ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠡᠷᠬᠡ ᠲᠤᠰᠢᠶᠠᠯ
ᠨᠢᠭᠡᠳᠦᠭᠡᠷ ᠵᠦᠢ᠍ᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠥᠪᠰᠢᠶᠡᠷᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》 ᠪᠣᠯᠣᠨ ᠥᠪᠡᠷᠲᠡᠭᠡᠨ ᠵᠠᠰᠠᠬᠤ ᠣᠷᠣᠨ᠎ᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ ᠤᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠪᠠᠢ᠌ᠭᠤᠯᠤᠮᠵᠢ ᠪᠣᠯᠬᠤ ᠪᠥᠭᠡᠳ ᠵᠢᠩᠬᠢᠨᠢ ᠲᠢᠩᠬᠢᠮ᠎ᠤᠨ ᠲᠡᠰ ᠪᠣᠯᠣᠨ᠎ᠠ᠃
ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠨᠠᠮ᠎ᠤᠨ ᠲᠥᠪ ᠬᠣᠷᠢᠶ᠎ᠠ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠢ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠨᠠᠮ᠎ᠤᠨ ᠪᠡᠶ᠎ᠡ ᠵᠢᠨ ᠲᠠᠮᠢᠷ᠎ᠤᠨ ᠠᠵᠢᠯ᠎ᠳᠠᠬᠢ ᠨᠢᠭᠡᠳᠦᠯᠲᠡᠢ ᠵᠢᠯᠤᠭᠤᠳᠤᠯᠭ᠎ᠠ ᠵᠢ ᠪᠠᠷᠢᠮᠳᠠᠯᠠᠬᠤ ᠪᠠ ᠴᠢᠩᠭ᠋ᠠᠳᠬᠠᠨ᠎ᠠ᠃
ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠰᠤᠳᠤᠯᠤᠨ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ ᠦᠢ᠍ᠯᠡᠰ ᠪᠣᠯᠣᠨ ᠪᠡᠶ᠎ᠡ ᠵᠢᠨ ᠲᠠᠮᠢᠷ ᠤᠨ ᠠᠵᠤ ᠦᠢ᠍ᠯᠡᠰ᠎ᠤᠨ ᠲᠤᠮᠳᠠ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠲᠥᠯᠦᠪᠵᠢᠭᠦᠯᠭᠡ ᠪᠣᠯᠣᠨ ᠣᠨ᠎ᠤ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠬᠡᠷᠡᠭᠵᠢᠭᠦᠯᠵᠦ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠥᠯ᠎ᠢ ᠲᠤᠭᠤᠷᠪᠢᠨ ᠪᠢᠴᠢᠨ᠎ᠡ᠃
(ᠬᠣᠶᠠᠷ) ᠣᠯᠠᠨ ᠡᠰᠢᠵᠢᠭᠰᠡᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠵᠤ᠂ ᠪᠡᠶ᠎ᠡ ᠵᠢᠨ ᠲᠠᠮᠢᠷ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ ᠪᠠ ᠪᠡᠶ᠎ᠡ ᠵᠢᠨ ᠲᠠᠮᠢᠷ᠎ᠤᠨ ᠪᠠᠢ᠌ᠭᠤᠯᠤᠯ᠎ᠤᠨ ᠦᠭᠡᠷᠡᠴᠢᠯᠠᠯᠳᠠ ᠵᠢ ᠠᠬᠢᠭᠤᠯᠤᠨ᠎ᠡ᠃
(ᠭᠤᠷᠪᠠ) ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠲᠥᠯᠥᠪᠵᠢᠭᠦᠯᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠵᠢ ᠬᠡᠷᠡᠭᠵᠢᠭᠦᠯᠦᠨ᠂ ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ ᠵᠢ ᠬᠡᠷᠡᠭᠵᠢᠭᠦᠯᠬᠦ᠎ᠳᠤ ᠬᠢᠨᠠᠯᠲᠠ ᠲᠠᠯᠪᠢᠵᠤ᠂ ᠠᠷᠠᠳ ᠢᠷᠭᠡᠳ᠎ᠤᠨ ᠪᠡᠶ᠎ᠡ ᠮᠠᠬᠠᠪᠤᠳ᠎ᠤᠨ ᠬᠢᠨᠠᠨ ᠬᠡᠮᠵᠢᠯᠲᠡ ᠵᠢ ᠥᠷᠨᠢᠭᠦᠯᠦᠨ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠯᠤᠭᠣᠳᠬᠤ ᠠᠵᠢᠯ᠎ᠤᠨ ᠡᠩᠨᠡᠭᠡ ᠵᠢᠨ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠵᠢᠯᠤᠭᠣᠳᠴᠤ᠂ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠬᠢᠨᠠᠯᠲᠠ ᠬᠠᠮᠢᠶᠠᠷᠤᠯᠳᠠ ᠵᠢ ᠬᠠᠷᠢᠭᠤᠴᠠᠨ᠎ᠠ᠃
(ᠳᠥᠷᠪᠡ) ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠲᠤᠬᠢᠷᠠᠭᠤᠯᠤᠯᠳᠠ ᠪᠠ ᠪᠠᠢ᠌ᠷᠢᠯᠠᠭᠤᠯᠤᠯᠲᠠ ᠵᠢ ᠰᠤᠳᠤᠯᠤᠨ ᠲᠥᠯᠥᠪᠵᠢᠭᠦᠯᠦᠨ᠎ᠡ᠃ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠵᠢᠯᠤᠭᠤᠳᠤᠨ ᠵᠤᠬᠢᠴᠠᠭᠤᠯᠤᠨᠡ᠃ ᠲᠠᠮᠢᠷ᠎ᠤᠨ ᠠᠩᠭᠢ ᠵᠢᠨ ᠪᠠᠢ᠌ᠭᠤᠯᠤᠯᠳᠠ ᠪᠠ ᠠᠵᠢᠯ᠎ᠤᠨ ᠴᠢᠯᠦᠭᠡᠨ᠎ᠤ ᠪᠣᠯᠪᠠᠰᠤᠷᠠᠯ᠎ᠤᠨ ᠠᠵᠢᠯ᠎ᠢ ᠵᠢᠯᠣᠭᠣᠳᠤᠨ᠎ᠠ᠃ ᠲᠠᠮᠢᠷᠴᠢᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠵᠤᠬᠢᠴᠠᠭᠤᠯᠤᠨᠡ᠃
(ᠲᠠᠪᠤ) ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠳᠠᠭ᠋ᠠᠭ᠋ᠠᠨ ᠡᠷᠭᠢᠯᠡᠬᠦ ᠪᠠ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ᠌ᠯᠡᠭᠰᠡᠨ ᠴᠢᠨᠠᠷᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠭᠣᠣᠯᠯᠠᠨ ᠡᠷᠭᠢᠯᠡᠨ᠎ᠡ᠃ ᠤᠷᠤᠯᠳᠤᠭ᠋ᠠᠨ᠎ᠤ ᠳᠦᠷᠢᠮ᠎ᠢ ᠲᠣᠭᠲᠠᠭ᠋ᠠᠨ ᠨᠡᠢ᠌ᠲᠡᠯᠡᠵᠦ᠂ ᠪᠥᠬᠥ ᠣᠷᠣᠨ᠎ᠤ ᠴᠢᠨᠠᠷᠲᠠᠢ ᠤᠷᠤᠯᠳᠤᠭ᠋ᠠᠨ ᠪᠠ ᠬᠢᠨᠠᠭᠴᠢ ᠵᠢᠨ ᠡᠩᠨᠡᠭᠡ ᠵᠢ ᠬᠠᠮᠢᠶᠠᠷᠤᠨ᠎ᠠ᠃ ᠬᠥᠭᠡᠷᠦᠭᠦᠯᠬᠦ ᠡᠮ᠎ᠢ ᠡᠰᠡᠷᠭᠦᠴᠡᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
(ᠵᠢᠷᠭᠤᠭ᠎ᠠ) ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠲᠦᠯᠬᠢᠨ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠲᠡᠭᠡᠳᠦ ᠰᠤᠷᠭ᠋ᠠᠭᠤᠯᠢ ᠪᠠᠢ᠌ᠭᠤᠯᠬᠤ ᠵᠢ ᠵᠢᠯᠤᠭᠤᠳᠤᠨ᠎ᠡ᠃
(ᠲᠤᠯᠤᠭ᠎ᠠ) ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠪᠠᠢ᠌ᠷᠢᠰᠢᠭᠤᠯᠤᠯ ᠢ ᠵᠢᠯᠣᠭᠣᠳᠤᠨ ᠲᠡᠭᠦᠯᠳᠡᠷᠵᠢᠭᠦᠯᠦᠨ᠎ᠡ᠃ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠭᠣᠣᠯᠳᠠᠯᠭ᠎ᠠ᠎ᠲᠠᠢ ᠡᠵᠡᠩᠨᠡᠯᠳᠡ ᠵᠢᠨ ᠪᠠᠢ᠌ᠳᠠᠯ᠎ᠢ ᠬᠦᠭᠵᠢᠭᠦᠯᠦᠨ ᠠᠬᠢᠭᠤᠯᠤᠨ᠎ᠡ᠃ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ᠎ᠤᠨ ᠬᠢᠨᠠᠯᠲᠠ ᠬᠠᠮᠢᠶᠠᠷᠤᠯᠳᠠ ᠵᠢ ᠬᠠᠷᠢᠭᠤᠴᠠᠨ᠎ᠠ᠃ ᠪᠡᠶ᠎ᠡ ᠵᠢᠨ ᠲᠠᠮᠢᠷ᠎ᠤᠨ ᠠᠵᠢᠯ ᠲᠦᠷᠦᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠤᠭᠳᠠᠭ᠋ᠠᠬᠤ ᠠᠵᠢᠯ᠎ᠢ ᠵᠢᠯᠤᠭᠤᠳᠤᠨ᠎ᠡ᠃
(ᠨᠠᠢ᠍ᠮᠠ) ᠪᠡᠶ᠎ᠡ ᠵᠢᠨ ᠲᠠᠮᠢᠷ᠎ᠤᠨ ᠰᠣᠶᠣᠯ᠂ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠠᠮᠤᠷ ᠲᠦᠪᠰᠢᠨ᠎ᠤ ᠠᠵᠢᠯ᠎ᠢ ᠵᠣᠬᠢᠶᠠᠨ ᠪᠠᠢ᠌ᠭᠤᠯᠤᠨ ᠵᠢᠯᠤᠭᠣᠳᠴᠤ᠂ ᠪᠥᠬᠥ ᠣᠷᠣᠨ᠎ᠤ ᠴᠢᠨᠠᠷᠲᠠᠢ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠪᠦᠯᠬᠦᠮ ᠪᠠ ᠪᠡᠶ᠎ᠡ ᠵᠢᠨ ᠲᠠᠮᠢᠷ᠎ᠤᠨ ᠲᠥᠷᠥᠯ᠎ᠤᠨ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠠᠵᠢᠯ᠎ᠢ ᠬᠠᠮᠢᠶᠠᠷᠤᠨ ᠵᠢᠯᠣᠭᠣᠳᠤᠨ᠎ᠠ᠃
(ᠶᠢᠰᠦ) ᠭᠠᠳᠠᠭ᠋ᠠᠳᠤ᠎ᠯᠤᠭ᠎ᠠ ᠵᠢᠨ ᠪᠡᠶ᠎ᠡ ᠵᠢᠨ ᠲᠠᠮᠢᠷ᠎ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠥᠷᠨᠢᠭᠦᠯᠦᠨ᠎ᠡ᠃
(ᠠᠷᠪᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠲᠤᠳᠤᠭ᠋ᠠᠳᠦ ᠪᠠᠢ᠌ᠭᠤᠯᠤᠮᠵᠢ
(ᠨᠢᠭᠡ) ᠠᠯᠪᠠᠨ ᠭᠡᠷ᠃ ᠪᠠᠢ᠌ᠭᠤᠯᠭ᠎ᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠢ ᠬᠠᠷᠢᠭᠤᠴᠠᠨ᠎ᠠ᠃ ᠪᠡᠶ᠎ᠡ ᠵᠢᠨ ᠲᠠᠮᠢᠷ᠎ᠤᠨ ᠠᠵᠢᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠬᠥᠭᠵᠢᠯᠲᠡ ᠵᠢᠨ ᠲᠥᠯᠦᠪᠵᠢᠭᠦᠯᠭᠡ ᠵᠢ ᠰᠤᠳᠤᠯᠤᠨ ᠲᠣᠭᠲᠠᠭ᠋ᠠᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ᠂ ᠬᠢᠨᠠᠯᠲᠠ ᠲᠠᠯᠪᠢᠬᠤ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠤᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠪᠡᠶ᠎ᠡ ᠵᠢᠨ ᠲᠠᠮᠢᠷ᠎ᠤᠨ ᠰᠣᠶᠣᠯ᠂ ᠤᠬᠠᠭᠤᠯᠭ᠎ᠠ ᠬᠥᠮᠦᠵᠢᠯ᠂ ᠰᠣᠨᠢᠨ ᠮᠡᠳᠡᠭᠡ ᠨᠡᠢ᠌ᠲᠡᠯᠡᠬᠦ ᠠᠵᠢᠯ᠎ᠢ ᠬᠠᠷᠢᠭᠤᠴᠠᠨ᠎ᠠ᠃ ᠭᠠᠳᠠᠭ᠋ᠠᠳᠤ᠎ᠯᠤᠭ᠎ᠠ ᠵᠢᠨ ᠪᠡᠶ᠎ᠡ ᠵᠢᠨ ᠲᠠᠮᠢᠷ᠎ᠤᠨ ᠬᠠᠮᠲᠤᠷᠠᠯᠴᠠᠭ᠎ᠠ ᠪᠠ ᠪᠡᠶ᠎ᠡ ᠵᠢᠨ ᠲᠠᠮᠢᠷ ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠪᠥᠬᠥ ᠣᠷᠣᠨ᠎ᠤ ᠴᠢᠨᠠᠷᠲᠠᠢ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠪᠣᠯᠣᠨ ᠪᠡᠶ᠎ᠡ ᠵᠢᠨ ᠲᠠᠮᠢᠷ᠎ᠤᠨ ᠲᠥᠷᠥᠯ᠎ᠤᠨ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠠᠵᠢᠯ᠎ᠢ ᠵᠢᠯᠤᠭᠤᠳᠤᠨ ᠬᠠᠮᠢᠶᠠᠷᠤᠨ᠎ᠡ᠃
(ᠬᠣᠶᠠᠷ) ᠠᠵᠢᠯᠲᠠᠨ᠎ᠤ ᠶᠠᠪᠤᠳᠠᠯ᠎ᠤᠨ ᠭᠠᠵᠠᠷ᠃ ᠪᠠᠢ᠌ᠭᠤᠯᠭ᠎ᠠ ᠵᠢᠴᠢ ᠬᠠᠷᠢᠶ᠎ᠠ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ᠂ ᠪᠠᠢ᠌ᠭᠤᠯᠤᠮᠵᠢ ᠵᠢᠨ ᠣᠷᠣᠨ ᠲᠣᠭ᠎ᠠ᠂ ᠬᠥᠳᠡᠯᠮᠦᠷᠢ ᠵᠢᠨ ᠴᠠᠯᠢᠩ᠂ ᠲᠤᠰᠬᠠᠢ ᠮᠡᠷᠭᠡᠵᠢᠯ᠂ ᠨᠡᠢ᠌ᠭᠡᠮ᠎ᠤᠨ ᠪᠠᠲᠤᠯᠠᠭ᠎ᠠ᠂ ᠲᠠᠮᠢᠷᠴᠢᠳ᠎ᠤᠨ ᠪᠠᠲᠤᠯᠠᠭ᠎ᠠ ᠵᠡᠷᠭᠡ ᠠᠵᠢᠯ᠎ᠢ ᠬᠠᠷᠢᠭᠤᠴᠠᠨ᠎ᠠ᠃ ᠪᠡᠶ᠎ᠡ ᠵᠢᠨ ᠲᠠᠮᠢᠷ᠎ᠤᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠤᠭᠳᠠᠭ᠋ᠠᠬᠤ ᠠᠵᠢᠯ᠎ᠢ ᠵᠢᠯᠤᠭᠤᠳᠤᠨ᠎ᠡ᠃
(ᠭᠤᠷᠪᠠ) ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠭᠠᠵᠠᠷ᠃ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ᠂ ᠪᠦᠬᠦ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨᠴᠢ ᠴᠢᠨᠠᠷᠲᠠᠢ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠵᠢᠯᠣᠭᠣᠳᠤᠨ ᠥᠷᠨᠢᠭᠦᠯᠦᠨ᠎ᠡ᠃ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠪᠠ ᠤᠯᠤᠰ ᠠᠷᠠᠳ᠎ᠤᠨ ᠪᠡᠶ᠎ᠡ ᠮᠠᠬᠠᠪᠤᠳ᠎ᠢ ᠬᠢᠨᠠᠨ ᠰᠢᠯᠭ᠋ᠠᠬᠤ ᠲᠦᠷᠢᠮ᠎ᠢ ᠲᠦᠯᠬᠢᠨ ᠠᠬᠢᠭᠤᠯᠤᠨ᠎ᠡ᠃ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠦᠷᠦᠯ ᠵᠦᠢ᠍ᠯ᠎ᠤᠨ ᠳᠦᠷᠢᠮ᠎ᠢ ᠲᠣᠭᠲᠠᠭ᠋ᠠᠨ ᠨᠡᠢ᠌ᠲᠡᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ ᠵᠢ ᠵᠢᠯᠣᠭᠣᠳᠤᠨ ᠬᠡᠷᠡᠭᠵᠢᠭᠦᠯᠦᠨ᠎ᠡ᠃
(ᠳᠥᠷᠪᠡ) ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠭᠠᠵᠠᠷ᠃ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠲᠥᠯᠦᠪᠵᠢᠭᠦᠯᠭᠡ ᠪᠠ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠪᠠᠢ᠌ᠷᠢᠯᠠᠭᠤᠯᠤᠯᠲᠠ ᠪᠠ ᠪᠠᠢ᠌ᠷᠢᠰᠢᠭᠤᠯᠤᠯᠲᠠ ᠵᠢ ᠰᠤᠳᠤᠯᠤᠨ ᠲᠣᠭᠲᠠᠭ᠋ᠠᠵᠤ᠂ ᠪᠥᠬᠥ ᠣᠷᠣᠨ᠎ᠤ ᠴᠢᠨᠠᠷᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠲᠤᠭᠳᠠᠭ᠋ᠠᠯ᠎ᠢ ᠲᠤᠭᠳᠠᠭ᠋ᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠭᠤᠯᠤᠯ᠎ᠤᠨ ᠤᠷᠤᠯᠳᠤᠭ᠋ᠠᠨ᠂ ᠪᠡᠶ᠎ᠡ ᠵᠢᠨ ᠲᠠᠮᠢᠷ ᠤᠨ ᠡᠩᠨᠡᠭᠡᠨ᠎ᠤ ᠪᠠᠢ᠌ᠭᠤᠯᠤᠯᠲᠠ᠂ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯ ᠪᠣᠯᠣᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠬᠥᠭᠵᠢᠯᠲᠡ ᠵᠢ ᠵᠢᠯᠣᠭᠣᠳᠤᠨ᠎ᠠ᠃ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠳᠠᠭ᠋ᠠᠭ᠋ᠠᠨ ᠡᠷᠭᠢᠯᠡᠬᠦ ᠪᠠ ᠲᠡᠭᠦᠨ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ᠌ᠯᠡᠭᠰᠡᠨ ᠴᠢᠨᠠᠷᠲᠠᠢ ᠤᠷᠤᠯᠳᠤᠭ᠋ᠠᠨ᠎ᠢ ᠲᠠᠭ᠋ᠠᠭ᠋ᠠᠴᠢᠯᠠᠨ ᠡᠷᠬᠢᠯᠡᠨ᠎ᠡ᠃ ᠪᠡᠶ᠎ᠡ ᠵᠢᠨ ᠲᠠᠮᠢᠷ᠎ᠤᠨ ᠬᠥᠭᠡᠷᠦᠭᠦᠯᠬᠦ ᠡᠮ᠎ᠢ ᠡᠰᠡᠷᠭᠦᠴᠡᠬᠦ ᠠᠵᠢᠯ ᠥᠷᠨᠢᠭᠦᠯᠬᠦ ᠵᠢ ᠬᠠᠷᠢᠭᠤᠴᠠᠨ᠎ᠠ᠃
(ᠲᠠᠪᠤ) ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠭᠠᠵᠠᠷ᠃ ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠠᠵᠢᠯ ᠤᠨ ᠬᠥᠭᠵᠢᠯᠲᠡ ᠵᠢᠨ ᠲᠥᠯᠦᠪᠵᠢᠭᠦᠯᠭᠡ ᠪᠣᠯᠣᠨ ᠤᠷᠤᠯᠳᠤᠭ᠋ᠠᠨ᠎ᠤ ᠲᠥᠯᠥᠪᠯᠡᠭᠡ ᠵᠢ ᠰᠤᠳᠤᠯᠤᠨ ᠲᠣᠭᠲᠠᠭ᠋ᠠᠵᠤ᠂ ᠵᠠᠯᠠᠭᠤᠴᠤᠳ ᠪᠠᠭ᠋ᠠᠴᠤᠳ᠎ᠤᠨ ᠠᠵᠢᠯ ᠤᠨ ᠴᠢᠯᠦᠭᠡᠨ᠎ᠤ ᠪᠤᠯᠪᠠᠰᠤᠷᠠᠯ᠎ᠤᠨ ᠠᠵᠢᠯ ᠪᠣᠯᠣᠨ ᠪᠡᠶ᠎ᠡ ᠵᠢᠨ ᠲᠠᠮᠢᠷ ᠤᠨ ᠤᠷᠤᠯᠳᠤᠭ᠋ᠠᠨ᠎ᠤ ᠠᠵᠢᠯᠯᠠᠭ᠎ᠠ ᠵᠢ ᠬᠠᠮᠢᠶᠠᠷᠤᠨ᠎ᠠ᠃ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ ᠵᠢᠨ ᠬᠡᠷᠡᠭᠵᠢᠭᠦᠯᠦᠯᠲᠡ ᠵᠢ ᠵᠢᠯᠤᠭᠣᠳᠴᠤ ᠬᠢᠨᠠᠯᠳᠠ ᠲᠠᠯᠪᠢᠨ᠎ᠠ᠃ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠢᠨ ᠪᠠᠢ᠌ᠭᠤᠯᠤᠯᠳᠠ ᠵᠢ ᠵᠢᠯᠤᠭᠤᠳᠤᠨ᠎ᠡ᠃ ᠪᠥᠬᠥ ᠣᠷᠣᠨ᠎ᠤ ᠵᠠᠯᠠᠭᠤᠴᠤᠳ ᠪᠠᠭ᠋ᠠᠴᠤᠳ ᠤᠨ ᠪᠡᠯᠡᠳᠬᠡᠯ ᠴᠢᠳᠠᠪᠤᠷᠢᠲᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠣᠯᠣᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
(ᠵᠢᠷᠭᠤᠭ᠎ᠠ) ᠪᠡᠶ᠎ᠡ ᠵᠢᠨ ᠲᠠᠮᠢᠷ᠎ᠤᠨ ᠠᠵᠤ ᠠᠬᠤᠢ ᠵᠢᠨ ᠭᠠᠵᠠᠷ᠃ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠣᠷᠣᠨ ᠪᠦᠰᠡ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ ᠤᠷᠤᠯᠳᠤᠭ᠋ᠠᠨ᠎ᠤ ᠲᠣᠭᠯᠠᠯᠲᠠ᠂ ᠲᠠᠯᠠᠪᠠᠶ ᠣᠷᠳᠣᠨ᠎ᠤ ᠦᠢ᠍ᠯᠡᠴᠢᠯᠡᠭᠡ᠂ ᠪᠡᠶ᠎ᠡ ᠵᠢᠨ ᠲᠠᠮᠢᠷ᠎ᠤᠨ ᠵᠠᠭᠤᠴᠢ ᠪᠤᠯᠪᠠᠰᠤᠷᠠᠯ᠂ ᠪᠡᠶ᠎ᠡ ᠵᠢᠨ ᠲᠠᠮᠢᠷ᠎ᠤᠨ ᠬᠡᠷᠡᠭᠰᠡᠯ ᠦᠢ᠍ᠯᠡᠳᠬᠦ ᠪᠠ ᠪᠣᠷᠣᠯᠠᠭᠤᠯᠬᠤ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠵᠢᠯᠣᠭᠣᠳᠤᠨ᠎ᠠ᠃ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠠᠵᠢᠯ᠎ᠤᠨ ᠬᠢᠨᠠᠯᠲᠠ ᠬᠠᠮᠢᠶᠠᠷᠤᠯᠳᠠ ᠵᠢ ᠡᠭᠦᠷᠭᠡᠯᠡᠨ᠎ᠡ᠃ ᠪᠦᠬᠦ ᠣᠷᠣᠨ᠎ᠤ ᠤᠯᠠᠨ ᠨᠡᠢ᠍ᠢ᠍ᠳᠡ ᠵᠢᠨ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠵᠢᠯᠤᠭᠣᠳᠬᠤ ᠪᠠ ᠬᠠᠮᠢᠶᠠᠷᠴᠤ ᠬᠢᠨᠠᠯᠲᠠ ᠲᠠᠯᠪᠢᠨ᠎ᠠ᠃ ᠪᠠᠢ᠌ᠭᠤᠯᠭ᠎ᠠ ᠪᠠ ᠬᠠᠷᠢᠶ᠎ᠠ ᠨᠢᠭᠡᠴᠢ ᠵᠢᠨ ᠡᠳ᠋᠎ᠤᠨ ᠶᠠᠪᠤᠳᠠᠯ ᠪᠠ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠪᠡᠶ᠎ᠡ ᠵᠢᠨ ᠲᠠᠮᠢᠷ᠎ᠤᠨ ᠦᠢ᠍ᠯᠡᠰ᠂ ᠠᠵᠤ ᠦᠢ᠍ᠯᠡᠰ᠎ᠤᠨ ᠪᠦᠷᠢᠳᠬᠡᠯ ᠵᠡᠷᠭᠡ ᠠᠵᠢᠯ᠎ᠢ ᠬᠠᠷᠢᠭᠤᠴᠠᠨ᠎ᠠ᠃
(ᠲᠤᠯᠤᠭ᠎ᠠ) ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠃ ᠪᠠᠢ᠌ᠭᠤᠯᠭ᠎ᠠ ᠪᠠ ᠬᠠᠷᠢᠶ᠎ᠠ ᠨᠢᠭᠡᠴᠢ ᠵᠢᠨ ᠵᠶ᠋ᠡᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠢ᠌ᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
(ᠨᠠᠢ᠍ᠮᠠ) ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠥᠰ᠎ᠤᠨ ᠠᠵᠢᠯ᠎ᠤᠨ ᠭᠠᠵᠠᠷ᠃ ᠪᠠᠢ᠌ᠭᠤᠯᠭ᠎ᠠ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠥᠰ᠎ᠤᠨ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠢ ᠵᠢᠨ ᠵᠶ᠋ᠡᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠥᠰ᠎ᠤᠨ ᠠᠵᠢᠯ᠎ᠢ ᠵᠢᠯᠤᠭᠤᠳᠤᠨ᠎ᠡ᠃
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 86 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6396093
ᠬᠠᠷᠢᠭᠤᠴᠠᠯᠭ᠋ᠠᠲᠠᠨ᠄ ᠸᠠᠩ ᠵᠧᠩ ᠢᠦᠢ
ᠬᠠᠷᠢᠶ᠎ᠡ ᠨᠢᠭᠡᠴᠢ
(ᠨᠢᠭᠡ) ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠬᠡᠷᠡᠭᠵᠢᠭᠦᠯᠵᠦ᠂ ᠨᠡᠢ᠌ᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠵᠠᠮ᠎ᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠥᠨ᠎ᠢ ᠬᠥᠮᠥᠵᠢᠭᠦᠯᠬᠦ᠎ᠪᠠᠷ ᠦᠨᠳᠦᠰᠦ ᠪᠣᠯᠭ᠋ᠠᠵᠤ᠂ ᠬᠠᠤᠯᠢ ᠶᠣᠰᠣᠭ᠋ᠠᠷ ᠰᠤᠷᠭ᠋ᠠᠭᠤᠯᠢ ᠵᠢ ᠵᠠᠰᠠᠵᠤ᠂ ᠪᠦᠬᠦ ᠰᠤᠷᠭ᠋ᠠᠭᠤᠯᠢ ᠵᠢᠨ ᠪᠠᠭᠰᠢ ᠰᠤᠷᠤᠬ᠍ᠴᠢ ᠠᠵᠢᠯᠲᠠᠨ᠎ᠳᠤ ᠲᠦᠰᠢᠭᠯᠡᠨ ᠳᠡᠭᠡᠳᠦ ᠰᠤᠷᠭ᠋ᠠᠭᠤᠯᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠦᠨ᠎ᠡ᠃
ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠨᠠᠮ᠎ᠨᠢ ᠨᠠᠮ ᠵᠶ᠋ᠠᠨ ᠬᠠᠮᠢᠶᠠᠷᠬᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠪᠠᠷᠢᠮᠲᠠᠯᠠᠨ᠂ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠳᠡᠭᠡᠳᠦ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠨ᠂ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠤᠯᠤᠰ ᠲᠥᠷᠥ ᠵᠢᠨ ᠭᠣᠣᠯᠯᠠᠬᠤ ᠦᠢ᠍ᠯᠡᠳᠦᠯ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
《ᠭᠤᠷᠪᠠᠨ ᠴᠢᠬᠤᠯᠠ ᠨᠢᠭᠡ ᠶᠡᠬᠡ》 ᠵᠢᠨ ᠰᠢᠢ᠍ᠳᠪᠦᠷᠢᠲᠦ ᠪᠣᠳᠣᠯᠭ᠎ᠠ ᠵᠢᠨ ᠳᠦᠷᠢᠮ᠎ᠤᠨ ᠶᠣᠰᠣᠭ᠋ᠠᠷ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠵᠢᠴᠢ ᠵᠢᠭ᠋ᠠᠨ ᠰᠤᠷᠭ᠋ᠠᠯᠲᠠ᠂ ᠪᠣᠯᠪᠠᠰᠤᠷᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠡᠷᠭᠡ ᠴᠢᠬᠤᠯᠠ ᠶᠡᠬᠡ ᠵᠦᠢ᠍ᠯᠡᠰ᠂ ᠳᠡᠭᠡᠳᠦ ᠰᠤᠷᠭ᠋ᠠᠭᠤᠯᠢ ᠵᠢᠨ ᠳᠣᠲᠣᠭ᠋ᠠᠳᠤ ᠵᠢᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠲᠣᠬᠢᠷᠠᠭᠤᠯᠤᠯᠲᠠ᠂ ᠺᠠᠳ᠋ᠷ᠎ᠢ ᠲᠣᠮᠢᠯᠠᠵᠤ ᠪᠠᠭᠤᠯᠭ᠋ᠠᠬᠤ᠂ ᠶᠡᠬᠡ ᠲᠣᠭ᠋ᠠᠨ᠎ᠤ ᠪᠡᠯᠡ ᠮᠥᠩᠭᠥ ᠵᠢᠨ ᠬᠡᠷᠡᠭᠯᠡᠯᠲᠡ ᠵᠢᠴᠢ ᠦᠨᠳᠦᠰᠦᠨ ᠬᠠᠮᠢᠶᠠᠷᠤᠯᠲᠠ ᠵᠢᠨ ᠳᠦᠷᠢᠮ ᠵᠡᠷᠭᠡ ᠴᠢᠬᠤᠯᠠ ᠶᠡᠬᠡ ᠵᠦᠢ᠍ᠯᠡᠰ᠎ᠢ ᠶᠠᠷᠢᠯᠴᠠᠨ ᠲᠣᠭᠲᠠᠭ᠋ᠠᠨ᠎ᠠ᠃
ᠳᠡᠭᠡᠳᠦ ᠰᠤᠷᠭ᠋ᠠᠭᠤᠯᠢ ᠵᠢᠨ ᠵᠣᠬᠢᠶᠠᠨ ᠪᠠᠶ᠋ᠢᠭᠤᠯᠬᠤ᠂ ᠤᠬᠠᠭᠤᠯᠬᠤ᠂ ᠦᠵᠡᠯ ᠤᠬᠠᠮᠰᠠᠷ᠎ᠤᠨ ᠬᠡᠯᠪᠡᠷᠢ᠂ ᠦᠵᠡᠯ ᠰᠠᠨᠠᠭ᠎ᠠ ᠤᠯᠤᠰ ᠲᠥᠷᠥ᠂ ᠶᠣᠰᠣ ᠰᠤᠷᠲᠠᠬᠤᠨ᠎ᠤ ᠬᠥᠮᠦᠵᠢᠯ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠂ ᠣᠶᠤᠨ᠎ᠤ ᠪᠣᠯᠪᠠᠰᠤᠨ᠂ ᠣᠯᠠᠨ ᠲᠦᠮᠡᠨ᠎ᠤ ᠪᠦᠯᠬᠦᠮ᠂ ᠠᠵᠢᠯᠴᠢᠨ᠎ᠤ ᠡᠪᠯᠡᠯ᠂ ᠶᠠᠳᠠᠭᠤ ᠵᠢ ᠲᠡᠳᠬᠦᠬᠦ ᠵᠢᠴᠢ ᠵᠢᠭ᠋ᠠᠨ ᠰᠤᠷᠭ᠋ᠠᠬᠤ᠂ ᠪᠣᠯᠪᠠᠰᠤᠷᠠᠭᠤᠯᠬᠤ᠂ ᠪᠠᠭᠰᠢ ᠰᠤᠷᠤᠭᠴᠢᠳ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠨ᠎ᠡ᠃
ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ᠂ ᠪᠣᠳᠠᠲᠠᠢ ᠳᠦᠷᠢᠮ ᠲᠣᠭᠲᠠᠭ᠋ᠠᠯ ᠪᠠ ᠣᠨ᠎ᠤ ᠠᠵᠢᠯ᠎ᠤᠨ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃
ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠬᠡᠯᠲᠡᠰ᠂ ᠤᠬᠠᠭᠤᠯᠬᠤ ᠨᠢᠭᠡᠳᠦᠮᠡᠯ ᠹᠷᠣᠨᠲ᠎ᠤᠨ ᠬᠡᠯᠲᠡᠰ᠂ ᠰᠠᠬᠢᠯᠭ᠎ᠠ ᠪᠠᠲᠤ ᠪᠠᠢ᠌ᠴᠠᠭ᠋ᠠᠬᠤ ᠬᠡᠯᠲᠡᠰ᠂ ᠬᠢᠴᠢᠶᠡᠯ ᠬᠥᠮᠦᠵᠢᠯ᠎ᠤᠨ ᠭᠠᠵᠠᠷ᠂ ᠰᠤᠷᠤᠭᠴᠢᠳ᠎ᠤᠨ ᠠᠵᠢᠯ (ᠠᠵᠢᠯ ᠣᠯᠭᠣᠬᠤ ᠪᠠ ᠵᠢᠯᠤᠭᠣᠳᠬᠤ) ᠭᠠᠵᠠᠷ᠂ ᠶᠡᠷᠦᠩᠬᠡᠢ ᠶᠠᠪᠤᠳᠠᠯ (ᠠᠮᠤᠷ ᠲᠦᠪᠰᠢᠨ᠎ᠤ ᠬᠠᠮᠠᠭ᠋ᠠᠯᠠᠯᠲᠠ)᠎ᠤᠨ ᠭᠠᠵᠠᠷ᠂ ᠵᠠᠯᠠᠭᠤᠴᠤᠳ ᠪᠠᠭ᠋ᠠᠴᠤᠳ᠎ᠤᠨ ᠪᠤᠯᠪᠠᠰᠤᠷᠠᠭᠤᠯᠤᠯ᠎ᠤᠨ ᠰᠠᠯᠪᠤᠷᠢ᠂ ᠪᠡᠶ᠎ᠡ ᠵᠢᠨ ᠲᠠᠮᠢᠷ᠎ᠤᠨ ᠬᠠᠮᠢᠶᠠᠷᠤᠯᠲᠠ ᠵᠢᠨ ᠰᠠᠯᠪᠤᠷᠢ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠰᠠᠯᠪᠤᠷᠢ᠂ ᠪᠡᠶ᠎ᠡ ᠵᠢᠨ ᠲᠠᠮᠢᠷ᠎ᠤᠨ ᠪᠤᠯᠪᠠᠰᠤᠷᠠᠭᠤᠯᠤᠯ᠎ᠤᠨ ᠰᠠᠯᠪᠤᠷᠢ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠯᠪᠤᠷᠢ᠂ ᠰᠠᠭᠤᠷᠢ ᠰᠤᠷᠭ᠋ᠠᠨ ᠬᠥᠮᠦᠵᠢᠯ᠎ᠤᠨ ᠰᠠᠯᠪᠤᠷᠢ (ᠮᠠᠷᠺᠰ᠎ᠤᠨ ᠦᠵᠡᠯ᠎ᠤᠨ ᠣᠨᠣᠯ᠎ᠤᠨ ᠵᠢᠭ᠋ᠠᠨ ᠰᠤᠷᠭ᠋ᠠᠯᠲᠠ ᠵᠢᠨ ᠬᠡᠯᠲᠡᠰ)᠂ ᠡᠪᠯᠡᠯ᠎ᠤᠨ ᠬᠣᠷᠢᠶ᠎ᠠ
ᠠᠵᠢᠯᠯᠠᠬᠤ ᠭᠠᠵᠠᠷ᠎ᠤᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠴᠢᠩᠭᠢᠰ ᠬᠠᠭ᠋ᠠᠨ ᠶᠡᠬᠡ ᠵᠡᠭᠡᠯᠢ ᠵᠢᠨ 19 ᠳ᠋ᠤᠭᠡᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6511583
ᠬᠠᠷᠢᠭᠤᠴᠠᠯᠭ᠋ᠠᠲᠠᠨ᠄ ᠸᠠᠩ ᠦ᠋
(ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ ᠤᠨ ᠪᠣᠯᠪᠠᠰᠤᠷᠠᠭᠤᠯᠤᠯ᠎ᠤᠨ ᠲᠥᠪ
1. ᠰᠠᠯᠪᠤᠷᠢ ᠪᠠᠢ᠌ᠭᠤᠯᠤᠮᠵᠢ ᠵᠢ ᠵᠢᠯᠣᠭᠣᠳᠤᠨ ᠰᠢᠯᠢᠳᠡᠭ ᠲᠠᠮᠢᠷᠴᠢᠨ᠎ᠢ ᠬᠥᠮᠥᠵᠢᠭᠦᠯᠬᠦ ᠠᠵᠢᠯ᠎ᠢ ᠰᠠᠢ᠌ᠲᠤᠷ ᠬᠢᠵᠦ᠂ ᠰᠠᠯᠪᠤᠷᠢ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ ᠪᠣᠯᠪᠠᠰᠤᠷᠠᠭᠤᠯᠤᠯ ᠥᠷᠨᠢᠭᠦᠯᠬᠦ ᠪᠠ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠤᠯᠤᠨ᠎ᠠ᠃
2 . ᠲᠣᠰ ᠲᠥᠪ ᠪᠣᠯᠣᠨ ᠰᠠᠯᠪᠤᠷᠢ ᠪᠠᠢ᠌ᠭᠤᠯᠤᠮᠵᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠵᠦ᠂ ᠲᠠᠮᠢᠷᠴᠢᠨ᠂ ᠰᠤᠷᠭ᠋ᠠᠭᠴᠢ ᠵᠢᠨ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠥᠷᠨᠢᠭᠦᠯᠵᠦ᠂ ᠲᠠᠮᠢᠷᠴᠢᠨ᠎ᠢ ᠳᠠᠩᠰᠠᠯᠠᠬᠤ᠂ ᠰᠣᠯᠢᠯᠴᠠᠬᠤ ᠵᠦᠢ᠍ᠯᠡᠰ᠎ᠢ ᠬᠠᠮᠢᠶᠠᠷᠤᠨ᠎ᠠ᠃
3. ᠲᠣᠰ ᠲᠥᠪ ᠪᠠ ᠬᠤᠪᠢᠶᠠᠷᠢ ᠰᠠᠯᠪᠤᠷᠢ ᠪᠠᠢ᠌ᠭᠤᠯᠤᠮᠵᠢ ᠵᠢᠨ ᠡᠳ᠋᠎ᠤᠨ ᠶᠠᠪᠤᠳᠠᠯ᠎ᠤᠨ ᠲᠥᠪᠯᠡᠷᠡᠭᠦᠯᠦᠨ ᠲᠣᠭ᠋ᠠᠴᠠᠭ᠎ᠠ ᠬᠢᠬᠦ᠂ ᠬᠣᠭᠣᠯᠠᠨ᠎ᠤ ᠶᠠᠰᠤ ᠴᠢᠨᠠᠷ᠎ᠤᠨ ᠠᠮᠤᠷ ᠲᠦᠪᠰᠢᠨ ᠵᠡᠷᠭᠡ ᠪᠠᠲᠤᠯᠠᠭ᠎ᠠ ᠵᠢᠨ ᠡᠭᠦᠷᠭᠡ ᠵᠢ ᠡᠭᠦᠷᠭᠡᠯᠡᠨ᠎ᠡ᠃
4. ᠰᠠᠯᠪᠤᠷᠢ ᠪᠠᠢ᠌ᠭᠤᠯᠤᠮᠵᠢ ᠵᠢᠨ ᠲᠠᠯᠠᠪᠤᠷ ᠭᠠᠵᠠᠷ᠂ ᠲᠠᠯᠠᠪᠤᠷ ᠣᠷᠳᠣᠨ ᠵᠡᠷᠭᠡ ᠰᠠᠭᠤᠷᠢ ᠪᠡᠯᠡᠳᠬᠡᠮᠵᠢ ᠵᠢᠨ ᠬᠠᠮᠢᠶᠠᠷᠤᠯᠲᠠ ᠬᠢᠭᠡᠳ ᠬᠠᠮᠠᠭ᠋ᠠᠯᠠᠯᠲᠠ ᠵᠢᠨ ᠠᠵᠢᠯ᠎ᠢ ᠵᠣᠬᠢᠴᠠᠭᠤᠯᠤᠨ᠎ᠠ᠃
5. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠶᠡᠷᠦᠩᠬᠡᠢ᠌ᠯᠡᠭᠰᠡᠨ ᠰᠠᠯᠠᠭ᠎ᠠ᠂ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠤᠯᠤᠰ ᠲᠥᠷᠥ ᠵᠢᠨ ᠮᠡᠷᠭᠡᠵᠢᠯ᠎ᠤᠨ ᠰᠠᠯᠠᠭ᠎ᠠ᠂ ᠤᠷᠤᠯᠳᠤᠭ᠋ᠠᠨ᠎ᠤ ᠪᠤᠯᠪᠠᠰᠤᠷᠠᠭᠤᠯᠤᠯ᠎ᠤᠨ ᠰᠠᠯᠠᠭ᠎ᠠ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠮᠣᠷᠢᠨ ᠤᠷᠤᠯᠳᠤᠭ᠋ᠠᠨ᠎ᠤ ᠲᠠᠯᠠᠪᠠᠶ ᠵᠢᠨ ᠬᠣᠢ᠌ᠲᠤ ᠵᠠᠮ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-3366355
ᠬᠠᠷᠢᠭᠤᠴᠠᠯᠭ᠋ᠠᠲᠠᠨ᠄ ᠹᠠᠨ ᠴᠦᠨ ᠶᠠᠩ
(ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠶᠠᠷᠦᠩᠬᠡᠢ᠌ᠯᠡᠭᠰᠡᠨ ᠪᠠᠳᠤᠯᠠᠭ᠎ᠠ ᠵᠢᠨ ᠲᠦᠪ
1. ᠪᠠᠢ᠌ᠭᠤᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ᠂ ᠠᠵᠤ ᠦᠢ᠍ᠯᠡᠰ᠎ᠤᠨ ᠲᠣᠭ᠎ᠠ ᠪᠦᠷᠢᠳᠬᠡᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠲᠠᠩᠰᠠ ᠡᠪᠬᠡᠮᠡᠯ᠎ᠤᠨ ᠬᠠᠮᠢᠶᠠᠷᠤᠯᠲᠠ᠂ ᠨᠢᠭᠤᠴᠠ ᠴᠢᠬᠤᠯᠠ ᠵᠠᠮ ᠬᠠᠷᠢᠯᠴᠠᠭ᠎ᠠ᠂ ᠳᠣᠲᠣᠭ᠋ᠠᠳᠤ ᠵᠢᠨ ᠬᠢᠨᠠᠨ ᠪᠣᠳᠣᠯᠲᠠ ᠵᠡᠷᠭᠡ ᠲᠤᠰᠠᠯᠠᠬᠤ ᠴᠢᠨᠠᠷᠲᠠᠢ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠡᠭᠦᠷᠭᠡᠯᠡᠨ᠎ᠡ᠃
2. ᠪᠠᠢ᠌ᠭᠤᠯᠭ᠎ᠠ ᠵᠢ ᠬᠠᠮᠵᠢᠨ ᠪᠡᠶ᠎ᠡ ᠵᠢᠨ ᠲᠠᠮᠢᠷ᠎ᠤᠨ ᠰᠣᠶᠣᠯ᠎ᠤᠨ ᠤᠬᠠᠭᠤᠯᠭ᠎ᠠ᠂ ᠺᠠᠳ᠋ᠷ᠎ᠤᠨ ᠬᠥᠮᠦᠵᠢᠯ ᠪᠤᠯᠪᠠᠰᠤᠷᠠᠯ᠂ ᠲᠠᠮᠢᠷᠴᠢᠳ᠎ᠤᠨ ᠠᠵᠢᠯ ᠮᠡᠷᠭᠡᠵᠢᠯ᠎ᠤᠨ ᠰᠣᠯᠢᠭᠳᠠᠯ ᠪᠠ ᠠᠵᠢᠯ ᠣᠯᠭᠣᠯᠲᠠ ᠵᠢᠨ ᠵᠢᠯᠣᠭᠣᠳᠤᠯᠭ᠎ᠠ ᠵᠢᠨ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠥᠷᠨᠢᠭᠦᠯᠦᠨ᠎ᠡ᠃
3. ᠠᠳᠠᠯ ᠠᠬᠤᠢ ᠵᠢᠨ ᠬᠠᠮᠢᠶᠠᠷᠤᠯᠲᠠ᠂ ᠲᠡᠷᠭᠡ ᠬᠥᠰᠬᠡ ᠵᠢᠨ ᠬᠠᠮᠢᠶᠠᠷᠤᠯᠲᠠ᠂ ᠠᠶᠤᠯ ᠦᠭᠡᠢ ᠦᠢ᠍ᠯᠡᠳᠪᠦᠷᠢᠯᠡᠯ ᠵᠡᠷᠭᠡ ᠠᠷᠤ ᠲᠠᠯ᠎ᠠ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠡᠯᠪᠡᠷᠢ ᠵᠢᠨ ᠠᠵᠢᠯ᠎ᠢ ᠡᠭᠦᠷᠭᠡᠯᠡᠨ᠎ᠡ᠃
4. ᠲᠤᠰ ᠲᠦᠪ᠎ᠤᠨ ᠡᠳᠦᠷ ᠲᠤᠲᠤᠮ᠎ᠤᠨ ᠠᠵᠢᠯᠯᠠᠭ᠋ᠠᠨ ᠪᠠ ᠨᠠᠮ᠎ᠤᠨ ᠪᠠᠢ᠌ᠭᠤᠯᠤᠯᠲᠠ ᠵᠡᠷᠭᠡ ᠠᠵᠢᠯ᠎ᠢ ᠡᠭᠦᠷᠭᠡᠯᠡᠨ᠎ᠡ᠃
5. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠶᠡᠷᠦᠩᠬᠡᠢ᠌ᠯᠡᠭᠰᠡᠨ ᠰᠠᠯᠠᠭ᠎ᠠ᠂ ᠤᠬᠠᠭᠤᠯᠭ᠎ᠠ ᠬᠥᠮᠦᠵᠢᠯ᠎ᠤᠨ ᠰᠠᠯᠠᠭ᠎ᠠ᠂ ᠲᠣᠨᠣᠭ ᠲᠥᠬᠦᠭᠡᠷᠦᠮᠵᠢ ᠵᠢᠨ ᠰᠠᠯᠠᠭ᠎ᠠ᠂ ᠠᠵᠤ ᠦᠢ᠍ᠯᠡᠰ᠎ᠤᠨ ᠰᠠᠯᠠᠭ᠎ᠠ᠂ ᠳᠣᠲᠣᠭ᠋ᠠᠳᠤ ᠵᠢᠨ ᠬᠢᠨᠠᠨ ᠪᠤᠳᠤᠬᠤ ᠰᠠᠯᠠᠭ᠎ᠠ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 86 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6398130
ᠬᠠᠷᠢᠭᠤᠴᠠᠯᠭ᠋ᠠᠲᠠᠨ᠄ ᠵᠠᠩ ᠹᠧᠩ ᡁᠢ
(ᠳᠥᠷᠪᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠎ᠤᠨ ᠨᠠᠷᠢᠨ ᠪᠢᠴᠢᠭ᠎ᠤᠨ ᠭᠠᠵᠠᠷ
1. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠎ᠤᠨ ᠡᠳᠦᠷ ᠲᠤᠳᠤᠮ ᠤᠨ ᠠᠵᠢᠯ᠎ᠢ ᠬᠠᠷᠢᠭᠤᠴᠠᠨ᠎ᠠ᠃
2. ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢ ᠬᠠᠮᠵᠢᠨ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠬᠠᠮᠢᠶᠠᠷᠬᠤ ᠪᠠ ᠵᠢᠯᠤᠭᠣᠳᠬᠤ ᠠᠵᠢᠯ᠎ᠢ ᠰᠠᠢ᠌ᠲᠤᠷ ᠬᠢᠨ᠎ᠡ᠃
3. ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠢ ᠥᠷᠨᠢᠭᠦᠯᠵᠦ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢ ᠲᠠᠮᠵᠢᠨ᠎ᠡ᠃
4. ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠰᠠᠢ᠌ᠰᠢᠶᠠᠨ ᠬᠥᠬᠢᠭᠦᠯᠬᠦ ᠡᠯ᠎ᠡ ᠲᠥᠷᠥᠯ᠎ᠤᠨ ᠢᠷᠠᠭᠤ ᠠᠯᠳᠠᠷ᠎ᠤᠨ ᠱᠠᠩᠨᠠᠯ᠎ᠢ ᠪᠣᠶ ᠪᠣᠯᠭ᠋ᠠᠵᠤ᠂ ᠠᠳᠠᠯᠢᠳᠬᠠᠨ ᠬᠥᠬᠢᠭᠦᠯᠬᠦ ᠠᠵᠢᠯᠯᠠᠭ᠎ᠠ ᠵᠢ ᠥᠷᠨᠢᠭᠦᠯᠦᠨ᠎ᠡ᠃
5. ᠲᠤᠷᠰᠢᠯᠭ᠎ᠠ᠎ᠪᠠᠨ ᠰᠣᠯᠢᠯᠴᠠᠬᠤ ᠵᠢ ᠵᠣᠬᠢᠶᠠᠨ ᠪᠠᠢ᠌ᠭᠤᠯᠵᠤ᠂ ᠪᠠᠢ᠌ᠴᠠᠭ᠋ᠠᠨ ᠰᠤᠳᠤᠯᠤᠯᠲᠠ ᠬᠢᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠬᠤᠯᠠ ᠶᠡᠬᠡ ᠴᠢᠭᠯᠡᠯᠲᠡ ᠲᠦᠷᠦ ᠵᠢᠨ ᠪᠣᠳᠣᠯᠭ᠎ᠠ᠂ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠠᠯ᠎ᠠ᠎ᠪᠠᠷ ᠰᠠᠨᠠᠭᠤᠯᠭ᠎ᠠ ᠭᠠᠷᠭ᠋ᠠᠨ᠎ᠠ᠃
6. ᠲᠣᠰ ᠡᠪᠯᠡᠯ ᠵᠢᠴᠢ ᠭᠡᠰᠢᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠨ᠎ᠡ᠃
7. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠪᠡᠶ᠎ᠡ ᠵᠢᠨ ᠲᠠᠮᠢᠷ ᠤᠨ ᠶᠡᠷᠦᠩᠬᠡᠢ ᠡᠪᠯᠡᠯ᠎ᠤᠨ ᠲᠤᠰᠢᠶᠠᠭᠰᠠᠨ ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠵᠡᠷᠭᠡ ᠪᠤᠰᠤᠳ ᠠᠵᠢᠯ᠎ᠢ ᠡᠭᠦᠷᠭᠡᠯᠡᠨ᠎ᠡ᠃
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 86 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6396071
ᠬᠠᠷᠢᠭᠤᠴᠠᠯᠭ᠋ᠠᠲᠠᠨ᠄ ᠯᠢᠦ ᠬᠦᠢ ᠱᠧᠩ
(ᠲᠠᠪᠤ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠪᠡᠶ᠎ᠡ ᠵᠢᠨ ᠲᠠᠮᠢᠷ ᠤᠨ ᠦᠢ᠍ᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠤᠷᠢᠨ ᠤᠷᠤᠯᠳᠤᠭ᠋ᠠᠨ᠎ᠤ ᠲᠠᠯᠠᠪᠠᠢ)
1. ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠨᠡᠭᠡᠭᠡᠨ ᠬᠥᠭᠵᠢᠭᠦᠯᠬᠦ᠂ ᠳᠡᠯᠭᠡᠷᠡᠭᠦᠯᠬᠦ ᠠᠵᠢᠯ᠎ᠢ ᠡᠭᠦᠷᠭᠡᠯᠡᠨ᠎ᠡ᠃
2. ᠪᠥᠬᠥ ᠣᠷᠣᠨ᠎ᠤ ᠴᠢᠨᠠᠷᠲᠠᠢ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
3. ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠬᠥᠮᠦᠵᠢᠯ ᠪᠤᠯᠪᠠᠰᠤᠷᠠᠯ᠎ᠤᠨ ᠡᠭᠦᠷᠭᠡ ᠵᠢ ᠡᠭᠦᠷᠭᠡᠯᠡᠨ᠎ᠡ᠃
4. ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠣᠨᠴᠠ ᠲᠥᠷᠥᠯ᠎ᠤᠨ ᠠᠵᠢᠯ ᠲᠥᠷᠥᠯ᠎ᠤᠨ ᠡᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢ ᠬᠢᠨᠠᠨ ᠲᠣᠭᠲᠠᠭ᠋ᠠᠬᠤ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃
5. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠤᠷᠤᠯᠳᠤᠭ᠋ᠠᠨ᠎ᠤ ᠲᠠᠯᠠᠪᠠᠶ ᠵᠢᠨ ᠦᠵᠡᠮᠵᠢ ᠵᠢᠨ ᠣᠷᠣᠨ᠎ᠢ ᠬᠠᠮᠢᠶᠠᠷᠬᠤ᠂ ᠡᠵᠡᠩᠨᠡᠬᠦ ᠠᠵᠢᠯ᠎ᠢ ᠬᠠᠷᠢᠭᠤᠴᠠᠨ᠎ᠠ᠃
6. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠲᠣᠬᠢᠷᠠᠭᠤᠯᠤᠯᠲᠠ᠄ ᠶᠡᠷᠦᠩᠬᠡᠢ᠌ᠯᠡᠭᠰᠡᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠠᠯᠠᠭ᠎ᠠ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢ ᠵᠢᠯᠤᠭᠣᠳᠬᠤ ᠰᠠᠯᠠᠭ᠎ᠠ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠰᠠᠯᠠᠭ᠎ᠠ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠥᠯᠥᠨ ᠪᠣᠶ᠋ᠢᠷ ᠬᠣᠢ᠌ᠲᠤ ᠵᠠᠮ᠎ᠤᠨ 27 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6500659
ᠬᠠᠷᠢᠭᠤᠴᠠᠯᠭ᠋ᠠᠲᠠᠨ᠄ ᠬᠤᠤ ᠵᠠᠨ
(ᠵᠢᠷᠭᠤᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠠᠯᠠᠪᠠᠢ ᠤᠷᠳᠤᠨ᠎ᠤ ᠦᠢ᠍ᠯᠡᠴᠢᠯᠡᠭᠡᠨ᠎ᠤ ᠲᠦᠪ
1. ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠣᠷᠳᠣᠨ᠂ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ᠂ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠦᠴᠦᠸᠠᠨ᠎ᠤ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ ᠪᠠ ᠲᠤᠸ᠋ ᠬᠤᠸᠠ ᠨᠢᠰᠬᠡᠯ᠎ᠤᠨ ᠪᠠᠭᠤᠳᠠᠯ᠎ᠤᠨ ᠪᠡᠶ᠎ᠡ ᠵᠢᠨ ᠲᠠᠮᠢᠷ᠎ᠤᠨ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ ᠵᠡᠷᠭᠡ ᠪᠡᠶ᠎ᠡ ᠵᠢᠨ ᠲᠠᠮᠢᠷ᠎ᠤᠨ ᠲᠠᠯᠠᠪᠠᠢ ᠣᠷᠳᠣᠨ᠎ᠤ ᠬᠠᠮᠢᠶᠠᠷᠤᠯᠲᠠ ᠡᠵᠡᠩᠨᠡᠯᠳᠡ ᠵᠢᠨ ᠠᠵᠢᠯ᠎ᠢ ᠬᠠᠷᠢᠭᠤᠴᠠᠨ᠎ᠠ᠃
2. ᠪᠡᠶ᠎ᠡ ᠵᠢᠨ ᠲᠠᠮᠢᠷ᠎ᠤᠨ ᠲᠠᠯᠠᠪᠠᠢ ᠣᠷᠳᠣᠨ᠎ᠤ ᠬᠠᠮᠢᠶᠠᠷᠤᠯᠲᠠ᠂ ᠬᠠᠮᠠᠭ᠋ᠠᠯᠠᠯᠲᠠ ᠵᠢᠨ ᠠᠵᠢᠯ᠎ᠢ ᠡᠭᠦᠷᠭᠡᠯᠡᠨ᠎ᠡ᠃
3. ᠪᠡᠶ᠎ᠡ ᠵᠢᠨ ᠲᠠᠮᠢᠷ᠎ᠤᠨ ᠲᠠᠯᠠᠪᠠᠶ ᠣᠷᠳᠣᠨ᠎ᠢ ᠨᠡᠢ᠌ᠭᠡᠮ᠎ᠳᠤ ᠬᠠᠨᠳᠤᠭᠤᠯᠤᠨ ᠴᠢᠯᠦᠭᠡᠲᠡᠢ ᠨᠡᠭᠡᠭᠡᠬᠦ ᠠᠵᠢᠯ᠎ᠢ ᠥᠷᠨᠢᠭᠦᠯᠦᠨ᠎ᠡ᠃
4. ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠤ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠠᠵᠢᠯ᠎ᠢ ᠦᠷᠨᠢᠭᠦᠯᠦᠨ᠎ᠡ᠃
5. ᠰᠠᠭᠤᠵᠦ ᠪᠠᠢ᠌ᠭ᠎ᠠ ᠪᠤᠯᠪᠠᠰᠤᠷᠠᠭᠤᠯᠤᠯ᠎ᠤᠨ ᠠᠩᠭᠢ ᠵᠢᠨ ᠲᠠᠯᠠᠪᠠᠢ ᠣᠷᠳᠣᠨ ᠪᠠ ᠬᠣᠭᠣᠯᠠ ᠤᠮᠳᠠ ᠬᠣᠨᠣᠭ ᠪᠠᠭᠤᠳᠠᠯ᠎ᠤᠨ ᠪᠠᠲᠤᠯᠠᠭ᠎ᠠ ᠵᠢᠨ ᠡᠭᠦᠷᠭᠡ ᠵᠢ ᠡᠭᠦᠷᠭᠡᠯᠡᠨ᠎ᠡ᠃
6. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠶᠡᠷᠦᠩᠬᠡᠢ᠌ᠯᠡᠭᠰᠡᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠪᠠᠲᠤᠯᠠᠭ᠎ᠠ ᠵᠢᠨ ᠰᠠᠯᠠᠭ᠎ᠠ᠂ ᠬᠣᠭᠣᠯᠠᠨ ᠤᠮᠳᠠ ᠵᠢᠨ ᠰᠠᠯᠠᠭ᠎ᠠ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠣᠷᠳᠣᠨ᠂ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ᠂ ᠦᠴᠦᠸᠠᠨ᠎ᠤ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠴᠢᠩᠭᠢᠰ ᠬᠠᠭ᠋ᠠᠨ ᠶᠡᠬᠡ ᠵᠡᠭᠡᠯᠢ ᠵᠢᠨ 28 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6504951
ᠬᠠᠷᠢᠭᠤᠴᠠᠯᠭ᠋ᠠᠲᠠᠨ᠄ ᠰᠦᠸᠸ ᠶᠤᠸᠠᠢ ᠯᠦᠩ
(ᠲᠤᠯᠤᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠭᠠᠵᠠᠷ (ᠬᠥᠭᠡᠷᠦᠭᠦᠯᠬᠦ ᠡᠮ᠎ᠢ ᠡᠰᠡᠷᠭᠦᠴᠡᠬᠦ ᠮᠡᠷᠭᠡᠵᠢᠯ᠎ᠤᠨ ᠦᠢ᠍ᠯᠡᠴᠢᠯᠡᠭᠡᠨ᠎ᠤ ᠲᠥᠪ)
1. ᠲᠠᠮᠢᠷᠴᠢᠳ᠎ᠤᠨ ᠪᠤᠯᠪᠠᠰᠤᠷᠠᠭᠤᠯᠤᠯ᠂ ᠤᠷᠤᠯᠳᠤᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠲᠤᠯᠠᠭ᠎ᠠ ᠵᠢᠨ ᠡᠭᠦᠷᠭᠡ ᠵᠢ ᠡᠭᠦᠷᠭᠡᠯᠡᠨ᠎ᠡ᠃
2. ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠠᠵᠢᠯ᠎ᠢ ᠥᠷᠨᠢᠭᠦᠯᠦᠨ᠎ᠡ᠃
3. ᠬᠥᠭᠡᠷᠦᠭᠦᠯᠬᠦ ᠡᠮ᠎ᠢ ᠡᠰᠡᠷᠭᠦᠴᠡᠬᠦ ᠤᠬᠠᠭᠤᠯᠭ᠎ᠠ ᠬᠥᠮᠦᠵᠢᠯ ᠪᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠢᠬᠤᠯᠠ ᠶᠡᠬᠡ ᠤᠷᠤᠯᠳᠤᠭ᠋ᠠᠨ᠎ᠤ ᠬᠥᠭᠡᠷᠦᠭᠦᠯᠬᠦ ᠡᠮ᠎ᠤᠨ ᠪᠠᠢ᠌ᠴᠠᠭ᠋ᠠᠯᠲᠠ ᠪᠠ ᠦᠷ᠎ᠡ ᠳ᠋ᠦᠩ᠎ᠤᠨ ᠬᠠᠮᠢᠶᠠᠷᠤᠯᠲᠠ ᠵᠡᠷᠭᠡ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠡᠭᠦᠷᠭᠡᠯᠡᠨ᠎ᠡ᠃
4. ᠠᠷᠠᠳ ᠢᠷᠭᠡᠳ᠎ᠤᠨ ᠪᠡᠶ᠎ᠡ ᠮᠠᠬᠠᠪᠤᠳ᠎ᠢ ᠬᠢᠨᠠᠨ ᠬᠡᠮᠵᠢᠬᠦ ᠪᠠ ᠵᠠᠳᠠᠯᠤᠨ ᠰᠢᠨᠵᠢᠯᠡᠬᠦ ᠵᠡᠷᠭᠡ ᠬᠣᠯᠪᠣᠭᠳᠠᠯ ᠪᠦᠬᠦᠢ ᠠᠵᠢᠯ᠎ᠢ ᠥᠷᠨᠢᠭᠦᠯᠦᠨ᠎ᠡ᠃
5. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠪᠡᠶ᠎ᠡ ᠵᠢᠨ ᠲᠠᠮᠢᠷ᠎ᠤᠨ ᠠᠨᠠᠭ᠋ᠠᠬᠤ ᠤᠬᠠᠭ᠋ᠠᠨ᠎ᠤ ᠰᠤᠳᠤᠯᠬᠤ ᠲᠠᠰᠤᠭ᠂ ᠪᠡᠶ᠎ᠡ ᠵᠢᠨ ᠲᠠᠮᠢᠷ᠎ᠤᠨ ᠮᠡᠳᠡᠭᠡ ᠵᠠᠩᠭᠢ ᠰᠤᠳᠤᠯᠬᠤ ᠲᠠᠰᠤᠭ᠂ ᠬᠥᠭᠡᠷᠦᠭᠦᠯᠬᠦ ᠡᠮ᠎ᠢ ᠡᠰᠡᠷᠭᠦᠴᠡᠬᠦ ᠲᠠᠰᠤᠭ᠂ ᠤᠯᠤᠰ ᠠᠷᠠᠳ᠎ᠤᠨ ᠪᠡᠶ᠎ᠡ ᠮᠠᠬᠠᠪᠤᠳ᠎ᠤᠨ ᠰᠤᠳᠤᠯᠬᠤ ᠲᠠᠰᠤᠭ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 86 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6397730
ᠬᠠᠷᠢᠭᠤᠴᠠᠯᠭ᠋ᠠᠲᠠᠨ᠄ ᠸᠠᠩ ᠯᠢ ᠹᠧᠩ
(ᠨᠠᠢ᠍ᠮᠠ) ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠡᠮᠨᠡᠯᠭᠡ ᠵᠢᠨ ᠬᠣᠷᠢᠶ᠎ᠠ
1. ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠢᠷᠬᠠᠲᠤᠯ ᠪᠠ ᠡᠪᠡᠳᠴᠢᠨ᠎ᠢ ᠤᠷᠢᠳᠴᠢᠯᠠᠨ ᠰᠡᠷᠭᠡᠢ᠌ᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ᠂ ᠰᠤᠳᠤᠯᠬᠤ ᠵᠡᠷᠭᠡ ᠠᠵᠢᠯ᠎ᠢ ᠡᠭᠦᠷᠭᠡᠯᠡᠨ᠎ᠡ᠃
2. ᠲᠠᠮᠢᠷᠴᠢᠳ᠎ᠤᠨ ᠤᠷᠤᠯᠳᠤᠭ᠋ᠠᠨ᠎ᠤ ᠪᠤᠯᠪᠠᠰᠤᠷᠠᠭᠤᠯᠤᠯ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ᠃
3. ᠨᠡᠢ᠌ᠭᠡᠮ᠎ᠳᠤ ᠬᠠᠨᠳᠤᠭᠤᠯᠤᠭᠰᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠰᠢᠷᠬ᠎ᠠ ᠵᠢ ᠡᠮᠨᠡᠨ ᠡᠷᠡᠭᠦᠯᠵᠢᠭᠦᠯᠬᠦ ᠦᠢ᠍ᠯᠡᠴᠢᠯᠡᠭᠡ ᠵᠢ ᠥᠷᠨᠢᠭᠦᠯᠦᠨ᠎ᠡ᠃
4. ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠲᠣᠬᠢᠷᠠᠭᠤᠯᠤᠯᠲᠠ᠄ ᠶᠡᠷᠦᠩᠬᠡᠢ᠌ᠯᠡᠭᠰᠡᠨ ᠰᠠᠯᠠᠭ᠎ᠠ᠂ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ᠂ ᠡᠮᠨᠡᠯᠭᠡ ᠵᠢᠨ ᠶᠠᠪᠤᠳᠠᠯ᠎ᠤᠨ ᠰᠠᠯᠠᠭ᠎ᠠ᠂ ᠰᠤᠪᠢᠯᠠᠯᠲᠠ ᠵᠢᠨ ᠰᠠᠯᠠᠭ᠎ᠠ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 86 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-6397730
ᠬᠠᠷᠢᠭᠤᠴᠠᠯᠭ᠋ᠠᠲᠠᠨ᠄ ᠵᠠᠩ ᠶᠢᠩ ᠵᠢᠶᠦ᠋ᠨ
(ᠶᠢᠰᠦ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠳᠦ ᠰᠤᠭᠤᠯᠤᠭ᠎ᠠ ᠵᠢᠨ ᠬᠠᠮᠢᠶᠠᠷᠤᠯᠳᠠ ᠵᠢᠨ ᠲᠦᠪ
1. ᠲᠣᠰ ᠵᠠᠰᠠᠭ ᠵᠠᠬᠢᠷᠭ᠋ᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠬᠠᠮᠢᠶᠠᠷᠤᠯᠲᠠ ᠵᠢᠨ ᠠᠷᠭ᠎ᠠ ᠪᠠ ᠠᠵᠢᠯ᠎ᠤᠨ ᠲᠦᠷᠢᠮᠵᠢᠯ᠎ᠢ ᠲᠤᠭᠳᠠᠭ᠋ᠠᠨ᠎ᠠ᠃
2. ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠳᠤ ᠱᠠᠩᠨᠠᠯᠲᠤ ᠰᠤᠭᠤᠯᠤᠭ᠎ᠠ ᠵᠢᠨ ᠲᠦᠷᠦᠯ ᠵᠦᠢ᠍ᠯ᠎ᠢ ᠵᠣᠭᠰᠤᠭ᠋ᠠᠬᠤ ᠪᠤᠶᠤ ᠱᠠᠩᠨᠠᠯᠲᠤ ᠰᠤᠭᠤᠯᠤᠭ᠎ᠠ ᠵᠢᠨ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠵᠦᠢ᠍ᠯ᠎ᠢ ᠬᠤᠪᠢᠷᠠᠭᠤᠯᠬᠤ᠎ᠪᠠᠷ ᠭᠤᠶᠤᠴᠢᠯᠠᠬᠤ ᠰᠠᠨᠠᠭᠤᠯᠭ᠎ᠠ ᠳᠤᠷᠠᠳᠤᠨ᠎ᠠ᠃
3. ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠱᠠᠩᠨᠠᠯᠳᠦ ᠰᠤᠭᠤᠯᠤᠭ᠎ᠠ ᠵᠢᠨ ᠲᠦᠷᠦᠯ ᠵᠦᠢ᠍ᠯ ᠤᠨ ᠪᠣᠷᠤᠯᠠᠭᠤᠯᠭ᠎ᠠ ᠵᠢᠨ ᠬᠡᠷᠡᠭᠵᠢᠭᠦᠯᠬᠦ ᠲᠥᠰᠥᠯ᠎ᠢ ᠳᠤᠷᠠᠳᠤᠨ᠎ᠠ᠃
4. ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ᠂ ᠡᠵᠡᠩᠨᠡᠯᠲᠡ ᠪᠠ ᠬᠠᠮᠠᠭ᠋ᠠᠯᠠᠯᠲᠠ ᠵᠢ ᠬᠠᠷᠢᠭᠤᠴᠠᠨ᠎ᠠ᠃
5. ᠲᠣᠰ ᠵᠠᠰᠠᠭ ᠵᠠᠬᠢᠷᠭ᠋ᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ᠂ ᠱᠠᠩᠨᠠᠯᠲᠤ ᠰᠤᠭᠤᠯᠤᠭ᠎ᠠ ᠵᠢᠨ ᠪᠡᠯᠡ ᠮᠥᠩᠭᠥ ᠵᠢᠨ ᠳ᠋ᠦᠩᠨᠡᠨ ᠪᠣᠳᠣᠯᠲᠠ᠂ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠠᠷᠭ᠎ᠠ ᠵᠠᠮ ᠪᠠ ᠲᠠᠯᠠᠪᠤᠷ ᠭᠠᠵᠠᠷ᠎ᠤᠨ ᠲᠥᠯᠦᠪᠵᠢᠭᠦᠯᠭᠡ᠂ ᠱᠠᠩᠨᠠᠯᠲᠤ ᠰᠤᠭᠤᠯᠤᠭ᠎ᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ᠂ ᠱᠠᠩᠨᠠᠯᠳᠦ ᠰᠤᠭᠤᠯᠤᠭ᠎ᠠ ᠵᠢᠨ ᠱᠠᠩᠨᠠᠯ ᠤᠯᠤᠭᠰᠠᠨ᠎ᠢ ᠵᠠᠷᠯᠠᠬᠤ ᠪᠠ ᠱᠠᠩᠨᠠᠯ ᠤᠯᠭᠤᠨ᠎ᠡ᠃
6. ᠲᠣᠰ ᠵᠠᠰᠠᠭ ᠵᠠᠬᠢᠷᠭ᠋ᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠳᠦᠷᠢ ᠲᠥᠷᠬᠦ ᠵᠢᠨ ᠪᠠᠢ᠌ᠭᠤᠯᠤᠯᠲᠠ᠂ ᠱᠠᠩᠨᠠᠯᠲᠤ ᠰᠤᠭᠤᠯᠤᠭ᠎ᠠ ᠵᠢᠨ ᠣᠷᠣᠯᠠᠨ ᠪᠣᠷᠣᠯᠠᠭᠤᠯᠬᠤ᠂ ᠡᠵᠡᠩᠨᠡᠨ ᠪᠣᠷᠣᠯᠠᠭᠤᠯᠬᠤ ᠤᠬᠠᠭᠤᠯᠭ᠎ᠠ᠂ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ ᠬᠢᠭᠡᠳ ᠬᠠᠮᠲᠤᠷᠠᠯᠴᠠᠭ᠎ᠠ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠬᠠᠷᠢᠭᠤᠴᠠᠨ᠎ᠠ᠃
ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠶᠡᠷᠦᠩᠬᠡᠢ᠌ᠯᠡᠭᠰᠡᠨ ᠬᠡᠯᠲᠡᠰ᠂ ᠡᠳ᠋᠎ᠤᠨ ᠶᠠᠪᠤᠳᠠᠯ᠎ᠤᠨ ᠬᠡᠯᠲᠡᠰ᠂ ᠲᠤᠬᠠᠢ᠌ᠯᠠᠭᠰᠠᠨ ᠠᠵᠢᠯ᠎ᠤᠨ ᠬᠡᠯᠲᠡᠰ᠂ ᠵᠠᠬ᠎ᠠ ᠳᠡᠯᠭᠡᠭᠦᠷ᠎ᠤᠨ ᠬᠡᠯᠲᠡᠰ᠂ ᠮᠡᠷᠭᠡᠵᠢᠯ᠎ᠤᠨ ᠬᠡᠯᠲᠡᠰ
ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠵᠢᠷᠢᠮ ᠵᠠᠮ᠎ᠤᠨ 13 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 00᠂ 14᠄ 30 — 17᠄ 30
ᠬᠠᠷᠢᠯᠴᠠᠬᠤ ᠤᠳᠠᠰᠦ᠄ 0471-5314067
ᠬᠠᠷᠢᠭᠤᠴᠠᠯᠭ᠋ᠠᠲᠠᠨ᠄ ᠯᠢ ᠵᠢᠶᠠᠩ ᠯᠢᠩ