ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠲᠠᠮᠢᠷ᠎ᠤᠨ ᠤᠷᠤᠯᠳᠤᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠦᠢ᠍ᠯᠡᠴᠢᠯᠡᠭᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ
ᠨᠡᠶ᠋ᠢᠲᠡᠯᠡᠭᠰᠡᠨ ᠴᠠᠭ᠄ 2021-07-12

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠪᠡᠶ᠎ᠡ ᠵᠢᠨ ᠲᠠᠮᠢᠷ᠂ ᠴᠢᠮᠡᠭᠡ ᠬᠣᠯᠪᠣᠭ᠎ᠠ ᠵᠢᠨ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠴᠠᠭ ᠠᠭᠤᠷ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ᠄
    ᠤᠢ᠍ᠢ᠍ᠷ᠎ᠠ ᠵᠢᠨ ᠵᠢᠯ᠎ᠠᠴᠠ ᠡᠯ᠎ᠡ ᠲᠦᠷᠦᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠥᠷᠨᠢᠩᠭᠦᠢ ᠬᠥᠭᠵᠢᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠲᠣᠮᠣ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠬᠣᠯᠪᠣᠭᠳᠠᠬᠤ ᠬᠡᠪᠴᠢᠶ᠎ᠡ᠎ᠨᠢ ᠥᠷᠭᠡᠨ᠂ ᠣᠷᠣᠯᠴᠠᠬᠤ ᠬᠥᠮᠦᠨ᠎ᠤ ᠲᠣᠭ᠎ᠠ᠎ᠨᠢ ᠣᠯᠠᠨ᠂ ᠭᠠᠳᠠᠨᠠᠬᠢ ᠨᠥᠯᠥᠭᠡᠯᠡᠬᠦ ᠬᠦᠴᠦᠨ ᠵᠦᠢ᠍ᠯ᠎ᠨᠢ ᠪᠤᠳᠤᠯᠢᠶᠠᠨᠲᠠᠶ᠂ ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ᠎ᠨᠢ ᠥᠨᠳᠥᠷ ᠪᠠᠶ᠋ᠢᠳᠠᠭ᠂ ᠬᠡᠷᠪᠡ ᠠᠮᠤᠷ ᠲᠦᠪᠰᠢᠨ᠎ᠤ ᠠᠰᠠᠭᠤᠳᠠᠯ᠎ᠢ ᠬᠢᠨᠠᠨ ᠬᠠᠮᠢᠶᠠᠷᠬᠤ᠎ᠪᠠᠨ ᠣᠮᠲᠣᠭ᠋ᠠᠶ᠋ᠢᠯᠠᠪᠠᠯ᠂ ᠠᠮᠤᠷ ᠲᠦᠪᠰᠢᠨ᠎ᠤ ᠡᠨᠳᠡᠯ ᠬᠡᠷᠡᠭ᠎ᠢ ᠲᠤᠶ᠋ᠢᠯ᠎ᠤᠨ ᠠᠮᠠᠷᠬᠠᠨ ᠡᠭᠦᠰᠭᠡᠳᠡᠭ᠃ ᠣᠶ᠋ᠢᠷ᠎ᠠ ᠵᠢᠨ ᠬᠤᠭᠤᠴᠠᠭ᠋ᠠᠨ᠎ᠳᠤ ᠡᠭᠦᠰᠦᠭᠰᠡᠨ 2021 (ᠳᠥᠷᠪᠡᠳᠦᠭᠡᠷ ᠬᠤᠭᠤᠴᠠᠭ᠎ᠠ) ᠬᠠᠲᠤᠨ ᠭᠣᠤᠯ᠎ᠤᠨ ᠱ᠌ᠢ ᠯᠢᠨ ᠵᠠᠭᠤᠨ ᠺᠢᠯᠣᠮᠧᠲᠷ᠎ᠤᠨ ᠬᠡᠭᠡᠷ᠎ᠡ ᠵᠢᠨ ᠤᠷᠤᠯᠳᠤᠭ᠋ᠠᠨ᠎ᠤ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠡᠷᠡᠭ᠎ᠲᠤ ᠬᠦᠨᠳᠦ ᠶᠡᠬᠡ ᠬᠥᠮᠦᠨ ᠬᠠᠷ᠎ᠠ ᠥᠭᠦᠵᠦ ᠰᠢᠷᠬᠠᠲᠤᠭᠰᠠᠨ ᠰᠤᠷᠭ᠋ᠠᠮᠵᠢ ᠲᠤᠶ᠋ᠢᠯ᠎ᠤᠨ ᠬᠠᠷᠠᠰᠠᠯᠲᠠᠶ ᠪᠠᠶ᠋ᠢᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ᠎ᠳᠤ ᠴᠥᠭᠡᠨ ᠪᠤᠰᠤ ᠪᠠᠭᠤᠷᠠᠶ ᠲᠠᠯ᠎ᠠ ᠪᠠ ᠳᠤᠲᠠᠭᠳᠠᠯ ᠣᠷᠣᠰᠢᠵᠤ ᠪᠠᠶ᠋ᠢᠬᠤ ᠵᠢ ᠭᠦᠢ᠍ᠴᠡᠳ ᠢᠯᠡᠷᠡᠭᠦᠯᠪᠡ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠨ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠦᠢ᠍ᠯᠡᠴᠢᠯᠡᠭᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠲᠣᠰ ᠰᠠᠨᠠᠯ᠎ᠢ ᠲᠤᠭᠳᠠᠭ᠋ᠠᠪᠠ᠃
    ᠨᠢᠭᠡ᠂ ᠬᠢᠨᠠᠨ ᠬᠠᠮᠢᠶᠠᠷᠬᠤ ᠵᠠᠷᠴᠢᠮ᠎ᠢ ᠲᠤᠳᠤᠷᠬᠠᠢ᠌ᠯᠡᠪᠡ
    ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠦᠢ᠍ᠯᠡᠴᠢᠯᠡᠭᠡ ᠲᠤᠤᠷᠠᠬᠢ ᠵᠠᠷᠴᠢᠮ᠎ᠢ ᠪᠠᠷᠢᠮᠳᠠᠯᠠᠬᠤ ᠵᠤᠬᠢᠰᠳᠠᠢ᠄
    (ᠨᠢᠭᠡ) ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠬᠢᠭᠡᠳ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠬᠠᠷᠢᠯᠴᠠᠨ ᠤᠶᠠᠯᠳᠠᠭᠤᠯᠤᠨ᠎ᠡ᠃ 《ᠬᠡᠨ ᠬᠢᠨᠠᠨ ᠵᠥᠪᠰᠢᠶᠡᠷᠡᠭᠰᠡᠨ (ᠳᠠᠩᠰᠠᠯᠠᠭᠤᠯᠤᠭᠰᠠᠨ) ᠪᠣᠯ ᠲᠡᠷᠡ ᠬᠠᠷᠢᠭᠤᠴᠠᠬᠤ》᠂ 《ᠬᠡᠨ ᠭᠣᠤᠯᠯᠠᠨ ᠡᠷᠭᠢᠯᠡᠭᠰᠡᠨ ᠪᠣᠯ ᠲᠡᠷᠡ ᠬᠠᠷᠢᠭᠤᠴᠠᠬᠤ》᠂ 《ᠬᠡᠨ ᠭᠣᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ》 ᠱᠠᠭ᠋ᠠᠷᠳᠠᠯᠭ᠎ᠠ ᠶᠣᠰᠣᠭ᠋ᠠᠷ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠬᠡᠷᠡᠭᠲᠡᠶ᠃
    (ᠬᠣᠶᠠᠷ) ᠱᠠᠲᠤ   ᠲᠥᠷᠥᠯ   ᠬᠤᠪᠢᠶᠠᠨ   ᠬᠠᠮᠢᠶᠠᠷᠬᠤ ᠵᠢ   ᠬᠡᠷᠡᠭᠵᠢᠭᠦᠯᠦᠨ᠎ᠡ᠃ ᠠᠳᠠᠯᠢ   ᠪᠤᠰᠤ   ᠲᠥᠷᠥᠯ ᠢᠯᠭ᠋ᠠᠯ᠂ ᠬᠡᠪᠴᠢᠶ᠎ᠡ ᠪᠥᠬᠥᠶ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠦᠨᠳᠦᠰᠦᠯᠡᠨ᠂ ᠬᠣᠯᠪᠣᠭᠳᠠᠯ ᠪᠥᠬᠥᠶ ᠲᠣᠭᠲᠠᠭ᠋ᠠᠯ ᠪᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠮᠢᠶᠠᠷᠴᠤ᠂ ᠬᠣᠯᠪᠣᠭᠳᠠᠯ ᠪᠥᠬᠥᠶ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ᠃
   (ᠭᠤᠷᠪᠠ) ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠂ ᠪᠠᠲᠤᠯᠠᠬᠤ᠂ ᠤᠷᠤᠯᠳᠤᠭ᠋ᠠᠨ᠎ᠳᠤ ᠣᠷᠣᠯᠴᠠᠬᠤ ᠵᠡᠷᠭᠡ᠎ᠳᠤ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠲᠣᠭᠲᠠᠭᠤᠨ ᠪᠥᠭᠡᠳ ᠠᠮᠤᠷ ᠲᠦᠪᠰᠢᠨ ᠡᠮᠬᠢ ᠵᠢᠷᠤᠮ᠎ᠲᠠᠢ   ᠦᠷᠨᠢᠭᠦᠯᠦᠨ᠎ᠡ᠃
    (ᠳᠥᠷᠪᠡ) ᠬᠢᠨᠠᠨ ᠬᠠᠮᠢᠶᠠᠷᠬᠤ ᠪᠠ ᠦᠢ᠍ᠯᠡᠴᠢᠯᠡᠬᠦ ᠵᠢ ᠬᠠᠷᠢᠯᠴᠠᠨ ᠤᠶᠠᠯᠳᠤᠭᠤᠯᠤᠨ᠎ᠠ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠳᠤᠮᠳᠠ ᠭᠠᠷᠴᠤ ᠮᠡᠳᠡᠬᠦ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠰᠠᠶ᠋ᠢᠲᠤᠷ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠪᠡᠯᠡᠳᠬᠡᠯ ᠲᠥᠰᠦᠯ᠎ᠢ ᠲᠣᠭᠲᠠᠭ᠋ᠠᠨ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠪᠥᠬᠥ ᠶᠠᠪᠤᠴᠠ᠎ᠳᠤ ᠰᠠᠶ᠋ᠢᠲᠤᠷ ᠬᠢᠬᠦ ᠬᠡᠷᠡᠭᠲᠡᠶ᠃
    ᠬᠣᠶᠠᠷ᠂ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠪᠡᠬᠢᠵᠢᠭᠦᠯᠦᠨ᠎ᠡ᠃
    (ᠨᠢᠭᠡ) ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠳᠣᠲᠣᠷᠠᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠠᠶᠤᠯ ᠥᠭᠡᠢ ᠵᠢᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠥᠪ᠂ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠨᠢ ᠲᠣᠰ ᠲᠥᠷᠥᠯ ᠵᠦᠢ᠍ᠯ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ
    (ᠬᠣᠶᠠᠷ) ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠋ᠠᠳᠬᠠᠬᠤ ᠬᠡᠷᠡᠭᠲᠡᠶ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠡᠷᠭᠢᠯᠡᠬᠦ᠎ᠠᠴᠠ ᠡᠮᠦᠨ᠎ᠡ ᠪᠤᠶᠤ ᠡᠷᠭᠢᠯᠡᠬᠦ ᠶᠠᠪᠤᠴᠠ᠎ᠳᠤ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠂ ᠲᠦᠷᠢᠮ᠎ᠳᠤ ᠨᠡᠶ᠋ᠢᠴᠡᠬᠦ ᠥᠬᠡᠶ᠂ ᠤᠷᠤᠯᠳᠤᠭ᠋ᠠᠨ᠎ᠤ ᠠᠵᠢᠯᠯᠠᠭ᠎ᠠ ᠵᠢᠨ ᠴᠢᠬᠤᠯᠠ ᠶᠡᠬᠡ ᠠᠮᠤᠷ ᠲᠦᠪᠰᠢᠨ᠎ᠤ ᠠᠰᠠᠭᠤᠳᠠᠯ᠎ᠳᠤ ᠬᠣᠯᠪᠣᠭᠳᠠᠭᠰᠠᠨ᠎ᠢ ᠣᠯᠵᠤ ᠮᠡᠳᠡᠪᠡᠯ᠂ ᠴᠡᠭᠴᠡᠯᠡᠨ ᠰᠠᠶ᠋ᠢᠵᠢᠷᠠᠭᠤᠯᠬᠤ ᠰᠠᠨᠠᠭᠤᠯᠭ᠎ᠠ ᠵᠢ ᠴᠠᠭ ᠲᠤᠬᠠᠶ᠎ᠳᠤᠨᠢ ᠳᠤᠷᠠᠳᠬᠤ ᠬᠡᠷᠡᠭᠲᠡᠶ; ᠪᠤᠰᠤᠳ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠬᠤ ᠵᠢ᠎ᠨᠢ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠬᠤ ᠵᠢᠨ ᠬᠠᠮᠲᠤ ᠢᠳᠡᠪᠬᠢᠲᠡᠶ᠎ᠪᠠᠷ ᠬᠠᠮᠵᠢᠯᠴᠠᠨ ᠰᠢᠢ᠍ᠳᠪᠦᠷᠢᠯᠡᠬᠦ ᠬᠡᠷᠡᠭᠲᠡᠶ᠃ ᠴᠢᠮᠡᠭᠡ ᠬᠣᠯᠪᠣᠭ᠎ᠠ ᠵᠢᠨ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠴᠠᠭ ᠠᠭᠤᠷ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠳᠤ ᠬᠣᠯᠪᠣᠭᠳᠠᠬᠤ ᠪᠤᠰᠤᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
    (ᠭᠤᠷᠪᠠ) ᠵᠣᠬᠢᠶᠠᠨ ᠪᠠᠶ᠋ᠢᠭᠤᠯᠤᠭᠴᠢ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠭᠣᠤᠯᠯᠠᠨ ᠡᠷᠭᠢᠯᠡᠬᠦ ᠲᠠᠯ᠎ᠠ᠂ ᠳᠠᠭ᠋ᠠᠭ᠋ᠠᠨ ᠭᠦᠢ᠍ᠴᠡᠳᠬᠡᠬᠦ   ᠲᠠᠯ᠎ᠠ᠂ ᠬᠠᠮᠵᠢᠯᠴᠠᠨ ᠭᠦᠶᠴᠡᠳᠬᠡᠬᠦ ᠲᠠᠯ᠎ᠠ ᠵᠡᠷᠭᠡ ᠵᠣᠬᠢᠶᠠᠨ ᠪᠠᠶ᠋ᠢᠭᠤᠯᠤᠭᠴᠢ᠎ᠨᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠳᠤ ᠰᠢᠭᠤᠳ ᠬᠠᠷᠢᠭᠤᠴᠠᠯᠭ᠎ᠠ ᠡᠭᠦᠷᠭᠡᠯᠡᠵᠦ᠂ ᠤᠷᠤᠯᠳᠤᠭ᠋ᠠᠨ᠎ᠠᠴᠠ ᠡᠮᠦᠨ᠎ᠡ ᠪᠢᠴᠢᠭ᠎ᠤᠨ ᠵᠥᠪᠯᠡᠯᠴᠡᠭᠡᠷ   ᠲᠣᠭᠲᠠᠵᠤ   ᠡᠭᠦᠷᠭᠡ   ᠬᠠᠷᠢᠭᠤᠴᠠᠯᠭ᠎ᠠ ᠵᠢᠨ   ᠠᠵᠢᠯ ᠎ᠤᠨ   ᠬᠤᠪᠢᠶᠠᠷᠢᠯᠠᠯ ᠵᠶ᠋ᠠᠨ   ᠲᠣᠳᠣᠷᠬᠠᠶ᠋ᠢᠯᠠᠬᠤ ᠬᠡᠷᠡᠭᠲᠡᠶ᠃ ᠭᠣᠤᠯᠯᠠᠨ ᠡᠷᠭᠢᠯᠡᠬᠦ ᠲᠠᠯ᠎ᠠ᠎ᠨᠢ ᠵᠣᠬᠢᠶᠠᠨ ᠪᠠᠶ᠋ᠢᠭᠤᠯᠬᠤ ᠺᠣᠮᠢᠰ ᠵᠡᠷᠭᠡ ᠤᠷᠤᠯᠳᠤᠭ᠋ᠠᠨ᠎ᠤ ᠶᠠᠪᠤᠳᠠᠯ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠲᠠᠴᠠ ᠵᠢ ᠪᠠᠶ᠋ᠢᠭᠤᠯᠬᠤ ᠬᠡᠷᠡᠭᠲᠡᠶ; ᠳᠠᠭ᠋ᠠᠭ᠋ᠠᠨ ᠬᠢᠬᠦ ᠲᠠᠯ᠎ᠠ᠎ᠨᠢ ᠡᠯ᠎ᠡ ᠵᠦᠢ᠍ᠯ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠢ ᠬᠠᠮᠵᠢᠨ ᠭᠦᠢ᠍ᠴᠡᠳᠬᠡᠬᠦ ᠲᠠᠯ᠎ᠠ᠎ᠨᠢ ᠬᠠᠩᠭ᠋ᠠᠭᠰᠠᠨ ᠦᠢ᠍ᠯᠡᠳᠬᠦᠨ᠂ ᠲᠥᠬᠥᠭᠡᠷᠦᠮᠵᠢ ᠪᠤᠶᠤ ᠦᠢ᠍ᠯᠡᠴᠢᠯᠡᠭᠡ ᠵᠢᠨ ᠵᠶ᠋ᠠᠨ ᠶᠠᠰᠤ ᠴᠢᠨᠠᠷ ᠪᠠ ᠠᠶᠤᠯᠭᠦᠶ ᠵᠢᠨ ᠪᠠᠷᠢᠮᠵᠢᠶ᠎ᠠ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
    (ᠲᠦᠷᠪᠡ) ᠲᠠᠯᠠᠪᠤᠷ ᠣᠷᠣᠨ ᠵᠠᠶ ᠬᠠᠩᠭ᠋ᠠᠭᠰᠠᠨ ᠲᠠᠯ᠎ᠠ᠎ᠨᠢ ᠠᠶᠤᠯᠭᠦᠶ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠭᠦᠷᠭᠡ᠎ᠲᠠᠢ᠃ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠠᠵᠢᠯᠯᠠᠭ᠎ᠠ ᠢᠯᠠᠩᠭᠤᠶ᠎ᠠ ᠴᠡᠴᠡᠷᠯᠢᠭ᠂ ᠠᠭᠤᠯᠠᠷᠬᠠᠭ ᠭᠠᠵᠠᠷ᠂ ᠣᠶ ᠰᠢᠭᠤᠶ᠂ ᠭᠣᠤᠯ ᠮᠥᠷᠡᠨ ᠨᠠᠭᠤᠷ ᠴᠥᠭᠥᠷᠥᠮ᠂ ᠲᠡᠯᠡᠶ ᠲᠠᠩᠭᠢᠰ᠂ ᠠᠭ᠋ᠠᠷ᠎ᠤᠨ ᠣᠷᠣᠨ ᠪᠦᠰᠡ᠂ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ ᠪᠤᠶᠤ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠠᠰᠢᠭᠯᠠᠨ ᠡᠷᠭᠢᠯᠡᠭᠰᠡᠨ ᠪᠠᠶ᠋ᠢᠪᠠᠯ᠂ ᠲᠠᠯᠠᠪᠤᠷ ᠬᠠᠩᠭ᠋ᠠᠭᠰᠠᠨ ᠲᠠᠯ᠎ᠠ ᠪᠤᠶᠤ ᠬᠠᠮᠢᠶᠠᠷᠤᠭᠴᠢ᠎ᠨᠢ ᠠᠮᠤᠷ ᠲᠦᠪᠰᠢᠨ᠎ᠢ ᠪᠠᠲᠤᠯᠠᠬᠤ ᠡᠭᠦᠷᠭᠡ᠎ᠪᠠᠨ ᠭᠦᠶᠴᠡᠳᠬᠡᠬᠦ ᠵᠢᠨ ᠬᠠᠮᠲᠤ ᠴᠢᠳᠠᠯ᠎ᠤᠨ ᠬᠡᠪᠴᠢᠶᠡᠨ ᠳᠣᠲᠣᠷ᠎ᠠ᠎ᠪᠠᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠡᠷᠭᠡ ᠠᠪᠤᠷᠠᠨ ᠲᠤᠰᠠᠯᠠᠬᠤ ᠡᠭᠦᠷᠭᠡ ᠵᠢ ᠬᠠᠮᠵᠢᠨ ᠡᠭᠦᠷᠭᠡᠯᠡᠬᠦ ᠬᠡᠷᠡᠭᠲᠡᠶ᠃
    ᠭᠤᠷᠪᠠ᠂ ᠬᠢᠨᠠᠨ ᠬᠠᠮᠢᠶᠠᠷᠬᠤ ᠪᠠᠷᠢᠮᠵᠢᠶ᠎ᠠ ᠵᠢ ᠲᠡᠭᠦᠯᠳᠡᠷᠵᠢᠭᠦᠯᠬᠦ ᠬᠡᠷᠡᠭᠲᠡᠶ
    (ᠨᠢᠭᠡ) ᠪᠠᠷᠢᠮᠵᠢᠶ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠡᠯ᠎ᠡ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠥᠪ᠂ ᠪᠥᠬᠥ ᠤᠯᠤᠰ᠎ᠤᠨ ᠴᠢᠨᠠᠷᠲᠠᠶ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠳ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠵᠤ᠂ ᠤᠷᠤᠯᠳᠤᠭ᠋ᠠᠨ ᠡᠷᠭᠢᠯᠡᠬᠦ ᠵᠦᠭᠯᠡᠭᠦᠷ᠂ ᠤᠷᠤᠯᠳᠤᠭ᠋ᠠᠨ᠎ᠳᠤ ᠣᠷᠣᠯᠴᠠᠬᠤ ᠵᠢᠯᠣᠭᠣᠳᠤᠮᠵᠢ ᠵᠢ ᠲᠣᠭᠲᠠᠭ᠋ᠠᠨ᠂ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠡᠷᠭᠢᠯᠡᠬᠦ ᠦᠨᠳᠦᠰᠦᠨ ᠨᠥᠬᠥᠴᠡᠯ᠂ ᠪᠠᠷᠢᠮᠵᠢᠶ᠎ᠠ᠂ ᠲᠦᠷᠢᠮ ᠪᠠ ᠲᠠᠰ ᠳᠠᠷᠠᠭ᠋ᠠᠯᠠᠯ᠎ᠢ ᠲᠣᠳᠣᠷᠬᠠᠶ᠋ᠢᠯᠠᠬᠤ ᠬᠡᠷᠡᠭᠲᠡᠶ᠂ ᠡᠭᠦᠨ᠎ᠳᠤ ᠡᠮᠴᠢᠯᠡᠭᠡ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠂ ᠭᠠᠯ ᠤᠨᠲᠠᠷᠠᠭ᠋ᠠᠬᠤ᠂ ᠴᠠᠭ ᠠᠭᠤᠷ ᠵᠡᠷᠭᠡ ᠠᠮᠤᠷ ᠲᠦᠪᠰᠢᠨ᠎ᠤ ᠪᠠᠲᠤᠯᠠᠭ᠎ᠠ ᠵᠢ ᠪᠠᠭᠲᠠᠭ᠋ᠠᠨ᠎ᠠ᠃ ᠲᠤᠰᠬᠠᠶ ᠮᠡᠷᠭᠡᠵᠢᠯ᠎ᠤᠨ ᠱᠠᠭ᠋ᠠᠷᠳᠠᠯᠭ᠎ᠠ᠎ᠪᠠᠷ ᠴᠢᠩᠭ᠎ᠠ᠂ ᠬᠥᠮᠦᠨ᠎ᠤ ᠪᠡᠶ᠎ᠡ᠎ᠳᠤ ᠠᠶᠤᠯ ᠲᠦᠭᠰᠢᠭᠦᠷᠢ ᠤᠴᠠᠷᠠᠭᠤᠯᠬᠤ ᠴᠢᠨᠠᠷ ᠵᠶ᠋ᠠᠷ ᠥᠨᠳᠥᠷ ᠵᠦᠢ᠍ᠯᠡᠰ᠎ᠲᠤ ᠪᠣᠯ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠳᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠬᠤ ᠵᠢᠨ ᠬᠠᠮᠲᠤ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠵᠢ ᠵᠣᠬᠢᠴᠠᠩᠭᠤᠶ᠎ᠪᠠᠷ ᠲᠣᠭᠲᠠᠭ᠋ᠠᠬᠤ ᠬᠡᠷᠡᠭᠲᠡᠶ᠃
    (ᠬᠣᠶᠠᠷ) ᠵᠣᠬᠢᠶᠠᠨ ᠪᠠᠶ᠋ᠢᠭᠤᠯᠤᠭᠴᠢ ᠵᠢᠨ ᠨᠥᠬᠥᠴᠡᠯ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠶ᠃ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠡᠯ᠎ᠡ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠥᠪ᠂ ᠪᠥᠬᠥ ᠤᠯᠤᠰ᠎ᠤᠨ ᠴᠢᠨᠠᠷᠲᠠᠶ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠨᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠴᠢ ᠵᠢᠨ ᠦᠨᠳᠦᠰᠦᠨ ᠨᠥᠬᠥᠴᠡᠯ᠎ᠢ ᠲᠣᠳᠣᠷᠬᠠᠶ᠋ᠢᠯᠠᠵᠤ᠂ ᠡᠭᠦᠨ᠎ᠳᠤ ᠭᠣᠤᠯᠯᠠᠨ ᠡᠷᠭᠢᠯᠡᠬᠦ ᠲᠠᠯ᠎ᠠ᠂ ᠳᠠᠭ᠋ᠠᠭ᠋ᠠᠨ ᠡᠷᠭᠢᠯᠡᠬᠦ ᠲᠠᠯ᠎ᠠ᠂ ᠬᠠᠮᠵᠢᠯᠴᠠᠨ ᠡᠷᠭᠢᠯᠡᠬᠦ ᠲᠠᠯ᠎ᠠ ᠵᠢᠨ ᠦᠨᠳᠦᠰᠦᠨ ᠱᠠᠭ᠋ᠠᠷᠳᠠᠯᠭ᠎ᠠ ᠵᠢ ᠪᠠᠭᠲᠠᠭ᠋ᠠᠵᠤ᠂ ᠬᠣᠯᠪᠣᠭᠳᠠᠯ ᠪᠥᠬᠥᠶ ᠨᠥᠬᠥᠴᠡᠯ ᠪᠠ ᠱᠠᠭ᠋ᠠᠷᠳᠠᠯᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃
    (ᠭᠤᠷᠪᠠ) ᠣᠷᠣᠯᠴᠠᠭᠰᠠᠳ᠎ᠤᠨ ᠬᠢᠷᠢ ᠬᠡᠮ᠎ᠤᠨ ᠨᠥᠬᠥᠴᠡᠯ᠎ᠢ ᠵᠢᠷᠤᠮᠵᠢᠭᠤᠯᠤᠨ᠎ᠠ᠃ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠡᠯ᠎ᠡ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠥᠪ᠂ ᠪᠥᠬᠥ ᠤᠯᠤᠰ᠎ᠤᠨ ᠴᠢᠨᠠᠷᠲᠠᠶ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠨᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠳ᠎ᠤᠨ ᠦᠨᠳᠦᠰᠦᠨ ᠨᠥᠬᠥᠴᠡᠯ᠎ᠢ ᠲᠣᠳᠣᠷᠬᠠᠶ᠋ᠢᠯᠠᠬᠤ ᠬᠡᠷᠡᠭᠲᠡᠶ᠂ ᠡᠭᠦᠨ᠎ᠳᠤ ᠨᠠᠰᠤ ᠵᠢᠯ᠂ ᠡᠷᠡᠭᠦᠯ ᠴᠢᠭᠢᠷᠠᠭ᠎ᠤᠨ ᠪᠠᠶ᠋ᠢᠳᠠᠯ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠮᠡᠷᠭᠡᠵᠢᠯ ᠴᠢᠳᠠᠪᠤᠷᠢ ᠵᠢᠴᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠦᠭᠰᠢᠭᠦᠷᠢ ᠵᠢ ᠮᠡᠳᠡᠬᠦ᠂ ᠤᠷᠤᠯᠳᠤᠭ᠋ᠠᠨ᠎ᠤ ᠲᠦᠷᠢᠮ᠎ᠢ ᠵᠢᠷᠦᠮᠯᠠᠬᠤ᠂ ᠵᠤᠬᠢᠶᠠᠨ ᠪᠠᠢ᠌ᠭᠤᠯᠬᠤ ᠺᠤᠮᠢᠰ᠎ᠤᠨ ᠲᠤᠬᠢᠷᠠᠭᠤᠯᠤᠯᠳᠠ ᠵᠢ ᠵᠢᠷᠦᠮᠯᠡᠨ᠎ᠡ᠃
    ᠳᠥᠷᠪᠡ᠂ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠤᠨ᠎ᠠ
    (ᠨᠢᠭᠡ) ᠡᠯ᠎ᠡ ᠲᠥᠷᠥᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠦᠨᠡᠯᠡᠨ ᠵᠢᠱ᠌ᠢᠵᠦ ᠵᠢᠭ᠋ᠠᠨ ᠵᠢᠯᠣᠭᠣᠳᠴᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠮᠡᠳᠡᠭᠡ ᠵᠠᠩᠭᠢ ᠴᠤᠭᠯᠠᠭᠤᠯᠬᠤ ᠠᠵᠢᠯ ᠵᠶ᠋ᠠᠨ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠦᠢ᠍ᠯᠡᠴᠢᠯᠡᠭᠡᠨ ᠎ᠤ   ᠵᠢᠯᠣᠭᠣᠳᠬᠤ   ᠭᠠᠷᠴᠠᠭ ᠎ᠢ   ᠲᠣᠭᠲᠠᠭ᠋ᠠᠵᠤ᠂ ᠤᠷᠤᠯᠳᠤᠭ᠋ᠠᠨ ᠎ᠠᠴᠠ   ᠡᠮᠦᠨᠡᠬᠢ   ᠰᠤᠳᠤᠯᠤᠨ ᠮᠠᠭ᠋ᠠᠳᠯᠠᠬᠤ᠂ ᠤᠷᠤᠯᠳᠤᠭ᠋ᠠᠨ᠎ᠤ ᠳᠤᠮᠳᠠᠬᠢ ᠵᠢᠯᠣᠭᠣᠳᠣᠯᠭ᠎ᠠ᠂ ᠤᠷᠤᠯᠳᠤᠭ᠋ᠠᠨ᠎ᠤ ᠳᠠᠷᠠᠭ᠋ᠠᠬᠢ ᠦᠨᠡᠯᠡᠨ ᠵᠢᠱ᠌ᠢᠯᠲᠡ ᠵᠢ ᠴᠢᠩᠭ᠋ᠠᠳᠬᠠᠬᠤ ᠣᠷᠣᠯᠴᠠᠭᠰᠠᠨ ᠬᠥᠮᠦᠨ᠎ᠤ ᠲᠣᠭ᠎ᠠ᠎ᠪᠠᠷ ᠨᠡᠯᠢᠶᠡᠳ ᠣᠯᠠᠨ᠂ ᠬᠥᠮᠦᠨ᠎ᠤ ᠪᠡᠶ᠎ᠡ ᠵᠢᠨ ᠲᠦᠭᠰᠢᠭᠦᠷᠢᠲᠦ ᠴᠢᠨᠠᠷ ᠵᠶ᠋ᠠᠷ ᠨᠡᠯᠢᠶᠡᠳ ᠥᠨᠳᠥᠷ ᠪᠤᠶᠤ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠭᠣᠤᠯᠳᠠᠯᠭ᠎ᠠ᠎ᠲᠠᠢ ᠬᠢᠨᠠᠨ ᠬᠠᠮᠢᠶᠠᠷᠬᠤ ᠬᠡᠷᠡᠭᠲᠡᠶ ᠬᠦᠨᠳᠦ ᠶᠡᠬᠡ ᠠᠮᠤᠷ ᠲᠦᠪᠰᠢᠨ᠎ᠤ ᠳᠠᠯᠳᠠ ᠬᠡᠮ᠎ᠲᠠᠢ ᠪᠠᠶ᠋ᠢᠪᠠᠯ᠂ ᠬᠠᠮᠢᠶ᠎ᠠ ᠪᠥᠬᠥᠶ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠵᠡᠷᠭᠡ ᠲᠤᠰᠬᠠᠶ ᠪᠠᠶ᠋ᠢᠭᠤᠯᠤᠮᠵᠢ ᠵᠢᠨ ᠰᠠᠨᠠᠯ᠎ᠢ ᠬᠤᠷᠢᠶᠠᠵᠤ᠂ ᠭᠣᠤᠯᠯᠠᠨ ᠡᠷᠭᠢᠯᠡᠭᠰᠡᠨ ᠲᠠᠯ᠎ᠠ ᠵᠢᠨ᠎ᠬᠢᠨ᠎ᠢ ᠴᠠᠭ ᠲᠤᠬᠠᠶ᠎ᠳᠤᠨᠢ ᠰᠢᠮᠳᠠᠭᠤᠯᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃
    (ᠬᠣᠶᠠᠷ) ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠪᠡᠯᠡᠳᠬᠡᠯ ᠲᠥᠰᠦᠯ᠎ᠢ ᠲᠣᠭᠲᠠᠭ᠋ᠠᠨ ᠲᠡᠭᠦᠯᠳᠡᠷᠵᠢᠭᠦᠯᠦᠨ᠎ᠡ᠃ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠴᠥᠮ ᠭᠠᠮᠰᠢᠭᠲᠤ ᠴᠠᠭ ᠠᠭᠤᠷ ᠵᠡᠷᠭᠡ ᠲᠦᠭᠰᠢᠭᠦᠷᠢ ᠵᠢ ᠰᠡᠷᠭᠡᠶ᠋ᠢᠯᠡᠬᠦ ᠵᠢᠴᠢ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠪᠡᠯᠡᠳᠬᠡᠯ ᠲᠥᠰᠦᠯ (ᠴᠠᠭ ᠲᠤᠬᠠᠶ᠎ᠳᠤᠨᠢ ᠲᠦᠭᠰᠢᠭᠦᠷᠢ ᠵᠢ ᠦᠨᠡᠯᠡᠨ ᠵᠢᠱ᠌ᠢᠬᠦ᠂ ᠲᠦᠭᠰᠢᠭᠦᠷᠢ ᠵᠢ ᠰᠡᠷᠡᠮᠵᠢᠯᠡᠭᠦᠯᠬᠦ᠂ ᠲᠦᠭᠰᠢᠭᠦᠷᠢ ᠵᠢ ᠰᠡᠷᠭᠡᠶ᠋ᠢᠯᠡᠬᠦ᠂ ᠤᠷᠤᠯᠳᠤᠭ᠋ᠠᠨ᠎ᠢ ᠵᠣᠭᠰᠣᠭ᠋ᠠᠬᠤ ᠪᠤᠶᠤ ᠬᠣᠶ᠋ᠢᠰᠢᠯᠠᠭᠤᠯᠬᠤ᠂ ᠴᠠᠭ ᠲᠤᠬᠠᠶ᠎ᠳᠤᠨᠢ ᠠᠪᠤᠷᠠᠨ ᠲᠤᠰᠠᠯᠠᠬᠤ ᠵᠡᠷᠭᠡ ᠠᠭᠤᠯᠭ᠎ᠠ ᠪᠠᠭᠲᠠᠨ᠎ᠠ)᠎ᠢ ᠲᠣᠭᠲᠠᠭ᠋ᠠᠨ᠎ᠠ᠃
    (ᠭᠤᠷᠪᠠ) ᠠᠵᠢᠯ ᠲᠥᠷᠥᠯ᠎ᠤᠨ ᠨᠡᠶ᠋ᠢᠭᠡᠮᠯᠢᠭ᠎ᠤᠨ ᠥᠪᠡᠷ᠎ᠢ᠎ᠪᠠᠨ ᠱᠠᠭ᠋ᠠᠷᠳᠠᠬᠤ ᠬᠢᠨᠠᠯᠲᠠ ᠲᠠᠯᠪᠢᠬᠤ ᠦᠢ᠍ᠯᠡᠴᠢᠯᠡᠭᠡ ᠵᠢ ᠴᠢᠩᠭ᠋ᠠᠳᠬᠠᠨ᠎ᠠ᠃ ᠪᠦᠬᠦ ᠤᠯᠤᠰ᠎ᠤᠨ ᠴᠢᠨᠠᠷᠲᠠᠶ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠨᠢ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠦᠢ᠍ᠯᠡᠳᠦᠯ ᠵᠶ᠋ᠠᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠬᠢᠷᠢ ᠬᠡᠮᠵᠢᠶ᠎ᠡ᠂ ᠬᠥᠮᠦᠨ᠎ᠤ ᠲᠣᠭ᠎ᠠ ᠵᠢᠨ ᠬᠡᠪᠴᠢᠶ᠎ᠡ᠂ ᠲᠠᠰ ᠳᠠᠪᠬᠤᠷᠭ᠎ᠠ ᠵᠢᠨ ᠬᠡᠪ ᠪᠠᠷᠢᠮᠵᠢᠶ᠎ᠠ᠂ ᠦᠢ᠍ᠯᠡᠴᠢᠯᠡᠭᠡᠨ᠎ᠤ ᠪᠠᠲᠤᠯᠠᠭ᠎ᠠ᠂ ᠨᠡᠶ᠋ᠢᠭᠡᠮ᠎ᠤᠨ ᠨᠥᠯᠥᠭᠡᠯᠡᠬᠦ ᠬᠦᠴᠦᠨ ᠵᠡᠷᠭᠡ ᠬᠦᠴᠦᠨ ᠵᠦᠢ᠍ᠯ᠎ᠤᠨ ᠶᠣᠰᠣᠭ᠋ᠠᠷ᠂ ᠬᠠᠷᠢᠶ᠎ᠠ ᠣᠷᠣᠨ᠎ᠤ ᠳᠣᠲᠣᠷᠠᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠵᠡᠷᠭᠡ ᠳᠡᠰ᠎ᠤᠨ ᠦᠨᠡᠯᠡᠨ ᠲᠣᠭᠲᠠᠭ᠋ᠠᠯᠲᠠ ᠪᠤᠶᠤ ᠦᠨᠡᠯᠡᠨ ᠵᠢᠱ᠌ᠢᠯᠲᠡ ᠬᠢᠵᠦ᠂ ᠵᠣᠬᠢᠶᠠᠨ ᠪᠠᠶ᠋ᠢᠭᠤᠯᠤᠯᠲᠠ᠎ᠨᠢ ᠵᠢᠷᠤᠮᠵᠢᠯ᠎ᠲᠠᠢ᠂ ᠠᠵᠢᠯᠯᠠᠭ᠋ᠠᠨ᠎ᠨᠢ ᠰᠠᠶ᠋ᠢᠨ᠂ ᠪᠠᠲᠤᠯᠠᠭ᠎ᠠ᠎ᠨᠢ ᠪᠣᠳᠠᠲᠠᠶ᠋ᠢᠵᠢᠭᠰᠠᠨ᠂ ᠪᠦᠬᠦᠯᠢ ᠴᠣᠭᠴᠠ ᠵᠢᠨ ᠬᠢᠷᠢ ᠬᠡᠮᠵᠢᠶ᠎ᠡ᠎ᠨᠢ ᠥᠨᠳᠥᠷ ᠤᠷᠤᠯᠳᠤᠭ᠋ᠠᠨ᠎ᠤ ᠠᠵᠢᠯᠯᠠᠭ᠎ᠠ ᠵᠢ ᠴᠠᠭ ᠲᠤᠬᠠᠶ᠎ᠳᠤᠨᠢ ᠨᠡᠶ᠋ᠢᠭᠡᠮ᠎ᠳᠤ ᠲᠠᠨᠢᠯᠴᠠᠭᠤᠯᠬᠤ ᠬᠡᠷᠡᠭᠲᠡᠶ᠃
    ᠲᠠᠪᠤ᠂ ᠠᠮᠤᠷ ᠲᠦᠪᠰᠢᠨ  ᠎ᠤ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠶ᠃
    (ᠨᠢᠭᠡ) ᠪᠠᠴᠢᠮ ᠪᠠᠶ᠋ᠢᠳᠠᠯ᠎ᠢ ᠠᠷᠭ᠋ᠠᠴᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠳ ᠴᠢᠮᠡᠭᠡ ᠬᠣᠯᠪᠣᠭ᠎ᠠ ᠵᠢᠨ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠴᠠᠭ ᠠᠭᠤᠷ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠣᠯᠪᠣᠭ᠋ᠠᠯᠠᠨ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠴᠢᠩᠭ᠋ᠠᠳᠬᠠᠨ᠂ ᠶᠡᠷᠦᠩᠬᠡᠶ᠋ᠢᠯᠡᠭᠰᠡᠨ ᠴᠢᠨᠠᠷᠲᠠᠶ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠵᠦ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
    (ᠬᠣᠶᠠᠷ) ᠠᠮᠤᠷ ᠲᠦᠪᠰᠢᠨ᠎ᠤ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠥᠪ᠂ ᠡᠯ᠎ᠡ ᠱᠠᠲᠤᠨ᠎ᠤ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠳ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠭᠴᠢ   ᠵᠢᠴᠢ   ᠬᠠᠮᠢᠶ᠎ᠠ   ᠪᠥᠬᠥᠶ   ᠠᠵᠢᠯ   ᠡᠷᠭᠢᠯᠡᠭᠰᠡᠳ ᠎ᠤᠨ   ᠲᠥᠷᠥᠯ   ᠵᠦᠢ᠍ᠯ ᠎ᠤᠨ   ᠮᠡᠷᠭᠡᠵᠢᠯ ᠴᠢᠳᠠᠪᠤᠷᠢ᠂ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ ᠵᠢᠴᠢ ᠠᠮᠤᠷ ᠲᠦᠪᠰᠢᠨ᠎ᠤ ᠲᠦᠭᠰᠢᠭᠦᠷᠢ ᠵᠡᠷᠭᠡ ᠲᠠᠯ᠎ᠠ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠢᠯᠣᠭᠣᠳᠣᠯᠭ᠎ᠠ ᠪᠠ ᠦᠢ᠍ᠯᠡᠴᠢᠯᠡᠭᠡ ᠬᠠᠩᠭ᠋ᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠡᠷᠬᠢᠯᠡᠬᠦ ᠬᠢᠷᠢ ᠲᠦᠪᠰᠢᠨ᠎ᠢ ᠲᠠᠰᠤᠷᠠᠯᠳᠠ ᠦᠭᠡᠢ ᠲᠡᠭᠡᠰᠢᠯᠡᠬᠦᠯᠬᠦ ᠬᠡᠷᠡᠭᠳᠡᠢ᠃
    (ᠭᠤᠷᠪᠠ) ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠭᠴᠢ᠎ᠨᠢ ᠵᠣᠬᠢᠬᠤ ᠬᠢᠷᠢ ᠬᠡᠮ᠎ᠲᠠᠢ ᠲᠤᠰᠬᠠᠶ ᠮᠡᠷᠭᠡᠵᠢᠯ᠎ᠤᠨ ᠠᠵᠢᠯᠲᠠᠨ᠎ᠢ ᠪᠦᠷᠢᠨ ᠲᠣᠬᠢᠷᠠᠭᠤᠯᠵᠤ᠂ ᠬᠠᠮᠢᠶ᠎ᠠ ᠪᠥᠬᠥᠶ ᠪᠠᠷᠢᠮᠵᠢᠶ᠎ᠠ ᠪᠠ ᠱᠠᠭ᠋ᠠᠷᠳᠠᠯᠭ᠎ᠠ᠎ᠳᠤ ᠨᠡᠶ᠋ᠢᠴᠡᠬᠦ ᠲᠠᠯᠠᠪᠤᠷ   ᠭᠠᠵᠠᠷ᠂ ᠪᠠᠭ᠋ᠠᠵᠢ   ᠬᠡᠷᠡᠭᠰᠡᠯ   ᠪᠠ   ᠪᠡᠯᠡᠳᠬᠡᠮᠵᠢ ᠵᠢ   ᠳᠣᠭᠢᠷᠠᠭᠤᠯᠵᠤ᠂ ᠴᠢᠮᠡᠭᠡ   ᠬᠣᠯᠪᠣᠭ᠎ᠠ᠂ ᠠᠮᠤᠷ   ᠲᠦᠪᠰᠢᠨ᠂ ᠵᠠᠮ ᠬᠠᠷᠢᠯᠴᠠᠭ᠎ᠠ᠂ ᠡᠷᠡᠭᠦᠯ ᠬᠠᠮᠠᠭ᠋ᠠᠯᠠᠯ᠂ ᠢᠳᠡᠭᠡᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠂ ᠭᠠᠯ ᠤᠨᠲᠠᠷᠠᠭ᠋ᠠᠬᠤ ᠵᠡᠷᠭᠡ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠲᠣᠨᠣᠭ ᠲᠥᠬᠥᠭᠡᠷᠦᠮᠵᠢ ᠵᠢ ᠪᠠᠶ᠋ᠢᠴᠠᠭ᠋ᠠᠬᠤ᠂ ᠳᠠᠭ᠋ᠠᠳᠬᠠᠯ᠎ᠤᠨ ᠬᠤᠳᠠᠯᠳᠤᠨ ᠠᠪᠬᠤ ᠵᠡᠷᠭᠡ ᠠᠯᠪᠠᠳᠠᠯᠭ᠎ᠠ ᠵᠢᠨ ᠴᠢᠨᠠᠷᠲᠠᠶ ᠠᠷᠭ᠎ᠠ ᠬᠡᠮᠵᠢᠶ᠎ᠡ ᠵᠢ ᠨᠡᠮᠡᠭᠳᠡᠭᠦᠯᠵᠦ᠂ ᠪᠠᠴᠢᠮ ᠪᠠᠶ᠋ᠢᠳᠠᠯ ᠭᠠᠷᠪᠠᠯ ᠡᠷᠡᠰ ᠰᠢᠭᠤᠷᠬᠠᠶ᠎ᠪᠠᠷ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠶ᠃ 《ᠬᠠᠶ᠋ᠢᠯᠤᠭᠤᠯᠤᠨ ᠲᠠᠰᠤᠯᠬᠤ ᠲᠣᠭᠲᠠᠴᠠ》 ᠵᠢ ᠬᠡᠷᠡᠭᠵᠢᠭᠦᠯᠵᠦ᠂ ᠤᠷᠤᠯᠳᠤᠭ᠋ᠠᠨ᠎ᠤ ᠶᠠᠪᠤᠳᠠᠯ᠎ᠤᠨ ᠠᠬᠢᠴᠠ ᠵᠢ ᠨᠢᠭᠲᠠ ᠠᠩᠬᠠᠷᠴᠤ᠂ ᠤᠷᠤᠯᠳᠤᠭ᠋ᠠᠨ ᠡᠷᠭᠢᠯᠡᠬᠦ ᠨᠥᠬᠥᠴᠡᠯ᠎ᠳᠤ ᠬᠤᠪᠢᠷᠠᠯᠲᠠ ᠭᠠᠷᠬᠤ ᠦᠶ᠎ᠡ᠎ᠳᠤ᠂ ᠴᠠᠭ ᠲᠤᠬᠠᠶ᠎ᠳᠤᠨᠢ ᠵᠣᠬᠢᠴᠠᠩᠭᠤᠶ ᠲᠣᠬᠢᠷᠠᠭᠤᠯᠤᠯᠲᠠ ᠬᠢᠨ᠎ᠠ; ᠤᠷᠤᠯᠳᠤᠭ᠋ᠠᠨ᠎ᠢ ᠦᠷᠭᠦᠯᠵᠢᠯᠡᠨ ᠡᠷᠭᠢᠯᠡᠬᠦ ᠨᠥᠬᠥᠴᠡᠯ᠎ᠢ ᠪᠦᠷᠢᠯᠳᠦᠭᠦᠯᠦᠭᠰᠡᠨ ᠥᠬᠡᠶ ᠪᠠᠶ᠋ᠢᠳᠠᠯ ᠳᠣᠤᠷ᠎ᠠ᠂ ᠤᠷᠤᠯᠳᠤᠭ᠋ᠠᠨ᠎ᠢ ᠴᠠᠭ ᠲᠤᠬᠠᠶ᠎ᠳᠤᠨᠢ ᠵᠣᠭᠰᠣᠭ᠋ᠠᠬᠤ ᠬᠡᠷᠡᠭᠲᠡᠶ᠃
    (ᠳᠥᠷᠪᠡ) ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠬᠠᠷᠢᠶ᠎ᠠ ᠭᠠᠵᠠᠷ᠎ᠤᠨ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ   ᠴᠢᠩᠭ᠎ᠠ   ᠬᠡᠷᠡᠭᠵᠢᠭᠦᠯᠵᠦ᠂ 《ᠨᠢᠭᠡ   ᠤᠷᠤᠯᠳᠤᠭ᠋ᠠᠨ ᠎ᠳᠤ   ᠨᠢᠭᠡ   ᠲᠥᠰᠦᠯ》᠎ᠤᠨ   ᠵᠠᠷᠴᠢᠮ ᠶᠣᠰᠣᠭ᠋ᠠᠷ᠂ ᠰᠡᠷᠭᠡᠶ᠋ᠢᠯᠡᠨ ᠡᠵᠡᠮᠳᠡᠬᠦ ᠲᠥᠰᠦᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠨᠠᠷᠢᠨ ᠨᠢᠮᠪᠠᠶ ᠲᠣᠭᠲᠠᠭ᠋ᠠᠵᠤ᠂ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠬᠢᠵᠢᠭ᠎ᠤᠨ ᠪᠠᠶ᠋ᠢᠳᠠᠯ᠎ᠤᠨ ᠬᠠᠯᠳᠠᠪᠤᠷᠢᠯᠠᠨ ᠳᠡᠯᠭᠡᠷᠡᠬᠦ ᠠᠷᠭ᠎ᠠ ᠵᠠᠮ ᠪᠣᠯᠭ᠋ᠠᠬᠤ ᠵᠢ ᠡᠷᠡᠰ ᠰᠡᠷᠭᠡᠶ᠋ᠢᠯᠡᠬᠦ ᠬᠡᠷᠡᠭᠲᠡᠶ᠃
    ᠵᠢᠷᠭᠤᠭ᠎ᠠ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠨ᠎ᠡ  ᠃
    (ᠨᠢᠭᠡ) ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ 《ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠤ ᠡᠨᠳᠡᠯ᠎ᠤᠨ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ᠎ᠲᠠᠢ ᠨᠢᠭᠡᠴᠡ ᠪᠠ ᠬᠠᠷᠢᠭᠤᠴᠠᠯᠭ᠎ᠠ᠎ᠲᠠᠢ ᠬᠥᠮᠦᠰ᠎ᠢ ᠢᠯᠭ᠋ᠠᠨ ᠲᠣᠳᠣᠷᠬᠠᠶ᠋ᠢᠯᠠᠵᠤ᠂ ᠰᠢᠳᠬᠡᠯ ᠥᠭᠬᠦ ᠲᠥᠷᠥᠯ ᠵᠦᠢ᠍ᠯ ᠪᠠ ᠬᠡᠷᠡᠭᠯᠡᠬᠦ ᠲᠦᠷᠢᠮ᠎ᠢ ᠲᠣᠳᠣᠷᠬᠠᠶ᠋ᠢᠯᠠᠨ᠎ᠠ᠃
    (ᠬᠣᠶᠠᠷ) ᠠᠶᠤᠯ ᠥᠭᠡᠢ ᠵᠢᠨ ᠡ᠊ᠨᠳᠡᠯ ᠭᠠᠷᠭ᠋ᠠᠭᠰᠠᠨ ᠵᠣᠬᠢᠶᠠᠨ ᠪᠠᠶ᠋ᠢᠭᠤᠯᠤᠭᠴᠢ ᠵᠢᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠶ᠃ ᠬᠠᠮᠢᠶ᠎ᠠ ᠪᠥᠬᠥᠶ ᠲᠣᠭᠲᠠᠭ᠋ᠠᠯ᠎ᠠᠴᠠ ᠵᠥᠷᠢᠴᠡᠵᠦ᠂ ᠬᠥᠮᠦᠨ᠎ᠤ ᠪᠡᠶ᠎ᠡ ᠵᠢ ᠭᠡᠮᠲᠦᠭᠡᠭᠰᠡᠨ᠂ ᠡᠳ᠋ ᠬᠥᠷᠥᠩᠭᠡ ᠵᠢ ᠬᠣᠬᠢᠷᠠᠭᠤᠯᠤᠭᠰᠠᠨ ᠵᠡᠷᠭᠡ ᠠᠮᠤᠷ ᠲᠦᠪᠰᠢᠨ᠎ᠤ ᠡᠨᠳᠡᠯ ᠭᠠᠷᠭ᠋ᠠᠭᠰᠠᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠭᠴᠢ᠎ᠳᠤ᠂ ᠡᠯ᠎ᠡ ᠱᠠᠲᠤᠨ᠎ᠤ ᠬᠠᠮᠢᠶ᠎ᠠ ᠪᠥᠬᠥᠶ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠦᠶᠯᠡ ᠪᠠᠶ᠋ᠢᠳᠠᠯ᠎ᠤᠨ ᠬᠦᠨᠳᠦ ᠬᠥᠩᠭᠡᠨ᠎ᠢ ᠦᠵᠡᠵᠦ ᠳᠣᠩᠭᠣᠳᠬᠤ᠂ ᠵᠣᠭᠣᠰ ᠵᠶ᠋ᠠᠷ ᠲᠣᠷᠭ᠋ᠠᠬᠤ ᠵᠡᠷᠭᠡ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠡᠯ᠎ᠡ ᠱᠠᠲᠤᠨ᠎ᠤ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠬᠠᠮᠢᠶ᠎ᠠ ᠪᠥᠬᠥᠶ ᠠᠵᠢᠯ ᠲᠥᠷᠥᠯ᠎ᠤᠨ ᠬᠠᠮᠢᠶᠠᠷᠤᠯᠲᠠ ᠵᠢᠨ ᠠᠷᠭ᠎ᠠ ᠵᠢ ᠦᠨᠳᠦᠰᠦᠯᠡᠨ ᠨᠡᠶ᠋ᠢᠲᠡᠯᠡᠨ ᠰᠢᠭᠦᠮᠵᠢᠯᠡᠵᠦ᠂ ᠤᠷᠤᠯᠳᠤᠭ᠋ᠠᠨ᠎ᠤ ᠭᠡᠷᠡᠴᠢᠯᠡᠯ᠎ᠤᠨ ᠬᠢᠷᠢ ᠬᠡᠮ ᠵᠡᠷᠭᠡ ᠠᠵᠢᠯ ᠲᠥᠷᠥᠯ᠎ᠤᠨ ᠰᠢᠳᠬᠡᠯ᠎ᠢ ᠬᠦᠴᠦᠨ ᠥᠬᠡᠶ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    (ᠭᠤᠷᠪᠠ) ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠴᠢᠩᠭ᠎ᠠ ᠬᠢᠨᠠᠨ ᠬᠠᠮᠢᠶᠠᠷᠤᠭᠰᠠᠨ ᠥᠬᠡᠶ᠎ᠠᠴᠠ ᠪᠣᠯᠵᠣ᠂ ᠬᠥᠮᠦᠨ᠎ᠤ ᠪᠡᠶ᠎ᠡ ᠵᠢ ᠭᠡᠮᠲᠦᠭᠡᠭᠰᠡᠨ᠂ ᠡᠳ᠋ ᠬᠥᠷᠥᠩᠭᠡ ᠵᠢ ᠬᠣᠬᠢᠷᠠᠭᠤᠯᠤᠭᠰᠠᠨ ᠵᠡᠷᠭᠡ ᠠᠮᠤᠷ ᠲᠦᠪᠰᠢᠨ᠎ᠤ ᠡᠨᠳᠡᠯ᠎ᠤᠨ ᠬᠠᠷᠢᠭᠤᠴᠠᠯᠭ᠋ᠠᠲᠤ ᠨᠢᠭᠡᠴᠡ ᠪᠠ ᠬᠠᠷᠢᠭᠤᠴᠠᠯᠭ᠋ᠠᠲᠠᠨ᠎ᠳᠤ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠵᠣᠬᠢᠬᠤ ᠰᠢᠶᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃


                              ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ

                              ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ

                              ᠳᠣᠲᠣᠭ᠋ᠠᠳᠤ ᠵᠢ ᠬᠠᠮᠠᠭ᠋ᠠᠯᠠᠬᠤ ᠶᠠᠮᠤᠨ
                              ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ

                              ᠵᠠᠮ ᠲᠡᠭᠡᠭᠡᠪᠦᠷᠢ ᠵᠢᠨ ᠶᠠᠮᠤᠨ

                              ᠰᠣᠶᠣᠯ ᠪᠠ ᠵᠢᠭᠤᠯᠴᠢᠯᠠᠯ᠎ᠤᠨ ᠶᠠᠮᠤᠨ
                              ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ

                              ᠪᠠᠴᠢᠮ ᠪᠠᠶ᠋ᠢᠳᠠᠯ᠎ᠢ ᠠᠷᠭ᠋ᠠᠴᠠᠬᠤ   ᠶᠠᠮᠤᠨ

                              ᠵᠠᠬ᠎ᠠ ᠳᠡᠯᠭᠡᠭᠦᠷ᠎ᠤᠨ   ᠬᠢᠨᠠᠨ ᠬᠠᠮᠢᠶᠠᠷᠤᠯᠳᠠ ᠵᠢᠨ ᠶᠡᠷᠦᠩᠬᠡᠢ ᠲᠤᠪᠴᠢᠶ᠎ᠡ
                              ᠴᠠᠭ ᠠᠭᠤᠷ᠎ᠤᠨ ᠲᠣᠪᠴᠢᠶ᠎ᠠ

                              ᠪᠠᠩᠬᠢ ᠳᠠᠭ᠋ᠠᠳᠬᠠᠯ᠎ᠤᠨ ᠬᠢᠨᠠᠨ ᠬᠠᠮᠢᠶᠠᠷᠬᠤ ᠵᠥᠪᠯᠡᠯ
                                      2021᠎ᠤᠨ᠎ᠤ 6 ᠰᠠᠷ᠎ᠠ ᠵᠢᠨ 25

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
 
            