ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
2023 ᠤᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠡᠶ᠋ᠢᠲᠡᠯᠡᠭᠰᠡᠨ ᠴᠠᠭ᠄ 2023-03-20

      ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ

            — 2023 ᠣᠨ᠎ᠤ 3 ᠰᠠᠷ᠎ᠠ ᠵᠢᠨ 5᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠳᠡᠭᠡᠷ᠎ᠡ
            ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ   ᠯᠢ ᠺᠧ ᠴᠢᠶᠠᠩ


ᠲᠥᠯᠥᠭᠡᠯᠡᠭᠴᠢᠳ ᠠ᠋᠄
      ᠲᠣᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠲᠤᠰᠢᠶᠠᠯ᠎ᠤᠨ ᠬᠤᠭᠤᠴᠠᠭ᠎ᠠ ᠤᠳᠠᠯ ᠦᠭᠡᠢ ᠳᠠᠭᠤᠰᠬᠤ ᠭᠡᠵᠦ ᠪᠠᠢ᠌ᠨ᠎ᠠ᠃ ᠤᠳᠤ ᠪᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠠᠴᠠ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠴᠦ᠍ ᠰᠠᠨᠠᠯ ᠵᠶ᠋ᠠᠨ ᠳᠤᠷᠠᠳᠬᠤ ᠪᠣᠯᠪᠠ ᠤᠤ᠃
      ᠨᠢᠭᠡ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ᠎ᠤᠨ ᠠᠵᠢᠯ᠎ᠤᠨ ᠡᠷᠭᠢᠴᠡᠭᠦᠯᠦᠯ
     2022 ᠣᠨ ᠪᠣᠯ ᠨᠠᠮ ᠪᠣᠯᠣᠨ ᠤᠯᠤᠰ᠎ᠤᠨ ᠲᠡᠦᠬᠡᠨ ᠳᠡᠭᠡᠷᠡᠬᠢ ᠲᠤᠢ᠌ᠯ᠎ᠤᠨ ᠴᠢᠬᠤᠯᠠ ᠨᠢᠭᠡ ᠵᠢᠯ ᠪᠣᠯᠣᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ ᠢᠯᠠᠯᠲᠠ᠎ᠲᠠᠢ᠎ᠪᠠᠷ ᠬᠤᠷᠠᠯᠳᠤᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠤᠭ᠎ᠠ ᠵᠢᠷᠤᠭ ᠲᠥᠰᠥᠪ᠎ᠢ ᠵᠢᠷᠤᠭᠯᠠᠪᠠ᠃ ᠰᠠᠯᠬᠢ ᠳᠠᠪᠠᠯᠭ᠋ᠠᠨ ᠶᠡᠬᠡᠲᠡᠢ ᠣᠯᠠᠨ ᠤᠯᠤᠰ᠎ᠤᠨ ᠣᠷᠴᠢᠨ ᠨᠥᠬᠥᠴᠡᠯ ᠪᠣᠯᠣᠨ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠢ᠌ᠯᠭ᠋ᠠᠬᠤ ᠬᠠᠲᠠᠭᠤ ᠪᠡᠷᠬᠡ ᠡᠭᠦᠷᠭᠡ ᠵᠢᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠦᠴᠢᠷ᠎ᠢ ᠰᠥᠷᠦᠨ ᠤᠷᠤᠭᠰᠢᠯᠠᠵᠤ᠂ ᠬᠢᠵᠢᠭ᠎ᠢ ᠰᠡᠷᠭᠡᠢ᠌ᠯᠡᠵᠦ ᠴᠢᠳᠠᠬᠤ᠂ ᠠᠵᠤ ᠠᠬᠤᠢ ᠵᠢ ᠲᠣᠭᠲᠠᠭᠤᠨ ᠪᠠᠢ᠌ᠯᠭ᠋ᠠᠬᠤ᠂ ᠠᠮᠤᠷ ᠲᠦᠪᠰᠢᠨ ᠵᠶ᠋ᠠᠷ ᠬᠥᠭᠵᠢᠭᠦᠯᠬᠦ ᠱᠠᠭ᠋ᠠᠷᠳᠠᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠬᠣᠷᠸ᠎ᠠ ᠲᠣᠬᠢᠷᠠᠭᠤᠯᠤᠯ ᠡᠵᠡᠮᠳᠡᠯ᠎ᠤᠨ ᠡᠷᠴᠢᠮ᠎ᠢ ᠴᠢᠩᠭ᠋ᠠᠷᠠᠭᠤᠯᠵᠤ᠂ ᠠᠵᠤ ᠠᠬᠤᠢ ᠵᠢᠨ ᠠᠵᠢᠯᠯᠠᠭ᠋ᠠᠨ᠎ᠢ ᠲᠣᠭᠲᠠᠭᠤᠨ ᠵᠶ᠋ᠠᠷ ᠶᠠᠪᠤᠭᠳᠠᠭᠤᠯᠬᠤ᠂ ᠬᠥᠭᠵᠢᠯᠲᠡ ᠵᠢᠨ ᠶᠠᠰᠤ ᠴᠢᠨᠠᠷ᠎ᠢ ᠯᠠᠪᠳᠠᠭᠤᠨ ᠵᠶ᠋ᠠᠷ ᠳᠡᠭᠡᠭᠰᠢᠯᠡᠭᠦᠯᠭᠦ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠢ᠌ᠳᠠᠯ᠎ᠢ ᠪᠠᠲᠤᠯᠠᠬᠤ ᠵᠢ ᠪᠡᠶᠡᠯᠡᠭᠦᠯᠦᠭᠡᠳ᠂ ᠮᠠᠨ᠎ᠤ ᠤᠯᠤᠰ᠎ᠤᠨ ᠬᠥᠭᠵᠢᠯᠲᠡ ᠲᠤᠢ᠌ᠯ᠎ᠤᠨ ᠭᠢᠯᠪᠠᠷ ᠪᠤᠰᠤ ᠰᠢᠨ᠎ᠡ ᠠᠮᠵᠢᠯᠲᠠ ᠪᠦᠲᠦᠮᠵᠢ ᠵᠢ ᠣᠯᠪᠠ᠃
      ᠥᠩᠭᠡᠷᠡᠭᠰᠡᠨ ᠨᠢᠭᠡ ᠵᠢᠯ᠎ᠳᠤ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠬᠢᠵᠢᠭ᠎ᠤᠨ ᠪᠠᠢ᠌ᠳᠠᠯ ᠵᠡᠷᠭᠡ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠤᠯᠠᠨ ᠳᠠᠪᠬᠤᠷ ᠵᠢᠱ᠌ᠢᠯᠲᠡ᠎ᠠᠴᠠ ᠳᠠᠪᠠᠭᠰᠠᠨ ᠬᠦᠴᠦᠨ ᠵᠦᠢ᠍ᠯ᠎ᠤᠨ ᠳᠠᠭ᠋ᠠᠷᠢᠯᠲᠠ᠎ᠳᠤ ᠤᠴᠠᠷᠠᠪᠠ᠃ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠥᠨᠳᠥᠷ ᠪᠦᠲᠦᠮᠵᠢᠲᠡᠶ᠎ᠪᠠᠷ ᠨᠢᠭᠡᠳᠦᠯᠲᠡᠢ ᠲᠥᠯᠥᠪᠯᠡᠵᠦ᠂ ᠸᠢᠷᠦ᠋ᠰ᠎ᠤᠨ ᠬᠤᠪᠢᠷᠠᠯᠲᠠ ᠪᠣᠯᠣᠨ ᠬᠢᠵᠢᠭ᠎ᠢ ᠰᠡᠷᠭᠡᠢ᠌ᠯᠡᠬᠦ ᠪᠠᠢ᠌ᠳᠠᠯ᠎ᠢ ᠦᠨᠳᠦᠰᠦᠯᠡᠨ᠂ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠪᠠ᠃ ᠠᠵᠤ ᠠᠬᠤᠢ ᠵᠢᠨ ᠰᠢᠨ᠎ᠡ ᠪᠠᠭᠤᠷᠠᠯᠲᠠ ᠵᠢᠨ ᠳᠠᠷᠤᠯᠲᠠ ᠵᠢᠨ ᠡᠮᠦᠨ᠎ᠡ᠂ ᠡᠷᠡᠰ ᠰᠢᠭᠤᠷᠬᠠᠢ᠎ᠪᠠᠷ ᠠᠷᠭ᠋ᠠᠴᠠᠭ᠋ᠠᠨ᠂ ᠴᠠᠭ ᠲᠤᠬᠠᠢ᠎ᠳᠤᠨᠢ ᠲᠣᠬᠢᠷᠠᠭᠤᠯᠤᠨ ᠡᠵᠡᠮᠳᠡᠵᠦ᠂ ᠣᠷᠴᠢᠮ᠎ᠤᠨ ᠵᠢᠯ᠎ᠳᠤ ᠨᠥᠭᠡᠴᠡᠯᠡᠭᠰᠡᠨ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠬᠡᠷᠡᠭᠯᠡᠨ᠂ ᠨᠢᠭᠡᠨᠲᠡ ᠲᠣᠭᠲᠠᠭᠰᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠤᠷᠢᠳᠴᠢᠯᠠᠨ ᠬᠡᠷᠡᠭᠵᠢᠭᠦᠯᠵᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠤᠢ᠌ᠪᠢᠰᠢ ᠦᠭᠡᠢ ᠠᠬᠢᠭᠤᠯᠤᠨ᠂ ᠠᠵᠤ ᠠᠬᠤᠢ ᠵᠢ ᠲᠣᠭᠲᠠᠭᠤᠨ ᠪᠠᠢ᠌ᠯᠭ᠋ᠠᠬᠤ ᠬᠠᠮ ᠲᠥᠷᠥ ᠵᠢᠨ ᠪᠣᠳᠣᠯᠭ᠎ᠠ ᠪᠣᠯᠣᠨ ᠵᠠᠯᠭ᠋ᠠᠮᠵᠢ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠵᠦ᠂ ᠠᠵᠤ ᠠᠬᠤᠢ ᠵᠢᠨ ᠶᠡᠬᠡ ᠲᠠᠯ᠎ᠠ ᠵᠢ ᠲᠣᠭᠲᠠᠭᠤᠨ ᠪᠠᠢ᠌ᠯᠭ᠋ᠠᠬᠤ ᠠᠵᠢᠯ᠎ᠢ ᠪᠠᠢ᠌ᠷᠢᠯᠠᠭᠤᠯᠤᠨ᠂ ᠣᠷᠣᠨ ᠨᠤᠲᠤᠭ᠎ᠤᠨ᠎ᠬᠢᠨ᠎ᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠬᠢᠨᠠᠨ ᠵᠢᠯᠤᠭᠣᠳᠬᠤ ᠪᠠ ᠲᠡᠭᠦᠨ᠎ᠳᠤ ᠦᠢ᠍ᠯᠡᠴᠢᠯᠡᠬᠦ᠎ᠪᠠᠨ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠤ ᠲᠥᠷᠥ ᠵᠢᠨ ᠪᠣᠳᠣᠯᠭ᠎ᠠ ᠵᠢᠨ ᠳᠠᠯᠳᠠ ᠬᠦᠴᠦᠨ᠎ᠢ ᠠᠭᠤᠳᠠᠯᠬᠤ᠎ᠪᠠᠷ ᠳᠡᠮᠵᠢᠨ᠂ ᠠᠵᠤ ᠠᠬᠤᠢ ᠵᠢᠨ ᠲᠣᠮᠣ ᠮᠤᠵᠢ ᠵᠢᠨ ᠵᠣᠷᠢᠭᠲᠠᠢ᠎ᠪᠠᠷ ᠬᠦᠨᠳᠦ ᠡᠭᠦᠷᠭᠡ ᠡᠭᠦᠷᠭᠡᠯᠡᠬᠦ ᠵᠢ ᠳᠠᠮᠵᠢᠵᠤ᠂ ᠨᠡᠮᠡᠭᠳᠡᠯ᠎ᠢ ᠲᠣᠭᠲᠠᠭᠤᠨ ᠪᠠᠢ᠌ᠯᠭ᠋ᠠᠬᠤ᠂ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ᠂ ᠪᠠᠷᠠᠭ᠋ᠠᠨ᠎ᠤ ᠦᠨ᠎ᠡ ᠵᠢ ᠲᠣᠭᠲᠠᠭᠤᠨ ᠪᠠᠢ᠌ᠯᠭ᠋ᠠᠬᠤ ᠵᠢ ᠲᠣᠪᠤᠢ᠌ᠯᠭ᠋ᠠᠨ᠂ ᠠᠵᠤ ᠠᠬᠤᠢ ᠵᠢᠨ ᠲᠣᠭᠲᠠᠪᠤᠷᠢᠵᠢᠨ ᠰᠡᠷᠭᠦᠨ ᠳᠡᠭᠡᠭᠰᠢᠯᠡᠬᠦ ᠵᠢ ᠠᠬᠢᠭᠤᠯᠪᠠ᠃ ᠪᠦᠭᠦ ᠵᠢᠯ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠥᠷᠲᠡᠭ 3%᠎ᠪᠠᠷ ᠨᠡᠮᠡᠭᠳᠡᠵᠦ᠂ ᠬᠤᠲᠠ ᠪᠠᠯᠭ᠋ᠠᠰᠤᠨ᠎ᠳᠤ ᠠᠵᠢᠯ ᠣᠯᠣᠭᠰᠠᠨ ᠬᠥᠮᠥᠨ 1206 ᠲᠦᠮᠡ ᠰᠢᠨ᠎ᠡ᠎ᠪᠠᠷ ᠨᠡᠮᠡᠭᠳᠡᠵᠦ᠂ ᠵᠢᠯ᠎ᠤᠨ ᠡᠴᠦᠰ᠎ᠤᠨ ᠬᠤᠳᠠ ᠪᠠᠯᠭ᠋ᠠᠰᠤᠨ᠎ᠤ ᠪᠠᠢ᠌ᠴᠠᠭ᠋ᠠᠭᠰᠠᠨ ᠠᠵᠢᠯ ᠠᠯᠳᠠᠯᠲᠠ ᠵᠢᠨ ᠨᠤᠷᠮ᠎ᠠ 5.5% ᠪᠤᠯᠲᠠᠯ᠎ᠠ ᠪᠠᠭᠤᠷᠠᠵᠤ᠂ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ 2% ᠵᠶ᠋ᠡᠷ ᠥᠰᠪᠡ᠃ ᠡᠳ᠋ ᠪᠠᠷᠠᠭ᠋ᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠣᠭ᠎ᠠ 7.7%᠎ᠪᠠᠷ ᠨᠡᠮᠡᠭᠳᠡᠪᠡ᠃ ᠡᠳ᠋᠎ᠤᠨ ᠵᠠᠰᠠᠭ᠎ᠤᠨ ᠤᠯᠠᠭ᠋ᠠᠨ ᠲᠣᠭ᠎ᠠ ᠵᠢᠨ ᠨᠤᠷᠮ᠎ᠠ ᠵᠢ 2.8%᠎ᠪᠠᠷ ᠬᠢᠵᠠᠭ᠋ᠠᠷᠯᠠᠵᠤ᠂ ᠲᠥᠪ᠎ᠤᠨ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠲᠥᠰᠥᠪ᠎ᠲᠤ ᠨᠡᠢ᠌ᠴᠡᠵᠦ᠂ ᠵᠠᠷᠤᠯᠭ᠎ᠠ ᠵᠢᠭ᠋ᠠᠬᠠᠨ ᠦᠯᠡᠳᠡᠪᠦᠷᠢ᠎ᠲᠠᠢ ᠪᠣᠯᠪᠠ᠃ ᠤᠯᠤᠰ᠎ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠢ᠌ᠵᠤ᠂ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠤᠷᠮ᠎ᠠ ᠪᠦᠭᠦ ᠪᠥᠮᠪᠥᠷᠴᠡᠭ᠎ᠤᠨ ᠭᠣᠣᠯ ᠭᠣᠣᠯ ᠵᠣᠭᠣᠰᠤᠨ᠎ᠤ ᠳᠣᠲᠣᠷ᠎ᠠ ᠬᠠᠷᠢᠴᠠᠩᠭᠤᠢ᠎ᠪᠠᠷ ᠲᠣᠭᠲᠠᠭᠤᠨ ᠪᠠᠢ᠌ᠨ᠎ᠠ᠃ ᠠᠮᠤ ᠪᠤᠳᠠᠭ᠋ᠠᠨ᠎ᠤ ᠤᠨᠠᠯᠲᠠ 1.37 ᠲᠦᠮᠡᠨ ᠳ᠋ᠦᠩᠰᠢᠭᠤᠷ ᠵᠢᠩ᠎ᠳᠤ ᠬᠦᠷᠴᠦ᠂ 74 ᠳ᠋ᠦᠩᠰᠢᠭᠤᠷ ᠵᠢᠩ ᠨᠡᠮᠡᠭᠳᠡᠪᠡ᠃ ᠠᠮᠢ ᠠᠬᠤᠢ ᠵᠢᠨ ᠣᠷᠴᠢᠨ ᠨᠥᠬᠥᠴᠡᠯ᠎ᠤᠨ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠪᠢᠳᠡ ᠬᠦᠴᠢᠷ᠎ᠢ ᠲᠤᠭᠤᠯᠤᠨ ᠪᠡᠷᠬᠡ ᠵᠢ ᠳᠠᠪᠠᠬᠤ ᠳᠤᠮᠳᠠ ᠠᠵᠤ ᠠᠬᠤᠢ ᠵᠢᠨ ᠶᠡᠬᠡ ᠲᠠᠯ᠎ᠠ ᠵᠢ ᠲᠣᠭᠲᠠᠪᠤᠷᠢᠵᠢᠭᠤᠯᠤᠨ᠂ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠣᠷᠴᠢᠨ ᠨᠥᠬᠥᠴᠡᠯ᠎ᠳᠤ ᠪᠦᠭᠦ ᠵᠢᠯ᠎ᠤᠨ ᠬᠥᠭᠵᠢᠯᠲᠡ ᠵᠢᠨ ᠭᠣᠣᠯ ᠭᠣᠣᠯ ᠬᠠᠷᠠᠯᠲᠠ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠮᠠᠨ᠎ᠤ ᠤᠯᠤᠰ᠎ᠤᠨ ᠠᠵᠤ ᠠᠬᠤᠢ ᠡᠷᠡᠰ ᠴᠢᠩᠭ᠎ᠠ ᠤᠶᠠᠨ ᠬᠠᠳᠠᠨ ᠴᠢᠨᠠᠷ ᠵᠶ᠋ᠠᠨ ᠢᠯᠡᠷᠡᠭᠦᠯᠦᠭᠰᠡᠨ ᠪᠠᠢ᠌ᠨ᠎ᠠ᠃
      ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ ᠰᠢᠷᠦᠭᠦᠰᠦᠭᠰᠡᠨ ᠪᠠᠢ᠌ᠳᠠᠯ᠎ᠳᠤ ᠴᠢᠭᠯᠡᠭᠦᠯᠦᠨ᠂ ᠬᠦᠴᠢᠷᠳᠡᠯ᠎ᠢ᠎ᠨᠢ ᠰᠢᠢ᠍ᠳᠪᠦᠷᠢᠯᠡᠨ ᠳᠡᠮᠵᠢᠭᠦ ᠡᠷᠴᠢᠮ ᠵᠶ᠋ᠠᠨ ᠴᠢᠩᠭ᠋ᠠᠷᠠᠭᠤᠯᠪᠠ᠃ ᠬᠢᠵᠢᠭ᠎ᠤᠨ ᠪᠠᠢ᠌ᠳᠠᠯ ᠵᠡᠷᠭᠡ ᠬᠦᠴᠦᠨ ᠵᠦᠢ᠍ᠯ᠎ᠤᠨ ᠳᠠᠭ᠋ᠠᠷᠢᠯᠲᠠ᠎ᠠᠴᠠ ᠪᠣᠯᠵᠤ᠂ ᠴᠥᠭᠡᠨ ᠪᠤᠰᠤ ᠠᠵᠤ ᠠᠬᠤᠢ᠌ᠯᠠᠯ ᠪᠣᠯᠣᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠣᠨᠴᠠᠭ᠋ᠠᠶ ᠬᠦᠴᠢᠷᠳᠡᠯ᠎ᠳᠤ ᠲᠤᠯᠭ᠋ᠠᠷᠠᠪᠠ᠃ ᠪᠦᠭᠦ ᠵᠢᠯ᠎ᠳᠤ ᠦᠷᠳᠡᠭ ᠨᠡᠮᠡᠭᠳᠡᠯ᠎ᠤᠨ ᠭᠠᠢ᠌ᠯᠢ ᠵᠢᠨ ᠦᠯᠡᠳᠡᠭᠰᠡᠨ ᠰᠠᠭᠤᠳᠬᠠᠯ ᠭᠠᠢ᠌ᠯᠢ ᠵᠢ ᠪᠤᠴᠠᠭ᠋ᠠᠭᠰᠠᠨ ᠲᠣᠭ᠎ᠠ 2.4 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠰᠢᠨ᠎ᠡ᠎ᠪᠠᠷ ᠨᠡᠮᠡᠭᠳᠡᠭᠰᠡᠨ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠤᠭᠰᠠᠨ ᠲᠣᠭ᠎ᠠ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠭᠠᠢ᠌ᠯᠢ ᠰᠦᠢ᠍ᠳᠬᠡᠯ᠎ᠢ ᠬᠣᠢ᠌ᠰᠢᠯᠠᠭᠤᠯᠤᠭᠰᠠᠨ ᠲᠣᠭ᠎ᠠ 7500 ᠭᠠᠷᠤᠢ ᠳ᠋ᠦᠩᠰᠢᠭᠤᠷ ᠲᠥᠭᠥᠷᠢᠭ᠎ᠲᠤ ᠭᠦᠷᠪᠡ᠃ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠬᠦᠴᠦᠲᠡᠢ ᠳᠡᠮᠵᠢᠭᠦ ᠵᠢᠨ ᠲᠥᠯᠥᠭᠡ᠂ ᠲᠥᠪ᠎ᠠᠴᠠ ᠣᠷᠣᠨ ᠨᠤᠲᠤᠭ᠎ᠲᠤ ᠰᠢᠯᠵᠢᠭᠦᠯᠦᠨ ᠥᠭᠬᠦ᠎ᠪᠠᠨ ᠶᠡᠬᠡ᠎ᠪᠠᠷ ᠨᠡᠮᠡᠭᠳᠡᠭᠦᠯᠪᠡ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠵᠢ᠎ᠨᠢ ᠨᠡᠮᠡᠭᠳᠡᠭᠦᠯᠦᠨ᠂ ᠪᠡᠯᠡ ᠲᠣᠬᠢᠷᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠰᠢᠨ᠎ᠡ᠎ᠪᠠᠷ ᠲᠠᠯᠪᠢᠭᠰᠠᠨ ᠠᠵᠤ ᠠᠬᠤᠢ᠌ᠯᠠᠯ᠎ᠤᠨ ᠵᠢᠭᠡᠯᠡᠯᠭᠡ ᠵᠢᠨ ᠳᠤᠮᠳᠠᠴᠢ ᠬᠦᠦ ᠮᠥᠩᠭᠥ ᠵᠢᠨ ᠨᠣᠷᠮ᠎ᠠ ᠵᠢ ᠪᠦᠷᠢᠳᠬᠡᠯ᠎ᠲᠠᠢ ᠪᠣᠯᠤᠭᠰᠠᠨ᠎ᠠᠴᠠ ᠨᠠᠭ᠋ᠠᠰᠢᠬᠢ ᠬᠠᠮᠤᠭ᠎ᠤᠨ ᠳᠣᠣᠷ᠎ᠠ ᠬᠡᠮᠵᠢᠶᠡᠨ᠎ᠳᠤ ᠭᠦᠷᠲᠡᠯ᠎ᠡ ᠪᠠᠭᠤᠷᠠᠭᠤᠯᠤᠨ᠂ ᠬᠢᠵᠢᠭ᠎ᠲᠤ ᠬᠦᠨᠳᠦ ᠨᠣᠴᠢᠲᠠᠢ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠢ᠌ᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠪᠠ ᠢᠳᠡᠭᠡᠨ ᠤᠮᠳᠠᠭ᠋ᠠᠨ᠂ ᠵᠢᠭᠤᠯᠴᠢᠯᠠᠯ᠂ ᠪᠠᠷᠠᠭ᠎ᠠ ᠲᠡᠭᠡᠭᠡᠪᠦᠷᠢ ᠵᠡᠷᠭᠡ᠎ᠳᠤ ᠵᠢᠭᠡᠯᠡᠯᠭᠡ ᠵᠢᠨ ᠡᠬᠡ ᠬᠦᠦ ᠵᠢ ᠬᠣᠢ᠌ᠰᠢᠯᠠᠭᠤᠯᠤᠨ ᠲᠦᠯᠦᠭᠦ ᠵᠢ ᠱᠠᠲᠤ ᠦᠶᠡᠴᠢ ᠴᠢᠨᠠᠷᠲᠠᠢ᠎ᠪᠠᠷ ᠬᠡᠷᠡᠭᠵᠢᠭᠦᠯᠵᠦ᠂ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ ᠵᠢᠨ ᠬᠦᠦ ᠮᠥᠩᠭᠥ ᠵᠢ ᠱᠠᠲᠤ ᠦᠶᠡᠴᠢ ᠴᠢᠨᠠᠷᠲᠠᠢ᠎ᠪᠠᠷ ᠪᠠᠭᠤᠷᠠᠭᠤᠯᠪᠠ᠃ ᠥᠭᠡᠷᠡᠴᠢᠯᠡᠯᠲᠡ ᠵᠢᠨ ᠠᠷᠭ᠎ᠠ᠎ᠪᠠᠷ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠬᠡᠮᠵᠢᠶ᠎ᠡ᠎ᠪᠠᠷ ᠶᠡᠬᠡ ᠬᠡᠪᠴᠢᠶ᠎ᠡ᠎ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠨᠡᠢ᠌ᠳᠡᠮ᠎ᠳᠡᠭᠡᠨ ᠠᠰᠢᠭ ᠭᠦᠷᠲᠡᠪᠡ᠃
      ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠢ᠌ᠬᠤ ᠲᠣᠪᠣᠢ᠌ᠮ᠎ᠠ ᠵᠥᠷᠢᠴᠡᠯ᠎ᠳᠤ ᠴᠢᠭᠯᠡᠭᠦᠯᠦᠨ᠂ ᠤᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠯᠡ ᠣᠷᠣᠭᠤᠯᠤᠯᠲᠠ ᠵᠢ ᠥᠷᠭᠡᠳᠬᠡᠵᠦ ᠬᠡᠷᠡᠭᠯᠡᠭᠡ ᠵᠢ ᠠᠬᠢᠭᠤᠯᠤᠨ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠪᠠ᠃ ᠨᠢᠳᠤᠨᠤᠨ ᠡᠴᠦᠰ᠎ᠤᠨ ᠬᠡᠷᠡᠭᠯᠡᠭᠡ ᠰᠢᠭᠤᠳ ᠳᠠᠭ᠋ᠠᠷᠢᠯᠲᠠ᠎ᠳᠤ ᠤᠴᠠᠷᠠᠵᠤ᠂ ᠪᠡᠯᠡ ᠣᠷᠣᠭᠤᠯᠤᠯᠲᠠ ᠴᠤ᠌ ᠨᠥᠯᠥᠭᠡᠯᠡᠭᠳᠡᠪᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠡᠰᠡᠭ ᠴᠢᠬᠤᠯᠠ ᠶᠡᠬᠡ ᠢᠨᠵᠧᠨᠧᠷᠢᠩ᠎ᠤᠨ ᠲᠥᠰᠥᠯ᠎ᠢ ᠤᠷᠢᠳᠴᠢᠯᠠᠨ ᠬᠡᠷᠡᠭᠵᠢᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠨ ᠬᠡᠷᠡᠭᠯᠡᠬᠦ ᠵᠢ ᠲᠦᠷᠭᠡᠳᠬᠡᠨ᠂ ᠲᠤᠰᠬᠠᠢ ᠵᠦᠢ᠍ᠯ᠎ᠤᠨ ᠥᠭᠴᠡᠭᠡ ᠵᠢᠨ ᠲᠠᠰᠤᠯᠤᠨ ᠪᠤᠳᠤᠬᠰᠠᠨ ᠦᠯᠡᠳᠡᠪᠦᠷᠢ ᠬᠢᠵᠠᠭ᠋ᠠᠷ ᠲᠣᠭ᠎ᠠ ᠵᠢ ᠬᠠᠤᠯᠢ ᠶᠣᠰᠣᠭ᠋ᠠᠷ ᠠᠮᠢᠳᠤᠯᠢᠭ ᠪᠣᠯᠭ᠋ᠠᠨ ᠰᠠᠢ᠌ᠲᠤᠷ ᠬᠡᠷᠡᠭᠯᠡᠵᠦ᠂ ᠲᠦᠷᠦ ᠵᠢᠨ ᠪᠣᠳᠣᠯᠭ᠎ᠠ ᠵᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠥᠨ ᠭᠦᠢ᠍ᠯᠭᠡᠭᠡᠨ᠎ᠤ ᠪᠠᠭ᠋ᠠᠵᠢ ᠵᠢ ᠬᠣᠶᠠᠷ ᠬᠤᠭᠤᠴᠠᠭ᠎ᠠ ᠬᠤᠪᠢᠶᠠᠨ 7400 ᠳ᠋ᠦᠩᠰᠢᠭᠤᠷ ᠲᠥᠭᠥᠷᠢᠭ ᠲᠠᠯᠪᠢᠨ᠂ ᠴᠢᠬᠤᠯᠠ ᠶᠡᠬᠡ ᠲᠥᠰᠥᠯ᠎ᠤᠨ ᠪᠦᠲᠦᠭᠡᠨ ᠪᠠᠢ᠌ᠭᠤᠯᠤᠯᠲᠠ᠎ᠳᠤ ᠬᠥᠷᠥᠩᠭᠡ ᠮᠥᠩᠭᠥ ᠨᠥᠬᠥᠪᠦᠷᠢᠯᠡᠪᠡ᠃ ᠲᠤᠰᠬᠠᠢ ᠵᠦᠢ᠍ᠯ᠎ᠤᠨ ᠳᠠᠭᠢᠨ ᠵᠢᠭᠡᠯᠡᠯᠭᠡ ᠥᠭᠬᠦ᠂ ᠡᠳ᠋᠎ᠤᠨ ᠵᠠᠰᠠᠭ᠎ᠠᠴᠠ ᠳᠡᠮ ᠬᠦᠦ ᠮᠥᠩᠭᠥ ᠥᠭᠬᠦ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠯᠡᠨ᠂ ᠭᠣᠣᠯᠳᠠᠯᠭ᠎ᠠ᠎ᠲᠠᠢ ᠬᠦᠷᠢᠶᠡᠨ᠎ᠤ ᠲᠤᠨᠤᠭ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠵᠢ ᠳᠠᠮᠵᠢᠪᠡ᠃ ᠬᠠᠮᠲᠤᠷᠠᠨ ᠠᠵᠢᠯᠯᠠᠬᠤ᠂ ᠣᠷᠣᠨ ᠨᠤᠲᠤᠭ᠎ᠠᠴᠠ ᠠᠮᠠᠯᠠᠬᠤ ᠵᠡᠷᠭᠡ ᠠᠷᠭ᠎ᠠ ᠵᠢ ᠠᠪᠴᠤ᠂ ᠲᠥᠰᠥᠯ᠎ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠪᠦᠭᠦ ᠵᠢᠯ᠎ᠳᠤ ᠰᠠᠭᠤᠷᠢ ᠲᠥᠬᠦᠭᠡᠷᠦᠮᠵᠢ᠂ ᠦᠢ᠍ᠯᠡᠳᠭᠦ ᠦᠢ᠍ᠯᠡᠰ᠎ᠤᠨ ᠪᠡᠯᠡ ᠣᠷᠣᠭᠤᠯᠤᠯᠲᠠ ᠲᠣᠰ ᠲᠣᠰ 9.4%᠂ 9.1%᠎ᠪᠠᠷ ᠨᠡᠮᠡᠭᠳᠡᠨ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ ᠳᠠᠢ᠌ᠴᠢᠯᠠᠨ 5.1%᠎ᠪᠠᠷ ᠨᠡᠮᠡᠭᠳᠡᠭᠦᠯᠵᠦ᠂ ᠬᠡᠷᠡᠭᠯᠡᠭᠡ ᠪᠠᠭ᠋ᠠᠰᠤᠭᠰᠠᠨ ᠳᠤᠲᠠᠭᠤᠳᠠᠯ᠎ᠢ ᠵᠣᠬᠢᠬᠤ ᠬᠡᠮᠵᠢᠶ᠎ᠡ᠎ᠪᠠᠷ ᠨᠥᠬᠥᠪᠦᠷᠢᠯᠡᠪᠡ᠃ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠭᠡᠯᠪᠡᠷᠢ ᠪᠠᠢ᠌ᠳᠠᠯ ᠰᠢᠨ᠎ᠡ ᠬᠡᠪ ᠵᠠᠭᠪᠤᠷ᠎ᠢ ᠬᠥᠭᠵᠢᠭᠦᠯᠵᠦ᠂ ᠲᠡᠷᠭᠡ ᠬᠥᠰᠬᠡ ᠬᠤᠳᠠᠯᠳᠤᠨ ᠠᠪᠬᠤ ᠭᠠᠢ᠌ᠯᠢ ᠵᠢ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠵᠢ ᠠᠪᠴᠤ ᠮᠠᠰᠢᠨ ᠲᠡᠷᠭᠡᠨ᠎ᠤ ᠬᠡᠷᠡᠭᠯᠡᠭᠡ ᠵᠢ ᠠᠬᠢᠭᠤᠯᠤᠨ᠂ ᠰᠢᠨ᠎ᠡ ᠡᠨᠧᠷᠭᠢ ᠵᠢᠨ ᠰᠣᠷᠪᠤᠯᠵᠢ ᠬᠡᠷᠡᠭᠯᠡᠬᠦ ᠮᠠᠰᠢᠨ ᠲᠡᠷᠭᠡᠨ᠎ᠤ ᠪᠣᠷᠤᠯᠠᠭᠤᠯᠭ᠎ᠠ 93.4%᠎ᠪᠠᠷ ᠨᠡᠮᠡᠭᠳᠡᠵᠦ᠂ ᠨᠣᠭᠣᠭ᠋ᠠᠨ ᠣᠶᠤᠨᠯᠢᠭ ᠭᠡᠷ᠎ᠤᠨ ᠴᠠᠭᠢᠯᠭ᠋ᠠᠨ ᠬᠡᠷᠡᠭᠰᠡᠯ᠂ ᠨᠣᠭᠣᠭ᠋ᠠᠨ ᠪᠠᠷᠢᠯᠭ᠎ᠠ ᠵᠢᠨ ᠮᠠᠲ᠋ᠧᠷᠢᠶᠠᠯ᠎ᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠥᠷᠨᠢᠭᠦᠯᠦᠨ᠂ ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ ᠵᠢ ᠦᠨᠳᠦᠰᠦᠨ᠎ᠳᠡᠭᠡᠨ ᠲᠣᠭᠲᠠᠭᠤᠨ ᠪᠠᠢ᠌ᠯᠭ᠋ᠠᠪᠠ᠃ ᠮᠥᠩᠭᠥᠨ ᠭᠦᠢ᠍ᠯᠭᠡᠭᠡ᠎ᠪᠠᠷ ᠳᠡᠮᠵᠢᠭᠦ ᠠᠷᠭ᠎ᠠ ᠬᠡᠮᠵᠢᠶ᠎ᠡ ᠵᠢ ᠨᠡᠢ᠌ᠲᠡᠯᠡᠨ᠂ ᠣᠷᠣᠨ ᠰᠠᠭᠤᠴᠠ ᠵᠢᠨ ᠵᠠᠢ᠌ᠯᠠᠰᠢ ᠦᠭᠡᠢ ᠴᠢᠨᠠᠷᠲᠠᠢ ᠬᠡᠷᠡᠭᠴᠡᠭᠡ ᠪᠠ ᠰᠠᠢ᠌ᠵᠢᠷᠠᠭᠤᠯᠬᠤ ᠴᠢᠨᠠᠷᠲᠠᠢ ᠬᠡᠷᠡᠭᠴᠡᠭᠡ ᠵᠢ ᠳᠡᠮᠵᠢᠵᠦ᠂ ᠬᠤᠳᠠᠯᠳᠤᠨ ᠠᠪᠤᠭᠰᠠᠨ ᠣᠷᠣᠨ ᠰᠠᠭᠤᠴᠠ ᠵᠢ ᠭᠡᠷ᠎ᠡ ᠶᠣᠰᠣᠭ᠋ᠠᠷ ᠲᠤᠰᠢᠶᠠᠨ ᠥᠭᠴᠦ ᠠᠷᠠᠳ᠎ᠤᠨ ᠠᠮᠢᠳᠤᠷᠠᠯ᠎ᠢ ᠲᠣᠭᠲᠠᠭᠤᠨ ᠪᠠᠢ᠌ᠯᠭ᠋ᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠢ ᠬᠠᠪᠰᠤᠷᠤᠨ ᠲᠦᠭᠦᠬᠡᠢ ᠮᠠᠲ᠋ᠧᠷᠢᠶᠠᠯ᠂ ᠠᠵᠢᠯᠴᠢᠨ ᠬᠡᠷᠡᠭᠯᠡᠬᠦ᠂ ᠡᠳ᠋ ᠪᠠᠷᠠᠭ᠋ᠠᠨ᠎ᠤ ᠭᠦᠢ᠍ᠯᠭᠡᠭᠡ ᠵᠡᠷᠭᠡ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠨ ᠥᠭᠴᠦ᠂ ᠭᠠᠷᠠᠮ᠎ᠤᠨ ᠲᠥᠪᠯᠡᠷᠡᠭᠦᠯᠬᠦ ᠲᠠᠷᠬᠠᠭ᠋ᠠᠬᠤ ᠲᠡᠭᠡᠭᠡᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤᠯᠲᠠ ᠥᠭᠴᠦ ᠰᠢᠢ᠍ᠳᠪᠦᠷᠢᠯᠡᠨ᠂ ᠡᠳ᠋ ᠪᠠᠷᠠᠭ᠎ᠠ ᠵᠢᠨ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠱ᠌ᠢᠯᠲᠡ᠎ᠠᠴᠠ ᠰᠠᠢ᠌ᠨ ᠪᠠᠢ᠌ᠵᠤ᠂ ᠪᠣᠳᠠᠲᠠᠢ ᠬᠡᠷᠡᠭᠯᠡᠭᠰᠡᠨ ᠭᠠᠳᠠᠭ᠋ᠠᠳᠤ ᠪᠡᠯᠡ ᠲᠣᠭᠲᠠᠭᠤᠨ ᠵᠶ᠋ᠠᠷ ᠨᠡᠮᠡᠭᠳᠡᠪᠡ᠃
      ᠠᠵᠢᠯ ᠣᠯᠭᠣᠯᠲᠠ ᠵᠢᠨ ᠳᠠᠷᠤᠯᠲᠠ ᠲᠣᠪᠣᠢ᠌ᠮ᠎ᠠ ᠪᠣᠯᠤᠭᠰᠠᠨ ᠪᠠᠢ᠌ᠳᠠᠯ᠎ᠳᠤ ᠴᠢᠭᠯᠡᠭᠦᠯᠦᠨ᠂ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠪᠠ᠃ ᠨᠢᠳᠤᠨᠤᠨ ᠬᠤᠲᠠ ᠪᠠᠯᠭ᠋ᠠᠰᠤᠨ᠎ᠤ ᠪᠠᠢ᠌ᠴᠠᠭ᠋ᠠᠭᠰᠠᠨ ᠠᠵᠢᠯ ᠠᠯᠳᠠᠯᠲᠠ ᠵᠢᠨ ᠨᠣᠷᠮ᠎ᠠ ᠨᠢᠭᠡ ᠦᠶ᠎ᠡ ᠢᠯᠡᠳᠲᠡ ᠳᠡᠭᠡᠭᠰᠢᠯᠡᠪᠡ᠃ ᠡᠳ᠋᠎ᠤᠨ ᠵᠠᠰᠠᠭ ᠭᠠᠢ᠌ᠯᠢ᠂ ᠮᠥᠩᠭᠥᠨ ᠭᠦᠢ᠍ᠯᠭᠡᠭᠡ᠂ ᠪᠡᠯᠡ ᠣᠷᠣᠭᠤᠯᠤᠯᠲᠠ ᠵᠡᠷᠭᠡ ᠲᠦᠷᠦ ᠵᠢᠨ ᠪᠣᠳᠣᠯᠭ᠎ᠠ ᠵᠢᠨ ᠲᠠᠯ᠎ᠠ᠎ᠪᠠᠷ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠵᠢ ᠨᠡᠩ ᠴᠢᠬᠤᠯᠠᠴᠢᠯᠠᠪᠠ᠃ ᠬᠦᠴᠢᠷᠳᠡᠯ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠵᠠᠷᠤᠳᠠᠯ ᠵᠶ᠋ᠠᠨ ᠬᠣᠢ᠌ᠰᠢᠯᠠᠭᠤᠯᠤᠨ ᠲᠤᠰᠢᠶᠠᠵᠤ ᠪᠤᠯᠬᠤ ᠵᠢ ᠬᠡᠷᠡᠭᠵᠢᠭᠦᠯᠦᠨ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠪᠤᠴᠠᠭ᠋ᠠᠯᠲᠠ ᠵᠢᠨ ᠬᠠᠷᠢᠴᠠᠯ᠎ᠢ ᠶᠡᠬᠡ᠎ᠪᠠᠷ ᠳᠡᠭᠡᠭᠰᠢᠯᠡᠭᠦᠯᠵᠦ᠂ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠢ᠌ᠷᠢ ᠵᠢ ᠥᠷᠭᠡᠳᠬᠡᠬᠦ ᠨᠥᠬᠥᠪᠦᠷᠢ ᠵᠢ ᠨᠡᠮᠡᠭᠳᠡᠭᠦᠯᠪᠡ᠃ ᠲᠠᠭ᠋ᠠᠭ᠋ᠠᠯᠲᠠᠲᠤ ᠵᠢᠭᠡᠯᠡᠯᠭᠡ᠂ ᠲᠦᠷᠢᠶᠡᠰᠦᠨ ᠮᠥᠩᠭᠥ ᠵᠢ ᠬᠠᠰᠤᠵᠤ ᠬᠡᠯᠲᠦᠷᠢᠭᠦᠯᠬᠦ ᠵᠡᠷᠭᠡ ᠠᠳᠠᠯ ᠦᠢ᠍ᠯᠡᠰ ᠴᠣᠭᠴᠠᠯᠠᠬᠤ ᠵᠢ ᠳᠡᠮᠵᠢᠭᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠪᠠ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠲᠣᠪᠣᠢ᠌ᠮ᠎ᠠ ᠰᠠᠢ᠌ᠲᠤᠷ ᠬᠢᠵᠦ᠂ ᠠᠵᠢᠯ ᠣᠯᠬᠤ᠎ᠳᠤ ᠬᠦᠴᠢᠷᠲᠡᠢ ᠬᠥᠮᠥᠰ᠎ᠢ ᠲᠤᠰᠬᠠᠢ ᠵᠦᠢ᠍ᠯ ᠵᠶ᠋ᠠᠷ ᠬᠠᠪᠰᠤᠷᠤᠨ ᠲᠡᠳᠭᠦᠭᠦ ᠵᠢ ᠥᠷᠨᠢᠭᠦᠯᠪᠡ᠃ ᠭᠣᠣᠯᠳᠠᠯᠭ᠎ᠠ᠎ᠲᠠᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠳᠤᠮᠳᠠ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠳᠡᠯᠭᠡᠷᠡᠭᠦᠯᠪᠡ᠃ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠭᠦᠳᠡᠯᠮᠤᠷᠢ ᠬᠢᠬᠦ ᠬᠡᠪᠴᠢᠶ᠎ᠡ 3200 ᠲᠦᠮᠡᠨ ᠬᠥᠮᠥᠨ᠎ᠢ ᠳᠠᠪᠠᠵᠤ᠂ ᠲᠣᠭᠲᠠᠭᠤᠨ ᠪᠠᠢ᠌ᠬᠤ ᠵᠢᠨ ᠵᠡᠷᠭᠡ᠎ᠳᠤ ᠨᠡᠮᠡᠭᠳᠡᠪᠡ᠃ ᠠᠵᠢᠯ ᠣᠯᠭᠣᠯᠲᠠ ᠵᠢᠨ ᠪᠠᠢ᠌ᠳᠠᠯ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ᠃
      ᠪᠦᠭᠦ ᠪᠥᠮᠪᠥᠷᠴᠡᠭ᠎ᠤᠨ ᠵᠣᠭᠣᠰ ᠮᠠᠭᠤᠳᠠᠬᠤ ᠶᠠᠪᠤᠳᠠᠯ ᠬᠡᠴᠡᠭᠦᠳᠡᠭᠰᠡᠨ᠎ᠠᠴᠠ ᠪᠣᠯᠤᠭᠰᠠᠨ ᠨᠥᠯᠥᠭᠡ᠎ᠳᠤ ᠴᠢᠭᠯᠡᠭᠦᠯᠦᠨ᠂ ᠠᠮᠤ ᠪᠤᠳᠠᠭ᠎ᠠ ᠪᠠ ᠡᠨᠧᠷᠭᠢ ᠵᠢᠨ ᠰᠤᠷᠪᠤᠯᠵᠢ᠎ᠪᠠᠷ ᠭᠣᠣᠯᠳᠠᠯᠭ᠎ᠠ ᠪᠣᠯᠭ᠋ᠠᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠭᠤᠨ ᠪᠠᠢ᠌ᠯᠭ᠋ᠠᠬᠤ ᠠᠵᠢᠯ᠎ᠢ ᠰᠠᠢ᠌ᠲᠤᠷ ᠬᠢᠪᠡ᠃ ᠨᠢᠳᠤᠨᠤᠨ ᠪᠦᠭᠦ ᠪᠥᠮᠪᠥᠷᠴᠡᠭ᠎ᠤᠨ ᠵᠣᠭᠣᠰ ᠮᠠᠭᠤᠳᠠᠬᠤ ᠶᠠᠪᠤᠳᠠᠯ 40 ᠭᠠᠷᠤᠢ ᠵᠢᠯ᠎ᠤᠨ ᠲᠤᠷᠰᠢᠬᠢ ᠰᠢᠨ᠎ᠡ ᠥᠨᠳᠥᠷᠴᠡ᠎ᠳᠤ ᠬᠦᠷᠴᠦ᠂ ᠤᠯᠤᠰ᠎ᠤᠨ ᠳᠣᠲᠣᠭ᠋ᠠᠳᠤ ᠵᠢᠨ ᠦᠨ᠎ᠡ ᠬᠠᠩᠰᠢ ᠵᠢ ᠲᠣᠭᠲᠠᠭᠤᠨ ᠪᠠᠢ᠌ᠯᠭ᠋ᠠᠬᠤ᠎ᠳᠤ ᠨᠡᠯᠢᠶᠡᠳ ᠶᠡᠬᠡ ᠳᠠᠷᠤᠯᠲᠠ ᠤᠴᠠᠷᠠᠭᠤᠯᠪᠠ᠃ ᠪᠢᠳᠡ ᠦᠶᠡᠷ ᠤᠰᠤᠲᠤᠯ᠂ ᠭᠠᠩ ᠬᠠᠭᠰᠠᠷᠠᠭ᠋ᠠᠨ ᠵᠡᠷᠭᠡ ᠬᠦᠨᠳᠦ ᠨᠣᠴᠢᠲᠠᠢ ᠪᠠᠢ᠌ᠭ᠋ᠠᠯᠢ ᠵᠢᠨ ᠭᠠᠮᠰᠢᠭ᠎ᠢ ᠪᠦᠲᠦᠮᠵᠢᠲᠡᠶ ᠠᠷᠭ᠋ᠠᠴᠠᠵᠤ᠂ ᠲᠠᠷᠢᠶᠠᠯᠠᠬᠤ ᠴᠠᠭ᠎ᠢ ᠰᠠᠭ᠋ᠠᠲᠠᠭ᠋ᠠᠯ ᠦᠭᠡᠢ᠎ᠪᠠᠷ ᠠᠮᠤ ᠪᠤᠳᠠᠭ᠎ᠠ ᠲᠠᠷᠢᠬᠤ ᠪᠠ ᠬᠤᠷᠢᠶᠠᠬᠤ ᠵᠢ ᠰᠢᠮᠳᠠᠭᠤᠯᠤᠨ ᠠᠳᠬᠤᠵᠤ᠂ ᠲᠠᠷᠢᠶᠠᠯᠠᠩ᠎ᠤᠨ ᠮᠠᠰᠢᠨ᠎ᠤ ᠨᠡᠪᠲᠡᠷᠡᠯᠲᠡ ᠵᠢ ᠰᠢᠪᠠᠳᠠᠨ ᠵᠣᠬᠢᠴᠠᠭᠤᠯᠵᠤ᠂ ᠲᠠᠷᠢᠶᠠᠯᠠᠩ᠎ᠤᠨ ᠶᠠᠪᠤᠳᠠᠯ᠎ᠤᠨ ᠠᠵᠢᠯᠯᠠᠭ᠋ᠠᠨ᠎ᠤ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠲᠤ ᠭᠤᠷᠪᠠᠨ ᠪᠦᠯᠦᠭ ᠬᠤᠪᠢᠶᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠨᠥᠬᠥᠪᠦᠷᠢ ᠣᠯᠭᠣᠵᠤ᠂ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠬᠠᠩᠭ᠋ᠠᠯᠭ᠎ᠠ ᠵᠢ ᠪᠠᠲᠤᠯᠠᠪᠠ᠃ ᠨᠡᠭᠦᠷᠡᠰᠦᠨ᠎ᠤ ᠭᠣᠣᠯ ᠴᠣᠭᠴᠠ ᠡᠨᠧᠷᠭᠢ ᠵᠢᠨ ᠰᠤᠷᠪᠤᠯᠵᠢ ᠪᠤᠯᠬᠤ ᠦᠢ᠍ᠯᠡᠳᠦᠯ᠎ᠢ ᠪᠠᠳᠠᠷᠠᠭᠤᠯᠤᠨ᠂ ᠨᠡᠭᠦᠷᠡᠰᠦᠨ᠎ᠤ ᠲᠡᠷᠢᠭᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠨᠡᠮᠡᠭᠳᠡᠭᠦᠯᠵᠦ᠂ ᠴᠠᠭᠢᠯᠭ᠋ᠠᠨ ᠭᠠᠷᠭ᠋ᠠᠵᠤ ᠢᠯᠴᠢ ᠬᠠᠩᠭ᠋ᠠᠬᠤ ᠠᠵᠤ ᠠᠬᠤᠢ᠌ᠯᠠᠯ᠎ᠢ ᠳᠡᠮᠵᠢᠭᠦ ᠡᠷᠴᠢᠮ᠎ᠢ ᠴᠢᠩᠭ᠋ᠠᠷᠠᠭᠤᠯᠤᠨ᠂ ᠡᠨᠧᠷᠭᠢ ᠵᠢᠨ ᠰᠤᠷᠪᠤᠯᠵᠢ ᠵᠢᠨ ᠬᠡᠪ᠎ᠤᠨ ᠬᠠᠩᠭ᠋ᠠᠯᠭ᠎ᠠ ᠵᠢ ᠪᠠᠲᠤᠯᠠᠪᠠ᠃ ᠪᠦᠭᠦ ᠪᠥᠮᠪᠥᠷᠴᠡᠭ᠎ᠤᠨ ᠵᠣᠭᠣᠰ ᠶᠡᠬᠡ᠎ᠪᠠᠷ ᠮᠠᠭᠤᠳᠠᠭᠰᠠᠨ ᠠᠬᠤᠢ ᠪᠠᠢ᠌ᠳᠠᠯ ᠳᠣᠣᠷ᠎ᠠ᠂ ᠮᠠᠨ᠎ᠤ ᠤᠯᠤᠰ᠎ᠤᠨ ᠪᠠᠷᠠᠭ᠋ᠠᠨ᠎ᠤ ᠦᠨ᠎ᠡ ᠨᠡᠯᠢᠶᠡᠳ ᠳᠣᠣᠷ᠎ᠠ ᠲᠦᠪᠰᠢᠨ ᠵᠶ᠋ᠠᠨ ᠪᠠᠲᠤᠯᠠᠵᠤ ᠴᠢᠳᠠᠭᠰᠠᠨ᠎ᠨᠢ ᠨᠡᠩ ᠴᠦ᠍ ᠠᠮᠠᠷ ᠦᠭᠡᠢ ᠶᠠᠪᠤᠳᠠᠯ ᠶᠤᠮ᠃
      ᠬᠡᠰᠡᠭ ᠣᠯᠠᠨ ᠲᠦᠮᠡᠨ᠎ᠤ ᠠᠮᠢᠳᠤᠷᠠᠯ᠎ᠤᠨ ᠬᠦᠴᠢᠷᠳᠡᠯ ᠨᠡᠮᠡᠭᠳᠡᠭᠰᠡᠨ ᠪᠠᠢ᠌ᠳᠠᠯ᠎ᠳᠤ ᠴᠢᠭᠯᠡᠭᠦᠯᠦᠨ᠂ ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠪᠠ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶ᠎ᠡ ᠵᠢ ᠱᠠᠲᠤ ᠦᠶᠡᠴᠢ ᠴᠢᠨᠠᠷᠲᠠᠢ᠎ᠪᠠᠷ ᠥᠷᠭᠡᠳᠬᠡᠵᠦ᠂ ᠨᠠᠩ ᠣᠯᠠᠨ ᠬᠦᠴᠢᠷᠳᠡᠯ᠎ᠲᠠᠢ ᠬᠠᠮᠲᠤᠯᠢᠭ᠎ᠢ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠪᠠ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠨᠡᠢ᠌ᠲᠡ 1000 ᠭᠠᠷᠤᠢ ᠲᠦᠮᠡᠨ ᠠᠵᠢᠯ ᠠᠯᠳᠠᠭᠰᠠᠨ ᠬᠥᠮᠥᠰ᠎ᠲᠤ ᠠᠵᠢᠯ ᠠᠯᠳᠠᠯᠲᠠ ᠵᠢᠨ ᠳᠠᠭ᠋ᠠᠳᠬᠠᠯ᠎ᠤᠨ ᠬᠠᠷᠠᠭ᠋ᠠᠯᠵᠠᠯ ᠣᠯᠭᠣᠪᠠ᠃ ᠨᠠᠩ ᠣᠯᠠᠨ ᠣᠷᠣᠯᠭ᠎ᠠ ᠪᠠᠭ᠋ᠠᠲᠠᠢ ᠣᠯᠠᠨ ᠲᠦᠮᠡᠨ᠎ᠳᠤ ᠦᠨ᠎ᠡ ᠬᠠᠩᠰᠢ ᠵᠢᠨ ᠨᠥᠬᠥᠪᠦᠷᠢ ᠣᠯᠭᠣᠵᠤ᠂ ᠪᠠᠷᠤᠭ 6700 ᠲᠦᠮᠡᠨ ᠬᠥᠮᠥᠨ᠎ᠳᠤ ᠠᠰᠢᠭ ᠬᠦᠷᠲᠡᠭᠡᠪᠡ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠠᠮᠢᠳᠤᠷᠠᠯ᠎ᠨᠢ ᠬᠦᠴᠢᠷᠲᠡᠢ ᠰᠤᠷᠤᠬ᠍ᠴᠢᠳ᠎ᠤᠨ 2022 ᠣᠨ᠎ᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠦᠭᠰᠡᠨ᠎ᠤ ᠬᠠᠮᠲᠤ ᠡᠬᠡ ᠮᠥᠩᠭᠥ ᠵᠢ᠎ᠨᠢ ᠬᠣᠢ᠌ᠰᠢᠯᠠᠭᠤᠯᠤᠨ ᠪᠤᠴᠠᠭ᠋ᠠᠵᠤ ᠪᠤᠯᠬᠤ ᠵᠢ ᠵᠥᠪᠰᠢᠶᠡᠷᠡᠪᠡ᠃ ᠬᠢᠵᠢᠭ ᠪᠠ ᠭᠠᠮᠰᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠢ ᠲᠦᠷ ᠴᠠᠭ ᠠᠪᠤᠷᠠᠨ ᠲᠤᠰᠠᠯᠠᠬᠤ ᠠᠵᠢᠯ᠎ᠢ ᠰᠠᠢ᠌ᠲᠤᠷ ᠬᠢᠵᠦ᠂ ᠠᠷᠠᠳ᠎ᠤᠨ ᠠᠮᠢᠳᠤᠷᠠᠯ᠎ᠢ ᠪᠠᠲᠤᠯᠠᠬᠤ ᠬᠢᠵᠠᠭ᠋ᠠᠷ ᠱᠤᠭᠤᠮ᠎ᠢ ᠦᠨᠡᠨ ᠬᠦ᠌ ᠪᠠᠲᠤ ᠰᠠᠬᠢᠪᠠ᠃
      ᠡᠭᠦᠨ᠎ᠤ ᠬᠠᠮᠲᠤ᠂ ᠪᠢᠳᠡ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯ᠎ᠠᠴᠠ ᠵᠥᠪᠰᠢᠶᠡᠷᠡᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠲᠣᠬᠢᠷᠠᠭᠤᠯᠤᠯᠲᠠ ᠶᠣᠰᠣᠭ᠋ᠠᠷ᠂ ᠠᠵᠤ ᠠᠬᠤᠢ ᠨᠡᠢ᠌ᠭᠡᠮ᠎ᠤᠨ ᠡᠯ᠎ᠡ ᠬᠦᠷᠢᠶᠡᠨ᠎ᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠪᠠ᠃ ᠬᠠᠲᠠᠭᠤᠵᠢᠯᠲᠠᠢ ᠴᠢᠷᠮᠠᠢ᠌ᠯᠭ᠎ᠠ᠎ᠪᠠᠷ ᠳᠠᠮᠵᠢᠨ᠂ ᠣᠳᠣᠬᠠᠨ᠎ᠳᠤ ᠬᠡᠷᠡᠭᠯᠡᠭᠡ ᠵᠢᠨ ᠬᠡᠷᠡᠭᠴᠡᠭᠡ᠂ ᠵᠠᠬ᠎ᠠ ᠳᠡᠯᠭᠡᠭᠦᠷ᠎ᠤᠨ ᠭᠦᠢ᠍ᠯᠭᠡᠭᠡ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠠᠵᠤ ᠠᠬᠤᠢ᠌ᠯᠠᠯ᠎ᠤᠨ ᠵᠢᠱ᠌ᠢᠯᠲᠡ ᠵᠡᠷᠭᠡ ᠢᠯᠡᠳᠲᠡ ᠰᠠᠢ᠌ᠵᠢᠷᠠᠨ᠂ ᠠᠵᠤ ᠠᠬᠤᠢ ᠵᠢᠨ ᠨᠡᠮᠡᠭᠳᠡᠯ ᠶᠠᠭ ᠲᠣᠭᠲᠠᠪᠤᠷᠢᠵᠢᠨ ᠳᠡᠭᠡᠭᠰᠢᠯᠡᠵᠦ ᠪᠠᠢ᠌ᠭ᠎ᠠ ᠪᠥᠭᠡᠳ ᠮᠠᠨ᠎ᠤ ᠤᠯᠤᠰ᠎ᠤᠨ ᠠᠵᠤ ᠠᠬᠤᠢ᠎ᠳᠤ ᠯᠤᠲᠤ ᠶᠡᠬᠡ ᠳᠠᠯᠳᠠ ᠬᠦᠴᠦᠨ ᠪᠠ ᠬᠥᠭᠵᠢᠯᠲᠡ ᠵᠢᠨ ᠬᠥᠳᠡᠯᠭᠡᠭᠴᠢ ᠬᠦᠴᠦᠨ᠎ᠲᠠᠢ ᠪᠠᠢ᠌ᠨ᠎ᠠ᠃
      ᠲᠥᠯᠥᠭᠡᠯᠡᠭᠴᠢᠳ ᠠ᠋!
      ᠥᠩᠭᠡᠷᠡᠭᠰᠡᠨ ᠲᠠᠪᠤᠨ ᠵᠢᠯ ᠪᠣᠯ ᠲᠤᠢ᠌ᠯ᠎ᠤᠨ ᠶᠡᠷᠦ ᠪᠤᠰᠤ᠂ ᠲᠤᠢ᠌ᠯ᠎ᠤᠨ ᠡᠭᠡᠯ ᠪᠤᠰᠤ ᠵᠢᠨ ᠲᠠᠪᠤᠨ ᠵᠢᠯ ᠶᠤᠮ᠃ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠡᠯᠡᠬᠡᠢ ᠵᠢᠨ ᠬᠤᠪᠢᠰᠤᠯᠲᠠ ᠵᠢᠨ ᠲᠦᠷᠭᠡᠰᠦᠭᠰᠡᠨ ᠤᠯᠠᠷᠢᠯᠲᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠳᠠᠭ᠋ᠠᠷᠢᠯᠲᠠ᠂ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠪᠠᠭᠤᠷᠠᠯᠲᠠ ᠵᠡᠷᠭᠡ ᠤᠯᠠᠨ ᠳᠠᠪᠬᠤᠷ ᠰᠢᠯᠭ᠋ᠠᠯᠲᠠ ᠵᠢ ᠳᠠᠭ᠋ᠠᠭ᠋ᠠᠨ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠨ᠎ᠳᠤ ᠬᠤᠭᠤᠴᠠᠭ᠎ᠠ ᠶᠣᠰᠣᠭ᠋ᠠᠷ ᠢᠯᠠᠯᠲᠠ ᠣᠯᠵᠤ᠂ ᠴᠢᠨᠡᠭᠡᠯᠢᠭ ᠨᠡᠢ᠌ᠭᠡᠮ᠎ᠢ ᠬᠤᠭᠤᠴᠠᠭ᠎ᠠ ᠶᠣᠰᠣᠭ᠋ᠠᠷ ᠪᠦᠭᠦ ᠲᠠᠯ᠎ᠠ᠎ᠪᠠᠷ ᠪᠠᠢ᠌ᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠦᠨ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢ᠌ᠰᠢ ᠤᠷᠤᠭᠰᠢᠯᠠᠬᠤ ᠰᠢᠨ᠎ᠡ ᠠᠶᠠᠯᠠᠯ ᠵᠶ᠋ᠠᠨ ᠡᠬᠢᠯᠡᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠨ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠢᠡᠨ ᠴᠢᠩᠭ᠋ᠠᠳᠬᠠᠨ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠵᠢ ᠣᠯᠪᠠ᠃
     — ᠠᠵᠤ ᠠᠬᠤᠢ ᠵᠢᠨ ᠬᠥᠭᠵᠢᠯᠲᠡ ᠲᠠᠭᠢᠨ ᠰᠢᠨ᠎ᠡ ᠳᠡᠭᠲᠡᠷ᠎ᠲᠤ ᠭᠠᠷᠪᠠ᠃ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠥᠷᠲᠡᠭ 121 ᠲᠦᠮᠡᠨ ᠳ᠋ᠦᠩᠰᠢᠭᠤᠷ ᠲᠥᠭᠥᠷᠢᠭ ᠪᠣᠯᠵᠤ ᠨᠡᠮᠡᠭᠳᠡᠨ᠂ ᠲᠠᠪᠤᠨ ᠵᠢᠯ᠎ᠳᠤ ᠵᠢᠯ ᠳᠤᠮᠳᠠᠴᠢ᠎ᠪᠠᠷ 5.2% ᠵᠶ᠋ᠡᠷ ᠨᠡᠮᠡᠭᠳᠡᠵᠦ᠂ ᠠᠷᠪᠠᠨ ᠵᠢᠯ᠎ᠳᠤ 70 ᠲᠦᠮᠡᠨ ᠳ᠋ᠦᠩᠰᠢᠭᠤᠷ ᠲᠥᠭᠥᠷᠢᠭ ᠰᠢᠬᠠᠮ ᠨᠡᠮᠡᠭᠳᠡᠨ᠂ ᠵᠢᠯ ᠳᠤᠮᠳᠠᠴᠢ᠎ᠪᠠᠷ 6.2% ᠵᠶ᠋ᠡᠷ ᠨᠡᠮᠡᠭᠳᠡᠵᠦ᠂ ᠥᠨᠳᠥᠷ ᠰᠠᠭᠤᠷᠢ ᠲᠣᠭ᠎ᠠ ᠵᠢᠨ ᠰᠠᠭᠤᠷᠢᠨ ᠳᠡᠭᠡᠷ᠎ᠡ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠭᠡᠳ ᠴᠢᠨᠠᠷ ᠰᠠᠢ᠌ᠲᠠᠢ ᠬᠥᠭᠵᠢᠯᠲᠡ ᠲᠡᠢ᠌ᠰᠢ ᠲᠠᠪᠰᠢᠪᠠ᠃ ᠡᠳ᠋᠎ᠤᠨ ᠵᠠᠰᠠᠭ᠎ᠤᠨ ᠣᠷᠣᠯᠭ᠎ᠠ 20.4 ᠲᠦᠮᠡᠨ ᠳ᠋ᠦᠩᠰᠢᠭᠤᠷ ᠲᠥᠭᠥᠷᠢᠭ ᠪᠣᠯᠵᠤ ᠨᠡᠮᠡᠭᠳᠡᠪᠡ᠃ ᠠᠮᠤ ᠪᠤᠳᠠᠭ᠋ᠠᠨ᠎ᠤ ᠤᠨᠠᠯᠲᠠ ᠵᠢᠯ ᠳᠠᠷᠠᠭ᠋ᠠᠯᠠᠨ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ᠎ᠳᠤ ᠲᠣᠭᠲᠠᠪᠤᠷᠢᠵᠢᠪᠠ᠃ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 40 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃ ᠬᠤᠳᠠ ᠪᠠᠯᠭ᠋ᠠᠰᠤᠨ᠎ᠳᠤ ᠠᠵᠢᠯ ᠣᠯᠣᠭᠰᠠᠨ ᠬᠥᠮᠥᠨ ᠵᠢᠯ ᠳᠤᠮᠳᠠᠴᠢ᠎ᠪᠠᠷ 1270 ᠭᠠᠷᠤᠢ ᠲᠦᠮᠡ ᠰᠢᠨ᠎ᠡ᠎ᠪᠠᠷ ᠨᠡᠮᠡᠭᠳᠡᠪᠡ᠃ ᠭᠠᠳᠠᠭ᠋ᠠᠳᠤ ᠭᠤᠪᠢᠭᠤᠯᠭ᠎ᠠ ᠵᠢᠨ ᠨᠥᠭᠡᠴᠡ 3 ᠲᠦᠮᠡᠨ ᠳ᠋ᠦᠩᠰᠢᠭᠤᠷ ᠳ᠋ᠣᠯᠯᠠᠷ᠎ᠠᠴᠠ ᠳᠡᠭᠡᠭᠰᠢ᠎ᠳᠤ ᠲᠣᠭᠲᠠᠪᠤᠷᠢᠵᠢᠪᠠ᠃ ᠮᠠᠨ᠎ᠤ ᠤᠯᠤᠰ᠎ᠤᠨ ᠠᠵᠤ ᠠᠬᠤᠢ ᠵᠢᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃
     — ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠡᠭᠦᠷᠭᠡ ᠵᠢ ᠢᠯᠠᠯᠲᠠ᠎ᠲᠠᠢ᠎ᠪᠠᠷ ᠪᠡᠶᠡᠯᠡᠭᠦᠯᠪᠡ᠃ ᠨᠠᠢ᠍ᠮᠠᠨ ᠵᠢᠯ᠎ᠤᠨ ᠦᠷᠭᠦᠯᠵᠢᠯᠡᠭᠰᠡᠨ ᠴᠢᠷᠮᠠᠢ᠌ᠯᠭ᠎ᠠ᠎ᠪᠠᠷ ᠬᠥᠳᠡᠭᠡ ᠲᠣᠰᠬᠤᠨ᠎ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ᠎ᠲᠠᠢ ᠬᠥᠮᠥᠨ ᠠᠮᠠ ᠵᠢ ᠶᠠᠳᠠᠭᠤ᠎ᠠᠴᠠ ᠠᠩᠭᠢᠵᠢᠷᠠᠭᠤᠯᠵᠤ᠂ ᠪᠦᠭᠦ ᠤᠯᠤᠰ᠎ᠤᠨ 832 ᠶᠠᠳᠠᠭᠤ ᠬᠦᠴᠢᠷᠳᠡᠯ᠎ᠲᠠᠢ ᠰᠢᠶᠠᠨ᠎ᠢ ᠴᠥᠮ ᠶᠠᠳᠠᠭᠤ᠎ᠠᠴᠠ ᠠᠩᠭᠢᠵᠢᠷᠠᠭᠤᠯᠤᠨ᠂ 960 ᠭᠠᠷᠤᠢ ᠲᠦᠮᠡᠨ ᠶᠠᠳᠠᠭᠤ ᠬᠦᠴᠢᠷᠳᠡᠯ᠎ᠲᠠᠢ ᠬᠥᠮᠥᠨ ᠠᠮᠠ ᠵᠢ ᠣᠨᠳᠣᠣ ᠭᠠᠵᠠᠷ ᠨᠡᠭᠦᠯᠭᠡᠵᠦ᠂ ᠲᠤᠢ᠌ᠯ᠎ᠤᠨ ᠶᠠᠳᠠᠭᠤ ᠬᠦᠴᠢᠷᠳᠡᠯ᠎ᠲᠠᠢ ᠪᠠᠢ᠌ᠭᠰᠠᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠪᠡ᠃
     — ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠰᠢᠨ᠎ᠡ ᠭᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠯ᠎ᠢ ᠪᠠᠢ᠌ᠭᠤᠯᠤᠨ᠂ ᠤᠯᠤᠰ᠎ᠤᠨ ᠲᠤᠷᠰᠢᠯᠲᠠ ᠵᠢᠨ ᠲᠠᠰᠤᠭ᠎ᠢ ᠵᠣᠬᠢᠶᠠᠨ ᠪᠠᠢ᠌ᠭᠤᠯᠵᠤ᠂ ᠪᠦᠭᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠲᠠᠭᠢᠨ ᠵᠣᠬᠢᠶᠠᠨ ᠪᠠᠢ᠌ᠭᠤᠯᠬᠤ ᠠᠵᠢᠯ᠎ᠢ ᠪᠦᠯᠦᠭ ᠬᠤᠪᠢᠶᠠᠨ ᠠᠬᠢᠭᠤᠯᠪᠠ᠃ ᠵᠠᠷᠢᠮ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠳᠤ ᠰᠢᠨ᠎ᠡ ᠰᠢᠪᠲᠤᠯᠤᠯᠲᠠ᠎ᠲᠠᠢ ᠪᠣᠯᠵᠤ᠂ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠂ ᠰᠠᠷᠠᠨ ᠪᠥᠮᠪᠥᠷᠴᠡᠭ ᠭᠠᠯ ᠭᠠᠷᠠᠭ᠎ᠢ ᠬᠠᠢ᠌ᠨ ᠰᠢᠨᠵᠢᠯᠡᠬᠦ᠂ ᠭᠦᠨ ᠳᠠᠯᠠᠢ ᠭᠦᠨ ᠭᠠᠵᠠᠷ᠎ᠢ ᠬᠠᠢ᠌ᠨ ᠭᠡᠮᠵᠢᠭᠦ᠂ ᠭᠡᠳᠦ ᠺᠤᠮᠫᠢᠦ᠋ᠲ᠋ᠧᠷ᠂ ᠳᠠᠭ᠋ᠠᠭᠤᠯᠢ ᠤᠳᠤ᠎ᠪᠠᠷ ᠠᠶᠠᠯᠠᠯ ᠵᠠᠮᠴᠢᠯᠠᠬᠤ᠂ ᠺᠸᠠᠨ᠋ᠲ᠎ᠤᠨ ᠮᠡᠳᠡᠭᠡ ᠵᠠᠩᠭᠢ᠂ ᠴᠥᠮ᠎ᠡ ᠵᠢᠨ ᠴᠠᠭᠢᠯᠭ᠋ᠠᠨ᠎ᠤ ᠮᠡᠷᠭᠡᠵᠢᠯ᠂ ᠲᠣᠮᠣ ᠨᠢᠰᠬᠡᠯ ᠦᠢ᠍ᠯᠡᠳᠭᠦ᠂ ᠵᠣᠬᠢᠶᠠᠮᠠᠯ ᠣᠶᠤᠨᠯᠢᠭ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠠᠬᠢ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ ᠲᠠᠰᠤᠷᠠᠯᠳᠠ ᠦᠭᠡᠢ ᠢᠯᠡᠷᠡᠨ ᠭᠠᠷᠪᠠ᠃ ᠪᠦᠭᠦ ᠨᠡᠢ᠌ᠭᠡᠮ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢᠨ ᠡᠷᠴᠢᠮ 2.1% ᠪᠠᠢ᠌ᠭᠰᠠᠨ᠎ᠠᠴᠠ᠎ᠪᠠᠨ 2.5%᠎ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠬᠤᠪᠢ ᠨᠡᠮᠡᠷᠢ ᠵᠢᠨ ᠨᠤᠷᠮ᠎ᠠ 60%᠎ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨ᠎ᠡ ᠡᠭᠦᠳᠦᠯᠲᠡ ᠵᠢᠨ ᠬᠥᠭᠵᠢᠯᠲᠡ ᠵᠢ ᠲᠤᠯᠭ᠋ᠠᠭᠤᠷᠢᠯᠠᠬᠤ ᠴᠢᠳᠠᠪᠤᠷᠢ ᠲᠠᠰᠤᠷᠠᠯᠳᠠ ᠦᠭᠡᠢ ᠴᠢᠩᠭ᠋ᠠᠷᠠᠪᠠ᠃
     — ᠠᠵᠤ ᠠᠬᠤᠢ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠳᠡᠭᠡᠳᠦ ᠮᠡᠷᠭᠡᠵᠢᠯ᠎ᠤᠨ ᠦᠢ᠍ᠯᠡᠳᠭᠦ ᠦᠢ᠍ᠯᠡᠰ᠂ ᠲᠣᠨᠤᠭ ᠲᠥᠬᠦᠭᠡᠷᠦᠮᠵᠢ ᠦᠢ᠍ᠯᠡᠳᠭᠦ ᠦᠢ᠍ᠯᠡᠰ᠎ᠤᠨ ᠨᠡᠮᠡᠭᠳᠡᠯ ᠥᠷᠲᠡᠭ ᠵᠢᠯ ᠳᠤᠮᠳᠠᠴᠢ᠎ᠪᠠᠷ ᠳᠤᠰ ᠳᠤᠰ 10.6%᠂ 7.9%᠎ᠪᠠᠷ ᠨᠡᠮᠡᠭᠳᠡᠵᠦ᠂ ᠳ᠋ᠢᠵᠢᠲ᠋ᠠᠯ ᠠᠵᠤ ᠠᠬᠤᠢ ᠳᠠᠰᠤᠷᠠᠯᠳᠠ ᠦᠭᠡᠢ ᠪᠤᠵᠠᠭ᠋ᠠᠢ᠌ᠷᠠᠵᠤ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠭᠡᠯᠪᠡᠷᠢ ᠪᠠᠢ᠌ᠳᠠᠯ ᠰᠢᠨ᠎ᠡ ᠬᠡᠪ ᠵᠠᠭᠪᠤᠷ᠎ᠤᠨ ᠨᠡᠮᠡᠭᠳᠡᠯ ᠥᠷᠲᠡᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠥᠷᠲᠡᠭ᠎ᠲᠤ ᠡᠵᠡᠯᠡᠭᠦ ᠬᠤᠪᠢ ᠵᠢᠨ ᠵᠢᠩ 17%᠎ᠠᠴᠠ ᠳᠡᠭᠡᠭᠰᠢ᠎ᠳᠤ ᠭᠦᠷᠪᠡ᠃ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠣᠷᠣᠨ ᠪᠦᠰᠡ ᠵᠢᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠪᠡ᠃ ᠪᠠᠢ᠌ᠩᠭᠤ ᠰᠠᠭᠤᠭ᠎ᠠ ᠬᠥᠮᠥᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠣᠷᠮ᠎ᠠ 60.2% ᠪᠠᠢ᠌ᠭᠰᠠᠨ᠎ᠠᠴᠠ᠎ᠪᠠᠨ 65.2% ᠪᠣᠯᠵᠤ ᠳᠡᠭᠡᠭᠰᠢᠯᠡᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠭᠦ ᠲᠠᠯ᠎ᠠ᠎ᠪᠠᠷ ᠬᠡᠷᠡᠭᠵᠢᠭᠦᠯᠪᠡ᠃ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠲᠦᠷᠭᠡᠯᠡᠨ ᠪᠣᠢ᠌ᠵᠢᠭᠤᠯᠪᠠ᠃
     — ᠰᠠᠭᠤᠷᠢ ᠲᠥᠬᠦᠭᠡᠷᠦᠮᠵᠢ ᠵᠢ ᠨᠠᠩ ᠢᠯᠡᠭᠦᠦ ᠲᠡᠭᠦᠯᠳᠡᠷᠵᠢᠭᠦᠯᠪᠡ᠃ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠤᠰᠤ ᠲᠠᠲᠠᠵᠤ ᠤᠰᠤ ᠲᠣᠬᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠪᠡ᠃ ᠳᠡᠭᠡᠳᠦ ᠬᠤᠷᠳᠤᠴᠠᠲᠤ ᠲᠡᠮᠦᠷ ᠵᠠᠮ᠎ᠤᠨ ᠲᠡᠭᠡᠭᠡᠪᠦᠷᠢ ᠡᠵᠡᠩᠨᠡᠯᠲᠡ ᠵᠢᠨ ᠵᠠᠮ᠎ᠤᠨ ᠤᠷᠳᠤ 2.5 ᠲᠦᠮᠡᠨ ᠺᠢᠯᠣᠮᠧᠲᠷ ᠪᠠᠢ᠌ᠭᠰᠠᠨ᠎ᠠᠴᠠ ᠎ᠪᠠᠨ 4.2 ᠲᠦᠮᠡᠨ ᠺᠢᠯᠣᠮᠧᠲᠷ ᠪᠣᠯᠵᠤ ᠨᠡᠮᠡᠭᠳᠡᠨ᠂ ᠲᠦᠷᠭᠡᠨ ᠳᠠᠪᠬᠢᠬᠤ ᠵᠠᠰᠠᠮᠠᠯ ᠵᠠᠮ᠎ᠤᠨ ᠤᠷᠳᠤ ᠵᠢᠨ ᠬᠡᠮᠵᠢᠶ᠎ᠡ 13.6 ᠲᠦᠮᠡᠨ ᠺᠢᠯᠣᠮᠧᠲᠷ ᠪᠠᠢ᠌ᠭᠰᠠᠨ᠎ᠠᠴᠠ᠎ᠪᠠᠨ 17.7 ᠲᠦᠮᠡᠨ ᠺᠢᠯᠣᠮᠧᠲᠷ ᠪᠣᠯᠵᠤ ᠨᠡᠮᠡᠭᠳᠡᠪᠡ᠃ ᠬᠥᠳᠡᠭᠡ ᠲᠣᠰᠬᠤᠨ᠎ᠤ ᠵᠠᠰᠠᠮᠠᠯ ᠵᠠᠮ᠎ᠢ 125 ᠲᠦᠮᠡᠨ ᠺᠢᠯᠣᠮᠧᠲᠷ ᠰᠢᠨ᠎ᠡ᠎ᠪᠠᠷ ᠳᠡᠪᠢᠰᠦᠭᠰᠡᠨ ᠪᠤᠶᠤ ᠵᠠᠰᠠᠵᠤ ᠳᠡᠪᠢᠰᠪᠡ᠃ ᠨᠢᠰᠬᠡᠯ᠎ᠤᠨ ᠪᠠᠭᠤᠳᠠᠯ᠎ᠤᠨ ᠪᠠᠭᠲᠠᠭ᠋ᠠᠮᠵᠢ ᠵᠢ 4 ᠳ᠋ᠦᠩᠰᠢᠭᠤᠷ ᠬᠥᠮᠥᠨ ᠤᠳᠠᠭ᠎ᠠ ᠰᠢᠨ᠎ᠡ᠎ᠪᠠᠷ ᠨᠡᠮᠡᠭᠳᠡᠭᠦᠯᠪᠡ᠃ ᠴᠠᠭᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢ 40%᠎ᠠᠴᠠ ᠳᠡᠭᠡᠭᠰᠢ ᠨᠡᠮᠡᠭᠳᠡᠭᠦᠯᠪᠡ᠃ ᠪᠤᠢ ᠪᠦᠬᠦᠢ ᠲᠤᠰᠬᠠᠢ ᠣᠷᠣᠨ᠎ᠤ ᠲᠡᠰ᠎ᠤᠨ ᠬᠤᠲᠠ᠎ᠳᠤ ᠮᠢᠩᠭ᠋ᠠᠨ ᠮᠧᠭ᠎ᠠ ᠵᠢᠨ ᠭᠡᠷᠡᠯᠯᠢᠭ ᠰᠦᠯᠵᠢᠶ᠎ᠡ ᠵᠢ ᠪᠦᠷᠬᠦᠭᠦᠯᠵᠦ᠂ ᠪᠤᠢ ᠪᠦᠬᠦᠢ ᠵᠠᠰᠠᠭ ᠵᠠᠬᠢᠷᠭ᠋ᠠᠨ᠎ᠤ ᠲᠣᠰᠬᠤᠨ᠎ᠳᠤ ᠥᠷᠭᠡᠨ ᠪᠦᠰᠡᠲᠦ ᠰᠦᠯᠵᠢᠶ᠎ᠡ ᠵᠢ ᠨᠡᠪᠲᠡᠷᠡᠭᠦᠯᠪᠡ᠃
     — ᠥᠭᠡᠷᠡᠴᠢᠯᠡᠯᠲᠡ ᠨᠡᠭᠡᠭᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ ᠬᠡᠷᠡᠭᠵᠢᠭᠦᠯᠦᠨ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠢᠯᠡᠳᠲᠡ ᠰᠠᠢ᠌ᠵᠢᠷᠠᠭᠤᠯᠪᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢ᠌ᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠵᠢᠨ ᠪᠦᠭᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ (RCEP)᠎ᠢ ᠬᠦᠴᠦᠨ᠎ᠲᠠᠢ ᠪᠤᠯᠭ᠋ᠠᠵᠤ ᠬᠡᠷᠡᠭᠵᠢᠭᠦᠯᠬᠦ ᠵᠢ ᠠᠬᠢᠭᠤᠯᠤᠨ᠂ ᠪᠦᠭᠦ ᠪᠥᠮᠪᠥᠷᠴᠡᠭ᠎ᠤᠨ ᠬᠠᠮᠤᠭ᠎ᠤᠨ ᠲᠣᠮᠣ ᠴᠢᠯᠦᠭᠡᠲᠦ ᠠᠷᠠᠯᠵᠢᠶᠠᠨ᠎ᠤ ᠣᠷᠣᠨ᠎ᠢ ᠪᠠᠢ᠌ᠭᠤᠯᠪᠠ᠃ ᠡᠳ᠋ ᠪᠠᠷᠠᠭ᠎ᠠ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠦᠭᠦ ᠲᠣᠭ᠎ᠠ ᠵᠢᠯ ᠳᠤᠮᠳᠠᠴᠢ᠎ᠪᠠᠷ 8.6%᠎ᠪᠠᠷ ᠨᠡᠮᠡᠭᠳᠡᠨ᠂ 40 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠰᠠᠨ ᠪᠥᠭᠡᠳ ᠤᠯᠠᠨ ᠵᠢᠯ ᠳᠠᠷᠠᠭ᠋ᠠᠯᠠᠨ ᠳᠡᠯᠡᠬᠡᠢ ᠵᠢᠨ ᠲᠡᠷᠢᠭᠦᠨ ᠪᠠᠢ᠌ᠷᠢᠨ᠎ᠳᠤ ᠣᠷᠣᠵᠤ᠂ ᠭᠠᠳᠠᠭ᠋ᠠᠳᠤ ᠪᠡᠯᠡ ᠵᠢ ᠲᠠᠲᠠᠬᠤ ᠪᠠ ᠭᠠᠳᠠᠭ᠋ᠠᠳᠤ᠎ᠳᠤ ᠪᠡᠯᠡ ᠣᠷᠣᠭᠤᠯᠬᠤ ᠶᠠᠪᠤᠳᠠᠯ ᠳᠡᠯᠡᠬᠡᠢ ᠵᠢᠨ ᠡᠮᠦᠨ᠎ᠡ ᠡᠩᠨᠡᠭᠡᠨ᠎ᠳᠤ ᠣᠷᠣᠪᠠ᠃
     — ᠠᠮᠢ ᠠᠬᠤᠢ ᠵᠢᠨ ᠣᠷᠴᠢᠨ ᠨᠥᠬᠥᠴᠡᠯ᠎ᠢ ᠢᠯᠡᠳᠲᠡ ᠰᠠᠢ᠌ᠵᠢᠷᠠᠭᠤᠯᠪᠠ᠃ ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠦᠷᠲᠡᠭ᠎ᠤᠨ ᠡᠨᠧᠷᠭᠢ ᠵᠢᠨ ᠬᠣᠷᠣᠭᠳᠠᠭᠤᠯᠤᠯ 8.1%᠎ᠪᠠᠷ ᠪᠠᠭᠤᠷᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ 14.1%᠎ᠪᠠᠷ ᠪᠠᠭᠤᠷᠠᠪᠠ᠃ ᠲᠤᠰᠬᠠᠢ ᠣᠷᠣᠨ᠎ᠤ ᠲᠠᠰ ᠵᠢᠴᠢ ᠲᠡᠭᠦᠨ᠎ᠠᠴᠠ ᠳᠡᠭᠡᠭᠰᠢᠬᠢ ᠬᠤᠲᠠ ᠵᠢᠨ ᠵᠢᠵᠢᠭ ᠮᠥᠬᠥᠯᠢᠭᠲᠦ ᠪᠣᠳᠠᠰ (PM2.5)᠎ᠤᠨ ᠳᠤᠮᠳᠠᠴᠢ ᠥᠳᠬᠡᠴᠡ 27.5%᠎ᠪᠠᠷ ᠪᠠᠭᠤᠷᠠᠨ᠂ ᠬᠦᠨᠳᠦ ᠪᠣᠬᠢᠷᠳᠤᠯ᠎ᠲᠠᠢ ᠡᠳᠦᠷ᠎ᠤᠨ ᠲᠣᠭ᠎ᠠ ᠲᠠᠪᠤᠨ ᠬᠤᠪᠢ᠎ᠠᠴᠠ ᠳᠡᠭᠡᠭᠰᠢ ᠪᠠᠭ᠋ᠠᠰᠴᠤ᠂ ᠪᠦᠭᠦ ᠤᠯᠤᠰ᠎ᠤᠨ ᠭᠠᠵᠠᠷ᠎ᠤᠨ ᠭᠠᠳᠠᠷᠭᠤ ᠵᠢᠨ ᠤᠰᠤᠨ᠎ᠤ ᠰᠢᠯᠢᠳᠡᠭ ᠰᠠᠢ᠌ᠨ ᠤᠰᠤᠨ ᠴᠣᠭᠴᠠ ᠵᠢᠨ ᠬᠠᠷᠢᠴᠠᠯ 67.9% ᠪᠠᠢ᠌ᠭᠰᠠᠨ᠎ᠠᠴᠠ ᠎ᠪᠠᠨ 87.9% ᠪᠣᠯᠵᠤ ᠳᠡᠭᠡᠭᠰᠢᠯᠡᠪᠡ᠃ ᠲᠦᠷᠦᠭᠦᠦ ᠪᠦᠯᠦᠭ ᠤᠯᠤᠰ᠎ᠤᠨ ᠴᠡᠴᠡᠷᠯᠢᠭ᠎ᠢ 5 ᠪᠠᠢ᠌ᠭᠤᠯᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ 9000 ᠭᠠᠷᠤᠢ ᠪᠠᠢ᠌ᠭᠤᠯᠪᠠ᠃ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠪᠠ᠃
     — ᠠᠷᠠᠳ᠎ᠤᠨ ᠠᠮᠢᠳᠤᠷᠠᠯ᠎ᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠵᠢᠭᠳᠡ ᠪᠠᠢ᠌ᠯᠭ᠋ᠠᠵᠤ᠂ ᠪᠦᠭᠦ ᠤᠯᠤᠰ᠎ᠤᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠤᠯᠬᠤ ᠤᠷᠤᠯᠭ᠎ᠠ ᠵᠢᠯ ᠳᠤᠮᠳᠠᠴᠢ᠎ᠪᠠᠷ 5.1%᠎ᠪᠠᠷ ᠨᠡᠮᠡᠭᠳᠡᠪᠡ᠃ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠵᠢᠯ ᠳᠤᠮᠳᠠᠴᠢ᠎ᠪᠠᠷ 2.1%᠎ᠪᠠᠷ ᠥᠰᠪᠡ᠃ ᠰᠢᠨ᠎ᠡ᠎ᠪᠠᠷ ᠨᠡᠮᠡᠭᠳᠡᠭᠰᠡᠨ ᠭᠦᠳᠡᠯᠮᠦᠷᠢ ᠵᠢᠨ ᠬᠦᠴᠦᠨ᠎ᠤ ᠰᠤᠷᠭ᠋ᠠᠨ ᠬᠥᠮᠦᠵᠢᠯ ᠭᠦᠷᠲᠡᠭᠦ ᠳᠤᠮᠳᠠᠴᠢ ᠵᠢᠯ ᠬᠤᠭᠤᠴᠠᠭ᠎ᠠ 13.5 ᠵᠢᠯ ᠪᠠᠢ᠌ᠭᠰᠠᠨ᠎ᠠᠴᠠ᠎ᠪᠠᠨ 14 ᠵᠢᠯ ᠪᠣᠯᠵᠤ ᠳᠡᠭᠡᠭᠰᠢᠯᠡᠪᠡ᠃ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠬᠰᠠᠨ ᠬᠥᠮᠥᠨ᠎ᠤ ᠲᠣᠭ᠎ᠠ 1.4 ᠳ᠋ᠦᠩᠰᠢᠭᠤᠷ ᠨᠡᠮᠡᠭᠳᠡᠨ᠂ 10.5 ᠳ᠋ᠦᠩᠰᠢᠭᠤᠷ ᠬᠥᠮᠥᠨ᠎ᠢ ᠬᠠᠮᠤᠷᠴᠤ᠂ ᠡᠮᠨᠡᠯᠭᠡ ᠵᠢᠨ ᠦᠨᠳᠦᠰᠦᠨ ᠳᠠᠭ᠋ᠠᠳᠬᠠᠯ᠎ᠤᠨ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠪᠡ᠃ ᠣᠯᠠᠨ ᠵᠢᠯ᠎ᠳᠤ ᠳᠥᠭᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠤᠨ ᠨᠡᠢ᠌ᠲᠡ 4200 ᠭᠠᠷᠤᠢ ᠲᠦᠮᠡᠨ ᠢᠵᠢ ᠣᠷᠣᠨ ᠰᠠᠭᠤᠴᠠ ᠵᠢ ᠥᠭᠡᠷᠡᠴᠢᠯᠡᠨ ᠵᠠᠰᠠᠵᠤ᠂ ᠳ᠋ᠦᠩᠰᠢᠭᠤᠷ ᠭᠠᠷᠤᠢ ᠬᠥᠮᠥᠨ ᠳᠥᠭᠦᠮ ᠪᠦᠲᠦᠴᠡᠲᠦ ᠣᠷᠣᠨ ᠰᠠᠭᠤᠴᠠ᠎ᠠᠴᠠ ᠎ᠪᠠᠨ ᠠᠰᠠᠷ᠎ᠲᠤ ᠨᠡᠭᠦᠵᠦ ᠣᠷᠣᠭ᠋ᠠᠳ ᠠᠮᠤᠭᠤᠯᠠᠩ ᠰᠠᠭᠤᠴᠠ᠎ᠲᠠᠢ ᠪᠣᠯᠪᠠ᠃
      ᠣᠯᠠᠨ ᠵᠢᠯ ᠨᠠᠷᠢᠨ ᠨᠢᠮᠪᠠᠢ ᠪᠡᠯᠡᠳᠬᠡᠯ ᠬᠢᠬᠦ᠎ᠪᠠᠷ ᠳᠠᠮᠵᠢᠭ᠋ᠠᠳ᠂ ᠠᠷᠪᠢᠴᠢ ᠭᠠᠮᠲᠠᠢ᠂ ᠠᠮᠤᠷ ᠲᠦᠪᠰᠢᠨ᠂ ᠭᠠᠢ᠌ᠬᠠᠯᠲᠠᠢ ᠰᠠᠢ᠌ᠬᠠᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠵᠡᠮᠳᠡᠭᠴᠦᠳ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠭᠢᠯᠡᠨ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠳᠡᠭᠡᠷᠡᠬᠢ ᠬᠥᠳᠡᠯᠭᠡᠭᠡᠨ᠎ᠢ ᠠᠬᠢᠭᠤᠯᠬᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠠᠬᠢᠭᠤᠯᠬᠤ᠂ ᠳᠡᠯᠡᠬᠡᠢ ᠵᠢᠨ ᠠᠷᠠᠳ ᠲᠦᠮᠡᠨ᠎ᠤ ᠪᠦᠯᠬᠦᠮᠳᠡᠯ ᠨᠥᠬᠥᠷᠯᠡᠯ᠎ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
      ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠡᠭᠦᠰᠦᠭᠰᠡᠨ ᠭᠤᠷᠪᠠᠨ ᠵᠢᠯ ᠭᠠᠷᠤᠢ ᠵᠢᠨ ᠲᠤᠷᠰᠢ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠢᠮᠠᠭᠲᠠ ᠪᠠᠷᠢᠮᠲᠠᠯᠠᠵᠤ᠂ ᠡᠮᠨᠡᠯᠭᠡ ᠵᠢᠨ ᠡᠬᠢ ᠪᠠᠶᠠᠯᠢᠭ ᠪᠠ ᠡᠳ᠋ ᠪᠣᠳᠠᠰ᠎ᠤᠨ ᠪᠠᠲᠤᠯᠠᠭ᠎ᠠ ᠵᠢ ᠴᠢᠩᠭ᠋ᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠳᠤ ᠨᠡᠷᠪᠡᠭᠳᠡᠭᠰᠡᠳ᠎ᠢ ᠪᠦᠭᠦ ᠬᠦᠴᠦᠨ ᠵᠶ᠋ᠠᠷ ᠵᠶ᠋ᠠᠨ ᠠᠪᠤᠷᠠᠨ ᠵᠠᠰᠠᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠪᠦᠲᠦᠮᠵᠢᠲᠡᠶ ᠬᠠᠮᠠᠭ᠋ᠠᠯᠠᠵᠤ᠂ ᠴᠠᠭ ᠪᠠ ᠪᠠᠢ᠌ᠳᠠᠯ᠎ᠳᠤ ᠲᠣᠬᠢᠷᠠᠭᠤᠯᠤᠨ ᠰᠡᠷᠭᠡᠢ᠌ᠯᠡᠨ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠭᠦ ᠤᠯᠤᠰ᠎ᠤᠨ ᠠᠷᠠᠳ ᠲᠦᠮᠡᠨ ᠰᠢᠨᠲᠠᠷᠠᠰᠢ ᠦᠭᠡᠢ ᠴᠢᠷᠮᠠᠢ᠌ᠵᠤ᠂ ᠴᠢᠬᠤᠯᠠ ᠶᠡᠬᠡ ᠰᠢᠢ᠍ᠳᠪᠦᠷᠢᠯᠡᠭᠴᠢ ᠴᠢᠨᠠᠷᠲᠠᠢ ᠢᠯᠠᠯᠲᠠ ᠵᠢ ᠣᠯᠪᠠ᠃ ᠬᠢᠵᠢᠭ᠎ᠢ ᠡᠰᠡᠷᠭᠦᠴᠡᠬᠦ ᠲᠤᠢ᠌ᠯ᠎ᠤᠨ ᠶᠡᠷᠦ ᠪᠤᠰᠤ ᠵᠢᠨ ᠥᠩᠭᠡᠷᠡᠯᠲᠡ ᠳᠤᠮᠳᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠡᠬᠡ ᠬᠡᠮᠵᠢᠶᠡᠨ᠎ᠤ ᠠᠵᠢᠯ ᠬᠢᠵᠦ᠂ ᠡᠯ᠎ᠡ ᠠᠵᠢᠯ ᠲᠥᠷᠥᠯ᠎ᠤᠨ᠎ᠬᠢᠨ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠵᠤ᠂ ᠥᠷᠭᠡᠨ ᠣᠯᠠᠨ ᠡᠮᠨᠡᠯᠭᠡ ᠵᠢᠨ ᠠᠵᠢᠯᠲᠠᠨ ᠬᠦᠴᠢᠷ ᠪᠡᠷᠬᠡ᠎ᠠᠴᠠ ᠦᠯᠦ ᠰᠦᠷᠳᠡᠨ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤᠯᠠᠨ ᠳᠠᠪᠬᠤᠷ ᠪᠡᠷᠬᠡᠰᠢᠶᠡᠯ᠎ᠢ ᠢᠯᠡᠨ ᠳᠠᠪᠠᠵᠤ᠂ ᠬᠤᠪᠢ ᠨᠡᠮᠡᠷᠢ ᠣᠷᠣᠭᠤᠯᠵᠤ ᠬᠠᠷᠠᠮ ᠦᠭᠡᠢ ᠵᠣᠷᠢᠭᠤᠯᠤᠭᠰᠠᠨ᠎ᠨᠢ ᠴᠥᠮ ᠲᠤᠢ᠌ᠯ᠎ᠤᠨ ᠭᠢᠯᠪᠡᠷ ᠪᠤᠰᠤ ᠶᠠᠪᠤᠳᠠᠯ ᠶᠤᠮ᠂ ᠤᠯᠡᠨ ᠵᠶ᠋ᠠᠷ ᠵᠶ᠋ᠠᠨ ᠬᠢᠵᠢᠭ᠎ᠤᠨ ᠬᠦᠨᠳᠦ ᠶᠡᠬᠡ ᠰᠢᠯᠭ᠋ᠠᠯᠲᠠ ᠵᠢ ᠬᠠᠮᠲᠤ᠎ᠪᠠᠷ ᠡᠰᠡᠷᠭᠦᠴᠡᠨ ᠬᠣᠷᠢᠭᠯᠠᠵᠤ᠂ ᠬᠠᠷᠠᠬᠠᠨ ᠳᠠᠭᠤᠰᠤᠭ᠋ᠠᠳᠤᠢ ᠬᠢᠵᠢᠭ᠎ᠤᠨ ᠡᠮᠦᠨ᠎ᠡ᠂ ᠮᠥᠨ ᠯᠡ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠭᠡᠳ ᠣᠯᠣᠭᠰᠠᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠵᠦ ᠪᠠᠢ᠌ᠨ᠎ᠠ᠃
      ᠲᠥᠯᠥᠭᠡᠯᠡᠭᠴᠢᠳ ᠠ᠋!
      ᠲᠠᠪᠤᠨ ᠵᠢᠯ᠎ᠤᠨ ᠲᠤᠷᠰᠢ᠂ ᠪᠢᠳᠡ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠭᠣᠣᠯᠳᠠᠭᠤ ᠳᠣᠣᠷᠠᠬᠢ ᠠᠵᠢᠯ᠎ᠤᠳ᠎ᠢ ᠬᠢᠪᠡ᠃
     (ᠨᠢᠭᠡ) ᠬᠣᠷᠸ᠎ᠠ ᠲᠣᠬᠢᠷᠠᠭᠤᠯᠤᠯ ᠡᠵᠡᠮᠳᠡᠯ᠎ᠤᠨ ᠰᠢᠨ᠎ᠡ ᠵᠢ ᠡᠭᠦᠳᠴᠦ᠂ ᠠᠵᠤ ᠠᠬᠤᠢ ᠵᠢᠨ ᠠᠵᠢᠯᠯᠠᠭ᠋ᠠᠨ᠎ᠢ ᠵᠦᠢ ᠵᠣᠬᠢᠰᠲᠠᠢ ᠬᠡᠪᠴᠢᠶᠡᠨ᠎ᠳᠤ ᠪᠠᠢ᠌ᠯᠭ᠋ᠠᠪᠠ᠃ ᠠᠷᠠᠯᠵᠢᠶᠠᠨ᠎ᠤ ᠬᠠᠮᠠᠭ᠋ᠠᠯᠠᠬᠤ ᠦᠵᠡᠯ ᠲᠣᠯᠣᠭ᠋ᠠᠢ ᠥᠨᠳᠡᠢ᠌ᠭᠰᠡᠨ᠂ ᠬᠢᠵᠢᠭ᠎ᠤᠨ ᠳᠠᠭ᠋ᠠᠷᠢᠯᠲᠠ ᠢᠷᠡᠭᠰᠡᠨ ᠵᠡᠷᠭᠡ ᠬᠣᠢ᠌ᠨ᠎ᠠ ᠬᠣᠢ᠌ᠨ᠎ᠠ᠎ᠠᠴᠠ᠎ᠪᠠᠨ ᠵᠠᠯᠭ᠋ᠠᠯᠳᠤᠭᠰᠠᠨ ᠬᠠᠲᠠᠭᠤ ᠴᠢᠩᠭ᠎ᠠ ᠰᠢᠯᠭ᠋ᠠᠯᠲᠠ ᠵᠢᠨ ᠡᠮᠦᠨ᠎ᠡ᠂ ᠬᠣᠷᠸ᠎ᠠ ᠲᠣᠬᠢᠷᠠᠭᠤᠯᠤᠯ ᠡᠵᠡᠮᠳᠡᠯ᠎ᠤᠨ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠪᠡᠯᠡ ᠣᠷᠣᠭᠤᠯᠤᠯᠲᠠ᠎ᠳᠤ ᠬᠡᠲᠦᠷᠬᠡᠢ ᠲᠦᠰᠢᠭᠯᠡᠬᠦ ᠦᠭᠡᠢ ᠪᠠᠢ᠌ᠵᠤ᠂ ᠡᠳ᠋᠎ᠤᠨ ᠵᠠᠰᠠᠭ᠎ᠤᠨ ᠪᠠ ᠵᠣᠭᠣᠰᠤᠨ᠎ᠤ ᠵᠡᠷᠭᠡ ᠲᠦᠷᠦ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠠᠨᠳᠤᠯᠭ᠋ᠠᠲᠤ ᠴᠢᠨᠠᠷ ᠪᠠ ᠪᠦᠲᠦᠮᠵᠢᠲᠦ ᠴᠢᠨᠠᠷ᠎ᠢ᠎ᠨᠢ ᠨᠡᠮᠡᠭᠳᠡᠭᠦᠯᠦᠨ᠂ ᠵᠠᠬ᠎ᠠ ᠳᠡᠯᠭᠡᠭᠦᠷ᠎ᠤᠨ ᠬᠤᠪᠢᠷᠠᠯᠲᠠ᠎ᠳᠤ ᠰᠢᠭᠤᠳ ᠬᠠᠨᠳᠤᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠬᠦᠴᠢᠷᠳᠡᠯ ᠵᠶ᠋ᠠᠨ ᠰᠢᠢ᠍ᠳᠪᠦᠷᠢᠯᠡᠨ ᠭᠦᠭᠵᠢᠭᠦ ᠵᠢ ᠭᠣᠣᠯᠳᠠᠯᠭ᠎ᠠ᠎ᠲᠠᠢ ᠲᠡᠮᠵᠢᠭᠦ ᠵᠢᠨ ᠤᠯᠠᠮ᠎ᠠᠴᠠ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠵᠤ ᠠᠷᠠᠳ᠎ᠤᠨ ᠠᠮᠢᠳᠤᠷᠠᠯ᠎ᠢ ᠪᠠᠲᠤᠯᠠᠪᠠ᠃ ᠣᠨ᠎ᠤ ᠭᠣᠣᠯ ᠭᠣᠣᠯ ᠵᠢᠱ᠌ᠢᠭᠰᠡᠨ ᠬᠠᠷᠠᠯᠲᠠ ᠵᠢ ᠨᠢᠭᠡᠨ ᠣᠷᠭ᠋ᠠᠨᠢᠭ ᠪᠦᠬᠦᠯᠢ ᠴᠣᠭᠴᠠ ᠪᠣᠯᠭ᠋ᠠᠨ ᠡᠵᠡᠮᠳᠡᠵᠦ᠂ ᠬᠡᠪᠴᠢᠶᠡᠲᠦ ᠲᠣᠬᠢᠷᠠᠭᠤᠯᠤᠯ ᠡᠵᠡᠮᠳᠡᠯ᠂ ᠬᠠᠨᠳᠤᠯᠭ᠋ᠠᠲᠤ ᠲᠣᠬᠢᠷᠠᠭᠤᠯᠤᠯ ᠡᠵᠡᠮᠳᠡᠯ᠂ ᠲᠣᠬᠢᠶᠠᠯᠳᠤ ᠲᠣᠬᠢᠷᠠᠭᠤᠯᠤᠯ ᠡᠵᠡᠮᠳᠡᠯ᠂ ᠨᠠᠷᠢᠯᠢᠭ ᠤᠨᠤᠴᠠᠳᠤ ᠲᠣᠬᠢᠷᠠᠭᠤᠯᠤᠯ ᠡᠵᠡᠮᠳᠡᠯ᠎ᠢ ᠴᠢᠩᠭ᠋ᠠᠳᠬᠠᠵᠤ᠂ ᠡᠷᠡᠰ ᠰᠢᠭᠤᠷᠬᠠᠢ᠎ᠪᠠᠷ ᠡᠷᠴᠢᠮ ᠵᠶ᠋ᠠᠨ ᠴᠢᠩᠭ᠋ᠠᠷᠠᠭᠤᠯᠤᠭᠰᠠᠨ ᠮᠥᠷᠲᠡᠭᠡᠨ 《ᠨᠡᠯᠦᠢ᠌ᠯᠭᠡᠨ ᠤᠰᠤᠯᠠᠬᠤ ᠦᠭᠡᠢ》᠂ ᠬᠡᠲᠦᠷᠡᠲᠡᠯ᠎ᠡ ᠤᠷᠢᠳᠴᠢᠯᠠᠨ ᠵᠠᠷᠤᠴᠠᠭᠤᠯᠬᠤ ᠦᠭᠡᠢ ᠪᠠᠢ᠌ᠵᠤ᠂ 《ᠵᠢᠷᠭᠤᠭ᠎ᠠ ᠵᠢ ᠲᠣᠭᠲᠠᠭᠤᠨ ᠪᠠᠢ᠌ᠯᠭ᠋ᠠᠬᠤ》᠂ 《ᠵᠢᠷᠭᠤᠭ᠎ᠠ ᠵᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ᠂ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠬᠤ᠂ ᠠᠮᠤ ᠪᠤᠳᠠᠭ᠎ᠠ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ᠎ᠢ ᠪᠠᠲᠤᠯᠠᠬᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠢ᠌ᠬᠤ ᠵᠢ ᠪᠠᠲᠤᠯᠠᠬᠤ᠂ ᠦᠨᠳᠦᠰᠦᠨ ᠱᠠᠲᠤᠨ᠎ᠤ ᠠᠵᠢᠯᠯᠠᠭ᠋ᠠᠨ᠎ᠢ ᠪᠠᠲᠤᠯᠠᠬᠤ ᠵᠢ ᠴᠢᠩᠭ᠋ᠠᠳᠬᠠᠨ᠂ ᠥᠭᠡᠷᠡᠴᠢᠯᠡᠯᠲᠡ ᠨᠡᠭᠡᠭᠡᠯᠲᠡ ᠵᠢᠨ ᠠᠷᠭ᠎ᠠ᠎ᠪᠠᠷ ᠠᠵᠤ ᠠᠬᠤᠢ ᠵᠢᠨ ᠰᠠᠭ᠋ᠠᠳ ᠲᠣᠳᠬᠠᠷ᠎ᠢ ᠳᠠᠪᠠᠵᠤ᠂ ᠦᠷᠭᠦᠯᠵᠢᠯᠡᠨ ᠤᠷᠤᠭᠰᠢᠯᠠᠬᠤ ᠵᠢ ᠠᠬᠢᠭᠤᠯᠪᠠ᠃
      ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠪᠠᠷᠢᠮᠲᠠᠯᠠᠪᠠ᠃ ᠤᠯᠠᠭ᠋ᠠᠨ ᠲᠣᠭ᠎ᠠ ᠵᠢᠨ ᠬᠡᠪᠴᠢᠶ᠎ᠡ ᠵᠢ ᠵᠦᠢ ᠵᠣᠬᠢᠰᠲᠠᠢ ᠡᠵᠡᠮᠳᠡᠵᠦ᠂ ᠲᠠᠪᠤᠨ ᠵᠢᠯ᠎ᠤᠨ ᠶᠡᠷᠦᠩᠬᠡᠢ ᠤᠯᠠᠭ᠋ᠠᠨ ᠲᠣᠭ᠎ᠠ ᠵᠢᠨ ᠨᠤᠷᠮ᠎ᠠ ᠵᠢ 3% ᠵᠢᠨ ᠳᠣᠲᠣᠷ᠎ᠠ ᠬᠢᠵᠠᠭ᠋ᠠᠷᠯᠠᠵᠤ᠂ ᠵᠠᠰᠠᠭ᠎ᠤᠨ ᠣᠷᠳᠣᠨ᠎ᠤ ᠥᠭᠴᠡᠭᠡᠨ᠎ᠤ ᠨᠤᠷᠮ᠎ᠠ ᠵᠢ 50% ᠣᠷᠴᠢᠮ᠎ᠳᠤ ᠬᠢᠵᠠᠭ᠋ᠠᠷᠯᠠᠪᠠ᠃ ᠵᠠᠷᠤᠯᠭ᠎ᠠ ᠵᠢᠨ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠂ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ᠂ ᠦᠨᠳᠦᠰᠦᠨ ᠠᠷᠠᠳ᠎ᠤᠨ ᠠᠮᠢᠳᠤᠷᠠᠯ ᠵᠡᠷᠭᠡ ᠭᠣᠣᠯᠳᠠᠯᠭ᠎ᠠ᠎ᠲᠠᠢ ᠬᠦᠷᠢᠶ᠎ᠡ ᠵᠢ ᠬᠦᠴᠦᠲᠡᠢ ᠪᠠᠲᠤᠯᠠᠪᠠ᠃ ᠶᠡᠬᠡ ᠬᠡᠪᠴᠢᠶᠡᠨ᠎ᠤ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠳᠦᠷᠢᠮ᠎ᠤᠨ ᠴᠢᠨᠠᠷᠲᠠᠢ ᠲᠣᠬᠢᠷᠠᠭᠤᠯᠤᠯᠲᠠ ᠪᠣᠯᠣᠨ ᠱᠠᠲᠤ ᠦᠶᠡᠴᠢ ᠴᠢᠨᠠᠷᠲᠠᠢ ᠠᠷᠭ᠎ᠠ ᠬᠡᠮᠵᠢᠶ᠎ᠡ ᠵᠢ ᠤᠶᠠᠯᠳᠤᠭᠤᠯᠵᠤ᠂ ᠬᠢᠵᠢᠭ ᠡᠭᠦᠰᠦᠭᠰᠡᠨ᠎ᠤ ᠳᠠᠷᠠᠭ᠎ᠠ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠳᠠᠭ᠋ᠠᠷᠢᠯᠲᠠ ᠵᠢ ᠠᠷᠭ᠋ᠠᠴᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠭ᠋ᠠᠪᠠ᠃ ᠡᠵᠡᠩᠨᠡᠯᠲᠡ ᠵᠢᠨ ᠭᠠᠢ᠌ᠯᠢ ᠲᠠᠲᠠᠪᠤᠷᠢᠯᠠᠵᠤ ᠪᠠᠢ᠌ᠭᠰᠠᠨ᠎ᠢ ᠦᠷᠳᠡᠭ ᠨᠡᠮᠡᠭᠳᠡᠯ᠎ᠤᠨ ᠭᠠᠢ᠌ᠯᠢ ᠲᠠᠲᠠᠪᠤᠷᠢᠯᠠᠬᠤ ᠪᠣᠯᠭ᠋ᠠᠨ ᠥᠭᠡᠷᠡᠴᠢᠯᠡᠬᠦ ᠡᠭᠦᠷᠭᠡ ᠵᠢ ᠲᠤᠭᠤᠰᠢᠲᠠᠢ ᠪᠡᠶᠡᠯᠡᠭᠦᠯᠵᠦ᠂ ᠡᠵᠡᠩᠨᠡᠯᠲᠡ ᠵᠢᠨ ᠭᠠᠢ᠌ᠯᠢ ᠵᠢ ᠬᠦᠴᠦᠨ ᠦᠭᠡᠢ ᠪᠤᠯᠭ᠋ᠠᠵᠤ᠂ ᠥᠷᠲᠡᠭ ᠨᠡᠮᠡᠭᠳᠡᠯ᠎ᠤᠨ ᠭᠠᠢ᠌ᠯᠢ ᠵᠢᠨ ᠣᠷᠣᠯᠭ᠎ᠠ ᠵᠢᠨ ᠡᠵᠡᠯᠡᠭᠦ ᠬᠠᠷᠢᠴᠠᠯ ᠵᠶ᠋ᠠᠷ ᠬᠠᠮᠤᠭ᠎ᠤᠨ ᠥᠨᠳᠥᠷ᠂ ᠬᠣᠯᠪᠣᠭᠳᠠᠬᠤ ᠠᠵᠢᠯ ᠲᠥᠷᠥᠯ᠎ᠨᠢ ᠥᠷᠭᠡᠨ ᠳᠡᠯᠭᠡᠷ ᠪᠠᠢ᠌ᠳᠠᠭ ᠭᠠᠢ᠌ᠯᠢ ᠵᠢᠨ ᠨᠣᠷᠮ᠎ᠠ ᠵᠢ 17% ᠪᠠᠢ᠌ᠭᠰᠠᠨ᠎ᠠᠴᠠ 13% ᠪᠤᠯᠳᠠᠯ᠎ᠠ ᠪᠠᠭᠤᠷᠠᠭᠤᠯᠵᠤ᠂ ᠪᠠᠭ᠎ᠠ ᠬᠡᠮᠵᠢᠶᠡᠨ᠎ᠤ ᠭᠠᠢ᠌ᠯᠢ ᠲᠤᠰᠢᠶᠠᠭᠴᠢ ᠵᠢᠨ ᠥᠷᠲᠡᠭ ᠨᠡᠮᠡᠭᠳᠡᠯ᠎ᠤᠨ ᠭᠠᠢ᠌ᠯᠢ ᠵᠢᠨ ᠡᠬᠢᠯᠡᠵᠦ ᠲᠠᠲᠠᠪᠤᠷᠢᠯᠠᠬᠤ ᠴᠡᠭ᠎ᠢ ᠰᠠᠷ᠎ᠠ ᠵᠢᠨ ᠪᠣᠷᠣᠯᠠᠭᠤᠯᠤᠯᠲᠠ ᠵᠢᠨ ᠬᠡᠮᠵᠢᠶ᠎ᠡ᠎ᠨᠢ 3 ᠲᠦᠮᠡᠨ ᠲᠥᠭᠥᠷᠢᠭ ᠪᠠᠢ᠌ᠭᠰᠠᠨ᠎ᠠᠴᠠ 15 ᠲᠦᠮᠡᠨ ᠲᠥᠭᠥᠷᠢᠭ ᠪᠤᠯᠳᠠᠯ᠎ᠠ ᠱᠠᠲᠤ ᠦᠶᠡᠴᠢ ᠴᠢᠨᠠᠷᠲᠠᠢ᠎ᠪᠠᠷ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠢ᠌ᠯᠠᠯ᠎ᠤᠨ ᠠᠰᠢᠭ ᠣᠷᠣᠯᠭ᠎ᠠ ᠵᠢᠨ ᠭᠠᠢ᠌ᠯᠢ ᠵᠢᠨ ᠪᠣᠳᠠᠲᠠᠢ ᠬᠠᠮᠤᠭ᠎ᠤᠨ ᠳᠣᠣᠷ᠎ᠠ ᠭᠠᠢ᠌ᠯᠢ ᠵᠢᠨ ᠡᠭᠦᠷᠭᠡᠯᠡᠯ᠎ᠤᠨ ᠨᠣᠷᠮ᠎ᠠ ᠵᠢ 10% ᠪᠠᠢ᠌ᠭᠰᠠᠨ᠎ᠠᠴᠠ 2.5% ᠪᠤᠯᠲᠠᠯ᠎ᠠ ᠱᠠᠲᠤ ᠦᠶᠡᠴᠢ ᠴᠢᠨᠠᠷᠲᠠᠢ᠎ᠪᠠᠷ ᠪᠠᠭᠤᠷᠠᠭᠤᠯᠪᠠ᠃ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ᠎ᠳᠤ ᠭᠤᠤᠯᠴᠢ ᠪᠥᠭᠡᠳ ᠲᠦᠭᠡᠮᠡᠯ ᠬᠠᠷᠠᠭ᠋ᠠᠯᠵᠠᠯ ᠦᠵᠡᠭᠦᠯᠦᠨ᠂ ᠥᠨᠳᠥᠷ ᠪᠦᠲᠦᠮᠵᠢᠲᠡᠶ ᠪᠥᠭᠡᠳ ᠰᠢᠭᠤᠳ ᠪᠠᠭᠤᠯᠭ᠋ᠠᠵᠤ᠂ ᠲᠠᠪᠤᠨ ᠵᠢᠯ᠎ᠳᠤ ᠨᠡᠢ᠌ᠲᠡ 5.4 ᠲᠦᠮᠡᠨ ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠬᠥᠩᠭᠡᠯᠡᠨ᠂ 2.8 ᠲᠦᠮᠡᠨ ᠳ᠋ᠦᠩᠰᠢᠭᠤᠷ ᠲᠥᠭᠥᠷᠢᠭ᠎ᠤᠨ ᠰᠦᠢ᠍ᠳᠬᠡᠯ᠎ᠢ ᠪᠠᠭᠤᠷᠠᠭᠤᠯᠵᠤ᠂ ᠠᠵᠤ ᠠᠬᠤᠢ᠌ᠯᠠᠯ᠎ᠢ ᠬᠠᠪᠰᠤᠷᠤᠨ ᠬᠦᠴᠢᠷ ᠪᠡᠷᠬᠡ ᠵᠢ ᠲᠤᠭᠤᠯᠤᠭᠤᠯᠵᠤ᠂ ᠬᠦᠴᠦ ᠲᠠᠮᠢᠷ᠎ᠢ᠎ᠨᠢ ᠬᠠᠳᠠᠭ᠋ᠠᠯᠠᠵᠤ ᠴᠢᠳᠠᠭᠰᠠᠨ ᠮᠥᠷᠲᠡᠭᠡᠨ ᠡᠳ᠋᠎ᠤᠨ ᠢᠷᠡᠯᠲᠡ ᠵᠢ ᠲᠡᠳᠬᠦᠨ ᠪᠣᠢ᠌ᠵᠢᠭᠤᠯᠵᠤ᠂ ᠭᠠᠢ᠌ᠯᠢ ᠵᠢᠨ ᠢᠷᠡᠯᠲᠡ ᠵᠢ ᠬᠠᠳᠠᠭ᠋ᠠᠯᠠᠨ ᠬᠠᠮᠠᠭ᠋ᠠᠯᠠᠪᠠ᠂ ᠢᠩᠭᠢᠭᠰᠡᠨ ᠵᠶ᠋ᠠᠷ ᠵᠢᠯ ᠳᠤᠮᠳᠠᠴᠢ᠎ᠪᠠᠷ ᠰᠢᠨ᠎ᠡ᠎ᠪᠠᠷ ᠨᠡᠮᠡᠭᠳᠡᠭᠰᠡᠨ ᠭᠠᠢ᠌ᠯᠢ᠎ᠳᠤ ᠬᠣᠯᠪᠣᠭᠳᠠᠬᠤ ᠠᠵᠤ ᠠᠬᠤᠢ᠌ᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ 1100 ᠲᠦᠮᠡ ᠵᠢ ᠳᠠᠪᠠᠵᠤ᠂ ᠡᠯ᠎ᠡ ᠣᠨ᠎ᠤ ᠲᠥᠪ᠎ᠤᠨ ᠡᠳ᠋᠎ᠤᠨ ᠵᠠᠰᠠᠭ᠎ᠤᠨ ᠣᠷᠣᠯᠭ᠎ᠠ ᠵᠢᠨ ᠲᠥᠰᠥᠪ᠎ᠢ ᠴᠥᠮ ᠤᠷᠤᠭᠰᠢᠲᠠᠢ ᠪᠡᠶᠡᠯᠡᠭᠦᠯᠪᠡ᠂ ᠦᠯᠡᠳᠡᠭᠰᠡᠨ ᠰᠠᠭᠤᠳᠬᠠᠯ ᠭᠠᠢ᠌ᠯᠢ ᠵᠢ ᠪᠤᠴᠠᠭ᠋ᠠᠭᠰᠠᠨ ᠬᠦᠴᠦᠨ ᠵᠦᠢ᠍ᠯ᠎ᠢ ᠪᠣᠳᠣᠯᠬᠢᠯᠠᠪᠠᠯ᠂ ᠪᠦᠭᠦ ᠤᠯᠤᠰ᠎ᠤᠨ ᠡᠳ᠋᠎ᠤᠨ ᠵᠠᠰᠠᠭ᠎ᠤᠨ ᠤᠷᠤᠯᠭ᠎ᠠ ᠠᠷᠪᠠᠨ ᠵᠢᠯ᠎ᠳᠤ ᠬᠣᠶᠠᠷ ᠳᠠᠭᠢᠨ ᠰᠢᠬᠠᠮ ᠪᠤᠯᠳᠠᠯ᠎ᠠ ᠨᠡᠮᠡᠭᠳᠡᠪᠡ᠃ ᠡᠳ᠋᠎ᠤᠨ ᠬᠦᠴᠦᠨ᠎ᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠲᠥᠪ᠎ᠤᠨ ᠡᠩ᠎ᠤᠨ ᠤᠯᠠᠨ ᠨᠡᠢ᠌ᠲᠡ ᠵᠢᠨ ᠲᠥᠰᠥᠪ᠎ᠤᠨ ᠵᠠᠷᠤᠯᠭ᠎ᠠ᠎ᠳᠠᠬᠢ ᠣᠷᠣᠨ ᠨᠤᠲᠤᠭ᠎ᠲᠤ ᠰᠢᠯᠵᠢᠭᠦᠯᠦᠨ ᠥᠭᠬᠦ ᠵᠠᠷᠤᠯᠭ᠎ᠠ ᠵᠢᠨ ᠡᠵᠡᠯᠡᠭᠦ ᠬᠠᠷᠢᠴᠠᠯ᠎ᠢ 70% ᠣᠷᠴᠢᠮ ᠪᠤᠯᠲᠠᠯ᠎ᠠ ᠳᠡᠭᠡᠭᠰᠢᠯᠡᠭᠦᠯᠵᠦ᠂ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠰᠢᠭᠤᠳ ᠪᠠᠭᠤᠯᠭ᠋ᠠᠬᠤ ᠲᠣᠭᠲᠠᠴᠠ ᠵᠢ ᠪᠠᠢ᠌ᠭᠤᠯᠬᠤ ᠵᠢᠨ ᠬᠠᠮᠲᠤ ᠪᠠᠢ᠌ᠩᠭᠤᠵᠢᠭᠤᠯᠤᠨ ᠬᠡᠷᠡᠭᠵᠢᠭᠦᠯᠪᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠭᠠᠮᠨᠠᠵᠤ ᠠᠮᠢᠳᠤᠷᠠᠬᠤ ᠵᠢ ᠪᠠᠷᠢᠮᠲᠠᠯᠠᠨ᠂ ᠡᠩ᠎ᠤᠨ ᠴᠢᠨᠠᠷᠲᠠᠢ ᠵᠠᠷᠤᠯᠭ᠎ᠠ ᠵᠢ ᠴᠢᠩᠭ᠎ᠠ ᠬᠢᠵᠠᠭ᠋ᠠᠷᠯᠠᠨ᠂ ᠲᠥᠪ᠎ᠤᠨ ᠰᠠᠯᠠᠭ᠎ᠠ ᠮᠥᠴᠢᠷ ᠲᠦᠷᠦᠭᠦᠯᠡᠨ ᠵᠠᠷᠤᠯᠭ᠎ᠠ᠎ᠪᠠᠨ ᠪᠠᠭ᠋ᠠᠰᠬᠠᠵᠤ᠂ ᠬᠠᠳᠠᠭ᠋ᠠᠯᠠᠯᠲᠠ ᠪᠡᠯᠡ ᠮᠥᠩᠭᠥ ᠪᠠ ᠰᠤᠯᠠ ᠪᠠᠢ᠌ᠭ᠎ᠠ ᠪᠡᠯᠡ ᠬᠥᠷᠥᠩᠭᠡ ᠵᠢ ᠠᠮᠢᠳᠤᠯᠢᠭ ᠪᠣᠯᠭ᠋ᠠᠨ᠂ ᠶᠡᠭᠦᠯᠡᠵᠦ ᠭᠠᠷᠭ᠋ᠠᠭᠰᠠᠨ ᠪᠡᠯᠡ ᠮᠥᠩᠭᠥ᠎ᠪᠠᠷ ᠠᠷᠭ᠎ᠠ ᠪᠦᠭᠦᠨ᠎ᠢ ᠰᠦᠪᠡᠭᠴᠢᠯᠡᠨ ᠠᠵᠤ ᠠᠬᠤᠢ᠌ᠯᠠᠯ᠎ᠳᠤ ᠠᠰᠢᠭ ᠬᠦᠷᠲᠡᠭᠡᠨ ᠠᠷᠠᠳ᠎ᠢ ᠪᠠᠶᠠᠵᠢᠭᠤᠯᠵᠤ᠂ ᠪᠦᠭᠦ ᠤᠯᠤᠰ᠎ᠤᠨ ᠡᠳ᠋᠎ᠤᠨ ᠵᠠᠰᠠᠭ᠎ᠤᠨ ᠵᠠᠷᠤᠯᠭ᠎ᠠ ᠵᠢᠨ 70%᠎ᠠᠴᠠ ᠳᠡᠭᠡᠭᠰᠢᠬᠢ ᠵᠢ᠎ᠨᠢ ᠠᠷᠠᠳ᠎ᠤᠨ ᠠᠮᠢᠳᠤᠷᠠᠯ᠎ᠳᠤ ᠬᠡᠷᠡᠭᠯᠡᠪᠡ᠃
      ᠵᠣᠭᠣᠰᠤᠨ᠎ᠤ ᠯᠠᠪᠳᠠᠭᠤᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠪᠠᠷᠢᠮᠲᠠᠯᠠᠪᠠ᠃ ᠪᠠᠢ᠌ᠳᠠᠯ᠎ᠤᠨ ᠬᠤᠪᠢᠷᠠᠯᠲᠠ ᠵᠢ ᠦᠨᠳᠦᠰᠦᠯᠡᠨ ᠲᠥᠷᠥ ᠵᠢᠨ ᠪᠣᠳᠣᠯᠭ᠎ᠠ ᠵᠢᠨ ᠡᠷᠴᠢᠮ᠎ᠢ ᠠᠮᠢᠳᠤᠯᠢᠭ ᠵᠶ᠋ᠠᠷ ᠡᠵᠡᠮᠳᠡᠵᠦ᠂ ᠭᠦᠢ᠍ᠯᠭᠡᠭᠡᠨ᠎ᠤ ᠴᠢᠨᠠᠷ᠎ᠢ ᠵᠦᠢ ᠵᠣᠬᠢᠰᠲᠠᠢ ᠪᠥᠭᠡᠳ ᠭᠦᠢ᠍ᠴᠡᠳ ᠲᠡᠭᠦᠯᠳᠡᠷ ᠪᠠᠢ᠌ᠯᠭ᠋ᠠᠵᠤ᠂ ᠬᠠᠳᠠᠭ᠋ᠠᠯᠠᠮᠵᠢ ᠵᠢᠨ ᠪᠡᠯᠡᠳᠬᠡᠯ ᠮᠥᠩᠭᠥ ᠵᠢᠨ ᠨᠤᠷᠮ᠎ᠠ ᠵᠢ ᠪᠠᠭᠤᠷᠠᠭᠤᠯᠬᠤ᠂ ᠳᠠᠭᠢᠨ ᠵᠢᠭᠡᠯᠡᠯᠭᠡ ᠥᠭᠬᠦ ᠵᠡᠷᠭᠡ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠰᠠᠢ᠌ᠲᠤᠷ ᠬᠡᠷᠡᠭᠯᠡᠵᠦ᠂ ᠪᠣᠳᠠᠲᠤ ᠴᠣᠭᠴᠠ ᠵᠢᠨ ᠠᠵᠤ ᠠᠬᠤᠢ᠎ᠳᠤ ᠦᠵᠡᠭᠦᠯᠭᠦ ᠪᠦᠲᠦᠮᠵᠢᠲᠡᠶ ᠳᠡᠮᠵᠢᠯᠭᠡ᠎ᠪᠠᠨ ᠴᠢᠩᠭ᠋ᠠᠳᠬᠠᠨ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ ᠪᠡᠯᠡ ᠲᠣᠬᠢᠷᠠᠭᠤᠯᠬᠤ᠎ᠳᠤ ᠦᠨᠡᠲᠡᠢ ᠪᠠᠢ᠌ᠬᠤ ᠵᠡᠷᠭᠡ ᠠᠰᠠᠭᠤᠳᠠᠯ᠎ᠢ ᠨᠠᠮᠳᠠᠭᠤᠯᠪᠠ᠃ ᠦᠢ᠍ᠯᠡᠳᠭᠦ ᠦᠢ᠍ᠯᠡᠰ᠎ᠤᠨ ᠵᠢᠭᠡᠯᠡᠯᠭᠡ ᠵᠢᠨ ᠦᠯᠡᠳᠡᠪᠦᠷᠢ 16.3 ᠲᠦᠮᠡᠨ ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ᠎ᠪᠠᠨ 27.4 ᠲᠦᠮᠡᠨ ᠳ᠋ᠦᠩᠰᠢᠭᠤᠷ ᠲᠥᠭᠥᠷᠢᠭ ᠪᠤᠯᠲᠠᠯ᠎ᠠ ᠨᠡᠮᠡᠭᠳᠡᠪᠡ᠃ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ ᠵᠢᠨ ᠦᠯᠡᠳᠡᠪᠦᠷᠢ 8.2 ᠲᠦᠮᠡᠨ ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ᠎ᠪᠠᠨ 23.8 ᠲᠦᠮᠡᠨ ᠳ᠋ᠦᠩᠰᠢᠭᠤᠷ ᠲᠥᠭᠥᠷᠢᠭ ᠪᠤᠯᠳᠠᠯ᠎ᠠ ᠨᠡᠮᠡᠭᠳᠡᠵᠦ᠂ ᠵᠢᠯ ᠳᠤᠮᠳᠠᠴᠢ᠎ᠪᠠᠷ 24%᠎ᠪᠠᠷ ᠨᠡᠮᠡᠭᠳᠡᠵᠦ᠂ ᠵᠢᠭᠡᠯᠡᠯᠭᠡ ᠵᠢᠨ ᠳᠤᠮᠳᠠᠴᠢ ᠬᠦᠦ ᠵᠢᠨ ᠨᠤᠷᠮ᠎ᠠ ᠲᠠᠪᠤᠨ ᠵᠢᠯ᠎ᠤᠨ ᠡᠮᠦᠨᠡᠬᠢ᠎ᠠᠴᠠ 1.5 ᠵᠠᠭᠤᠨ᠎ᠤ ᠨᠢᠭᠡᠴᠢ᠎ᠪᠠᠷ ᠪᠠᠭᠤᠷᠠᠪᠠ᠃ ᠳᠤᠮᠳᠠ ᠵᠢᠵᠢᠭ ᠠᠵᠤ ᠠᠬᠤᠢ᠌ᠯᠠᠯ᠎ᠤᠨ ᠠᠪᠴᠠᠭ᠋ᠠᠨ᠎ᠤ ᠵᠣᠭᠣᠰ᠎ᠢ ᠦᠷᠢᠳᠦᠭᠦ ᠵᠢ ᠢᠯᠭ᠋ᠠᠷᠠᠭᠤᠯᠤᠨ ᠲᠢᠭᠯᠡᠭᠦ ᠡᠷᠴᠢᠮ᠎ᠢ ᠴᠢᠩᠭ᠋ᠠᠷᠠᠭᠤᠯᠪᠠ᠃ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠤᠷᠮ᠎ᠠ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠬᠠᠷᠢᠮᠠᠬᠠᠢ ᠴᠢᠨᠠᠷ᠎ᠨᠢ ᠴᠢᠩᠭ᠋ᠠᠷᠠᠵᠤ᠂ ᠦᠨᠳᠦᠰᠦᠨ᠎ᠳᠡᠭᠡᠨ ᠲᠣᠭᠲᠠᠭᠤᠨ ᠪᠠᠢ᠌ᠨ᠎ᠠ᠃ ᠤᠯᠤᠰ᠎ᠤᠨ ᠦᠮᠴᠢᠯᠡᠯ᠎ᠤᠨ ᠬᠤᠳᠠᠯᠳᠤᠭ᠋ᠠᠨ᠎ᠤ ᠪᠠᠩᠬᠢ ᠪᠠ ᠬᠥᠳᠡᠭᠡ ᠳᠤᠰᠬᠤᠨ᠎ᠤ ᠢᠲᠡᠭᠡᠮᠵᠢ ᠵᠢᠨ ᠬᠤᠷᠰᠢᠶ᠎ᠠ ᠵᠡᠷᠭᠡ ᠵᠢᠨ 14486 ᠳ᠋ᠦᠡᠭᠰᠢᠭᠤᠷ ᠲᠥᠭᠥᠷᠢᠭ᠎ᠤᠨ ᠮᠥᠩᠭᠥᠨ ᠭᠦᠢ᠍ᠯᠭᠡᠭᠡᠨ᠎ᠤ ᠥᠭᠡᠷᠡᠴᠢᠯᠡᠯᠲᠡ ᠵᠢᠨ ᠲᠡᠦᠬᠡᠨ ᠥᠪᠡᠷ᠎ᠤᠨ ᠦᠷᠳᠡᠭ᠎ᠢ ᠪᠦᠷᠢᠮᠦᠰᠦᠨ ᠰᠢᠢ᠍ᠳᠪᠦᠷᠢᠯᠡᠪᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ᠂ ᠨᠢᠭᠡ ᠪᠦᠯᠦᠭ ᠲᠣᠮᠣ ᠭᠡᠯᠪᠡᠷᠢ ᠵᠢᠨ ᠠᠵᠤ ᠠᠬᠤᠢ᠌ᠯᠠᠯ᠎ᠤᠨ ᠪᠦᠯᠦᠭᠯᠡᠯ᠎ᠤᠨ ᠠᠶᠤᠯ ᠲᠦᠭᠰᠢᠭᠦᠷᠢ ᠵᠢ ᠨᠠᠷᠢᠯᠢᠭ ᠣᠨᠣᠴᠠᠲᠠᠢ ᠰᠢᠢ᠍ᠳᠪᠦᠷᠢᠯᠡᠵᠦ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠠᠶᠤᠯ ᠲᠦᠭᠰᠢᠭᠦᠷᠢ ᠵᠢ ᠲᠣᠭᠲᠠᠭᠤᠨ ᠵᠶ᠋ᠠᠷ ᠠᠷᠢᠯᠭ᠋ᠠᠵᠤ᠂ ᠲᠣᠮᠣ ᠭᠡᠯᠪᠡᠷᠢ ᠵᠢᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠡᠷᠡᠭᠦᠯ ᠵᠶ᠋ᠠᠷ ᠬᠥᠭᠵᠢᠵᠦ᠂ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠠᠵᠢᠯᠯᠠᠭ᠋ᠠᠨ ᠯᠠᠪᠳᠠᠭᠤᠨ ᠲᠣᠭᠲᠠᠭᠤᠨ ᠪᠣᠯᠵᠤ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠡᠬᠦ ᠬᠢᠵᠠᠭ᠋ᠠᠷ ᠱᠤᠭᠤᠮ᠎ᠢ ᠰᠠᠬᠢᠵᠤ ᠲᠡᠢ᠌ᠯᠪᠡ᠃
      ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢᠨ ᠤᠳᠤᠷᠢᠳᠤᠮᠵᠢ ᠵᠢ ᠴᠢᠩᠭ᠋ᠠᠳᠬᠠᠪᠠ᠃ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠵᠢ ᠠᠵᠤ ᠠᠬᠤᠢ ᠵᠢᠨ ᠠᠵᠢᠯᠯᠠᠭ᠋ᠠᠨ᠎ᠢ ᠵᠦᠢ ᠵᠣᠬᠢᠰᠲᠠᠢ ᠬᠡᠪᠴᠢᠶᠡᠨ᠎ᠳᠤ ᠪᠠᠢ᠌ᠯᠭ᠋ᠠᠬᠤ ᠵᠢᠨ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠪᠣᠯᠭ᠋ᠠᠪᠠ᠃ ᠵᠠᠬ᠎ᠠ ᠳᠡᠯᠭᠡᠭᠦᠷᠴᠢᠯᠡᠭᠰᠡᠨ ᠨᠡᠢ᠌ᠭᠡᠮᠴᠢᠯᠡᠭᠰᠡᠨ ᠠᠵᠢᠯ ᠣᠯᠭᠣᠯᠲᠠ ᠵᠢ ᠬᠦᠴᠦᠯᠡᠨ ᠠᠬᠢᠭᠤᠯᠵᠤ᠂ ᠠᠵᠤ ᠠᠬᠤᠢ᠌ᠯᠠᠯ᠎ᠤᠨ ᠠᠵᠢᠯ᠎ᠤᠨ ᠪᠠᠢ᠌ᠷᠢ᠎ᠪᠠᠨ ᠲᠣᠭᠲᠠᠪᠤᠷᠢᠵᠢᠭᠤᠯᠤᠨ ᠠᠵᠢᠯ᠎ᠤᠨ ᠪᠠᠢ᠌ᠷᠢ᠎ᠪᠠᠨ ᠥᠷᠭᠡᠳᠬᠡᠬᠦ ᠵᠢ ᠳᠡᠮᠵᠢᠭᠦ ᠡᠷᠴᠢᠮ᠎ᠢ ᠴᠢᠩᠭ᠋ᠠᠷᠠᠭᠤᠯᠪᠠ᠃ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠨᠢᠭᠡᠴᠢ ᠵᠢᠨ ᠰᠦᠢ᠍ᠳᠬᠡᠯ ᠲᠤᠰᠢᠶᠠᠬᠤ ᠬᠠᠷᠢᠴᠠᠯ᠎ᠢ 20% ᠪᠠᠢ᠌ᠭᠰᠠᠨ᠎ᠠᠴᠠ 16% ᠪᠣᠯᠭ᠋ᠠᠨ ᠪᠠᠭᠤᠷᠠᠭᠤᠯᠬᠤ ᠵᠢᠨ ᠬᠠᠮᠲᠤ ᠪᠦᠭᠦ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢ ᠲᠡᠭᠦᠯᠳᠡᠷᠵᠢᠭᠦᠯᠵᠦ᠂ ᠨᠥᠭᠡᠴᠡᠯᠡᠯᠳᠡ ᠵᠢᠨ ᠬᠡᠪᠴᠢᠶ᠎ᠡ 1.8 ᠲᠦᠮᠡᠨ ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ᠎ᠪᠠᠨ 2.5 ᠲᠦᠮᠡᠨ ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠣᠯᠵᠤ ᠨᠡᠮᠡᠭᠳᠡᠪᠡ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠪᠤᠴᠠᠭ᠋ᠠᠯᠲᠠ᠂ ᠠᠵᠢᠯᠲᠠᠨ ᠦᠯᠡᠳᠡᠭᠡᠬᠦ ᠪᠣᠯᠪᠠᠰᠤᠷᠠᠭᠤᠯᠤᠯ᠎ᠤᠨ ᠨᠥᠬᠥᠪᠦᠷᠢ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠪᠦᠭᠦᠳᠡ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠭᠦ ᠵᠢ ᠦᠷᠭᠦᠯᠵᠢᠯᠡᠨ ᠠᠬᠢᠭᠤᠯᠵᠤ᠂ ᠪᠦᠭᠦ ᠤᠯᠤᠰ᠎ᠤᠨ ᠴᠣᠭᠴᠠᠯᠠᠬᠤ ᠡᠭᠦᠳᠭᠦ ᠭᠠᠷᠠᠭ᠎ᠤᠨ ᠠᠵᠢᠯᠯᠠᠭ᠎ᠠ ᠵᠢ ᠵᠠᠯᠭ᠋ᠠᠭ᠎ᠠ᠎ᠪᠠᠷ 8 ᠬᠤᠭᠤᠴᠠᠭ᠎ᠠ ᠡᠷᠭᠢᠯᠡᠵᠦ᠂ ᠤᠷᠤᠯᠴᠠᠬᠰᠠᠨ ᠬᠥᠮᠥᠨ᠎ᠤ ᠲᠣᠭ᠎ᠠ 5.2 ᠳ᠋ᠦᠡᠭᠰᠢᠭᠤᠷ ᠭᠠᠷᠤᠢ ᠬᠥᠮᠥᠨ ᠤᠳᠠᠭ᠎ᠠ᠎ᠳᠤ ᠬᠦᠷᠴᠦ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠵᠢ ᠵᠣᠷᠢᠭᠵᠢᠭᠤᠯᠵᠤ᠂ ᠬᠥᠳᠡᠯᠮᠦᠷᠢᠴᠢᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠵᠢᠯ ᠣᠯᠬᠤ ᠰᠢᠨ᠎ᠡ ᠭᠡᠯᠪᠡᠷᠢ ᠪᠠᠢ᠌ᠳᠠᠯ ᠪᠠ ᠠᠮᠢᠳᠤᠯᠢᠭ ᠵᠶ᠋ᠠᠷ ᠠᠵᠢᠯ ᠣᠯᠬᠤ᠎ᠨᠢ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢᠨ ᠴᠢᠬᠤᠯᠠ ᠠᠷᠭ᠎ᠠ ᠵᠠᠮ ᠪᠣᠯᠪᠠ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠴᠡᠷᠢᠭ᠎ᠤᠨ ᠠᠯᠪᠠ᠎ᠠᠴᠠ ᠪᠠᠭᠤᠭᠰᠠᠳ᠂ ᠬᠥᠯᠥᠰᠦᠨ ᠠᠵᠢᠯᠴᠢᠨ ᠵᠡᠷᠭᠡ ᠬᠠᠮᠲᠤᠯᠢᠭ᠎ᠲᠤ ᠠᠵᠢᠯ ᠣᠯᠭᠣᠬᠤ ᠠᠵᠢᠯ᠎ᠢ ᠰᠠᠢ᠌ᠲᠤᠷ ᠬᠢᠪᠡ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠡᠷᠭᠡ ᠪᠡᠯᠡ ᠮᠥᠩᠭᠥ᠎ᠪᠠᠷ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠳᠡᠮᠵᠢᠪᠡ᠃ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠬ᠍ᠴᠢ ᠨᠡᠮᠡᠵᠦ ᠡᠯᠰᠡᠭᠦ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠭᠦ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠨᠡᠢ᠌ᠳᠡ 413 ᠲᠦᠮᠡᠨ ᠰᠤᠷᠤᠬ᠍ᠴᠢ ᠨᠡᠮᠡᠨ ᠡᠯᠰᠡᠵᠦ᠂ 8300 ᠭᠠᠷᠤᠢ ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ᠃ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ᠂ ᠡᠳ᠋ ᠪᠠᠶᠠᠯᠢᠭ᠎ᠤᠨ ᠰᠤᠷᠪᠤᠯᠵᠢ ᠮᠥᠨ᠃ 14 ᠳ᠋ᠦᠩᠰᠢᠭᠤᠷ ᠭᠠᠷᠤᠢ ᠬᠥᠮᠥᠨ ᠠᠮᠠ᠎ᠲᠠᠢ ᠲᠣᠮᠣ ᠤᠯᠤᠰ ᠠᠵᠢᠯ ᠣᠯᠭᠣᠯᠲᠠ ᠵᠢᠨ ᠲᠣᠭᠲᠠᠭᠤᠨ ᠪᠠᠢ᠌ᠬᠤ ᠵᠢ ᠪᠠᠲᠤᠯᠠᠵᠤ ᠴᠢᠳᠠᠭᠰᠠᠨ ᠶᠠᠪᠤᠳᠠᠯ ᠪᠣᠯ ᠲᠤᠩ ᠭᠢᠯᠪᠠᠷ ᠪᠤᠰᠤ ᠪᠥᠭᠡᠳ ᠲᠡᠭᠦᠨ᠎ᠳᠤ ᠯᠤᠲᠤ ᠶᠡᠬᠡ ᠪᠦᠲᠦᠭᠡᠯᠴᠢ ᠬᠦᠴᠦᠨ ᠠᠭᠤᠯᠤᠭᠳᠠᠵᠤ ᠪᠠᠢ᠌ᠭ᠎ᠠ ᠶᠤᠮ᠃
      ᠪᠠᠷᠠᠭ᠋ᠠᠨ᠎ᠤ ᠦᠨ᠎ᠡ ᠶᠡᠷᠦᠩᠬᠡᠢ᠎ᠳᠡᠭᠡᠨ ᠲᠣᠭᠲᠠᠭᠤᠨ ᠪᠠᠢ᠌ᠬᠤ ᠵᠢ ᠪᠠᠲᠤᠯᠠᠪᠠ᠃ ᠳᠠᠭ᠋ᠠᠷᠢᠯᠲᠠ ᠵᠢ ᠠᠷᠭ᠋ᠠᠴᠠᠬᠤ ᠳᠤᠮᠳᠠ ᠤᠯᠠᠭ᠋ᠠᠨ ᠲᠣᠭ᠎ᠠ ᠵᠢᠨ ᠬᠡᠪᠴᠢᠶ᠎ᠡ ᠵᠢ ᠦᠷᠭᠦᠯᠵᠢᠯᠡᠨ ᠶᠡᠬᠡ ᠬᠡᠮᠵᠢᠶ᠎ᠡ᠎ᠪᠠᠷ ᠨᠡᠮᠡᠭᠳᠡᠭᠦᠯᠦᠭᠰᠡᠨ ᠦᠭᠡᠢ᠂ ᠵᠣᠭᠣᠰ᠎ᠢ ᠴᠦ᠍ ᠬᠡᠲᠦᠷᠡᠭᠦᠯᠦᠨ ᠲᠠᠷᠬᠠᠭ᠋ᠠᠭᠰᠠᠨ ᠦᠭᠡᠢ ᠶᠠᠪᠤᠳᠠᠯ᠎ᠨᠢ ᠪᠠᠷᠠᠭ᠋ᠠᠨ᠎ᠤ ᠦᠨ᠎ᠡ ᠵᠢ ᠲᠣᠭᠲᠠᠭᠤᠨ ᠪᠠᠢ᠌ᠯᠭ᠋ᠠᠬᠤ᠎ᠳᠤ ᠬᠣᠷᠸ᠎ᠠ ᠨᠥᠬᠥᠴᠡᠯ᠎ᠢ ᠪᠦᠷᠢᠯᠳᠦᠭᠦᠯᠵᠦ ᠥᠭᠭᠦᠭᠰᠡᠨ ᠪᠠᠢ᠌ᠨ᠎ᠠ᠃ ᠲᠠᠷᠢᠶᠠᠯᠠᠩ᠎ᠤᠨ ᠦᠢ᠍ᠯᠡᠳᠪᠦᠷᠢᠯᠡᠯ᠎ᠢ ᠶᠡᠬᠡ ᠬᠦᠴᠦ ᠣᠷᠣᠭᠤᠯᠤᠨ ᠠᠳᠬᠤᠵᠤ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠯᠳᠤᠭᠤᠯᠬᠤ ᠪᠠ ᠨᠥᠭᠡᠴᠡᠯᠡᠨ ᠲᠣᠬᠢᠷᠠᠭᠤᠯᠬᠤ ᠵᠢ ᠴᠢᠩᠭ᠋ᠠᠳᠬᠠᠵᠤ᠂ ᠠᠮᠤ ᠪᠤᠳᠠᠭ᠎ᠠ ᠪᠣᠯᠣᠨ ᠭᠠᠬᠠᠢ᠂ ᠢᠳᠡᠰᠢᠨ ᠨᠣᠭᠣᠭ᠎ᠠ ᠵᠡᠷᠭᠡ ᠵᠢᠨ ᠲᠣᠭᠲᠠᠭᠤᠨ ᠬᠠᠩᠭ᠋ᠠᠯᠭ᠎ᠠ ᠵᠢ ᠦᠨᠡᠨ ᠬᠦ᠌ ᠪᠠᠲᠤᠯᠠᠵᠤ᠂ ᠨᠡᠭᠦᠷᠡᠰᠦ ᠴᠠᠭᠢᠯᠭ᠋ᠠᠨ ᠬᠦᠴᠦᠨ᠎ᠤ ᠬᠠᠩᠭ᠋ᠠᠯᠭ᠎ᠠ ᠪᠠᠴᠢᠮ ᠪᠠᠢ᠌ᠬᠤ ᠠᠰᠠᠭᠤᠳᠠᠯ᠎ᠢ ᠴᠠᠭ ᠲᠤᠬᠠᠢ᠎ᠳᠤᠨᠢ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ ᠪᠠ ᠦᠢ᠍ᠯᠡᠳᠪᠦᠷᠢᠯᠡᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠵᠢ ᠬᠠᠩᠭ᠋ᠠᠵᠤ᠂ ᠵᠠᠮ ᠬᠠᠷᠢᠯᠴᠠᠭ᠎ᠠ ᠡᠳ᠋ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠦᠨ᠎ᠡ ᠬᠠᠩᠰᠢ ᠵᠢᠨ ᠬᠡᠪ᠎ᠤᠨ ᠡᠮᠬᠢ ᠵᠢᠷᠤᠮ᠎ᠢ ᠬᠠᠮᠠᠭ᠋ᠠᠯᠠᠪᠠ᠃ ᠠᠷᠪᠠᠨ ᠵᠢᠯ᠎ᠤᠨ ᠲᠤᠷᠰᠢ ᠮᠠᠨ᠎ᠤ ᠤᠯᠤᠰ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠵᠢᠨ ᠥᠰᠦᠯᠲᠡ 2% ᠣᠷᠴᠢᠮ᠎ᠤᠨ ᠨᠡᠯᠢᠶᠡᠳ ᠳᠣᠣᠷ᠎ᠠ ᠲᠦᠪᠰᠢᠨ᠎ᠳᠤ ᠲᠣᠭᠲᠠᠪᠤᠷᠢᠵᠢᠭᠰᠠᠨ᠎ᠨᠢ ᠭᠢᠯᠪᠠᠷᠬᠠᠨ ᠪᠡᠶᠡᠯᠡᠭᠳᠡᠭᠰᠡᠨ ᠰᠢᠭ ᠪᠤᠯᠪᠠᠴᠤ ᠦᠨᠡᠨ᠎ᠳᠡᠭᠡᠨ ᠪᠡᠷᠬᠡ ᠬᠠᠲᠠᠭᠤᠵᠢᠯᠲᠠᠢ ᠪᠠᠢ᠌ᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠡᠮᠬᠢ ᠵᠢᠷᠤᠮ᠎ᠢ ᠬᠠᠮᠠᠭ᠋ᠠᠯᠠᠨ᠂ ᠬᠣᠷᠸ᠎ᠠ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠣᠷᠣᠨ ᠵᠠᠢ ᠬᠠᠩᠭ᠋ᠠᠭᠰᠠᠨ ᠮᠥᠷᠲᠡᠭᠡᠨ ᠦᠨᠳᠦᠰᠦᠨ ᠠᠷᠠᠳ᠎ᠤᠨ ᠠᠮᠢᠳᠤᠷᠠᠯ᠎ᠢ ᠨᠡᠩ ᠰᠠᠢ᠌ᠲᠤᠷ ᠪᠠᠲᠤᠯᠠᠬᠤ᠎ᠳᠤ ᠴᠤ᠌ ᠠᠰᠢᠭᠲᠠᠢ ᠪᠣᠯᠤᠭᠰᠠᠨ ᠶᠤᠮ᠃
     (ᠬᠣᠶᠠᠷ) ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠌ᠨ᠎ᠳᠤ ᠬᠤᠭᠤᠴᠠᠭ᠎ᠠ ᠶᠣᠰᠣᠭ᠋ᠠᠷ ᠢᠯᠠᠯᠲᠠ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠌ᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠪᠡ᠃ ᠴᠢᠨᠡᠭᠡᠯᠢᠭ ᠨᠡᠢ᠌ᠭᠡᠮ᠎ᠢ ᠪᠦᠭᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ᠎ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠳᠤ ᠪᠠᠢ᠌ᠬᠤ ᠶᠤᠮ᠃ ᠨᠠᠷᠢᠯᠢᠭ ᠣᠨᠣᠴᠠᠲᠠᠢ᠎ᠪᠠᠷ ᠶᠠᠳᠠᠭᠤ ᠵᠢ ᠲᠡᠳᠭᠦᠭᠦ ᠵᠢ ᠪᠠᠷᠢᠮᠲᠠᠯᠠᠵᠤ᠂ 《ᠭᠤᠷᠪᠠᠨ ᠣᠷᠣᠨ ᠭᠤᠷᠪᠠᠨ ᠵᠧᠦ》 ᠵᠡᠷᠭᠡ ᠣᠨᠴᠠ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠦᠷᠦ ᠵᠢᠨ ᠪᠣᠳᠣᠯᠭ᠎ᠠ ᠵᠢ ᠬᠡᠯᠪᠡᠢ᠌ᠯᠭᠡᠬᠦ ᠳᠡᠮᠵᠢᠯᠭᠡ᠎ᠪᠠᠨ ᠴᠢᠩᠭ᠋ᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠪᠡᠯᠡ ᠮᠥᠩᠭᠥ ᠵᠢᠨ ᠣᠷᠣᠭᠤᠯᠤᠯᠲᠠ ᠵᠢ ᠤᠷᠢᠳ ᠵᠶ᠋ᠠᠷ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠬᠤ᠎ᠳᠤ ᠬᠦᠴᠢᠷᠳᠡᠯ ᠶᠡᠬᠡᠲᠡᠢ ᠰᠢᠶᠠᠨ ᠪᠠ ᠲᠣᠰᠬᠤᠨ᠎ᠢ ᠪᠣᠯ ᠫᠠᠢ᠌ᠰᠠ ᠡᠯᠭᠦᠨ ᠰᠢᠪᠠᠳᠠᠨ ᠬᠢᠯᠭᠡᠪᠡ᠃ ᠠᠵᠤ ᠦᠢ᠍ᠯᠡᠰ᠂ ᠠᠵᠢᠯ ᠣᠯᠭᠣᠯᠲᠠ᠂ ᠠᠮᠢ ᠠᠬᠤᠢ᠂ ᠰᠤᠷᠭ᠋ᠠᠨ ᠬᠥᠮᠦᠵᠢᠯ᠂ ᠡᠷᠡᠭᠦᠯ ᠮᠡᠨᠳᠦ᠂ ᠨᠡᠢ᠌ᠭᠡᠮ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠬᠠᠪᠰᠤᠷᠤᠨ ᠲᠡᠳᠭᠦᠭᠦ ᠵᠢ ᠭᠦᠨᠵᠡᠭᠡᠢ ᠬᠡᠷᠡᠭᠵᠢᠭᠦᠯᠵᠦ᠂ ᠣᠨᠳᠣᠣ ᠭᠠᠵᠠᠷ ᠨᠡᠭᠦᠯᠭᠡᠭᠰᠡᠨ᠎ᠤ ᠳᠠᠷᠠᠭ᠋ᠠᠬᠢ ᠲᠡᠳᠬᠦᠨ ᠲᠠᠮᠵᠢᠭᠦ ᠠᠵᠢᠯ᠎ᠢ ᠴᠢᠩᠭ᠋ᠠᠳᠬᠠᠵᠤ᠂ 《ᠬᠣᠶᠠᠷ᠎ᠤᠨ ᠲᠥᠯᠥᠭᠡ ᠵᠣᠪᠠᠬᠤ ᠦᠭᠡᠢ᠂ ᠭᠤᠷᠪᠠ ᠵᠢ ᠪᠠᠲᠤᠯᠠᠭ᠎ᠠ᠎ᠲᠠᠢ ᠪᠠᠢ᠌ᠯᠭ᠋ᠠᠬᠤ》 ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠭᠰᠡᠨ ᠵᠶ᠋ᠠᠷ᠂ ᠶᠠᠳᠠᠭᠤ᠎ᠠᠴᠠ ᠠᠩᠭᠢᠵᠢᠷᠠᠭᠰᠠᠨ ᠣᠯᠠᠨ ᠲᠦᠮᠡᠨ ᠢᠳᠡᠵᠦ ᠡᠮᠦᠰᠭᠦ᠎ᠳᠡᠭᠡᠨ ᠵᠣᠪᠠᠬᠤ ᠦᠭᠡᠢ ᠪᠣᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮᠨᠡᠯᠭᠡ᠂ ᠣᠷᠣᠨ ᠰᠠᠭᠤᠴᠠ ᠵᠢᠨ ᠠᠮᠤᠷ ᠲᠦᠪᠰᠢᠨ᠎ᠤ ᠲᠠᠯ᠎ᠠ᠎ᠪᠠᠷ ᠪᠠᠲᠤᠯᠠᠭ᠎ᠠ᠎ᠲᠠᠢ ᠪᠣᠯᠤᠭᠰᠠᠨ ᠪᠥᠭᠡᠳ ᠢᠳᠡᠬᠦ ᠤᠰᠤᠨ᠎ᠤ ᠠᠮᠤᠷ ᠲᠦᠪᠰᠢᠨ᠎ᠨᠢ ᠴᠦ᠍ ᠪᠠᠲᠤᠯᠠᠭ᠎ᠠ᠎ᠲᠠᠢ ᠪᠣᠯᠪᠠ᠃ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠢᠯᠡᠳᠲᠡ ᠨᠡᠮᠡᠭᠳᠡᠵᠦ᠂ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠨᠢ ᠢᠯᠡᠳᠲᠡ ᠰᠠᠢ᠌ᠵᠢᠷᠠᠪᠠ᠃
      ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠯᠳᠤᠭᠤᠯᠬᠤ ᠵᠢ ᠠᠬᠢᠭᠤᠯᠪᠠ᠃ ᠰᠢᠯᠵᠢᠯᠲᠡ ᠵᠢᠨ ᠬᠤᠭᠤᠴᠠᠭ᠋ᠠᠨ᠎ᠳᠤ ᠭᠣᠣᠯ ᠪᠤᠯᠬᠤ ᠬᠠᠪᠰᠤᠷᠤᠨ ᠲᠡᠳᠭᠦᠭᠦ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠵᠤ᠂ 《ᠳᠥᠷᠪᠡ ᠵᠢ ᠦᠯᠦ ᠬᠤᠪᠢᠷᠠᠭᠤᠯᠬᠤ》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠳᠠᠭᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠥᠳᠡᠯᠦᠩᠭᠦᠢ ᠬᠢᠨᠠᠨ ᠭᠡᠮᠵᠢᠭᠦ ᠪᠠ ᠬᠠᠪᠰᠤᠷᠤᠨ ᠲᠡᠳᠭᠦᠭᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠬᠢᠵᠢᠭ᠂ ᠭᠠᠮᠰᠢᠭ ᠵᠡᠷᠭᠡ ᠠᠰᠢᠭ ᠦᠭᠡᠢ ᠨᠥᠯᠥᠭᠡ ᠵᠢ ᠬᠦᠴᠦᠲᠡᠢ ᠠᠷᠭ᠋ᠠᠴᠠᠵᠤ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠦᠯᠦ ᠡᠭᠦᠰᠭᠦ ᠵᠢ ᠦᠨᠡᠨ ᠬᠦ᠌ ᠪᠠᠲᠤᠯᠠᠪᠠ᠃ 160 ᠰᠢᠶᠠᠨ᠎ᠢ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠭᠦᠭᠦ ᠰᠢᠶᠠᠨ ᠵᠶ᠋ᠠᠷ ᠲᠣᠭᠲᠠᠭ᠋ᠠᠬᠤ ᠵᠢᠨ ᠬᠠᠮᠲᠤ ᠲᠥᠪᠯᠡᠷᠡᠭᠦᠯᠦᠨ ᠳᠠᠮᠵᠢᠵᠤ᠂ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢ ᠳᠡᠮᠵᠢᠭᠦ ᠡᠷᠴᠢᠮ ᠵᠶ᠋ᠠᠨ ᠴᠢᠩᠭ᠋ᠠᠷᠠᠭᠤᠯᠵᠤ᠂ ᠵᠡᠭᠦᠨ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ ᠬᠠᠮᠵᠢᠯᠴᠠᠬᠤ᠂ ᠠᠵᠢᠯ ᠲᠦᠷᠦᠯ᠎ᠤᠨ ᠰᠢᠰᠲ᠋ᠧᠮ ᠵᠶ᠋ᠠᠷ ᠲᠤᠰᠠᠯᠠᠬᠤ᠂ ᠴᠡᠭ ᠲᠣᠭᠲᠠᠭ᠋ᠠᠨ ᠬᠠᠪᠰᠤᠷᠤᠨ ᠲᠡᠳᠭᠦᠭᠦ ᠵᠡᠷᠭᠡ ᠲᠣᠭᠲᠠᠴᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠡᠮᠴᠢᠯᠡᠭᠡ᠂ ᠰᠤᠷᠭ᠋ᠠᠨ ᠬᠥᠮᠦᠵᠢᠯ᠎ᠤᠨ 《ᠪᠦᠯᠭᠦᠮ ᠮᠠᠶᠢᠭ》᠎ᠤᠨ ᠬᠠᠪᠰᠤᠷᠤᠨ ᠲᠡᠳᠭᠦᠭᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠰᠣᠩᠭᠣᠨ ᠲᠣᠮᠢᠯᠠᠵᠤ ᠰᠠᠢ᠌ᠲᠤᠷ ᠬᠡᠷᠡᠭᠯᠡᠨ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠪᠠ ᠤᠯᠠᠨ ᠲᠦᠮᠡᠨ᠎ᠤ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠪᠠ᠃
     (ᠭᠤᠷᠪᠠ) ᠭᠣᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠠᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠠᠩᠬᠠᠷᠤᠯ ᠵᠢᠡᠨ ᠲᠥᠪᠯᠡᠷᠡᠭᠦᠯᠵᠦ᠂ ᠵᠠᠬ᠎ᠠ ᠳᠡᠯᠭᠡᠭᠦᠷ᠎ᠤᠨ ᠠᠮᠢᠳᠤᠯᠢᠭ ᠬᠦᠴᠦᠨ ᠪᠠ ᠨᠡᠢ᠌ᠭᠡᠮ᠎ᠤᠨ ᠪᠦᠲᠦᠭᠡᠯᠴᠢ ᠬᠦᠴᠦᠨ᠎ᠢ ᠨᠡᠩ ᠶᠡᠬᠡ᠎ᠪᠠᠷ ᠬᠥᠭᠵᠢᠭᠡᠪᠡ᠃ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠵᠠᠬ᠎ᠠ ᠳᠡᠯᠭᠡᠭᠦᠷ᠎ᠢ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠳᠤᠮᠳᠠ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ ᠭᠠᠷᠭ᠋ᠠᠭᠤᠯᠵᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠢ᠌ᠨ ᠪᠠᠳᠠᠷᠠᠭᠤᠯᠤᠨ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠴᠢᠷᠮᠠᠢ᠌ᠯᠲᠠ᠎ᠲᠠᠢ ᠵᠠᠰᠠᠭ᠎ᠤᠨ ᠣᠷᠳᠣᠨ᠎ᠢ ᠨᠡᠩ ᠰᠠᠢ᠌ᠨ ᠤᠶᠠᠯᠳᠤᠭᠤᠯᠬᠤ ᠵᠢ ᠠᠬᠢᠭᠤᠯᠪᠠ᠃
      ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠦᠷᠭᠦᠯᠵᠢᠯᠡᠨ ᠠᠬᠢᠭᠤᠯᠪᠠ᠃ ᠲᠦᠷᠦ ᠵᠢᠨ ᠶᠠᠪᠤᠳᠠᠯ᠎ᠤᠨ ᠬᠣᠷᠢᠶ᠎ᠠ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠪᠡᠶᠡᠯᠡᠭᠦᠯᠪᠡ᠃ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠯᠡᠨ ᠪᠠᠢ᠌ᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠢ᠌ᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ᠎ᠪᠠᠷ ᠵᠠᠰᠠᠭᠰᠠᠨ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠤᠢ ᠪᠣᠯᠭ᠋ᠠᠪᠠ᠃ ᠶᠡᠬᠡ ᠶᠣᠰᠣᠨ ᠠᠨᠤ ᠶᠠᠪᠤᠭᠤᠯᠬᠤᠢ᠎ᠳᠤᠷ ᠲᠦᠭᠦᠮ᠂ ᠵᠠᠰᠠᠭ ᠴᠣᠮᠬᠠᠨ ᠪᠦᠭᠡᠰᠦ ᠭᠦᠢ᠍ᠴᠡᠳᠬᠡᠬᠦᠢ᠎ᠳᠤᠷ ᠭᠢᠯᠪᠠᠷ᠃ ᠵᠠᠰᠠᠭ᠎ᠤᠨ ᠣᠷᠳᠣᠨ᠎ᠤ ᠳᠤᠰ ᠪᠡᠶ᠎ᠡ ᠵᠢᠨ ᠠᠰᠢᠭ ᠲᠤᠰᠠ ᠵᠢ ᠭᠦᠨᠳᠡᠭᠦ ᠥᠭᠡᠷᠡᠴᠢᠯᠡᠯᠲᠡ ᠵᠢ ᠰᠢᠨᠲᠠᠷᠠᠰᠢ ᠦᠭᠡᠢ ᠠᠬᠢᠭᠤᠯᠪᠠ᠃ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ᠂ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠠᠭᠤᠵᠢᠭᠤ ᠲᠠᠯᠪᠢᠵᠤ᠂ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠨᠠᠵᠠᠭ᠋ᠠᠢ ᠲᠠᠯ᠎ᠠ ᠵᠢᠨ ᠲᠣᠳᠣᠷᠬᠠᠢ ᠬᠠᠭᠤᠳᠠᠰᠤ ᠵᠢᠨ ᠳᠦᠷᠢᠮ᠎ᠢ ᠪᠦᠭᠦ ᠲᠠᠯ᠎ᠠ᠎ᠪᠠᠷ ᠬᠡᠷᠡᠭᠵᠢᠭᠦᠯᠦᠨ᠂ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠳᠦᠷᠢᠮ᠎ᠢ ᠪᠠᠢ᠌ᠭᠤᠯᠬᠤ ᠡᠬᠢᠨ᠎ᠤ ᠦᠶ᠎ᠡ ᠵᠢᠨ᠎ᠬᠢ᠎ᠲᠠᠢ ᠠᠳᠠᠯᠢᠳᠬᠠᠪᠠᠯ 64%᠎ᠪᠠᠷ ᠴᠥᠭᠡᠳᠬᠡᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠴᠥᠮ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ᠎ᠳᠤ ᠣᠷᠣᠭᠤᠯᠪᠠ᠃ ᠤᠯᠠᠨ ᠵᠢᠯ᠎ᠤᠨ ᠲᠤᠷᠰᠢ 1000 ᠭᠠᠷᠤᠢ ᠵᠦᠢ᠍ᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠦᠴᠦᠨ ᠦᠭᠡᠢ ᠪᠤᠯᠭ᠋ᠠᠬᠰᠠᠨ ᠪᠠ ᠳᠣᠷᠣᠭᠰᠢ ᠪᠠᠭᠤᠯᠭ᠋ᠠᠵᠤ᠂ ᠲᠥᠪ ᠵᠠᠰᠠᠭ᠎ᠤᠨ ᠣᠷᠳᠣᠨ᠎ᠤ ᠳᠡᠰ ᠳᠠᠪᠬᠤᠷᠭ᠎ᠠ᠎ᠠᠴᠠ ᠬᠢᠨᠠᠨ ᠵᠥᠪᠰᠢᠶᠡᠷᠡᠬᠦ ᠪᠡᠯᠡ ᠤᠷᠤᠭᠤᠯᠤᠯᠳᠠ ᠵᠢᠨ ᠲᠥᠰᠥᠯ᠎ᠢ 90%᠎ᠠᠴᠠ ᠳᠡᠭᠡᠭᠰᠢ ᠴᠥᠭᠡᠳᠬᠡᠨ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ 60 ᠲᠥᠷᠥᠯ ᠪᠠᠢ᠌ᠭᠰᠠᠨ᠎ᠠᠴᠠ᠎ᠨᠢ ᠴᠥᠭᠡᠳᠬᠡᠭᠡᠳ 10 ᠲᠥᠷᠥᠯ ᠪᠤᠯᠭ᠋ᠠᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠰᠥᠯ᠎ᠤᠨ ᠪᠦᠭᠦ ᠶᠠᠪᠤᠴᠠ ᠵᠢᠨ ᠬᠢᠨᠠᠨ ᠵᠥᠪᠰᠢᠶᠡᠷᠡᠬᠦ ᠴᠠᠭ᠎ᠢ 120 ᠠᠵᠢᠯ᠎ᠤᠨ ᠡᠳᠦᠷ᠎ᠠᠴᠠ ᠬᠡᠲᠦᠷᠡᠭᠦᠯᠬᠦ ᠦᠭᠡᠢ ᠪᠣᠯᠭ᠋ᠠᠨ ᠪᠣᠭᠣᠨᠢᠰᠬᠠᠪᠠ᠃ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠢ ᠥᠭᠡᠷᠡᠴᠢᠯᠡᠵᠦ᠂ 《ᠦᠨᠡᠮᠯᠡᠯ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠬᠡᠷᠡᠭᠵᠢᠭᠦᠯᠵᠦ᠂ ᠠᠵᠤ ᠠᠬᠤᠢ᠌ᠯᠠᠯ ᠨᠡᠭᠡᠭᠡᠨ ᠡᠷᠭᠢᠯᠡᠭᠦ ᠭᠠᠷ ᠭᠦᠢ᠍ᠴᠡᠳᠬᠡᠯ᠎ᠤᠨ ᠴᠠᠭ᠎ᠢ ᠨᠢᠭᠡ ᠰᠠᠷ᠎ᠠ ᠭᠠᠷᠤᠢ ᠪᠠᠢ᠌ᠭᠰᠠᠨ᠎ᠠᠴᠠ ᠤᠳᠤ ᠵᠢᠨ ᠳᠤᠮᠳᠠᠴᠢ᠎ᠪᠠᠷ 4 ᠠᠵᠢᠯᠯᠠᠬᠤ ᠡᠳᠦᠷ᠎ᠤᠨ ᠳᠣᠲᠣᠷ᠎ᠠ ᠪᠣᠯᠭ᠋ᠠᠨ ᠪᠣᠭᠣᠨᠢᠰᠬᠠᠵᠤ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠳᠠᠩᠰᠠᠨ᠎ᠠᠴᠠ ᠬᠠᠰᠤᠭᠤᠯᠬᠤ ᠳᠦᠭᠦᠮ ᠳᠦᠷᠢᠮ᠎ᠢ ᠬᠡᠷᠡᠭᠵᠢᠭᠦᠯᠪᠡ᠃ ᠪᠠᠭᠤᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ ᠵᠢ ᠪᠠᠷᠢᠮᠲᠠᠯᠠᠨ᠂ ᠬᠡᠷᠡᠭ᠎ᠤᠨ ᠳᠤᠮᠳᠠᠬᠢ ᠬᠢᠨᠠᠯᠲᠠ ᠪᠠ ᠬᠡᠷᠡᠭ᠎ᠤᠨ ᠳᠠᠷᠠᠭ᠋ᠠᠬᠢ ᠬᠢᠨᠠᠯᠲᠠ ᠵᠢ ᠴᠢᠩᠭ᠋ᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ᠂ ᠡᠷᠬᠡ ᠵᠢ ᠪᠠᠭᠤᠯᠭ᠋ᠠᠬᠤ ᠵᠢ ᠴᠢᠬᠤᠯᠠᠴᠢᠯᠠᠨ ᠬᠠᠮᠢᠶᠠᠷᠤᠯᠲᠠ ᠵᠢ ᠬᠥᠩᠭᠡᠪᠴᠢᠯᠡᠬᠦ ᠵᠢ ᠰᠡᠷᠭᠡᠢ᠌ᠯᠡᠨ ᠬᠣᠷᠢᠭᠯᠠᠵᠤ᠂ ᠢᠳᠡᠭᠡᠨ᠎ᠤ ᠵᠦᠢ᠍ᠯ ᠡᠮ᠎ᠤᠨ ᠵᠦᠢ᠍ᠯ ᠵᠡᠷᠭᠡ ᠭᠣᠣᠯᠳᠠᠯᠭ᠎ᠠ᠎ᠲᠠᠢ ᠬᠦᠷᠢᠶ᠎ᠡ ᠵᠢᠨ ᠶᠠᠰᠤ ᠴᠢᠨᠠᠷ ᠪᠣᠯᠣᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠬᠣᠶᠠᠷ᠎ᠢ ᠲᠣᠬᠢᠶᠠᠯᠳᠤᠯ ᠵᠢᠡᠷ ᠰᠣᠩᠭᠣᠬᠤ᠂ ᠨᠢᠭᠡ ᠵᠢ ᠢᠯᠡ ᠪᠤᠯᠭ᠋ᠠᠬᠤ》 ᠵᠡᠷᠭᠡ ᠠᠷᠭ᠎ᠠ ᠮᠠᠶᠢᠭ᠎ᠢ ᠬᠡᠷᠡᠭᠵᠢᠭᠦᠯᠦᠨ ᠲᠥᠪ ᠭᠤᠤᠯᠴᠢ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢ ᠵᠢᠷᠤᠮᠵᠢᠭᠤᠨ ᠬᠡᠷᠡᠭᠵᠢᠭᠦᠯᠪᠡ᠃ ᠮᠣᠨᠣᠫᠤᠯᠢᠴᠢᠯᠠᠯ᠎ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ ᠠᠵᠢᠯ᠎ᠢ ᠴᠢᠩᠭ᠋ᠠᠳᠬᠠᠵᠤ᠂ ᠭᠤᠤᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠵᠢᠨ ᠳᠦᠷᠢᠮ᠎ᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠮᠣᠨᠣᠫᠤᠯᠢᠴᠢᠯᠠᠯ᠎ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠵᠢᠨ ᠪᠠᠢ᠌ᠭᠤᠯᠤᠯ᠎ᠢ ᠥᠭᠡᠷᠡᠴᠢᠯᠡᠪᠡ᠃ ᠬᠥᠷᠥᠩᠭᠡ ᠵᠢᠨ ᠡᠷᠡᠭᠦᠯ ᠵᠢᠡᠷ ᠭᠦᠭᠵᠢᠭᠦ ᠵᠢ ᠬᠠᠤᠯᠢ ᠶᠣᠰᠣᠭ᠋ᠠᠷ ᠵᠢᠷᠤᠮᠵᠢᠭᠤᠯᠬᠤ ᠪᠠ ᠬᠥᠲᠥᠯᠥᠨ ᠵᠢᠯᠤᠭᠣᠳᠴᠤ᠂ ᠬᠥᠷᠥᠩᠭᠡ ᠵᠢᠨ ᠡᠮᠬᠢ ᠵᠢᠷᠤᠮ ᠦᠭᠡᠢ ᠥᠷᠭᠡᠵᠢᠬᠦ ᠵᠢ ᠬᠠᠤᠯᠢ ᠶᠣᠰᠣᠭ᠋ᠠᠷ ᠡᠷᠡᠰ ᠬᠠᠮᠢᠶᠠᠷᠤᠨ ᠡᠵᠡᠮᠳᠡᠪᠡ᠃ ᠦᠢ᠍ᠯᠡᠴᠢᠯᠡᠭᠡ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠷᠠᠭᠤᠯᠤᠨ ᠭᠦᠢ᠍ᠴᠡᠳᠬᠡᠬᠦ ᠵᠢ ᠠᠬᠢᠭᠤᠯᠵᠤ᠂ ᠡᠯ᠎ᠡ ᠲᠥᠷᠥᠯ᠎ᠤᠨ ᠭᠡᠷᠡᠴᠢᠯᠡᠬᠦ ᠵᠦᠢ᠍ᠯᠡᠰ᠎ᠢ ᠪᠠᠭ᠋ᠠᠰᠬᠠᠨ᠂ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠲᠦᠷᠭᠡᠳᠬᠡᠵᠦ᠂ 90%᠎ᠠᠴᠠ ᠳᠡᠭᠡᠭᠰᠢᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠦᠯᠵᠢᠶᠡᠨ ᠳᠡᠭᠡᠷ᠎ᠡ ᠭᠦᠢ᠍ᠴᠡᠳᠬᠡᠵᠦ ᠪᠤᠯᠬᠤ ᠪᠤᠯᠭ᠋ᠠᠵᠦ᠂ ᠡᠷᠦᠭᠡ ᠠᠮᠠ ᠵᠢᠨ ᠭᠡᠷᠡᠴᠢᠯᠡᠯ᠂ ᠨᠡᠢ᠌ᠭᠡᠮ᠎ᠤᠨ ᠳᠠᠭ᠋ᠠᠳᠬᠠᠯ᠎ᠢ ᠰᠢᠯᠵᠢᠭᠦᠯᠦᠨ ᠵᠠᠯᠭ᠋ᠠᠭᠤᠯᠬᠤ ᠵᠡᠷᠭᠡ 200 ᠭᠠᠷᠤᠢ ᠵᠦᠢ᠍ᠯ᠎ᠤᠨ ᠣᠯᠠᠨ ᠲᠦᠮᠡᠨ᠎ᠤ ᠦᠷᠭᠦᠯᠵᠢ ᠭᠦᠢ᠍ᠴᠡᠳᠬᠡᠳᠡᠭ ᠵᠦᠢ᠍ᠯᠡᠰ᠎ᠢ ᠮᠤᠵᠢ ᠠᠯᠤᠰᠯᠠᠨ ᠭᠦᠢ᠍ᠴᠡᠳᠬᠡᠬᠦ ᠪᠣᠯᠭ᠋ᠠᠪᠠ᠃ ᠲᠦᠷᠭᠡᠨ ᠳᠠᠪᠬᠢᠬᠤ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠲᠠᠬᠢ ᠪᠤᠶ ᠪᠦᠬᠦᠢ ᠰᠦᠢ᠍ᠳᠬᠡᠯ ᠬᠤᠷᠢᠶᠠᠬᠤ ᠥᠷᠲᠡᠭᠡ ᠵᠢ ᠬᠠᠰᠤᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠳᠠᠩᠰᠠᠯᠠᠨ ᠬᠠᠮᠢᠶᠠᠷᠬᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠬᠥᠭᠵᠢᠯᠲᠡ ᠵᠢ ᠠᠬᠢᠭᠤᠯᠬᠤ᠂ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ᠎ᠢ ᠦᠭᠭᠦ ᠵᠢ ᠪᠠᠲᠤᠯᠠᠬᠤ ᠵᠡᠷᠭᠡ ᠳᠦᠷᠢᠮ᠎ᠢ ᠲᠣᠭᠲᠠᠭ᠋ᠠᠨ ᠬᠡᠷᠡᠭᠵᠢᠭᠦᠯᠪᠡ᠃ ᠥᠭᠡᠷᠡᠴᠢᠯᠡᠯᠲᠡ᠎ᠨᠢ ᠬᠥᠮᠥᠰ᠎ᠤᠨ ᠠᠷᠠᠯᠵᠢᠶ᠎ᠠ ᠬᠤᠳᠠᠯᠳᠤᠭ᠎ᠠ ᠬᠢᠵᠦ ᠠᠵᠤ ᠠᠬᠤᠢ᠌ᠯᠠᠯ ᠡᠷᠭᠢᠯᠡᠭᠦ᠎ᠳᠤ ᠨᠠᠩ ᠤᠯᠠᠨ ᠳᠥᠭᠦᠮ ᠨᠥᠬᠥᠴᠡᠯ ᠪᠠ ᠣᠷᠣᠨ ᠵᠠᠢ ᠬᠠᠩᠭ᠋ᠠᠵᠤ᠂ ᠨᠢᠳᠤᠨᠤᠨ᠎ᠤ ᠵᠢᠯ᠎ᠤᠨ ᠡᠴᠦᠰ᠎ᠲᠤ ᠠᠵᠤ ᠠᠬᠤᠢ᠌ᠯᠠᠯ᠎ᠤᠨ ᠲᠣᠭ᠎ᠠ 5200 ᠲᠦᠮᠡ ᠵᠢ ᠳᠠᠪᠠᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ 1.1 ᠳ᠋ᠦᠩᠰᠢᠭᠤᠷ᠎ᠢ ᠳᠠᠪᠠᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠶᠡᠷᠦᠩᠬᠡᠢ ᠲᠣᠭ᠎ᠠ 1.6 ᠳ᠋ᠦᠡᠭᠰᠢᠭᠤᠷ᠎ᠢ ᠳᠠᠪᠠᠵᠤ᠂ ᠠᠷᠪᠠᠨ ᠵᠢᠯ᠎ᠤᠨ ᠡᠮᠦᠨᠡᠬᠢ᠎ᠠᠴᠠ 3 ᠳᠠᠭᠢᠨ ᠪᠣᠯᠣᠭ᠋ᠠᠳ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠭᠴᠢ ᠬᠦᠴᠦᠨ᠎ᠨᠢ ᠢᠯᠡᠳᠲᠡ ᠴᠢᠩᠭ᠋ᠠᠷᠠᠪᠠ᠃
      ᠤᠯᠠᠨ ᠲᠦᠷᠦᠯ᠎ᠤᠨ ᠥᠮᠴᠢᠯᠡᠯ᠎ᠤᠨ ᠠᠵᠤ ᠠᠬᠤᠢ ᠵᠢᠨ ᠬᠠᠮᠲᠤ᠎ᠪᠠᠷ ᠭᠦᠭᠵᠢᠭᠦ ᠵᠢ ᠠᠬᠢᠭᠤᠯᠪᠠ᠃ ᠨᠡᠢ᠌ᠭᠡᠮ ᠵᠢᠷᠤᠮ᠎ᠤᠨ ᠦᠨᠳᠦᠰᠦᠨ ᠠᠵᠤ ᠠᠬᠤᠢ ᠵᠢᠨ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ 《ᠬᠣᠶᠠᠷ ᠥᠴᠥᠬᠡᠨ ᠴᠦ᠍ ᠭᠤᠢ᠌ᠪᠢᠰᠢ ᠦᠭᠡᠢ》 ᠵᠢ ᠪᠠᠷᠢᠮᠲᠠᠯᠠᠪᠠ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠡᠭᠦᠷᠭᠡ ᠵᠢ ᠪᠡᠶᠡᠯᠡᠭᠦᠯᠵᠦ᠂ ᠤᠳᠤ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠢ ᠪᠦᠷᠢᠨᠰᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠎ᠠ ᠭᠣᠣᠯ ᠠᠵᠢᠯ᠎ᠳᠠᠭᠠᠨ ᠠᠩᠬᠠᠷᠤᠯ ᠵᠢᠡᠨ ᠲᠥᠪᠯᠡᠷᠡᠭᠦᠯᠵᠦ ᠰᠢᠯᠢᠳᠡᠭᠵᠢᠭᠦᠯᠦᠨ ᠲᠠᠭᠢᠨ ᠵᠣᠬᠢᠶᠠᠨ ᠪᠠᠢ᠌ᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ ᠵᠢᠡᠨ ᠨᠡᠮᠡᠭᠳᠡᠭᠦᠯᠬᠦ ᠵᠢ ᠠᠬᠢᠭᠤᠯᠪᠠ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠡᠷᠡᠭᠦᠯ ᠵᠢᠡᠷ ᠭᠦᠭᠵᠢᠭᠦ ᠵᠢ ᠠᠬᠢᠭᠤᠯᠵᠤ᠂ ᠡᠯ᠎ᠡ ᠵᠦᠢ᠍ᠯ᠎ᠤᠨ ᠳᠠᠯᠳᠠ ᠪᠡᠬᠢᠯᠡᠯᠲᠡ ᠵᠢ ᠡᠪᠳᠡᠵᠦ᠂ ᠨᠢᠭᠡ ᠯᠡ ᠠᠳᠠᠯᠢ᠎ᠪᠠᠷ ᠲᠦᠷᠦ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ᠂ ᠠᠷᠠᠳ᠎ᠤᠨ ᠪᠡᠯᠡ ᠣᠷᠣᠭᠤᠯᠤᠯᠲᠠ ᠵᠢᠨ ᠢᠲᠡᠭᠡᠯ ᠵᠣᠷᠢᠭ᠎ᠢ ᠬᠥᠪᠴᠢᠯᠡᠪᠡ᠃ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠵᠦ᠂ ᠠᠵᠤ ᠠᠬᠤᠢ᠌ᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠪᠠ᠃
      ᠡᠳ᠋᠎ᠤᠨ ᠵᠠᠰᠠᠭ ᠭᠠᠢ᠌ᠯᠢ ᠮᠥᠩᠭᠥᠨ ᠭᠦᠢ᠍ᠯᠭᠡᠭᠡᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠠᠬᠢᠭᠤᠯᠪᠠ᠃ ᠲᠥᠰᠥᠪ᠎ᠤᠨ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠲᠥᠰᠥᠪ᠎ᠢ ᠢᠯᠡ ᠪᠤᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠲᠥᠪ ᠪᠣᠯᠣᠨ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠣᠨ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠶᠡᠷᠦᠩᠬᠡᠢ᠌ᠯᠡᠬᠦ ᠪᠠ ᠲᠦᠷᠦᠯ ᠬᠤᠪᠢᠶᠠᠬᠤ ᠵᠢ ᠤᠶᠠᠯᠳᠤᠭᠤᠯᠤᠭᠰᠠᠨ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠢ᠌ᠯᠢ ᠵᠢᠨ ᠳᠦᠷᠢᠮ᠎ᠢ ᠪᠠᠢ᠌ᠭᠤᠯᠤᠨ᠂ ᠭᠠᠢ᠌ᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠪᠡ᠃ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠠᠬᠢᠭᠤᠯᠵᠤ᠂ ᠳᠤᠮᠳᠠ ᠵᠢᠵᠢᠭ ᠪᠠᠩᠬᠢ ᠵᠢᠨ ᠬᠥᠷᠥᠩᠭᠡ᠎ᠪᠠᠨ ᠨᠥᠬᠥᠪᠦᠷᠢᠯᠡᠬᠦ ᠪᠠ ᠥᠭᠡᠷᠡᠴᠢᠯᠡᠯᠲᠡ ᠬᠢᠵᠦ ᠲᠦᠭᠰᠢᠭᠦᠷᠢ ᠵᠢ ᠠᠷᠢᠯᠭ᠋ᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠲ᠋ᠣᠺ ᠲᠠᠷᠬᠠᠭ᠋ᠠᠬᠤ ᠳᠠᠩᠰᠠᠯᠠᠭᠤᠯᠬᠤ ᠳᠦᠷᠢᠮᠲᠦ ᠥᠭᠡᠷᠡᠴᠢᠯᠡᠯᠲᠡ ᠵᠢ ᠠᠬᠢᠭᠤᠯᠵᠤ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠰᠠᠭᠤᠷᠢ ᠳᠦᠷᠢᠮ᠎ᠢ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠢ ᠲᠣᠭᠲᠠᠭᠤᠨ ᠪᠠᠢ᠌ᠯᠭ᠋ᠠᠬᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠭ᠋ᠠᠳᠬᠠᠪᠠ᠃
     (ᠳᠥᠷᠪᠡ) ᠰᠢᠨ᠎ᠡ ᠵᠢ ᠡᠭᠦᠳᠭᠦ᠎ᠪᠠᠷ ᠬᠥᠭᠵᠢᠯᠲᠡ ᠵᠢᠨ ᠬᠥᠳᠡᠯᠭᠡᠭᠦᠷ ᠪᠤᠯᠭ᠋ᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠭᠦ ᠵᠢ ᠠᠬᠢᠭᠤᠯᠪᠠ᠃ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠯᠤᠰ᠎ᠤᠨ ᠪᠠ ᠣᠷᠣᠨ ᠨᠤᠲᠤᠭ᠎ᠤᠨ ᠰᠢᠨ᠎ᠡ ᠵᠢ ᠡᠭᠦᠳᠭᠦ ᠰᠢᠰᠲ᠋ᠧᠮ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠵᠤ᠂ ᠰᠢᠨ᠎ᠡ ᠵᠢ ᠡᠭᠦᠳᠭᠦ᠎ᠳᠤ ᠴᠢᠩᠭ᠎ᠠ ᠲᠦᠰᠢᠭᠯᠡᠨ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠲᠠᠰᠤᠷᠠᠯᠲᠠ ᠦᠭᠡᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠭᠠᠳᠠᠨ᠎ᠠ᠎ᠠᠴᠠ ᠢᠷᠡᠬᠦ ᠳᠠᠷᠤᠯᠲᠠ ᠬᠣᠷᠢᠭᠯᠠᠯᠲᠠ ᠵᠢ ᠪᠦᠲᠦᠮᠵᠢᠲᠡᠶ ᠠᠷᠭ᠋ᠠᠴᠠᠪᠠ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠭᠦ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠷᠠᠭᠤᠯᠪᠠ᠃ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠴᠢᠩᠭ᠋ᠠᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠭᠦ ᠴᠢᠬᠤᠯᠠ ᠶᠡᠬᠡ ᠲᠥᠰᠥᠯ᠎ᠢ ᠬᠡᠷᠡᠭᠵᠢᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠴᠢᠩᠭ᠋ᠠᠳᠬᠠᠪᠠ᠃ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠰᠢᠨ᠎ᠡ ᠭᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠬᠥᠭᠵᠢᠯᠲᠡ ᠵᠢ ᠲᠡᠮᠵᠢᠪᠡ᠃ ᠤᠯᠠᠨ ᠤᠯᠤᠰ᠎ᠤᠨ ᠪᠠ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠭᠦ ᠲᠥᠪ᠎ᠤᠨ ᠪᠠᠢ᠌ᠭᠤᠯᠤᠯᠲᠠ ᠵᠢ ᠠᠬᠢᠭᠤᠯᠵᠤ᠂ ᠶᠡᠷᠦᠩᠬᠡᠢ᠌ᠯᠡᠭᠰᠡᠨ ᠴᠢᠨᠠᠷᠲᠠᠢ ᠤᠯᠤᠰ᠎ᠤᠨ ᠰᠢᠨᠵᠢᠯᠡᠬᠦ ᠤᠬᠠᠭ᠋ᠠᠨ᠎ᠤ ᠲᠥᠪ᠎ᠢ ᠪᠠᠢ᠌ᠷᠢᠯᠠᠭᠤᠯᠵᠤ ᠪᠦᠲᠦᠭᠡᠨ ᠪᠠᠢ᠌ᠭᠤᠯᠪᠠ᠃ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠳᠡᠮᠵᠢᠵᠦ᠂ ᠪᠦᠭᠦ ᠤᠯᠤᠰ᠎ᠤᠨ ᠰᠠᠭᠤᠷᠢ ᠰᠤᠳᠤᠯᠭ᠋ᠠᠨ᠎ᠤ ᠵᠠᠷᠤᠳᠠᠯ᠎ᠢ ᠲᠠᠪᠤᠨ ᠵᠢᠯ᠎ᠳᠤ 1 ᠲᠠᠭᠢᠨ ᠨᠡᠮᠡᠭᠳᠡᠭᠦᠯᠪᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠰᠥᠯ ᠪᠠ ᠵᠠᠷᠤᠳᠠᠯ᠎ᠤᠨ ᠬᠠᠮᠢᠶᠠᠷᠤᠯᠲᠠ ᠵᠢᠨ ᠳᠦᠷᠢᠮ᠎ᠢ ᠥᠭᠡᠷᠡᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠨᠡᠩ ᠶᠡᠬᠡ ᠡᠵᠡᠨ ᠮᠡᠳᠡᠭᠦ ᠡᠷᠬᠡ ᠣᠯᠭᠣᠵᠤ᠂ ᠥᠷᠭᠡᠨ ᠤᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠲᠦᠪᠡᠭ ᠪᠤᠳᠤᠯᠢᠶᠠᠨᠲᠠᠢ ᠵᠠᠰᠠᠭ ᠵᠠᠬᠢᠷᠭ᠋ᠠᠨ᠎ᠤ ᠠᠵᠢᠯ ᠶᠠᠪᠤᠳᠠᠯ᠎ᠠᠴᠠ ᠴᠢᠯᠦᠭᠡᠯᠡᠬᠦ᠎ᠪᠠᠷ ᠴᠢᠷᠮᠠᠢ᠌ᠪᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠢᠨ᠎ᠡ ᠵᠢ ᠡᠭᠦᠳᠭᠦ ᠬᠥᠳᠡᠯᠭᠡᠭᠴᠢ ᠬᠦᠴᠦᠨ᠎ᠢ ᠬᠥᠭᠵᠢᠭᠡᠪᠡ᠃ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠪᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ᠎ᠪᠠᠷ ᠠᠵᠤ ᠠᠬᠤᠢ᠌ᠯᠠᠯ᠎ᠤᠨ ᠰᠢᠨ᠎ᠡ ᠵᠢ ᠡᠭᠦᠳᠭᠦ ᠵᠢ ᠤᠷᠮᠠᠰᠢᠭᠤᠯᠤᠨ ᠵᠣᠷᠢᠭᠵᠢᠭᠤᠯᠵᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠨᠡᠮᠡᠨ ᠪᠤᠳᠣᠵᠤ ᠰᠠᠭᠤᠯᠭ᠋ᠠᠨ ᠬᠠᠰᠤᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢ᠍ᠯᠡᠳᠭᠦ ᠦᠢ᠍ᠯᠡᠰ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ᠎ᠬᠢ ᠵᠢ ᠲᠤᠰ ᠲᠤᠰ 50%᠂ 75% ᠪᠠᠢ᠌ᠭᠰᠠᠨ᠎ᠠᠴᠠ᠎ᠨᠢ 100% ᠪᠤᠯᠲᠠᠯ᠎ᠠ ᠳᠡᠭᠡᠭᠰᠢᠯᠡᠭᠦᠯᠦᠭᠰᠡᠨ ᠪᠥᠭᠡᠳ ᠲᠣᠬᠢᠷᠠᠭᠤᠯᠤᠨ ᠬᠡᠷᠡᠭᠯᠡᠵᠦ ᠪᠤᠯᠬᠤ ᠪᠤᠢ ᠪᠦᠬᠦᠢ ᠠᠵᠢᠯ ᠲᠦᠷᠦᠯ᠎ᠳᠤ ᠭᠦᠷᠳᠡᠯ᠎ᠠ ᠱᠠᠲᠤ ᠦᠶᠡᠴᠢ ᠴᠢᠨᠠᠷᠲᠠᠢ᠎ᠪᠠᠷ ᠥᠷᠭᠡᠳᠬᠡᠵᠦ᠂ ᠠᠵᠤ ᠠᠬᠤᠢ᠌ᠯᠠᠯ᠎ᠤᠨ ᠰᠠᠭᠤᠷᠢ ᠰᠤᠳᠤᠯᠭ᠋ᠠᠨ᠎ᠳᠤ ᠤᠷᠤᠭᠤᠯᠤᠯᠳᠠ ᠬᠢᠬᠦ᠂ ᠲᠥᠬᠦᠭᠡᠷᠦᠮᠵᠢ ᠬᠤᠳᠠᠯᠳᠤᠨ ᠠᠪᠬᠤ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ᠂ ᠰᠢᠨ᠎ᠡ ᠵᠢ ᠡᠭᠦᠳᠭᠦ ᠵᠢ ᠳᠡᠮᠵᠢᠭᠦ ᠡᠯ᠎ᠡ ᠲᠥᠷᠥᠯ᠎ᠤᠨ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠣᠨ᠎ᠤ ᠬᠡᠪᠴᠢᠶ᠎ᠡ ᠨᠢᠭᠡᠨᠲᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃ ᠰᠢᠨ᠎ᠡ ᠵᠢ ᠡᠭᠦᠳᠭᠦ ᠵᠢ ᠳᠡᠮᠵᠢᠭᠦ ᠮᠥᠩᠭᠥᠨ ᠭᠦᠢ᠍ᠯᠭᠡᠭᠡᠨ᠎ᠤ ᠲᠦᠷᠦ ᠵᠢᠨ ᠪᠣᠳᠣᠯᠭ᠎ᠠ ᠵᠢᠨ ᠪᠠᠭ᠋ᠠᠵᠢ ᠵᠢ ᠡᠭᠦᠳᠦᠨ ᠪᠠᠢ᠌ᠭᠤᠯᠵᠤ᠂ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠡᠷᠭᠡ ᠵᠢᠨ ᠬᠥᠭᠵᠢᠯᠲᠡ ᠵᠢ ᠬᠥᠲᠥᠯᠥᠨ ᠵᠢᠯᠣᠭᠣᠳᠪᠠ᠃ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠬᠣᠶᠠᠷ ᠣᠷᠣᠨᠲᠤ ᠲᠣᠭ᠎ᠠ᠎ᠪᠠᠷ ᠨᠡᠮᠡᠭᠳᠡᠬᠦ᠎ᠪᠠᠨ ᠪᠠᠲᠤᠯᠠᠵᠤ᠂ ᠰᠢᠨ᠎ᠡ ᠵᠢ ᠡᠭᠦᠳᠭᠦ ᠠᠵᠤ ᠠᠬᠤᠢ᠌ᠯᠠᠯ ᠦᠯᠡᠮᠵᠢ ᠤᠯᠠᠨ ᠴᠣᠯᠭᠣᠷᠠᠨ ᠭᠠᠷᠪᠠ᠃
      ᠠᠵᠤ ᠦᠢ᠍ᠯᠡᠰ᠎ᠤᠨ ᠳᠤᠮᠳᠠ ᠳᠡᠭᠡᠳᠦ ᠲᠡᠰ᠎ᠲᠤ ᠳᠠᠪᠰᠢᠭᠦ ᠵᠢ ᠠᠬᠢᠭᠤᠯᠪᠠ᠃ ᠦᠢ᠍ᠯᠡᠳᠭᠦ ᠦᠢ᠍ᠯᠡᠰ᠎ᠢ ᠪᠣᠳᠠᠲᠤ ᠴᠣᠭᠴᠠ ᠵᠢᠨ ᠠᠵᠤ ᠠᠬᠤᠢ ᠵᠢ ᠬᠥᠭᠵᠢᠭᠦᠯᠬᠦ ᠵᠢᠨ ᠭᠣᠣᠯᠳᠠᠯᠭ᠎ᠠ ᠪᠤᠯᠭ᠋ᠠᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠠᠬᠢᠭᠤᠯᠵᠤ᠂ ᠦᠢ᠍ᠯᠡᠳᠭᠦ ᠦᠢ᠍ᠯᠡᠰ᠎ᠤᠨ ᠬᠤᠪᠢ ᠵᠢᠨ ᠵᠢᠩ᠎ᠢ ᠦᠨᠳᠦᠰᠦᠨ᠎ᠳᠡᠭᠡᠨ ᠲᠣᠭᠲᠠᠭᠤᠨ ᠪᠠᠢ᠌ᠯᠭ᠋ᠠᠪᠠ᠃ ᠣᠷᠴᠢᠨ ᠠᠬᠤᠢ ᠵᠢᠨ ᠬᠠᠮᠠᠭ᠋ᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠲᠠᠯ᠎ᠠ᠎ᠪᠠᠷ᠎ᠬᠢ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠬᠣᠴᠤᠷᠤᠩᠭᠤᠢ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠪᠡ᠃ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠋ᠠᠳᠬᠠᠵᠤ ᠬᠡᠯᠬᠢᠶ᠎ᠡ ᠵᠢ ᠨᠥᠬᠥᠪᠦᠷᠢᠯᠡᠬᠦ ᠠᠵᠢᠯᠯᠠᠭ᠎ᠠ ᠥᠷᠨᠢᠭᠦᠯᠪᠡ᠃ ᠠᠵᠤ ᠦᠢ᠍ᠯᠡᠰ᠎ᠤᠨ ᠰᠠᠭᠤᠷᠢ ᠵᠢ ᠲᠠᠭᠢᠨ ᠴᠣᠭᠴᠠᠯᠠᠬᠤ ᠨᠢᠭᠡ ᠪᠦᠯᠦᠭ ᠢᠨᠵᠧᠨᠧᠷᠢᠩ᠎ᠢ ᠡᠬᠢᠯᠡᠭᠦᠯᠪᠡ᠃ ᠠᠵᠤ ᠠᠬᠤᠢ᠌ᠯᠠᠯ᠎ᠤᠨ ᠲᠥᠬᠦᠭᠡᠷᠦᠮᠵᠢ᠎ᠪᠠᠨ ᠰᠢᠨᠡᠳᠬᠡᠬᠦ ᠪᠠ ᠮᠡᠷᠭᠡᠵᠢᠯ᠎ᠤᠨ ᠥᠭᠡᠷᠡᠴᠢᠯᠡᠯᠲᠡ᠎ᠪᠠᠨ ᠲᠦᠷᠭᠡᠳᠬᠡᠬᠦ ᠵᠢ ᠵᠣᠷᠢᠭᠵᠢᠭᠤᠯᠵᠤ᠂ ᠲᠣᠭᠲᠠᠮᠠᠯ ᠡᠳ᠋ ᠬᠥᠷᠥᠩᠭᠡ ᠵᠢᠨ ᠡᠯᠡᠭᠳᠡᠯ᠎ᠢ ᠪᠤᠳᠤᠬᠤ ᠬᠤᠭᠤᠴᠠᠭ᠎ᠠ ᠵᠢ ᠪᠣᠭᠣᠨᠢᠰᠬᠠᠬᠤ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠬᠡᠪᠴᠢᠶ᠎ᠡ ᠵᠢ ᠪᠦᠭᠦ ᠦᠢ᠍ᠯᠡᠳᠭᠦ ᠦᠢ᠍ᠯᠡᠰ᠎ᠲᠤ ᠭᠦᠷᠳᠡᠯ᠎ᠡ ᠥᠷᠭᠡᠳᠬᠡᠪᠡ᠃ ᠳᠡᠭᠡᠳᠦ ᠲᠡᠰ᠎ᠤᠨ ᠲᠣᠨᠣᠭᠯᠠᠯ᠂ ᠠᠮᠢᠳᠤ ᠪᠣᠳᠠᠰ᠎ᠤᠨ ᠡᠮ ᠡᠮᠨᠡᠯᠭᠡ᠂ ᠭᠡᠷᠡᠯ ᠡᠯᠧᠺᠲᠷᠣᠨ᠎ᠤ ᠮᠡᠳᠡᠭᠡ ᠵᠠᠩᠭᠢ᠂ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡ᠂ ᠭᠡᠷᠡᠯ ᠴᠠᠭᠢᠯᠭ᠋ᠠᠨ᠂ ᠰᠠᠯᠬᠢᠨ ᠴᠠᠭᠢᠯᠭ᠋ᠠᠨ ᠵᠡᠷᠭᠡ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠲᠦᠷᠭᠡᠯᠡᠨ ᠭᠦᠭᠵᠢᠭᠦ ᠵᠢ ᠠᠬᠢᠭᠤᠯᠪᠠ᠃ ᠳ᠋ᠢᠵᠢᠲ᠋ᠠᠯ ᠠᠵᠤ ᠠᠬᠤᠢ ᠪᠣᠯᠣᠨ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠬᠤ ᠵᠢ ᠦᠷᠭᠦᠯᠵᠢᠯᠡᠨ ᠠᠬᠢᠭᠤᠯᠵᠤ᠂ 《ᠢᠨᠲ᠋ᠧᠷ ᠰᠦᠯᠵᠢᠶ᠎ᠡ +》 ᠵᠢ ᠬᠥᠭᠵᠢᠭᠦᠯᠪᠡ᠃ ᠰᠢᠯᠵᠢᠮᠡᠯ ᠢᠨᠲ᠋ᠧᠷ ᠰᠦᠯᠵᠢᠶ᠎ᠡ ᠬᠡᠷᠡᠭᠯᠡᠬᠦ ᠡᠷᠥᠭᠡ ᠵᠢᠨ ᠲᠣᠭ᠎ᠠ 14.5 ᠳ᠋ᠦᠩᠰᠢᠭᠤᠷ ᠪᠤᠯᠳᠠᠯ᠎ᠠ ᠨᠡᠮᠡᠭᠳᠡᠪᠡ᠃ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠬᠥᠭᠵᠢᠯᠲᠡ ᠵᠢ ᠳᠠᠮᠵᠢᠵᠤ᠂ ᠥᠢ᠍ᠯᠡᠳᠭᠦ ᠦᠢ᠍ᠯᠡᠰ᠎ᠤᠨ ᠳ᠋ᠢᠵᠢᠲ᠋ᠠᠯᠴᠢᠯᠠᠯᠳᠠ ᠣᠶᠤᠨᠴᠢᠯᠠᠯᠲᠠ ᠵᠢ ᠬᠦᠴᠦᠲᠡᠢ ᠠᠬᠢᠭᠤᠯᠪᠠ᠃ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢ᠌ᠯᠠᠯ 7 ᠲᠦᠮᠡ ᠭᠠᠷᠤᠢ ᠪᠣᠯᠪᠠ᠃ ᠲᠠᠪᠴᠠᠩ᠎ᠤᠨ ᠠᠵᠤ ᠠᠬᠤᠢ ᠵᠢᠨ ᠡᠷᠡᠭᠦᠯ ᠵᠢᠡᠷ ᠦᠷᠭᠦᠯᠵᠢᠯᠡᠨ ᠭᠦᠭᠵᠢᠭᠦ ᠵᠢ ᠠᠬᠢᠭᠤᠯᠵᠤ᠂ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠵᠢ ᠳᠠᠢ᠌ᠴᠢᠯᠠᠬᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠥᠷᠭᠡᠳᠬᠡᠬᠦ᠂ ᠦᠢ᠍ᠯᠡᠳᠪᠦᠷᠢᠯᠡᠯ᠎ᠤᠨ ᠵᠠᠭᠪᠤᠷ᠎ᠤᠨ ᠰᠢᠨ᠎ᠡ ᠵᠢ ᠡᠭᠦᠳᠭᠦ ᠵᠡᠷᠭᠡ ᠦᠢ᠍ᠯᠡᠳᠦᠯ᠎ᠢ᠎ᠨᠢ ᠪᠠᠳᠠᠷᠠᠭᠤᠯᠪᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠤᠳᠤ ᠦᠶ᠎ᠡ ᠵᠢᠨ ᠡᠳ᠋ ᠪᠠᠷᠠᠭ᠋ᠠᠨ᠎ᠤ ᠭᠦᠢ᠍ᠯᠭᠡᠭᠡ᠂ ᠪᠠᠢ᠌ᠴᠠᠭ᠋ᠠᠨ ᠰᠢᠯᠭ᠋ᠠᠬᠤ ᠪᠠᠢ᠌ᠴᠠᠭ᠋ᠠᠨ ᠭᠡᠮᠵᠢᠭᠦ ᠭᠡᠷᠡᠴᠢᠯᠡᠭᠡ ᠬᠢᠬᠦ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠪᠡ᠃ ᠶᠠᠰᠤ ᠴᠢᠨᠠᠷ᠎ᠤᠨ ᠪᠦᠭᠦ ᠲᠠᠯ᠎ᠠ ᠵᠢᠨ ᠬᠠᠮᠢᠶᠠᠷᠤᠯᠲᠠ ᠪᠠ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠪᠠ᠃ ᠳᠤᠮᠳᠠᠳᠤ ᠤᠯᠤᠰ᠎ᠤᠨ ᠦᠢ᠍ᠯᠡᠳᠭᠦ ᠦᠢ᠍ᠯᠡᠰ᠎ᠤᠨ ᠶᠠᠰᠤ ᠴᠢᠨᠠᠷ ᠪᠣᠯᠣᠨ ᠥᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
     (ᠲᠠᠪᠤ) ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠶ ᠬᠡᠷᠡᠭᠴᠡᠭᠡ ᠵᠢ ᠥᠷᠭᠡᠳᠬᠡᠵᠦ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠪᠠ ᠰᠢᠨ᠎ᠡ ᠭᠡᠯᠪᠡᠷᠢ ᠵᠢᠨ ᠬᠤᠳᠠ ᠪᠠᠯᠭ᠋ᠠᠰᠤᠵᠢᠯᠲᠠ ᠵᠢ ᠠᠬᠢᠭᠤᠯᠪᠠ᠃ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠎ᠲᠠᠢ ᠤᠶᠠᠯᠳᠤᠭᠤᠯᠤᠨ᠂ ᠭᠡᠲᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠲᠤ ᠰᠠᠭᠤᠷᠢᠯᠠᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠪᠠᠷᠢᠮᠲᠠᠯᠠᠵᠤ᠂ ᠠᠵᠤ ᠠᠬᠤᠢ ᠵᠢᠨ ᠨᠡᠮᠡᠭᠳᠡᠯ᠎ᠤᠨ ᠬᠥᠳᠡᠯᠭᠡᠭᠴᠢ ᠬᠦᠴᠦᠨ᠎ᠤ ᠡᠬᠢ ᠰᠤᠷᠪᠤᠯᠵᠢ ᠵᠢ ᠨᠡᠩ ᠤᠯᠠᠨ ᠪᠣᠢ᠌ᠵᠢᠭᠤᠯᠪᠠ᠃
      ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠵᠢ ᠬᠦᠴᠦᠯᠡᠨ ᠥᠷᠭᠡᠳᠬᠡᠪᠡ᠃ ᠬᠢᠵᠢᠭ ᠡᠭᠦᠰᠭᠦ᠎ᠠᠴᠠ ᠡᠮᠦᠨ᠎ᠡ᠂ ᠬᠡᠷᠡᠭᠯᠡᠭᠡ᠎ᠨᠢ ᠨᠢᠭᠡᠨᠲᠡ ᠮᠠᠨ᠎ᠤ ᠤᠯᠤᠰ᠎ᠤᠨ ᠠᠵᠤ ᠠᠬᠤᠢ ᠵᠢᠨ ᠨᠡᠮᠡᠭᠳᠡᠯ᠎ᠤᠨ ᠭᠣᠣᠯ ᠳᠠᠢ᠌ᠴᠢᠯᠠᠬᠤ ᠬᠦᠴᠦᠨ ᠪᠣᠯᠵᠠᠢ᠃ ᠬᠡᠷᠡᠭᠴᠡᠭᠡ ᠬᠦᠷᠦᠯᠴᠡᠬᠦ ᠦᠭᠡᠢ ᠴᠢᠨᠠᠭᠰᠢᠯᠠᠪᠠᠯ ᠪᠠᠭ᠋ᠠᠰᠤᠭᠰᠠᠨ ᠪᠠᠢ᠌ᠳᠠᠯ᠎ᠳᠤ ᠬᠠᠨᠳᠤᠭᠤᠯᠤᠨ᠂ ᠪᠢᠳᠡ ᠬᠡᠷᠡᠭᠯᠡᠭᠡ ᠵᠢ ᠠᠯᠢ ᠲᠦᠷᠭᠡᠨ ᠵᠢᠡᠷ ᠰᠡᠷᠭᠦᠭᠡᠬᠦ ᠵᠢ ᠠᠬᠢᠭᠤᠯᠪᠠ᠃ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠤᠯᠠᠨ ᠠᠷᠭ᠎ᠠ ᠵᠠᠮ ᠵᠢᠡᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ᠎ᠲᠠᠢ ᠬᠠᠮᠲᠤᠯᠢᠭ᠎ᠤᠨ ᠣᠷᠣᠯᠭ᠎ᠠ ᠵᠢ ᠳᠡᠭᠡᠭᠰᠢᠯᠡᠭᠦᠯᠪᠡ᠃ ᠮᠠᠰᠢᠨ ᠲᠡᠷᠭᠡ᠂ ᠭᠡᠷ᠎ᠤᠨ ᠴᠠᠭᠢᠯᠭ᠋ᠠᠨ ᠬᠡᠷᠡᠭᠰᠡᠯ ᠵᠡᠷᠭᠡ ᠪᠥᠭᠡᠮ ᠬᠡᠷᠡᠭᠯᠡᠭᠡ ᠵᠢ ᠳᠠᠮᠵᠢᠵᠤ᠂ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 3 ᠳ᠋ᠦᠩᠰᠢᠭᠤᠷ᠎ᠢ ᠳᠠᠪᠠᠵᠤ᠂ 46.7%᠎ᠪᠠᠷ ᠨᠡᠮᠡᠭᠳᠡᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠵᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠭᠦ ᠲᠣᠭ᠎ᠠ᠎ᠳᠤ ᠡᠵᠡᠯᠡᠭᠦ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠵᠢᠨ ᠬᠤᠪᠢ ᠵᠢᠨ ᠵᠢᠩ 15.8% ᠪᠠᠢ᠌ᠭᠰᠠᠨ᠎ᠠᠴᠠ᠎ᠪᠠᠨ 27.2% ᠪᠤᠯᠳᠡᠯ᠎ᠠ ᠳᠡᠭᠡᠭᠰᠢᠯᠡᠪᠡ᠃ ᠬᠤᠲᠠ ᠵᠢᠨ ᠨᠡᠢ᠌ᠭᠡᠮ ᠲᠣᠭᠣᠷᠢᠭ᠎ᠤᠨ ᠠᠷᠠᠳ᠎ᠲᠤ ᠳᠥᠭᠦᠮ ᠦᠵᠡᠭᠦᠯᠭᠦ ᠬᠤᠳᠠᠯᠳᠤᠭ᠎ᠠ ᠵᠢ ᠬᠥᠭᠵᠢᠭᠦᠯᠵᠦ᠂ ᠬᠥᠳᠡᠭᠡ ᠲᠣᠰᠬᠤᠨ᠎ᠤ ᠲᠦᠷᠭᠡᠨ ᠬᠦᠷᠭᠡᠯᠲᠡ ᠵᠢᠨ ᠡᠳ᠋ ᠪᠠᠷᠠᠭ᠋ᠠᠨ᠎ᠤ ᠭᠦᠢ᠍ᠯᠭᠡᠭᠡ ᠵᠢᠨ ᠲᠣᠬᠢᠷᠠᠭᠤᠯᠤᠨ ᠭᠦᠷᠭᠡᠭᠦ ᠰᠢᠰᠲ᠋ᠧᠮ᠎ᠢ ᠲᠡᠭᠦᠯᠳᠡᠷᠵᠢᠭᠦᠯᠪᠡ᠃ ᠵᠢᠭᠤᠯᠴᠢᠯᠠᠯ᠎ᠤᠨ ᠦᠢ᠍ᠯᠡᠰ᠎ᠢ ᠬᠠᠪᠰᠤᠷᠤᠨ ᠲᠡᠳᠬᠦᠵᠦ ᠬᠥᠭᠵᠢᠭᠦᠯᠪᠡ᠃ ᠳᠤᠲᠠᠭᠤᠳᠠᠯ᠎ᠢ ᠨᠥᠬᠥᠪᠦᠷᠢᠯᠡᠬᠦ᠂ ᠪᠦᠲᠦᠴᠡ ᠵᠢ ᠲᠣᠬᠢᠷᠠᠭᠤᠯᠬᠤ᠂ ᠰᠡᠯᠭᠦᠭᠦ ᠬᠦᠴᠦᠨ᠎ᠢ ᠨᠡᠮᠡᠭᠳᠡᠭᠦᠯᠬᠦ᠎ᠲᠠᠢ ᠤᠶᠠᠯᠳᠤᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠪᠡ᠃ ᠪᠡᠯᠡ ᠤᠷᠤᠭᠤᠯᠤᠯᠳᠠ ᠪᠡᠯᠡ ᠲᠣᠬᠢᠷᠠᠭᠤᠯᠭ᠎ᠠ ᠵᠢᠨ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠴᠦ᠂ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠬᠥᠲᠥᠯᠥᠨ ᠵᠢᠯᠣᠭᠣᠳᠤᠭᠰᠠᠨ ᠪᠠ ᠬᠥᠰᠢᠨ ᠬᠥᠳᠡᠯᠭᠡᠭᠰᠡᠨ ᠨᠡᠢ᠌ᠭᠡᠮ᠎ᠤᠨ ᠪᠡᠯᠡ ᠤᠷᠤᠭᠤᠯᠤᠯᠳᠠ ᠳᠠᠭᠢᠨ ᠵᠢᠡᠷ ᠨᠡᠮᠡᠭᠳᠡᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠲᠣᠭ᠎ᠠ ᠬᠡᠮᠵᠢᠶ᠎ᠡ ᠵᠢ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠵᠢᠨ ᠰᠤᠷᠪᠤᠯᠵᠢ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠪᠣᠯᠣᠨ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠳᠡᠮᠵᠢᠵᠥ᠂ ᠨᠡᠢ᠌ᠭᠡᠮ᠎ᠤᠨ ᠬᠥᠷᠥᠩᠭᠡ ᠵᠢᠨ ᠪᠦᠲᠦᠭᠡᠨ ᠪᠠᠢ᠌ᠭᠤᠯᠤᠯᠲᠠ ᠡᠵᠡᠩᠨᠡᠯᠲᠡ᠎ᠳᠤ ᠣᠷᠤᠯᠴᠠᠬᠤ ᠵᠢ ᠵᠣᠷᠢᠭᠵᠢᠭᠤᠯᠤᠨ᠂ ᠠᠷᠠᠳ᠎ᠤᠨ ᠪᠡᠯᠡ ᠣᠷᠣᠭᠤᠯᠤᠯᠲᠠ ᠵᠢᠨ ᠢᠳᠡᠪᠬᠢᠵᠢᠯ᠎ᠢ ᠳᠠᠢ᠌ᠴᠢᠯᠠᠪᠡ᠃
      ᠣᠷᠣᠨ ᠪᠦᠰᠡ ᠵᠢᠨ ᠬᠥᠭᠵᠢᠯᠲᠡ ᠵᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ᠎ᠢ ᠴᠢᠩᠭ᠋ᠠᠳᠬᠠᠪᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠢ᠌ᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ᠎ᠤᠨ ᠭᠠᠵᠠᠷ ᠣᠷᠣᠨ᠎ᠢ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ᠎ᠤᠨ ᠭᠠᠵᠠᠷ ᠣᠷᠣᠨ᠎ᠢ ᠤᠷᠢᠳ ᠵᠢᠡᠷ ᠬᠥᠭᠵᠢᠭᠦᠯᠬᠦ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠵᠡᠭᠦᠨ ᠬᠡᠰᠡᠭ᠎ᠤᠨ ᠭᠠᠵᠠᠷ ᠣᠷᠣᠨ᠎ᠠᠴᠠ ᠶᠡᠷᠦᠩᠬᠡᠢ᠎ᠳᠡᠭᠡᠨ ᠥᠨᠳᠥᠷ ᠪᠣᠯᠪᠠ᠃ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠎ᠢ ᠳᠡᠮᠵᠢᠭᠦ ᠡᠷᠴᠢᠮ ᠵᠢᠡᠨ ᠴᠢᠩᠭ᠋ᠠᠷᠠᠭᠤᠯᠵᠤ᠂ ᠲᠥᠪ᠎ᠤᠨ ᠡᠳ᠋᠎ᠤᠨ ᠵᠠᠰᠠᠭ᠎ᠠᠴᠠ ᠬᠣᠯᠪᠣᠭᠳᠠᠯ ᠪᠦᠬᠦᠢ ᠭᠠᠵᠠᠷ ᠣᠷᠣᠨ᠎ᠳᠤ ᠰᠢᠯᠵᠢᠭᠦᠯᠦᠨ ᠥᠭᠬᠦ ᠪᠡᠯᠡ ᠮᠥᠩᠭᠥ ᠵᠢ ᠲᠠᠪᠤᠨ ᠵᠢᠯ᠎ᠤᠨ ᠡᠮᠦᠨᠡᠬᠢ᠎ᠠᠴᠠ 66.8%᠎ᠪᠠᠷ ᠨᠡᠮᠡᠭᠳᠡᠭᠦᠯᠪᠡ᠃ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃ ᠰᠢᠶᠦ᠋ᠩ ᠠᠨ ᠰᠢᠨ᠎ᠡ ᠲᠣᠭᠣᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠪᠠ᠃ ᠳᠠᠯᠠᠢ ᠲᠠᠩᠭᠢᠰ᠎ᠤᠨ ᠠᠵᠤ ᠠᠬᠤᠢ ᠵᠢ ᠬᠥᠭᠵᠢᠭᠦᠯᠪᠡ᠃ ᠠᠵᠤ ᠠᠬᠤᠢ᠎ᠨᠢ ᠬᠦᠴᠢᠷᠳᠡᠯ᠎ᠲᠠᠢ ᠭᠠᠵᠠᠷ ᠣᠷᠣᠨ᠎ᠤ ᠬᠥᠭᠵᠢᠯᠲᠡ ᠵᠢ ᠳᠠᠮᠵᠢᠵᠤ᠂ ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠭᠦᠭᠵᠢᠭᠦ ᠵᠢ ᠠᠬᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ ᠳᠠᠢ᠌ᠴᠢᠯᠠᠬᠤ ᠦᠢ᠍ᠯᠡᠳᠦᠯ ᠵᠢᠡᠨ ᠨᠠᠩ ᠶᠡᠬᠡ ᠪᠠᠳᠠᠷᠠᠭᠤᠯᠬᠤ ᠵᠢ ᠵᠣᠷᠢᠭᠵᠢᠭᠤᠯᠵᠤ᠂ ᠨᠠᠩ ᠣᠯᠠᠨ ᠰᠢᠨ᠎ᠡ ᠨᠡᠮᠡᠭᠳᠡᠯ᠎ᠤᠨ ᠲᠤᠢ᠌ᠯ ᠨᠡᠮᠡᠭᠳᠡᠯ᠎ᠤᠨ ᠪᠦᠰᠡ ᠵᠢ ᠪᠤᠶ ᠪᠤᠯᠭ᠋ᠠᠬᠤ ᠵᠢ ᠠᠬᠢᠭᠤᠯᠪᠠ᠃
      ᠬᠥᠮᠥᠨ ᠵᠢᠡᠷ ᠭᠣᠣᠯ ᠪᠤᠯᠭ᠋ᠠᠬᠰᠠᠨ ᠰᠢᠨ᠎ᠡ ᠭᠡᠯᠪᠡᠷᠢ ᠵᠢᠨ ᠬᠤᠳᠠ ᠪᠠᠯᠭ᠋ᠠᠰᠤᠵᠢᠯᠲᠠ ᠵᠢ ᠦᠷᠭᠦᠯᠵᠢᠯᠡᠨ ᠠᠬᠢᠭᠤᠯᠪᠠ᠃ ᠮᠠᠨ᠎ᠤ ᠤᠯᠤᠰ ᠮᠥᠨ ᠬᠦ᠌ ᠬᠤᠲᠠ ᠪᠠᠯᠭ᠋ᠠᠰᠤᠵᠢᠯᠲᠠ ᠵᠢᠨ ᠶᠠᠪᠤᠴᠠ᠎ᠳᠤ ᠣᠷᠣᠰᠢᠵᠤ᠂ ᠵᠢᠯ ᠪᠦᠷᠢ ᠬᠥᠳᠡᠭᠡ ᠲᠣᠰᠬᠤᠨ᠎ᠤ ᠮᠢᠩᠭ᠎ᠠ ᠭᠠᠷᠤᠢ ᠲᠦᠮᠡᠨ ᠬᠥᠮᠥᠨ ᠠᠮᠠ ᠬᠤᠲᠠ ᠪᠠᠯᠭ᠋ᠠᠰᠤ᠎ᠳᠤ ᠰᠢᠯᠵᠢᠵᠦ ᠪᠠᠢ᠌ᠨ᠎ᠠ᠃ ᠬᠤᠲᠠ ᠢᠯᠠᠩᠭᠤᠶ᠎ᠠ ᠰᠢᠶᠠᠨ᠎ᠤ ᠬᠤᠲᠠ ᠵᠢᠨ ᠴᠢᠳᠠᠮᠵᠢ ᠵᠢ ᠲᠡᠭᠦᠯᠳᠡᠷᠵᠢᠭᠦᠯᠵᠦ᠂ ᠶᠡᠷᠦᠩᠬᠡᠢ᠌ᠯᠡᠭᠰᠡᠨ ᠳᠠᠭ᠋ᠠᠭ᠋ᠠᠬᠤ ᠴᠢᠳᠠᠪᠤᠷᠢ ᠵᠢ᠎ᠨᠢ ᠨᠡᠮᠡᠭᠳᠡᠭᠦᠯᠪᠡ᠃ ᠬᠤᠲᠠ ᠪᠠᠯᠭ᠋ᠠᠰᠤᠨ᠎ᠳᠤ ᠡᠷᠦᠭᠡ ᠠᠮᠠ ᠣᠷᠣᠭᠤᠯᠬᠤ ᠬᠢᠵᠠᠭ᠋ᠠᠷᠯᠠᠯ᠎ᠢ ᠲᠥᠷᠥᠯ ᠬᠤᠪᠢᠶᠠᠨ ᠠᠭᠤᠵᠢᠭᠤ ᠲᠠᠯᠪᠢᠭᠰᠠᠨ ᠪᠤᠶᠤ ᠬᠦᠴᠦᠨ ᠦᠭᠡᠢ ᠪᠤᠯᠭ᠋ᠠᠵᠤ᠂ ᠠᠷᠪᠠᠨ ᠵᠢᠯ᠎ᠳᠤ ᠬᠥᠳᠡᠭᠡ ᠳᠤᠰᠬᠤᠨ᠎ᠤ 1.4 ᠳ᠋ᠦᠡᠭᠰᠢᠭᠤᠷ ᠬᠥᠮᠥᠨ ᠠᠮᠠ ᠬᠤᠳᠠ ᠪᠠᠯᠭ᠋ᠠᠰᠤᠨ᠎ᠳᠤ ᠡᠷᠦᠭᠡ ᠠᠮᠠ᠎ᠪᠠᠨ ᠣᠷᠣᠭᠤᠯᠪᠠ᠃ ᠬᠤᠳᠠ ᠵᠢᠨ ᠪᠥᠭᠡᠭᠡᠨᠡᠷᠡᠯ ᠪᠠ ᠶᠡᠬᠡ ᠬᠤᠳᠠ ᠵᠢᠨ ᠴᠠᠭ᠋ᠠᠷᠢᠭ᠎ᠢ ᠡᠮᠬᠢ ᠵᠢᠷᠤᠮ᠎ᠲᠠᠢ᠎ᠪᠠᠷ ᠬᠥᠭᠵᠢᠭᠦᠯᠵᠦ᠂ ᠲᠣᠮᠣ ᠳᠤᠮᠳᠠ ᠵᠢᠵᠢᠭ ᠬᠤᠳᠠ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠪᠠ᠃ ᠴᠧᠩᠳᠦ ᠴᠦᠩᠴᠢᠩ ᠣᠷᠣᠨ᠎ᠤ ᠬᠣᠣᠰ ᠬᠤᠲᠠ ᠵᠢᠨ ᠠᠵᠤ ᠠᠬᠤᠢ ᠵᠢᠨ ᠬᠦᠷᠢᠶ᠎ᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ᠃ ᠭᠡᠷ ᠪᠠᠢ᠌ᠰᠢᠩ᠎ᠢ ᠰᠠᠭᠤᠬᠤ ᠵᠢᠨ ᠲᠥᠯᠥᠭᠡ ᠪᠠᠷᠢᠭᠰᠠᠨ᠎ᠠᠴᠠ ᠪᠢᠰᠢ ᠰᠠᠷᠢᠯᠭ᠋ᠠᠬᠤ ᠵᠢᠨ ᠲᠥᠯᠥᠭᠡ ᠪᠠᠷᠢᠭᠰᠠᠨ ᠪᠢᠰᠢ ᠭᠡᠬᠦ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠨ᠂ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠬᠡᠷᠡᠭᠵᠢᠭᠦᠯᠵᠦ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠬᠠᠩᠭ᠋ᠠᠯᠭ᠎ᠠ ᠵᠢ ᠥᠷᠭᠡᠳᠬᠡᠵᠦ᠂ ᠤᠷᠲᠤ ᠬᠤᠭᠤᠴᠠᠭ᠋ᠠᠨ᠎ᠤ ᠲᠦᠷᠢᠶᠡᠰᠦᠨ ᠣᠷᠣᠨ ᠰᠠᠭᠤᠴᠠ ᠵᠢᠨ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠭᠠᠵᠠᠷ ᠰᠢᠷᠣᠢ ᠵᠢᠨ ᠦᠨ᠎ᠡ᠂ ᠭᠡᠷ ᠪᠠᠢ᠌ᠰᠢᠩ᠎ᠤᠨ ᠦᠨ᠎ᠡ ᠪᠠ ᠵᠢᠱ᠌ᠢᠯᠲᠡ ᠵᠢ ᠲᠣᠭᠲᠠᠭᠤᠨ ᠪᠠᠢ᠌ᠯᠭ᠋ᠠᠵᠤ᠂ ᠬᠤᠲᠠ ᠵᠢᠨ ᠪᠠᠢ᠌ᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠬᠥᠭᠵᠢᠯᠲᠡ ᠵᠢ ᠠᠬᠢᠭᠤᠯᠪᠠ᠃ ᠬᠤᠲᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠡᠮᠦᠷ ᠵᠠᠮᠲᠤ ᠵᠠᠮ ᠬᠠᠷᠢᠯᠴᠠᠭ᠋ᠠᠨ᠎ᠤ ᠡᠵᠡᠩᠨᠡᠯᠲᠡ ᠵᠢᠨ ᠵᠠᠮ᠎ᠤᠨ ᠤᠷᠳᠤ 4500 ᠭᠠᠷᠤᠢ ᠺᠢᠯᠣᠮᠧᠲᠷ ᠪᠠᠢ᠌ᠭᠰᠠᠨ᠎ᠠᠴᠠ᠎ᠪᠠᠨ ᠨᠡᠮᠡᠭᠳᠡᠭᠡᠳ ᠲᠦᠮᠡ ᠰᠢᠬᠠᠮ ᠺᠢᠯᠣᠮᠧᠲᠷ᠎ᠲᠤ ᠬᠦᠷᠴᠦ᠂ ᠤᠰᠤ ᠵᠠᠯᠠᠬᠤ ᠬᠣᠭᠣᠯᠠᠢ 63 ᠲᠦᠮᠡᠨ ᠺᠢᠯᠣᠮᠧᠲᠷ ᠪᠠᠢ᠌ᠭᠰᠠᠨ᠎ᠠᠴᠠ᠎ᠪᠠᠨ ᠨᠡᠮᠡᠭᠳᠡᠭᠡᠳ 89 ᠲᠦᠮᠡᠨ ᠺᠢᠯᠣᠮᠧᠲᠷ ᠪᠣᠯᠪᠠ᠃ ᠬᠤᠲᠠ ᠪᠠᠯᠭ᠋ᠠᠰᠤᠨ᠎ᠤ 16.7 ᠲᠦᠮᠡᠨ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠪᠠᠢ᠌ᠭᠤᠯᠵᠤ᠂ 2900 ᠭᠠᠷᠤᠢ ᠲᠦᠮᠡᠨ ᠭᠡᠷ ᠪᠦᠯᠢ᠎ᠳᠤ ᠠᠰᠢᠭ ᠬᠦᠷᠲᠡᠭᠡᠪᠡ᠃
     (ᠵᠢᠷᠭᠤᠭ᠎ᠠ) ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠪᠡ᠃ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠢ ᠦᠷᠭᠦᠯᠵᠢᠯᠡᠨ ᠴᠢᠩᠭ᠎ᠠ ᠠᠳᠬᠤᠨ ᠰᠠᠢ᠌ᠲᠤᠷ ᠠᠳᠬᠤᠵᠤ᠂ ᠲᠠᠷᠢᠶᠠᠯᠠᠩ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠯᠡᠨ ᠠᠬᠢᠭᠤᠯᠪᠠ᠃
      ᠲᠠᠷᠢᠶᠠᠯᠠᠩ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠪᠡ᠃ ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠭᠤᠨ ᠪᠠᠢ᠌ᠯᠭ᠋ᠠᠬᠤ ᠪᠠ ᠥᠷᠭᠡᠳᠬᠡᠵᠦ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠲᠠᠷᠢᠬᠤ ᠵᠢ ᠥᠷᠭᠡᠳᠬᠡᠵᠦ᠂ ᠦᠢ᠍ᠯᠡᠳᠪᠦᠷᠢᠯᠡᠯ᠎ᠤᠨ ᠪᠦᠲᠦᠴᠡ ᠵᠢᠨ ᠪᠠᠢ᠌ᠷᠢᠰᠢᠯ᠎ᠢ ᠰᠢᠯᠢᠳᠡᠭᠵᠢᠭᠦᠯᠵᠦ᠂ ᠲᠠᠯᠠᠪᠠᠢ ᠨᠢᠭᠡᠴᠢ ᠵᠢᠨ ᠤᠨᠠᠯᠲᠠ ᠪᠠ ᠶᠠᠰᠤ ᠴᠢᠨᠠᠷ᠎ᠢ ᠳᠡᠭᠡᠭᠰᠢᠯᠡᠭᠦᠯᠪᠡ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠭᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠲᠤ ᠥᠭᠬᠦ ᠨᠥᠬᠥᠪᠦᠷᠢ ᠵᠢ ᠲᠣᠭᠲᠠᠪᠤᠷᠢᠵᠢᠭᠤᠯᠵᠤ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭ᠋ᠠᠲᠤ ᠵᠠᠬ᠎ᠠ ᠵᠢᠨ ᠦᠨ᠎ᠡ ᠵᠢ ᠵᠦᠢ ᠵᠣᠬᠢᠰᠲᠠᠢ ᠲᠣᠭᠲᠠᠭ᠋ᠠᠵᠤ᠂ ᠠᠮᠤ ᠪᠤᠳᠠᠭ᠋ᠠᠨ᠎ᠤ ᠭᠠᠷᠤᠯᠲᠠ ᠶᠡᠬᠡᠲᠡᠢ ᠰᠢᠶᠠᠨ᠎ᠢ ᠱᠠᠩᠨᠠᠨ ᠭᠦᠭᠢᠭᠦᠯᠭᠦ ᠡᠷᠴᠢᠮ ᠵᠢᠡᠨ ᠴᠢᠩᠭ᠋ᠠᠷᠠᠭᠤᠯᠵᠤ᠂ ᠲᠦᠷᠦ ᠵᠢᠨ ᠪᠣᠳᠣᠯᠭ᠎ᠠ ᠵᠢᠨ ᠴᠢᠨᠠᠷᠲᠠᠢ ᠲᠠᠷᠢᠶᠠᠯᠠᠩ᠎ᠤᠨ ᠳᠠᠭ᠋ᠠᠳᠬᠠᠯ᠎ᠤᠨ ᠳᠦᠷᠢᠮ᠎ᠢ ᠪᠦᠷᠢᠨᠰᠢᠭᠦᠯᠪᠡ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠲᠥᠬᠦᠭᠡᠷᠦᠮᠵᠢ ᠵᠢ ᠲᠡᠭᠦᠯᠳᠡᠷᠵᠢᠭᠦᠯᠵᠦ᠂ 4.56 ᠳ᠋ᠦᠩᠰᠢᠭᠤᠷ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠪᠠ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠵᠤ ᠦᠢ᠍ᠯᠡᠰ᠎ᠤᠨ ᠪᠦᠰᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ᠃ ᠦᠷ᠎ᠡ ᠵᠢᠨ ᠦᠢ᠍ᠯᠡᠰ᠂ ᠲᠠᠷᠢᠶᠠᠯᠠᠩ᠎ᠤᠨ ᠮᠠᠰᠢᠨ ᠵᠡᠷᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠭᠦ ᠪᠠ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠲᠠᠷᠢᠮᠠᠯ᠎ᠤᠨ ᠬᠠᠭ᠋ᠠᠯᠪᠤᠷᠢᠯᠠᠬᠤ ᠲᠠᠷᠢᠬᠤ ᠬᠤᠷᠢᠶᠠᠬᠤ ᠠᠵᠢᠯ᠎ᠤᠨ ᠶᠡᠷᠦᠩᠬᠡᠢ᠌ᠯᠡᠭᠰᠡᠨ ᠮᠧᠬᠠᠨᠢᠭᠵᠢᠯᠲᠠ ᠵᠢᠨ ᠨᠤᠷᠮ᠎ᠠ 67% ᠪᠠᠢ᠌ᠭᠰᠠᠨ᠎ᠠᠴᠠ᠎ᠪᠠᠨ ᠳᠡᠭᠡᠭᠰᠢᠯᠡᠭᠡᠳ 73% ᠪᠣᠯᠪᠠ᠃ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠵᠢ ᠴᠢᠩᠭ᠋ᠠᠳᠬᠠᠪᠠ᠂ ᠢᠮᠠᠭᠲᠠ ᠴᠥᠬᠥᠷᠡᠰᠢ ᠦᠭᠡᠢ᠎ᠪᠠᠷ 14 ᠳ᠋ᠥᠡᠭᠰᠢᠭᠤᠷ ᠭᠠᠷᠤᠢ ᠳᠤᠮᠳᠠᠳᠤ ᠤᠯᠤᠰ᠎ᠤᠨ ᠬᠥᠮᠥᠨ᠎ᠤ ᠬᠣᠭᠣᠯᠠ ᠬᠦᠨᠡᠰᠦ᠎ᠪᠠᠨ ᠥᠪᠡᠷ᠎ᠤᠨ ᠬᠦᠴᠦᠨ᠎ᠳᠡᠭᠡᠨ ᠪᠠᠲᠤ ᠲᠦᠰᠢᠭᠯᠡᠨ ᠰᠢᠢ᠍ᠳᠪᠦᠷᠢᠯᠡᠬᠦ ᠵᠢ ᠪᠠᠲᠤᠯᠠᠪᠠ᠃
      ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ᠂ ᠳᠠᠭ᠋ᠠᠭ᠋ᠠᠴᠢᠯᠠᠯᠲᠠ ᠵᠢᠨ ᠭᠠᠵᠠᠷ᠎ᠤᠨ ᠡᠷᠬᠡ ᠵᠢ ᠨᠤᠲᠠᠯᠠᠨ ᠲᠣᠭᠲᠠᠭ᠋ᠠᠵᠤ ᠳᠠᠩᠰᠠᠯᠠᠨ ᠦᠨᠡᠮᠯᠡᠯ ᠣᠯᠭᠣᠬᠤ ᠪᠠ ᠬᠥᠳᠡᠭᠡ ᠲᠣᠰᠬᠤᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢᠨ ᠱᠠᠲᠤ ᠥᠶᠡᠴᠢ ᠴᠢᠨᠠᠷᠲᠠᠢ ᠡᠭᠦᠷᠭᠡ ᠵᠢ ᠪᠡᠶᠡᠯᠡᠭᠦᠯᠵᠦ᠂ ᠣᠯᠠᠨ ᠵᠦᠢ᠍ᠯ᠎ᠤᠨ ᠭᠡᠯᠪᠡᠷᠢ ᠵᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠵᠢ ᠯᠠᠪᠳᠠᠭᠤᠨ ᠵᠢᠡᠷ ᠠᠬᠢᠭᠤᠯᠵᠤ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠪᠠ ᠲᠠᠷᠢᠶᠠᠴᠢᠳ᠎ᠤᠨ ᠬᠤᠷᠰᠢᠶ᠎ᠠ ᠵᠢᠨ ᠬᠥᠭᠵᠢᠯᠲᠡ ᠵᠢ ᠰᠠᠢ᠌ᠲᠤᠷ ᠠᠳᠬᠤᠵᠤ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠯᠡᠨ ᠬᠥᠭᠵᠢᠭᠦᠯᠪᠡ᠃ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠡᠬᠢᠯᠡᠭᠦᠯᠵᠦ᠂ ᠬᠥᠳᠡᠭᠡ ᠲᠣᠰᠬᠤᠨ᠎ᠤ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠤᠰᠤ ᠴᠠᠭᠢᠯᠭ᠋ᠠᠨ ᠵᠠᠮ ᠬᠡᠢ ᠮᠡᠳᠡᠭᠡ ᠵᠠᠩᠭᠢ ᠰᠢᠤᠳᠠᠨ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠥᠬᠥᠴᠡᠯ᠎ᠳᠤ ᠨᠡᠢ᠌ᠴᠡᠭᠦ ᠰᠢᠶᠠᠩ ᠪᠠᠯᠭ᠋ᠠᠰᠤ ᠪᠣᠯᠣᠨ ᠪᠠᠢ᠌ᠭᠤᠯᠤᠯᠲᠤ ᠲᠣᠰᠬᠤᠨ᠎ᠳᠤ ᠬᠠᠲᠠᠭᠤᠷᠠᠭᠤᠯᠤᠭᠰᠠᠨ ᠵᠠᠮ᠂ ᠠᠶᠠᠨᠴᠢᠳ᠎ᠤᠨ ᠮᠠᠰᠢᠨ ᠲᠡᠷᠭᠡ ᠨᠡᠪᠲᠡᠷᠡᠭᠦᠯᠬᠦ ᠵᠢ ᠪᠡᠶᠡᠯᠡᠭᠦᠯᠵᠦ᠂ ᠬᠥᠳᠡᠭᠡ ᠲᠣᠰᠬᠤᠨ᠎ᠤ ᠲᠦᠭᠡᠭᠡᠯ ᠤᠰᠤ ᠵᠢ ᠲᠦᠭᠡᠮᠡᠯᠵᠢᠭᠦᠯᠦᠭᠰᠡᠨ ᠨᠤᠷᠮ᠎ᠠ 80% ᠪᠠᠢ᠌ᠭᠰᠠᠨ᠎ᠠᠴᠠ᠎ᠪᠠᠨ ᠳᠡᠭᠡᠭᠰᠢᠯᠡᠭᠡᠳ 87% ᠪᠣᠯᠵᠤ᠂ ᠤᠯᠠᠨ ᠵᠢᠯ᠎ᠳᠤ ᠬᠥᠳᠡᠭᠡ ᠲᠣᠰᠬᠤᠨ᠎ᠤ ᠨᠡᠢ᠌ᠳᠠ 2400 ᠭᠠᠷᠤᠢ ᠲᠦᠮᠡᠨ ᠡᠷᠦᠭᠡ ᠵᠢᠨ ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠵᠠᠰᠠᠪᠠ᠃ ᠬᠠᠩᠭ᠋ᠠᠨ ᠪᠣᠷᠣᠯᠠᠭᠤᠯᠬᠤ ᠬᠤᠷᠰᠢᠶ᠎ᠠ᠂ ᠬᠠᠮᠲᠤ ᠵᠢᠨ ᠣᠢ ᠰᠢᠭᠤᠢ ᠵᠢᠨ ᠡᠷᠬᠡ᠂ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ ᠵᠡᠷᠭᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠪᠡ᠃ ᠣᠨᠴᠠᠯᠢᠭᠲᠤ ᠡᠬᠢ ᠪᠠᠶᠠᠯᠢᠭ᠎ᠲᠤ ᠰᠠᠭᠤᠷᠢᠯᠠᠨ ᠬᠥᠳᠡᠭᠡ ᠲᠣᠰᠬᠤᠨ᠎ᠤ ᠠᠵᠤ ᠦᠢ᠍ᠯᠡᠰ᠎ᠢ ᠬᠥᠭᠵᠢᠭᠦᠯᠵᠦ᠂ ᠲᠠᠷᠢᠶᠠᠴᠢᠳ᠎ᠤᠨ ᠠᠵᠢᠯ ᠣᠯᠵᠤ ᠠᠳᠠᠯ ᠦᠢ᠍ᠯᠡᠰ ᠴᠣᠭᠴᠠᠯᠠᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠪᠠ᠃ ᠬᠥᠯᠥᠰᠦᠨ ᠠᠵᠢᠯᠴᠢᠨ᠎ᠤ ᠣᠯᠬᠤ ᠶᠣᠰᠣᠲᠠᠢ ᠬᠥᠯᠥᠰᠦ ᠣᠯᠭᠣᠮᠵᠢ᠎ᠪᠠᠨ ᠴᠠᠭ ᠲᠤᠬᠠᠢ᠎ᠳᠤᠨᠢ ᠣᠯᠬᠤ ᠵᠢ ᠪᠠᠲᠤᠯᠠᠬᠤ ᠵᠢᠨ ᠲᠥᠯᠥᠭᠡ᠂ ᠬᠥᠯᠥᠰᠦᠨ ᠠᠵᠢᠯᠴᠢᠨ᠎ᠤ ᠴᠠᠯᠢᠩ᠎ᠢ ᠥᠷᠢᠲᠦᠵᠦ ᠬᠣᠢ᠌ᠰᠢᠯᠠᠭᠤᠯᠬᠤ ᠵᠢ ᠵᠠᠰᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ᠎ᠢ ᠨᠡᠢ᠌ᠲᠡᠯᠡᠨ ᠬᠡᠷᠡᠭᠵᠢᠭᠦᠯᠵᠦ᠂ ᠮᠠᠭᠤ ᠰᠠᠨᠠᠭ᠎ᠠ᠎ᠲᠠᠢ᠎ᠪᠠᠷ ᠥᠷᠢᠲᠦᠵᠦ ᠬᠣᠢ᠌ᠰᠢᠯᠠᠭᠤᠯᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃
     (ᠲᠤᠯᠤᠭ᠎ᠠ) ᠭᠠᠳᠠᠭᠰᠢ ᠨᠡᠭᠡᠭᠡᠯᠲᠡ ᠬᠢᠬᠦ ᠵᠢ ᠡᠷᠡᠰ ᠭᠤᠢ᠌ᠪᠢᠰᠢ ᠦᠭᠡᠢ ᠥᠷᠭᠡᠳᠬᠡᠵᠦ᠂ ᠬᠠᠷᠢᠯᠴᠠᠨ ᠠᠰᠢᠭ ᠣᠯᠭᠣᠵᠤ ᠬᠠᠮᠲᠤ᠎ᠪᠠᠷ ᠲᠤᠰᠠ ᠭᠦᠷᠳᠡᠭᠦ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠪᠡ᠃ ᠭᠠᠳᠠᠭ᠋ᠠᠳᠤ ᠣᠷᠴᠢᠨ ᠨᠥᠬᠥᠴᠡᠯ᠎ᠤᠨ ᠬᠤᠪᠢᠷᠠᠯᠲᠠ ᠵᠢᠨ ᠡᠮᠦᠨ᠎ᠡ᠂ ᠪᠢᠳᠡ ᠨᠡᠩ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠲᠠᠢ ᠨᠡᠭᠡᠭᠡᠯᠲᠡ ᠵᠢᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠥᠨᠳᠥᠷ ᠲᠦᠪᠰᠢᠨ᠎ᠤ ᠨᠡᠭᠡᠭᠡᠯᠲᠡ᠎ᠪᠠᠷ ᠥᠭᠡᠷᠡᠴᠢᠯᠡᠯᠲᠡ ᠬᠥᠭᠵᠢᠯᠲᠡ ᠵᠢ ᠨᠡᠩ ᠬᠦᠴᠦᠲᠡᠢ ᠠᠬᠢᠭᠤᠯᠪᠠ᠃
      ᠭᠠᠳᠠᠭ᠋ᠠᠳᠤ ᠤᠷᠤᠭᠤᠯᠤᠯᠳᠠ ᠪᠠ ᠭᠠᠳᠠᠭ᠋ᠠᠳᠤ ᠭᠠᠷᠭ᠋ᠠᠯᠲᠠ ᠵᠢ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠴᠢᠨᠠᠷ᠎ᠢ᠎ᠨᠢ ᠳᠡᠭᠡᠭᠰᠢᠯᠡᠭᠦᠯᠭᠦ ᠵᠢ ᠠᠬᠢᠭᠤᠯᠪᠠ᠃ ᠭᠠᠳᠠᠭ᠋ᠠᠳᠤ ᠭᠠᠷᠭ᠋ᠠᠯᠲᠠ ᠵᠢᠨ ᠭᠠᠢ᠌ᠯᠢ ᠵᠢᠨ ᠪᠤᠴᠠᠭ᠋ᠠᠯᠲᠠ᠂ ᠢᠲᠡᠭᠡᠮᠵᠢᠲᠦ ᠳᠠᠭ᠋ᠠᠳᠬᠠᠯ᠂ ᠢᠲᠡᠭᠡᠮᠵᠢᠲᠦ ᠵᠢᠭᠡᠯᠡᠯᠭᠡ ᠵᠡᠷᠭᠡ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠭᠠᠳᠠᠭ᠋ᠠᠳᠤ ᠭᠠᠷᠭ᠋ᠠᠯᠲᠠ ᠵᠢᠨ ᠭᠠᠢ᠌ᠯᠢ ᠵᠢᠨ ᠪᠤᠴᠠᠭ᠋ᠠᠯᠲᠠ ᠵᠢ ᠭᠦᠢ᠍ᠴᠡᠳᠬᠡᠬᠦ ᠴᠠᠭ᠎ᠢ ᠪᠣᠭᠣᠨᠢᠰᠬᠠᠭ᠋ᠠᠳ 6 ᠠᠵᠢᠯ᠎ᠤᠨ ᠡᠳᠦᠷ ᠵᠢᠡᠷ ᠬᠢᠵᠠᠭ᠋ᠠᠷᠯᠠᠪᠠ᠃ ᠭᠠᠳᠠᠭ᠋ᠠᠳᠤ ᠭᠤᠪᠢᠭᠤᠯᠭ᠎ᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠪᠡ᠃ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠭᠡᠯᠪᠡᠷᠢ ᠪᠠᠢ᠌ᠳᠠᠯ᠎ᠢ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠲᠤᠷᠰᠢᠯᠲᠠ ᠵᠢᠨ ᠣᠷᠣᠨ᠎ᠢ 152 ᠰᠢᠨ᠎ᠡ᠎ᠪᠠᠷ ᠪᠠᠢ᠌ᠭᠤᠯᠵᠤ᠂ ᠨᠢᠭᠡ ᠪᠦᠯᠦᠭ ᠭᠠᠳᠠᠭ᠋ᠠᠳᠤ᠎ᠳᠠᠬᠢ ᠬᠥᠮᠥᠷᠭᠡ ᠪᠠᠢ᠌ᠭᠤᠯᠬᠤ ᠵᠢ ᠳᠡᠮᠵᠢᠪᠡ᠃ ᠭᠠᠳᠠᠭ᠋ᠠᠳᠤ ᠣᠷᠣᠭᠤᠯᠤᠯᠲᠠ ᠵᠢᠨ ᠦᠵᠡᠰᠭᠦᠯᠡᠩ᠂ ᠭᠤᠸᠠᠩᠵᠧᠦ ᠵᠢᠨ ᠠᠷᠠᠯᠵᠢᠶᠠᠨ᠎ᠤ ᠴᠤᠭᠯᠠᠭ᠋ᠠᠨ᠂ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠂ ᠬᠡᠷᠡᠭᠯᠡᠭᠡᠨ᠎ᠤ ᠵᠦᠢ᠍ᠯ᠎ᠤᠨ ᠦᠵᠡᠰᠭᠦᠯᠡᠩ ᠵᠡᠷᠭᠡ ᠴᠢᠬᠤᠯᠠ ᠶᠡᠬᠡ ᠦᠵᠡᠰᠭᠦᠯᠡᠩ᠎ᠤᠨ ᠦᠢ᠍ᠯᠡᠳᠦᠯ᠎ᠢ ᠪᠠᠳᠠᠷᠠᠭᠤᠯᠪᠠ᠃ ᠪᠣᠭᠣᠮᠲᠠ᠎ᠪᠠᠷ ᠥᠩᠭᠡᠷᠡᠬᠦ ᠵᠢ ᠳᠥᠲᠡᠴᠢᠯᠡᠬᠦ ᠵᠢ ᠠᠬᠢᠭᠤᠯᠵᠤ᠂ ᠭᠠᠳᠠᠭ᠋ᠠᠳᠤ ᠤᠷᠤᠭᠤᠯᠤᠯᠳᠠ ᠪᠠ ᠭᠠᠳᠠᠭ᠋ᠠᠳᠤ ᠭᠠᠷᠭ᠋ᠠᠯᠲᠠ ᠵᠢᠨ ᠪᠣᠭᠣᠮᠲᠠ᠎ᠪᠠᠷ ᠥᠩᠭᠡᠷᠡᠬᠦ ᠴᠠᠭ᠎ᠢ ᠲᠤᠰ ᠲᠤᠰ 67% ᠪᠠ 92% ᠵᠢᠡᠷ ᠪᠣᠭᠣᠨᠢᠰᠬᠠᠵᠤ᠂ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠭᠣᠭᠴᠣᠭ᠎ᠠ ᠵᠢᠨ ᠲᠣᠭᠲᠠᠭ᠋ᠠᠯ᠎ᠳᠤ ᠨᠡᠢ᠌ᠴᠡᠭᠦᠯᠬᠦ ᠥᠪᠡᠷ᠎ᠤᠨ ᠦᠷᠳᠡᠭ ᠢᠯᠡᠳᠲᠡ ᠪᠠᠭᠤᠷᠠᠪᠠ᠃ ᠪᠣᠭᠣᠮᠲᠠ ᠵᠢᠨ ᠭᠠᠢ᠌ᠯᠢ ᠵᠢᠨ ᠶᠡᠷᠦᠩᠬᠡᠢ ᠲᠦᠪᠰᠢᠨ 9.8% ᠪᠠᠢ᠌ᠭᠰᠠᠨ᠎ᠠᠴᠠ᠎ᠪᠠᠨ ᠪᠠᠭᠤᠷᠠᠭ᠋ᠠᠳ 7.4% ᠪᠣᠯᠪᠠ᠃ ᠦᠢ᠍ᠯᠡᠴᠢᠯᠡᠭᠡᠨ᠎ᠤ ᠠᠷᠠᠯᠵᠢᠶ᠎ᠠ ᠵᠢ ᠰᠢᠨ᠎ᠡ ᠵᠢ ᠡᠭᠦᠳᠦᠨ ᠬᠥᠭᠵᠢᠭᠦᠯᠬᠦ ᠲᠤᠷᠰᠢᠯᠲᠠ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠢᠯᠢ ᠠᠯᠤᠰᠯᠠᠭᠰᠠᠨ ᠦᠢ᠍ᠯᠡᠴᠢᠯᠡᠭᠡᠨ᠎ᠤ ᠠᠷᠠᠯᠵᠢᠶ᠎ᠠ ᠵᠢᠨ ᠨᠠᠵᠠᠭ᠋ᠠᠢ ᠲᠠᠯ᠎ᠠ ᠵᠢᠨ ᠲᠣᠳᠣᠷᠬᠠᠢ ᠬᠠᠭᠤᠳᠠᠰᠤ ᠵᠢ ᠬᠡᠷᠡᠭᠵᠢᠭᠦᠯᠪᠡ᠃ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠲᠣᠭᠲᠠᠭᠤᠨ ᠨᠡᠮᠡᠭᠳᠡᠯ᠎ᠨᠢ ᠠᠵᠤ ᠠᠬᠤᠢ ᠵᠢᠨ ᠬᠥᠭᠵᠢᠯᠲᠡ ᠵᠢ ᠬᠦᠴᠦᠲᠡᠢ ᠲᠤᠯᠭ᠋ᠠᠭᠤᠷᠢᠯᠠᠪᠠ᠃
      ᠭᠠᠳᠠᠭ᠋ᠠᠳᠤ ᠪᠡᠯᠡ ᠵᠢ ᠢᠳᠡᠪᠬᠢᠲᠡᠢ ᠪᠥᠭᠡᠳ ᠪᠦᠲᠦᠮᠵᠢᠲᠡᠶ ᠠᠰᠢᠭᠯᠠᠪᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ᠎ᠢ ᠨᠡᠢ᠌ᠲᠡᠯᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠳᠠ ᠵᠢᠨ ᠣᠷᠴᠢᠨ ᠨᠥᠬᠥᠴᠡᠯ᠎ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠭᠠᠳᠠᠭ᠋ᠠᠳᠤ ᠪᠡᠯᠡ ᠵᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠦᠷᠭᠦᠯᠵᠢᠯᠡᠨ ᠠᠭᠤᠵᠢᠭᠤ ᠲᠠᠯᠪᠢᠵᠤ᠂ ᠪᠦᠭᠦ ᠤᠯᠤᠰ ᠪᠠ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠨᠠᠵᠠᠭ᠋ᠠᠢ ᠲᠠᠯ᠎ᠠ ᠵᠢᠨ ᠲᠣᠳᠣᠷᠬᠠᠢ ᠬᠠᠭᠤᠳᠠᠰᠤ ᠵᠢᠨ ᠵᠦᠢ᠍ᠯ᠎ᠤᠨ ᠲᠣᠭ᠎ᠠ ᠵᠢ ᠲᠣᠰ ᠲᠤᠰ 51% ᠪᠠ 72% ᠵᠢᠡᠷ ᠪᠠᠭ᠋ᠠᠰᠬᠠᠨ᠂ ᠥᠢ᠍ᠯᠡᠳᠭᠦ ᠦᠢ᠍ᠯᠡᠰ᠎ᠤᠨ ᠬᠦᠷᠢᠶ᠎ᠡ ᠵᠢ ᠦᠨᠳᠦᠰᠦᠨ᠎ᠳᠡᠭᠡᠨ ᠪᠦᠭᠦ ᠲᠠᠯ᠎ᠠ᠎ᠪᠠᠷ ᠴᠢᠯᠦᠭᠡᠲᠡᠢ ᠲᠠᠯᠪᠢᠵᠤ᠂ ᠮᠥᠩᠭᠥᠨ ᠭᠦᠢ᠍ᠯᠭᠡᠭᠡ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠨᠡᠭᠡᠭᠡᠯᠲᠡ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡᠨᠲᠡ 21 ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠪᠠᠢ᠌ᠭᠤᠯᠵᠤ᠂ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠢᠡᠷ ᠠᠬᠢᠭᠤᠯᠪᠠ᠃ ᠡᠯ᠎ᠡ ᠭᠠᠵᠠᠷ ᠣᠷᠣᠨ᠎ᠤ᠎ᠬᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠦᠨ ᠭᠠᠳᠠᠭ᠋ᠠᠳᠤ ᠪᠡᠯᠡ ᠵᠢ ᠠᠬᠢᠭᠤᠯᠬᠤ ᠦᠢ᠍ᠯᠡᠴᠢᠯᠡᠭᠡ᠎ᠪᠠᠨ ᠴᠢᠩᠭ᠋ᠠᠳᠬᠠᠨ᠂ ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠪᠠ ᠲᠥᠰᠥᠯ᠎ᠢ ᠵᠣᠯᠭ᠋ᠠᠯᠳᠤᠭᠤᠯᠬᠤ ᠡᠷᠴᠢᠮ ᠵᠢᠡᠨ ᠴᠢᠩᠭ᠋ᠠᠷᠠᠭᠤᠯᠪᠠ᠃ ᠭᠠᠳᠠᠭ᠋ᠠᠳᠤ ᠪᠡᠯᠡ ᠵᠢᠨ ᠨᠢᠭᠡ ᠪᠦᠯᠦᠭ ᠲᠣᠮᠣ ᠲᠥᠰᠥᠯ᠎ᠢ ᠨᠠᠢ᠌ᠳᠠᠪᠤᠷᠢᠵᠢᠭᠤᠯᠵᠤ᠂ ᠮᠠᠨ᠎ᠤ ᠤᠯᠤᠰ ᠦᠷᠭᠦᠯᠵᠢᠯᠡᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠵᠤ ᠠᠵᠢᠯ ᠦᠢ᠍ᠯᠡᠰ ᠬᠥᠭᠵᠢᠭᠦᠯᠬᠦ ᠬᠠᠯᠠᠭᠤᠨ ᠥᠯᠥᠭᠡᠢ ᠪᠣᠯᠪᠠ᠃
     《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢ᠌ᠲᠠᠢ ᠪᠠᠢ᠌ᠭᠤᠯᠬᠤ ᠵᠢ ᠠᠬᠢᠭᠤᠯᠪᠠ᠃ ᠬᠠᠮᠲᠤ᠎ᠪᠠᠷ ᠵᠥᠪᠳᠡᠭᠦ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠭᠦ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠵᠠᠷᠴᠢᠮ ᠪᠠ ᠣᠯᠠᠨ ᠤᠯᠤᠰ᠎ᠤᠨ ᠨᠡᠢ᠌ᠳᠡᠮ ᠬᠡᠷᠡᠭᠯᠡᠬᠦ ᠳᠦᠷᠢᠮ᠎ᠢ ᠵᠢᠷᠤᠮᠯᠠᠵᠤ᠂ ᠨᠢᠭᠡ ᠪᠦᠯᠦᠭ ᠬᠣᠯᠪᠣᠨ ᠨᠡᠪᠲᠡᠷᠡᠭᠦᠯᠬᠦ ᠪᠠ ᠦᠢ᠍ᠯᠡᠳᠪᠦᠷᠢᠯᠡᠬᠦ ᠴᠢᠳᠠᠪᠤᠷᠢ ᠵᠢᠨ ᠬᠠᠮᠲᠤᠷᠠᠯᠴᠠᠭ᠋ᠠᠨ᠎ᠤ ᠲᠥᠰᠥᠯ᠎ᠢ ᠬᠡᠷᠡᠭᠵᠢᠭᠦᠯᠵᠦ᠂ ᠵᠠᠮ ᠳᠠᠭ᠋ᠠᠤ ᠵᠢᠨ ᠤᠯᠤᠰ᠎ᠯᠤᠭ᠎ᠠ ᠵᠢᠨ ᠡᠳ᠋ ᠪᠠᠷᠠᠭ᠋ᠠᠨ᠎ᠤ ᠭᠠᠳᠠᠭ᠋ᠠᠳᠤ ᠣᠷᠣᠭᠤᠯᠥᠯᠳᠡ ᠪᠠ ᠭᠠᠳᠠᠭ᠋ᠠᠳᠤ ᠭᠠᠷᠭ᠋ᠠᠯᠲᠠ ᠵᠢᠨ ᠲᠣᠭ᠎ᠠ ᠵᠢᠯ ᠳᠤᠮᠳᠠᠴᠢ᠎ᠪᠠᠷ 13.4%᠎ᠪᠠᠷ ᠨᠡᠮᠡᠭᠳᠡᠵᠦ᠂ ᠡᠯ᠎ᠡ ᠬᠦᠷᠢᠶᠡᠨ᠎ᠤ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢ᠌ᠷᠡᠪᠡ᠃ ᠪᠠᠷᠠᠭᠤᠨ ᠬᠡᠰᠡᠭ᠎ᠤᠨ ᠭᠠᠵᠠᠷ ᠣᠷᠣᠨ᠎ᠤ ᠳᠠᠯᠠᠢ ᠬᠠᠭᠤᠷᠠᠢ ᠵᠢᠨ ᠰᠢᠨ᠎ᠡ ᠨᠡᠪᠲᠡᠷᠡᠬᠦ ᠵᠠᠮ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ᠃ ᠭᠠᠳᠠᠭ᠋ᠠᠳᠤ ᠪᠡᠯᠡ ᠣᠷᠣᠭᠤᠯᠥᠯᠳᠡ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠭᠦᠭᠵᠢᠭᠦ ᠵᠢ ᠬᠥᠲᠥᠯᠥᠨ ᠵᠢᠯᠤᠭᠣᠳᠴᠤ᠂ ᠬᠢᠯᠢ ᠵᠢᠨ ᠭᠠᠳᠠᠨᠠᠬᠢ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠪᠠ᠃ 6 ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠢ ᠰᠢᠨ᠎ᠡ᠎ᠪᠠᠷ ᠲᠣᠭᠲᠠᠭ᠋ᠠᠭᠰᠠᠨ ᠪᠠ ᠲᠡᠰ᠎ᠢ᠎ᠨᠢ ᠳᠡᠪᠰᠢᠭᠦᠯᠵᠦ᠂ ᠴᠢᠯᠦᠭᠡᠲᠦ ᠠᠷᠠᠯᠵᠢᠶᠠᠨ᠎ᠤ ᠬᠠᠨᠢᠲᠠᠨ᠎ᠯᠤᠭ᠎ᠠ ᠵᠢᠨ ᠡᠳ᠋ ᠪᠠᠷᠠᠭ᠋ᠠᠨ᠎ᠤ ᠭᠠᠳᠠᠭ᠋ᠠᠳᠤ ᠣᠷᠣᠭᠤᠯᠤᠯᠳᠠ ᠪᠠ ᠭᠠᠳᠠᠭ᠋ᠠᠳᠤ ᠭᠠᠷᠭ᠋ᠠᠯᠲᠠ ᠵᠢᠨ ᠲᠣᠭ᠎ᠠ ᠵᠢᠨ ᠡᠵᠡᠯᠡᠭᠦ ᠬᠠᠷᠢᠴᠠᠯ 26% ᠪᠠᠢ᠌ᠭᠰᠠᠨ᠎ᠠᠴᠠ᠎ᠪᠠᠨ 35% ᠣᠷᠴᠢᠮ ᠪᠤᠯᠳᠡᠯ᠎ᠠ ᠳᠡᠭᠡᠭᠰᠢᠯᠡᠪᠡ᠃ ᠤᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠯ᠎ᠢ ᠡᠷᠡᠰ ᠪᠠᠲᠤ ᠬᠠᠮᠠᠭ᠋ᠠᠯᠠᠵᠤ᠂ ᠠᠷᠠᠯᠵᠢᠶᠠᠨ᠎ᠤ ᠬᠠᠮᠠᠭ᠋ᠠᠯᠠᠬᠤ ᠦᠵᠡᠯ᠎ᠢ ᠡᠰᠡᠷᠭᠦᠴᠡᠵᠦ᠂ ᠠᠵᠤ ᠠᠬᠤᠢ ᠠᠷᠠᠯᠵᠢᠶᠠᠨ᠎ᠤ ᠥᠷᠥᠯᠳᠥᠭᠡᠨ᠎ᠢ ᠯᠠᠪᠳᠠᠭᠤᠨ ᠲᠣᠬᠢᠲᠠᠢ ᠠᠷᠭ᠋ᠠᠴᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠳᠡᠴᠢᠯᠡᠯᠳᠡ ᠵᠢ ᠠᠬᠢᠭᠤᠯᠪᠠ᠃
     (ᠨᠠᠢ᠍ᠮᠠ) ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠨᠣᠭᠣᠭ᠋ᠠᠨ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠥᠭᠵᠢᠯᠲᠡ ᠵᠢ ᠠᠬᠢᠭᠤᠯᠪᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠡᠠ ᠠᠭᠤᠯᠠ ᠮᠥᠩᠭᠥᠨ ᠬᠠᠢ᠌ᠷᠬᠠᠨ ᠮᠥᠨ ᠭᠡᠬᠦ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠪᠦᠷᠢᠨᠰᠢᠭᠦᠯᠦᠨ᠂ ᠬᠥᠭᠵᠢᠭᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃
      ᠪᠣᠬᠢᠷᠳᠤᠯ᠎ᠢ ᠵᠠᠰᠠᠬᠤ ᠪᠠ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠪᠠ᠃ ᠪᠣᠬᠢᠷᠳᠤᠯ᠎ᠢ ᠨᠠᠷᠢᠯᠢᠭ ᠣᠨᠣᠴᠠᠲᠠᠢ᠎ᠪᠠᠷ᠂ ᠰᠢᠨᠵᠢᠯᠡᠬᠦ ᠤᠬᠠᠭ᠋ᠠᠨᠴᠢ᠎ᠪᠠᠷ᠂ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠪᠣᠬᠢᠷᠳᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠭᠦᠨᠵᠡᠭᠡᠢ ᠠᠬᠢᠭᠤᠯᠪᠠ᠃ ᠤᠯᠠᠨ ᠪᠣᠬᠢᠷᠲᠤᠭᠤᠯᠬᠤ ᠪᠣᠳᠠᠰ᠎ᠢ ᠬᠠᠮᠵᠢᠯᠴᠠᠨ ᠵᠠᠰᠠᠬᠤ ᠪᠠ ᠣᠷᠣᠨ ᠪᠦᠰᠡ᠎ᠪᠠᠷ ᠵᠢᠡᠨ ᠬᠠᠮᠲᠤ᠎ᠪᠠᠷ ᠰᠡᠷᠭᠡᠢ᠌ᠯᠡᠵᠦ ᠬᠠᠮᠲᠤ᠎ᠪᠠᠷ ᠬᠢᠵᠠᠭ᠋ᠠᠷᠯᠠᠬᠤ ᠵᠢ ᠴᠢᠬᠤᠯᠠᠴᠢᠯᠠᠵᠤ᠂ ᠲᠤᠰᠬᠠᠢ ᠣᠷᠣᠨ᠎ᠤ ᠳᠡᠰ ᠵᠢᠴᠢ ᠲᠡᠭᠦᠨ᠎ᠠᠴᠠ ᠳᠡᠭᠡᠭᠰᠢᠬᠢ ᠬᠤᠳᠠ ᠵᠢᠨ ᠠᠭ᠋ᠠᠷ᠎ᠤᠨ ᠶᠠᠰᠤ ᠴᠢᠨᠠᠷ ᠰᠢᠯᠢᠳᠡᠭ ᠰᠠᠢ᠌ᠨ ᠡᠳᠦᠷ᠎ᠤᠨ ᠲᠣᠭ᠎ᠠ ᠵᠢᠨ ᠬᠠᠷᠢᠴᠠᠯ 86.5%᠎ᠳᠤ ᠬᠦᠷᠴᠦ᠂ 4 ᠵᠠᠭᠤᠨ᠎ᠤ ᠨᠢᠭᠡᠴᠢ᠎ᠪᠠᠷ ᠳᠡᠭᠡᠭᠰᠢᠯᠡᠪᠡ᠃ ᠲᠤᠰᠬᠠᠢ ᠣᠷᠣᠨ᠎ᠤ ᠲᠠᠰ ᠵᠢᠴᠢ ᠲᠡᠭᠦᠨ᠎ᠠᠴᠠ ᠳᠡᠭᠡᠭᠰᠢᠬᠢ ᠬᠤᠲᠠ ᠵᠢᠨ ᠪᠣᠬᠢᠷ ᠦᠮᠡᠬᠡᠢ ᠤᠰᠤᠨ ᠴᠣᠭᠴᠠ ᠵᠢ ᠦᠨᠳᠦᠰᠦᠨ᠎ᠳᠡᠭᠡᠨ ᠠᠷᠢᠯᠭ᠋ᠠᠵᠤ᠂ ᠴᠢᠬᠤᠯᠠ ᠭᠣᠣᠯ ᠮᠥᠷᠡᠨ ᠨᠠᠭᠤᠷ ᠴᠥᠭᠦᠷᠥᠮ᠂ ᠡᠷᠭᠢ ᠣᠢ᠌ᠷᠠᠯᠴᠠᠭ᠎ᠠ ᠲᠡᠯᠡᠶ ᠵᠢᠨ ᠣᠷᠣᠨ᠎ᠤ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠠᠬᠢᠭᠤᠯᠪᠠ᠃ ᠬᠥᠷᠥᠰᠥ ᠰᠢᠷᠣᠢ ᠵᠢᠨ ᠪᠣᠬᠢᠷᠳᠤᠯ᠎ᠤᠨ ᠲᠦᠭᠰᠢᠭᠦᠷᠢ ᠵᠢ ᠰᠡᠷᠭᠡᠢ᠌ᠯᠡᠨ ᠬᠢᠵᠠᠭ᠋ᠠᠷᠯᠠᠬᠤ ᠪᠠ ᠵᠠᠰᠠᠨ ᠰᠡᠷᠭᠦᠭᠡᠬᠦ ᠡᠷᠴᠢᠮ᠎ᠢ ᠴᠢᠩᠭ᠋ᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠭᠤᠯᠬᠤ ᠪᠣᠳᠠᠰ᠎ᠤᠨ ᠵᠠᠰᠠᠯᠲᠠ ᠵᠢ ᠴᠢᠩᠭ᠋ᠠᠳᠬᠠᠪᠠ᠃ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠠ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠦᠯᠲᠡ ᠵᠢᠨ ᠵᠠᠭ᠋ᠠᠭ ᠬᠢᠵᠠᠭ᠋ᠠᠷ᠎ᠢ ᠪᠦᠭᠦ ᠲᠠᠯ᠎ᠠ᠎ᠪᠠᠷ ᠵᠠᠭ᠋ᠠᠭᠯᠠᠨ ᠲᠣᠭᠲᠠᠭ᠋ᠠᠪᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠲᠣᠭᠣᠷᠢᠮ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠨᠢᠭᠡ ᠪᠦᠯᠦᠭ ᠴᠢᠬᠤᠯᠠ ᠶᠡᠬᠡ ᠠᠮᠢ ᠠᠬᠤᠢ ᠵᠢᠨ ᠢᠨᠵᠧᠨᠧᠷᠢᠩ᠎ᠢ ᠬᠡᠷᠡᠭᠵᠢᠭᠦᠯᠵᠦ᠂ ᠭᠣᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠪᠦᠭᠦ ᠲᠠᠯ᠎ᠠ᠎ᠪᠠᠷ ᠬᠡᠷᠡᠭᠵᠢᠭᠦᠯᠪᠡ᠃ ᠬᠥᠬᠡᠮᠥ᠋ᠷᠡᠨ᠎ᠢ ᠶᠡᠬᠡ᠎ᠪᠠᠷ ᠬᠠᠮᠠᠭ᠋ᠠᠯᠠᠬᠤ ᠵᠢ ᠬᠠᠮᠲᠤ᠎ᠪᠠᠷ ᠠᠳᠬᠤᠬᠤ ᠵᠢ ᠠᠬᠢᠭᠤᠯᠵᠤ᠂ ᠬᠥᠬᠡᠮᠥ᠋ᠷᠡᠨ᠎ᠤ ᠰᠠᠪᠠ ᠭᠠᠵᠠᠷ᠎ᠤᠨ ᠭᠣᠣᠯᠳᠠᠯᠭ᠎ᠠ᠎ᠲᠠᠢ ᠤᠰᠤᠨ ᠣᠷᠣᠨ᠎ᠳᠤ ᠵᠢᠭ᠋ᠠᠰᠤ ᠠᠩᠨᠠᠬᠤ ᠵᠢ ᠠᠷᠪᠠᠨ ᠵᠢᠯ ᠴᠠᠭ᠋ᠠᠵᠠᠯᠠᠬᠤ ᠵᠢ ᠭᠦᠨᠵᠡᠭᠡᠢ ᠬᠡᠷᠡᠭᠵᠢᠭᠦᠯᠪᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠪᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ᠎ᠢ ᠲᠡᠭᠦᠯᠳᠡᠷᠵᠢᠭᠦᠯᠪᠡ᠃ ᠣᠢ ᠰᠢᠭᠤᠢ ᠵᠢᠨ ᠪᠦᠷᠬᠦᠴᠡ 24%᠎ᠳᠤ ᠬᠦᠷᠴᠦ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠶᠡᠷᠦᠩᠬᠡᠢ ᠪᠦᠷᠬᠦᠴᠡ ᠪᠠ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠨᠣᠷᠮ᠎ᠠ ᠴᠥᠮ 50%᠎ᠠᠴᠠ ᠳᠡᠭᠡᠭᠰᠢ᠎ᠳᠤ ᠬᠦᠷᠴᠦ᠂ ᠬᠥᠷᠥᠰᠥ ᠰᠢᠷᠣᠢ ᠢᠳᠡᠭᠳᠡᠭᠰᠡᠨ᠂ ᠴᠦᠯᠵᠢᠭᠰᠡᠨ᠂ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠲᠠᠯᠠᠪᠠᠢ ᠵᠢ ᠲᠣᠰ ᠲᠣᠰ 10.6 ᠲᠦᠮᠡ᠂ 3.8 ᠲᠦᠮᠡ ᠪᠠ 3.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭ᠋ᠠᠰᠬᠠᠪᠠ᠃ ᠠᠷᠠᠳ ᠤᠯᠠᠨ᠎ᠳᠤ ᠬᠥᠬᠡ ᠣᠭᠲᠠᠷᠭᠤᠢ ᠬᠥᠪᠥᠩ ᠴᠠᠭ᠋ᠠᠨ ᠡᠭᠦᠯᠡ᠂ ᠬᠥᠬᠡᠮᠳᠦᠭ ᠠᠭᠤᠯᠠ ᠨᠣᠮᠢᠨ ᠴᠡᠩᠬᠡᠷ ᠤᠰᠤ ᠵᠢ ᠶᠠᠪᠤᠬᠤ ᠲᠤᠳᠤᠮ ᠤᠯᠠᠨ ᠡᠳ᠋ᠯᠡᠭᠦᠯᠭᠦ ᠪᠣᠯᠪᠠ᠃
      ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠵᠢ ᠯᠠᠪᠳᠠᠭᠤᠨ ᠵᠢᠡᠷ ᠠᠬᠢᠭᠤᠯᠪᠠ᠃ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ ᠲᠣᠭᠲᠠᠪᠤᠷᠢᠲᠠᠢ ᠬᠠᠩᠭ᠋ᠠᠯᠭ᠎ᠠ ᠪᠠ ᠨᠣᠭᠣᠭ᠋ᠠᠨ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠥᠭᠵᠢᠯᠲᠡ ᠵᠢ ᠨᠢᠭᠡᠳᠦᠯᠲᠡᠢ ᠲᠥᠯᠥᠪᠯᠡᠨ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠭᠢᠯ ᠬᠡᠮᠵᠢᠭᠳᠡᠯ᠎ᠳᠤᠨᠢ ᠭᠦᠷᠭᠡᠭᠦ ᠪᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠰᠠᠭ᠋ᠠᠷᠮᠠᠭᠵᠢᠭᠤᠯᠬᠤ ᠠᠵᠢᠯ᠎ᠢ ᠰᠢᠨᠵᠢᠯᠡᠬᠦ ᠤᠬᠠᠭ᠋ᠠᠨᠴᠢ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠪᠠ᠃ ᠡᠨᠧᠷᠭᠢ ᠵᠢᠨ ᠰᠤᠷᠪᠤᠯᠵᠢ ᠵᠢᠨ ᠪᠦᠲᠦᠴᠡ ᠵᠢ ᠰᠢᠯᠢᠳᠡᠭᠵᠢᠭᠦᠯᠦᠨ᠂ ᠭᠡᠲᠦ ᠳᠣᠣᠷ᠎ᠠ ᠭᠠᠳᠠᠭᠰᠢᠯᠠᠭᠤᠯᠤᠯᠲᠠ ᠵᠢ ᠪᠡᠶᠡᠯᠡᠭᠦᠯᠦᠭᠰᠡᠨ ᠨᠡᠭᠦᠷᠡᠰᠦᠨ ᠴᠠᠭᠢᠯᠭ᠋ᠠᠨ᠎ᠤ ᠮᠠᠰᠢᠨ ᠴᠣᠭᠴᠠᠯᠠᠪᠤᠷᠢ 10.5 ᠳ᠋ᠦᠩᠰᠢᠭᠤᠷ ᠺᠢᠯᠣᠸᠠᠲ᠎ᠢ ᠳᠠᠪᠠᠵᠤ᠂ ᠳᠠᠭᠢᠨ ᠡᠭᠦᠰᠴᠦ ᠪᠤᠯᠬᠤ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 6.5 ᠳ᠋ᠦᠩᠰᠢᠭᠤᠷ ᠺᠢᠯᠣᠸᠠᠲ ᠪᠠᠢ᠌ᠭᠰᠠᠨ᠎ᠠᠴᠠ᠎ᠪᠠᠨ ᠨᠡᠮᠡᠭᠳᠡᠭᠡᠳ 12 ᠳ᠋ᠦᠩᠰᠢᠭᠤᠷ ᠺᠢᠯᠣᠸᠠᠲ᠎ᠢ ᠳᠠᠪᠠᠵᠤ᠂ ᠠᠷᠢᠭᠤᠨ ᠴᠡᠪᠡᠷ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠡᠵᠡᠯᠡᠭᠦ ᠬᠠᠷᠢᠴᠠᠯ 20.8% ᠪᠠᠢ᠌ᠭᠰᠠᠨ᠎ᠠᠴᠠ᠎ᠪᠠᠨ ᠳᠡᠭᠡᠭᠰᠢᠯᠡᠭᠡᠳ 25%᠎ᠠᠴᠠ ᠳᠡᠭᠡᠭᠰᠢ ᠪᠣᠯᠪᠠ᠃ ᠡᠬᠢ ᠪᠠᠶᠠᠯᠢᠭ᠎ᠢ ᠠᠷᠪᠢᠯᠠᠬᠤ ᠠᠵᠢᠯ᠎ᠢ ᠪᠦᠭᠦ ᠲᠠᠯ᠎ᠠ᠎ᠪᠠᠷ ᠴᠢᠩᠭ᠋ᠠᠳᠬᠠᠵᠤ᠂ ᠨᠣᠭᠣᠭ᠋ᠠᠨ ᠠᠵᠤ ᠦᠢ᠍ᠯᠡᠰ ᠪᠠ ᠣᠷᠴᠢᠯ ᠠᠵᠤ ᠠᠬᠤᠢ ᠵᠢ ᠬᠥᠭᠵᠢᠭᠦᠯᠵᠦ᠂ ᠡᠨᠧᠷᠭᠢ ᠠᠷᠪᠢᠯᠠᠵᠤ ᠣᠷᠴᠢᠨ ᠠᠬᠤᠢ ᠵᠢ ᠬᠠᠮᠠᠭ᠋ᠠᠯᠠᠬᠤ ᠮᠡᠷᠭᠡᠵᠢᠯ ᠪᠠ ᠦᠢ᠍ᠯᠡᠳᠬᠦᠨ᠎ᠢ ᠰᠤᠳᠤᠯᠤᠨ ᠨᠡᠭᠡᠭᠡᠵᠦ ᠬᠡᠷᠡᠭᠯᠡᠬᠦ ᠵᠢ ᠠᠬᠢᠭᠤᠯᠪᠠ᠃ ᠠᠮᠢ ᠠᠬᠤᠢ ᠵᠢᠨ ᠰᠢᠰᠲ᠋ᠧᠮ᠎ᠤᠨ ᠨᠡᠭᠦᠷᠡᠰᠦᠳᠦ᠋ᠷᠦᠭᠴᠢ ᠵᠢᠨ ᠳᠠᠪᠬᠤᠷ ᠢᠰᠦᠯ᠎ᠢ ᠬᠤᠷᠠᠭᠤᠯᠤᠨ ᠰᠢᠩᠭᠡᠭᠡᠬᠦ ᠴᠢᠳᠠᠪᠤᠷᠢ ᠵᠢ ᠳᠡᠭᠡᠭᠰᠢᠯᠡᠭᠦᠯᠵᠦ᠂ ᠨᠣᠭᠣᠭ᠋ᠠᠨ ᠬᠥᠭᠵᠢᠯᠲᠡ᠎ᠳᠠᠬᠢ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠪᠠ᠃ ᠡᠨᠧᠷᠭᠢ ᠵᠢᠨ ᠬᠣᠷᠣᠭᠳᠠᠭᠤᠯᠤᠯ᠎ᠢ ᠬᠢᠨᠠᠨ ᠰᠢᠯᠭ᠋ᠠᠬᠤ ᠠᠷᠭ᠎ᠠ ᠮᠠᠶᠢᠭ᠎ᠢ ᠲᠡᠭᠦᠯᠳᠡᠷᠵᠢᠭᠦᠯᠪᠡ᠃ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠪᠠᠨ ᠦᠵᠡᠭᠦᠯᠪᠡ᠃
     (ᠶᠢᠰᠦ) ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢ᠌ᠵᠢᠷᠠᠭᠤᠯᠵᠤ᠂ ᠨᠡᠢ᠌ᠭᠡᠮ᠎ᠤᠨ ᠦᠢ᠍ᠯᠡᠰ᠎ᠤᠨ ᠬᠥᠭᠵᠢᠯᠲᠡ ᠵᠢ ᠲᠦᠷᠭᠡᠳᠬᠡᠪᠡ᠃ ᠠᠷᠠᠳ ᠲᠦᠮᠡᠨ ᠵᠢᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠠᠷᠠᠳ᠎ᠤᠨ ᠠᠮᠢᠳᠤᠷᠠᠯ᠎ᠤᠨ ᠣᠷᠣᠭᠤᠯᠤᠯᠲᠠ ᠵᠢ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠨ ᠵᠦᠢ᠍ᠯ᠎ᠢ ᠪᠠᠲᠤᠯᠠᠬᠤ᠂ ᠬᠢᠵᠠᠭ᠋ᠠᠷ ᠱᠤᠭᠤᠮ᠎ᠢ ᠪᠠᠲᠤᠯᠠᠬᠤ᠂ ᠲᠥᠪ ᠭᠤᠤᠯᠴᠢ ᠪᠠᠢ᠌ᠬᠤ ᠵᠢ ᠠᠬᠢᠭᠤᠯᠬᠤ ᠵᠢ ᠬᠦᠴᠦᠯᠡᠨ ᠪᠡᠶᠡᠯᠡᠭᠦᠯᠵᠦ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠥ᠂ ᠤᠯᠠᠨ ᠨᠠᠢ᠌ᠳᠠ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠤᠯᠭ᠋ᠠᠬᠤ ᠵᠢ ᠠᠬᠢᠭᠤᠯᠵᠤ᠂ ᠬᠥᠭᠵᠢᠭᠦᠯᠬᠦ ᠳᠤᠮᠳᠠ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠪᠡ᠃
      ᠰᠤᠷᠭ᠋ᠠᠨ ᠬᠥᠮᠦᠵᠢᠯ᠎ᠤᠨ ᠭᠤᠤᠯᠴᠢ ᠪᠠᠢ᠌ᠬᠤ ᠪᠠ ᠶᠠᠰᠤ ᠴᠢᠨᠠᠷ᠎ᠢ ᠳᠡᠭᠡᠭᠰᠢᠯᠡᠭᠦᠯᠭᠦ ᠵᠢ ᠠᠬᠢᠭᠤᠯᠪᠠ᠃ ᠥᠨᠢᠳᠡ ᠵᠢᠨ ᠶᠡᠬᠡ ᠪᠣᠳᠣᠯᠭ᠎ᠠ ᠵᠢ ᠲᠣᠭᠲᠠᠭ᠋ᠠᠬᠤ᠎ᠳᠤ ᠰᠤᠷᠭ᠋ᠠᠨ ᠬᠥᠮᠦᠵᠢᠯ ᠪᠣᠯ ᠦᠨᠳᠦᠰᠦ ᠪᠣᠯᠣᠨ᠎ᠠ᠃ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠦᠷᠳᠡᠭ᠎ᠲᠤ ᠡᠵᠡᠯᠡᠭᠦ ᠡᠳ᠋᠎ᠤᠨ ᠵᠠᠰᠠᠭ᠎ᠤᠨ ᠴᠢᠨᠠᠷᠲᠠᠢ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠬᠠᠷᠢᠴᠠᠯ᠎ᠢ ᠵᠢᠯ ᠪᠦᠷᠢ ᠴᠥᠮ 4%᠎ᠠᠴᠠ ᠳᠡᠭᠡᠭᠰᠢ ᠪᠠᠢ᠌ᠯᠭ᠋ᠠᠬᠤ ᠵᠢ ᠪᠠᠲᠤᠯᠠᠵᠤ᠂ ᠰᠤᠷᠤᠬ᠍ᠴᠢ ᠵᠢᠨ ᠬᠥᠮᠥᠨ ᠳᠤᠮᠳᠠᠴᠢ ᠵᠢᠨ ᠵᠠᠷᠤᠳᠠᠯ᠎ᠤᠨ ᠪᠡᠯᠡ ᠤᠷᠤᠭᠤᠯᠤᠯᠳᠠ ᠶᠡᠬᠡ ᠬᠡᠮᠵᠢᠶ᠎ᠡ᠎ᠪᠠᠷ ᠨᠡᠮᠡᠭᠳᠡᠪᠡ᠃ ᠬᠥᠳᠡᠭᠡ ᠲᠣᠰᠬᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠢ ᠭᠣᠭᠴᠣᠭ᠎ᠠ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠬᠤᠲᠠ ᠪᠠᠯᠭ᠋ᠠᠰᠤᠨ᠎ᠤ ᠰᠤᠷᠤᠬ᠍ᠴᠢ ᠣᠯᠠᠨᠲᠠᠢ ᠲᠣᠮᠣ ᠠᠩᠭᠢ ᠵᠢ ᠦᠨᠳᠦᠰᠦᠨ᠎ᠳᠡᠭᠡᠨ ᠠᠷᠢᠯᠭ᠋ᠠᠵᠤ᠂ ᠬᠤᠲᠠ ᠣᠷᠣᠵᠤ ᠠᠵᠢᠯ ᠭᠦᠳᠡᠯᠮᠤᠷᠢ ᠬᠢᠭᠰᠡᠳ᠎ᠤᠨ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠡᠬᠢᠵᠢᠭᠦᠯᠦᠭᠰᠡᠨ ᠨᠣᠷᠮ᠎ᠠ ᠵᠢ 93.8% ᠪᠠᠢ᠌ᠭᠰᠠᠨ᠎ᠠᠴᠠ 95.5% ᠪᠤᠯᠲᠠᠯ᠎ᠠ ᠳᠡᠭᠡᠭᠰᠢᠯᠡᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠤᠯᠤᠰ᠎ᠠᠴᠠ ᠨᠢᠭᠡᠳᠦᠯᠲᠡᠢ ᠬᠡᠷᠡᠭᠵᠢᠭᠦᠯᠬᠦ ᠵᠢ ᠪᠠᠷᠢᠮᠲᠠᠯᠠᠵᠤ᠂ ᠠᠷᠠᠳ᠎ᠠᠴᠠ ᠡᠷᠭᠢᠯᠡᠭᠰᠡᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠬᠥᠲᠥᠯᠥᠨ ᠵᠢᠯᠤᠭᠣᠳᠴᠤ ᠵᠢᠷᠤᠮᠵᠢᠭᠤᠯᠪᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠬ᠍ᠴᠢᠳ᠎ᠤᠨ ᠳᠠᠷᠤᠭ᠋ᠠᠰᠤ ᠵᠢ ᠬᠥᠩᠭᠡᠷᠡᠭᠦᠯᠪᠡ᠃ ᠵᠠᠯᠠᠭᠤᠴᠤᠳ ᠪᠠᠭ᠋ᠠᠴᠤᠳ᠎ᠤᠨ ᠡᠷᠡᠭᠦᠯ ᠮᠡᠨᠳᠦ ᠵᠢᠨ ᠲᠦᠪᠰᠢᠨ᠎ᠢ ᠳᠡᠭᠡᠭᠰᠢᠯᠡᠭᠦᠯᠪᠡ᠃ ᠰᠢᠮ᠎ᠡ ᠲᠡᠵᠢᠭᠡᠯ᠎ᠢ ᠰᠠᠢ᠌ᠵᠢᠷᠠᠭᠤᠯᠬᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 3700 ᠭᠠᠷᠤᠢ ᠲᠦᠮᠡᠨ ᠰᠤᠷᠤᠬ᠍ᠴᠢ᠎ᠳᠤ ᠠᠰᠢᠭ ᠬᠦᠷᠲᠡᠭᠡᠪᠡ᠃ ᠪᠠᠭᠰᠢ ᠢᠯᠠᠩᠭᠤᠶ᠎ᠠ ᠬᠥᠳᠡᠭᠡ ᠲᠣᠰᠬᠤᠨ᠎ᠤ ᠪᠠᠭᠰᠢ ᠵᠢᠨ ᠴᠠᠯᠢᠩ ᠬᠠᠷᠠᠭ᠋ᠠᠯᠵᠠᠯ᠎ᠢ ᠪᠠᠲᠤᠯᠠᠪᠠ᠃ ᠬᠡᠦᠬᠡᠳ᠎ᠤᠨ ᠴᠡᠴᠡᠷᠯᠢᠭ᠎ᠤᠨ ᠬᠠᠩᠭ᠋ᠠᠯᠭ᠎ᠠ ᠵᠢ ᠤᠯᠠᠨ ᠠᠷᠭ᠎ᠠ ᠵᠠᠮ ᠵᠢᠡᠷ ᠨᠡᠮᠡᠭᠳᠡᠭᠦᠯᠪᠡ᠃ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠭᠰᠠᠨ ᠪᠦᠭᠦ ᠨᠤᠷᠮ᠎ᠠ ᠵᠢ 90%᠎ᠠᠴᠠ ᠳᠡᠭᠡᠭᠰᠢ ᠪᠤᠯᠳᠠᠯ᠎ᠠ ᠳᠡᠭᠡᠭᠰᠢᠯᠡᠭᠦᠯᠪᠡ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ᠎ᠢ ᠴᠢᠩᠭ᠋ᠠᠷᠠᠭᠤᠯᠵᠤ᠂ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠭᠦ ᠨᠥᠬᠥᠴᠡᠯ᠎ᠢ ᠦᠷᠭᠦᠯᠵᠢᠯᠡᠨ ᠰᠠᠢ᠌ᠵᠢᠷᠠᠭᠤᠯᠪᠠ᠃ ᠳᠡᠭᠡᠳᠦ ᠰᠤᠷᠭ᠋ᠠᠭᠤᠯᠢ ᠵᠢᠨ ᠰᠤᠷᠤᠬ᠍ᠴᠢ ᠡᠯᠰᠡᠭᠦ ᠰᠢᠯᠭ᠋ᠠᠯᠲᠠ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠢᠳᠡᠪᠬᠢᠲᠡᠢ ᠯᠠᠪᠳᠠᠭᠤᠨ ᠵᠢᠡᠷ ᠠᠬᠢᠭᠤᠯᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠭᠰᠠᠨ ᠪᠦᠭᠦ ᠨᠣᠷᠮ᠎ᠠ ᠵᠢ 45.7% ᠪᠠᠢ᠌ᠭᠰᠠᠨ᠎ᠠᠴᠠ 59.6% ᠪᠤᠯᠳᠡᠯ᠎ᠠ ᠳᠡᠭᠡᠭᠰᠢᠯᠡᠭᠦᠯᠵᠦ᠂ ᠶᠡᠬᠡ ᠳᠡᠭᠡᠳᠦ ᠰᠤᠷᠭ᠋ᠠᠭᠤᠯᠢ᠎ᠳᠤ ᠰᠤᠷᠤᠬ᠍ᠴᠢ ᠡᠯᠰᠡᠭᠦ᠎ᠳᠤ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠪᠠ ᠬᠥᠳᠡᠭᠡ ᠲᠣᠰᠬᠤᠨ᠎ᠤ ᠭᠠᠵᠠᠷ ᠣᠷᠣᠨ ᠲᠡᠢ᠌ᠰᠢ ᠬᠡᠯᠪᠡᠢ᠌ᠯᠭᠡᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠪᠠ᠃ ᠠᠵᠤ ᠠᠮᠢᠳᠤᠷᠠᠯ᠎ᠨᠢ ᠬᠦᠴᠢᠷᠲᠡᠢ ᠶᠡᠬᠡ ᠳᠡᠭᠡᠳᠦ ᠰᠤᠷᠭ᠋ᠠᠭᠤᠯᠢ ᠵᠢᠨ ᠰᠤᠷᠤᠬ᠍ᠴᠢᠳ᠎ᠲᠤ ᠥᠭᠬᠦ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠲᠣᠭ᠎ᠠ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠪᠡ᠃ 《ᠰᠠᠭᠤᠷᠢ ᠰᠢᠨᠵᠢᠯᠡᠭᠡᠨ᠎ᠤ ᠰᠠᠯᠠᠭ᠎ᠠ ᠵᠢ ᠴᠢᠩᠭ᠋ᠠᠳᠬᠠᠬᠤ ᠲᠥᠯᠥᠪᠯᠡᠭᠡ》 ᠪᠣᠯᠣᠨ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠢ᠌ᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠢ᠌ᠯᠠᠭᠰᠠᠨ ᠰᠤᠷᠤᠬ᠍ᠴᠢᠳ᠎ᠢ ᠬᠥᠮᠥᠵᠢᠭᠦᠯᠬᠦ ᠰᠠᠭᠤᠷᠢᠨ ᠭᠠᠵᠠᠷ᠎ᠢ 288 ᠪᠠᠢ᠌ᠭᠤᠯᠵᠤ᠂ ᠳᠡᠯᠡᠬᠡᠢ ᠵᠢᠨ ᠲᠡᠷᠢᠭᠦᠨ ᠵᠡᠷᠭᠡ ᠵᠢᠨ ᠶᠡᠬᠡ ᠰᠤᠷᠭ᠋ᠠᠭᠤᠯᠢ ᠪᠣᠯᠣᠨ ᠲᠡᠷᠢᠭᠦᠨ ᠵᠡᠷᠭᠡ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠬᠥᠭᠵᠢᠯᠲᠡ ᠵᠢᠨ ᠴᠢᠳᠠᠪᠤᠷᠢᠲᠠᠨ᠎ᠤ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠪᠠ᠃
      ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠪᠡ᠃ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ ᠵᠢ ᠭᠦᠨᠵᠡᠭᠡᠢ ᠠᠬᠢᠭᠤᠯᠤᠨ ᠴᠢᠷᠮᠠᠢ᠌ᠨ ᠲᠦᠭᠡᠮᠡᠯᠵᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠦᠨᠳᠦᠰᠦᠨ ᠡᠮᠨᠡᠯᠭᠡ ᠡᠷᠡᠭᠦᠯ ᠬᠠᠮᠠᠭ᠋ᠠᠯᠠᠯ᠎ᠤᠨ ᠳᠦᠷᠢᠮ᠎ᠢ ᠣᠯᠠᠨ ᠨᠡᠢ᠌ᠲᠡ ᠵᠢᠨ ᠦᠢ᠍ᠯᠡᠳᠬᠦᠨ᠎ᠤ ᠬᠤᠪᠢ᠎ᠪᠠᠷ ᠪᠦᠭᠦ ᠠᠷᠠᠳ᠎ᠲᠤ ᠬᠠᠩᠭ᠋ᠠᠵᠤ᠂ ᠣᠯᠠᠨ ᠲᠦᠮᠡᠨ᠎ᠤ ᠡᠪᠡᠳᠴᠢᠨ ᠦᠵᠡᠭᠦᠯᠭᠦ᠎ᠳᠤ ᠬᠦᠴᠢᠷᠲᠡᠢ ᠡᠪᠡᠳᠴᠢᠨ ᠦᠵᠡᠭᠦᠯᠭᠦ᠎ᠳᠤ ᠦᠨᠡᠲᠡᠢ ᠪᠠᠢ᠌ᠬᠤ ᠠᠰᠠᠭᠤᠳᠠᠯ᠎ᠢ ᠤᠯᠠᠮ ᠨᠢᠭᠡ ᠠᠯᠬᠤᠮ ᠨᠠᠮᠳᠠᠭᠤᠯᠪᠠ᠃ ᠡᠮᠨᠡᠯᠭᠡ ᠵᠢᠨ ᠦᠨᠳᠦᠰᠦᠨ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠨᠡᠯᠭᠡ ᠵᠢᠨ ᠳᠠᠭ᠋ᠠᠳᠬᠠᠯ᠎ᠤᠨ ᠬᠥᠮᠥᠨ ᠳᠤᠮᠳᠠᠴᠢ ᠵᠢᠨ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ ᠵᠢ 450 ᠲᠥᠭᠥᠷᠢᠭ ᠪᠠᠢ᠌ᠭᠰᠠᠨ᠎ᠠᠴᠠ 610 ᠲᠥᠭᠥᠷᠢᠭ ᠪᠤᠯᠳᠡᠯ᠎ᠠ ᠳᠡᠭᠡᠭᠰᠢᠯᠡᠭᠦᠯᠪᠡ᠃ ᠣᠯᠠᠨ ᠲᠦᠮᠡᠨ᠎ᠤ ᠪᠠᠴᠢᠮ ᠬᠡᠷᠡᠭᠰᠡᠬᠦ ᠨᠠᠩ ᠣᠯᠠᠨ ᠡᠮ᠎ᠤᠨ ᠵᠦᠢ᠍ᠯ᠎ᠢ ᠡᠮᠨᠡᠯᠭᠡ ᠵᠢᠨ ᠳᠠᠭ᠋ᠠᠳᠬᠠᠯ᠎ᠤᠨ ᠲᠠᠩᠰᠠ ᠲᠠᠢ᠌ᠯᠬᠤ ᠬᠡᠪᠴᠢᠶᠡᠨ᠎ᠳᠤ ᠣᠷᠣᠭᠤᠯᠪᠠ᠃ ᠡᠮᠨᠡᠯᠭᠡ᠎ᠳᠤ ᠰᠠᠭᠤᠭᠰᠠᠨ ᠵᠠᠷᠤᠳᠠᠯ ᠪᠠ ᠡᠭᠦᠳᠡᠨ ᠡᠮᠨᠡᠯᠭᠡ ᠵᠢᠨ ᠵᠠᠷᠤᠳᠠᠯ᠎ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠪᠤᠯᠭ᠋ᠠᠵᠥ᠂ ᠠᠰᠢᠭ ᠬᠦᠷᠲᠡᠭᠡᠭᠰᠡᠨ ᠬᠡᠮᠵᠢᠶ᠎ᠡ 5700 ᠭᠠᠷᠤᠢ ᠲᠦᠮᠡᠨ ᠬᠥᠮᠥᠨ ᠤᠳᠠᠭ᠎ᠠ᠎ᠳᠤ ᠭᠦᠷᠪᠡ᠃ ᠡᠮ᠎ᠤᠨ ᠵᠦᠢ᠍ᠯ ᠪᠠ ᠡᠮᠨᠡᠯᠭᠡ ᠵᠢᠨ ᠬᠡᠷᠡᠭᠯᠡᠭᠡᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶᠡᠵᠢᠭᠦᠯᠵᠦ ᠬᠤᠳᠠᠯᠳᠤᠨ ᠠᠪᠬᠤ ᠵᠢ ᠬᠡᠷᠡᠭᠵᠢᠭᠦᠯᠵᠦ᠂ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠦᠭᠰᠡᠨ ᠬᠡᠮᠵᠢᠶ᠎ᠡ 4000 ᠳ᠋ᠦᠩᠰᠢᠭᠤᠷ ᠲᠥᠭᠥᠷᠢᠭ᠎ᠠᠴᠠ ᠬᠡᠲᠦᠷᠡᠪᠡ᠃ ᠤᠯᠤᠰ᠎ᠤᠨ ᠠᠨᠠᠭ᠋ᠠᠬᠤ ᠤᠬᠠᠭ᠋ᠠᠨ᠎ᠤ ᠲᠥᠪ᠎ᠢ 13 ᠪᠠᠢ᠌ᠭᠤᠯᠵᠤ᠂ ᠤᠯᠤᠰ᠎ᠤᠨ ᠣᠷᠣᠨ ᠪᠦᠰᠡ ᠵᠢᠨ ᠡᠮᠨᠡᠯᠭᠡ ᠵᠢᠨ ᠲᠥᠪ᠎ᠢ 76 ᠪᠠᠢ᠌ᠷᠢᠯᠠᠭᠤᠯᠤᠨ ᠪᠦᠲᠦᠭᠡᠨ ᠪᠠᠢ᠌ᠭᠤᠯᠪᠠ᠃ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠬᠡᠷᠡᠭᠵᠢᠭᠦᠯᠵᠦ᠂ ᠰᠢᠶᠠᠨ᠎ᠤ ᠪᠦᠰᠡ ᠵᠢᠨ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ ᠰᠢᠰᠲ᠋ᠧᠮ᠎ᠢ ᠲᠡᠭᠦᠯᠳᠡᠷᠵᠢᠭᠦᠯᠪᠡ᠃ ᠨᠠᠰᠤᠲᠠᠢ᠌ᠴᠤᠳ ᠵᠡᠷᠭᠡ ᠬᠠᠮᠲᠤᠯᠢᠭ᠎ᠤᠨ ᠡᠪᠡᠳᠴᠢᠨ ᠦᠵᠡᠭᠦᠯᠭᠦ᠎ᠳᠤ ᠦᠢ᠍ᠯᠡᠴᠢᠯᠡᠬᠦ ᠦᠢ᠍ᠯᠡᠴᠢᠯᠡᠭᠡ ᠵᠢ ᠰᠢᠯᠢᠳᠡᠭᠵᠢᠭᠦᠯᠪᠡ᠃ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠪᠠ ᠠᠷᠠᠳ᠎ᠤᠨ ᠠᠮᠢᠳᠤᠷᠠᠯ᠎ᠳᠤ ᠠᠰᠢᠭ ᠲᠤᠰᠠ ᠬᠦᠷᠲᠡᠭᠡᠬᠦ ᠵᠢ ᠠᠬᠢᠭᠤᠯᠪᠠ᠃ ᠤᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠦᠨᠳᠦᠰᠦᠨ ᠦᠢ᠍ᠯᠡᠴᠢᠯᠡᠭᠡᠨ᠎ᠤ ᠵᠠᠷᠤᠳᠠᠯ᠎ᠤᠨ ᠬᠥᠮᠥᠨ ᠳᠤᠮᠳᠠᠴᠢ ᠵᠢᠨ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ ᠵᠢ 50 ᠲᠥᠭᠥᠷᠢᠭ ᠪᠠᠢ᠌ᠭᠰᠠᠨ᠎ᠠᠴᠠ 84 ᠲᠥᠭᠥᠷᠢᠭ ᠪᠤᠯᠳᠡᠯ᠎ᠠ ᠳᠡᠭᠡᠭᠰᠢᠯᠡᠭᠦᠯᠪᠡ᠃ ᠰᠡᠷᠭᠡᠢ᠌ᠯᠡᠬᠦ᠎ᠪᠠᠷ ᠭᠣᠣᠯ ᠪᠤᠯᠭ᠋ᠠᠬᠤ ᠵᠢ ᠪᠠᠷᠢᠮᠲᠠᠯᠠᠨ᠂ ᠬᠦᠨᠳᠦ ᠶᠡᠬᠡ ᠤᠵᠢᠭ ᠡᠪᠡᠳᠴᠢᠨ᠎ᠤ ᠡᠷᠡᠭᠦᠯ ᠮᠡᠨᠳᠦ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠰᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠲᠣᠪᠴᠢᠶ᠎ᠠ ᠵᠢ ᠪᠠᠢ᠌ᠭᠤᠯᠵᠤ᠂ ᠬᠦᠨᠳᠦ ᠶᠡᠬᠡ ᠬᠢᠵᠢᠭ᠎ᠢ ᠰᠡᠷᠭᠡᠢ᠌ᠯᠡᠨ ᠬᠢᠵᠠᠭ᠋ᠠᠷᠯᠠᠵᠤ ᠠᠪᠤᠷᠠᠨ ᠵᠠᠰᠠᠬᠤ ᠪᠠ ᠪᠠᠴᠢᠮ ᠪᠠᠢ᠌ᠳᠠᠯ᠎ᠢ ᠠᠷᠭ᠋ᠠᠴᠠᠬᠤ ᠡᠳ᠋ ᠪᠣᠳᠠᠰ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠠᠷᠠᠳ ᠲᠦᠮᠡᠨ᠎ᠤ ᠡᠷᠡᠭᠦᠯ ᠮᠡᠨᠳᠦ ᠵᠢ ᠴᠢᠷᠮᠠᠢ᠌ᠨ ᠪᠠᠲᠤᠯᠠᠪᠠ᠃
      ᠨᠡᠢ᠌ᠭᠡᠮ᠎ᠤᠨ ᠪᠠᠲᠤᠯᠠᠭ᠎ᠠ ᠪᠠ ᠦᠢ᠍ᠯᠡᠴᠢᠯᠡᠭᠡ ᠵᠢ ᠴᠢᠩᠭ᠋ᠠᠳᠬᠠᠪᠠ᠃ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠲᠥᠪ᠎ᠠᠴᠠ ᠲᠣᠬᠢᠷᠠᠭᠤᠯᠬᠤ ᠳᠦᠷᠢᠮ᠎ᠢ ᠪᠠᠢ᠌ᠭᠤᠯᠵᠤ᠂ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ ᠵᠢ ᠦᠷᠭᠦᠯᠵᠢᠯᠡᠨ ᠨᠡᠮᠡᠭᠳᠡᠭᠦᠯᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠰᠠᠭᠤᠷᠢ ᠠᠰᠠᠷᠠᠮᠵᠢ ᠵᠢᠨ ᠮᠥᠩᠭᠥ ᠵᠢᠨ ᠬᠠᠮᠤᠭ ᠳᠣᠣᠷ᠎ᠠ ᠪᠠᠷᠢᠮᠵᠢᠶ᠎ᠠ ᠵᠢ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠬᠠᠷᠠᠭ᠋ᠠᠯᠵᠠᠯ ᠠᠰᠠᠷᠠᠮᠵᠢ᠂ ᠠᠵᠢᠯ ᠠᠯᠳᠠᠭᠰᠠᠨ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠪᠠᠲᠤᠯᠠᠭ᠎ᠠ ᠵᠡᠷᠭᠡ ᠵᠢᠨ ᠪᠠᠷᠢᠮᠵᠢᠶ᠎ᠠ ᠵᠢ ᠯᠠᠪᠳᠠᠭᠤᠨ ᠵᠢᠡᠷ ᠳᠡᠭᠡᠭᠰᠢᠯᠡᠭᠦᠯᠪᠡ᠃ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠵᠤ᠂ ᠨᠠᠰᠤᠵᠢᠯ᠎ᠤᠨ ᠦᠢ᠍ᠯᠡᠰ ᠪᠣᠯᠣᠨ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠪᠠ᠃ ᠨᠠᠰᠤᠲᠠᠨ᠎ᠢ ᠨᠡᠢ᠌ᠭᠡᠮ ᠲᠣᠭᠣᠷᠢᠭ᠎ᠲᠤ ᠪᠠ ᠭᠡᠷ᠎ᠲᠤᠨᠢ ᠠᠰᠠᠷᠠᠬᠤ ᠦᠢ᠍ᠯᠡᠴᠢᠯᠡᠭᠡ ᠵᠢ ᠬᠥᠭᠵᠢᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠰᠠᠭ᠋ᠠᠳ ᠦᠭᠡᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠠᠢ᠌ᠯᠢ ᠰᠦᠢ᠍ᠳᠬᠡᠯ᠂ ᠬᠡᠷᠡᠭᠯᠡᠬᠦ ᠭᠡᠷ ᠪᠠᠢ᠌ᠰᠢᠩ᠂ ᠤᠰᠤ ᠴᠠᠭᠢᠯᠭ᠋ᠠᠨ ᠬᠡᠢ ᠵᠢᠨ ᠦᠨ᠎ᠡ ᠬᠠᠩᠰᠢ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠪᠡ᠃ ᠡᠮᠨᠡᠭᠦ ᠪᠠ ᠠᠰᠠᠷᠠᠬᠤ ᠵᠢ ᠤᠶᠠᠯᠳᠤᠭᠤᠯᠬᠤ ᠵᠢ ᠠᠬᠢᠭᠤᠯᠵᠤ᠂ ᠤᠷᠳᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠤᠨ ᠲᠤᠷᠰᠢᠯᠲᠠ ᠵᠢ ᠯᠠᠪᠳᠠᠭᠤᠨ ᠵᠢᠡᠷ ᠠᠬᠢᠭᠤᠯᠪᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ᠎ᠤᠨ ᠲᠥᠷᠥ ᠵᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠭᠦ ᠠᠷᠭ᠎ᠠ ᠬᠡᠮᠵᠢᠶ᠎ᠡ ᠵᠢ ᠬᠡᠷᠡᠭᠵᠢᠭᠦᠯᠪᠡ᠃ ᠴᠡᠷᠢᠭ᠎ᠤᠨ ᠠᠯᠪᠠ᠎ᠠᠴᠠ ᠪᠠᠭᠤᠭᠰᠠᠳ᠎ᠤᠨ ᠬᠠᠮᠢᠶᠠᠷᠤᠯᠲᠠ ᠪᠠ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠪᠡ᠃ ᠡᠮᠡᠭᠲᠡᠢ᠌ᠴᠦᠳ᠂ ᠬᠡᠦᠬᠡᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠪᠠ᠃ ᠨᠠᠰᠤᠨ᠎ᠳᠤ ᠦᠯᠦ ᠭᠦᠷᠦᠭᠰᠡᠳ᠎ᠢ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠪᠡ᠃ ᠵᠡᠮᠳᠡᠭᠴᠦᠳ᠎ᠢ ᠪᠠᠲᠤᠯᠠᠬᠤ ᠪᠠ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠪᠡ᠃ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮ᠎ᠢ ᠪᠦᠷᠢᠨᠰᠢᠭᠦᠯᠵᠦ᠂ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠦᠴᠢᠷᠳᠡᠯ᠎ᠳᠤ ᠤᠴᠠᠷᠠᠭᠰᠠᠨ ᠬᠥᠮᠥᠰ᠎ᠢ ᠴᠠᠭ ᠲᠤᠬᠠᠢ᠎ᠳᠤᠨᠢ ᠬᠠᠪᠰᠤᠷᠤᠨ ᠲᠡᠳᠬᠦᠵᠦ᠂ ᠵᠢᠯ ᠪᠦᠷᠢ ᠳᠤᠮᠳᠠᠴᠢ᠎ᠪᠠᠷ 1100 ᠲᠦᠮᠡᠨ ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠬᠦᠴᠢᠷᠳᠡᠯ᠎ᠲᠠᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠲᠣᠣᠷ᠎ᠢ ᠡᠷᠡᠰ ᠪᠠᠲᠤ ᠰᠦᠯᠵᠢᠨ ᠪᠡᠬᠢᠯᠡᠪᠡ᠃
      ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠪᠠ᠃ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠣᠢ᠌ᠵᠢᠭᠤᠯᠤᠨ ᠦᠢ᠍ᠯᠡᠳᠦᠯᠭᠡᠵᠢᠭᠦᠯᠪᠡ᠃ ᠤᠯᠠᠨ ᠲᠦᠮᠡᠨᠴᠢ ᠴᠢᠨᠠᠷᠲᠠᠢ ᠤᠶᠤᠨ᠎ᠤ ᠪᠣᠯᠪᠠᠰᠤᠨ᠎ᠢ ᠡᠭᠦᠳᠦᠨ ᠪᠠᠢ᠌ᠭᠤᠯᠬᠤ ᠵᠢ ᠭᠦᠨᠵᠡᠭᠡᠢ᠌ᠷᠡᠭᠦᠯᠪᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ ᠪᠠ ᠳᠠᠩᠰᠠ ᠡᠪᠬᠡᠮᠡᠯ ᠵᠡᠷᠭᠡ ᠵᠢᠨ ᠦᠢ᠍ᠯᠡᠰ᠎ᠢ ᠬᠥᠭᠵᠢᠭᠦᠯᠵᠦ᠂ ᠤᠶᠤᠨ᠎ᠤ ᠬᠥᠮᠥᠷᠭᠡ ᠵᠢᠨ ᠪᠠᠢ᠌ᠭᠤᠯᠤᠯᠲᠠ ᠵᠢ ᠴᠢᠩᠭ᠋ᠠᠳᠬᠠᠪᠠ᠃ ᠵᠠᠭᠤᠴᠢᠯᠠᠭᠤᠷ᠎ᠤᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠪᠠ᠃ ᠤᠯᠠᠨ ᠤᠯᠤᠰ᠎ᠲᠤ ᠤᠯᠠᠮᠵᠢᠯᠠᠨ ᠲᠠᠷᠬᠠᠭ᠋ᠠᠬᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠪᠡ᠃ ᠢᠨᠲ᠋ᠧᠷ ᠰᠦᠯᠵᠢᠶᠡᠨ᠎ᠤ ᠠᠭᠤᠯᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠢᠨᠲ᠋ᠧᠷ ᠰᠦᠯᠵᠢᠶᠡᠨ᠎ᠤ ᠠᠭᠤᠯᠭ᠎ᠠ ᠵᠢᠨ ᠪᠠᠢ᠌ᠭᠤᠯᠤᠯᠲᠠ ᠵᠢᠨ ᠰᠢᠨ᠎ᠡ ᠵᠢ ᠡᠭᠦᠳᠪᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ ᠪᠣᠯᠣᠨ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠪᠠ᠃ ᠰᠣᠶᠣᠯ ᠵᠢᠡᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠬᠡᠷᠡᠭᠵᠢᠭᠦᠯᠵᠦ᠂ ᠣᠯᠠᠨ ᠨᠡᠢ᠌ᠲᠡ ᠵᠢᠨ ᠨᠣᠮ᠎ᠤᠨ ᠰᠠᠩ᠂ ᠮᠦᠽᠧᠢ᠂ ᠤᠷᠠᠨ ᠵᠢᠷᠤᠭ᠎ᠤᠨ ᠣᠷᠳᠣᠨ᠂ ᠰᠣᠶᠣᠯ᠎ᠤᠨ ᠣᠷᠳᠣᠨ ᠥᠷᠲᠡᠭᠡ ᠵᠢ ᠨᠡᠢ᠌ᠭᠡᠮ ᠨᠠᠢ᠌ᠳᠡ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠪᠡ᠃ ᠠᠷᠠᠳ ᠨᠠᠢ᠌ᠳᠡ᠎ᠪᠠᠷ ᠵᠢᠡᠨ ᠨᠣᠮ ᠤᠩᠰᠢᠬᠤ ᠵᠢ ᠭᠦᠨᠵᠡᠭᠡᠢ ᠠᠬᠢᠭᠤᠯᠪᠠ᠃ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠡᠮᠵᠢᠪᠡ᠃ ᠤᠯᠤᠰ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠪᠠ᠃ ᠲᠠᠮᠢᠷᠴᠢᠳ ᠡᠷᠡᠯᠬᠡᠭᠯᠡᠨ ᠴᠢᠷᠮᠠᠢ᠌ᠵᠤ ᠰᠢᠯᠢᠳᠡᠭ ᠬᠢᠷᠢ ᠪᠦᠳᠦᠮᠵᠢ ᠣᠯᠵᠤ᠂ ᠠᠷᠠᠳ ᠨᠡᠢ᠌ᠲᠡ ᠵᠢᠨ ᠪᠡᠶ᠎ᠡ ᠮᠠᠬᠠᠪᠤᠳ ᠵᠢᠡᠨ ᠴᠢᠭᠢᠷᠠᠭᠵᠢᠭᠤᠯᠬᠤ ᠠᠵᠢᠯᠯᠠᠭ᠎ᠠ ᠵᠢ ᠥᠷᠭᠡᠨ ᠵᠢᠡᠷ ᠥᠷᠨᠢᠭᠦᠯᠪᠡ᠃
     (ᠠᠷᠪᠠ) ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠪᠠ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠭᠦ ᠵᠢ ᠠᠬᠢᠭᠤᠯᠵᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠢ᠌ᠳᠠᠯ᠎ᠢ ᠪᠠᠲᠤᠯᠠᠪᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠤ ᠠᠬᠤᠢ ᠨᠡᠢ᠌ᠭᠡᠮ᠎ᠤᠨ ᠠᠵᠢᠯᠯᠠᠭ᠎ᠠ ᠵᠢ ᠬᠠᠤᠯᠢ᠎ᠪᠠᠷ ᠵᠠᠰᠠᠬᠤ ᠵᠠᠮ ᠵᠶ᠋ᠠᠷ ᠨᠡᠩ ᠰᠠᠢ᠌ᠨ ᠶᠠᠪᠤᠭᠳᠠᠭᠤᠯᠪᠠ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠶᠡᠬᠡ ᠶᠣᠰᠣ ᠵᠢ ᠲᠦᠮᠡᠨ᠎ᠤ ᠲᠥᠯᠥᠭᠡ ᠪᠤᠯᠭ᠋ᠠᠵᠤ᠂ ᠬᠠᠤᠯᠢ ᠵᠢ ᠴᠢᠩᠭ᠎ᠠ ᠵᠢᠷᠦᠮᠵᠢᠭᠤᠨ ᠭᠤᠤᠯᠴᠢ ᠪᠣᠯᠪᠠᠰᠤᠨ ᠵᠶ᠋ᠠᠷ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠡᠷᠬᠡ ᠵᠢ ᠠᠷᠠᠳ ᠲᠦᠮᠡᠨ ᠣᠯᠭᠣᠭᠰᠠᠨ ᠪᠣᠯᠬᠣᠷ᠂ ᠡᠷᠬᠡ ᠠᠳᠬᠤᠭ᠋ᠠᠳ ᠳᠤᠷ᠎ᠠ᠎ᠪᠠᠷ ᠵᠶ᠋ᠠᠨ ᠪᠠᠢ᠌ᠵᠤ ᠪᠤᠯᠬᠤ ᠦᠭᠡᠢ᠂ ᠡᠷᠬᠡ ᠬᠡᠷᠡᠭᠯᠡᠬᠦ᠎ᠳᠡᠭᠡᠨ ᠡᠷᠬᠡᠪᠰᠢ ᠬᠢᠨᠠᠯᠲᠠ ᠬᠦᠯᠢᠶᠡᠬᠦ ᠬᠡᠷᠡᠭᠲᠡᠢ ᠪᠠᠢ᠌ᠬᠤ ᠵᠢ ᠬᠡᠷᠡᠭᠵᠢᠭᠦᠯᠪᠡ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠬᠦ ᠵᠢ ᠠᠬᠢᠭᠤᠯᠵᠤ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ 50 ᠬᠤᠪᠢ ᠬᠠᠤᠯᠢ ᠴᠠᠭ᠋ᠠᠵᠠ ᠵᠢᠨ ᠰᠠᠨᠠᠯ ᠵᠥᠪᠯᠡᠯᠭᠡ ᠵᠢ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ 180 ᠬᠤᠪᠢ ᠤᠳᠠᠭ᠎ᠠ ᠲᠣᠭᠲᠠᠭ᠋ᠠᠭᠰᠠᠨ ᠪᠠ ᠵᠠᠰᠠᠨ ᠲᠣᠭᠲᠠᠭ᠋ᠠᠪᠠ᠃ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶᠠᠨ᠎ᠤ ᠬᠢᠨᠠᠯᠲᠠ ᠵᠢ ᠬᠠᠤᠯᠢ ᠶᠣᠰᠣᠭ᠋ᠠᠷ ᠬᠦᠯᠢᠶᠡᠵᠦ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠡᠢ᠌ᠭᠡᠮ ᠨᠡᠢ᠌ᠳᠡ ᠵᠢᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠬᠢᠨᠠᠮᠠᠭ᠋ᠠᠢ ᠰᠢᠢ᠍ᠳᠪᠦᠷᠢᠯᠡᠪᠡ᠃ ᠬᠢᠨᠠᠨ ᠪᠣᠳᠣᠯᠲᠠ ᠵᠢᠨ ᠪᠠ ᠲᠣᠭ᠎ᠠ ᠪᠦᠷᠢᠳᠬᠡᠯ᠎ᠤᠨ ᠬᠢᠨᠠᠯᠲᠠ ᠵᠢ ᠴᠢᠩᠭ᠋ᠠᠳᠬᠠᠪᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠬᠡ ᠰᠢᠪᠠᠳᠠᠨ ᠪᠠᠢ᠌ᠴᠠᠭ᠋ᠠᠯᠲᠠ ᠵᠢ ᠥᠷᠨᠢᠭᠦᠯᠪᠡ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠵᠡᠷᠭᠡ ᠤᠯᠠᠨ ᠲᠦᠮᠡᠨ᠎ᠤ ᠪᠦᠯᠭᠦᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ ᠵᠶ᠋ᠠᠨ ᠨᠡᠩ ᠰᠠᠢ᠌ᠨ ᠪᠠᠳᠠᠷᠠᠭᠤᠯᠬᠤ ᠵᠢ ᠳᠡᠮᠵᠢᠪᠡ᠃
      ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠵᠤ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠪᠡ᠃ ᠬᠤᠲᠠ ᠵᠢᠨ ᠪᠦᠰᠡ ᠵᠢᠨ ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢ ᠲᠡᠭᠦᠯᠳᠡᠷᠵᠢᠭᠦᠯᠦᠨ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠬᠥᠮᠥᠯᠢᠭ ᠠᠪᠤᠷᠠᠨ ᠲᠤᠰᠠᠯᠠᠯᠲᠠ᠂ ᠨᠡᠢ᠌ᠭᠡᠮ᠎ᠤᠨ ᠠᠵᠢᠯ᠂ ᠰᠠᠢ᠌ᠨ ᠳᠤᠷ᠎ᠠ ᠵᠢᠨ ᠦᠢ᠍ᠯᠡᠴᠢᠯᠡᠭᠡ᠂ ᠨᠡᠢ᠌ᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠦᠢ᠍ᠯᠡᠰ ᠵᠡᠷᠭᠡ ᠵᠢᠨ ᠡᠷᠡᠭᠦᠯ ᠵᠶ᠋ᠠᠷ ᠭᠦᠭᠵᠢᠭᠦ ᠵᠢ ᠲᠡᠮᠵᠢᠪᠡ᠃ ᠵᠠᠬᠢᠳᠠᠯ ᠰᠣᠷᠪᠤᠯᠵᠢᠯᠠᠭ᠎ᠠ ᠵᠢᠨ ᠳᠠᠷᠤᠭᠳᠠᠮᠠᠯ ᠬᠡᠷᠡᠭ᠎ᠢ ᠠᠷᠢᠯᠭ᠋ᠠᠬᠤ ᠵᠢ ᠭᠦᠨᠵᠡᠭᠡᠢ ᠠᠬᠢᠭᠤᠯᠪᠠ᠃ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠪᠠ᠃ ᠤᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠪᠡ᠃ ᠢᠳᠡᠭᠡᠨ᠎ᠤ ᠵᠦᠢ᠍ᠯ᠂ ᠡᠮ᠎ᠤᠨ ᠵᠦᠢ᠍ᠯ ᠢᠯᠠᠩᠭᠤᠶ᠎ᠠ ᠸᠠᠺᠼᠢᠨ᠎ᠤ ᠬᠢᠨᠠᠯᠲᠠ ᠬᠠᠮᠢᠶᠠᠷᠤᠯᠲᠠ ᠵᠢ ᠴᠢᠩᠳᠠᠯᠠᠪᠠ᠃ ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠯᠲᠠ ᠵᠢ ᠥᠷᠨᠢᠭᠦᠯᠪᠡ᠃ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢ ᠥᠭᠡᠷᠡᠴᠢᠯᠡᠨ ᠴᠢᠩᠭ᠋ᠠᠳᠬᠠᠵᠤ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠪᠠ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭ᠋ᠠᠨ᠂ ᠣᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠂ ᠭᠠᠵᠠᠷ᠎ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠵᠢᠨ ᠰᠡᠷᠭᠡᠢ᠌ᠯᠡᠯᠲᠡ ᠪᠠ ᠴᠠᠭ ᠠᠭᠤᠷ᠎ᠤᠨ ᠦᠢ᠍ᠯᠡᠴᠢᠯᠡᠭᠡ ᠵᠢ ᠰᠠᠢ᠌ᠲᠤᠷ ᠬᠢᠪᠡ᠃ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠠ ᠴᠢᠳᠠᠪᠤᠷᠢ ᠵᠢᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠪᠠ᠃ ᠰᠦᠯᠵᠢᠶ᠎ᠡ᠂ ᠳ᠋ᠠᠢ᠌ᠲ᠋ᠠ ᠵᠢᠨ ᠠᠮᠤᠷ ᠲᠦᠪᠰᠢᠨ ᠪᠠ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠪᠠ᠃ ᠨᠡᠢ᠌ᠭᠡᠮ᠎ᠤᠨ ᠠᠮᠤᠷ ᠲᠦᠪᠰᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠷ᠎ᠠ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠥᠷᠨᠢᠭᠦᠯᠵᠦ᠂ ᠬᠠᠷ᠎ᠠ ᠬᠠᠷᠭᠢᠰ ᠬᠦᠴᠦᠨ ᠵᠢᠴᠢ 《ᠥᠮᠥᠭ ᠬᠠᠯᠬᠠᠪᠴᠢ》 ᠵᠢ᠎ᠨᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠵᠦ᠂ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠰᠢᠨ᠎ᠡ ᠠᠬᠢᠴᠠ᠎ᠲᠠᠢ ᠪᠣᠯᠪᠠ᠃
      ᠲᠥᠯᠥᠭᠡᠯᠡᠭᠴᠢᠳ ᠠ᠋!
      ᠲᠠᠪᠤᠨ ᠵᠢᠯ᠎ᠤᠨ ᠲᠤᠷᠰᠢ᠂ ᠡᠯ᠎ᠡ ᠱᠠᠲᠤᠨ᠎ᠤ ᠵᠠᠰᠠᠭ᠎ᠤᠨ ᠣᠷᠳᠣᠨ ᠨᠠᠮ᠎ᠤᠨ ᠲᠥᠪ ᠬᠣᠷᠢᠶ᠎ᠠ ᠵᠢᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠤᠯᠭᠤᠷ ᠵᠣᠷᠢᠯᠲᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠪᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠤ ᠶᠡᠬᠡ ᠨᠠᠮ ᠪᠠᠢ᠌ᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠭᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠢ ᠭᠣᠣᠯᠳᠠᠯᠭ᠎ᠠ᠎ᠲᠠᠢ ᠵᠠᠯᠠᠷᠠᠭᠤᠯᠤᠨ ᠵᠠᠰᠠᠵᠤ᠂ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠶᠡᠬᠡ᠎ᠪᠠᠷ ᠪᠠᠭ᠋ᠠᠰᠬᠠᠨ ᠬᠠᠰᠤᠪᠠ᠃ ᠲᠣᠭᠲᠠᠭ᠋ᠠᠯ᠎ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠᠢ᠌ᠭᠤᠯᠤᠭᠰᠠᠨ ᠪᠠ ᠭᠠᠢ᠌ᠯᠢ ᠵᠢ ᠳᠠᠷᠤᠵᠤ ᠭᠠᠢ᠌ᠯᠢ᠎ᠠᠴᠠ ᠵᠠᠢ᠌ᠯᠠᠭᠰᠠᠨ ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠬᠡᠪᠡ᠃ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠪᠠ᠃ ᠵᠠᠰᠠᠭ᠎ᠤᠨ ᠣᠷᠳᠣᠨ᠎ᠤ ᠠᠵᠢᠯᠲᠠᠨ ᠬᠠᠤᠯᠢ ᠴᠠᠭ᠋ᠠᠵᠠ ᠵᠢᠨ ᠬᠢᠨᠠᠯᠲᠠ᠂ ᠬᠢᠨᠠᠨ ᠪᠠᠢ᠌ᠴᠠᠭ᠋ᠠᠬᠤ ᠬᠢᠨᠠᠯᠲᠠ ᠪᠠ ᠠᠷᠠᠳ ᠲᠦᠮᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠪᠡ᠃
      ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠠᠵᠢᠯ᠎ᠢ ᠰᠠᠢ᠌ᠲᠤᠷ ᠬᠢᠬᠦ᠎ᠳᠤ ᠳᠥᠲᠡ ᠵᠠᠮ ᠭᠡᠵᠦ ᠪᠠᠢ᠌ᠳᠠᠭ ᠦᠭᠡᠢ᠂ ᠪᠣᠳᠠᠲᠠᠢ᠎ᠪᠠᠷ ᠠᠵᠢᠯᠯᠠᠬᠤ᠎ᠨᠢ ᠮᠠᠰᠢ ᠴᠢᠬᠤᠯᠠ ᠶᠤᠮ᠃ ᠲᠠᠪᠤᠨ ᠵᠢᠯ᠎ᠤᠨ ᠲᠤᠷᠰᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠪᠠ᠃ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠎ᠪᠠᠷ ᠭᠣᠣᠯᠳᠠᠯᠭ᠎ᠠ ᠪᠤᠯᠭ᠋ᠠᠬᠤ ᠵᠢ ᠪᠠᠷᠢᠮᠲᠠᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠤᠴᠢᠷ ᠶᠠᠪᠤᠳᠠᠯ᠎ᠤᠨ ᠡᠮᠦᠨ᠎ᠡ ᠬᠦᠴᠢᠷ ᠲᠦᠪᠡᠭ᠎ᠠᠴᠠ ᠦᠯᠦ ᠡᠮᠢᠶᠡᠨ᠂ ᠠᠵᠢᠯ ᠶᠠᠪᠤᠳᠠᠯ ᠪᠦᠲᠦᠭᠡᠬᠦ᠎ᠳᠡᠭᠡᠨ ᠭᠠᠴᠢᠭ ᠪᠡᠷᠬᠡᠰᠢᠶᠡᠯ᠎ᠠᠴᠠ ᠦᠯᠦ ᠳᠠᠯᠳᠢᠷᠠᠵᠤ᠂ ᠪᠣᠳᠠᠲᠠᠢ ᠠᠵᠢᠯᠯᠠᠬᠤ᠎ᠪᠠᠷ ᠠᠮᠠᠯᠠᠯᠲᠠ᠎ᠪᠠᠨ ᠦᠢ᠍ᠯᠡᠳᠦᠯᠭᠡᠵᠢᠭᠦᠯᠬᠦ ᠵᠢ ᠱᠠᠭ᠋ᠠᠷᠳᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠲᠥᠪᠯᠡᠷᠡᠭᠦᠯᠦᠨ ᠬᠥᠭᠵᠢᠯᠲᠡ ᠵᠢ ᠠᠳᠬᠤᠪᠠ; ᠠᠷᠠᠳ ᠲᠦᠮᠡᠨ᠎ᠤ ᠬᠦᠰᠡᠯ ᠡᠷᠡᠮᠡᠯᠵᠡᠯ ᠵᠶ᠋ᠠᠷ ᠵᠠᠰᠠᠭ ᠶᠠᠪᠤᠭᠤᠯᠬᠤ ᠬᠠᠨᠳᠤᠰᠢ ᠪᠤᠯᠭ᠋ᠠᠵᠤ᠂ ᠠᠷᠠᠳ ᠲᠦᠮᠡᠨ᠎ᠢ ᠢᠮᠠᠭᠲᠠ ᠰᠡᠳᠬᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢ᠌ᠷᠢᠨ᠎ᠳᠤ ᠲᠠᠯᠪᠢᠵᠤ᠂ ᠠᠯᠢᠪᠠ ᠪᠦᠭᠦᠨ᠎ᠳᠤ ᠠᠷᠠᠳ ᠲᠦᠮᠡᠨ᠎ᠤ ᠠᠰᠢᠭ ᠲᠤᠰᠠ ᠵᠢ ᠴᠢᠬᠤᠯᠠᠴᠢᠯᠠᠨ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠨᠠᠷᠢᠨ ᠨᠢᠮᠪᠠᠢ ᠰᠣᠨᠣᠰᠴᠤ᠂ ᠤᠯᠠᠨ ᠲᠦᠮᠡᠨ᠎ᠤ ᠵᠣᠪᠠᠯ ᠵᠢᠷᠭ᠋ᠠᠯ᠎ᠢ ᠭᠦᠨᠵᠡᠭᠡᠢ ᠣᠢ᠌ᠯᠠᠭ᠋ᠠᠵᠤ᠂ ᠠᠷᠠᠳ ᠤᠯᠠᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢ᠌ᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ; ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠪᠤᠰᠤᠳᠴᠢ ᠵᠢᠮ᠎ᠡ ᠶᠣᠰᠣ ᠵᠢ ᠬᠦᠨᠳᠦᠳᠬᠡᠨ᠂ ᠬᠡᠢ ᠬᠣᠭᠣᠰᠤᠨ ᠶᠠᠷᠢᠵᠤ ᠣᠩᠭᠢᠷᠠᠬᠤ᠂ ᠥᠩᠭᠡᠪᠴᠢ ᠠᠵᠢᠯ ᠬᠢᠬᠦ᠂ ᠳᠦᠷᠢ ᠲᠥᠷᠬᠦ ᠵᠢᠨ ᠢᠨᠵᠧᠨᠧᠷᠢᠩ ᠬᠢᠬᠦ ᠴᠢᠨᠠᠭᠰᠢᠯᠠᠪᠠᠯ ᠰᠣᠬᠣᠷ ᠪᠠᠯᠠᠢ᠎ᠪᠠᠷ ᠠᠵᠢᠯᠯᠠᠬᠤ ᠵᠢ ᠡᠷᠡᠰ ᠡᠰᠡᠷᠭᠦᠴᠡᠪᠡ; ᠥᠭᠡᠷᠡᠴᠢᠯᠡᠯᠲᠡ ᠵᠢᠨ ᠠᠷᠭ᠎ᠠ ᠪᠠ ᠰᠢᠨᠲᠠᠷᠠᠰᠢ ᠦᠭᠡᠢ ᠵᠣᠷᠢᠭ ᠰᠠᠨᠠᠭ᠎ᠠ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠢ ᠤᠷᠮᠠᠰᠢᠭᠤᠯᠤᠨ ᠵᠣᠷᠢᠭᠵᠢᠭᠤᠯᠵᠤ᠂ ᠵᠠᠰᠠᠭ᠎ᠤᠨ ᠠᠵᠢᠯ᠎ᠳᠤ ᠦᠬᠡᠨᠴᠡ ᠵᠠᠯᠬᠠᠭᠤ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠪᠡ᠃ ᠠᠷᠠᠳ ᠣᠯᠠᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠭᠦᠨᠳᠦᠳᠭᠡᠵᠦ᠂ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠢ᠌ᠴᠢᠯᠠᠬᠤ ᠵᠢᠨ ᠤᠯᠠᠮ᠎ᠠᠴᠠ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠦᠴᠦᠨ᠎ᠢ ᠨᠢᠭᠲᠠᠷᠠᠭᠤᠯᠪᠠ᠃
      ᠲᠥᠯᠥᠭᠡᠯᠡᠭᠴᠢᠳ ᠠ᠋!
      ᠥᠩᠭᠡᠷᠡᠭᠰᠡᠨ ᠲᠠᠪᠤᠨ ᠵᠢᠯ᠎ᠳᠤ᠂ ᠦᠨᠳᠦᠰᠦᠲᠡᠨ᠂ ᠱᠠᠰᠢᠨ ᠰᠤᠷᠲᠠᠬᠤᠨ᠂ ᠬᠠᠷᠢᠶᠠᠲᠤ ᠨᠠᠷ᠎ᠤᠨ ᠶᠠᠪᠤᠳᠠᠯ ᠵᠡᠷᠭᠡ ᠵᠢᠨ ᠠᠵᠢᠯ᠎ᠢ ᠰᠢᠨ᠎ᠡ ᠵᠢ ᠡᠭᠦᠳᠦᠨ ᠲᠡᠭᠦᠯᠳᠡᠷᠵᠢᠭᠦᠯᠪᠡ᠃ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠳᠤ ᠰᠢᠨ᠎ᠡ ᠪᠠᠢ᠌ᠳᠠᠯ ᠢᠯᠡᠷᠡᠪᠡ᠃ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ ᠵᠢ ᠲᠤᠭᠤᠰᠢᠯᠠᠭᠤᠯᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠯᠳᠡ ᠵᠢ ᠠᠯᠬᠤᠮ ᠠᠯᠬᠤᠮ ᠵᠶ᠋ᠠᠷ ᠭᠦᠨᠵᠡᠭᠡᠢ᠌ᠷᠡᠭᠦᠯᠬᠦ ᠵᠢ ᠠᠬᠢᠭᠤᠯᠪᠠ᠃ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ᠎ᠤᠨ ᠡᠬᠡ ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠶᠠᠪᠤᠴᠠ᠎ᠳᠠᠬᠢ ᠥᠪᠡᠷᠮᠢᠴᠡ ᠳᠠᠪᠠᠭᠤᠯᠢᠭ ᠪᠠ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
      ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠵᠢ ᠪᠠᠷᠢᠮᠲᠠᠯᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠢ᠌ᠭᠤᠯᠤᠯᠲᠠ ᠠᠯᠢ ᠤᠯᠠᠨ ᠴᠢᠬᠤᠯᠠ ᠶᠡᠬᠡ ᠰᠢᠨ᠎ᠡ ᠠᠮᠵᠢᠯᠲᠠ ᠪᠦᠲᠦᠮᠵᠢ ᠵᠢ ᠣᠯᠵᠤ᠂ ᠠᠯᠢ ᠤᠯᠠᠨ ᠴᠢᠬᠤᠯᠠ ᠶᠡᠬᠡ ᠬᠤᠪᠢᠰᠤᠯᠲᠠ ᠭᠠᠷᠪᠠ᠃ ᠠᠷᠠᠳ᠎ᠤᠨ ᠴᠡᠷᠢᠭ ᠠᠩᠭᠢ ᠤᠯᠤᠰ ᠲᠥᠷᠥ᠎ᠪᠠᠷ ᠴᠡᠷᠢᠭ ᠪᠠᠢ᠌ᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠡᠷᠢᠭ᠎ᠢ ᠬᠦᠴᠦᠷᠬᠡᠭᠵᠢᠭᠦᠯᠬᠦ᠂ ᠴᠢᠳᠠᠪᠤᠷᠢᠲᠠᠨ ᠵᠶ᠋ᠠᠷ ᠴᠡᠷᠢᠭ᠎ᠢ ᠬᠦᠴᠦᠷᠬᠡᠭᠵᠢᠭᠦᠯᠬᠦ᠂ ᠬᠠᠤᠯᠢ ᠶᠣᠰᠣᠭ᠋ᠠᠷ ᠴᠡᠷᠢᠭ᠎ᠢ ᠵᠠᠰᠠᠬᠤ ᠵᠢ ᠭᠦᠨᠵᠡᠭᠡᠢ ᠠᠬᠢᠭᠤᠯᠵᠤ᠂ ᠴᠡᠷᠢᠭ ᠪᠤᠯᠪᠠᠰᠤᠷᠠᠭᠤᠯᠵᠤ ᠲᠠᠢ᠌ᠨ᠎ᠳᠤ ᠪᠡᠯᠡᠳᠬᠡᠬᠦ ᠵᠢ ᠭᠦᠨᠵᠡᠭᠡᠢ ᠠᠬᠢᠭᠤᠯᠤᠨ᠂ ᠣᠳᠣᠬᠢᠴᠢᠯᠠᠯᠲᠠ ᠵᠢᠨ ᠬᠢᠷᠢ ᠬᠡᠮᠵᠢᠶ᠎ᠡ ᠪᠠ ᠪᠣᠳᠠᠲᠤ ᠪᠠᠢ᠌ᠯᠳᠤᠭ᠋ᠠᠨ᠎ᠤ ᠴᠢᠳᠠᠪᠤᠷᠢ᠎ᠨᠢ ᠢᠯᠡᠳᠲᠡ ᠳᠡᠭᠡᠭᠰᠢᠯᠡᠪᠡ᠃ ᠴᠡᠷᠢᠭ᠎ᠤᠨ ᠶᠠᠪᠤᠳᠠᠯ᠎ᠤᠨ ᠲᠡᠮᠡᠴᠡᠯ᠎ᠢ ᠡᠷᠡᠰ ᠪᠠᠲᠤ ᠪᠥᠭᠡᠳ ᠠᠮᠢᠳᠤᠯᠢᠭ ᠵᠶ᠋ᠠᠷ ᠥᠷᠨᠢᠭᠦᠯᠵᠦ᠂ ᠬᠢᠯᠢ ᠵᠢᠨ ᠬᠠᠮᠠᠭ᠋ᠠᠯᠠᠯᠲᠠ ᠵᠢᠨ ᠲᠡᠮᠡᠴᠡᠯ ᠬᠢᠬᠦ᠂ ᠳᠠᠯᠠᠶ ᠳᠡᠭᠡᠷᠡᠬᠢ ᠡᠷᠬᠡ᠎ᠪᠠᠨ ᠬᠠᠮᠠᠭ᠋ᠠᠯᠠᠬᠤ᠂ ᠰᠦᠷᠳᠡᠭᠦᠯᠦᠯ᠎ᠢ ᠡᠰᠡᠷᠭᠦᠴᠡᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ᠂ ᠠᠶᠤᠯ᠎ᠠᠴᠠ ᠠᠪᠤᠷᠠᠵᠤ ᠭᠠᠮᠰᠢᠭ᠎ᠠᠴᠠ ᠲᠡᠩᠬᠡᠷᠡᠭᠦᠯᠬᠦ᠂ ᠬᠢᠵᠢᠭ᠎ᠢ ᠡᠰᠡᠷᠭᠦᠴᠡᠬᠦ᠂ ᠡᠩᠬᠡ ᠲᠠᠢ᠌ᠪᠤᠩ᠎ᠢ ᠬᠠᠮᠠᠭ᠋ᠠᠯᠠᠵᠤ ᠠᠶᠠᠯᠠᠯ᠎ᠢ ᠬᠠᠮᠠᠭ᠋ᠠᠯᠠᠬᠤ ᠵᠡᠷᠭᠡ ᠴᠢᠬᠤᠯᠠ ᠶᠡᠬᠡ ᠡᠭᠦᠷᠭᠡ ᠵᠢ ᠪᠦᠲᠦᠮᠵᠢᠲᠡᠶ ᠭᠦᠢ᠍ᠴᠡᠳᠬᠡᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠦᠴᠦᠲᠡᠢ ᠬᠠᠮᠠᠭ᠋ᠠᠯᠠᠪᠠ᠃
      ᠰᠢᠶᠠᠩᠭ᠋ᠠᠩ ᠣᠣᠮᠧᠨ ᠲᠠᠢ᠌ᠸᠠᠨ᠎ᠤ ᠠᠵᠢᠯ ᠰᠢᠨ᠎ᠡ ᠠᠬᠢᠴᠠ᠎ᠲᠠᠢ ᠪᠣᠯᠪᠠ᠃ ᠦᠨᠳᠦᠰᠦᠨ ᠬᠠᠤᠯᠢ ᠪᠣᠯᠣᠨ ᠭᠣᠣᠯ ᠬᠠᠤᠯᠢ ᠵᠢᠨ ᠶᠣᠰᠣᠭ᠋ᠠᠷ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠢ ᠪᠦᠭᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ᠎ᠪᠠᠨ ᠪᠦᠲᠦᠮᠵᠢᠲᠡᠶ ᠬᠡᠷᠡᠭᠵᠢᠭᠦᠯᠵᠦ᠂ ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠵᠢ ᠲᠣᠭᠲᠠᠭ᠋ᠠᠨ ᠬᠡᠷᠡᠭᠵᠢᠭᠦᠯᠵᠦ᠂ 《ᠡᠬᠡ ᠣᠷᠣᠨᠴᠢ ᠬᠥᠮᠥᠰ ᠵᠶ᠋ᠠᠷ ᠰᠢᠶᠠᠩᠭ᠋ᠠᠩ᠎ᠢ ᠵᠠᠰᠠᠭᠤᠯᠬᠤ》᠂ 《ᠡᠬᠡ ᠣᠷᠣᠨᠴᠢ ᠬᠥᠮᠥᠰ ᠵᠶ᠋ᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢ᠌ᠳᠠᠪᠤᠷᠢᠵᠢᠭᠤᠯᠤᠭ᠋ᠠᠳ᠂ ᠰᠢᠶᠠᠩᠭ᠋ᠠᠩ᠎ᠤᠨ ᠰᠠᠮᠠᠭᠤᠷᠠᠯ᠎ᠠᠴᠠ ᠵᠠᠰᠠᠯᠲᠠ᠎ᠳᠤ ᠭᠦᠷᠦᠭᠰᠡᠨ᠎ᠠᠴᠠ᠎ᠪᠠᠨ ᠵᠠᠰᠠᠯᠲᠠ᠎ᠠᠴᠠ ᠪᠠᠳᠠᠷᠠᠯ᠎ᠳᠤ ᠬᠦᠷᠬᠦ ᠰᠢᠨ᠎ᠡ ᠱᠠᠲᠤ ᠦᠶ᠎ᠡ᠎ᠳᠤ ᠣᠷᠣᠬᠤ ᠵᠢ ᠠᠬᠢᠭᠤᠯᠪᠠ᠃ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠰᠢᠶᠠᠩᠭ᠋ᠠᠩ᠂ ᠣᠣᠮᠧᠨ᠎ᠤ ᠠᠵᠤ ᠠᠬᠤᠢ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ᠂ ᠲᠣᠭᠲᠠᠭᠤᠨ ᠪᠠᠢ᠌ᠳᠠᠯ᠎ᠢ ᠪᠠᠲᠤᠯᠠᠬᠤ ᠵᠢ ᠲᠡᠮᠵᠢᠪᠡ᠃ ᠰᠢᠨ᠎ᠡ ᠴᠠᠭ ᠦᠶ᠎ᠡ ᠵᠢᠨ ᠨᠠᠮ᠎ᠤᠨ ᠲᠠᠢ᠌ᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠵᠢ ᠲᠤᠭᠤᠰᠢᠯᠠᠭᠤᠯᠵᠤ᠂ ᠬᠠᠭ᠋ᠠᠴᠠᠭᠤᠯᠬᠤ ᠵᠢ ᠡᠰᠡᠷᠭᠦᠴᠡᠬᠦ᠂ ᠭᠠᠷ ᠲᠦᠷᠦᠭᠦ ᠵᠢ ᠡᠰᠡᠷᠭᠦᠴᠡᠬᠦ ᠴᠢᠬᠤᠯᠠ ᠶᠡᠬᠡ ᠲᠡᠮᠡᠴᠡᠯ᠎ᠢ ᠡᠷᠡᠰ ᠥᠷᠨᠢᠭᠦᠯᠵᠦ᠂ ᠲᠠᠢ᠌ᠸᠠᠨ ᠬᠣᠭᠣᠯᠠᠢ ᠵᠢᠨ ᠬᠣᠶᠠᠷ ᠲᠠᠯ᠎ᠠ ᠵᠢᠨ ᠬᠠᠷᠢᠴᠠᠭ᠋ᠠᠨ᠎ᠤ ᠨᠠᠢ᠌ᠷᠠᠮᠳᠠᠯ ᠵᠶ᠋ᠠᠷ ᠭᠦᠭᠵᠢᠭᠦ ᠵᠢ ᠦᠷᠭᠦᠯᠵᠢᠯᠡᠨ ᠠᠬᠢᠭᠤᠯᠪᠠ᠃
      ᠳᠤᠮᠳᠠᠳᠤ ᠤᠯᠤᠰ᠎ᠤᠨ ᠣᠨᠴᠠᠯᠢᠭ ᠪᠦᠬᠦᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢ ᠪᠦᠭᠦ ᠲᠠᠯ᠎ᠠ᠎ᠪᠠᠷ ᠠᠬᠢᠭᠤᠯᠪᠠ᠃ ᠲᠡᠷᠢᠭᠦᠯᠡᠭᠴᠢ ᠰᠢ ᠵᠢᠨ ᠫᠢᠩ ᠵᠡᠷᠭᠡ ᠨᠠᠮ ᠪᠠ ᠲᠦᠷᠦ ᠵᠢᠨ ᠤᠳᠤᠷᠢᠳᠬᠤ ᠬᠥᠮᠥᠰ ᠤᠯᠠᠨ ᠤᠯᠤᠰ᠎ᠲᠤ ᠠᠢ᠌ᠯᠴᠢᠯᠠᠯᠳᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠭᠡᠯᠪᠡᠷᠢ᠎ᠪᠠᠷ ᠬᠣᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠥᠮᠥᠰ᠎ᠤᠨ ᠲᠦᠷᠦᠭᠦᠴᠦᠳ᠎ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠬᠥᠮᠥᠰ᠎ᠤᠨ ᠠᠯᠪᠠᠨ ᠶᠣᠰᠣᠨ᠎ᠤ ᠪᠤᠰᠤ ᠬᠤᠷᠠᠯ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠪᠠᠢ᠌ᠭᠤᠯᠤᠭᠳᠠᠭᠰᠠᠨ 75 ᠵᠢᠯ᠎ᠤᠨ ᠤᠢ ᠵᠢᠨ ᠰᠢᠷᠢᠰ ᠳᠡᠭᠡᠳᠦ ᠳᠡᠰ᠎ᠤᠨ ᠬᠤᠷᠠᠯ᠂ ᠵᠡᠭᠦᠨ ᠠᠽᠢᠶ᠎ᠠ ᠵᠢᠨ ᠬᠠᠮᠲᠤᠷᠠᠯᠴᠠᠭ᠋ᠠᠨ᠎ᠤ ᠤᠳᠤᠷᠢᠳᠬᠤ ᠬᠥᠮᠥᠰ᠎ᠤᠨ ᠰᠢᠷᠢᠰ ᠬᠤᠷᠠᠯ᠂ ᠳᠤᠮᠳᠠᠳᠤ ᠡᠸᠦ᠋ᠷᠦᠫᠡ ᠵᠢᠨ ᠤᠳᠤᠷᠢᠳᠬᠤ ᠬᠥᠮᠥᠰ᠎ᠤᠨ ᠠᠭᠤᠯᠵᠠᠯᠲᠠ ᠵᠡᠷᠭᠡ ᠠᠯᠢ ᠤᠯᠠᠨ ᠴᠢᠬᠤᠯᠠ ᠶᠡᠬᠡ ᠭᠠᠳᠠᠭ᠋ᠠᠳᠤ ᠬᠠᠷᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠩᠳᠣᠣ᠎ᠳᠠᠬᠢ ᠲᠦᠷᠦᠭᠦᠴᠦᠳ᠎ᠤᠨ ᠬᠤᠷᠠᠯ᠂ BRICS ᠤᠯᠤᠰ᠎ᠤᠳ᠎ᠤᠨ ᠤᠳᠤᠷᠢᠳᠬᠤ ᠬᠥᠮᠥᠰ᠎ᠤᠨ ᠠᠭᠤᠯᠵᠠᠯᠲᠠ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠳᠡᠭᠡᠳᠦ ᠳᠠᠪᠬᠤᠷᠭ᠎ᠠ ᠵᠢᠨ ᠶᠠᠷᠢᠯᠴᠠᠭ᠋ᠠᠨ᠎ᠤ ᠬᠤᠷᠠᠯ᠂ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠯᠴᠠᠭ᠋ᠠᠨ᠎ᠤ ᠲᠠᠪᠴᠠᠩ᠂ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠯᠴᠠᠭ᠋ᠠᠨ᠎ᠤ ᠲᠠᠪᠴᠠᠩ᠎ᠤᠨ ᠪᠡᠭᠡᠵᠢᠩ᠎ᠳᠠᠬᠢ ᠲᠦᠷᠦᠭᠦᠴᠦᠳ᠎ᠤᠨ ᠬᠤᠷᠠᠯ ᠵᠡᠷᠭᠡ ᠤᠯᠠᠨ ᠤᠳᠠᠭ᠋ᠠᠨ᠎ᠤ ᠴᠢᠬᠤᠯᠠ ᠶᠡᠬᠡ ᠡᠵᠡᠨ ᠲᠠᠯᠠᠪᠤᠷ᠎ᠤᠨ ᠭᠠᠳᠠᠭ᠋ᠠᠳᠤ ᠬᠠᠷᠢᠯᠴᠠᠭ᠋ᠠᠨ᠎ᠤ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ᠃ ᠵᠣᠷᠢᠭᠲᠠᠢ᠎ᠪᠠᠷ ᠲᠡᠮᠡᠴᠡᠯ ᠬᠢᠬᠦ᠂ ᠴᠢᠳᠠᠮᠠᠭ᠋ᠠᠢ᠎ᠪᠠᠷ ᠲᠡᠮᠡᠴᠡᠯ ᠬᠢᠬᠦ ᠵᠢ ᠪᠠᠷᠢᠮᠲᠠᠯᠠᠵᠤ᠂ ᠮᠠᠨ᠎ᠤ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠪᠠ᠃ ᠪᠦᠭᠦ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ ᠵᠢ ᠢᠳᠡᠪᠬᠢᠲᠡᠢ ᠥᠷᠭᠡᠳᠬᠡᠵᠦ᠂ ᠨᠡᠭᠡᠭᠡᠯᠲᠡᠲᠤ ᠭᠡᠯᠪᠡᠷᠢ ᠵᠢᠨ ᠳᠡᠯᠡᠬᠡᠢ ᠵᠢᠨ ᠠᠵᠤ ᠠᠬᠤᠢ ᠵᠢ ᠪᠦᠲᠦᠭᠡᠨ ᠪᠠᠢ᠌ᠭᠤᠯᠬᠤ᠎ᠪᠠᠷ ᠴᠢᠷᠮᠠᠢ᠌ᠵᠤ᠂ ᠤᠯᠠᠨ ᠲᠠᠯᠠᠲᠤ ᠦᠵᠡᠯ᠎ᠢ ᠬᠠᠮᠠᠭ᠋ᠠᠯᠠᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠪᠠ᠃ ᠳᠤᠮᠳᠠᠳᠤ ᠤᠯᠤᠰ ᠬᠠᠷᠢᠭᠤᠴᠠᠯᠭ᠎ᠠ᠎ᠲᠠᠢ ᠲᠣᠮᠣ ᠤᠯᠤᠰ ᠪᠣᠯᠤᠭᠰᠠᠨ᠎ᠤ ᠬᠤᠪᠢ᠎ᠳᠤ᠂ ᠣᠯᠠᠨ ᠤᠯᠤᠰ᠎ᠤᠨ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ ᠵᠢ ᠠᠬᠢᠭᠤᠯᠬᠤ᠂ ᠪᠦᠭᠦ ᠪᠥᠮᠪᠥᠷᠴᠡᠭ᠎ᠤᠨ ᠴᠢᠨᠠᠷᠲᠠᠢ ᠰᠢᠯᠭ᠋ᠠᠯᠲᠠ ᠪᠣᠯᠣᠨ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠴᠢᠬᠤᠯᠠ ᠪᠦᠲᠦᠭᠡᠯᠴᠢ ᠴᠢᠨᠠᠷᠲᠠᠢ ᠦᠢ᠍ᠯᠡᠳᠦᠯ ᠪᠠᠳᠠᠷᠠᠭᠤᠯᠵᠤ᠂ ᠳᠡᠯᠡᠬᠡᠢ ᠵᠢᠨ ᠡᠩᠬᠡ ᠲᠠᠢ᠌ᠪᠤᠩ ᠪᠣᠯᠣᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
      ᠲᠥᠯᠥᠭᠡᠯᠡᠭᠴᠢᠳ ᠠ᠋!
      ᠡᠳᠡᠭᠡᠷ ᠵᠢᠯ᠎ᠤᠳ᠎ᠲᠤ ᠮᠠᠨ᠎ᠤ ᠤᠯᠤᠰ᠎ᠤᠨ ᠬᠥᠭᠵᠢᠯᠲᠡ ᠵᠢᠨ ᠣᠯᠣᠭᠰᠠᠨ ᠠᠮᠵᠢᠯᠲᠠ ᠪᠦᠲᠦᠮᠵᠢ ᠪᠣᠯ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠡᠷᠡᠰ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠰᠢᠨᠵᠢᠯᠡᠬᠦ ᠤᠬᠠᠭ᠋ᠠᠨᠴᠢ᠎ᠪᠠᠷ ᠵᠢᠯᠣᠭᠣᠳᠤᠭᠰᠠᠨ᠎ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠪᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠠᠴᠠ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ   ᠠᠷᠠᠳ ᠎ᠤᠨ   ᠪᠦᠯᠭᠦᠮ   ᠪᠣᠯᠣᠨ   ᠡᠯ᠎ᠡ   ᠡᠲᠡᠭᠡᠳ ᠎ᠤᠨ   ᠬᠥᠮᠥᠰ ᠎ᠲᠤ   ᠴᠢᠩ   ᠰᠡᠳᠬᠢᠯ ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ! ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠠᠬ᠎ᠠ ᠳᠡᠭᠦᠦ ᠨᠠᠷ᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠠᠬ᠎ᠠ ᠳᠡᠭᠦᠦ ᠨᠠᠷ᠂ ᠲᠠᠢ᠌ᠸᠠᠨ᠎ᠤ ᠠᠬ᠎ᠠ ᠳᠡᠭᠦᠦ ᠨᠠᠷ ᠪᠣᠯᠣᠨ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢ ᠬᠠᠯᠠᠮᠵᠢᠯᠠᠨ ᠳᠠᠮᠵᠢᠵᠤ ᠪᠠᠢ᠌ᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠪᠣᠯᠣᠨ ᠡᠯ᠎ᠡ ᠤᠯᠤᠰ᠎ᠤᠨ ᠨᠠᠢ᠌ᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠬᠥᠭᠵᠢᠯᠲᠡ ᠵᠢᠨ ᠠᠮᠵᠢᠯᠲᠠ ᠪᠦᠳᠦᠮᠵᠢ ᠵᠢ ᠣᠯᠵᠤ ᠬᠠᠷᠠᠬᠤ ᠵᠢᠨ ᠬᠠᠮᠲᠤ ᠪᠢᠳᠡ ᠪᠠᠰᠠ ᠮᠠᠨ᠎ᠤ ᠤᠯᠤᠰ ᠪᠣᠯ ᠨᠢᠭᠡᠨ ᠬᠥᠭᠵᠢᠵᠦ ᠪᠠᠢ᠌ᠭ᠎ᠠ ᠲᠣᠮᠣ ᠤᠯᠤᠰ ᠮᠥᠨ᠂ ᠮᠥᠨ ᠯᠡ ᠨᠡᠢ᠌ᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠰᠢᠵᠤ᠂ ᠬᠥᠭᠵᠢᠯᠲᠡ ᠵᠢᠨ ᠲᠡᠩᠴᠡᠭᠦᠷᠢ ᠦᠭᠡᠢ ᠭᠦᠢ᠍ᠴᠡᠳ ᠦᠭᠡᠢ ᠪᠠᠢ᠌ᠬᠤ ᠠᠰᠠᠭᠤᠳᠠᠯ ᠮᠥᠨ ᠯᠡ ᠲᠣᠪᠣᠢ᠌ᠮ᠎ᠠ ᠪᠠᠢ᠌ᠨ᠎ᠠ ᠭᠡᠳᠡᠭ᠎ᠢ ᠰᠡᠷᠭᠡᠭ ᠵᠶ᠋ᠠᠷ ᠲᠠᠨᠢᠵᠤ ᠣᠯᠪᠠ᠃ ᠣᠳᠣᠬᠠᠨ᠎ᠤ ᠬᠥᠭᠵᠢᠯᠲᠡ᠎ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭ᠋ᠠᠯᠲᠠ ᠲᠤᠯᠭ᠋ᠠᠷᠠᠵᠤ ᠪᠠᠢ᠌ᠨ᠎ᠠ᠃ ᠭᠠᠳᠠᠭ᠋ᠠᠳᠤ ᠣᠷᠴᠢᠨ ᠨᠥᠬᠥᠴᠡᠯ᠎ᠤᠨ ᠮᠠᠭ᠋ᠠᠳ ᠪᠤᠰᠤ ᠴᠢᠨᠠᠷ ᠶᠡᠬᠡᠰᠴᠦ᠂ ᠪᠦᠭᠦ ᠪᠥᠮᠪᠥᠷᠴᠡᠭ᠎ᠤᠨ ᠵᠣᠭᠣᠰ ᠮᠠᠭᠤᠳᠠᠬᠤ ᠪᠠᠢ᠌ᠳᠠᠯ ᠮᠥᠨ ᠬᠡᠴᠡᠭᠦᠦ ᠪᠠᠢ᠌ᠵᠤ᠂ ᠳᠡᠯᠡᠬᠡᠢ ᠵᠢᠨ ᠠᠵᠤ ᠠᠬᠤᠢ ᠪᠣᠯᠣᠨ ᠠᠷᠠᠯᠵᠢᠶᠠᠨ᠎ᠤ ᠨᠡᠮᠡᠭᠳᠡᠯ᠎ᠤᠨ ᠬᠥᠳᠡᠯᠭᠡᠭᠴᠢ ᠡᠨᠧᠷᠭᠢ ᠪᠠᠭᠤᠷᠠᠵᠤ᠂ ᠭᠠᠳᠠᠨ᠎ᠠ᠎ᠠᠴᠠ ᠢᠷᠡᠬᠦ ᠳᠠᠷᠤᠯᠲᠠ ᠬᠣᠷᠢᠭᠯᠠᠯᠲᠠ ᠲᠠᠰᠤᠷᠠᠯᠳᠠ ᠦᠭᠡᠢ ᠰᠢᠷᠦᠭᠦᠰᠴᠦ ᠪᠠᠢ᠌ᠨ᠎ᠠ᠃ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠨᠡᠮᠡᠭᠳᠡᠯ᠎ᠤᠨ ᠲᠣᠭᠲᠠᠪᠤᠷᠢᠵᠢᠨ ᠰᠠᠢ᠌ᠵᠢᠷᠠᠬᠤ ᠰᠠᠭᠤᠷᠢ ᠵᠢ ᠪᠠᠰᠠ ᠪᠠᠲᠤᠳᠬᠠᠬᠤ ᠴᠢᠬᠤᠯᠠᠲᠠᠢ ᠪᠠᠢ᠌ᠵᠤ᠂ ᠬᠡᠷᠡᠭᠴᠡᠭᠡ ᠬᠦᠷᠦᠯᠴᠡᠬᠦ ᠦᠭᠡᠢ ᠪᠠᠢ᠌ᠬᠤ᠎ᠨᠢ ᠮᠥᠨ ᠬᠦ᠌ ᠲᠣᠪᠣᠢ᠌ᠮ᠎ᠠ ᠵᠥᠷᠢᠴᠡᠯ ᠪᠣᠯᠵᠤ᠂ ᠠᠷᠠᠳ᠎ᠤᠨ ᠪᠡᠯᠡ ᠣᠷᠣᠭᠤᠯᠤᠯᠲᠠ ᠪᠣᠯᠣᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠵᠢᠱ᠌ᠢᠯᠲᠡ ᠲᠣᠭᠲᠠᠭᠤᠨ ᠪᠤᠰᠤ ᠪᠠᠢ᠌ᠵᠤ᠂ ᠴᠥᠭᠡᠨ ᠪᠤᠰᠤ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠨᠡᠯᠢᠶᠡᠳ ᠶᠡᠬᠡ ᠬᠦᠴᠢᠷᠳᠡᠯ᠎ᠳᠤ ᠲᠤᠯᠭ᠋ᠠᠷᠠᠵᠤ᠂ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠡᠭᠦᠷᠭᠡ ᠬᠠᠲᠠᠭᠤ ᠪᠡᠷᠬᠡ ᠪᠣᠯᠵᠤ᠂ ᠵᠠᠷᠢᠮ ᠦᠨᠳᠦᠰᠦᠨ ᠱᠠᠲᠤᠨ᠎ᠤ ᠤᠷᠤᠯᠭ᠎ᠠ ᠵᠠᠷᠤᠯᠭ᠎ᠠ ᠵᠢᠨ ᠵᠥᠷᠢᠴᠡᠯ ᠨᠡᠯᠢᠶᠡᠳ ᠶᠡᠬᠡ ᠪᠠᠢ᠌ᠨ᠎ᠠ᠃ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢᠨ ᠳᠠᠯᠳᠠ ᠭᠡᠮ ᠨᠡᠯᠢᠶᠡᠳ ᠣᠯᠠᠨ ᠪᠠᠢ᠌ᠵᠤ᠂ ᠵᠠᠷᠢᠮ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠢᠯᠡᠷᠡᠨ ᠭᠠᠷᠪᠠ᠃ ᠬᠥᠭᠵᠢᠯᠲᠡ᠎ᠳᠤ ᠮᠥᠨ ᠯᠡ ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ ᠴᠥᠭᠡᠨ ᠪᠤᠰᠤ ᠣᠷᠣᠰᠢᠵᠤ ᠪᠠᠢ᠌ᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠢ᠌ᠨ᠎ᠠ᠃ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠡᠭᠦᠷᠭᠡ ᠬᠦᠨᠳᠦ ᠵᠠᠮ ᠬᠤᠯᠠ ᠪᠠᠢ᠌ᠨ᠎ᠠ᠃ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠵᠡᠷᠭᠡ ᠬᠤᠳᠠ ᠬᠥᠳᠡᠭᠡ ᠵᠢᠨ ᠰᠠᠭᠤᠷᠢ ᠲᠥᠬᠦᠭᠡᠷᠦᠮᠵᠢ᠎ᠳᠤ ᠮᠥᠨ ᠢᠯᠡᠳᠲᠡ ᠪᠠᠭᠤᠷᠠᠢ ᠭᠣᠭᠴᠣᠭ᠎ᠠ ᠣᠷᠣᠰᠢᠵᠤ ᠪᠠᠢ᠌ᠨ᠎ᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠢ᠌ᠨ᠎ᠠ᠃ ᠭᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠤᠨ ᠦᠵᠡᠭᠳᠡᠯ ᠮᠥᠨ ᠨᠡᠯᠢᠶᠡᠳ ᠲᠣᠪᠣᠢ᠌ᠮ᠎ᠠ ᠪᠠᠢ᠌ᠵᠤ᠂ ᠵᠠᠷᠢᠮ ᠭᠠᠵᠠᠷ ᠣᠷᠣᠨ᠎ᠤ᠎ᠬᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠳᠡᠭᠡᠨ ᠪᠦᠭᠦᠳᠡ ᠵᠢ ᠨᠢᠭᠡ ᠯᠡ ᠪᠠᠷᠢᠮᠵᠢᠶ᠎ᠠ᠎ᠪᠠᠷ ᠱᠠᠭ᠋ᠠᠷᠳᠠᠵᠤ᠂ ᠱᠠᠲᠤ ᠱᠠᠲᠤ᠎ᠪᠠᠷ ᠨᠥᠬᠥᠴᠡᠯ ᠨᠡᠮᠡᠵᠦ ᠪᠠᠢ᠌ᠨ᠎ᠠ᠂ ᠵᠠᠷᠢᠮ ᠺᠠᠳ᠋ᠷ ᠠᠵᠢᠯ ᠬᠢᠬᠦ ᠦᠭᠡᠢ᠂ ᠳᠤᠷ᠎ᠠ᠎ᠪᠠᠷ ᠵᠶ᠋ᠠᠨ ᠦᠢ᠍ᠯᠡᠳᠭᠦ᠂ ᠳᠥᠭᠥᠮᠴᠢᠯᠡᠬᠦ ᠪᠠᠢ᠌ᠳᠠᠯ᠎ᠲᠠᠢ ᠪᠠᠢ᠌ᠵᠤ᠂ ᠪᠣᠳᠠᠲᠤ ᠪᠠᠢ᠌ᠳᠠᠯ᠎ᠠᠴᠠ ᠰᠠᠯᠤᠩᠭᠢᠷᠠᠬᠤ᠂ ᠤᠯᠠᠨ ᠲᠦᠮᠡᠨ᠎ᠤ ᠬᠦᠰᠡᠯ ᠰᠠᠨᠠᠭ᠎ᠠ᠎ᠠᠴᠠ ᠲᠡᠷᠰᠯᠡᠬᠦ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠯᠦ ᠬᠠᠢ᠌ᠬᠤᠷᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃ ᠵᠠᠷᠢᠮ ᠬᠦᠷᠢᠶ᠎ᠡ᠂ ᠠᠵᠢᠯ ᠲᠦᠷᠦᠯ᠂ ᠣᠷᠣᠨ ᠨᠤᠲᠤᠭ᠎ᠲᠤ ᠢᠯᠵᠢᠷᠡᠮᠡᠯ ᠦᠵᠡᠭᠳᠡᠯ ᠪᠠᠢ᠌ᠨ ᠪᠠᠢ᠌ᠨ ᠭᠠᠷᠴᠤ ᠪᠠᠢ᠌ᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠠᠷᠠᠳ ᠤᠯᠠᠨ ᠪᠠᠰᠠ ᠵᠠᠷᠢᠮ ᠰᠠᠨᠠᠯ ᠪᠠ ᠰᠠᠨᠠᠭᠤᠯᠭ᠎ᠠ ᠪᠠᠢ᠌ᠬᠤ ᠵᠢ ᠴᠢᠬᠤᠯᠠᠴᠢᠯᠠᠨ ᠦᠵᠡᠬᠦ ᠬᠡᠷᠡᠭᠲᠡᠢ᠃ ᠠᠰᠠᠭᠤᠳᠠᠯ ᠪᠠ ᠰᠢᠯᠭ᠋ᠠᠯᠲᠠ᠎ᠳᠤ ᠰᠢᠭᠤᠳ ᠬᠠᠨᠳᠤᠨ᠂ ᠪᠦᠭᠦ ᠰᠡᠳᠬᠢᠯ ᠪᠦᠭᠦ ᠴᠢᠳᠠᠯ ᠵᠶ᠋ᠠᠷ ᠵᠶ᠋ᠠᠨ ᠵᠠᠰᠠᠭ᠎ᠤᠨ ᠣᠷᠳᠣᠨ᠎ᠤ ᠠᠵᠢᠯ᠎ᠢ ᠰᠠᠢ᠌ᠵᠢᠷᠠᠭᠤᠯᠵᠤ᠂ ᠠᠷᠠᠳ ᠲᠦᠮᠡᠨ᠎ᠤ ᠬᠦᠨᠳᠦ ᠨᠠᠢ᠌ᠳᠠᠯᠭ᠎ᠠ ᠵᠢ ᠬᠥᠰᠡᠷᠳᠡᠭᠦᠯᠬᠦ ᠦᠭᠡᠢ ᠪᠠᠢ᠌ᠬᠤ ᠬᠡᠷᠡᠭᠲᠡᠢ᠃
      ᠬᠣᠶᠠᠷ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠲᠤᠬᠠᠢ ᠰᠠᠨᠠᠭᠤᠯᠭ᠎ᠠ
      ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠭᠢᠯᠡᠯᠳᠡ ᠵᠢᠨ ᠵᠢᠯ ᠮᠥᠨ᠃ ᠵᠠᠰᠠᠭ᠎ᠤᠨ ᠣᠷᠳᠣᠨ᠎ᠤ ᠠᠵᠢᠯ᠎ᠢ ᠰᠠᠢ᠌ᠲᠤᠷ ᠬᠢᠬᠦ᠎ᠳᠤ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠯᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠬᠣᠶᠠᠷ ᠶᠡᠬᠡ ᠲᠠᠯ᠎ᠠ ᠵᠢ ᠨᠡᠩ ᠰᠠᠢ᠌ᠲᠤᠷ ᠨᠢᠭᠡᠳᠦᠯᠲᠡᠢ ᠲᠥᠯᠥᠪᠯᠡᠵᠦ᠂ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠨ᠂ ᠵᠠᠬ᠎ᠠ ᠳᠡᠯᠭᠡᠭᠦᠷ᠎ᠤᠨ ᠢᠲᠡᠭᠡᠯ᠎ᠢ ᠶᠡᠬᠡ᠎ᠪᠠᠷ ᠬᠥᠪᠴᠢᠯᠡᠵᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠯᠦᠭᠡ ᠣᠷᠭ᠋ᠠᠨᠢᠭ ᠵᠶ᠋ᠠᠷ ᠤᠶᠠᠯᠳᠤᠭᠤᠯᠵᠤ᠂ ᠨᠡᠮᠡᠭᠳᠡᠯ᠎ᠢ ᠲᠣᠭᠲᠠᠭᠤᠨ ᠪᠠᠢ᠌ᠯᠭ᠋ᠠᠬᠤ᠂ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ᠂ ᠪᠠᠷᠠᠭ᠋ᠠᠨ᠎ᠤ ᠦᠨ᠎ᠡ ᠵᠢ ᠲᠣᠭᠲᠠᠭᠤᠨ ᠪᠠᠢ᠌ᠯᠭ᠋ᠠᠬᠤ ᠠᠵᠢᠯ᠎ᠢ ᠲᠣᠪᠤᠢ᠌ᠯᠭ᠋ᠠᠨ ᠰᠠᠢ᠌ᠲᠤᠷ ᠬᠢᠵᠦ᠂ ᠬᠦᠨᠳᠦ ᠶᠡᠬᠡ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ᠂ ᠠᠵᠤ ᠠᠬᠤᠢ ᠵᠢᠨ ᠠᠵᠢᠯᠯᠠᠭ᠋ᠠᠨ᠎ᠤ ᠪᠦᠬᠦᠯᠢ ᠴᠣᠭᠴᠠ ᠵᠢᠨ ᠰᠠᠢ᠌ᠵᠢᠷᠠᠯᠲᠠ ᠵᠢ ᠠᠬᠢᠭᠤᠯᠵᠤ᠂ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠭᠦ ᠪᠠ ᠲᠣᠭ᠎ᠠ ᠬᠡᠮᠵᠢᠶ᠎ᠡ ᠵᠢ ᠵᠦᠢ ᠵᠣᠬᠢᠰᠲᠠᠢ ᠨᠡᠮᠡᠭᠳᠡᠭᠦᠯᠬᠦ ᠵᠢ ᠪᠡᠶᠡᠯᠡᠭᠦᠯᠵᠦ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢ᠌ᠵᠢᠷᠠᠭᠤᠯᠵᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠢ᠌ᠳᠠᠯ᠎ᠢ ᠪᠠᠲᠤᠯᠠᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠡᠭᠢᠯᠡᠯᠲᠡ ᠤᠷᠤᠭᠰᠢᠲᠠᠢ ᠭᠠᠷᠤᠭ᠎ᠠ ᠰᠠᠢ᠌ᠲᠠᠢ ᠪᠠᠢ᠌ᠯᠭ᠋ᠠᠬᠤ ᠬᠡᠷᠡᠭᠲᠡᠢ᠃
      ᠡᠨᠡ ᠵᠢᠯ᠎ᠤᠨ ᠬᠥᠭᠵᠢᠯᠲᠡ ᠵᠢᠨ ᠭᠣᠣᠯ ᠭᠣᠣᠯ ᠵᠢᠱ᠌ᠢᠭᠰᠡᠨ ᠬᠠᠷᠠᠯᠲᠠ ᠭᠡᠪᠡᠯ᠄ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠦᠷᠲᠡᠭ᠎ᠢ 5% ᠣᠷᠴᠢᠮ ᠨᠡᠮᠡᠭᠳᠡᠭᠦᠯᠦᠨ᠎ᠡ; ᠬᠤᠳᠠ ᠪᠠᠯᠭ᠋ᠠᠰᠤᠨ᠎ᠳᠤ ᠠᠵᠢᠯ ᠣᠯᠣᠭᠰᠠᠨ ᠬᠥᠮᠥᠨ᠎ᠢ 1200 ᠲᠦᠮᠡ ᠣᠷᠴᠢᠮ ᠰᠢᠨ᠎ᠡ᠎ᠪᠠᠷ ᠨᠡᠮᠡᠭᠳᠡᠭᠦᠯᠵᠦ᠂ ᠬᠤᠳᠠ ᠪᠠᠯᠭ᠋ᠠᠰᠤᠨ᠎ᠤ ᠪᠠᠢ᠌ᠴᠠᠭ᠋ᠠᠭᠰᠠᠨ ᠠᠵᠢᠯ ᠠᠯᠳᠠᠯᠲᠠ ᠵᠢᠨ ᠨᠤᠷᠮ᠎ᠠ ᠵᠢ 5.5% ᠣᠷᠴᠢᠮ ᠪᠠᠢ᠌ᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠦᠯᠲᠡ ᠵᠢᠨ ᠬᠡᠮᠵᠢᠶ᠎ᠡ ᠵᠢ 3% ᠣᠷᠴᠢᠮ ᠪᠠᠢ᠌ᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠵᠢᠭᠳᠡ ᠪᠠᠢ᠌ᠯᠭ᠋ᠠᠨ᠎ᠠ; ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠲᠣᠭᠲᠠᠭᠤᠨ ᠪᠠᠢ᠌ᠳᠠᠯ᠎ᠢ ᠠᠬᠢᠭᠤᠯᠤᠨ ᠶᠠᠰᠤ ᠴᠢᠨᠠᠷ᠎ᠢ᠎ᠨᠢ ᠳᠡᠭᠡᠭᠰᠢᠯᠡᠭᠦᠯᠵᠦ᠂ ᠤᠯᠤᠰ᠎ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠢ᠌ᠯᠭ᠋ᠠᠨ᠎ᠠ; ᠠᠮᠤ ᠪᠤᠳᠠᠭ᠋ᠠᠨ᠎ᠤ ᠤᠨᠠᠯᠲᠠ ᠵᠢ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠪᠠᠢ᠌ᠯᠭ᠋ᠠᠨ᠎ᠠ; ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠭᠦ ᠥᠷᠲᠡᠭ᠎ᠤᠨ ᠡᠨᠧᠷᠭᠢ ᠵᠢᠨ ᠬᠣᠷᠣᠭᠳᠠᠭᠤᠯᠤᠯ ᠪᠣᠯᠣᠨ ᠭᠣᠣᠯ ᠪᠤᠯᠬᠤ ᠪᠣᠬᠢᠷᠲᠤᠭᠤᠯᠬᠤ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠵᠤ᠂ ᠴᠢᠯᠠᠭᠤᠵᠢᠮᠠᠯ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ ᠵᠢ ᠭᠣᠣᠯᠳᠠᠯᠭ᠎ᠠ᠎ᠲᠠᠢ ᠬᠢᠵᠠᠭ᠋ᠠᠷᠯᠠᠵᠤ᠂ ᠠᠮᠢ ᠠᠬᠤᠢ ᠵᠢᠨ ᠣᠷᠴᠢᠨ ᠨᠥᠬᠥᠴᠡᠯ᠎ᠤᠨ ᠶᠠᠰᠤ ᠴᠢᠨᠠᠷ᠎ᠢ ᠲᠣᠭᠲᠠᠭᠤᠨ ᠵᠶ᠋ᠠᠷ ᠰᠠᠢ᠌ᠵᠢᠷᠠᠭᠤᠯᠤᠨ᠎ᠠ᠃
      ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠬᠤ᠂ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ᠎ᠪᠠᠷ ᠴᠢᠷᠮᠠᠢ᠌ᠬᠤ ᠵᠢ ᠪᠠᠷᠢᠮᠲᠠᠯᠠᠨ᠂ ᠪᠠᠢ᠌ᠯᠳᠤᠬᠤ ᠪᠣᠳᠣᠯᠭ᠎ᠠ ᠵᠢᠨ ᠳᠤᠭᠢᠶᠠᠯ ᠪᠣᠯᠣᠨ ᠲᠦᠭᠰᠢᠭᠦᠷᠢ ᠰᠢᠯᠭ᠋ᠠᠯᠲᠠ ᠵᠡᠷᠭᠡ᠎ᠪᠠᠷ ᠣᠷᠣᠰᠢᠵᠤ᠂ ᠮᠠᠭ᠋ᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢ᠍ᠯ᠎ᠤᠳ ᠨᠡᠮᠡᠭᠳᠡᠵᠦ ᠪᠠᠢ᠌ᠭ᠎ᠠ ᠪᠠᠢ᠌ᠳᠠᠯ᠎ᠤᠨ ᠡᠮᠦᠨ᠎ᠡ ᠲᠥᠷᠥ ᠵᠢᠨ ᠪᠣᠳᠣᠯᠭ᠎ᠠ ᠵᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ ᠬᠠᠨᠳᠤᠯᠭ᠋ᠠᠲᠤ ᠴᠢᠨᠠᠷ᠎ᠢ ᠪᠠᠲᠤᠯᠠᠵᠤ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠬᠤ ᠨᠡᠢ᠌ᠯᠡᠯ ᠬᠦᠴᠦᠨ᠎ᠢ ᠪᠦᠷᠢᠯᠳᠦᠭᠦᠯᠦᠨ᠎ᠡ᠃ ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠤᠨ᠎ᠠ᠃ ᠤᠯᠠᠭ᠋ᠠᠨ ᠲᠣᠭ᠎ᠠ ᠵᠢᠨ ᠨᠤᠷᠮ᠎ᠠ ᠵᠢ 3%᠎ᠪᠠᠷ ᠲᠣᠬᠢᠷᠠᠭᠤᠯᠬᠤ᠎ᠪᠠᠷ ᠲᠥᠯᠥᠪᠯᠡᠵᠦ ᠪᠠᠢ᠌ᠨ᠎ᠠ᠃ ᠭᠠᠢ᠌ᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠣᠳᠣ ᠵᠢᠨ ᠬᠡᠷᠡᠭᠵᠢᠭᠦᠯᠵᠦ ᠪᠠᠢ᠌ᠭ᠎ᠠ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ᠂ ᠭᠠᠢ᠌ᠯᠢ ᠪᠤᠴᠠᠭ᠋ᠠᠬᠤ ᠭᠠᠢ᠌ᠯᠢ ᠬᠣᠢ᠌ᠰᠢᠯᠠᠭᠤᠯᠬᠤ ᠵᠡᠷᠭᠡ ᠠᠷᠭ᠎ᠠ ᠬᠡᠮᠵᠢᠶ᠎ᠡ ᠵᠢᠨ ᠦᠷᠭᠦᠯᠵᠢᠯᠡᠭᠦᠯᠬᠦ ᠶᠣᠰᠣᠲᠠᠢ ᠵᠢ᠎ᠨᠢ ᠦᠷᠭᠦᠯᠵᠢᠯᠡᠭᠦᠯᠵᠦ᠂ ᠰᠢᠯᠢᠳᠡᠭᠵᠢᠭᠦᠯᠬᠦ ᠴᠢᠬᠤᠯᠠᠲᠠᠢ ᠵᠢ᠎ᠨᠢ ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ》 ᠠᠵᠢᠯ᠎ᠢ ᠰᠠᠢ᠌ᠲᠤᠷ ᠬᠢᠨ᠎ᠡ᠃ ᠵᠣᠭᠣᠰᠤᠨ᠎ᠤ ᠯᠠᠪᠳᠠᠭᠤᠨ ᠲᠦᠷᠦ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠢ᠌ᠯᠭ᠋ᠠᠨ᠎ᠠ᠃ ᠳᠡᠯᠭᠡᠷᠡᠩᠭᠦᠢ ᠤᠳᠬ᠎ᠠ ᠵᠢᠨ ᠵᠣᠭᠣᠰᠤᠨ᠎ᠤ ᠬᠠᠩᠭ᠋ᠠᠯᠭ᠎ᠠ ᠵᠢᠨ ᠬᠡᠮᠵᠢᠶ᠎ᠡ ᠪᠠ ᠨᠡᠢ᠌ᠭᠡᠮ᠎ᠤᠨ ᠪᠡᠯᠡ ᠲᠣᠬᠢᠷᠠᠭᠤᠯᠭ᠎ᠠ ᠵᠢᠨ ᠬᠡᠪᠴᠢᠶ᠎ᠡ ᠵᠢᠨ ᠨᠡᠮᠡᠭᠳᠡᠯ᠎ᠤᠨ ᠬᠤᠷᠳᠤᠴᠠ ᠵᠢ ᠨᠡᠷᠡᠯᠡᠭᠰᠡᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠲᠠᠢ ᠦᠨᠳᠦᠰᠦᠨ᠎ᠳᠡᠭᠡᠨ ᠵᠣᠬᠢᠴᠠᠯᠳᠤᠭᠤᠯᠵᠤ᠂ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢ ᠳᠠᠮᠵᠢᠨ᠎ᠠ᠃ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠤᠷᠮ᠎ᠠ ᠵᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ᠎ᠳᠡᠭᠡᠨ ᠲᠣᠭᠲᠠᠪᠤᠷᠢᠲᠠᠢ ᠪᠠᠢ᠌ᠬᠤ ᠵᠢ ᠪᠠᠲᠤᠯᠠᠨ᠎ᠠ᠃ ᠠᠵᠤ ᠦᠢ᠍ᠯᠡᠰ᠎ᠤᠨ ᠲᠦᠷᠦ ᠵᠢᠨ ᠪᠣᠳᠣᠯᠭ᠎ᠠ᠎ᠳᠤ ᠬᠥᠭᠵᠢᠯᠲᠡ ᠪᠣᠯᠣᠨ ᠠᠮᠤᠷ ᠲᠦᠪᠰᠢᠨ᠎ᠢ ᠵᠡᠷᠭᠡ᠎ᠪᠠᠷ ᠴᠢᠬᠤᠯᠠᠴᠢᠯᠠᠨ᠎ᠠ᠃ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠭᠦ ᠵᠢ ᠠᠬᠢᠭᠤᠯᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠪᠠᠭᠤᠷᠠᠢ ᠭᠣᠭᠴᠣᠭ᠎ᠠ ᠵᠢ ᠬᠦᠴᠦᠯᠡᠨ ᠨᠥᠬᠥᠪᠦᠷᠢᠯᠡᠵᠦ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠣᠳᠣᠯᠭ᠎ᠠ᠎ᠳᠤ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠬᠦ ᠪᠥᠭᠡᠳ ᠤᠯᠠᠨ ᠤᠯᠤᠰ᠎ᠤᠨ ᠬᠠᠮᠲᠤᠷᠠᠯᠴᠠᠭ᠎ᠠ ᠵᠢ ᠪᠠᠷᠢᠮᠲᠠᠯᠠᠨ᠎ᠠ᠃ ᠰᠢᠨ᠎ᠡ ᠭᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠯ᠎ᠢ ᠲᠡᠭᠦᠯᠳᠡᠷᠵᠢᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠳᠤᠮᠳᠠᠬᠢ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠭᠦ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠳᠡᠮᠵᠢᠭᠦ ᠪᠠ ᠲᠤᠪᠤᠢ᠌ᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ ᠵᠢᠴᠢ ᠪᠦᠯᠭᠦᠮ ᠨᠡᠢ᠌ᠳᠠ ᠵᠢ ᠬᠥᠮᠥᠵᠢᠭᠦᠯᠬᠦ ᠵᠢ ᠳᠡᠮᠵᠢᠭᠦ ᠡᠷᠴᠢᠮ᠎ᠢ ᠴᠢᠩᠭ᠋ᠠᠷᠠᠭᠤᠯᠤᠨ᠎ᠠ᠃ ᠨᠡᠢ᠌ᠭᠡᠮ᠎ᠤᠨ ᠲᠦᠷᠦ ᠵᠢᠨ ᠪᠣᠳᠣᠯᠭ᠎ᠠ᠎ᠳᠤ ᠠᠷᠠᠳ᠎ᠤᠨ ᠠᠮᠢᠳᠤᠷᠠᠯ᠎ᠢ ᠪᠠᠲᠤᠯᠠᠬᠤ ᠬᠢᠵᠠᠭ᠋ᠠᠷ ᠱᠤᠭᠤᠮ᠎ᠢ ᠪᠠᠲᠤ ᠰᠠᠬᠢᠨ᠎ᠠ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠣᠳᠠᠲᠠᠢ ᠪᠥᠭᠡᠳ ᠨᠠᠷᠢᠯᠢᠭ ᠨᠠᠢ᠌ᠳᠠᠪᠤᠷᠢᠵᠢᠭᠤᠯᠤᠨ᠂ ᠵᠠᠯᠠᠭᠤᠴᠤᠳ ᠢᠯᠠᠩᠭᠤᠶ᠎ᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠢ ᠠᠬᠢᠭᠤᠯᠬᠤ ᠠᠵᠢᠯ᠎ᠢ ᠨᠠᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠠᠷᠠᠳ᠎ᠤᠨ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠨ᠎ᠠ᠃
      ᠣᠳᠣᠬᠠᠨ᠎ᠳᠤ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ ᠨᠢᠭᠡᠨᠲᠡ 《ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ》᠎ᠪᠠᠷ ᠪᠠᠢ᠌ᠩᠭᠤᠵᠢᠭᠤᠯᠤᠨ ᠰᠡᠷᠭᠡᠢ᠌ᠯᠡᠨ ᠬᠢᠵᠠᠭ᠋ᠠᠷᠯᠠᠬᠤ ᠱᠠᠲᠤᠨ᠎ᠳᠤ ᠣᠷᠣᠪᠠ᠂ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠢ ᠪᠦᠭᠦ ᠲᠠᠯ᠎ᠠ᠎ᠪᠠᠷ ᠰᠢᠨᠵᠢᠯᠡᠬᠦ ᠤᠬᠠᠭ᠋ᠠᠨᠴᠢ᠎ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠡᠷᠭᠡᠢ᠌ᠯᠡᠨ ᠬᠢᠵᠠᠭ᠋ᠠᠷᠯᠠᠬᠤ ᠠᠵᠢᠯ᠎ᠢ ᠨᠡᠩ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ᠎ᠪᠠᠷ ᠰᠠᠢ᠌ᠲᠤᠷ ᠬᠢᠵᠦ᠂ ᠡᠷᠡᠭᠦᠯ ᠮᠡᠨᠳᠦ ᠵᠢ ᠪᠠᠲᠤᠯᠠᠬᠤ᠂ ᠬᠦᠨᠳᠦ ᠡᠪᠡᠳᠴᠢᠨ᠎ᠢ ᠰᠡᠷᠭᠡᠢ᠌ᠯᠡᠬᠦ ᠵᠢᠨ ᠲᠣᠭᠣᠷᠢᠨ᠎ᠳᠤ ᠨᠠᠰᠤᠲᠠᠢ᠌ᠴᠤᠳ᠂ ᠬᠡᠦᠬᠡᠳ ᠪᠠᠭ᠋ᠠᠴᠤᠳ᠂ ᠬᠠᠭᠤᠴᠢᠨ ᠠᠷᠬᠠᠭ᠎ᠲᠠᠢ ᠬᠠᠮᠲᠤᠯᠢᠭ᠎ᠤᠨ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠡᠮᠨᠡᠨ ᠵᠠᠰᠠᠬᠤ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠵᠦ᠂ ᠬᠢᠵᠢᠭ᠎ᠤᠨ ᠪᠠᠢ᠌ᠳᠠᠯ᠎ᠢ ᠬᠢᠨᠠᠨ ᠭᠡᠮᠵᠢᠭᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠂ ᠸᠠᠺᠼᠢᠨ᠎ᠢ ᠦᠶ᠎ᠡ ᠰᠣᠯᠢᠭᠳᠠᠭᠤᠯᠵᠤ ᠲᠡᠰ ᠳᠡᠪᠰᠢᠭᠦᠯᠭᠦ ᠪᠠ ᠰᠢᠨ᠎ᠡ ᠡᠮ ᠰᠤᠳᠤᠯᠤᠨ ᠦᠢ᠍ᠯᠡᠳᠭᠦ ᠵᠢ ᠠᠬᠢᠭᠤᠯᠵᠤ᠂ ᠤᠯᠠᠨ ᠲᠦᠮᠡᠨ᠎ᠤ ᠡᠪᠡᠳᠴᠢᠨ ᠦᠵᠡᠭᠦᠯᠭᠦ ᠡᠮ ᠬᠡᠷᠡᠭᠯᠡᠬᠦ ᠬᠡᠷᠡᠭᠴᠡᠭᠡ ᠵᠢ ᠦᠨᠡᠨ ᠬᠦ᠌ ᠪᠠᠲᠤᠯᠠᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠰᠠᠢ᠌ᠲᠤᠷ ᠰᠠᠬᠢᠨ ᠬᠠᠮᠠᠭ᠋ᠠᠯᠠᠨ᠎ᠠ᠃
      ᠡᠨᠡ ᠵᠢᠯ ᠪᠣᠯ ᠵᠠᠰᠠᠭ᠎ᠤᠨ ᠣᠷᠳᠣᠨ᠎ᠤ ᠬᠤᠭᠤᠴᠠᠭ᠎ᠠ ᠰᠣᠯᠢᠬᠤ ᠵᠢᠯ ᠪᠣᠯᠣᠨ᠎ᠠ᠂ ᠳᠡᠭᠡᠷ᠎ᠡ ᠮᠡᠳᠡᠭᠦᠯᠦᠭᠰᠡᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠤᠯᠡᠨ ᠬᠦᠷᠢᠶ᠎ᠡ ᠡᠯ᠎ᠡ ᠲᠠᠯ᠎ᠠ ᠵᠢᠨ ᠠᠵᠢᠯ᠎ᠤᠨ ᠲᠠᠯ᠎ᠠ᠎ᠪᠠᠷ ᠬᠣᠢ᠌ᠰᠢᠳᠠ ᠪᠠᠰᠠ ᠰᠢᠨᠲᠠᠷᠠᠰᠢ ᠦᠭᠡᠢ ᠴᠢᠷᠮᠠᠢ᠌ᠬᠤ ᠴᠢᠬᠤᠯᠠᠲᠠᠢ᠂ ᠳᠣᠣᠷ᠎ᠠ ᠬᠡᠳᠦᠨ ᠭᠣᠣᠯᠳᠠᠯᠭ᠎ᠠ ᠵᠢ ᠲᠣᠪᠴᠢᠯᠠᠨ ᠲᠣᠭ᠋ᠠᠴᠢᠶ᠎ᠠ᠃
     (ᠨᠢᠭᠡ) ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠨ᠎ᠡ᠃ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠢ᠌ᠷᠢᠨ᠎ᠳᠤ ᠲᠠᠯᠪᠢᠨ᠎ᠠ᠃ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠎ᠡ᠃ ᠮᠠᠰᠢᠨ ᠲᠡᠷᠭᠡ ᠵᠡᠷᠭᠡ ᠵᠢᠨ ᠪᠥᠭᠡᠮ ᠬᠡᠷᠡᠭᠯᠡᠭᠡ ᠵᠢ ᠲᠣᠭᠲᠠᠭᠤᠨ ᠪᠠᠢ᠌ᠯᠭ᠋ᠠᠵᠤ᠂ ᠢᠳᠡᠭᠡᠨ ᠤᠮᠳᠠᠭ᠋ᠠᠨ᠂ ᠰᠣᠶᠣᠯ᠂ ᠵᠢᠭᠤᠯᠴᠢᠯᠠᠯ᠂ ᠪᠡᠶ᠎ᠡ ᠵᠢᠨ ᠲᠠᠮᠢᠷ ᠵᠡᠷᠭᠡ ᠠᠮᠢᠳᠤᠷᠠᠯ᠎ᠤᠨ ᠦᠢ᠍ᠯᠡᠴᠢᠯᠡᠭᠡᠨ᠎ᠤ ᠬᠡᠷᠡᠭᠯᠡᠭᠡ ᠵᠢ ᠰᠡᠷᠭᠦᠭᠡᠬᠦ ᠵᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠪᠠ ᠲᠥᠷᠥ ᠵᠢᠨ ᠪᠣᠳᠣᠯᠭ᠎ᠠ ᠵᠢᠨ ᠤᠷᠮᠠᠰᠢᠭᠤᠯᠤᠯ᠎ᠨᠢ ᠪᠦᠭᠦ ᠨᠡᠢ᠌ᠭᠡᠮ᠎ᠤᠨ ᠪᠡᠯᠡ ᠣᠷᠣᠭᠤᠯᠤᠯᠲᠠ ᠵᠢ ᠪᠦᠲᠦᠮᠵᠢᠲᠡᠶ ᠳᠠᠢ᠌ᠴᠢᠯᠠᠵᠤ᠂ ᠡᠨᠡ ᠵᠢᠯ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ ᠵᠢᠨ ᠲᠡᠮᠳᠡᠭᠲᠦ ᠵᠢ 3.8 ᠲᠦᠮᠡᠨ ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠴᠢᠬᠤᠯᠠ ᠶᠡᠬᠡ ᠢᠨᠵᠧᠨᠧᠷᠢᠩ᠎ᠢ ᠲᠦᠷᠭᠡᠯᠡᠨ ᠬᠡᠷᠡᠭᠵᠢᠭᠦᠯᠵᠦ᠂ ᠬᠤᠳᠠ ᠵᠢ ᠰᠢᠨᠡᠳᠬᠡᠬᠦ ᠠᠵᠢᠯᠯᠠᠭ᠎ᠠ ᠵᠢ ᠬᠡᠷᠡᠭᠵᠢᠭᠦᠯᠦᠨ᠂ ᠣᠷᠣᠨ ᠪᠦᠰᠡ ᠵᠢᠨ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠬᠦ᠂ ᠥᠪᠡᠷ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠠᠬᠢᠭᠤᠯᠵᠤ᠂ ᠬᠢᠵᠢᠭ᠎ᠤᠨ ᠳᠠᠭ᠋ᠠᠷᠢᠯᠲᠠ ᠨᠡᠯᠢᠶᠡᠳ ᠬᠦᠨᠳᠦ ᠨᠣᠴᠢᠲᠠᠢ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠳᠡᠮᠵᠢᠭᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠤᠯᠤᠰ᠎ᠤᠨ ᠴᠢᠬᠤᠯᠠ ᠶᠡᠬᠡ ᠢᠨᠵᠧᠨᠧᠷᠢᠩ ᠪᠣᠯᠣᠨ ᠳᠤᠲᠠᠭᠤᠳᠠᠯ᠎ᠢ ᠨᠥᠬᠥᠪᠦᠷᠢᠯᠡᠬᠦ ᠲᠥᠰᠥᠯ᠎ᠤᠨ ᠪᠦᠲᠦᠭᠡᠨ ᠪᠠᠢ᠌ᠭᠤᠯᠤᠯᠲᠠ᠎ᠳᠤ ᠨᠠᠩ ᠣᠯᠠᠨ ᠠᠷᠠᠳ᠎ᠤᠨ ᠬᠥᠷᠥᠩᠭᠡ ᠵᠢ ᠵᠣᠷᠢᠭᠵᠢᠭᠤᠯᠤᠨ ᠲᠡᠳᠡᠨ ᠣᠷᠣᠯᠴᠠᠭᠤᠯᠵᠤ᠂ ᠠᠷᠠᠳ᠎ᠤᠨ ᠪᠡᠯᠡ ᠣᠷᠣᠭᠤᠯᠤᠯᠲᠠ ᠵᠢᠨ ᠠᠮᠢᠳᠤᠯᠢᠭ ᠬᠦᠴᠦᠨ᠎ᠢ ᠬᠥᠭᠵᠢᠭᠡᠬᠦ᠎ᠪᠠᠷ ᠲᠥᠯᠥᠪᠯᠡᠵᠦ ᠪᠠᠢ᠌ᠨ᠎ᠠ᠃
     (ᠬᠣᠶᠠᠷ) ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠯᠡᠨ ᠪᠠᠢ᠌ᠭᠤᠯᠤᠨ᠎ᠠ᠃ ᠠᠵᠤ ᠦᠢ᠍ᠯᠡᠰ᠎ᠤᠨ ᠬᠥᠭᠵᠢᠯᠲᠡ᠎ᠳᠤ ᠦᠵᠡᠭᠦᠯᠭᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠨ᠎ᠠ᠃ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠋ᠠᠳᠬᠠᠨ ᠨᠥᠬᠥᠪᠦᠷᠢᠯᠡᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠦᠢ᠍ᠯᠡᠳᠭᠦ ᠦᠢ᠍ᠯᠡᠰ᠎ᠤᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ᠂ ᠴᠢᠨᠠᠷ ᠰᠠᠢ᠌ᠲᠠᠢ ᠡᠬᠢ ᠪᠠᠶᠠᠯᠢᠭ᠎ᠢ ᠲᠥᠪᠯᠡᠷᠡᠭᠦᠯᠦᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠬᠦᠴᠦᠨ ᠵᠶ᠋ᠠᠨ ᠬᠠᠮᠲᠤᠳᠬᠠᠨ ᠠᠬᠢᠭᠤᠯᠵᠤ᠂ ᠰᠢᠨ᠎ᠡ ᠵᠢ ᠡᠭᠦᠳᠭᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ᠎ᠡ᠃ ᠴᠢᠬᠤᠯᠠ ᠡᠨᠧᠷᠭᠢ ᠵᠢᠨ ᠰᠤᠷᠪᠤᠯᠵᠢ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠤᠯᠤᠰ᠎ᠤᠨ ᠳᠣᠲᠣᠭ᠋ᠠᠳᠤ᠎ᠳᠠᠭᠠᠨ ᠬᠠᠢ᠌ᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠵᠢ ᠨᠡᠮᠡᠭᠳᠡᠭᠦᠯᠦᠨ ᠦᠢ᠍ᠯᠡᠳᠪᠦᠷᠢᠯᠡᠬᠦ ᠴᠢᠳᠠᠪᠤᠷᠢ ᠵᠢ ᠨᠡᠮᠡᠭᠳᠡᠭᠦᠯᠬᠦ ᠵᠢ ᠴᠢᠩᠭ᠋ᠠᠳᠬᠠᠨ᠎ᠠ᠃ ᠤᠯᠠᠮᠵᠢᠯᠠᠯᠲᠤ ᠠᠵᠤ ᠦᠢ᠍ᠯᠡᠰ ᠪᠠ ᠳᠤᠮᠳᠠ ᠵᠢᠵᠢᠭ ᠠᠵᠤ ᠠᠬᠤᠢ᠌ᠯᠠᠯ᠎ᠤᠨ ᠳ᠋ᠢᠵᠢᠲ᠋ᠠᠯᠴᠢᠯᠠᠨ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠳᠡᠭᠡᠳᠦ ᠲᠡᠰᠴᠢᠯᠡᠯᠲᠡ᠂ ᠣᠶᠤᠨᠴᠢᠯᠠᠯᠲᠠ᠂ ᠨᠣᠭᠤᠭ᠋ᠠᠨᠵᠢᠭᠤᠯᠤᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠬᠣᠰᠢᠭᠤᠷᠠᠯ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ᠎ᠤ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠤᠨ᠎ᠠ᠃ ᠥᠨᠳᠥᠷ ᠪᠦᠳᠦᠮᠵᠢᠳᠠᠢ ᠪᠥᠭᠡᠳ ᠰᠠᠭ᠋ᠠᠳ ᠦᠭᠡᠢ ᠨᠡᠪᠲᠡᠷᠡᠬᠦ ᠡᠳ᠋ ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮ᠎ᠢ ᠪᠠᠢ᠌ᠭᠤᠯᠤᠨ᠎ᠠ᠃ ᠳ᠋ᠢᠵᠢᠲ᠋ᠠᠯ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠪᠠᠢ᠌ᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠂ ᠲᠠᠪᠴᠠᠩ᠎ᠤᠨ ᠠᠵᠤ ᠠᠬᠤᠢ ᠵᠢᠨ ᠬᠥᠭᠵᠢᠯᠲᠡ ᠵᠢ ᠳᠡᠮᠵᠢᠨ᠎ᠡ᠃
     (ᠭᠤᠷᠪᠠ) 《ᠬᠣᠶᠠᠷ ᠥᠴᠥᠬᠡᠨ ᠴᠦ᠍ ᠭᠤᠢ᠌ᠪᠢᠰᠢ ᠦᠭᠡᠢ》 ᠪᠠᠢ᠌ᠬᠤ ᠵᠢ ᠦᠨᠡᠨ ᠬᠦ᠌ ᠨᠠᠢ᠌ᠳᠠᠪᠤᠷᠢᠵᠢᠭᠤᠯᠤᠨ᠎ᠠ᠃ ᠤᠯᠤᠰ᠎ᠤᠨ ᠥᠮᠴᠢᠯᠡᠯ᠎ᠤᠨ ᠬᠥᠷᠥᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠭᠰᠠᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠠᠵᠤ ᠠᠬᠤᠢ ᠵᠢᠨ ᠬᠠᠷᠢᠭᠤᠴᠠᠯᠭ᠎ᠠ ᠪᠠ ᠨᠡᠢ᠌ᠭᠡᠮ᠎ᠤᠨ ᠬᠠᠷᠢᠭᠤᠴᠠᠯᠭ᠎ᠠ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠤᠳᠤ ᠦᠶ᠎ᠡ ᠵᠢᠨ ᠺᠤᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠦᠨ᠎ᠡ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠥᠮᠴᠢᠯᠡᠬᠦ ᠡᠷᠬᠡ ᠪᠠ ᠠᠵᠤ ᠠᠬᠤᠢ᠌ᠯᠠᠯᠲᠠᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠠᠷᠠᠳ᠎ᠠᠴᠠ ᠡᠵᠡᠩᠨᠡᠭᠰᠡᠨ ᠠᠵᠤ ᠠᠬᠤᠢ ᠪᠣᠯᠣᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠵᠣᠷᠢᠭᠵᠢᠭᠤᠯᠤᠨ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠣᠯᠣᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠬᠥᠭᠵᠢᠯᠲᠡ ᠵᠢ ᠳᠡᠮᠵᠢᠵᠦ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠵᠢ ᠪᠠᠢ᠌ᠭᠤᠯᠵᠤ᠂ ᠡᠯ᠎ᠡ ᠲᠥᠷᠥᠯ᠎ᠤᠨ ᠥᠮᠴᠢᠯᠡᠯ᠎ᠤᠨ ᠠᠵᠤ ᠠᠬᠤᠢ᠌ᠯᠠᠯ᠎ᠳᠤ ᠡᠷᠬᠡ ᠲᠡᠭᠰᠢ᠎ᠪᠠᠷ ᠥᠷᠢᠰᠦᠯᠳᠦᠨ᠂ ᠮᠥᠴᠡᠭᠡᠷᠬᠡᠨ ᠭᠦᠭᠵᠢᠭᠦ ᠣᠷᠴᠢᠨ ᠨᠥᠬᠥᠴᠡᠯ᠎ᠢ ᠪᠤᠶ ᠪᠣᠯᠭ᠋ᠠᠨ ᠥᠭᠴᠦ᠂ ᠦᠨᠡᠨ ᠪᠣᠳᠠᠲᠠᠢ ᠠᠷᠭ᠎ᠠ ᠪᠣᠳᠣᠯᠭ᠎ᠠ᠎ᠪᠠᠷ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ᠎ᠤᠨ ᠢᠲᠡᠭᠡᠯ᠎ᠢ ᠬᠥᠪᠴᠢᠯᠡᠨ᠎ᠡ᠃
     (ᠳᠥᠷᠪᠡ) ᠭᠠᠳᠠᠭ᠋ᠠᠳᠤ ᠪᠡᠯᠡ ᠵᠢ ᠨᠠᠩ ᠶᠡᠬᠡ ᠡᠷᠴᠢᠮ ᠵᠶ᠋ᠠᠷ ᠲᠠᠲᠠᠵᠤ ᠠᠰᠢᠭᠯᠠᠨ᠎ᠠ᠃ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠥᠷᠭᠡᠳᠬᠡᠵᠦ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶᠡᠨ᠎ᠳᠠᠬᠢ ᠨᠡᠭᠡᠭᠡᠯᠲᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠠᠷᠠᠳ ᠢᠷᠭᠡᠨ᠎ᠤ ᠬᠠᠷᠠᠭ᠋ᠠᠯᠵᠠᠯ᠎ᠢ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠪᠦᠭᠦ ᠲᠠᠯ᠎ᠠ ᠵᠢᠨ ᠬᠢᠭᠡᠳ ᠳᠠᠪᠰᠢᠩᠭᠤᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ (CPTPP) ᠵᠡᠷᠭᠡ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠬᠡᠯᠡᠯᠴᠡᠭᠡᠷ᠎ᠲᠤ ᠣᠷᠣᠬᠤ ᠵᠢ ᠢᠳᠡᠪᠬᠢᠲᠡᠢ ᠠᠬᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠮᠢᠶ᠎ᠠ ᠪᠦᠬᠦᠢ ᠳᠦᠷᠢᠮᠯᠡᠯ᠂ ᠳᠦᠷᠢᠮ ᠲᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ᠎ᠲᠠᠢ ᠬᠠᠷᠢᠴᠠᠭᠤᠯᠤᠨ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠨ᠎ᠡ᠃ ᠣᠷᠣᠨ ᠪᠦᠰᠡ ᠵᠢᠨ ᠨᠡᠭᠡᠭᠡᠯᠲᠡ ᠵᠢᠨ ᠪᠠᠢ᠌ᠷᠢᠰᠢᠯ᠎ᠢ ᠰᠢᠯᠢᠳᠡᠭᠵᠢᠭᠦᠯᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠳᠡᠭᠡᠭᠰᠢᠯᠡᠭᠦᠯᠭᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠨ᠂ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠂ ᠡᠯ᠎ᠡ ᠲᠥᠰᠥᠯ᠎ᠤᠨ ᠨᠡᠭᠡᠭᠡᠨ ᠬᠥᠭᠵᠢᠭᠦᠯᠬᠦ ᠣᠷᠣᠨ ᠵᠡᠷᠭᠡ ᠨᠡᠭᠡᠭᠡᠯᠲᠡᠲᠤ ᠲᠠᠪᠴᠠᠩ᠎ᠤᠨ ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠎ᠠ᠃ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠠᠵᠤ ᠠᠬᠤᠢ᠎ᠳᠤ ᠦᠵᠡᠭᠦᠯᠭᠦ ᠲᠤᠯᠭ᠋ᠠᠭᠤᠷᠢᠯᠠᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠤᠨ᠎ᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠳᠤ ᠦᠢ᠍ᠯᠡᠴᠢᠯᠡᠬᠦ ᠠᠵᠢᠯ᠎ᠢ ᠰᠠᠢ᠌ᠲᠤᠷ ᠬᠢᠵᠦ᠂ ᠭᠠᠳᠠᠭ᠋ᠠᠳᠤ ᠪᠡᠯᠡ ᠵᠢᠨ ᠪᠡᠯᠭᠡ ᠲᠡᠮᠳᠡᠭ᠎ᠤᠨ ᠴᠢᠨᠠᠷᠲᠠᠢ ᠲᠥᠰᠥᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠪᠦᠲᠦᠭᠡᠨ ᠪᠠᠢ᠌ᠭᠤᠯᠬᠤ ᠵᠢ ᠠᠬᠢᠭᠤᠯᠤᠨ᠎ᠠ᠃ ᠨᠡᠭᠡᠭᠡᠯᠲᠡᠲᠡᠢ ᠳᠤᠮᠳᠠᠳᠤ ᠤᠯᠤᠰ᠎ᠤᠨ ᠲᠣᠮᠣ ᠵᠠᠬ᠎ᠠ ᠳᠡᠯᠭᠡᠭᠦᠷ ᠯᠠᠪᠲᠠᠢ ᠡᠯ᠎ᠡ ᠤᠯᠤᠰ᠎ᠤᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠳᠤ ᠨᠡᠩ ᠤᠯᠠᠨ ᠲᠣᠭᠢᠶᠠᠯ ᠬᠠᠩᠭ᠋ᠠᠵᠤ ᠴᠢᠳᠠᠨ᠎ᠠ᠃
     (ᠲᠠᠪᠤ) ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠨ᠎ᠠ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠦᠨ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠣᠷᠣᠨ ᠪᠦᠰᠡ ᠵᠢᠨ ᠴᠢᠨᠠᠷᠲᠠᠢ᠂ ᠰᠢᠰᠲ᠋ᠧᠮ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠪᠤᠢ ᠪᠤᠯᠬᠤ᠎ᠠᠴᠠ ᠰᠡᠷᠭᠡᠢ᠌ᠯᠡᠨ᠎ᠡ᠃ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠴᠢᠨᠠᠷ ᠰᠠᠢ᠌ᠲᠠᠢ ᠲᠣᠯᠣᠭ᠋ᠠᠢ᠌ᠯᠠᠭᠰᠠᠨ ᠠᠵᠤ ᠠᠬᠤᠢ᠌ᠯᠠᠯ᠎ᠤᠨ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ᠂ ᠡᠳ᠋ ᠬᠥᠷᠥᠩᠭᠡ ᠵᠢᠨ ᠥᠷᠢ ᠥᠭᠴᠡᠭᠡ ᠵᠢᠨ ᠪᠠᠢ᠌ᠳᠠᠯ᠎ᠢ ᠰᠠᠢ᠌ᠵᠢᠷᠠᠭᠤᠯᠵᠤ᠂ ᠡᠮᠬᠢ ᠵᠢᠷᠤᠮ ᠦᠭᠡᠢ ᠥᠷᠭᠡᠵᠢᠬᠦ᠎ᠠᠴᠠ ᠰᠡᠷᠭᠡᠢ᠌ᠯᠡᠨ ᠬᠣᠷᠢᠭᠯᠠᠵᠤ᠂ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠦᠢ᠍ᠯᠡᠰ᠎ᠤᠨ ᠲᠣᠭᠲᠠᠭᠤᠨ ᠵᠶ᠋ᠠᠷ ᠭᠦᠭᠵᠢᠭᠦ ᠵᠢ ᠠᠬᠢᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠵᠤ᠂ ᠥᠷᠢ ᠥᠭᠴᠡᠭᠡ ᠵᠢᠨ ᠬᠤᠭᠤᠴᠠᠭ᠎ᠠ ᠵᠢᠨ ᠪᠦᠲᠦᠴᠡ ᠵᠢ ᠰᠢᠯᠢᠳᠡᠭᠵᠢᠭᠦᠯᠦᠨ᠂ ᠬᠦᠦ ᠮᠥᠩᠭᠥ ᠵᠢᠨ ᠳᠠᠷᠤᠭ᠋ᠠᠰᠤ ᠵᠢ ᠬᠥᠩᠭᠡᠷᠡᠭᠦᠯᠵᠦ᠂ ᠨᠡᠮᠡᠭᠳᠡᠯ᠎ᠢ ᠬᠣᠷᠢᠭᠯᠠᠵᠤ᠂ ᠬᠠᠳᠠᠭ᠋ᠠᠯᠠᠯᠲᠠ ᠬᠡᠮᠵᠢᠶ᠎ᠡ ᠵᠢ ᠠᠷᠢᠯᠭ᠋ᠠᠨ᠎ᠠ᠃
     (ᠵᠢᠷᠭᠤᠭ᠎ᠠ) ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠬᠤ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ ᠲᠠᠷᠢᠶᠠᠯᠠᠩ᠎ᠤᠨ ᠣᠳᠣᠬᠢᠴᠢᠯᠠᠯᠲᠠ ᠪᠠ ᠬᠥᠳᠡᠭᠡ ᠳᠤᠰᠬᠤᠨ᠎ᠤ ᠣᠳᠣᠬᠢᠴᠢᠯᠠᠯᠲᠠ ᠵᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠵᠤ᠂ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠯ᠎ᠢ ᠰᠠᠢ᠌ᠲᠤᠷ ᠠᠳᠬᠤᠵᠤ᠂ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠪᠤᠷᠢ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠵᠢᠨ ᠠᠵᠢᠯᠯᠠᠭ᠎ᠠ ᠵᠢ ᠬᠡᠷᠡᠭᠵᠢᠭᠦᠯᠦᠨ᠎ᠡ᠃ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠭᠤᠨ ᠪᠠᠢ᠌ᠯᠭ᠋ᠠᠬᠤ ᠠᠷᠭ᠋ᠠᠴᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠯᠠᠩ᠎ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ ᠪᠠ ᠲᠣᠨᠣᠭᠯᠠᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠠᠰᠢᠭ ᠤᠷᠤᠯᠭ᠎ᠠ ᠵᠢ ᠪᠠᠲᠤᠯᠠᠬᠤ ᠲᠣᠭᠲᠠᠴᠠ ᠪᠠ ᠭᠣᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢ ᠨᠥᠬᠥᠪᠦᠷᠢᠯᠡᠬᠦ ᠲᠣᠭᠲᠠᠴᠠ ᠵᠢ ᠪᠦᠷᠢᠨᠰᠢᠭᠦᠯᠦᠨ᠎ᠡ᠃ ᠬᠠᠮ ᠢᠳᠡᠭᠡᠨ᠎ᠤ ᠦᠵᠡᠯᠲᠡ ᠵᠢ ᠪᠤᠢ ᠪᠤᠯᠭ᠋ᠠᠵᠤ᠂ ᠤᠯᠠᠨ ᠡᠰᠢᠴᠢᠯᠡᠭᠰᠡᠨ ᠢᠳᠡᠭᠡᠨ᠎ᠤ ᠬᠠᠩᠭ᠋ᠠᠯᠭ᠎ᠠ ᠵᠢᠨ ᠰᠢᠰᠲ᠋ᠧᠮ᠎ᠢ ᠪᠠᠢ᠌ᠭᠤᠯᠤᠨ᠎ᠠ᠃ ᠬᠥᠳᠡᠭᠡ ᠲᠣᠰᠬᠤᠨ᠎ᠤ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠵᠦ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ᠎ᠢ᠎ᠨᠢ ᠥᠷᠭᠡᠳᠬᠡᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠭᠦ᠎ᠠᠴᠠ ᠡᠷᠡᠰ ᠰᠡᠷᠭᠡᠢ᠌ᠯᠡᠨ᠎ᠡ᠃ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠲᠦᠯᠬᠢᠨ ᠤᠷᠤᠭᠰᠢᠯᠠᠭᠤᠯᠤᠨ᠎ᠠ᠃ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠵᠢ ᠳᠠᠭᠢᠭ᠋ᠠᠳ ᠭᠤᠴᠢᠨ ᠵᠢᠯ ᠤᠷᠲᠤᠳᠬᠠᠬᠤ ᠲᠤᠬᠠᠢ ᠤᠯᠤᠰ᠎ᠤᠨ ᠲᠦᠷᠦ ᠵᠢᠨ ᠪᠣᠳᠣᠯᠭ᠎ᠠ ᠵᠢ ᠡᠷᠬᠡᠪᠰᠢ ᠨᠠᠷᠢᠨ ᠨᠢᠮᠪᠠᠢ ᠠᠵᠢᠯᠯᠠᠬᠤ᠎ᠪᠠᠷ ᠳᠠᠮᠵᠢᠭᠤᠯᠤᠨ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠬᠡᠷᠡᠭᠲᠡᠢ᠃
     (ᠳᠣᠯᠤᠭ᠎ᠠ) ᠬᠥᠭᠵᠢᠯᠲᠡ ᠵᠢᠨ ᠠᠷᠭ᠎ᠠ ᠮᠠᠶᠢᠭ᠎ᠤᠨ ᠨᠣᠭᠣᠭ᠋ᠠᠨ ᠬᠤᠪᠢᠷᠠᠭᠤᠯᠤᠯᠲᠠ ᠵᠢ ᠠᠬᠢᠭᠤᠯᠤᠨ᠎ᠠ᠃ ᠣᠷᠴᠢᠨ ᠠᠬᠤᠢ ᠵᠢᠨ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠭᠦᠨᠵᠡᠭᠡᠢ ᠠᠬᠢᠭᠤᠯᠤᠨ᠎ᠠ᠃ ᠰᠠᠪᠠ ᠭᠠᠵᠠᠷ᠎ᠤᠨ ᠶᠡᠷᠦᠩᠬᠡᠢ᠌ᠯᠡᠭᠰᠡᠨ ᠵᠠᠰᠠᠯᠲᠠ ᠵᠢ ᠴᠢᠩᠭ᠋ᠠᠳᠬᠠᠨ᠂ ᠬᠤᠳᠠ ᠬᠥᠳᠡᠭᠡ ᠵᠢᠨ ᠣᠷᠴᠢᠨ ᠠᠬᠤᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠦᠨ᠎ᠡ᠃ ᠡᠨᠧᠷᠭᠢ ᠵᠢᠨ ᠰᠤᠷᠪᠤᠯᠵᠢ ᠵᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠠᠷ ᠠᠰᠢᠭᠯᠠᠬᠤ ᠮᠡᠷᠭᠡᠵᠢᠯ᠎ᠤᠨ ᠰᠤᠳᠤᠯᠤᠨ ᠨᠡᠭᠡᠭᠡᠯᠲᠡ ᠵᠢ ᠠᠬᠢᠭᠤᠯᠵᠤ᠂ ᠰᠢᠨ᠎ᠡ ᠭᠡᠯᠪᠡᠷᠢ ᠵᠢᠨ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠢ ᠲᠦᠷᠭᠡᠯᠡᠨ ᠪᠠᠢ᠌ᠭᠤᠯᠵᠤ᠂ ᠳᠠᠭᠢᠨ ᠡᠭᠦᠰᠴᠦ ᠪᠤᠯᠬᠤ ᠡᠨᠧᠷᠭᠢ ᠵᠢᠨ ᠰᠤᠷᠪᠤᠯᠵᠢ ᠵᠢᠨ ᠡᠵᠡᠯᠡᠭᠦ ᠬᠠᠷᠢᠴᠠᠯ᠎ᠢ ᠳᠡᠭᠡᠭᠰᠢᠯᠡᠭᠦᠯᠦᠨ᠎ᠠ᠃ ᠨᠣᠭᠣᠭ᠋ᠠᠨ ᠬᠥᠭᠵᠢᠯᠲᠡ ᠵᠢ ᠳᠡᠮᠵᠢᠭᠦ ᠲᠥᠷᠥ ᠵᠢᠨ ᠪᠣᠳᠣᠯᠭ᠎ᠠ ᠪᠠ ᠮᠥᠩᠭᠥᠨ ᠭᠦᠢ᠍ᠯᠭᠡᠭᠡᠨ᠎ᠤ ᠪᠠᠭ᠋ᠠᠵᠢ ᠵᠢ ᠲᠡᠭᠦᠯᠳᠡᠷᠵᠢᠭᠦᠯᠵᠦ᠂ ᠣᠷᠴᠢᠯ ᠠᠵᠤ ᠠᠬᠤᠢ ᠵᠢ ᠬᠥᠭᠵᠢᠭᠦᠯᠦᠨ᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠤᠨ ᠪᠣᠬᠢᠷᠳᠤᠯ᠎ᠢ ᠪᠠᠭ᠋ᠠᠰᠬᠠᠬᠤ ᠵᠢ ᠠᠬᠢᠭᠤᠯᠵᠤ᠂ ᠴᠡᠯᠮᠡᠭ ᠲᠡᠭᠷᠢ᠂ ᠲᠤᠩᠭ᠋ᠠᠯᠠᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠨ᠎ᠢ ᠦᠷᠭᠦᠯᠵᠢᠯᠡᠨ ᠰᠠᠢ᠌ᠲᠤᠷ ᠬᠢᠨ᠎ᠡ᠃
     (ᠨᠠᠢ᠍ᠮᠠ) ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠵᠤ ᠨᠡᠢ᠌ᠭᠡᠮ᠎ᠤᠨ ᠠᠵᠢᠯ ᠦᠢ᠍ᠯᠡᠰ᠎ᠢ ᠬᠥᠭᠵᠢᠭᠦᠯᠦᠨ᠎ᠡ᠃ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠣᠷᠣᠨ ᠰᠠᠭᠤᠴᠠ ᠵᠢᠨ ᠵᠠᠢ᠌ᠯᠠᠰᠢ ᠦᠭᠡᠢ ᠴᠢᠨᠠᠷᠲᠠᠢ ᠪᠠ ᠰᠠᠢ᠌ᠵᠢᠷᠠᠭᠤᠯᠬᠤ ᠴᠢᠨᠠᠷᠲᠠᠢ ᠬᠡᠷᠡᠭᠴᠡᠭᠡ ᠵᠢ ᠳᠡᠮᠵᠢᠵᠦ᠂ ᠰᠢᠨ᠎ᠡ ᠬᠤᠳᠠ ᠵᠢᠨ ᠠᠷᠠᠳ᠂ ᠵᠠᠯᠠᠭᠤᠴᠤᠳ ᠵᠡᠷᠭᠡ ᠬᠥᠮᠥᠰ᠎ᠤᠨ ᠣᠷᠣᠨ ᠰᠠᠭᠤᠴᠠ ᠵᠢᠨ ᠠᠰᠠᠭᠤᠳᠠᠯ᠎ᠢ ᠰᠢᠢ᠍ᠳᠪᠦᠷᠢᠯᠡᠵᠦ᠂ ᠬᠠᠭᠤᠴᠢᠨ ᠰᠠᠭᠤᠭ᠋ᠠᠯᠢ ᠲᠣᠭᠣᠷᠢᠭ ᠪᠠ ᠨᠤᠷᠠᠬᠤ ᠠᠶᠤᠯᠲᠠᠢ ᠬᠠᠭᠤᠴᠢᠨ ᠭᠡᠷ ᠪᠠᠢ᠌ᠰᠢᠩ᠎ᠢ ᠰᠢᠨᠡᠳᠬᠡᠨ ᠵᠠᠰᠠᠬᠤ ᠠᠵᠢᠯ᠎ᠢ ᠲᠦᠷᠭᠡᠯᠡᠨ ᠠᠬᠢᠭᠤᠯᠤᠨ᠎ᠠ᠃ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠦᠷᠭᠡᠯᠡᠨ ᠪᠠᠢ᠌ᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠪᠥᠭᠡᠳ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠵᠢᠨ ᠨᠢᠭᠡ ᠴᠣᠭᠴᠠᠵᠢᠯᠲᠠ ᠵᠢ ᠠᠬᠢᠭᠤᠯᠵᠤ᠂ ᠰᠤᠷᠭ᠋ᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠤᠨᠴᠠᠭ᠋ᠠᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠬᠥᠭᠵᠢᠯᠲᠡ ᠵᠢ ᠠᠬᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠶᠡᠬᠡ᠎ᠪᠠᠷ ᠬᠥᠭᠵᠢᠭᠦᠯᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢ ᠳᠡᠮᠵᠢᠵᠦ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠢ᠌ᠷᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠮᠨᠡᠯᠭᠡ ᠵᠢᠨ ᠳᠠᠭ᠋ᠠᠳᠬᠠᠯ᠂ ᠡᠮᠴᠢᠯᠡᠭᠡ᠂ ᠡᠮ ᠡᠮᠨᠡᠯᠭᠡ ᠵᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠵᠢ ᠠᠬᠢᠭᠤᠯᠤᠨ᠎ᠠ᠃ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠤᠨ ᠬᠡᠪᠴᠢᠶ᠎ᠡ ᠵᠢ ᠥᠷᠭᠡᠳᠬᠡᠵᠦ ᠳᠣᠷᠣᠭᠰᠢ ᠪᠠᠭᠤᠯᠭ᠋ᠠᠬᠤ ᠪᠠ ᠣᠷᠣᠨ ᠪᠦᠰᠡ᠎ᠳᠤ ᠲᠡᠩᠴᠡᠭᠦᠷᠢᠲᠡᠢ ᠪᠠᠢ᠌ᠷᠢᠯᠠᠭᠤᠯᠬᠤ ᠵᠢ ᠠᠬᠢᠭᠤᠯᠤᠨ᠎ᠠ᠃ ᠬᠢᠲᠠᠳ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠨ᠎ᠡ᠃ ᠰᠡᠳᠬᠢᠴᠡ ᠵᠢᠨ ᠡᠷᠡᠭᠦᠯ ᠮᠡᠨᠳᠦ ᠪᠠ ᠤᠶᠤᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠢ ᠴᠢᠬᠤᠯᠠᠴᠢᠯᠠᠨ᠎ᠠ᠃ ᠬᠥᠮᠥᠨ ᠠᠮᠠ ᠵᠢᠨ ᠨᠠᠰᠤᠵᠢᠯᠳᠠ ᠵᠢ ᠢᠳᠡᠪᠬᠢᠲᠡᠢ ᠠᠷᠭ᠋ᠠᠴᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠨ᠎ᠡ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠠᠲᠤᠯᠠᠭ᠎ᠠ ᠵᠢ ᠴᠢᠩᠭ᠋ᠠᠳᠬᠠᠵᠤ᠂ ᠦᠷᠡᠵᠢᠯ᠎ᠢ ᠳᠡᠮᠵᠢᠭᠦ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠡᠮᠡᠭᠲᠡᠢ᠌ᠴᠦᠳ᠂ ᠬᠡᠦᠬᠡᠳ᠂ ᠨᠠᠰᠤᠲᠠᠢ᠌ᠴᠤᠳ᠂ ᠵᠡᠮᠳᠡᠭᠴᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠴᠡᠷᠢᠭ ᠪᠠ ᠴᠡᠷᠢᠭ᠎ᠤᠨ ᠭᠡᠷ ᠪᠦᠯᠢ᠂ ᠴᠡᠷᠢᠭ᠎ᠤᠨ ᠠᠯᠪᠠ᠎ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭ᠋ᠠᠯᠵᠠᠭᠳᠠᠬᠤ ᠡᠲᠡᠭᠡᠳ᠎ᠤᠨ ᠬᠠᠷᠠᠭ᠋ᠠᠯᠵᠠᠯ ᠠᠰᠠᠷᠠᠮᠵᠢ ᠵᠢᠨ ᠠᠵᠢᠯ᠎ᠢ ᠰᠠᠢ᠌ᠲᠤᠷ ᠬᠢᠨ᠎ᠡ᠃ ᠰᠣᠶᠣᠯ᠎ᠤᠨ ᠠᠵᠢᠯ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠦᠨ᠎ᠡ᠃ ᠨᠡᠢ᠌ᠭᠡᠮ᠎ᠤᠨ ᠵᠠᠰᠠᠯᠲᠠ ᠵᠢᠨ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ᠎ᠡ᠃ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠪᠠ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠪᠠ ᠭᠠᠮᠰᠢᠭ᠎ᠠᠴᠠ ᠠᠪᠤᠷᠠᠬᠤ ᠠᠵᠢᠯ᠎ᠢ ᠴᠢᠩᠭ᠋ᠠᠳᠬᠠᠨ᠎ᠠ᠃ ᠤᠯᠤᠰ᠎ᠤᠨ ᠶᠡᠷᠦᠩᠬᠡᠢ ᠴᠣᠭᠴᠠ ᠵᠢᠨ ᠠᠮᠤᠷ ᠲᠦᠪᠰᠢᠨ᠎ᠤ ᠦᠵᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢ᠌ᠭᠤᠯᠤᠨ᠎ᠠ᠃
      ᠵᠠᠰᠠᠭ᠎ᠤᠨ ᠣᠷᠳᠣᠨ᠎ᠤ ᠳᠤᠰ ᠪᠡᠶ᠎ᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠦᠷᠭᠦᠯᠵᠢᠯᠡᠨ ᠬᠤᠪᠢᠷᠠᠭᠤᠯᠵᠤ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠰᠠᠢ᠌ᠲᠤᠷ ᠬᠢᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠰᠢᠨ᠎ᠡ ᠵᠢ ᠡᠭᠦᠳᠭᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢ᠍ᠯᠡᠴᠢᠯᠡᠭᠡᠨ᠎ᠤ ᠭᠡᠯᠪᠡᠷᠢ ᠵᠢᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠪᠠᠢ᠌ᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠦᠷ᠎ᠡ ᠪᠦᠳᠦᠮᠵᠢ ᠪᠠ ᠤᠯᠠᠨ ᠨᠡᠢ᠌ᠳᠠ ᠵᠢ ᠢᠳᠡᠭᠡᠭᠦᠯᠭᠦ ᠬᠦᠴᠦᠨ᠎ᠢ ᠳᠡᠭᠡᠭᠰᠢᠯᠡᠭᠦᠯᠦᠨ᠎ᠡ᠃
      ᠲᠥᠯᠥᠭᠡᠯᠡᠭᠴᠢᠳ ᠠ᠋!
      ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠤᠯᠭ᠋ᠠᠬᠤ᠎ᠪᠠᠷ ᠭᠣᠣᠯ ᠰᠢᠵᠢᠮ ᠪᠤᠯᠭ᠋ᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ ᠪᠠ ᠬᠠᠮᠲᠤ᠎ᠪᠠᠷ ᠴᠡᠴᠡᠭᠯᠡᠨ ᠭᠦᠭᠵᠢᠭᠦ ᠵᠢ ᠠᠬᠢᠭᠤᠯᠤᠨ᠎ᠠ᠃ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ ᠵᠢ ᠪᠠᠷᠢᠮᠲᠠᠯᠠᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠱᠠᠰᠢᠨ ᠰᠤᠷᠲᠠᠬᠤᠨ᠎ᠢ ᠢᠳᠡᠪᠬᠢᠲᠡᠢ ᠬᠥᠲᠥᠯᠥᠨ ᠵᠢᠯᠤᠭᠣᠳᠴᠤ ᠨᠡᠢ᠌ᠭᠡᠮ ᠵᠢᠷᠤᠮᠲᠤ ᠨᠡᠢ᠌ᠭᠡᠮ᠎ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ ᠨᠢᠭᠡᠳᠦᠨ ᠲᠡᠮᠡᠴᠡᠬᠦ᠂ ᠭᠡᠷᠡᠯ ᠰᠠᠴᠤᠷᠠᠩᠭᠤᠢ ᠦᠢ᠍ᠯᠡᠰ᠎ᠢ ᠬᠠᠮᠲᠤ᠎ᠪᠠᠷ ᠴᠣᠭᠴᠠᠯᠠᠬᠤ ᠬᠦᠴᠦᠷᠬᠡᠭ ᠶᠡᠬᠡ ᠬᠦᠴᠦᠨ᠎ᠢ ᠨᠢᠭᠲᠠᠷᠠᠭᠤᠯᠤᠨ᠎ᠠ᠃
      ᠪᠢᠳᠡ ᠰᠢ ᠵᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠢ᠌ᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠤ᠂ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ ᠵᠢᠨ ᠲᠣᠭᠣᠷᠢᠨ᠎ᠳᠤ᠂ ᠲᠡᠮᠡᠴᠡᠯ ᠬᠢᠬᠦ ᠵᠢᠨ ᠳᠠᠭ᠋ᠠᠤ ᠳᠠᠢ᠌ᠨ᠎ᠳᠤ ᠪᠡᠯᠡᠳᠬᠡᠬᠦ ᠪᠠ ᠪᠦᠲᠦᠭᠡᠨ ᠪᠠᠢ᠌ᠭᠤᠯᠤᠯᠲᠠ ᠬᠢᠵᠦ᠂ ᠨᠠᠮ ᠪᠠ ᠠᠷᠠᠳ ᠲᠦᠮᠡᠨ᠎ᠠᠴᠠ ᠳᠠᠭ᠋ᠠᠭ᠋ᠠᠯᠭ᠋ᠠᠭᠰᠠᠨ ᠡᠯ᠎ᠡ ᠵᠦᠢ᠍ᠯ᠎ᠤᠨ ᠡᠭᠦᠷᠭᠡ ᠵᠢ ᠰᠠᠢ᠌ᠲᠤᠷ ᠪᠡᠶᠡᠯᠡᠭᠦᠯᠦᠨ᠎ᠡ᠃ ᠴᠡᠷᠢᠭ ᠪᠤᠯᠪᠠᠰᠤᠷᠠᠭᠤᠯᠵᠤ ᠳᠠᠢ᠌ᠨ᠎ᠳᠤ ᠪᠡᠯᠡᠳᠬᠡᠬᠦ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠴᠡᠷᠢᠭ᠎ᠤᠨ ᠶᠠᠪᠤᠳᠠᠯ᠎ᠤᠨ ᠪᠠᠢ᠌ᠯᠳᠤᠬᠤ ᠪᠣᠳᠣᠯᠭ᠎ᠠ ᠵᠢᠨ ᠵᠢᠯᠣᠭᠣᠳᠤᠯᠭ᠎ᠠ ᠵᠢᠨ ᠰᠢᠨ᠎ᠡ ᠵᠢ ᠡᠭᠦᠳᠴᠦ᠂ ᠪᠣᠳᠠᠲᠤ ᠳᠠᠢ᠌ᠨ᠎ᠤ ᠮᠠᠶᠢᠭ᠎ᠤᠨ ᠴᠡᠷᠢᠭ᠎ᠤᠨ ᠰᠤᠷᠭ᠋ᠠᠭᠤᠯᠢᠯᠠᠯ᠎ᠢ ᠶᠡᠬᠡ᠎ᠪᠠᠷ ᠠᠳᠬᠤᠵᠤ᠂ ᠡᠯ᠎ᠡ ᠴᠢᠭᠯᠡᠯ ᠡᠯ᠎ᠡ ᠬᠦᠷᠢᠶᠡᠨ᠎ᠤ ᠴᠡᠷᠢᠭ᠎ᠤᠨ ᠶᠠᠪᠤᠳᠠᠯ᠎ᠤᠨ ᠲᠡᠮᠡᠴᠡᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠠᠳᠬᠤᠨ᠎ᠠ᠃ ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠴᠢᠬᠤᠯᠠ ᠶᠡᠬᠡ ᠡᠭᠦᠷᠭᠡ ᠵᠢᠨ ᠲᠡᠮᠡᠴᠡᠯ ᠬᠢᠬᠦ ᠪᠦᠲᠦᠭᠡᠨ ᠪᠠᠢ᠌ᠭᠤᠯᠤᠯᠲᠠ ᠬᠢᠬᠦ ᠪᠠ ᠳᠠᠢ᠌ᠨ᠎ᠳᠤ ᠪᠡᠯᠡᠳᠬᠡᠬᠦ ᠵᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠭᠵᠢᠯᠲᠡ ᠵᠢᠨ ᠴᠢᠬᠤᠯᠠ ᠶᠡᠬᠡ ᠢᠨᠵᠧᠨᠧᠷᠢᠩ᠎ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠰᠲ᠋ᠧᠮ ᠪᠠ ᠴᠢᠳᠠᠪᠤᠷᠢ ᠵᠢ ᠪᠡᠬᠢᠵᠢᠭᠦᠯᠦᠨ ᠳᠡᠭᠡᠭᠰᠢᠯᠡᠭᠦᠯᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠠᠷᠠᠳ ᠨᠡᠢ᠌ᠳᠠ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠢ ᠭᠦᠨᠵᠡᠭᠡᠢ᠌ᠷᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠳᠠᠮᠵᠢᠵᠤ᠂ 《ᠬᠣᠶᠠᠷ᠎ᠢ ᠬᠦᠷᠢᠶᠡᠯᠡᠬᠦ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠤᠨ ᠰᠢᠨ᠎ᠡ ᠬᠠᠭᠤᠳᠠᠰᠤ ᠵᠢ ᠬᠦᠴᠦ᠎ᠪᠠᠨ ᠬᠠᠮᠲᠤᠳᠬᠠᠨ ᠪᠢᠴᠢᠭᠯᠡᠬᠦ ᠬᠡᠷᠡᠭᠲᠡᠢ᠃
      ᠪᠢᠳᠡ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ》᠂ 《ᠰᠢᠶᠠᠩᠭ᠋ᠠᠩ᠎ᠤᠨ ᠬᠥᠮᠥᠨ ᠵᠶ᠋ᠠᠷ ᠰᠢᠶᠠᠩᠭ᠋ᠠᠩ᠎ᠢ ᠵᠠᠰᠠᠭᠤᠯᠬᠤ》᠂ 《ᠣᠣᠮᠧᠨ᠎ᠤ ᠬᠥᠮᠥᠨ ᠵᠶ᠋ᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠪᠦᠭᠦ ᠲᠠᠯ᠎ᠠ᠎ᠪᠠᠷ ᠣᠨᠣᠪᠴᠢᠲᠠᠶ᠂ ᠡᠷᠡᠰ ᠭᠤᠢ᠌ᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭ᠋ᠠᠷ ᠰᠢᠶᠠᠩᠭ᠋ᠠᠩ ᠣᠣᠮᠧᠨ᠎ᠢ ᠵᠠᠰᠠᠬᠤ ᠵᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠣᠣᠯ ᠬᠠᠤᠯᠢ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠦᠨᠳᠦᠰᠦᠨ ᠬᠠᠤᠯᠢᠲᠤ ᠡᠮᠬᠢ ᠵᠢᠷᠤᠮ᠎ᠢ ᠬᠠᠮᠠᠭ᠋ᠠᠯᠠᠵᠤ᠂ 《ᠡᠬᠡ ᠣᠷᠣᠨᠴᠢ ᠬᠥᠮᠥᠰ ᠵᠶ᠋ᠠᠷ ᠰᠢᠶᠠᠩᠭ᠋ᠠᠩ᠎ᠢ ᠵᠠᠰᠠᠭᠤᠯᠬᠤ》᠂ 《ᠡᠬᠡ ᠣᠷᠣᠨᠴᠢ ᠬᠥᠮᠥᠰ ᠵᠶ᠋ᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢ᠌ᠳᠠᠪᠤᠷᠢᠵᠢᠭᠤᠯᠤᠨ᠎ᠠ᠃ ᠰᠢᠶᠠᠩᠭ᠋ᠠᠩ ᠣᠣᠮᠧᠨ᠎ᠤ ᠠᠵᠤ ᠠᠬᠤᠢ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠡᠮᠵᠢᠵᠤ᠂ ᠰᠢᠶᠠᠩᠭ᠋ᠠᠩ ᠣᠣᠮᠧᠨ᠎ᠤ ᠤᠷᠳᠤ ᠬᠤᠭᠤᠴᠠᠭ᠋ᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠢ᠌ᠳᠠᠯ᠎ᠢ ᠪᠠᠲᠤᠯᠠᠨ᠎ᠠ᠃
      ᠪᠢᠳᠡ ᠰᠢᠨ᠎ᠡ ᠴᠠᠭ ᠦᠶ᠎ᠡ ᠵᠢᠨ ᠨᠠᠮ᠎ᠤᠨ ᠲᠠᠢ᠌ᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠵᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠢ᠌ᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠵᠤ᠂ 《ᠲᠤᠰᠠᠭ᠋ᠠᠷ ᠲᠣᠭᠲᠠᠨᠢᠭᠤᠯᠬᠤ》 ᠵᠢ ᠡᠷᠡᠰ ᠡᠰᠡᠷᠭᠦᠴᠡᠵᠦ ᠨᠢᠭᠡᠳᠦᠯ᠎ᠢ ᠡᠷᠡᠰ ᠠᠬᠢᠭᠤᠯᠤᠨ᠂ ᠲᠠᠢ᠌ᠸᠠᠨ ᠬᠣᠭᠣᠯᠠᠢ ᠵᠢᠨ ᠬᠣᠶᠠᠷ ᠲᠠᠯ᠎ᠠ ᠵᠢᠨ ᠬᠠᠷᠢᠴᠠᠭ᠎ᠠ ᠵᠢᠨ ᠨᠠᠢ᠌ᠷᠠᠮᠳᠠᠯ ᠵᠶ᠋ᠠᠷ ᠭᠦᠭᠵᠢᠭᠦ ᠵᠢ ᠠᠬᠢᠭᠤᠯᠵᠤ᠂ ᠡᠬᠡ ᠤᠯᠤᠰ ᠵᠶ᠋ᠠᠨ ᠨᠠᠢ᠌ᠷᠠᠮᠳᠠᠯ ᠵᠶ᠋ᠠᠷ ᠨᠢᠭᠡᠳᠬᠡᠬᠦ ᠠᠬᠢᠴᠠ ᠵᠢ ᠠᠬᠢᠭᠤᠯᠤᠨ᠎ᠠ᠃ ᠲᠠᠢ᠌ᠸᠠᠨ ᠬᠣᠭᠣᠯᠠᠢ ᠵᠢᠨ ᠬᠣᠶᠠᠷ ᠲᠠᠯ᠎ᠠ ᠵᠢᠨ ᠠᠬ᠎ᠠ ᠳᠡᠭᠦᠦ ᠨᠠᠷ ᠤᠳᠤᠮ ᠤᠭᠰᠠᠭ᠎ᠠ ᠨᠢᠭᠡᠲᠡᠢ ᠶᠤᠮ᠂ ᠬᠣᠶᠠᠷ ᠲᠠᠯ᠎ᠠ ᠵᠢᠨ ᠠᠵᠤ ᠠᠬᠤᠢ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠤ᠂ ᠲᠠᠢ᠌ᠸᠠᠨ᠎ᠤ ᠠᠬ᠎ᠠ ᠳᠡᠭᠦᠦ ᠨᠠᠷ᠎ᠤᠨ ᠠᠵᠠ ᠵᠢᠷᠭ᠋ᠠᠯ᠎ᠢ ᠨᠡᠮᠡᠭᠳᠡᠭᠦᠯᠬᠦ ᠪᠠᠢ᠌ᠭᠤᠯᠤᠯ ᠪᠠ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠲᠠᠢ᠌ᠸᠠᠨ ᠬᠣᠭᠣᠯᠠᠢ ᠵᠢᠨ ᠬᠣᠶᠠᠷ ᠲᠠᠯ᠎ᠠ᠎ᠪᠠᠷ ᠵᠶ᠋ᠠᠨ ᠳᠤᠮᠳᠠᠳᠤ ᠵᠢᠨ ᠰᠣᠶᠣᠯ᠎ᠢ ᠬᠠᠮᠲᠤ᠎ᠪᠠᠷ ᠪᠠᠳᠠᠷᠠᠭᠤᠯᠬᠤ ᠵᠢ ᠠᠬᠢᠭᠤᠯᠵᠤ᠂ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠰᠡᠳᠬᠢᠯ ᠨᠢᠭᠡᠳᠦᠨ ᠬᠠᠮᠲᠤ᠎ᠪᠠᠷ ᠪᠡᠶᠡᠯᠡᠭᠦᠯᠬᠦ ᠬᠡᠷᠡᠭᠲᠡᠢ᠃
      ᠪᠢᠳᠡ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠭᠦ ᠨᠠᠢ᠌ᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠥᠷᠥ ᠵᠢᠨ ᠪᠣᠳᠣᠯᠭ᠎ᠠ ᠵᠢ ᠡᠷᠡᠰ ᠬᠡᠷᠡᠭᠵᠢᠭᠦᠯᠵᠦ᠂ ᠡᠩᠬᠡ ᠲᠠᠢ᠌ᠪᠤᠩ ᠬᠥᠭᠵᠢᠯᠲᠡ ᠵᠢᠨ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠬᠤ ᠲᠠᠪᠤᠨ ᠵᠠᠷᠴᠢᠮ᠎ᠤᠨ ᠰᠠᠭᠤᠷᠢᠨ ᠳᠡᠭᠡᠷ᠎ᠡ ᠡᠯ᠎ᠡ ᠤᠯᠤᠰ᠎ᠯᠤᠭ᠎ᠠ ᠨᠥᠭᠦᠷᠰᠡᠭ ᠬᠠᠮᠲᠤᠷᠠᠯᠴᠠᠭ᠎ᠠ᠎ᠪᠠᠨ ᠬᠥᠭᠵᠢᠭᠦᠯᠬᠦ ᠵᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠲᠡᠭᠦ ᠨᠡᠭᠡᠭᠡᠯᠲᠡ ᠵᠢᠨ ᠪᠠᠢ᠌ᠯᠳᠤᠬᠤ ᠪᠣᠳᠣᠯᠭ᠎ᠠ ᠵᠢ ᠡᠷᠡᠰ ᠬᠡᠷᠡᠭᠵᠢᠭᠦᠯᠵᠦ᠂ ᠢᠮᠠᠭᠲᠠ ᠳᠡᠯᠡᠬᠡᠢ ᠵᠢᠨ ᠡᠩᠬᠡ ᠲᠠᠢ᠌ᠪᠤᠩ᠎ᠤᠨ ᠪᠦᠲᠦᠭᠡᠨ ᠪᠠᠢ᠌ᠭᠤᠯᠤᠭᠴᠢ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠢ᠌ᠲᠡ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ᠂ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠤᠨ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠭᠠᠷ ᠬᠣᠯᠪᠣᠯᠴᠠᠨ ᠠᠬᠢᠭᠤᠯᠵᠤ᠂ ᠳᠡᠯᠡᠬᠡᠢ ᠵᠢᠨ ᠡᠩᠬᠡ ᠲᠠᠢ᠌ᠪᠤᠩ ᠪᠠ ᠭᠠᠵᠠᠷ ᠣᠷᠣᠨ᠎ᠤ ᠲᠣᠭᠲᠠᠭᠤᠨ ᠪᠠᠢ᠌ᠳᠠᠯ᠎ᠢ ᠬᠠᠮᠠᠭ᠋ᠠᠯᠠᠨ᠎ᠠ᠃
      ᠲᠥᠯᠥᠭᠡᠯᠡᠭᠴᠢᠳ ᠠ᠋!
      ᠰᠢᠷᠭ᠋ᠠᠭᠤ ᠲᠡᠮᠡᠴᠡᠵᠦ ᠭᠢᠯᠠᠯᠵᠠᠭᠰᠠᠨ ᠠᠮᠵᠢᠯᠲᠠ ᠵᠢ ᠣᠯᠵᠤ᠂ ᠪᠣᠳᠠᠲᠠᠢ ᠠᠵᠢᠯᠯᠠᠵᠤ ᠢᠷᠡᠭᠡᠳᠦᠢ᠎ᠪᠠᠨ ᠴᠣᠭᠴᠠᠯᠠᠶ᠎ᠠ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠡᠷᠡᠮᠡᠬᠡᠢ᠌ᠯᠡᠨ ᠤᠷᠤᠭᠰᠢᠯᠠᠵᠤ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠨ ᠡᠷᠡᠭᠦᠯ ᠵᠶ᠋ᠠᠷ ᠭᠦᠭᠵᠢᠭᠦ ᠵᠢ ᠠᠬᠢᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ᠂ ᠮᠠᠨ᠎ᠤ ᠤᠯᠤᠰ ᠵᠶ᠋ᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠬᠦᠯᠡᠩᠲᠦ ᠰᠠᠢ᠌ᠬᠠᠨ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭ᠋ᠠᠨ ᠪᠦᠲᠦᠭᠡᠨ ᠪᠠᠢ᠌ᠭᠤᠯᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!
     (ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 14᠎ᠤ ᠴᠠᠬᠢᠯᠭ᠋ᠠᠨ ᠮᠡᠳᠡᠭᠡ)
     (ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠣᠪᠴᠢᠶ᠎ᠠ ᠣᠷᠴᠢᠭᠤᠯᠪᠠ)

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            