ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠬᠦ ᠳᠤᠮᠳᠠ᠂ ᠰᠢ ᠵᠢᠨ ᠫᠢᠩ ᠶᠡᠷᠦᠩᠬᠡᠶ ᠱᠦᠵᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠦᠵᠡᠯ ᠰᠠᠨᠠᠭ᠎ᠠ ᠵᠢ ᠪᠠᠷᠢᠮᠲᠠᠯᠠᠨ᠂ ᠠᠷᠠᠳ ᠲᠦᠮᠡᠨ᠎ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠬᠥᠮᠦᠨ᠎ᠤ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠪᠠᠷ ᠪᠡᠶ᠎ᠡ ᠵᠢᠨ ᠲᠠᠮᠢᠷ᠎ᠤᠨ ᠠᠵᠢᠯ᠎ᠤᠨ ᠡᠬᠢᠯᠡᠯ ᠪᠠ ᠲᠡᠭᠦᠰᠬᠡᠯ ᠪᠣᠯᠭ᠋ᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠪᠥᠬᠥ ᠠᠷᠠᠳ ᠤᠨ ᠪᠡᠶ᠎ᠡ ᠴᠢᠭᠢᠷᠠᠭᠵᠢᠭᠤᠯᠬᠤ 《ᠲᠤᠯᠤᠭ᠋ᠠᠨ ᠲᠡᠷᠳᠡᠭᠡᠬᠢ》 ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠭᠣᠤᠯᠳᠠᠯᠭ᠎ᠠ᠎ᠲᠠᠢ ᠬᠡᠷᠡᠭᠵᠢᠭᠦᠯᠦᠨ᠎ᠡ᠃
ᠨᠢᠭᠡ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠲᠡᠳᠬᠦᠨ ᠬᠦᠭᠵᠢᠭᠦᠯᠦᠨ᠎ᠡ
ᠪᠣᠳᠠᠲᠤ ᠴᠣᠭᠴᠠᠵᠢᠭᠤᠯᠬᠤ᠂ ᠨᠡᠶ᠋ᠢᠭᠡᠮᠴᠢᠯᠡᠬᠦ᠂ ᠵᠢᠷᠤᠮᠵᠢᠭᠤᠯᠬᠤ᠂ ᠲᠤᠰᠬᠠᠶ᠋ᠢᠵᠢᠭᠤᠯᠬᠤ ᠬᠥᠭᠵᠢᠯᠲᠡ ᠵᠢᠨ ᠴᠢᠭᠯᠡᠯ ᠶᠣᠰᠣᠭ᠋ᠠᠷ᠂ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠎ᠨᠢ ᠬᠠᠪᠰᠤᠷᠤᠨ ᠵᠢᠯᠣᠭᠣᠳᠬᠤ᠂ ᠵᠣᠷᠢᠭᠵᠢᠭᠤᠯᠵᠤ ᠬᠥᠲᠥᠯᠥᠨ ᠵᠢᠯᠣᠭᠣᠳᠬᠤ ᠂ ᠨᠥᠯᠥᠭᠡᠯᠡᠨ ᠳᠠᠶ᠋ᠢᠴᠢᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠱᠠᠳᠤ ᠲᠡᠰᠢ ᠥᠷᠭᠡᠵᠢᠬᠦ᠂ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠶ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠪᠠᠶ᠋ᠢᠩᠭᠤ ᠡᠷᠬᠢᠯᠡᠵᠤ᠂ ᠥᠷᠭᠡᠨ ᠤᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠢᠳᠡᠪᠬᠢᠵᠢᠯ᠎ᠢ ᠲᠠᠢ᠌ᠴᠢᠯᠠᠨ᠎ᠠ ᠃
ᠬᠣᠶᠠᠷ᠂ ᠣᠯᠠᠨ ᠲᠦᠮᠡᠨ᠎ᠤ ᠳᠡᠷᠭᠡᠳᠡᠬᠢ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢ ᠲᠡᠭᠦᠯᠳᠡᠷᠵᠢᠭᠦᠯᠦᠨ᠎ᠡ
ᠰᠢ ᠵᠢᠨ ᠫᠢᠩ ᠶᠡᠷᠦᠩᠬᠡᠶ ᠱᠦᠵᠢ ᠵᠢᠨ 《ᠡᠷᠡᠭᠦᠯ ᠮᠡᠨᠳᠦ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠭᠦᠢ᠍ᠴᠡᠳ ᠲᠣᠬᠢᠷᠠᠭᠤᠯᠤᠨ ᠬᠡᠷᠡᠭᠯᠡᠵᠦ᠂ ᠥᠷᠭᠡᠨ ᠣᠯᠠᠨ ᠠᠷᠠᠳ ᠲᠦᠮᠡᠨ᠎ᠢ ᠣᠶ᠋ᠢᠷᠠᠲᠤᠭᠤᠯᠵᠤ᠂ ᠬᠡᠷᠡᠭᠯᠡᠬᠦ ᠵᠢ᠎ᠨᠢ ᠳᠡᠭᠡᠭᠰᠢᠯᠡᠭᠦᠯᠬᠦ》 ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ᠎ᠤᠨ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠯᠠᠨ ᠲᠦᠮᠡᠨ᠎ᠤ ᠪᠡᠶ᠎ᠡ ᠵᠢᠨ ᠲᠠᠮᠢᠷ᠎ᠢ ᠬᠥᠭᠵᠢᠭᠦᠯᠬᠦ ᠲᠤᠬᠠᠶ ᠰᠠᠨᠠᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠤ ᠣᠶ᠋ᠢᠷ᠎ᠠ ᠬᠠᠪᠢ ᠵᠢᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠯᠠᠨ ᠲᠦᠮᠡᠨ᠎ᠲᠠᠢ ᠣᠶ᠋ᠢᠷᠠᠳᠬᠤ᠂ ᠬᠦᠷᠴᠦ ᠳᠡᠶ᠋ᠢᠯᠬᠦ᠎ᠳᠤ ᠲᠥᠬᠥᠮ ᠪᠡᠶ᠎ᠡ ᠵᠢᠨ ᠲᠠᠮᠢᠷ᠎ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠂ ᠨᠡᠶ᠋ᠢᠭᠡᠮ ᠲᠣᠭᠣᠷᠢᠭ᠎ᠤᠨ ᠬᠥᠯ ᠪᠥᠮᠪᠥᠭᠡ ᠵᠢᠨ ᠲᠠᠯᠠᠪᠤᠷ ᠵᠡᠷᠭᠡ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ᠎ᠤᠨ ᠪᠡᠯᠡᠳᠬᠡᠮᠵᠢ ᠵᠢ ᠤᠷᠢᠳᠠᠪᠠᠷ ᠲᠥᠯᠥᠪᠵᠢᠭᠦᠯᠦᠨ ᠪᠠᠶ᠋ᠢᠭᠤᠯᠵᠤ᠂ ᠣᠯᠠᠨ ᠲᠦᠮᠡᠨ᠎ᠤ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠥᠪᠡᠷᠮᠢᠴᠡ ᠴᠢᠨᠠᠷ᠂ ᠣᠯᠠᠨ ᠲᠠᠰ ᠳᠠᠪᠬᠤᠷᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠨ᠎ᠠ᠃
ᠭᠤᠷᠪᠠ᠂ ᠣᠯᠠᠨ ᠲᠦᠮᠡᠨ᠎ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠢ ᠥᠷᠭᠡᠨ ᠵᠶ᠋ᠠᠷ ᠦᠷᠨᠢᠭᠦᠯᠦᠨ᠎ᠡ
ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠶ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠢ ᠶᠡᠬᠡᠪᠡᠷ ᠳᠡᠯᠭᠡᠷᠡᠭᠦᠯᠵᠦ᠂ 《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》᠎ᠤᠨ ᠰᠢᠷᠢᠰ ᠠᠵᠢᠯᠯᠠᠭ᠎ᠠ ᠵᠢ ᠡᠷᠭᠢᠯᠡᠨ᠂ ᠲᠣᠰ ᠲᠣᠰ᠎ᠤᠨ ᠣᠨᠴᠠᠯᠢᠭ᠎ᠲᠠᠢ ᠣᠯᠠᠨ ᠲᠦᠮᠡᠨᠴᠢ ᠴᠢᠨᠠᠷᠲᠠᠶ ᠨᠠᠷᠠᠲᠤ ᠲᠥᠷᠥᠯ ᠲᠡᠮᠳᠡᠭᠲᠦ ᠵᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠪᠤᠢ ᠪᠤᠯᠭ᠋ᠠᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤ ᠵᠢᠨ ᠱᠠᠭ᠋ᠠᠷᠳᠠᠯᠭ᠎ᠠ ᠶᠣᠰᠣᠭ᠋ᠠᠷ᠂ ᠢᠨᠲ᠋ᠤᠷ ᠰᠦᠯᠵᠢᠶ᠎ᠡ ᠪᠠ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠭᠦᠢ᠍ᠴᠡᠳ ᠠᠰᠢᠭᠯᠠᠨ᠂ ᠣᠯᠠᠨ ᠲᠦᠮᠡᠨ᠎ᠳᠤ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ ᠬᠠᠩᠭ᠋ᠠᠨ᠎ᠠ᠃
ᠲᠦᠷᠪᠡ᠂ ᠣᠯᠠᠨ ᠲᠦᠮᠡᠨ᠎ᠤ ᠳᠡᠷᠭᠡᠳᠡᠬᠢ ᠲᠠᠮᠢᠷ᠎ᠤᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨᠡ
ᠬᠠᠮᠤᠷᠬᠤ ᠬᠡᠪᠴᠢᠶ᠎ᠡ᠎ᠪᠠᠷ ᠥᠷᠭᠡᠨ᠂ ᠤᠷᠤᠯᠳᠤᠭ᠋ᠠᠨ᠎ᠳᠤ ᠣᠷᠣᠯᠴᠠᠬᠤ ᠬᠥᠮᠦᠨ᠎ᠤ ᠲᠣᠭ᠎ᠠ᠎ᠪᠠᠷ ᠣᠯᠠᠨ᠂ ᠨᠥᠯᠥᠭᠡᠯᠡᠬᠦ ᠬᠦᠴᠦᠨ ᠵᠶ᠋ᠠᠷ ᠶᠡᠬᠡ ᠨᠠᠷᠠᠲᠤ ᠲᠥᠷᠥᠯ ᠲᠡᠮᠳᠡᠭᠲᠦ ᠵᠢᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠤᠨ ᠡᠷᠭᠢᠯᠡᠨ᠎ᠡ᠃ 《ᠪᠢ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠨ᠎ᠠ》 ᠭᠡᠬᠦ ᠪᠥᠬᠥ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠰᠢᠯᠭ᠋ᠠᠷᠠᠭᠤᠯᠤᠯᠲᠠ ᠵᠢᠨ ᠤᠷᠤᠯᠳᠤᠭ᠋ᠠᠨ᠂ 《ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠣᠯ》᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠰᠠᠶ᠋ᠢᠲᠤᠷ ᠡᠷᠭᠢᠯᠡᠵᠦ᠂ ᠠᠷᠠᠳ ᠣᠯᠠᠨ᠎ᠤ ᠪᠡᠶ᠎ᠡ ᠮᠠᠬᠠᠪᠣᠳ ᠵᠶ᠋ᠠᠨ ᠳᠠᠪᠲᠠᠨ ᠪᠤᠯᠪᠠᠰᠤᠷᠠᠬᠤ ᠵᠢ ᠠᠬᠢᠭᠤᠯᠤᠨ᠎ᠡ᠃
ᠲᠠᠪᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠵᠢᠯᠣᠭᠣᠳᠣᠯᠭ᠎ᠠ ᠵᠢ ᠴᠢᠩᠭ᠋ᠠᠳᠬᠠᠨ᠎ᠠ
ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠵᠢᠨ ᠠᠷᠠᠳ ᠢᠷᠭᠡᠳ᠎ᠤᠨ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ ᠵᠢᠨ ᠥᠷᠲᠡᠭᠡ ᠴᠢᠬ ᠪᠠ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠠᠷᠠᠳ ᠢᠷᠭᠡᠳ᠎ᠤᠨ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ ᠵᠢ ᠪᠠᠶ᠋ᠢᠭᠤᠯᠤᠯᠭ᠎ᠠ᠂ ᠬᠥᠳᠡᠭᠡ ᠲᠣᠰᠬᠣᠨ᠂ ᠨᠡᠶ᠋ᠢᠭᠡᠮ ᠲᠣᠭᠣᠷᠢᠭ᠂ ᠰᠤᠷᠭ᠋ᠠᠭᠤᠯᠢ᠂ ᠠᠵᠤ ᠠᠬᠤᠶ᠋ᠢᠯᠠᠯ᠂ ᠨᠢᠭᠡᠴᠡ᠎ᠳᠤ ᠣᠷᠣᠭᠤᠯᠬᠤ ᠵᠢ ᠠᠬᠢᠭᠤᠯᠵᠤ᠂ ᠣᠯᠠᠨ ᠲᠦᠮᠡᠨ᠎ᠳᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ 《ᠬᠥᠳᠡᠯᠭᠡᠭᠡᠨ᠎ᠤ ᠵᠣᠷ》 ᠭᠠᠷᠭ᠋ᠠᠵᠤ ᠥᠭᠭᠦᠨ᠎ᠡ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠵᠢᠨ ᠡᠩᠨᠡᠭᠡ ᠵᠢ ᠪᠠᠶ᠋ᠢᠭᠤᠯᠤᠨ ᠴᠢᠩᠭ᠋ᠠᠳᠬᠠᠵᠤ᠂ 《ᠪᠡᠶ᠎ᠡ ᠴᠢᠭᠢᠷᠠᠭᠵᠢᠭᠤᠯᠬᠤ ᠵᠢᠨ ᠵᠢᠯᠣᠭᠣᠳᠤᠮᠵᠢ ᠵᠢ ᠦᠨᠳᠦᠰᠦᠨ ᠱᠠᠲᠤᠨ᠎ᠳᠤ ᠬᠦᠷᠭᠡᠬᠦ》᠂ 《ᠨᠡᠶ᠋ᠢᠭᠡᠮ ᠲᠣᠭᠣᠷᠢᠭ᠎ᠤᠨ ᠪᠡᠶ᠎ᠡ ᠴᠢᠭᠢᠷᠠᠭᠵᠢᠭᠤᠯᠬᠤ ᠵᠢᠨ ᠵᠢᠯᠣᠭᠣᠳᠤᠮᠵᠢ ᠵᠢᠨ ᠬᠡᠲᠦ ᠳᠡᠯᠭᠡᠭᠦᠷ》᠎ᠢ ᠨᠡᠭᠡᠭᠡᠬᠦ ᠵᠡᠷᠭᠡ ᠣᠯᠠᠨ ᠶᠠᠩᠵᠤ ᠵᠢᠨ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠣᠳᠤᠮᠵᠢ ᠵᠢᠨ ᠠᠵᠢᠯᠯᠠᠭ᠎ᠠ ᠵᠢ ᠥᠷᠨᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠣᠳᠤᠮᠵᠢ ᠵᠢ ᠵᠢᠷᠤᠮᠵᠢᠭᠤᠯᠬᠤ᠂ ᠪᠠᠶ᠋ᠢᠩᠭᠤᠵᠢᠭᠤᠯᠬᠤ᠂ ᠳᠥᠭᠥᠮ ᠳᠥᠲᠡ ᠪᠣᠯᠭ᠋ᠠᠬᠤ ᠪᠠ ᠬᠡᠷᠡᠭᠯᠡᠭᠡᠨ᠎ᠲᠠᠢ ᠪᠣᠯᠭ᠋ᠠᠬᠤ ᠵᠢ ᠪᠡᠶᠡᠯᠡᠭᠦᠯᠦᠨ᠎ᠡ᠃
ᠵᠢᠷᠭᠤᠭ᠎ᠠ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠰᠣᠶᠣᠯ᠎ᠢ ᠪᠠᠳᠠᠷᠠᠭᠤᠯᠤᠨ᠎ᠡ
ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ ᠪᠣᠯᠤᠨ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠤᠨ ᠭᠣᠣᠯ ᠰᠡᠳᠦᠪ᠎ᠢ ᠳᠣᠪᠣᠶ᠋ᠢᠯᠭ᠋ᠠᠵᠤ᠂ 《ᠵᠠᠭᠤᠴᠢᠯᠠᠭᠤᠷ + ᠪᠡᠶ᠎ᠡ ᠵᠢᠨ ᠲᠠᠮᠢᠷ》 《ᠲᠠᠯ᠎ᠠ ᠨᠤᠲᠤᠭ᠎ᠤᠨ ᠡᠭᠦᠯᠡ + ᠪᠡᠶ᠎ᠡ ᠵᠢᠨ ᠲᠠᠮᠢᠷ᠎ᠤᠨ ᠡᠭᠦᠯᠡ》 《ᠰᠣᠨᠢᠨ ᠮᠡᠳᠡᠭᠡᠨ᠎ᠤ ᠮᠡᠳᠡᠭᠡ ᠵᠠᠩᠭᠢ + ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ》 ᠵᠢᠨ ᠰᠢᠨ᠎ᠡ ᠵᠠᠭᠪᠤᠷ᠎ᠢ ᠪᠤᠶ ᠪᠣᠯᠭ᠋ᠠᠵᠤ᠂ ᠣᠯᠠᠨ ᠲᠦᠮᠡᠨ᠎ᠤ ᠰᠣᠨᠣᠰᠴᠤ ᠣᠶ᠋ᠢᠯᠠᠭ᠋ᠠᠬᠤ᠂ ᠦᠵᠡᠵᠦ ᠣᠶ᠋ᠢᠯᠠᠭ᠋ᠠᠬᠤ᠂ ᠰᠤᠷᠴᠤ ᠴᠢᠳᠠᠬᠤ ᠠᠷᠭ᠎ᠠ᠎ᠪᠠᠷ ᠭᠦᠨᠵᠡᠭᠡᠶ ᠮᠡᠳᠡᠭᠡᠯᠡᠬᠦ᠂ ᠨᠡᠶ᠋ᠢᠲᠡᠯᠢᠭ ᠮᠡᠳᠡᠭᠡᠯᠡᠯ᠂ ᠬᠠᠮ ᠵᠠᠭᠤᠴᠢᠯᠠᠭᠤᠷ᠎ᠤᠨ ᠮᠡᠳᠡᠭᠡᠯᠡᠯ᠎ᠢ ᠬᠡᠷᠡᠭᠯᠡᠨ᠂ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠶ᠋ᠠᠷ ᠡᠷᠡᠭᠦᠯ ᠮᠡᠨᠳᠦ ᠵᠢ ᠠᠬᠢᠭᠤᠯᠬᠤ ᠰᠢᠨ᠎ᠡ ᠣᠨᠣᠯᠵᠢᠬᠤᠨ᠎ᠢ ᠥᠷᠭᠡᠨ ᠵᠶ᠋ᠠᠷ ᠤᠬᠠᠭᠤᠯᠤᠨ ᠪᠠᠳᠠᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠵᠢ ᠲᠦᠭᠡᠮᠡᠯᠵᠢᠭᠦᠯᠦᠨ᠂ ᠪᠡᠶ᠎ᠡ ᠴᠢᠭᠢᠷᠠᠭᠵᠢᠭᠤᠯᠬᠤ ᠠᠷᠭ᠎ᠠ ᠵᠢ ᠳᠡᠯᠭᠡᠷᠡᠭᠦᠯᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠥᠯᠢᠭᠡᠷ᠎ᠢ ᠰᠠᠶ᠋ᠢᠲᠤᠷ ᠶᠠᠷᠢᠵᠤ᠂ ᠬᠥᠮᠦᠨ ᠪᠦᠬᠦᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ᠂ ᠡᠷᠡᠭᠦᠯ ᠴᠢᠭᠢᠷᠠᠭ ᠠᠮᠢᠳᠤᠷᠠᠯ᠎ᠢ ᠡᠷᠬᠢᠮᠯᠡᠬᠦ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠣᠶ ᠪᠣᠯᠭ᠋ᠠᠨ᠎ᠠ᠃
ᠲᠤᠯᠤᠭ᠎ᠠ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠮᠤᠷ ᠲᠦᠪᠰᠢᠨ᠎ᠢ ᠪᠠᠳᠤᠯᠠᠨ᠎ᠠ
ᠭᠠᠨᠰᠦ ᠮᠤᠵᠢ ᠵᠢᠨ ᠪᠠᠶ ᠶᠢᠨ ᠬᠣᠲᠠ ᠵᠢᠨ ᠬᠠᠲᠤᠨ ᠭᠣᠤᠯ᠎ᠤᠨ ᠱ᠌ᠢ ᠯᠢᠨ ᠵᠠᠭᠤᠨ ᠺᠢᠯᠣᠮᠧᠲᠷ᠎ᠤᠨ ᠬᠡᠭᠡᠷ᠎ᠡ ᠵᠢᠨ ᠤᠷᠤᠯᠳᠤᠭ᠋ᠠᠨ᠎ᠳᠤ᠂ ᠴᠠᠭ ᠠᠭᠤᠷ᠎ᠤᠨ ᠭᠡᠨᠡᠳᠲᠡ ᠵᠢᠨ ᠬᠤᠪᠢᠷᠠᠯᠲᠠ᠎ᠠᠴᠠ ᠪᠣᠯᠵᠣ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠡᠷᠡᠭ ᠭᠠᠷᠴᠤ᠂ ᠬᠥᠮᠦᠨ ᠬᠠᠷ᠎ᠠ ᠬᠦᠨᠳᠦ ᠶᠡᠬᠡ ᠥᠭᠦᠵᠦ ᠰᠢᠷᠬᠠᠲᠤᠭᠰᠠᠨ ᠬᠠᠷᠠᠰᠠᠯᠲᠤ ᠰᠤᠷᠭ᠋ᠠᠮᠵᠢ᠎ᠪᠠᠷ ᠴᠡᠭᠡᠷᠯᠡᠯ ᠪᠤᠯᠭ᠋ᠠᠨ᠎ᠠ᠃ ᠭᠣᠣᠯᠳᠠᠭᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠡᠷᠬᠢᠯᠡᠭᠰᠡᠨ ᠪᠠᠶ᠋ᠢᠳᠠᠯ᠂ ᠪᠠᠷᠢᠮᠵᠢᠶ᠎ᠠ ᠵᠢᠷᠤᠮᠵᠢᠯ᠎ᠤᠨ ᠪᠠᠶ᠋ᠢᠭᠤᠯᠤᠯᠲᠠ ᠵᠢᠨ ᠪᠠᠶ᠋ᠢᠳᠠᠯ᠂ ᠠᠮᠤᠷ ᠲᠦᠪᠰᠢᠨ᠎ᠤ ᠬᠥᠮᠦᠵᠢᠯ ᠪᠣᠯᠪᠠᠰᠤᠷᠠᠯ᠎ᠤᠨ ᠪᠠᠶ᠋ᠢᠳᠠᠯ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠠᠮᠤᠷ ᠲᠦᠪᠰᠢᠨ᠎ᠤ ᠰᠡᠷᠭᠡᠶ᠋ᠢᠯᠡᠯᠲᠡ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠪᠡᠯᠡᠳᠬᠡᠯ ᠲᠥᠰᠦᠯ᠎ᠢ ᠲᠣᠭᠲᠠᠭ᠋ᠠᠭᠰᠠᠨ ᠪᠠ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠲᠠᠯᠠᠪᠤᠷ᠎ᠤᠨ ᠲᠥᠬᠥᠭᠡᠷᠦᠮᠵᠢ ᠪᠣᠯᠤᠨ ᠪᠠᠭ᠋ᠠᠵᠢ ᠬᠡᠷᠡᠭᠰᠡᠯ᠎ᠤᠨ ᠲᠣᠨᠣᠭᠯᠠᠯ᠎ᠤᠨ ᠪᠠᠶ᠋ᠢᠳᠠᠯ᠂ ᠤᠷᠤᠯᠳᠤᠭ᠋ᠠᠨ᠎ᠤ ᠪᠦᠯᠬᠦᠮ᠎ᠤᠨ ᠪᠠᠶ᠋ᠢᠳᠠᠯ ᠵᠡᠷᠭᠡ ᠨᠠᠢ᠍ᠮᠠᠨ ᠲᠠᠯ᠎ᠠ ᠵᠢᠨ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠭᠣᠣᠯᠳᠠᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠎ᠤ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠪᠠ ᠢᠯᠭ᠋ᠠᠷᠠᠭᠤᠯᠤᠨ ᠴᠡᠭᠴᠡᠯᠡᠬᠦ ᠵᠢ ᠲᠥᠪᠯᠡᠷᠡᠭᠦᠯᠦᠨ ᠥᠷᠨᠢᠭᠦᠯᠵᠦ᠂ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨᠬᠦ ᠪᠠᠲᠤᠯᠠᠨ᠎ᠠ᠃