᠵᠢᠭᠦᠯᠵᠦ᠂ ᠦᠨᠳᠣᠰᠣᠳᠡᠨᠨᠦᠭᠦᠳᠤᠨ ᠠᠷᠠᠳ ᠲᠦᠮᠡᠨ᠎ᠤ ᠬᠠᠮᠳᠣᠪᠡᠷ ᠪᠦᠯᠬᠦᠮᠳᠡᠨ ᠲᠡᠮᠡᠴᠡᠬᠦ᠂ ᠬᠠᠮᠳᠣᠪᠡᠷ ᠴᠡᠴᠡᠭᠯᠡᠨ ᠬᠦᠭᠵᠢᠬᠦ ᠵᠢ ᠠᠬᠢᠭᠤᠯᠣᠨ᠎ᠠ᠃ ᠱᠠᠰᠢᠨ ᠰᠣᠷᠳᠠᠬᠤᠨᠤ ᠬᠡᠷᠡᠭ ᠶᠠᠪᠣᠳᠠᠯ᠎ᠢ ᠬᠠᠥᠯᠢ ᠶᠣᠰᠣᠭ᠋ᠠᠷ ᠬᠠᠮᠢᠶᠠᠷᠴᠦ᠂ ᠱᠠᠰᠢᠨ ᠰᠣᠷᠳᠠᠬᠤᠨ ᠬᠢᠭᠡᠳ ᠨᠡᠶ᠋ᠢᠭᠡᠮ ᠵᠢᠷᠣᠮᠳᠣ ᠨᠡᠶ᠋ᠢᠭᠡᠮ᠎ᠤᠨ ᠬᠠᠷᠢᠯᠴᠠᠨ ᠵᠣᠬᠢᠴᠠᠬᠤ ᠵᠢ ᠢᠳᠡᠪᠬᠢᠳᠡᠢ᠎ᠪᠠᠷ ᠬᠦᠳᠦᠯᠦᠨ ᠵᠢᠯᠣᠭᠤᠳᠴᠦ᠂ ᠱᠠᠰᠢᠨ ᠰᠣᠷᠳᠠᠬᠤᠨᠤ ᠡᠳᠡᠭᠡᠳ᠎ᠤᠨ᠎ᠬᠢᠨ ᠬᠢᠭᠡᠳ ᠱᠠᠰᠢᠨ ᠰᠢᠳᠦᠳᠡᠭ ᠣᠯᠠᠨ ᠲᠦᠮᠡᠨ᠎ᠤ ᠠᠵᠦ ᠠᠬᠤᠢ ᠵᠢᠨ ᠬᠦᠭᠵᠢᠯᠳᠡ᠂ ᠨᠡᠶ᠋ᠢᠬᠡᠮ᠎ᠤᠨ ᠡᠶ᠎ᠡ ᠵᠣᠬᠢᠴᠡᠯ᠎ᠲᠠᠢ ᠪᠠᠶ᠋ᠢᠬᠤ ᠵᠢ ᠠᠬᠢᠭᠤᠯᠬᠤ᠎ᠳᠠᠬᠢ ᠢᠳᠡᠪᠬᠢᠳᠡᠢ ᠦᠢ᠍ᠯᠡᠳᠦᠯ᠎ᠢ ᠪᠠᠳᠠᠷᠠᠭᠤᠯᠣᠨ᠎ᠠ᠃
ᠨᠡᠶ᠋ᠢᠭᠡᠮ᠎ᠤᠨ ᠵᠣᠬᠢᠶᠡᠨ ᠪᠠᠶ᠋ᠢᠭᠤᠯᠣᠯᠳᠡ ᠵᠢᠨ ᠠᠮᠢᠵᠢᠷᠡᠯ᠎ᠤᠨ ᠬᠦᠴᠦᠨ᠎ᠢ ᠨᠡᠮᠡᠭᠳᠡᠭᠦᠯᠦᠨ᠎ᠡ᠃ ᠵᠠᠰᠠᠭ᠎ᠤᠨ ᠣᠷᠳᠣᠨ᠎ᠠᠴᠠ ᠵᠠᠰᠠᠬᠤ ᠪᠠ ᠨᠡᠶ᠋ᠢᠭᠡᠮ᠎ᠤᠨ ᠦᠪᠡᠷ᠎ᠢ᠎ᠪᠠᠨ ᠲᠣᠬᠢᠷᠠᠭᠤᠯᠬᠤ᠂ ᠰᠠᠭᠤᠭ᠋ᠠᠯᠢ ᠠᠷᠠᠳ᠎ᠤᠨ ᠦᠪᠡᠷᠳᠡᠭᠡᠨ ᠵᠠᠰᠠᠬᠤ ᠰᠠᠶ᠋ᠢᠨ ᠨᠦᠬᠦᠴᠡᠯᠳᠣᠯᠢ ᠴᠢᠷᠮᠠᠶ᠋ᠢᠨ ᠠᠬᠢᠭᠤᠯᠣᠨ᠎ᠠ᠃ 《ᠵᠠᠰᠠᠭ ᠪᠠ ᠨᠡᠶ᠋ᠢᠭᠡᠮ᠎ᠤᠨ᠎ᠬᠢᠨ᠎ᠢ ᠰᠠᠯᠭ᠋ᠠᠬᠤ᠂ ᠬᠠᠮᠢᠶᠠᠷᠬᠤ ᠪᠠ ᠡᠷᠬᠢᠯᠡᠬᠦ ᠵᠢ ᠰᠠᠯᠭ᠋ᠠᠬᠤ》 ᠵᠠᠷᠴᠢᠮ᠎ᠤᠨ ᠶᠣᠰᠣᠭ᠋ᠠᠷ᠂ ᠡᠯ᠎ᠡ ᠲᠦᠷᠦᠯ᠎ᠤᠨ ᠡᠪᠯᠡᠯ᠂ ᠨᠡᠶ᠋ᠢᠭᠡᠮᠯᠢᠭ᠂ ᠰᠣᠳᠣᠯᠭ᠋ᠠᠨ᠎ᠤ ᠨᠡᠶ᠋ᠢᠭᠡᠮᠯᠢᠭ᠎ᠢ ᠬᠦᠳᠦᠯᠦᠨ ᠵᠢᠯᠣᠭᠤᠳᠴᠦ ᠪᠠᠶ᠋ᠢᠭ᠋ᠠᠳ ᠨᠠᠮ ᠵᠠᠰᠠᠭ᠎ᠤᠨ ᠪᠠᠶ᠋ᠢᠭᠤᠯᠣᠯᠭᠠ᠂ ᠠᠵᠢᠯ ᠦᠢ᠍ᠯᠡᠰ᠎ᠤᠨ ᠨᠢᠭᠡᠴᠡ᠎ᠠᠴᠠ ᠲᠣᠶ᠋ᠢᠯᠪᠣᠷᠢᠳᠡᠢ ᠰᠠᠯᠭ᠋ᠠᠨᠠ᠃ ᠵᠠᠰᠠᠭ᠎ᠤᠨ ᠣᠷᠳᠣᠨ ᠨᠡᠶ᠋ᠢᠭᠡᠮ᠎ᠤᠨ ᠦᠢ᠍ᠯᠡᠴᠢᠯᠡᠭᠡ ᠵᠢ ᠬᠤᠳᠠᠯᠳᠣᠨ ᠠᠪᠬᠤ ᠲᠦᠷᠢᠮ᠎ᠢ ᠪᠠᠶ᠋ᠢᠭᠤᠯᠵᠦ᠂ ᠨᠡᠶ᠋ᠢᠬᠡᠮ᠎ᠤᠨ ᠵᠣᠬᠢᠶᠡᠨ ᠪᠠᠶ᠋ᠢᠭᠤᠯᠣᠯᠳᠡ ᠵᠢᠨ ᠦᠪᠡᠷ᠎ᠢ᠎ᠪᠠᠨ ᠲᠡᠭᠦᠯᠳᠡᠷᠵᠢᠬᠦᠯᠬᠦ ᠪᠠ ᠬᠦᠭᠵᠢᠬᠦᠯᠬᠦ ᠵᠢ ᠠᠬᠢᠭᠤᠯᠣᠨ᠎ᠠ᠃ ᠵᠠᠰᠠᠭ᠎ᠤᠨ ᠣᠷᠳᠣᠨ ᠵᠢᠯᠣᠭᠤᠳᠬᠤ᠂ ᠨᠡᠶ᠋ᠢᠬᠡᠮ᠎ᠤᠨ᠎ᠬᠢᠨ ᠣᠷᠣᠯᠴᠠᠬᠤ᠂ ᠪᠡᠶ᠎ᠡ᠎ᠪᠠᠨ ᠲᠠᠭ᠋ᠠᠭ᠋ᠠᠵᠦ ᠠᠵᠢᠯᠯᠠᠬᠤ ᠠᠵᠢᠯ᠎ᠤᠨ ᠲᠣᠭᠳᠠᠴᠠ ᠵᠢ ᠪᠠᠶ᠋ᠢᠭᠤᠯᠣᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠣᠯᠳᠡ ᠵᠢᠨ ᠵᠡᠷᠭᠡ ᠲᠡᠰᠢ ᠦᠨᠡᠯᠡᠨ ᠵᠢᠱ᠌ᠢᠬᠦ ᠵᠢ ᠪᠦᠬᠦ ᠲᠠᠯ᠎ᠠ᠎ᠪᠠᠷ ᠶᠠᠪᠣᠭᠤᠯᠵᠦ᠂ ᠨᠡᠶ᠋ᠢᠬᠡᠮ᠎ᠤᠨ ᠵᠣᠬᠢᠶᠠᠨ ᠪᠠᠶ᠋ᠢᠭᠤᠯᠣᠯᠳᠠ᠎ᠠᠴᠠ ᠬᠠᠩᠭ᠋ᠠᠬᠤ᠎ᠳᠤ ᠲᠣᠬᠢᠷᠠᠬᠤ ᠣᠯᠠᠨ ᠨᠡᠶ᠋ᠢᠳᠡ ᠵᠢᠨ ᠦᠢ᠍ᠯᠡᠴᠢᠯᠡᠭᠡᠨ ᠪᠠ ᠰᠢᠢ᠍ᠳᠪᠦᠷᠢᠯᠡᠬᠦ ᠵᠦᠢ᠍ᠯᠡᠰ᠎ᠢ ᠨᠡᠶ᠋ᠢᠭᠡᠮ᠎ᠤᠨ ᠵᠣᠬᠢᠶᠡᠨ ᠪᠠᠶ᠋ᠢᠭᠤᠯᠣᠯᠳᠡᠳᠤ ᠲᠣᠰᠢᠶᠡᠨ ᠡᠭᠦᠷᠭᠡᠯᠡᠭᠦᠯᠦᠨ᠎ᠡ᠃ ᠨᠡᠶ᠋ᠢᠬᠡᠮ᠎ᠤᠨ ᠠᠵᠢᠯ᠎ᠤᠨ ᠲᠣᠰᠬᠠᠢ ᠴᠢᠳᠠᠪᠣᠷᠢᠳᠡᠨ ᠬᠦᠮᠦᠵᠢᠭᠦᠯᠬᠦ ᠵᠢ ᠴᠢᠩᠭ᠋ᠠᠳᠬᠠᠨ᠂ ᠨᠡᠶ᠋ᠢᠬᠡᠮ᠎ᠤᠨ ᠠᠵᠢᠯ᠎ᠤᠨ ᠠᠵᠢᠯ᠎ᠤᠨ ᠪᠠᠶ᠋ᠢᠷᠢ ᠪᠠᠶ᠋ᠢᠷᠢᠯᠠᠭᠤᠯᠬᠤ ᠬᠦᠷᠢᠶ᠎ᠡ ᠵᠢ ᠦᠷᠭᠡᠵᠢᠭᠦᠯᠦᠨ᠎ᠡ᠃
ᠣᠯᠠᠨ ᠨᠡᠶ᠋ᠢᠳᠡ ᠵᠢᠨ ᠠᠮᠣᠷ ᠲᠦᠪᠰᠢᠨ᠎ᠤ ᠰᠢᠰᠲ᠋ᠧᠮᠵᠢ ᠵᠢ ᠲᠡᠭᠦᠯᠳᠡᠷᠵᠢᠬᠦᠯᠦᠨ᠎ᠡ᠃ 《ᠰᠣᠷᠪᠣᠯᠵᠢᠯᠠᠯᠢ ᠶᠡᠭᠡᠪᠡᠷ ᠬᠦᠯᠢᠶᠡᠨ ᠠᠪᠬᠤ》 ᠠᠵᠢᠯᠯᠠᠭ᠎ᠠ ᠵᠢ ᠬᠢᠨᠠᠮᠠᠭ᠋ᠠᠢ ᠦᠷᠨᠢᠭᠦᠯᠵᠦ᠂ ᠣᠳᠣᠷᠢᠳᠬᠤ ᠺᠠᠳ᠋ᠷ᠎ᠤᠨ ᠰᠣᠷᠪᠣᠯᠵᠢᠯᠠᠯ ᠬᠦᠯᠢᠶᠡᠨ ᠠᠪᠬᠤ᠂ ᠲᠣᠷᠣᠭᠰᠢ ᠰᠣᠷᠪᠣᠯᠵᠢᠯᠠᠯ ᠬᠢᠬᠦ ᠪᠠ ᠲᠠᠭ᠋ᠠᠭ᠋ᠠᠨ ᠠᠪᠴᠦ ᠭᠦᠢ᠍ᠴᠡᠳᠭᠡᠬᠦ ᠲᠦᠷᠢᠮ᠎ᠢ ᠲᠡᠭᠦᠯᠳᠡᠷᠵᠢᠭᠦᠯᠵᠦ᠂ ᠬᠠᠮᠳᠣᠷᠡᠨ ᠰᠣᠷᠪᠣᠯᠵᠢᠯᠠᠯ ᠬᠦᠯᠢᠶᠡᠨ ᠠᠪᠬᠤ ᠠᠵᠢᠯ᠎ᠤᠨ ᠲᠣᠭᠳᠠᠴᠠ ᠵᠢ ᠲᠡᠭᠦᠯᠳᠡᠷᠵᠢᠭᠦᠯᠵᠦ᠂ ᠵᠠᠬᠢᠳᠠᠯ ᠰᠣᠷᠪᠣᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ ᠵᠢ ᠰᠠᠶ᠋ᠢᠳᠣᠷ ᠠᠳᠬᠤᠵᠦ᠂ ᠬᠠᠥᠯᠢ ᠴᠠᠭ᠋ᠠᠵᠠ ᠪᠠ ᠵᠠᠷᠭᠤ᠎ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠠᠯᠢ ᠲᠠᠭᠤᠰᠬᠠᠬᠤ ᠲᠦᠷᠢᠮ᠎ᠢ ᠪᠠᠶ᠋ᠢᠭᠤᠯᠵᠦ᠂ ᠣᠯᠠᠨ ᠲᠦᠮᠡᠨ᠎ᠤ ᠠᠰᠠᠭᠤᠳᠠᠯ ᠵᠶ᠋ᠠᠨ ᠲᠣᠰᠬᠠᠵᠦ ᠲᠡᠶ᠋ᠢᠯᠬᠦ᠂ ᠵᠦᠷᠢᠴᠡᠯ᠎ᠢ ᠰᠢᠢ᠍ᠳᠪᠦᠷᠢᠯᠡᠵᠦ ᠲᠡᠶ᠋ᠢᠯᠬᠦ᠂ ᠡᠷᠬᠡ ᠠᠰᠢᠭ ᠢ᠎ᠨᠢ ᠪᠠᠳᠣᠯᠠᠵᠦ ᠲᠡᠶ᠋ᠢᠯᠬᠦ ᠪᠣᠯᠭ᠋ᠠᠨ᠎ᠠ᠃ ᠶᠠᠰᠣ ᠴᠢᠨᠡᠷ ᠠᠶᠣᠯ ᠦᠬᠡᠢ ᠵᠢᠨ ᠬᠢᠨᠠᠯᠳᠠ ᠬᠠᠮᠢᠶᠠᠷᠣᠯᠳᠠ ᠵᠢ ᠴᠢᠩᠭ᠋ᠠᠳᠬᠠᠨ᠂ ᠢᠳᠡᠭᠡᠨ ᠪᠠ ᠡᠮ᠎ᠤᠨ ᠵᠦᠢ᠍ᠯ᠂ ᠭᠤᠣᠯᠳᠠᠯᠭ᠎ᠠ᠎ᠲᠠᠢ ᠦᠢ᠍ᠯᠡᠳᠬᠦᠨ᠂ ᠭᠤᠣᠯᠳᠠᠯᠭ᠎ᠠ᠎ᠲᠠᠢ ᠠᠵᠢᠯ ᠲᠦᠷᠦᠯ ᠪᠠ ᠭᠤᠣᠯᠳᠠᠯᠭ᠎ᠠ᠎ᠲᠠᠢ ᠣᠷᠣᠨ ᠪᠦᠰᠡ ᠵᠢᠨ ᠲᠣᠭᠤᠷᠢᠨ᠎ᠳᠤ ᠶᠠᠰᠣ ᠴᠢᠨᠠᠷ ᠠᠶᠣᠯ ᠦᠬᠡᠢ ᠵᠢᠨ ᠲᠣᠰᠬᠠᠢ ᠵᠦᠢ᠍ᠯ ᠵᠶ᠋ᠠᠷ ᠴᠡᠭᠴᠡᠯᠡᠨ ᠵᠠᠰᠠᠬᠤ ᠠᠵᠢᠯᠯᠠᠭ᠎ᠠ ᠵᠢ ᠦᠷᠨᠢᠭᠦᠯᠦᠨ᠎ᠡ᠃ ᠠᠶᠣᠯ ᠦᠬᠡᠢ ᠦᠢ᠍ᠯᠡᠳᠪᠦᠷᠢᠯᠡᠯ᠎ᠤᠨ ᠬᠢᠨᠡᠯᠳᠡ ᠬᠠᠮᠢᠶᠠᠷᠣᠯᠳᠡ ᠵᠢ ᠴᠢᠩᠭ᠋ᠠᠳᠬᠠᠨ᠂ ᠠᠶᠣᠯ ᠦᠬᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠣᠷᠢᠵᠢᠭᠤᠯᠵᠦ᠂ ᠠᠶᠣᠯ ᠦᠬᠡᠢ ᠦᠢ᠍ᠯᠡᠳᠪᠦᠷᠢᠯᠡᠯ᠎ᠤᠨ ᠣᠷᠳᠣ ᠬᠤᠭᠤᠴᠠᠭ᠋ᠠᠨ᠎ᠤ ᠦᠷ᠎ᠡ ᠪᠦᠳᠦᠮᠵᠢᠳᠣ ᠲᠣᠭᠳᠠᠴᠠ ᠵᠢ ᠪᠠᠶ᠋ᠢᠭᠤᠯᠣᠨ᠎ᠠ᠃ ᠬᠦᠳᠡᠯᠮᠦᠷᠢ ᠵᠢᠨ ᠪᠠᠷᠢᠮᠵᠢᠶ᠎ᠠ ᠵᠢᠨ ᠰᠢᠰᠲ᠋ᠧᠮᠵᠢ ᠪᠣᠯᠣᠨ ᠬᠦᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠳᠠᠴᠠ ᠵᠢ ᠲᠡᠭᠦᠯᠳᠡᠷᠵᠢᠭᠦᠯᠦᠨ᠂ ᠡᠶ᠎ᠡ ᠵᠣᠬᠢᠴᠠᠯ᠎ᠲᠠᠢ ᠬᠦᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠣᠨ᠎ᠠ᠃ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠣᠯᠳᠡ ᠵᠢᠨ ᠰᠠᠭᠤᠷᠢ ᠪᠠᠶ᠋ᠢᠭᠤᠯᠣᠯᠳᠠ ᠵᠢ ᠲᠦᠷᠭᠡᠳᠭᠡᠨ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠨ ᠠᠪᠣᠷᠡᠨ ᠲᠣᠰᠠᠯᠠᠬᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠪᠠ ᠲᠡᠩᠬᠡᠷᠡᠭᠦᠯᠦᠨ ᠲᠡᠳᠭᠦᠭᠦ ᠴᠢᠳᠠᠪᠣᠷᠢ᠎ᠪᠠᠨ ᠲᠡᠭᠡᠭᠰᠢᠯᠡᠭᠦᠯᠦᠨ᠎ᠡ᠃ ᠬᠠᠥᠯᠢ᠎ᠪᠠᠷ ᠵᠠᠰᠠᠬᠤ ᠦᠪᠦᠷ ᠮᠣᠩᠭᠤᠯ᠎ᠤᠨ ᠪᠠᠶ᠋ᠢᠭᠤᠯᠣᠯᠳᠠ ᠵᠢ ᠲᠦᠯᠬᠢᠨ ᠠᠬᠢᠭᠤᠯᠵᠦ᠂ ᠬᠠᠥᠯᠢ ᠲᠦᠭᠡᠮᠡᠯᠵᠢᠬᠦᠯᠬᠦ ᠬᠠᠥᠯᠢ᠎ᠪᠠᠷ ᠵᠠᠰᠠᠬᠤ ᠠᠵᠢᠯ᠎ᠢ ᠭᠦᠨᠵᠡᠭᠡᠶ᠋ᠢᠷᠡᠭᠦᠯᠦᠨ᠎ᠡ᠃ 《ᠠᠮᠣᠭᠤᠯᠠᠩ ᠲᠠᠶ᠋ᠢᠪᠣᠩ ᠦᠪᠦᠷ ᠮᠣᠩᠭᠤᠯ᠎ᠢ ᠡᠭᠦᠳᠦᠨ ᠪᠠᠶ᠋ᠢᠭᠤᠯᠬᠤ ᠢᠨᠵᠧᠨᠧᠷᠢᠩ》᠎ᠢ ᠭᠦᠨᠵᠡᠬᠡᠢ ᠬᠡᠷᠡᠭᠵᠢᠬᠦᠯᠵᠦ᠂ ᠨᠡᠶ᠋ᠢᠭᠡᠮ᠎ᠤᠨ ᠠᠮᠣᠷ᠎ᠢ ᠬᠠᠮᠠᠭ᠋ᠠᠯᠠᠬᠤ ᠪᠡᠶᠡᠳᠣᠴᠢᠯᠡᠭᠰᠡᠨ ᠰᠡᠷᠭᠡᠶ᠋ᠢᠯᠡᠨ ᠡᠵᠡᠮᠳᠡᠬᠦ ᠰᠢᠰᠲ᠋ᠧᠮᠵᠢ ᠵᠢ ᠲᠡᠭᠦᠯᠳᠡᠷᠵᠢᠬᠦᠯᠦᠨ᠂ ᠡᠯ᠎ᠡ ᠲᠦᠷᠦᠯ᠎ᠤᠨ ᠬᠠᠥᠯᠢ᠎ᠠᠴᠠ ᠵᠦᠷᠢᠴᠡᠭᠰᠡᠨ ᠶᠠᠯᠠᠳᠣ ᠠᠵᠢᠯᠯᠠᠭ᠎ᠠ᠎ᠳᠤ ᠴᠢᠩᠭ᠎ᠠ ᠴᠣᠬᠢᠯᠳᠡ ᠦᠭᠴᠦ᠂ ᠨᠡᠶ᠋ᠢᠬᠡᠮ ᠨᠡᠶ᠋ᠢᠳᠡ ᠵᠢᠨ ᠠᠮᠣᠷ ᠲᠦᠪᠰᠢᠨ᠎ᠢ ᠪᠠᠳᠣᠯᠠᠨ᠎ᠠ᠃ ᠬᠢᠯᠢ ᠵᠢᠨ ᠲᠣᠳᠣᠷ᠎ᠡ ᠭᠠᠳᠠᠨᠠᠬᠢ ᠡᠯ᠎ᠡ ᠵᠦᠢ᠍ᠯ᠎ᠤᠨ ᠲᠠᠶ᠋ᠢᠰᠣᠩᠨᠠᠭᠴᠢ ᠬᠦᠴᠦᠨ᠎ᠤ ᠨᠡᠪᠴᠢᠯᠳᠡ ᠬᠢᠬᠦ᠂ ᠡᠪᠳᠡᠯᠬᠡ ᠬᠢᠬᠦ᠂ ᠨᠣᠷᠠᠭ᠋ᠠᠯᠳᠠ ᠬᠢᠬᠦ ᠵᠢ ᠡᠰᠡᠷᠭᠦᠴᠡᠨ ᠬᠤᠷᠢᠭᠯᠠᠵᠦ᠂ ᠬᠢᠯᠢ ᠵᠢᠨ ᠲᠣᠳᠣᠷ᠎ᠡ ᠭᠠᠳᠠᠨᠠᠬᠢ ᠦᠨᠳᠣᠰᠣᠳᠡᠨ᠎ᠤ ᠬᠠᠭ᠋ᠠᠴᠠᠭᠤᠯᠬᠤ ᠬᠦᠴᠦᠨ᠎ᠤ ᠠᠵᠢᠯᠯᠠᠭ᠎ᠠ᠎ᠳᠤ ᠬᠠᠥᠯᠢ ᠶᠣᠰᠣᠭ᠋ᠠᠷ ᠴᠣᠬᠢᠯᠳᠡ ᠦᠭᠭᠦᠨ᠎ᠡ᠃ ᠣᠯᠣᠰ᠎ᠤᠨ ᠪᠠᠳᠣᠯᠠᠨ ᠬᠠᠮᠠᠭ᠋ᠠᠯᠠᠯᠳᠠ ᠵᠢᠨ ᠬᠦᠮᠦᠵᠢᠯ᠎ᠢ ᠴᠢᠩᠭ᠋ᠠᠳᠬᠠᠨ᠂ ᠦᠪᠡᠷᠳᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ ᠪᠣᠯᠣᠨ ᠵᠡᠪᠰᠡᠭᠳᠦ ᠴᠠᠭᠳᠠᠭ᠎ᠠ ᠵᠢᠨ ᠴᠡᠷᠢᠭ ᠠᠩᠬᠢ ᠵᠢᠨ ᠪᠠᠶ᠋ᠢᠭᠤᠯᠣᠯᠳᠠ ᠵᠢ ᠲᠡᠮᠵᠢᠵᠦ᠂ ᠴᠡᠷᠢᠭ ᠠᠷᠠᠳ᠎ᠤᠨ ᠭᠦᠨᠵᠡᠭᠡᠢ ᠨᠡᠶ᠋ᠢᠯᠡᠯᠴᠡᠨ ᠬᠦᠭᠵᠢᠬᠦ ᠵᠢ ᠲᠦᠯᠬᠢᠨ ᠠᠬᠢᠭᠤᠯᠵᠦ᠂ ᠣᠯᠣᠰ᠎ᠤᠨ ᠪᠠᠳᠣᠯᠠᠨ ᠬᠠᠮᠠᠭ᠋ᠠᠯᠠᠯᠳᠠ ᠵᠢᠨ ᠲᠠᠶ᠋ᠢᠴᠢᠯᠠᠯᠳᠠ ᠪᠣᠯᠣᠨ ᠪᠡᠯᠡᠳᠭᠡᠯ ᠬᠦᠴᠦᠨ᠎ᠤ ᠪᠠᠶ᠋ᠢᠭᠤᠯᠣᠯᠳᠠ ᠵᠢ ᠰᠠᠶ᠋ᠢᠳᠣᠷ ᠠᠳᠬᠤᠵᠦ᠂ ᠡᠬᠡ ᠣᠯᠣᠰ᠎ᠤᠨ ᠣᠮᠠᠷᠠᠳᠣ ᠬᠢᠯᠢ ᠵᠢᠨ ᠠᠮᠣᠷ ᠲᠦᠪᠰᠢᠨ᠎ᠤ ᠰᠡᠷᠭᠡᠶ᠋ᠢᠯᠡᠯᠳᠡ ᠵᠢᠨ ᠱᠣᠭᠤᠮ᠎ᠢ ᠪᠠᠳᠣ ᠪᠠᠬᠢ ᠪᠠᠶ᠋ᠢᠭᠤᠯᠣᠨ᠎ᠠ᠃
(ᠠᠷᠪᠠ) ᠵᠠᠰᠠᠭ᠎ᠤᠨ ᠣᠷᠳᠣᠨ᠎ᠤ ᠡᠭᠦᠷᠭᠡ ᠴᠢᠳᠠᠪᠣᠷᠢ ᠵᠢ ᠲᠦᠷᠭᠡᠳᠭᠡᠨ ᠬᠤᠪᠢᠷᠠᠭᠤᠯᠵᠦ᠂ ᠵᠠᠰᠠᠭ᠎ᠤᠨ ᠣᠷᠳᠣᠨ᠎ᠤ ᠨᠡᠶ᠋ᠢᠳᠡ᠎ᠳᠤ ᠢᠳᠡᠭᠡᠭᠦᠯᠬᠦ ᠬᠦᠴᠦᠨ ᠪᠠ ᠬᠡᠷᠡᠭᠵᠢᠬᠦᠯᠬᠦ ᠬᠦᠴᠦᠨ᠎ᠢ ᠲᠡᠭᠡᠭᠰᠢᠯᠡᠬᠦᠯᠦᠨ᠎ᠡ
ᠨᠠᠮ᠎ᠤᠨ ᠣᠯᠠᠨ ᠲᠦᠮᠡᠨᠴᠢ ᠱᠣᠭᠤᠮ᠎ᠤᠨ ᠬᠦᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠦᠷ᠎ᠡ ᠪᠦᠳᠦᠭᠡᠯ ᠢ ᠪᠠᠬᠢᠵᠢᠬᠦᠯᠦᠨ ᠦᠷᠭᠡᠳᠭᠡᠵᠦ᠂ ᠴᠡᠭᠴᠡᠯᠡᠨ ᠰᠠᠶ᠋ᠢᠵᠢᠷᠠᠭᠤᠯᠵᠦ ᠨᠠᠶ᠋ᠢᠳᠠᠪᠣᠷᠢᠵᠢᠭᠤᠯᠬᠤ ᠪᠠ ᠲᠦᠷᠢᠮ ᠲᠣᠭᠳᠠᠭ᠋ᠠᠯ ᠪᠠᠶ᠋ᠢᠭᠤᠯᠣᠨ ᠲᠣᠭᠳᠠᠭ᠋ᠠᠬᠤ ᠵᠢ ᠴᠢᠬᠤᠯᠠ ᠶᠡᠭᠡ ᠡᠭᠦᠷᠬᠡ ᠪᠣᠯᠭ᠋ᠠᠨ᠂ ᠵᠠᠰᠠᠭ᠎ᠤᠨ ᠣᠷᠳᠣᠨ᠎ᠤ ᠪᠣᠰᠣᠳ ᠠᠵᠢᠯ᠎ᠯᠤᠭ᠎ᠠ ᠵᠡᠷᠭᠡ᠎ᠳᠤ᠎ᠨᠢ ᠲᠦᠯᠬᠢᠨ ᠠᠬᠢᠭᠤᠯᠵᠦ᠂ ᠵᠡᠷᠭᠡ᠎ᠳᠤ᠎ᠨᠢ ᠨᠠᠶ᠋ᠢᠳᠠᠪᠣᠷᠢᠵᠢᠭᠤᠯᠵᠦ᠂ ᠰᠣᠷᠳᠠᠯ᠎ᠤᠨ ᠪᠠᠶ᠋ᠢᠭᠤᠯᠣᠯᠳᠡ ᠵᠢᠨ ᠰᠢᠨ᠎ᠡ ᠦᠷ᠎ᠡ ᠪᠦᠳᠦᠮᠵᠢ᠎ᠪᠠᠷ ᠠᠷᠡᠳ᠎ᠤᠨ ᠢᠳᠡᠭᠡᠯ᠎ᠢ ᠣᠯᠬᠤ᠂ ᠬᠦᠭᠵᠢᠯᠳᠡ ᠵᠢ ᠲᠦᠯᠬᠢᠨ ᠠᠬᠢᠭᠤᠯᠬᠤ ᠵᠢ ᠦᠨᠡᠨᠬᠦ ᠪᠠᠳᠣᠯᠠᠨ᠎ᠠ᠃ ᠵᠠᠰᠠᠭ᠎ᠤᠨ ᠣᠷᠳᠣᠨ ᠬᠢᠭᠡᠳ ᠵᠠᠬ᠎ᠠ ᠲᠡᠯᠬᠡᠭᠦᠷ᠎ᠤᠨ ᠬᠠᠷᠢᠴᠠᠭ᠎ᠠ ᠵᠢ ᠰᠠᠶ᠋ᠢᠳᠣᠷ ᠰᠢᠢ᠍ᠳᠪᠦᠷᠢᠯᠡᠨ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠣᠷᠢ ᠵᠢ ᠲᠦᠷᠭᠡᠳᠭᠡᠨ ᠬᠤᠪᠢᠷᠠᠭᠤᠯᠣᠨ᠎ᠠ᠃ ᠵᠠᠰᠠᠭ ᠵᠠᠬᠢᠷᠭ᠋ᠠᠨ᠎ᠤ ᠬᠢᠨᠡᠨ ᠵᠦᠪᠰᠢᠶᠡᠷᠡᠬᠦ ᠲᠦᠷᠢᠮ᠎ᠤᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠵᠦ᠂ ᠵᠠᠰᠠᠭ᠎ᠢ ᠴᠣᠮᠬᠠᠳᠬᠠᠨ ᠡᠷᠬᠡ ᠵᠢ ᠲᠣᠷᠣᠭᠰᠢ ᠲᠠᠯᠪᠢᠬᠤ ᠵᠢ ᠦᠨᠡᠨ ᠪᠣᠳᠠᠳᠠᠢ᠎ᠪᠠᠷ ᠲᠦᠯᠬᠢᠨ ᠠᠬᠢᠭᠤᠯᠵᠦ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠵᠦᠢ᠍ᠯ᠎ᠤᠳ᠎ᠢ ᠶᠡᠭᠡ ᠬᠡᠪᠴᠢᠶ᠎ᠡ᠎ᠪᠠᠷ ᠦᠭᠡᠶ᠋ᠢᠰᠬᠡᠭᠦ ᠪᠠ ᠲᠣᠷᠣᠭᠰᠢ ᠲᠠᠯᠪᠢᠵᠦ᠂ ᠵᠠᠰᠠᠭ ᠵᠠᠬᠢᠷᠭ᠋ᠠᠨ᠎ᠤ ᠬᠢᠨᠡᠨ ᠵᠦᠪᠰᠢᠶᠡᠷᠡᠬᠦ ᠠᠵᠢᠯ᠎ᠤᠨ ᠲᠠᠷᠠᠭ᠋ᠠᠯᠠᠯ᠎ᠢ ᠲᠦᠬᠦᠮᠴᠢᠯᠡᠵᠦ᠂ ᠵᠠᠬ᠎ᠠ ᠲᠡᠯᠭᠡᠭᠦᠷ᠎ᠤᠨ ᠲᠣᠭᠳᠠᠴᠠ᠎ᠪᠠᠷ ᠪᠦᠳᠦᠮᠵᠢᠳᠡᠢ ᠲᠣᠬᠢᠷᠠᠭᠤᠯᠭ᠎ᠠ ᠬᠢᠵᠦ ᠴᠢᠳᠠᠬᠤ ᠠᠵᠦ ᠠᠬᠤᠢ ᠵᠢᠨ ᠠᠵᠢᠯᠯᠠᠭ᠎ᠠ ᠪᠦᠬᠦᠨ᠎ᠳᠤ ᠬᠢᠨᠡᠨ ᠵᠦᠪᠰᠢᠶᠡᠷᠡᠯ᠎ᠢ ᠴᠦᠮ ᠦᠭᠡᠶ᠋ᠢᠰᠭᠡᠨᠡ᠃ ᠦᠪᠡᠷᠳᠡᠭᠡᠨ ᠵᠠᠰᠠᠬᠤ ᠣᠷᠣᠨ᠎ᠤ 《8337》 ᠬᠦᠭᠵᠢᠯᠳᠡ ᠵᠢᠨ ᠰᠡᠳᠬᠢᠴᠡ᠎ᠳᠤ ᠵᠢᠭᠰᠠᠭ᠋ᠠᠭᠳᠠᠭᠰᠠᠨ ᠭᠤᠣᠯᠳᠠᠯᠭ᠎ᠠ᠎ᠲᠠᠢ ᠲᠦᠯᠦᠪᠵᠢᠭᠦᠯᠦᠭᠰᠡᠨ ᠲᠦᠷᠦᠯ ᠵᠦᠢ᠍ᠯ᠎ᠤᠳ᠎ᠤᠨ ᠡᠷᠭᠡᠪᠰᠢ ᠣᠯᠣᠰ᠎ᠤᠨ ᠬᠢᠨᠡᠨ ᠵᠦᠪᠰᠢᠶᠡᠷᠡᠯ᠎ᠢ ᠣᠯᠬᠤ ᠴᠢᠬᠤᠯᠠᠲᠠᠢ ᠪᠠᠶ᠋ᠢᠬᠤ᠎ᠠᠴᠠ ᠪᠣᠰᠣᠳ᠎ᠢ᠎ᠨᠢ ᠴᠦᠮ ᠮᠡᠳᠡᠭᠦᠯᠦᠨ ᠲᠠᠩᠰᠠᠯᠠᠭᠤᠯᠬᠤ ᠲᠦᠷᠢᠮ ᠵᠶ᠋ᠠᠷ ᠰᠢᠢ᠍ᠳᠪᠦᠷᠢᠯᠡᠬᠦ ᠪᠣᠯᠭ᠋ᠠᠨ᠎ᠠ᠃ ᠠᠶ᠋ᠢᠮᠠᠭ ᠬᠤᠳᠠ ᠬᠤᠰᠢᠭᠤ ᠰᠢᠶᠡᠨᠨᠦᠭᠦᠳ ᠴᠦ᠍ ᠭᠡᠳ ᠦᠭᠡᠶ᠋ᠢᠰᠭᠡᠨ ᠲᠣᠷᠣᠭᠰᠢ ᠪᠠᠭᠤᠯᠭ᠋ᠠᠬᠤ ᠪᠠ ᠲᠣᠰᠴᠦ ᠠᠪᠬᠤ ᠠᠵᠢᠯ᠎ᠢ ᠰᠠᠶ᠋ᠢᠳᠣᠷ ᠬᠢᠬᠦ ᠬᠡᠷᠡᠭᠳᠡᠢ᠃ ᠦᠯᠡᠳᠡᠭᠡᠭᠰᠡᠨ ᠵᠠᠰᠠᠭ ᠵᠠᠬᠢᠷᠭ᠋ᠠᠨ᠎ᠤ ᠬᠢᠨᠡᠨ ᠵᠦᠪᠰᠢᠶᠡᠷᠡᠬᠦ ᠵᠦᠢ᠍ᠯᠡᠰ᠎ᠲᠤ ᠭᠠᠷᠴᠠᠭ ᠨᠠᠶ᠋ᠢᠷᠠᠭᠤᠯᠣᠨ ᠵᠣᠬᠢᠶᠠᠬᠤ ᠵᠢᠨ ᠬᠠᠮᠳᠣ ᠨᠡᠶ᠋ᠢᠬᠡᠮ᠎ᠳᠤ ᠢᠯᠡ ᠪᠣᠯᠭ᠋ᠠᠵᠦ᠂ ᠬᠢᠨᠡᠨ ᠵᠦᠪᠰᠢᠶᠡᠷᠡᠬᠦ ᠠᠵᠢᠯ᠎ᠤᠨ ᠲᠠᠷᠠᠭ᠋ᠠᠯᠠᠯ᠎ᠢ ᠰᠢᠯᠢᠳᠡᠭᠵᠢᠬᠦᠯᠵᠦ᠂ ᠬᠢᠨᠡᠨ ᠵᠦᠪᠰᠢᠶᠡᠷᠡᠬᠦ ᠶᠠᠰᠣ ᠴᠢᠨᠠᠷ ᠪᠣᠯᠣᠨ ᠦᠷ᠎ᠡ ᠪᠦᠳᠦᠮᠵᠢ ᠵᠢ ᠲᠡᠭᠡᠭᠰᠢᠯᠡᠬᠦᠯᠵᠦ᠂ ᠬᠦᠭᠵᠢᠯᠳᠡ ᠵᠢᠨ ᠣᠷᠴᠢᠨ ᠲᠣᠭᠤᠷᠢᠨ᠎ᠢ ᠣᠯᠠᠮ ᠨᠢᠬᠡ ᠠᠯᠬᠤᠮ ᠰᠠᠶ᠋ᠢᠵᠢᠷᠠᠭᠤᠯᠣᠨ᠎ᠠ᠃ ᠵᠠᠰᠠᠭ᠎ᠤᠨ ᠣᠷᠳᠣᠨ᠎ᠤ ᠣᠯᠠᠨ ᠨᠡᠶ᠋ᠢᠳᠡ ᠵᠢᠨ ᠦᠢ᠍ᠯᠡᠴᠢᠯᠡᠭᠡᠨ᠂ ᠵᠠᠬ᠎ᠠ ᠲᠡᠯᠭᠡᠭᠦᠷ ᠤᠨ ᠬᠢᠨᠡᠨ ᠬᠠᠮᠢᠶᠠᠷᠣᠯᠳᠠ᠂ ᠨᠡᠶ᠋ᠢᠬᠡᠮ᠎ᠤᠨ ᠬᠠᠮᠢᠶᠠᠷᠣᠯᠳᠡ᠂ ᠣᠷᠴᠢᠨ ᠲᠣᠭᠤᠷᠢᠨ᠎ᠤ ᠬᠠᠮᠠᠭ᠋ᠠᠯᠠᠯᠳᠠ ᠵᠡᠷᠭᠡ ᠡᠭᠦᠷᠭᠡ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠭᠡᠵᠦ᠂ ᠵᠠᠰᠠᠭ᠎ᠤᠨ ᠣᠷᠳᠣᠨ ᠪᠢᠴᠢᠯ ᠬᠡᠷᠡᠭ ᠶᠠᠪᠣᠳᠠᠯ᠎ᠳᠠᠬᠢ ᠬᠠᠮᠢᠶᠠᠷᠣᠯᠳᠡ᠎ᠪᠠᠨ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠵᠦ᠂ ᠬᠦᠭᠵᠢᠯᠳᠡ ᠵᠢᠨ ᠪᠠᠶ᠋ᠢᠯᠳᠣᠬᠤ ᠪᠣᠳᠣᠯᠭ᠎ᠠ᠂ ᠲᠦᠯᠦᠪᠵᠢᠬᠦᠯᠬᠡ᠂ ᠲᠦᠷᠦ ᠵᠢᠨ ᠪᠣᠳᠣᠯᠭ᠎ᠠ᠂ ᠪᠠᠷᠢᠮᠵᠢᠶ᠎ᠠ ᠲᠣᠭᠳᠠᠭ᠋ᠠᠬᠤ ᠪᠠ ᠬᠡᠷᠡᠭᠵᠢᠬᠦᠯᠬᠦ ᠵᠢ ᠦᠨᠡᠨᠬᠦ ᠴᠢᠩᠭ᠋ᠠᠳᠬᠠᠨ᠂ ᠶᠠᠪᠣᠴᠠ᠎ᠳᠠᠬᠢ ᠪᠠ ᠡᠴᠦᠰ᠎ᠤᠨ ᠳ᠋ᠦᠩ᠎ᠤᠨ ᠬᠢᠨᠡᠯᠳᠡ ᠬᠠᠮᠢᠶᠠᠷᠣᠯᠳᠡ᠎ᠪᠠᠨ ᠴᠢᠩᠭ᠋ᠠᠷᠠᠭᠤᠯᠣᠨ᠎ᠠ᠃ ᠵᠠᠰᠠᠭ᠎ᠤᠨ ᠣᠷᠳᠣᠨ᠎ᠤ ᠪᠠᠶ᠋ᠢᠭᠤᠯᠣᠮᠵᠢ ᠵᠢᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠦᠨ᠂ ᠠᠵᠢᠯ ᠦᠢ᠍ᠯᠡᠰ᠎ᠤᠨ ᠨᠢᠭᠡᠴᠡ ᠵᠢᠨ ᠲᠦᠷᠦᠯ ᠬᠤᠪᠢᠶᠠᠬᠤ ᠦᠭᠡᠷᠡᠴᠢᠯᠡᠯᠳᠡ ᠵᠢ ᠲᠦᠷᠭᠡᠳᠭᠡᠨ᠎ᠡ᠃ ᠬᠠᠥᠯᠢ ᠶᠣᠰᠣᠭ᠋ᠠᠷ ᠵᠠᠰᠠᠭ ᠶᠠᠪᠣᠭᠤᠯᠬᠤ ᠬᠢᠷᠢ ᠬᠡᠮᠵᠢᠶ᠎ᠡ ᠵᠢ ᠲᠡᠭᠡᠭᠰᠢᠯᠡᠬᠦᠯᠵᠦ᠂ ᠠᠷᠡᠳ᠎ᠤᠨ ᠲᠦᠯᠦᠭᠡᠯᠡᠭᠴᠢᠳ᠎ᠤᠨ ᠶᠡᠭᠡ ᠬᠤᠷᠡᠯ ᠬᠢᠭᠡᠳ ᠲᠡᠭᠦᠨ᠎ᠤ ᠪᠠᠶ᠋ᠢᠩᠭᠤ ᠵᠢᠨ ᠬᠤᠷᠢᠶ᠎ᠡ᠂ ᠠᠷᠡᠳ᠎ᠤᠨ ᠣᠯᠣᠰ ᠲᠦᠷᠦ ᠵᠢᠨ ᠵᠦᠪᠯᠡᠯᠭᠡᠨ ᠪᠣᠯᠣᠨ ᠨᠡᠶ᠋ᠢᠬᠡᠮ᠎ᠤᠨ ᠡᠯ᠎ᠡ ᠡᠳᠡᠭᠡᠳ᠎ᠤᠨ ᠬᠢᠨ᠎ᠤ ᠬᠢᠨᠡᠯᠳᠡ ᠲᠠᠯᠪᠢᠬᠤ ᠵᠢ ᠣᠬᠠᠮᠰᠠᠷ᠎ᠠᠴᠠ᠎ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠦ ᠦᠢ᠍ᠯᠡᠳᠪᠦᠷᠢ ᠬᠤᠳᠠᠯᠳᠣᠭ᠋ᠠᠨ᠎ᠤ ᠬᠤᠯᠪᠣᠭ᠎ᠠ᠂ ᠨᠠᠮ ᠪᠦᠯᠦᠭ᠎ᠤᠨ ᠪᠣᠰᠣ ᠬᠦᠮᠦᠰ᠎ᠤᠨ ᠰᠠᠨᠠᠯ᠎ᠢ ᠦᠷᠭᠡᠨ ᠵᠶ᠋ᠠᠷ ᠰᠣᠨᠣᠰᠣᠨ᠎ᠠ᠃ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠬᠦᠯᠬᠦ ᠪᠠᠶ᠋ᠢᠭᠤᠯᠣᠯᠤᠨ ᠦᠭᠡᠷᠡᠴᠢᠯᠡᠯᠳᠡ ᠵᠢ ᠬᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠬᠦᠯᠬᠦ ᠦᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠵᠢᠷᠣᠮᠵᠢᠭᠤᠯᠣᠨ᠎ᠠ᠃ ᠵᠢᠷᠣᠮᠵᠢᠯ᠎ᠤᠨ ᠴᠢᠨᠠᠷᠳᠡᠢ ᠪᠢᠴᠢᠭ ᠮᠠᠲ᠋ᠧᠷᠢᠶᠡᠯᠢ ᠬᠢᠨᠡᠨ ᠪᠠᠶ᠋ᠢᠴᠠᠭ᠋ᠠᠬᠤ ᠲᠣᠭᠳᠠᠴᠠ ᠵᠢ ᠲᠡᠭᠦᠯᠳᠡᠷᠵᠢᠭᠦᠯᠦᠨ ᠵᠢᠷᠣᠮᠵᠢᠭᠤᠯᠵᠦ᠂ ᠵᠠᠰᠠᠭ ᠵᠠᠬᠢᠷᠭ᠋ᠠᠨ᠎ᠤ ᠲᠦᠷᠢᠮ ᠲᠣᠭᠳᠠᠭ᠋ᠠᠯ ᠪᠣᠯᠣᠨ ᠵᠢᠷᠣᠮᠵᠢᠯ᠎ᠤᠨ ᠴᠢᠨᠡᠷᠳᠡᠢ ᠪᠢᠴᠢᠭ ᠮᠠᠲ᠋ᠧᠷᠢᠶᠡᠯᠢ ᠲᠠᠩᠰᠠᠯᠠᠭᠤᠯᠣᠨ ᠬᠢᠨᠡᠨ ᠪᠠᠶ᠋ᠢᠴᠠᠭ᠋ᠠᠬᠤ ᠲᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠨᠡᠶ᠋ᠢᠬᠡᠮ ᠤᠨ ᠬᠠᠥᠯᠢ ᠲᠦᠭᠡᠮᠡᠯᠵᠢᠬᠦᠯᠬᠦ ᠬᠦᠮᠦᠵᠢᠯ᠎ᠤᠨ ᠲᠣᠭᠳᠠᠴᠠ ᠵᠢ ᠪᠦᠷᠢᠨᠰᠢᠬᠦᠯᠵᠦ᠂ ᠪᠦᠬᠦ ᠠᠷᠡᠳ᠎ᠤᠨ ᠬᠠᠥᠯᠢ᠎ᠪᠠᠷ ᠵᠠᠰᠠᠬᠤ ᠦᠵᠡᠯᠳᠡ ᠵᠢ ᠨᠡᠮᠡᠭᠳᠡᠭᠦᠯᠦᠨ᠎ᠡ᠃ ᠵᠠᠰᠠᠭ᠎ᠤᠨ ᠶᠠᠪᠣᠳᠠᠯ᠎ᠢ ᠢᠯᠡ ᠪᠣᠯᠭ᠋ᠠᠬᠤ ᠡᠷᠴᠢᠮ᠎ᠢ ᠨᠡᠮᠡᠭᠳᠡᠭᠦᠯᠵᠦ᠂ ᠡᠨᠡ ᠵᠢᠯ᠎ᠳᠤ ᠬᠠᠭ᠋ᠠᠰ᠎ᠠᠴᠠ ᠲᠡᠭᠡᠭᠰᠢᠬᠢ ᠠᠶ᠋ᠢᠮᠠᠭ ᠬᠤᠳᠡ᠂ ᠬᠤᠰᠢᠭᠤ ᠰᠢᠶᠡᠨ᠎ᠤ 《ᠠᠯᠪᠠᠨ᠎ᠤ ᠭᠤᠷᠪᠠᠨ ᠵᠦᠢ᠍ᠯ᠎ᠤᠨ ᠵᠠᠷᠣᠳᠠᠯ》᠎ᠢ ᠨᠡᠶ᠋ᠢᠭᠡᠮ᠎ᠳᠤ ᠢᠯᠡ ᠪᠣᠯᠭ᠋ᠠᠨ᠎ᠠ᠃ ᠦᠪᠡᠷᠳᠡᠭᠡᠨ ᠵᠠᠰᠠᠬᠤ ᠣᠷᠣᠨ᠂ ᠠᠶ᠋ᠢᠮᠠᠭ ᠬᠤᠳᠡ᠂ ᠬᠤᠰᠢᠭᠤ ᠰᠢᠶᠡᠨ ᠭᠤᠷᠪᠠᠨ ᠱᠠᠳᠣᠨ᠎ᠤ ᠵᠠᠰᠠᠭ᠎ᠤᠨ ᠶᠠᠪᠣᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠬᠦᠯᠵᠦ᠂ ᠪᠦᠬᠦ ᠣᠷᠣᠨ᠎ᠤ ᠨᠢᠭᠡᠳᠣᠯᠳᠡᠢ᠎ᠪᠠᠷ ᠰᠦᠯᠵᠢᠶᠡᠨ ᠲᠡᠭᠡᠷ᠎ᠡ ᠠᠵᠢᠯ ᠡᠷᠬᠢᠯᠡᠬᠦ ᠶᠡᠭᠡ ᠲᠠᠩᠬᠢᠮ᠎ᠢ ᠪᠠᠶ᠋ᠢᠭᠤᠯᠵᠦ᠂ ᠲᠦᠪᠯᠡᠷᠡᠭᠦᠯᠦᠨ ᠭᠦᠢ᠍ᠴᠡᠳᠭᠡᠬᠦ ᠪᠡ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠣᠨ᠎ᠠ᠃ ᠦᠨᠳᠣᠰᠣᠨ ᠱᠠᠳᠣᠨ᠎ᠤ ᠵᠠᠰᠠᠭ᠎ᠤᠨ ᠶᠠᠪᠣᠳᠠᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠡᠭᠡᠭᠰᠢᠯᠡᠬᠦᠯᠦᠨ᠂ ᠣᠯᠠᠨ ᠲᠦᠮᠡᠨ᠎ᠳᠤ ᠲᠦᠭᠦᠮ ᠲᠦᠳᠡ ᠲᠦᠷᠭᠡᠨ ᠦᠢ᠍ᠯᠡᠴᠢᠯᠡᠭᠡ ᠬᠠᠩᠭ᠋ᠠᠨ᠎ᠠ᠃ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠲᠣᠭᠳᠠᠭ᠋ᠠᠬᠤ ᠲᠦᠷᠢᠮ᠎ᠢ ᠪᠦᠷᠢᠨᠰᠢᠬᠦᠯᠵᠦ᠂ ᠣᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠣᠰᠠ᠎ᠳᠤ ᠬᠤᠯᠪᠣᠭᠳᠠᠬᠤ ᠴᠢᠬᠤᠯᠠ ᠶᠡᠭᠡ ᠰᠢᠢ᠍ᠳᠪᠦᠷᠢᠳᠦ ᠪᠣᠳᠣᠯᠭ᠎ᠠ ᠲᠣᠭᠳᠠᠭ᠋ᠠᠬᠤ᠎ᠳᠤ ᠡᠷᠬᠡᠪᠰᠢ ᠣᠯᠠᠨ ᠲᠦᠮᠡᠨ᠎ᠤ ᠰᠠᠨᠠᠯ᠎ᠢ ᠬᠤᠷᠢᠶᠡᠵᠦ᠂ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠲᠣᠭᠳᠠᠭ᠋ᠠᠬᠤ ᠵᠢᠨ ᠰᠢᠨᠵᠢᠯᠡᠬᠦ ᠣᠬᠠᠭ᠋ᠠᠨᠴᠢᠯᠠᠯᠳᠠ᠂ ᠠᠷᠡᠳᠴᠢᠯᠠᠯᠳᠠ ᠪᠠ ᠬᠠᠥᠯᠢ ᠲᠦᠷᠢᠮᠵᠢᠯᠳᠡ ᠵᠢᠨ ᠬᠢᠷᠢ ᠬᠡᠮᠵᠢᠶ᠎ᠡ ᠵᠢ ᠲᠡᠭᠡᠭᠰᠢᠯᠡᠬᠦᠯᠦᠨ᠎ᠡ᠃ ᠭᠤᠷᠪᠠᠳᠣᠭ᠋ᠠᠷ ᠣᠳᠠᠭ᠋ᠠᠨ᠎ᠤ ᠠᠵᠦ ᠠᠬᠤᠢ ᠵᠢᠨ ᠨᠡᠶ᠋ᠢᠳᠡᠮ ᠪᠠᠶ᠋ᠢᠴᠠᠭ᠋ᠠᠯᠳᠠ ᠵᠢᠨ ᠠᠵᠢᠯ᠎ᠢ ᠬᠢᠨᠠᠮᠠᠭ᠋ᠠᠢ ᠰᠠᠶ᠋ᠢᠳᠣᠷ ᠬᠢᠵᠦ᠂ ᠪᠦᠬᠦ ᠪᠠᠶ᠋ᠢᠳᠠᠯ᠎ᠢ᠎ᠨᠢ ᠣᠯᠠᠮ ᠨᠢᠬᠡ ᠠᠯᠬᠤᠮ ᠲᠣᠳᠣᠷᠬᠠᠢ ᠣᠶ᠋ᠢᠯᠠᠭ᠋ᠠᠨ᠎ᠠ᠃ 《ᠶᠡᠭᠡ ᠪᠠᠷ ᠨᠠᠶ᠋ᠢᠳᠠᠪᠣᠷᠢᠵᠢᠭᠤᠯᠬᠤ》 ᠠᠵᠢᠯᠯᠠᠭ᠎ᠠ ᠵᠢ ᠭᠦᠨᠵᠡᠬᠡᠢ ᠦᠷᠨᠢᠭᠦᠯᠵᠦ᠂ ᠴᠢᠬᠤᠯᠠ ᠶᠡᠭᠡ ᠰᠢᠢ᠍ᠳᠪᠦᠷᠢᠳᠦ ᠪᠣᠳᠣᠯᠭ᠎ᠠ᠂ ᠲᠣᠰᠬᠠᠢ ᠵᠦᠢ᠍ᠯ᠎ᠤᠨ ᠲᠦᠯᠦᠪᠵᠢᠭᠦᠯᠬᠡ᠂ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ ᠰᠢᠮᠳᠠᠭᠤᠯᠣᠨ ᠪᠠᠶ᠋ᠢᠴᠠᠭ᠋ᠠᠬᠤ ᠪᠠ ᠲᠣᠬᠢᠷᠠᠭᠤᠯᠬᠤ ᠵᠢ ᠴᠢᠩᠭ᠋ᠠᠳᠬᠠᠵᠦ᠂ ᠡᠯ᠎ᠡ ᠵᠦᠢ᠍ᠯ᠎ᠤᠨ ᠠᠵᠢᠯ᠎ᠢ ᠨᠠᠶ᠋ᠢᠳᠠᠪᠣᠷᠢᠵᠢᠭᠤᠯᠣᠨ ᠪᠣᠳᠠᠳᠠᠶ᠋ᠢᠵᠢᠭᠤᠯᠬᠤ ᠵᠢ ᠦᠨᠡᠨᠬᠦ ᠪᠠᠳᠣᠯᠠᠨ᠎ᠠ᠃ 《ᠨᠠᠮ ᠵᠠᠰᠠᠭ᠎ᠤᠨ ᠪᠠᠶ᠋ᠢᠭᠤᠯᠣᠯᠭᠠ ᠰᠠᠶ᠋ᠢᠳᠣᠷ ᠭᠠᠮᠨᠠᠨ ᠠᠷᠪᠢᠯᠠᠵᠦ ᠪᠦᠷᠢᠯᠭᠡᠨ ᠰᠦᠢ᠍ᠳᠭᠡᠬᠦ ᠵᠢ ᠡᠰᠡᠷᠭᠦᠴᠡᠬᠦ ᠲᠣᠭᠳᠠᠭ᠋ᠠᠯ》᠎ᠢ ᠴᠢᠩᠭ᠎ᠠ ᠵᠢᠷᠣᠮᠯᠠᠨ᠂ 《ᠠᠯᠪᠠᠨ᠎ᠤ ᠭᠤᠷᠪᠠᠨ ᠵᠦᠢ᠍ᠯ᠎ᠤᠨ ᠵᠠᠷᠣᠳᠠᠯ》 ᠪᠠ ᠡᠩ ᠤᠨ ᠴᠢᠨᠡᠷᠳᠡᠢ ᠵᠠᠷᠣᠯᠭ᠎ᠠ ᠵᠢ ᠣᠯᠠᠮ ᠨᠢᠬᠡ ᠠᠯᠬᠤᠮ ᠪᠠᠭ᠋ᠠᠰᠬᠠᠵᠦ᠂ ᠵᠠᠰᠠᠭ᠎ᠤᠨ ᠣᠷᠳᠣᠨ᠎ᠤ ᠰᠢᠨᠵᠢ᠎ᠲᠠᠢ ᠠᠰᠠᠷ ᠲᠠᠩᠬᠢᠮ ᠪᠠᠭᠤᠳᠠᠯ ᠭᠠᠵᠠᠷ᠎ᠢ ᠰᠢᠨ᠎ᠡ᠎ᠪᠠᠷ ᠪᠠᠶ᠋ᠢᠭᠤᠯᠬᠤ ᠦᠬᠡᠢ᠂ ᠡᠳ᠋᠎ᠤᠨ ᠵᠰᠠᠭ᠎ᠠᠴᠠ ᠴᠠᠯᠢᠩ ᠬᠦᠯᠦᠰᠦ ᠵᠢ᠎ᠨᠢ ᠦᠭᠭᠦ ᠬᠦᠮᠦᠰ᠎ᠢ ᠨᠡᠮᠡᠭᠳᠡᠭᠦᠯᠬᠦ ᠦᠬᠡᠢ᠂ ᠪᠠᠷᠢᠮᠵᠢᠶ᠎ᠠ᠎ᠠᠴᠠ ᠬᠡᠳᠦᠷᠡᠭᠰᠡᠨ ᠠᠯᠪᠠᠯᠠᠬᠤ ᠭᠡᠷ ᠪᠠ ᠪᠠᠷᠢᠮᠵᠢᠶ᠎ᠠ᠎ᠠᠴᠠ ᠬᠡᠳᠦᠷᠡᠭᠰᠡᠨ ᠣᠷᠣᠨ ᠲᠤᠭ᠎ᠠ᠎ᠠᠴᠠ ᠬᠡᠳᠦᠷᠡᠭᠰᠡᠨ ᠠᠯᠪᠠᠨ᠎ᠤ ᠲᠡᠷᠭᠡ ᠵᠢ ᠪᠦᠬᠦ ᠲᠠᠯ᠎ᠠ᠎ᠪᠠᠷ ᠢᠯᠭ᠋ᠠᠷᠠᠭᠤᠯᠣᠨᠠ᠃ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠠ ᠢᠯᠵᠢᠷᠡᠮᠡᠯᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠦᠷᠨᠢᠬᠦᠯᠵᠦ᠂ ᠵᠠᠰᠠᠭ ᠵᠠᠬᠢᠷᠭ᠋ᠠᠨ᠎ᠤ ᠡᠷᠬᠡ᠎ᠳᠤ ᠬᠢᠵᠠᠭ᠋ᠠᠷᠯᠠᠯ ᠬᠢᠵᠦ ᠬᠢᠨᠡᠯᠳᠡ ᠲᠠᠯᠪᠢᠬᠤ ᠵᠢ ᠴᠢᠩᠭ᠋ᠠᠷᠠᠭᠤᠯᠣᠨ᠂ ᠲᠦᠷᠢᠮ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠨᠡᠮᠡᠭᠳᠡᠭᠦᠯᠦᠨ᠂ ᠣᠯᠠᠨ ᠨᠡᠶ᠋ᠢᠳᠡ ᠵᠢᠨ ᠡᠬᠢ ᠪᠠᠶᠠᠯᠢᠭ᠎ᠢ ᠠᠷᠠᠯᠵᠢᠶᠠᠯᠠᠬᠤ ᠲᠠᠪᠴᠠᠩ᠎ᠤᠨ ᠪᠠᠶ᠋ᠢᠭᠤᠯᠣᠯᠳᠠ ᠵᠢ ᠲᠦᠷᠭᠡᠳᠭᠡᠵᠦ᠂ ᠭᠤᠣᠯᠳᠠᠯᠭ᠎ᠠ᠎ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ᠎ᠲᠠᠢ ᠲᠦᠷᠦᠯ ᠵᠦᠢ᠍ᠯ᠂ ᠭᠤᠣᠯᠳᠠᠯᠭ᠎ᠠ᠎ᠲᠠᠢ ᠪᠡᠯᠡ ᠮᠦᠩᠬᠦ ᠳᠤ ᠬᠢᠨᠠᠨ ᠪᠣᠳᠣᠵᠦ ᠬᠢᠨᠠᠯᠳᠠ ᠲᠠᠯᠪᠢᠬᠤ ᠵᠢ ᠴᠢᠩᠭ᠋ᠠᠳᠬᠠᠨ᠂ ᠢᠯᠵᠢᠷᠡᠯ ᠬᠢᠯᠪᠠᠷᠬᠠᠨ ᠡᠭᠦᠰᠬᠦ ᠣᠯᠠᠨᠳᠠ ᠡᠭᠦᠰᠬᠦ ᠬᠦᠷᠢᠶ᠎ᠡ ᠬᠡᠪᠴᠢᠶᠡᠨ᠎ᠤ ᠦᠭᠡᠷᠡᠴᠢᠯᠡᠯᠳᠡ ᠵᠢ ᠲᠦᠯᠬᠢᠨ ᠠᠬᠢᠭᠤᠯᠵᠦ᠂ ᠡᠷᠬᠡ ᠵᠢ ᠲᠦᠷᠢᠮ ᠤᠨ 《 ᠬᠤᠨᠣᠭᠤᠷᠢ 》 ᠳᠤ ᠬᠤᠷᠢᠵᠦ ᠲᠠᠯᠪᠢᠨ᠎ᠠ᠃
2017 ᠣᠨ᠎ᠳᠤ ᠪᠢᠳᠡ ᠦᠪᠡᠷᠳᠡᠭᠡᠨ ᠵᠠᠰᠠᠬᠤ ᠣᠷᠣᠨ ᠪᠠᠶ᠋ᠢᠭᠤᠯᠣᠭᠳᠠᠭᠰᠠᠨ 70 ᠵᠢᠯ᠎ᠤᠨ ᠣᠢ ᠵᠢᠨ ᠦᠪᠡᠳᠡᠭᠰᠢ ᠶᠡᠭᠡ ᠪᠠᠶᠠᠷ᠎ᠢ ᠣᠭᠳᠣᠬᠤ ᠪᠣᠯᠣᠨ᠎ᠠ᠃ ᠠᠷᠡᠳ᠎ᠤᠨ ᠠᠮᠢᠳᠣᠷᠡᠯᠢ ᠡᠩ ᠲᠡᠷᠢᠬᠦᠨ᠎ᠳᠤ ᠪᠠᠶ᠋ᠢᠯᠭ᠋ᠠᠬᠤ᠂ ᠪᠣᠳᠠᠳᠠᠢ ᠵᠢ ᠡᠷᠬᠢᠮᠯᠡᠨ ᠠᠷᠪᠢᠯᠠᠨ ᠭᠠᠮᠨᠠᠬᠤ᠂ ᠴᠢᠳᠠᠯ᠎ᠤᠨ ᠬᠢᠷᠢ᠎ᠪᠠᠷ ᠵᠶ᠋ᠠᠨ ᠬᠢᠬᠦ ᠵᠠᠷᠴᠢᠮ᠎ᠤᠨ ᠶᠣᠰᠣᠭ᠋ᠠᠷ᠂ ᠰᠠᠭᠤᠷᠢ ᠪᠡᠯᠡᠳᠭᠡᠮᠵᠢ᠂ ᠠᠵᠦ ᠦᠢ᠍ᠯᠡᠰ᠎ᠤᠨ ᠬᠦᠭᠵᠢᠯᠳᠡ᠂ ᠬᠤᠳᠡ ᠬᠦᠳᠡᠭᠡ ᠵᠢᠨ ᠪᠦᠳᠦᠭᠡᠨ ᠪᠠᠶ᠋ᠢᠭᠤᠯᠣᠯᠳᠠ᠂ ᠠᠮᠢ ᠠᠬᠤᠢ ᠵᠢᠨ ᠬᠠᠮᠠᠭ᠋ᠠᠯᠠᠯᠳᠠ᠂ ᠠᠷᠡᠳ᠎ᠤᠨ ᠠᠮᠢᠳᠣᠷᠡᠯ᠎ᠤᠨ ᠪᠠᠳᠣᠯᠠᠭ᠎ᠠ᠂ ᠦᠭᠡᠷᠡᠴᠢᠯᠡᠯᠳᠡ ᠨᠡᠭᠡᠭᠡᠯᠳᠡ ᠪᠣᠯᠣᠨ ᠣᠷᠣᠨ ᠪᠦᠰᠡ ᠵᠢᠨ ᠵᠣᠬᠢᠴᠠᠩᠭᠤᠢ᠎ᠪᠠᠷ ᠬᠦᠭᠵᠢᠬᠦ ᠵᠢ ᠠᠬᠢᠭᠤᠯᠬᠤ ᠵᠡᠷᠬᠡ ᠬᠦᠷᠢᠶ᠎ᠡ ᠬᠡᠪᠴᠢᠶᠡᠨ᠎ᠤ ᠨᠢᠬᠡ ᠪᠦᠯᠦᠭ ᠴᠢᠬᠤᠯᠠ ᠶᠡᠭᠡ ᠢᠨᠵᠧᠨᠧᠷᠢᠩ ᠪᠠ ᠲᠦᠷᠦᠯ ᠵᠦᠢ᠍ᠯ᠎ᠢ ᠰᠦᠪᠡᠭᠴᠢᠯᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ᠎ᠤ 70 ᠵᠢᠯ᠎ᠤᠨ ᠣᠢ᠎ᠳᠤ ᠪᠡᠯᠡᠭ ᠪᠣᠯᠭ᠋ᠠᠨ᠂ ᠦᠨᠳᠣᠰᠣᠳᠡᠨᠨᠦᠭᠦᠳᠤᠨ ᠣᠯᠠᠨ ᠲᠦᠮᠡᠨ᠎ᠳᠤ ᠲᠡᠬᠦᠨ᠎ᠤ ᠲᠣᠮᠳᠠ᠎ᠠᠴᠠ ᠪᠣᠳᠠᠳᠣ ᠠᠰᠢᠭ ᠬᠦᠷᠳᠡᠭᠡᠨ᠂ ᠨᠡᠶ᠋ᠢᠭᠡᠮ ᠵᠢᠷᠣᠮᠳᠣ ᠪᠠᠶ᠋ᠢᠭᠤᠯᠣᠯ ᠪᠠ ᠦᠨᠳᠣᠰᠣᠳᠡᠨ᠎ᠤ ᠣᠷᠣᠨ᠎ᠤ ᠦᠪᠡᠷᠳᠡᠭᠡᠨ ᠵᠠᠰᠠᠬᠤ ᠲᠦᠷᠢᠮ᠎ᠤᠨ ᠯᠣᠳᠣ ᠶᠡᠭᠡ ᠲᠠᠪᠠᠭᠤᠯᠢᠭ ᠴᠢᠨᠠᠷ᠎ᠢ ᠭᠦᠢ᠍ᠴᠡᠳ ᠬᠦᠷᠳᠡᠭᠡᠯᠭᠡᠨᠡ᠃
ᠲᠦᠯᠦᠭᠡᠯᠡᠭᠴᠢᠳ ᠡ᠂ ᠨᠠᠮ᠎ᠤᠨ ᠠᠷᠪᠠᠨ ᠨᠠᠶ᠋ᠢᠮᠠᠳᠣᠭ᠋ᠠᠷ ᠬᠤᠭᠤᠴᠠᠭ᠋ᠠᠨ᠎ᠤ ᠲᠦᠪ ᠬᠤᠷᠢᠶᠡᠨ᠎ᠤ ᠭᠤᠷᠪᠠᠳᠣᠭ᠋ᠠᠷ ᠪᠦᠭᠦᠳᠡ ᠬᠤᠷᠡᠯ᠎ᠠᠴᠠ ᠦᠭᠡᠷᠡᠴᠢᠯᠡᠯᠳᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠠᠷᠠᠯᠳᠠ ᠵᠢ ᠲᠣᠷᠠᠳᠣᠭᠰᠠᠨ ᠶᠠᠪᠣᠳᠠᠯ᠎ᠨᠢ ᠬᠦᠮᠦᠰ᠎ᠢ ᠵᠣᠷᠢᠭᠵᠢᠭᠤᠯᠣᠨ ᠬᠦᠴᠦᠯᠡᠨ ᠣᠷᠣᠭᠰᠢᠯᠠᠭᠤᠯᠵᠦ᠂ ᠦᠭᠡᠷᠡᠴᠢᠯᠡᠯᠳᠡ ᠨᠡᠭᠡᠭᠡᠯᠳᠡ ᠪᠠ ᠣᠳᠣᠬᠢᠴᠢᠯᠠᠬᠤ ᠪᠦᠳᠦᠭᠡᠨ ᠪᠠᠶ᠋ᠢᠭᠤᠯᠣᠯᠳᠡ ᠵᠢᠨ ᠰᠢᠨ᠎ᠡ ᠠᠶᠠᠨ ᠵᠠᠮ᠎ᠢ ᠨᠡᠭᠡᠭᠡᠭᠰᠡᠨ ᠶᠣᠮ᠃ ᠪᠢᠳᠡ ᠰᠢ ᠵᠢᠨ ᠫᠢᠩ ᠨᠦᠬᠦᠷ ᠵᠶ᠋ᠠᠷ ᠶᠡᠷᠦᠩᠬᠡᠢ ᠱᠦᠵᠢ ᠪᠣᠯᠭ᠋ᠠᠭᠰᠠᠨ ᠨᠠᠮ᠎ᠤᠨ ᠲᠦᠪ ᠬᠤᠷᠢᠶᠡᠨ᠎ᠤ ᠲᠣᠭᠤᠷᠢᠨ᠎ᠳᠤ ᠨᠡᠩ ᠨᠢᠭᠳᠠᠷᠠᠨ ᠪᠦᠯᠬᠦᠮᠳᠡᠵᠦ᠂ ᠢᠳᠡᠭᠡᠯ ᠵᠣᠷᠢᠭ ᠵᠶ᠋ᠠᠨ ᠪᠠᠳᠣᠳᠬᠠᠨ᠂ ᠴᠤᠭ ᠰᠦᠯᠳᠡ᠎ᠪᠠᠨ ᠪᠠᠳᠠᠷᠠᠭᠤᠯᠣᠨ᠂ ᠦᠨᠡᠨ᠎ᠢ ᠪᠠᠷᠢᠮᠳᠠᠯᠠᠨ ᠪᠣᠳᠠᠳᠠᠢ ᠵᠢ ᠡᠷᠬᠢᠮᠯᠡᠵᠦ᠂ ᠬᠦᠴᠢᠷ᠎ᠢ ᠰᠦᠷᠦᠨ ᠣᠷᠣᠭᠰᠢᠯᠠᠨ᠂ ᠦᠭᠡᠷᠡᠴᠢᠯᠡᠯᠳᠡ ᠬᠢᠬᠦ ᠬᠦᠭᠵᠢᠬᠦᠯᠬᠦ ᠲᠣᠭᠳᠠᠭᠤᠨ ᠪᠠᠶ᠋ᠢᠯᠭ᠋ᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠳᠣᠳᠠᠢ ᠰᠠᠶ᠋ᠢᠳᠣᠷ ᠬᠢᠵᠦ᠂ ᠴᠢᠨᠡᠭᠡᠯᠢᠭ ᠨᠡᠶ᠋ᠢᠭᠡᠮ ᠢ ᠪᠦᠬᠦ ᠲᠠᠯ᠎ᠠ᠎ᠪᠠᠷ ᠪᠠᠶ᠋ᠢᠭᠤᠯᠣᠨ ᠪᠦᠳᠦᠭᠡᠬᠦ᠂ ᠮᠠᠨ᠎ᠤ ᠣᠷᠣᠨ᠎ᠤ ᠰᠢᠨᠵᠢᠯᠡᠬᠦ ᠣᠬᠠᠭ᠋ᠠᠨᠴᠢ᠎ᠪᠠᠷ ᠬᠦᠭᠵᠢᠭᠰᠡᠨ᠂ ᠠᠷᠡᠳᠢ ᠪᠠᠶᠠᠵᠢᠭᠤᠯᠣᠨ ᠣᠷᠣᠨ ᠵᠶ᠋ᠠᠨ ᠬᠦᠴᠦᠷᠭᠡᠭᠵᠢᠭᠦᠯᠦᠭᠰᠡᠨ ᠰᠢᠨ᠎ᠡ ᠪᠠᠶ᠋ᠢᠳᠠᠯ᠎ᠢ ᠬᠦᠴᠦᠯᠡᠨ ᠪᠣᠢ ᠪᠣᠯᠭ᠋ᠠᠬᠤ ᠵᠢᠨ ᠲᠦᠯᠦᠭᠡ ᠴᠢᠷᠮᠠᠶ᠋ᠢᠨ ᠲᠡᠮᠡᠴᠡᠵᠡᠭᠡᠶ᠎ᠡ!