ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠡᠢ᠍ᠢ᠍ᠳᠠᠪᠤᠷᠢᠵᠢᠭᠤᠯᠲᠤᠭ᠋ᠠᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ
ᠨᠢᠬᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠭᠠᠯ ᠲᠦᠢ᠍ᠮᠠᠷ᠎ᠤᠨ ᠠᠶᠤᠯ᠎ᠢ ᠤᠷᠢᠳᠴᠢᠯᠠᠨ ᠰᠡᠷᠭᠡᠢ᠍ᠢ᠍ᠯᠡᠬᠦ ᠪᠠ ᠪᠦᠲᠦᠮᠵᠢᠲᠡᠢ ᠠᠪᠤᠷᠠᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠲᠦᠢ᠍ᠮᠠᠷ᠎ᠤᠨ ᠠᠶᠤᠯ᠎ᠤᠨ ᠬᠤᠣᠷ ᠬᠥᠨᠥᠭᠡᠯ᠎ᠢ ᠪᠠᠭ᠋ᠠᠰᠬᠠᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠦᠭᠦᠳᠡ ᠨᠡᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠬᠠᠥᠯᠢ》᠂ 《ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠳᠦᠷᠢᠮ》᠂ 《ᠭᠠᠯ ᠰᠡᠷᠭᠡᠢ᠍ᠢ᠍ᠯᠡᠵᠦ ᠤᠨᠲᠠᠷᠠᠭ᠋ᠠᠯᠲᠠ ᠵᠢᠨ ᠬᠠᠥᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠍ᠢ᠍ᠷᠡᠭᠦᠯᠬᠦ ᠲᠤᠬᠠᠢ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》᠂ (ᠲᠢᠩᠬᠢᠮ ᠦᠰᠦᠭ [2019] 34 ᠳ᠋ᠤᠭᠡᠷ ᠲᠤᠭ᠋ᠠᠲᠦ)᠂ 《〈ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2017] 87 ᠳ᠋ᠤᠭ᠋ᠠᠷ ᠲᠤᠭ᠋ᠠᠲᠦ) ᠵᠡᠷᠭᠡ ᠬᠠᠥᠯᠢ ᠴᠠᠭ᠋ᠠᠵᠠ᠂ ᠬᠠᠥᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠣᠰ ᠲᠣᠭᠲᠠᠭ᠋ᠠᠯ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠳᠤ ᠲᠣᠬᠢᠷᠠᠨ ᠬᠡᠷᠡᠭᠯᠡᠭᠳᠡᠨ᠎ᠡ᠃ ᠬᠠᠥᠯᠢ ᠴᠠᠭ᠋ᠠᠵᠠ᠂ ᠬᠠᠥᠯᠢ ᠲᠣᠭᠲᠠᠭ᠋ᠠᠯ᠎ᠳᠤ ᠣᠢ ᠰᠢᠭᠤᠢ᠂ ᠨᠤᠲᠤᠭ ᠪᠡᠯᠴᠢᠭᠡᠷ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠳᠤ ᠣᠨᠳᠣᠣ ᠲᠣᠭᠲᠠᠭ᠋ᠠᠯ ᠪᠠᠢ᠍ᠢ᠍ᠪᠠᠯ᠂ ᠲᠡᠷᠡ ᠲᠣᠭᠲᠠᠭ᠋ᠠᠯ ᠵᠶ᠋ᠠᠷ᠎ᠨᠢ ᠬᠡᠷᠡᠭᠵᠢᠭᠦᠯᠦᠨ᠎ᠡ᠃
ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ ᠨᠢ 《ᠤᠷᠢᠳᠴᠢᠯᠠᠨ ᠰᠡᠷᠭᠡᠢ᠍ᠢ᠍ᠯᠡᠬᠦ᠎ᠪᠠᠷ ᠭᠤᠣᠯ ᠪᠣᠯᠭ᠋ᠠᠵᠤ᠂ ᠰᠡᠷᠭᠡᠢ᠍ᠢ᠍ᠯᠡᠬᠦ ᠪᠠ ᠤᠨᠲᠠᠷᠠᠭ᠋ᠠᠬᠤ ᠵᠢ ᠬᠠᠷᠢᠯᠴᠠᠨ ᠤᠶᠠᠯᠳᠤᠭᠤᠯᠬᠤ》 ᠴᠢᠭᠯᠡᠯᠲᠡ ᠵᠢ ᠪᠠᠷᠢᠮᠲᠠᠯᠠᠵᠤ᠂ ᠲᠤᠬᠠᠢ ᠵᠢᠨ ᠭᠠᠵᠠᠷ᠎ᠲᠤᠨᠢ ᠲᠣᠬᠢᠷᠠᠭᠤᠯᠵᠤ᠂ ᠪᠦᠭᠦᠳᠡᠭᠡᠷ ᠵᠶ᠋ᠠᠨ ᠰᠡᠷᠭᠡᠢ᠍ᠢ᠍ᠯᠡᠨ ᠵᠠᠰᠠᠬᠤ᠂ ᠥᠪᠡᠷ ᠵᠶ᠋ᠠᠨ ᠰᠡᠷᠭᠡᠢ᠍ᠢ᠍ᠯᠡᠵᠦ ᠥᠪᠡᠷ᠎ᠢ᠎ᠪᠠᠨ ᠠᠪᠤᠷᠠᠬᠤ ᠵᠠᠷᠴᠢᠮ ᠶᠣᠰᠣᠭ᠋ᠠᠷ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃
ᠳᠥᠷᠪᠡᠳᠦᠭᠡᠷ ᠵᠦᠢ᠍ᠯ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ᠂ ᠪᠠᠲᠤᠯᠠᠭ᠎ᠠ᠂ ᠰᠢᠯᠭ᠋ᠠᠨ ᠬᠢᠨᠠᠬᠤ ᠲᠣᠭᠲᠠᠴᠠ ᠵᠢ ᠪᠠᠢ᠍ᠢ᠍ᠭᠤᠯᠤᠨ ᠪᠦᠷᠢᠨᠰᠢᠭᠦᠯᠬᠦ ᠵᠢᠨ ᠬᠠᠮᠲᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠢ ᠵᠠᠰᠠᠭ᠎ᠤᠨ ᠣᠷᠳᠣᠨ᠎ᠤ ᠲᠤᠰᠢᠶᠠᠯ᠎ᠤᠨ ᠬᠤᠭᠤᠴᠠᠭ᠋ᠠᠨ᠎ᠳᠠᠬᠢ ᠬᠠᠷᠠᠯᠲᠠ ᠵᠢᠨ ᠰᠢᠯᠭ᠋ᠠᠨ ᠲᠣᠭᠲᠠᠭ᠋ᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠵᠢᠯ ᠪᠦᠷᠢ ᠬᠠᠷᠢᠶ᠎ᠠ ᠪᠦᠬᠦᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠳᠤ ᠪᠠᠢ᠍ᠢ᠍ᠴᠠᠭ᠋ᠠᠯᠲᠠ ᠪᠠ ᠰᠢᠯᠭ᠋ᠠᠨ ᠬᠢᠨᠠᠯᠲᠠ ᠬᠢᠨ᠎ᠡ᠃
ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠵᠣᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠪᠣᠳᠠᠲᠠᠢ ᠪᠠᠢ᠍ᠢ᠍ᠭᠤᠯᠤᠮᠵᠢ ᠪᠠ ᠬᠠᠷᠢᠭᠤᠴᠠᠯᠭ᠋ᠠᠲᠠᠨ᠎ᠢ ᠲᠣᠳᠣᠷᠬᠠᠢ ᠲᠣᠭᠲᠠᠭ᠋ᠠᠬᠤ ᠬᠡᠷᠡᠭᠲᠡᠢ᠃
ᠰᠤᠮᠤ ᠰᠢᠶᠠᠩ ᠪᠠᠯᠭ᠋ᠠᠰᠤ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠍ᠢ᠍ᠭᠤᠯᠤᠮᠵᠢᠳᠤ ᠨᠡᠢ᠍ᠢ᠍ᠳᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠵᠦᠢ᠍ᠯᠡᠰ᠎ᠢ ᠲᠠᠭ᠋ᠠᠭ᠋ᠠᠨ ᠬᠠᠷᠢᠭᠤᠴᠠᠵᠤ ᠪᠣᠯᠣᠨ᠎ᠠ᠃
ᠬᠤᠶᠠᠳᠤᠭ᠋ᠠᠷ ᠪᠦᠯᠦᠭ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ
ᠳᠣᠯᠣᠳᠤᠭ᠋ᠠᠷ ᠵᠦᠢ᠍ᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠬᠠᠥᠯᠢ ᠴᠠᠭ᠋ᠠᠵᠠ᠂ ᠬᠠᠥᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠲᠤᠬᠠᠢ ᠪᠠᠢ᠍ᠢ᠍ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠦᠨ᠎ᠡ;
(ᠬᠤᠶᠠᠷ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠍ᠢ᠍ᠷᠢᠯᠠᠭᠤᠯᠤᠨᠠ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠨᠡᠢ᠍ᠢ᠍ᠳᠠᠪᠤᠷᠢᠵᠢᠭᠤᠯᠬᠤ ᠵᠢ ᠰᠢᠪᠠᠳᠠᠨ ᠱᠠᠭ᠋ᠠᠷᠳᠠᠵᠤ᠂ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠢ ᠲᠣᠰ ᠭᠠᠵᠠᠷ ᠣᠷᠣᠨ᠎ᠤ ᠠᠵᠤ ᠠᠬᠤᠢ ᠨᠡᠢ᠍ᠢ᠍ᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠠᠭᠤᠯᠭ᠎ᠠ᠎ᠳᠤ ᠣᠷᠣᠭᠤᠯᠵᠤ᠂ ᠬᠠᠷᠢᠶᠠᠲᠤ ᠣᠷᠣᠨ᠎ᠤ ᠰᠤᠮᠤ ᠰᠢᠶᠠᠩ ᠪᠠᠯᠭ᠋ᠠᠰᠤ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠲᠥᠯᠥᠪᠵᠢᠭᠦᠯᠭᠡ ᠵᠢ ᠵᠣᠬᠢᠰᠲᠠᠢ ᠲᠣᠭᠲᠠᠭ᠋ᠠᠨ᠎ᠠ;
(ᠲᠠᠪᠤ) ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ᠂ ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠵᠡᠷᠭᠡ ᠣᠯᠡᠨ ᠬᠡᠯᠪᠡᠷᠢ ᠮᠠᠶᠢᠭ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠪᠠᠢ᠍ᠢ᠍ᠭᠤᠯᠵᠤ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ ᠵᠦᠢ᠍ᠯ᠎ᠤᠨ ᠪᠠᠢ᠍ᠢ᠍ᠭᠤᠯᠤᠯᠲᠠ ᠵᠢ ᠴᠢᠩᠭ᠋ᠠᠳᠬᠠᠨ᠎ᠠ;
(ᠵᠢᠷᠭᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠪᠠᠢ᠍ᠢ᠍ᠩᠭᠤᠵᠢᠭᠤᠯᠤᠭᠰᠠᠨ ᠭᠠᠯ ᠲᠦᠢ᠍ᠮᠠᠷ᠎ᠤᠨ ᠠᠶᠤᠯ᠎ᠤᠨ ᠭᠡᠮ ᠰᠣᠭᠤᠭ᠎ᠢ ᠵᠢᠭᠰᠠᠭ᠋ᠠᠨ ᠪᠠᠢ᠍ᠢ᠍ᠴᠠᠭ᠋ᠠᠬᠤ ᠲᠣᠭᠲᠠᠴᠠ ᠵᠢ ᠪᠠᠢ᠍ᠢ᠍ᠭᠤᠯᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠲᠤᠰᠬᠠᠢ ᠵᠠᠰᠠᠯᠲᠠ ᠥᠷᠨᠢᠭᠦᠯᠬᠦ ᠵᠢ ᠪᠠᠢ᠍ᠢ᠍ᠷᠢᠯᠠᠭᠤᠯᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠥᠮᠥᠵᠢᠯ᠎ᠢ ᠵᠣᠬᠢᠶᠠᠨ ᠪᠠᠢ᠍ᠢ᠍ᠭᠤᠯᠤᠨ ᠥᠷᠨᠢᠭᠦᠯᠦᠨ᠎ᠡ;
(ᠳᠣᠯᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠣᠷᠤᠭᠤᠯᠤᠯᠲᠠ ᠵᠢ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠨᠦᠭᠦᠴᠡᠯ᠎ᠢ ᠰᠠᠢ᠍ᠢ᠍ᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ ᠦᠢ᠍ᠯᠡᠰ᠎ᠤᠨ ᠬᠥᠭᠵᠢᠯᠲᠡ ᠵᠢ ᠪᠠᠲᠤᠯᠠᠨ᠎ᠠ;
(ᠨᠠᠢ᠍ᠮᠠ) ᠬᠠᠥᠯᠢ ᠴᠠᠭ᠋ᠠᠵᠠ᠂ ᠬᠠᠥᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠡᠭᠦᠷᠭᠡ ᠬᠠᠷᠢᠭᠤᠴᠠᠯᠭ᠎ᠠ᠃
ᠨᠠᠢ᠍ᠮᠠᠳᠤᠭ᠋ᠠᠷ ᠵᠦᠢ᠍ᠯ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ᠎ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠍ᠢ᠍ᠭᠤᠯᠤᠮᠵᠢ ᠵᠢᠨ ᠵᠢᠯᠣᠭᠤᠳᠤᠯᠭ᠎ᠠ ᠳᠣᠣᠷ᠎ᠠ᠂ ᠬᠠᠥᠯᠢ ᠶᠣᠰᠣᠭ᠋ᠠᠷ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠬᠢᠨᠠᠯᠲᠠ ᠪᠠᠢ᠍ᠢ᠍ᠴᠠᠭ᠋ᠠᠯᠲᠠ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠥᠮᠥᠵᠢᠯ᠎ᠢ ᠬᠡᠷᠡᠭᠵᠢᠭᠦᠯᠵᠦ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠨᠡᠢ᠍ᠢ᠍ᠳᠠᠪᠤᠷᠢᠵᠢᠭᠤᠯᠬᠤ ᠵᠢ᠎ᠨᠢ ᠰᠢᠪᠠᠳᠠᠨ ᠱᠠᠭ᠋ᠠᠷᠳᠠᠬᠤ ᠪᠠ ᠵᠢᠯᠣᠭᠤᠳᠤᠨ᠎ᠠ; ᠲᠠᠷᠢᠶᠠᠯᠠᠬᠤ ᠮᠠᠯᠵᠢᠬᠤ ᠣᠷᠣᠨ᠎ᠳᠤ ᠭᠠᠯ ᠲᠦᠢ᠍ᠮᠠᠷ᠎ᠤᠨ ᠠᠶᠤᠯ ᠭᠠᠷᠪᠠᠯ᠂ ᠭᠠᠯ ᠲᠦᠢ᠍ᠮᠠᠷ᠎ᠢ ᠤᠨᠲᠠᠷᠠᠭ᠋ᠠᠨ ᠠᠪᠤᠷᠠᠬᠤ ᠠᠵᠢᠯ᠎ᠢ ᠵᠣᠬᠢᠶᠠᠨ ᠪᠠᠢ᠍ᠢ᠍ᠭᠤᠯᠬᠤ᠎ᠳᠤ ᠣᠷᠣᠯᠴᠠᠵᠤ᠂ ᠲᠠᠷᠢᠶᠠᠴᠢᠨ ᠮᠠᠯᠴᠢᠨ᠎ᠢ ᠠᠮᠤᠷ ᠲᠦᠪᠰᠢᠨ ᠵᠶ᠋ᠠᠷ ᠲᠠᠷᠬᠠᠭ᠋ᠠᠬᠤ ᠵᠢ ᠵᠢᠯᠣᠭᠤᠳᠴᠤ᠂ ᠭᠠᠯ ᠲᠦᠢ᠍ᠮᠠᠷ᠎ᠤᠨ ᠲᠤᠬᠠᠢ ᠵᠢᠨ ᠲᠠᠯᠠᠪᠤᠷ᠎ᠤᠨ ᠰᠡᠷᠡᠮᠵᠢᠯᠡᠯᠲᠡ᠂ ᠬᠠᠮᠠᠭ᠋ᠠᠯᠠᠯᠲᠠ ᠵᠡᠷᠭᠡ ᠠᠵᠢᠯ᠎ᠢ ᠰᠠᠢ᠍ᠢ᠍ᠲᠤᠷ ᠬᠢᠬᠦ ᠬᠡᠷᠡᠭᠲᠡᠢ;
(ᠬᠤᠶᠠᠷ) ᠬᠠᠥᠯᠢ ᠴᠠᠭ᠋ᠠᠵᠠ ᠵᠢᠨ ᠰᠠᠯᠠᠭ᠎ᠠ ᠮᠥᠴᠢᠷ᠎ᠨᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠬᠠᠥᠯᠢ ᠴᠠᠭ᠋ᠠᠵᠠ᠂ ᠬᠠᠥᠯᠢ ᠲᠣᠭᠲᠠᠭ᠋ᠠᠯ᠎ᠢ ᠲᠠᠷᠢᠶᠠᠴᠢᠨ ᠮᠠᠯᠴᠢᠨ᠎ᠳᠤ ᠬᠠᠥᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠥᠮᠥᠵᠢᠯ ᠬᠢᠬᠦ ᠠᠭᠤᠯᠭ᠎ᠠ᠎ᠳᠤ ᠣᠷᠣᠭᠤᠯᠬᠤ ᠵᠢ ᠬᠠᠷᠢᠭᠤᠴᠠᠨ᠎ᠠ;
(ᠭᠤᠷᠪᠠ) ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠠᠷᠤᠳᠠᠯ᠎ᠢ ᠲᠤᠬᠠᠢ ᠵᠢᠨ ᠭᠠᠵᠠᠷ᠎ᠤᠨ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠵᠢ ᠬᠠᠷᠢᠭᠤᠴᠠᠨ᠎ᠠ;
(ᠳᠥᠷᠪᠡ) ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠍ᠢ᠍ᠭᠤᠯᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠪᠠᠷᠢᠯᠭ᠎ᠠ ᠵᠢᠨ ᠪᠠᠢ᠍ᠢ᠍ᠭᠤᠯᠤᠯᠲᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠲᠠᠷᠢᠶᠠᠯᠠᠬᠤ ᠮᠠᠯᠵᠢᠬᠤ ᠣᠷᠣᠨ᠎ᠤ ᠭᠡᠷ ᠪᠠᠢ᠍ᠢ᠍ᠰᠢᠩ᠎ᠳᠤ ᠮᠡᠷᠭᠡᠵᠢᠯ᠎ᠤᠨ ᠵᠢᠯᠣᠭᠤᠳᠤᠯᠭ᠎ᠠ ᠪᠠ ᠦᠢ᠍ᠯᠡᠴᠢᠯᠡᠭᠡ ᠥᠷᠨᠢᠭᠦᠯᠬᠦ ᠵᠢ ᠬᠠᠷᠢᠭᠤᠴᠠᠨ ᠴᠢᠩᠭ᠋ᠠᠳᠬᠠᠨ᠎ᠠ;
(ᠲᠠᠪᠤ) ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠠᠩᠭ᠋ᠠᠬᠤ ᠨᠢᠭᠡᠴᠢ ᠵᠢᠨ ᠲᠠᠷᠢᠶᠠᠯᠠᠬᠤ ᠮᠠᠯᠵᠢᠬᠤ ᠣᠷᠣᠨ᠎ᠤ ᠭᠠᠯ ᠤᠨᠲᠠᠷᠠᠭ᠋ᠠᠯᠲᠠ ᠵᠢᠨ ᠤᠰᠤᠨ᠎ᠤ ᠰᠤᠷᠪᠤᠯᠵᠢ ᠪᠠ ᠭᠠᠯ ᠤᠨᠲᠠᠷᠠᠭ᠋ᠠᠯᠲᠠ ᠵᠢᠨ ᠤᠰᠤ ᠬᠠᠩᠭ᠋ᠠᠬᠤ ᠰᠢᠰᠲ᠋ᠧᠮ᠎ᠤᠨ ᠪᠦᠲᠦᠭᠡᠨ ᠪᠠᠢ᠍ᠢ᠍ᠭᠤᠯᠬᠤ ᠪᠠ ᠬᠠᠮᠠᠭ᠋ᠠᠯᠠᠬᠤ ᠠᠵᠢᠯ᠎ᠢ ᠰᠠᠢ᠍ᠢ᠍ᠲᠤᠷ ᠬᠢᠬᠦ ᠵᠢ ᠵᠢᠭ᠋ᠠᠨ ᠵᠢᠯᠣᠭᠤᠳᠴᠤ ᠰᠢᠪᠠᠳᠠᠨ ᠱᠠᠭ᠋ᠠᠷᠳᠠᠬᠤ ᠵᠢ ᠬᠠᠷᠢᠭᠤᠴᠠᠨ᠎ᠠ;
(ᠵᠢᠷᠭᠤᠭ᠎ᠠ) ᠴᠠᠬᠢᠯᠭ᠋ᠠᠨ ᠬᠦᠴᠦᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠴᠠᠬᠢᠯᠭ᠋ᠠᠨ ᠬᠦᠴᠦᠨ᠎ᠤ ᠠᠵᠤ ᠠᠬᠤᠢ᠍ᠢ᠍ᠯᠠᠯ᠎ᠢ ᠰᠢᠪᠠᠳᠠᠨ ᠱᠠᠭ᠋ᠠᠷᠳᠠᠵᠤ ᠪᠠᠢ᠍ᠢ᠍ᠭ᠋ᠠᠳ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠠᠩᠭ᠋ᠠᠬᠤ ᠪᠡᠯᠡᠳᠭᠡᠮᠵᠢ᠂ ᠴᠠᠬᠢᠯᠭ᠋ᠠᠨ ᠬᠡᠯᠬᠢᠶᠡᠨ᠎ᠳᠤ ᠲᠣᠭᠲᠠᠭᠰᠠᠨ ᠬᠤᠭᠤᠴᠠᠭ᠎ᠠ᠎ᠲᠠᠢ᠎ᠪᠠᠷ ᠪᠠᠢ᠍ᠢ᠍ᠴᠠᠭ᠋ᠠᠯᠲᠠ ᠬᠢᠵᠦ᠂ ᠴᠠᠬᠢᠯᠭ᠋ᠠᠨ ᠬᠠᠩᠭ᠋ᠠᠬᠤ ᠪᠡᠯᠡᠳᠭᠡᠮᠵᠢ ᠪᠠ ᠴᠠᠬᠢᠯᠭ᠋ᠠᠨ ᠬᠡᠯᠬᠢᠶ᠎ᠡ ᠵᠢ ᠴᠠᠭ ᠲᠤᠬᠠᠢᠳᠤᠨᠢ ᠰᠣᠯᠢᠵᠤ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ᠎ᠤ ᠬᠡᠷᠡᠭᠯᠡᠭᠴᠢ ᠵᠢᠨ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠤ ᠪᠠᠢ᠍ᠢ᠍ᠴᠠᠭ᠋ᠠᠯᠲᠠ ᠵᠢ ᠥᠷᠨᠢᠭᠦᠯᠦᠨ᠂ ᠴᠠᠬᠢᠯᠭ᠋ᠠᠨ ᠬᠡᠯᠬᠢᠶᠡᠨ᠎ᠤ ᠠᠮᠤᠷ ᠲᠦᠪᠰᠢᠨ᠎ᠤ ᠭᠡᠮ ᠰᠣᠭᠤᠭ᠎ᠢ ᠰᠢᠮᠳᠠᠭᠤᠯᠵᠤ ᠴᠡᠭᠴᠡᠯᠡᠨ ᠵᠠᠰᠠᠬᠤ ᠵᠢ ᠬᠠᠷᠢᠭᠤᠴᠠᠨ᠎ᠠ;
(ᠳᠣᠯᠤᠭ᠎ᠠ) ᠡᠪᠯᠡᠯ᠎ᠤᠨ ᠬᠤᠷᠢᠶ᠎ᠠ᠎ᠨᠢ ᠰᠠᠢ᠍ᠢ᠍ᠨ ᠳᠤᠷᠠᠴᠤᠳ᠎ᠢ ᠵᠣᠬᠢᠶᠠᠨ ᠪᠠᠢ᠍ᠢ᠍ᠭᠤᠯᠵᠤ ᠲᠠᠷᠢᠶᠠᠯᠠᠬᠤ ᠮᠠᠯᠵᠢᠬᠤ ᠣᠷᠣᠨ᠎ᠳᠤ ᠭᠦᠨᠵᠡᠭᠡᠢ᠍ᠢ᠍ᠷᠡᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠴᠢᠨ ᠮᠠᠯᠴᠢᠨ᠎ᠤ ᠠᠢ᠍ᠢ᠍ᠯ ᠭᠡᠷ᠎ᠲᠤ ᠭᠦᠨᠵᠡᠭᠡᠢ᠍ᠢ᠍ᠷᠡᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠦ᠍ᠮᠥᠵᠢᠯ ᠥᠷᠨᠢᠭᠦᠯᠬᠦ ᠵᠢ ᠬᠠᠷᠢᠭᠤᠴᠠᠨ᠎ᠠ;
(ᠨᠠᠢ᠍ᠮᠠ) ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠍ᠢ᠍ᠭᠤᠯᠤᠮᠵᠢ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠶᠡᠷᠦᠩᠬᠡᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠬᠢᠨᠠᠯᠲᠠ ᠪᠠᠢ᠍ᠢ᠍ᠴᠠᠭ᠋ᠠᠯᠲᠠ ᠵᠢ ᠬᠠᠥᠯᠢ ᠶᠣᠰᠣᠭ᠋ᠠᠷ ᠬᠡᠷᠡᠭᠵᠢᠭᠦᠯᠦᠨ᠎ᠡ; ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠭ᠋ᠠᠨ ᠵᠢᠯᠣᠭᠤᠳᠴᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠪᠠᠢ᠍ᠢ᠍ᠳᠠᠯ᠎ᠢ ᠮᠡᠳᠡᠭᠦᠯᠵᠦ᠂ ᠠᠵᠢᠯ᠎ᠤᠨ ᠰᠠᠨᠠᠭᠤᠯᠭ᠎ᠠ ᠳᠤᠷᠠᠳᠤᠨ᠎ᠠ; ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ᠂ ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠵᠡᠷᠭᠡ ᠣᠯᠠᠨ ᠬᠡᠯᠪᠡᠷᠢ ᠮᠠᠶᠢᠭ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠬᠦᠴᠦᠨ ᠵᠦᠢ᠍ᠯ᠎ᠳᠤ ᠲᠤᠬᠠᠢ᠍ᠢ᠍ᠯᠠᠭᠰᠠᠨ ᠠᠵᠢᠯ᠎ᠤᠨ ᠵᠢᠯᠣᠭᠤᠳᠤᠯᠭ᠎ᠠ ᠬᠢᠨ᠎ᠡ᠃
ᠶᠢᠰᠦᠳᠦᠭᠡᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠳᠦᠷᠢᠮ᠎ᠢ ᠪᠠᠢ᠍ᠢ᠍ᠭᠤᠯᠤᠨ ᠪᠦᠷᠢᠨᠰᠢᠭᠦᠯᠵᠦ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ 《ᠲᠣᠣᠷᠯᠢᠬ᠍ᠵᠢᠭᠤᠯᠬᠤ》 ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠡᠢ᠍ᠢ᠍ᠳᠠᠪᠤᠷᠢᠵᠢᠭᠤᠯᠤᠨ᠎ᠠ;
(ᠬᠤᠶᠠᠷ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠍ᠢ᠍ᠷᠢᠯᠠᠭᠤᠯᠵᠤ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠠᠷᠠᠳ ᠲᠦᠮᠡᠨᠴᠢ ᠴᠢᠨᠠᠷᠲᠠᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠭ᠋ᠠᠨ ᠵᠢᠯᠣᠭᠤᠳᠴᠦ ᠬᠠᠪᠰᠤᠷᠤᠨ ᠳᠡᠮᠵᠢᠨ᠎ᠡ;
(ᠭᠤᠷᠪᠠ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠭᠤᠯᠭ᠎ᠠ ᠵᠢ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ᠂ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠣᠷᠣᠭᠤᠯᠬᠤ ᠵᠢᠨ ᠬᠠᠮᠲᠤ ᠡᠷᠡᠰ ᠴᠢᠩᠭ᠎ᠠ᠎ᠪᠠᠷ ᠵᠣᠬᠢᠶᠠᠨ ᠪᠠᠢ᠍ᠢ᠍ᠭᠤᠯᠵᠤ ᠬᠡᠷᠡᠭᠵᠢᠭᠦᠯᠦᠨ᠎ᠡ;
(ᠳᠥᠷᠪᠡ) ᠣᠯᠠᠨ ᠵᠦᠢ᠍ᠯ᠎ᠤᠨ ᠬᠡᠯᠪᠡᠷᠢ ᠮᠠᠶᠢᠭ᠎ᠢ ᠠᠪᠴᠤ ᠪᠠᠢ᠍ᠢ᠍ᠭ᠋ᠠᠳ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠥᠮᠥᠵᠢᠯ ᠥᠷᠨᠢᠭᠦᠯᠬᠦ ᠵᠢ ᠵᠣᠬᠢᠶᠠᠨ ᠪᠠᠢ᠍ᠢ᠍ᠭᠤᠯᠵᠤ᠂ ᠲᠠᠷᠢᠶᠠᠴᠢᠨ ᠮᠠᠯᠴᠢᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ ᠪᠠ ᠥᠪᠡᠷᠲᠡᠭᠡᠨ ᠰᠡᠷᠭᠡᠢ᠍ᠢ᠍ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠭᠡᠰᠢᠭᠦᠨ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠵᠢᠨ ᠭᠡᠰᠢᠭᠦᠨ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠍ᠢ᠍ᠭᠤᠯᠵᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠲᠤᠬᠠᠢ᠍ᠢ᠍ᠯᠠᠭᠰᠠᠨ ᠠᠵᠢᠯ᠎ᠤᠨ ᠮᠡᠳᠡᠯᠭᠡ ᠵᠢ ᠰᠣᠷᠣᠯᠴᠠᠭᠤᠯᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠲᠤᠬᠠᠢ᠍ᠢ᠍ᠯᠠᠭᠰᠠᠨ ᠠᠵᠢᠯ᠎ᠤᠨ ᠤᠷ᠎ᠠ ᠮᠡᠷᠭᠡᠵᠢᠯ᠎ᠢ᠎ᠨᠢ ᠳᠡᠭᠡᠭᠰᠢᠯᠡᠭᠦᠯᠦᠨ᠎ᠡ;
(ᠲᠠᠪᠤ) ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠪᠠ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠬᠡᠷᠡᠭᠴᠡᠭᠡ ᠵᠢ ᠦᠨᠳᠦᠰᠦᠯᠡᠨ ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠪᠤᠶᠤ ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠪᠠᠢ᠍ᠢ᠍ᠭᠤᠯᠵᠤ᠂ ᠭᠠᠯ ᠲᠦᠢ᠍ᠮᠠᠷ᠎ᠢ ᠤᠨᠲᠠᠷᠠᠭ᠋ᠠᠨ ᠠᠪᠤᠷᠠᠬᠤ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ ᠡᠭᠦᠷᠬᠡᠯᠡᠨ᠎ᠡ;
(ᠵᠢᠷᠭᠤᠭ᠎ᠠ) ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠨᠡᠢ᠍ᠢ᠍ᠲᠡ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠪᠡᠯᠡᠳᠭᠡᠮᠵᠢ ᠵᠢᠨ ᠪᠠᠢ᠍ᠢ᠍ᠭᠤᠯᠤᠯᠲᠠ᠂ ᠬᠠᠮᠠᠭ᠋ᠠᠯᠠᠯᠲᠠ ᠬᠠᠮᠢᠶᠠᠷᠤᠯᠲᠠ ᠪᠠ ᠡᠯ᠎ᠡ ᠵᠦᠢ᠍ᠯ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠠᠷᠤᠳᠠᠯ᠎ᠤᠨ ᠵᠠᠷᠤᠯᠭ᠎ᠠ ᠵᠢ ᠪᠠᠲᠤᠯᠠᠨ᠎ᠠ;
(ᠳᠣᠯᠤᠭ᠎ᠠ) ᠭᠠᠯ ᠤᠨᠲᠠᠷᠠᠭ᠋ᠠᠵᠤ ᠲᠤᠰᠠᠯᠠᠨ ᠠᠪᠤᠷᠠᠬᠤ᠂ ᠭᠠᠯ ᠲᠦᠢ᠍ᠮᠠᠷ᠎ᠤᠨ ᠡ᠊ᠨᠳᠡᠭᠳᠡᠯᠢ ᠪᠠᠢ᠍ᠢ᠍ᠴᠠᠭ᠋ᠠᠬᠤ ᠪᠠ ᠰᠡᠭᠦᠯ ᠬᠤᠷᠢᠶᠠᠵᠤ ᠰᠢᠢ᠍ᠳᠪᠦᠷᠢᠯᠡᠬᠦ ᠠᠵᠢᠯ᠎ᠢ ᠬᠠᠪᠰᠤᠷᠤᠨ ᠭᠦᠢ᠍ᠴᠡᠳᠭᠡᠨ᠎ᠡ᠃
ᠠᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠢ ᠬᠠᠷᠢᠭᠤᠴᠠᠵᠤ ᠪᠠᠢ᠍ᠢ᠍ᠭ᠎ᠠ ᠪᠠᠢ᠍ᠢ᠍ᠭᠤᠯᠤᠮᠵᠢ᠎ᠨᠢ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠳᠦᠷᠢᠮ᠎ᠢ ᠵᠣᠬᠢᠶᠠᠨ ᠪᠠᠢ᠍ᠢ᠍ᠭᠤᠯᠵᠤ ᠲᠣᠭᠲᠠᠭ᠋ᠠᠨ᠎ᠠ;
(ᠬᠤᠶᠠᠷ) ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠢ ᠰᠢᠪᠠᠳᠠᠨ ᠱᠠᠭ᠋ᠠᠷᠳᠠᠵᠤ ᠪᠠᠢ᠍ᠢ᠍ᠭ᠋ᠠᠳ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠪᠠᠢ᠍ᠢ᠍ᠷᠢᠯᠠᠭᠤᠯᠤᠯᠲᠠ ᠵᠢ ᠨᠡᠢ᠍ᠢ᠍ᠳᠠᠪᠤᠷᠢᠵᠢᠭᠤᠯᠤᠨ᠎ᠠ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠍ᠢ᠍ᠴᠠᠭ᠋ᠠᠯᠲᠠ ᠪᠠ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠥᠮᠥᠵᠢᠯ᠎ᠤᠨ ᠠᠵᠢᠯ᠎ᠢ ᠵᠣᠬᠢᠶᠠᠨ ᠪᠠᠢ᠍ᠢ᠍ᠭᠤᠯᠤᠨ ᠬᠡᠷᠡᠭᠵᠢᠭᠦᠯᠵᠦ᠂ ᠭᠠᠯ ᠲᠦᠢ᠍ᠮᠠᠷ᠎ᠤᠨ ᠠᠶᠤᠯ᠎ᠤᠨ ᠭᠡᠮ ᠰᠣᠭᠤᠭ᠎ᠢ ᠴᠡᠭᠴᠡᠯᠡᠨ ᠵᠠᠰᠠᠬᠤ ᠵᠢ ᠰᠢᠪᠠᠳᠠᠨ ᠱᠠᠭ᠋ᠠᠷᠳᠠᠨ᠎ᠠ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠪᠠᠢ᠍ᠢ᠍ᠴᠠᠭ᠋ᠠᠨ ᠰᠤᠳᠤᠯᠬᠤ ᠠᠵᠢᠯ᠎ᠢ ᠵᠣᠬᠢᠶᠠᠨ ᠪᠠᠢ᠍ᠢ᠍ᠭᠤᠯᠤᠨ ᠥᠷᠨᠢᠭᠦᠯᠵᠦ᠂ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃
ᠠᠷᠪᠠᠨ ᠨᠢᠭᠡᠳᠦᠭᠡᠷ ᠵᠦᠢ᠍ᠯ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠳᠣᠣᠷᠠᠬᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠭᠴᠢ ᠵᠢ ᠲᠣᠭᠲᠠᠭ᠋ᠠᠵᠤ᠂ ᠲᠠᠷᠢᠶᠠᠴᠢᠨ ᠮᠠᠯᠴᠢᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠭᠠᠯ ᠰᠡᠷᠭᠡᠢ᠍ᠢ᠍ᠯᠡᠬᠦ ᠨᠡᠢ᠍ᠢ᠍ᠲᠡ ᠵᠢᠨ ᠭᠡᠷ᠎ᠡ ᠲᠣᠭᠲᠠᠬᠤ ᠵᠢ ᠵᠣᠬᠢᠶᠠᠨ ᠪᠠᠢ᠍ᠢ᠍ᠭᠤᠯᠵᠤ᠂ ᠲᠠᠷᠢᠶᠠᠴᠢᠨ ᠮᠠᠯᠴᠢᠨ᠎ᠤ ᠭᠠᠯ ᠰᠡᠷᠭᠡᠢ᠍ᠢ᠍ᠯᠡᠬᠦ ᠨᠡᠢ᠍ᠢ᠍ᠲᠡ ᠵᠢᠨ ᠭᠡᠷ᠎ᠡ ᠵᠢ ᠭᠦᠢ᠍ᠴᠡᠳᠭᠡᠬᠦ ᠪᠠᠢ᠍ᠢ᠍ᠳᠠᠯ᠎ᠢ ᠰᠢᠪᠠᠳᠠᠨ ᠱᠠᠭ᠋ᠠᠷᠳᠠᠵᠤ᠂ ᠪᠠᠢ᠍ᠢ᠍ᠴᠠᠭ᠋ᠠᠯᠲᠠ ᠬᠢᠨ᠎ᠡ;
(ᠬᠤᠶᠠᠷ) ᠬᠠᠭ᠋ᠠᠰ ᠵᠢᠯ ᠪᠦᠷᠢ᠎ᠳᠤ ᠲᠣᠰ ᠭᠠᠴᠠᠭ᠎ᠠ ᠲᠣᠰᠬᠤᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠍ᠢ᠍ᠳᠠᠯ᠎ᠳᠤ ᠵᠠᠳᠠᠯᠤᠯᠲᠠ ᠮᠠᠭ᠋ᠠᠳᠯᠠᠯᠲᠠ ᠬᠢᠬᠦ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠪᠢᠴᠢᠭ᠎ᠤᠨ ᠬᠡᠯᠪᠡᠷᠢ᠎ᠪᠠᠷ ᠮᠡᠳᠡᠭᠦᠯᠦᠯᠲᠡ ᠬᠢᠨ᠎ᠡ;
(ᠭᠤᠷᠪᠠ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠬᠥᠮᠥᠵᠢᠯ᠎ᠢ ᠥᠷᠨᠢᠭᠦᠯᠵᠦ᠂ ᠭᠠᠯ ᠤᠨᠲᠠᠷᠠᠭ᠋ᠠᠬᠤ ᠪᠠ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠲᠠᠷᠬᠠᠭ᠋ᠠᠬᠤ ᠰᠣᠷᠢᠯᠲᠠ ᠬᠢᠬᠦ ᠵᠢ ᠵᠣᠬᠢᠶᠠᠨ ᠪᠠᠢ᠍ᠢ᠍ᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ᠎ᠤ ᠥᠪᠡᠷᠲᠡᠭᠡᠨ ᠰᠡᠷᠭᠡᠢ᠍ᠢ᠍ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ;
(ᠳᠥᠷᠪᠡ) ᠭᠠᠯ ᠰᠡᠷᠭᠡᠢ᠍ᠢ᠍ᠯᠡᠬᠦ ᠴᠠᠭᠳᠠᠨ ᠪᠠᠢ᠍ᠢ᠍ᠴᠠᠭ᠋ᠠᠯᠲᠠ ᠵᠢ ᠥᠷᠨᠢᠭᠦᠯᠵᠦ᠂ ᠲᠠᠷᠢᠶᠠᠴᠢᠨ ᠮᠠᠯᠴᠢᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠬᠠᠥᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠢᠳᠤᠨᠢ ᠰᠡᠷᠡᠵᠦ ᠮᠡᠳᠡᠬᠦ ᠪᠠ ᠵᠠᠯᠠᠷᠠᠭᠤᠯᠤᠨ᠎ᠠ;
(ᠲᠠᠪᠤ) ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ (ᠪᠢᠴᠢᠯ ᠬᠡᠯᠪᠡᠷᠢ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠥᠷᠳᠡᠭᠡ) ᠪᠠᠢ᠍ᠢ᠍ᠭᠤᠯᠵᠤ᠂ ᠴᠢᠬᠤᠯᠠ ᠪᠦᠬᠦᠢ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ ᠲᠣᠨᠣᠭᠯᠠᠯ᠎ᠢ ᠲᠣᠬᠢᠷᠠᠭᠤᠯᠤᠨ᠎ᠠ;
(ᠵᠢᠷᠭᠤᠭ᠎ᠠ) ᠭᠠᠯ ᠲᠦᠢ᠍ᠮᠠᠷ ᠡᠭᠦᠰᠬᠦ ᠦᠶ᠎ᠡ᠎ᠳᠤ᠂ ᠴᠠᠭ ᠲᠤᠬᠠᠢᠳᠤᠨᠢ ᠰᠡᠷᠡᠮᠵᠢ ᠵᠢᠨ ᠳᠣᠬᠢᠶ᠎ᠠ ᠥᠭᠴᠦ᠂ ᠣᠢ᠍ᠢ᠍ᠷ᠎ᠠ ᠣᠷᠴᠢᠮ᠎ᠤᠨ ᠣᠯᠡᠨ ᠲᠦᠮᠡᠨ᠎ᠢ ᠵᠣᠬᠢᠶᠠᠨ ᠪᠠᠢ᠍ᠢ᠍ᠭᠤᠯᠤᠨ ᠲᠠᠷᠬᠠᠭ᠋ᠠᠵᠤ᠂ ᠰᠠᠢ᠍ᠢ᠍ᠨ ᠳᠤᠷ᠎ᠠ ᠵᠢᠨ ᠭᠠᠯ ᠤᠨᠲᠠᠷᠠᠭ᠋ᠠᠬᠤ ᠠᠩᠬᠢ (ᠪᠢᠴᠢᠯ ᠬᠡᠯᠪᠡᠷᠢ ᠵᠢᠨ ᠭᠠᠯ ᠤᠨᠲᠠᠷᠠᠭ᠋ᠠᠬᠤ ᠥᠷᠳᠡᠭᠡ) ᠵᠢ ᠵᠣᠬᠢᠶᠠᠨ ᠪᠠᠢ᠍ᠢ᠍ᠭᠤᠯᠵᠤ ᠪᠠᠢ᠍ᠢ᠍ᠭ᠋ᠠᠳ ᠭᠠᠯ ᠲᠦᠢ᠍ᠮᠠᠷ᠎ᠢ ᠤᠨᠲᠠᠷᠠᠭ᠋ᠠᠬᠤ ᠠᠪᠤᠷᠠᠯᠳᠠ ᠬᠢᠵᠦ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠍ᠢ᠍ᠭᠤᠯᠤᠮᠵᠢ ᠲᠤᠬᠠᠢ ᠵᠢᠨ ᠲᠠᠯᠠᠪᠤᠷ᠎ᠲᠤ ᠬᠥᠷᠥᠭᠰᠡᠨ᠎ᠤ ᠳᠠᠷᠠᠭ᠎ᠠ᠂ ᠭᠠᠯ ᠲᠦᠢ᠍ᠮᠠᠷ᠎ᠢ ᠤᠨᠲᠠᠷᠠᠭ᠋ᠠᠬᠤ ᠠᠪᠤᠷᠠᠯᠳᠠ ᠬᠢᠬᠦ᠎ᠳᠤ ᠬᠠᠮᠵᠢᠯᠴᠠᠵᠤ᠂ ᠭᠠᠯ ᠲᠦᠢ᠍ᠮᠠᠷ᠎ᠢ ᠤᠨᠲᠠᠷᠠᠭ᠋ᠠᠭᠰᠠᠨᠤ ᠳᠠᠷᠠᠭ᠎ᠠ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠍ᠢ᠍ᠭᠤᠯᠤᠮᠵᠢ ᠵᠢᠴᠢ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ ᠬᠠᠮᠵᠢᠨ ᠭᠠᠯ ᠲᠦᠢ᠍ᠮᠠᠷ᠎ᠤᠨ ᠲᠤᠬᠠᠢ ᠵᠢᠨ ᠲᠠᠯᠠᠪᠤᠷ᠎ᠢ ᠬᠠᠮᠠᠭ᠋ᠠᠯᠠᠨ᠂ ᠭᠠᠯ ᠲᠦᠢ᠍ᠮᠠᠷ ᠡᠭᠦᠰᠦᠭᠰᠡᠨ ᠰᠢᠯᠲᠠᠭ᠋ᠠᠨ᠎ᠢ ᠰᠤᠳᠤᠯᠤᠨ ᠪᠠᠢ᠍ᠢ᠍ᠴᠠᠭ᠋ᠠᠵᠤ᠂ ᠭᠠᠯ ᠲᠦᠢ᠍ᠮᠠᠷ᠎ᠠᠴᠠ ᠪᠣᠯᠣᠭᠰᠠᠨ ᠬᠤᠬᠢᠷᠠᠯ᠎ᠢ ᠪᠦᠷᠢᠳᠭᠡᠨ᠎ᠡ᠃
ᠠᠷᠪᠠᠨ ᠬᠤᠶᠠᠳᠤᠭ᠋ᠠᠷ ᠵᠦᠢ᠍ᠯ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠢ᠍ᠢ᠍ᠭᠤᠯᠵᠤ ᠲᠣᠭᠲᠠᠭ᠋ᠠᠭᠰᠠᠨ ᠭᠠᠯ ᠰᠡᠷᠭᠡᠢ᠍ᠢ᠍ᠯᠡᠬᠦ ᠨᠡᠢ᠍ᠢ᠍ᠲᠡ ᠵᠢᠨ ᠭᠡᠷ᠎ᠡ᠎ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄
(ᠨᠢᠭᠡ) ᠭᠠᠯ ᠴᠠᠬᠢᠯᠭ᠋ᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭ᠋ᠠᠢ ᠰᠢᠲᠠᠮᠠᠬᠠᠢ ᠪᠣᠳᠠᠰ ᠣᠪᠣᠭ᠋ᠠᠯᠠᠨ ᠲᠠᠯᠪᠢᠬᠤ ᠵᠡᠷᠭᠡ ᠦᠢ᠍ᠯᠡ ᠠᠵᠢᠯᠯᠠᠭ᠎ᠠ ᠵᠢᠨ ᠠᠮᠤᠷ ᠲᠦᠪᠰᠢᠨ᠎ᠤ ᠱᠠᠭ᠋ᠠᠷᠳᠠᠯᠭ᠎ᠠ;
(ᠬᠤᠶᠠᠷ) ᠭᠠᠯ ᠤᠨᠲᠠᠷᠠᠭ᠋ᠠᠬᠤ ᠲᠡᠷᠭᠡᠨ ᠵᠠᠮ ᠰᠠᠭ᠋ᠠᠳ ᠦᠭᠡᠢ ᠨᠡᠪᠲᠡᠷᠡᠬᠦ᠂ ᠨᠡᠢ᠍ᠢ᠍ᠲᠡ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠪᠡᠯᠡᠳᠭᠡᠮᠵᠢ ᠪᠠᠭ᠋ᠠᠵᠢ ᠬᠡᠷᠡᠭᠰᠡᠯ᠎ᠤᠨ ᠪᠦᠷᠢᠨ ᠪᠦᠲᠦᠨ ᠬᠦᠴᠦᠨ᠎ᠲᠠᠢ ᠪᠠᠢ᠍ᠢ᠍ᠬᠤ ᠵᠢ ᠪᠠᠲᠤᠯᠠᠬᠤ ᠠᠷᠭ᠎ᠠ ᠬᠡᠮᠵᠢᠶ᠎ᠡ;
(ᠭᠤᠷᠪᠠ) ᠨᠠᠰᠤᠨ᠎ᠳᠤ ᠦᠯᠦ ᠬᠦᠷᠦᠭᠰᠡᠳ᠂ ᠮᠡᠳᠡᠷᠡᠯ᠎ᠤᠨ ᠰᠠᠭ᠋ᠠᠲᠠᠯ᠎ᠲᠠᠢ ᠡᠪᠡᠳᠴᠢᠲᠡᠳ ᠵᠡᠷᠭᠡ ᠢᠷᠭᠡᠨ᠎ᠤ ᠬᠡᠷᠡᠭ᠎ᠤᠨ ᠠᠵᠢᠯᠯᠠᠭ᠋ᠠᠨ᠎ᠤ ᠪᠦᠷᠢᠨ ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠤᠷᠤᠢ᠌ᠴᠤᠳ ᠵᠡᠮᠳᠡᠭᠴᠦᠳ ᠵᠡᠷᠭᠡ ᠪᠠᠭᠤᠷᠠᠢ᠍ᠢ᠍ᠴᠤᠳᠤᠨ ᠠᠮᠤᠷ ᠲᠦᠪᠰᠢᠨ᠎ᠤ ᠲᠠᠯ᠎ᠠ᠎ᠪᠠᠷ ᠬᠢᠨᠠᠨ ᠬᠠᠮᠠᠭ᠋ᠠᠯᠠᠬᠤ ᠪᠠ ᠬᠠᠪᠰᠤᠷᠤᠨ ᠳᠡᠮᠵᠢᠬᠦ ᠠᠷᠭ᠎ᠠ ᠬᠡᠮᠵᠢᠶ᠎ᠡ;
(ᠳᠥᠷᠪᠡ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠪᠤᠰᠤᠳ ᠠᠭᠤᠯᠭ᠎ᠠ᠃
ᠠᠷᠪᠠᠨ ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ᠂ ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ (ᠪᠢᠴᠢᠯ ᠬᠡᠯᠪᠡᠷᠢ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠥᠷᠳᠡᠭᠡ)᠎ᠨᠢ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠬᠡᠯᠡᠬᠦ ᠬᠡᠷᠡᠭᠲᠡᠢ᠄
(ᠨᠢᠭᠡ) ᠭᠠᠯ ᠤᠨᠲᠠᠷᠠᠭ᠋ᠠᠬᠤ ᠪᠠ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠍ᠢ᠍ᠭᠤᠯᠵᠤ ᠰᠣᠷᠢᠯᠲᠠ ᠬᠢᠨ᠎ᠡ;
(ᠬᠤᠶᠠᠷ) ᠵᠢᠵᠢᠭᠦᠷᠯᠡᠨ ᠠᠵᠢᠯᠯᠠᠵᠤ ᠳᠠᠢ᠍ᠢ᠍ᠨ᠎ᠳᠤ ᠪᠡᠯᠡᠳᠭᠡᠬᠦ ᠳᠦᠷᠢᠮ᠎ᠢ ᠪᠠᠢ᠍ᠢ᠍ᠭᠤᠯᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠲᠤᠬᠠᠢ᠍ᠢ᠍ᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠦᠨ᠎ᠡ;
(ᠭᠤᠷᠪᠠ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠴᠠᠭᠳᠠᠨ ᠪᠠᠢ᠍ᠢ᠍ᠴᠠᠭ᠋ᠠᠯᠲᠠ ᠪᠠ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠥᠮᠥᠵᠢᠯ ᠥᠷᠨᠢᠭᠦᠯᠦᠨ᠎ᠡ;
(ᠳᠥᠷᠪᠡ) ᠭᠠᠯ ᠲᠦᠢ᠍ᠮᠠᠷ᠎ᠢ ᠤᠨᠲᠠᠷᠠᠭ᠋ᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠢ ᠬᠡᠷᠡᠭᠵᠢᠭᠦᠯᠦᠨ᠎ᠡ᠃
ᠠᠷᠪᠠᠨ ᠳᠥᠷᠪᠡᠳᠦᠭᠡᠷ ᠵᠦᠢ᠍ᠯ ᠲᠠᠷᠢᠶᠠᠴᠢᠨ ᠮᠠᠯᠴᠢᠨ᠎ᠨᠢ ᠳᠣᠣᠷᠠᠬᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠯᠪᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠭᠠᠯ ᠰᠡᠷᠭᠡᠢ᠍ᠢ᠍ᠯᠡᠬᠦ ᠨᠡᠢ᠍ᠢ᠍ᠲᠡ ᠵᠢᠨ ᠭᠡᠷ᠎ᠡ ᠵᠢ ᠵᠢᠷᠤᠮᠯᠠᠬᠤ ᠬᠡᠷᠡᠭᠲᠡᠢ;
(ᠬᠤᠶᠠᠷ) ᠨᠡᠢ᠍ᠢ᠍ᠲᠡ ᠵᠢᠨ ᠭᠠᠯ ᠤᠨᠲᠠᠷᠠᠭ᠋ᠠᠬᠤ ᠪᠡᠯᠡᠳᠭᠡᠮᠵᠢ ᠪᠠᠭ᠋ᠠᠵᠢ ᠬᠡᠷᠡᠭᠰᠡᠯ᠎ᠢ ᠬᠠᠢ᠍ᠢ᠍ᠷᠠᠯᠠᠨ ᠬᠠᠮᠠᠭ᠋ᠠᠯᠠᠬᠤ ᠬᠡᠷᠡᠭᠲᠡᠢ;
(ᠭᠤᠷᠪᠠ) ᠭᠠᠯ ᠰᠡᠷᠭᠡᠢ᠍ᠢ᠍ᠯᠡᠯᠲᠡ ᠵᠢᠨ ᠲᠤᠰᠠᠭ᠋ᠠᠷᠯᠠᠬᠤ ᠪᠦᠰᠡ ᠵᠢ ᠡᠵᠡᠯᠡᠨ ᠬᠡᠷᠡᠭᠯᠡᠬᠦ ᠦᠭᠡᠢ᠂ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠢ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ;
(ᠳᠥᠷᠪᠡ) ᠳᠡᠭᠦᠵᠢᠯᠡᠭᠦᠷ ᠴᠠᠬᠢᠯᠭ᠋ᠠᠨ ᠬᠦᠷᠭᠡᠬᠦ ᠤᠲᠠᠰᠤᠨ᠎ᠤ ᠳᠣᠣᠷ᠎ᠠ ᠡᠪᠡᠰᠦ ᠲᠦᠯᠡᠭᠡ ᠵᠡᠷᠭᠡ ᠨᠣᠴᠣᠮᠠᠲᠠᠭ᠋ᠠᠢ ᠰᠢᠲᠠᠮᠠᠬᠠᠢ ᠪᠣᠳᠠᠰ᠎ᠢ ᠣᠪᠣᠭ᠋ᠠᠯᠠᠨ ᠲᠠᠯᠪᠢᠬᠤ ᠦᠭᠡᠢ;
(ᠲᠠᠪᠤ) ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ᠎ᠢ ᠤᠭᠰᠠᠷᠠᠬᠤ ᠪᠠ ᠬᠡᠷᠡᠭᠯᠡᠬᠦ ᠦᠭᠡᠢ᠂ ᠴᠠᠬᠢᠯᠭ᠋ᠠᠨ ᠬᠡᠷᠡᠭᠰᠡᠯ᠎ᠢ ᠠᠮᠤᠷ ᠲᠦᠪᠰᠢᠨ ᠵᠶ᠋ᠠᠷ ᠬᠡᠷᠡᠭᠯᠡᠬᠦ ᠲᠣᠭᠲᠠᠭ᠋ᠠᠯ᠎ᠢ ᠵᠢᠷᠤᠮᠯᠠᠵᠤ᠂ ᠳᠠᠭ᠋ᠠᠭ᠋ᠠᠴᠠ᠎ᠠᠴᠠ ᠬᠡᠲᠦᠷᠡᠲᠡᠯ᠎ᠡ ᠴᠠᠬᠢᠯᠭ᠋ᠠᠨ ᠬᠡᠷᠡᠭᠯᠡᠬᠦ ᠦᠭᠡᠢ᠂ ᠳᠤᠷ᠎ᠠ᠎ᠪᠠᠷ ᠴᠠᠬᠢᠯᠭ᠋ᠠᠨ ᠤᠲᠠᠰᠤ ᠵᠠᠯᠭ᠋ᠠᠨ ᠲᠠᠲᠠᠬᠤ ᠦᠭᠡᠢ;
(ᠵᠢᠷᠭᠤᠭ᠎ᠠ) ᠲᠣᠭᠲᠠᠭᠰᠠᠨ ᠬᠤᠭᠤᠴᠠᠭ᠎ᠠ᠎ᠲᠠᠢ᠎ᠪᠠᠷ ᠬᠠᠨᠵᠤ᠂ ᠬᠤᠯᠠᠩ ᠵᠶ᠋ᠠᠨ ᠴᠡᠪᠡᠷᠯᠡᠵᠦ᠂ ᠭᠠᠯ ᠲᠦᠢ᠍ᠮᠠᠷ ᠡᠭᠦᠰᠬᠦ ᠠᠶᠤᠯ ᠲᠦᠭᠰᠢᠭᠦᠷᠢ᠎ᠲᠠᠢ ᠲᠠᠯᠠᠪᠤᠷ ᠭᠠᠵᠠᠷ᠎ᠲᠤ ᠭᠠᠯ ᠬᠡᠷᠡᠭᠯᠡᠬᠦ ᠦᠭᠡᠢ;
(ᠳᠣᠯᠤᠭ᠎ᠠ) ᠭᠡᠷ ᠪᠦᠯᠢ ᠵᠢᠨ ᠭᠠᠯ ᠤᠨᠲᠠᠷᠠᠭ᠋ᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ᠎ᠢ᠎ᠪᠠᠨ ᠠᠪᠤᠷᠠᠬᠤ ᠵᠡᠷᠭᠡ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠷ᠎ᠠ ᠮᠡᠷᠭᠡᠰᠢᠯ᠎ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ ᠪᠠᠭ᠋ᠠᠴᠤᠳ᠂ ᠮᠡᠳᠡᠷᠡᠯ᠎ᠤᠨ ᠰᠠᠭ᠋ᠠᠲᠠᠯ᠎ᠲᠠᠢ ᠡᠪᠡᠳᠴᠢᠲᠡᠳ᠂ ᠣᠶᠣᠨ ᠴᠢᠳᠠᠪᠤᠷᠢ ᠵᠢᠨ ᠰᠠᠭ᠋ᠠᠲᠠᠯ᠎ᠲᠠᠢ ᠬᠥᠮᠥᠰ ᠵᠡᠷᠭᠡ ᠬᠠᠷᠠᠭ᠋ᠠᠯᠵᠠᠨ ᠬᠠᠮᠠᠭ᠋ᠠᠯᠠᠭᠳᠠᠭᠴᠢ ᠵᠢᠨ ᠠᠮᠤᠷ ᠲᠦᠪᠰᠢᠨ᠎ᠤ ᠬᠥᠮᠥᠵᠢᠯ ᠪᠠ ᠬᠠᠷᠠᠵᠤ ᠬᠠᠷᠠᠭ᠋ᠠᠯᠵᠠᠬᠤ ᠠᠵᠢᠯ᠎ᠢ ᠰᠠᠢ᠍ᠢ᠍ᠲᠤᠷ ᠬᠢᠬᠦ ᠬᠡᠷᠡᠭᠲᠡᠢ;
(ᠨᠠᠢ᠍ᠮᠠ) ᠭᠡᠷ ᠪᠠᠢ᠍ᠢ᠍ᠰᠢᠩ ᠲᠦᠷᠢᠶᠡᠰᠦᠯᠡᠬᠦ ᠪᠤᠶᠤ ᠡᠵᠡᠩᠨᠡᠯᠲᠡ ᠵᠢᠨ ᠲᠠᠯᠠᠪᠤᠷ ᠭᠠᠵᠠᠷ ᠳᠠᠭ᠋ᠠᠭ᠋ᠠᠴᠢᠯᠠᠨ ᠡᠵᠡᠩᠨᠡᠬᠦ᠎ᠳᠤ᠂ ᠡᠯ᠎ᠡ ᠲᠠᠯ᠎ᠠ ᠵᠢᠨ᠎ᠬᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠨᠡᠢ᠍ᠢ᠍ᠲᠡ ᠵᠢᠨ ᠭᠠᠯ ᠤᠨᠲᠠᠷᠠᠭ᠋ᠠᠬᠤ ᠪᠡᠯᠡᠳᠭᠡᠮᠵᠢ
ᠠᠷᠪᠠᠨ ᠲᠠᠪᠤᠳᠤᠭ᠋ᠠᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠥᠷᠳᠡᠭᠡ᠂ ᠭᠠᠯ ᠤᠨᠲᠠᠷᠠᠭ᠋ᠠᠬᠤ ᠤᠰᠤᠨ᠎ᠤ ᠬᠠᠩᠭ᠋ᠠᠯᠭ᠎ᠠ᠂ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠂ ᠭᠠᠯ ᠤᠨᠲᠠᠷᠠᠭ᠋ᠠᠬᠤ ᠲᠣᠨᠤᠭ ᠲᠥᠬᠦᠭᠡᠷᠦᠮᠵᠢ ᠵᠡᠷᠭᠡ ᠨᠡᠢ᠍ᠢ᠍ᠲᠡ ᠵᠢᠨ ᠭᠠᠯ ᠤᠨᠲᠠᠷᠠᠭ᠋ᠠᠬᠤ ᠪᠡᠯᠡᠳᠭᠡᠮᠵᠢ ᠵᠢᠨ ᠪᠦᠲᠦᠭᠡᠨ ᠪᠠᠢ᠍ᠢ᠍ᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠬᠤ ᠮᠠᠯᠵᠢᠬᠤ ᠣᠷᠣᠨ᠎ᠤ ᠨᠡᠢ᠍ᠢ᠍ᠲᠡ ᠵᠢᠨ ᠭᠠᠯ ᠤᠨᠲᠠᠷᠠᠭ᠋ᠠᠬᠤ ᠪᠡᠯᠡᠳᠭᠡᠮᠵᠢ ᠵᠢᠨ ᠬᠠᠮᠠᠭ᠋ᠠᠯᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠍ᠢ᠍ᠭᠤᠯᠤᠮᠵᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠲᠤᠰᠬᠠᠢ ᠲᠥᠯᠥᠪᠵᠢᠭᠦᠯᠭᠡ ᠵᠢ ᠨᠡᠢ᠍ᠢ᠍ᠷᠠᠭᠤᠯᠤᠨ ᠵᠣᠬᠢᠶᠠᠬᠤ ᠵᠢ ᠵᠣᠬᠢᠶᠠᠨ ᠪᠠᠢ᠍ᠢ᠍ᠭᠤᠯᠬᠤ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ᠂ ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠵᠣᠯᠭ᠋ᠠᠭᠤᠯᠤᠯᠲᠠ ᠵᠢ ᠴᠢᠩᠭ᠋ᠠᠳᠬᠠᠨ᠎ᠠ᠃
ᠠᠷᠪᠠᠨ ᠳᠣᠯᠣᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠨᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠍ᠢ᠍ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠡᠢ᠍ᠢ᠍ᠳᠠᠪᠤᠷᠢᠵᠢᠭᠤᠯᠵᠤ᠂ ᠴᠠᠬᠢᠯᠭ᠋ᠠᠨ ᠬᠠᠩᠭ᠋ᠠᠬᠤ᠂ ᠤᠰᠤ ᠬᠠᠩᠭ᠋ᠠᠬᠤ᠂ ᠵᠠᠮ ᠱᠤᠭᠤᠮ᠂ ᠴᠢᠮᠡᠭᠡ ᠬᠤᠯᠪᠣᠭ᠎ᠠ ᠵᠡᠷᠭᠡ ᠨᠡᠢ᠍ᠢ᠍ᠲᠡ ᠵᠢᠨ ᠪᠡᠯᠡᠳᠬᠡᠮᠵᠢ ᠵᠢᠨ ᠪᠦᠲᠦᠭᠡᠨ ᠪᠠᠢ᠍ᠢ᠍ᠭᠤᠯᠤᠯᠲᠠ ᠬᠢᠬᠦ᠎ᠳᠤ᠂ ᠵᠡᠷᠭᠡ᠎ᠳᠤ᠎ᠨᠢ ᠨᠡᠢ᠍ᠢ᠍ᠲᠡ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠪᠡᠯᠡᠳᠭᠡᠮᠵᠢ ᠵᠢᠨ ᠪᠦᠲᠦᠭᠡᠨ ᠪᠠᠢ᠍ᠢ᠍ᠭᠤᠯᠤᠯᠲᠠ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠨᠡᠭᠦᠳᠡᠯᠴᠢᠳᠢ ᠲᠥᠪᠬᠢᠨᠡᠭᠦᠯᠬᠦ᠂ ᠨᠤᠷᠠᠬᠤ ᠠᠶᠤᠯᠲᠠᠢ ᠭᠡᠷ ᠪᠠᠢ᠍ᠢ᠍ᠰᠢᠩᠢ ᠲᠥᠪᠯᠡᠷᠡᠭᠦᠯᠦᠨ ᠳᠠᠬᠢᠨ ᠪᠠᠢ᠍ᠢ᠍ᠭᠤᠯᠵᠤ ᠥᠭᠡᠷᠡᠴᠢᠯᠡᠨ ᠵᠠᠰᠠᠬᠤ ᠵᠡᠷᠭᠡ ᠪᠠᠢ᠍ᠢ᠍ᠭᠤᠯᠤᠯᠲᠠ ᠬᠢᠬᠦ᠎ᠳᠤ᠎ᠪᠠᠨ᠂ ᠨᠡᠢ᠍ᠢ᠍ᠲᠡ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠪᠡᠯᠡᠳᠭᠡᠮᠵᠢ ᠵᠢ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠢ᠍ᠢ᠍ᠭᠤᠯᠬᠤ ᠵᠢ ᠵᠡᠷᠭᠡ᠎ᠳᠤ᠎ᠨᠢ ᠪᠡᠶᠡᠯᠡᠭᠦᠯᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠤᠰᠤ ᠬᠠᠩᠭ᠋ᠠᠬᠤ ᠬᠤᠭᠤᠯᠠᠢ ᠭᠤᠤᠷᠰᠤᠨ ᠲᠣᠣᠷ᠎ᠢ ᠪᠦᠷᠢᠳᠦᠭᠦᠯᠬᠦ ᠨᠦᠭᠦᠴᠡᠯ᠎ᠲᠠᠢ ᠭᠠᠴᠠᠭ᠎ᠠ ᠲᠣᠰᠬᠤᠨ᠎ᠨᠢ ᠥᠷᠥᠭᠡᠨ ᠭᠠᠳᠠᠨᠠᠬᠢ ᠭᠠᠯ ᠤᠨᠲᠠᠷᠠᠭ᠋ᠠᠬᠤ ᠤᠰᠤᠨ᠎ᠤ ᠬᠠᠩᠭ᠋ᠠᠯᠲᠠ ᠵᠢᠨ ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭ᠋ᠠᠬᠤ ᠬᠤᠭᠤᠯᠠᠢ ᠭᠤᠤᠷᠰᠤᠨ ᠲᠣᠣᠷ ᠪᠦᠷᠢᠯᠳᠦᠭᠦᠯᠬᠦ ᠨᠦᠭᠦᠴᠡᠯ ᠦᠭᠡᠢ ᠪᠣᠯ᠂ ᠭᠠᠯ ᠤᠨᠲᠠᠷᠠᠭ᠋ᠠᠬᠤ ᠤᠰᠤᠨ ᠲᠠᠲᠠᠭ᠋ᠠᠯ ᠵᠠᠰᠠᠨ ᠪᠠᠢ᠍ᠢ᠍ᠭᠤᠯᠬᠤ ᠪᠤᠶᠤ ᠪᠠᠢ᠍ᠢ᠍ᠭ᠋ᠠᠯᠢ ᠵᠢᠨ ᠤᠰᠤᠨ ᠰᠤᠷᠪᠤᠯᠵᠢ ᠵᠢ ᠠᠰᠢᠬᠯᠠᠵᠤ ᠭᠠᠯ ᠤᠨᠲᠠᠷᠠᠭ᠋ᠠᠬᠤ ᠤᠰᠤᠨ᠎ᠤ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠭᠠᠯ ᠤᠨᠲᠠᠷᠠᠭ᠋ᠠᠬᠤ ᠤᠰᠤᠨ ᠲᠠᠲᠠᠭ᠋ᠠᠯ᠎ᠤᠨ ᠪᠠᠭᠲᠠᠭ᠋ᠠᠮᠵᠢ ᠵᠢ 100 ᠺᠦᠪ ᠮᠧᠲᠷ᠎ᠠᠴᠠ ᠪᠠᠭ᠎ᠠ ᠪᠠᠢ᠍ᠢ᠍ᠯᠭ᠋ᠠᠪᠠᠯ ᠵᠣᠬᠢᠬᠤ ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭ᠋ᠠᠬᠤ ᠤᠰᠤ ᠬᠠᠩᠭ᠋ᠠᠬᠤ ᠰᠢᠰᠲ᠋ᠧᠮ᠂ ᠭᠠᠯ ᠤᠨᠲᠠᠷᠠᠭ᠋ᠠᠬᠤ ᠤᠰᠤᠨ ᠲᠠᠲᠠᠭ᠋ᠠᠯ ᠪᠠ ᠪᠠᠢ᠍ᠢ᠍ᠭ᠋ᠠᠯᠢ ᠵᠢᠨ ᠤᠰᠤᠨ᠎ᠤ ᠰᠤᠷᠪᠤᠯᠵᠢ ᠵᠢᠨ ᠤᠰᠤ ᠠᠪᠬᠤ ᠠᠮᠠᠰᠠᠷ᠎ᠤᠨ ᠲᠣᠬᠢᠷᠠᠭᠤᠯᠤᠯᠲᠠ᠎ᠨᠢ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠢ᠍ᠢ᠍ᠴᠡᠬᠦ ᠬᠡᠷᠡᠭᠲᠡᠢ᠃
ᠬᠤᠷᠢᠳᠤᠭ᠋ᠠᠷ ᠵᠦᠢ᠍ᠯ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠥᠷᠭᠡᠨ᠎ᠢ 4 ᠮᠧᠲᠷ᠎ᠠᠴᠠ ᠪᠠᠭ᠎ᠠ ᠪᠠᠢ᠍ᠢ᠍ᠯᠭ᠋ᠠᠵᠤ ᠪᠣᠯᠬᠤ ᠦᠭᠡᠢ ᠮᠥᠷᠲᠡᠭᠡᠨ ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠤᠷᠢᠬᠯᠠᠨ ᠲᠠᠰᠤᠯᠵᠤ ᠪᠣᠯᠬᠤ ᠦᠭᠡᠢ᠃ ᠬᠤᠭᠤᠯᠠᠢ ᠵᠢᠨ ᠴᠠᠬᠤ ᠵᠡᠷᠭᠡ ᠬᠠᠷᠰᠢ ᠰᠠᠭ᠋ᠠᠳ ᠪᠣᠯᠬᠤ ᠪᠣᠳᠠᠰ᠎ᠤᠳ᠎ᠢ ᠵᠠᠪᠠᠯ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠠᠮ ᠪᠠ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠳᠡᠭᠡᠭᠦᠷ ᠥᠩᠭᠡᠷᠡᠭᠦᠯᠬᠦ᠎ᠳᠤ ᠲᠡᠭᠦᠨ᠎ᠤ ᠴᠡᠪᠡᠷ ᠥᠨᠳᠥᠷ᠎ᠢ 4 ᠮᠧᠲᠷ᠎ᠠᠴᠠ ᠪᠠᠭ᠎ᠠ ᠪᠠᠢ᠍ᠢ᠍ᠯᠭ᠋ᠠᠵᠤ ᠪᠣᠯᠬᠤ ᠦᠭᠡᠢ᠃
ᠳᠥᠷᠪᠡᠳᠦᠭᠡᠷ ᠪᠦᠯᠦᠭ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠣᠬᠢᠶᠠᠨ ᠪᠠᠢ᠍ᠢ᠍ᠭᠤᠯᠤᠯᠲᠠ
ᠬᠤᠷᠢᠨ ᠨᠢᠭᠡᠳᠦᠭᠡᠷ ᠵᠦᠢ᠍ᠯ ᠳᠣᠣᠷᠠᠬᠢ ᠨᠦᠭᠦᠴᠡᠯ᠎ᠳᠤ ᠨᠡᠢ᠍ᠢ᠍ᠴᠡᠭᠰᠡᠨ ᠰᠤᠮᠤ ᠰᠢᠶᠠᠩ ᠪᠠᠯᠭ᠋ᠠᠰᠤ᠎ᠨᠢ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠪᠠᠢ᠍ᠢ᠍ᠭᠤᠯᠬᠤ ᠵᠢᠨ ᠬᠠᠮᠲᠤ ᠠᠵᠢᠯᠲᠠᠨ᠂ ᠲᠡᠷᠭᠡ᠂ ᠪᠠᠭ᠋ᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠄
(ᠨᠢᠭᠡ) ᠬᠤᠲᠠ ᠵᠢᠨ ᠪᠠᠢ᠍ᠢ᠍ᠭᠤᠯᠤᠭᠰᠠᠨ ᠲᠣᠭᠤᠷᠢᠭ᠎ᠤᠨ ᠲᠠᠯᠠᠪᠠᠢ᠎ᠨᠢ 2 ᠲᠡᠭᠰᠢ ᠳᠥᠷᠪᠡᠯᠵᠢᠨ ᠺᠢᠯᠣᠮᠧᠲᠷ᠎ᠠᠴᠠ ᠬᠡᠲᠦᠷᠡᠭᠰᠡᠨ ᠪᠤᠶᠤ ᠬᠤᠲᠠ ᠵᠢᠨ ᠪᠠᠢ᠍ᠢ᠍ᠭᠤᠯᠤᠭᠰᠠᠨ ᠲᠣᠭᠤᠷᠢᠭ᠎ᠤᠨ ᠰᠠᠭᠤᠭ᠎ᠠ ᠬᠥᠮᠥᠨ ᠠᠮᠠ᠎ᠨᠢ 1 ᠲᠦᠮᠡ᠎ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭ᠋ᠠᠰᠤ;
(ᠬᠤᠶᠠᠷ) ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ᠎ᠤᠨ ᠦᠢ᠍ᠯᠡᠳᠪᠦᠷᠢᠯᠡᠯ᠂ ᠡᠵᠡᠩᠨᠡᠯᠲᠡ ᠵᠢᠨ ᠨᠢᠭᠡᠴᠢ ᠪᠠ ᠬᠥᠳᠡᠯᠮᠦᠷᠢ ᠨᠢᠭᠲᠠ ᠡᠷᠴᠢᠮᠵᠢᠭᠰᠡᠨ ᠠᠵᠤ ᠠᠬᠤᠢ᠍ᠢ᠍ᠯᠠᠯ ᠲᠥᠪᠯᠡᠷᠡᠭᠰᠡᠨ ᠰᠤᠮᠤ ᠰᠢᠶᠠᠩ ᠪᠠᠯᠭ᠋ᠠᠰᠤ;
(ᠭᠤᠷᠪᠠ) ᠪᠥᠬᠦ ᠤᠯᠤᠰ᠎ᠤᠨ ᠭᠤᠣᠯᠳᠠᠯᠭ᠋ᠠᠲᠤ ᠪᠠᠯᠭ᠋ᠠᠰᠤ᠂ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠋ᠠᠲᠤ ᠪᠠᠯᠭ᠋ᠠᠰᠤ᠂ ᠲᠥᠪ ᠪᠠᠯᠭ᠋ᠠᠰᠤ᠂ ᠲᠡᠦᠬᠡ ᠰᠣᠶᠣᠯ᠎ᠤᠨ ᠨᠡᠷᠡᠲᠦ ᠪᠠᠯᠭ᠋ᠠᠰᠤ;
(ᠳᠥᠷᠪᠡ) ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ ᠪᠤᠶᠤ ᠤᠯᠤᠰ᠎ᠤᠨ ᠶᠡᠷᠦᠩᠬᠡᠢ᠍ᠢ᠍ᠯᠡᠭᠰᠡᠨ ᠴᠢᠨᠠᠷᠲᠠᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠥᠷᠳᠡᠭᠡ᠎ᠠᠴᠠ ᠨᠡᠯᠢᠶᠡᠳ ᠬᠤᠯᠠ (100 ᠺᠢᠯᠣᠮᠧᠲᠷ᠎ᠠᠴᠠ ᠳᠡᠭᠡᠭᠰᠢ) ᠪᠠᠢ᠍ᠢ᠍ᠭ᠎ᠠ ᠰᠤᠮᠤ ᠰᠢᠶᠠᠩ ᠪᠠᠯᠭ᠋ᠠᠰᠤ᠃
ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠵᠢᠨ ᠪᠣᠳᠠᠲᠠᠢ ᠪᠠᠢ᠍ᠢ᠍ᠭᠤᠯᠤᠯᠲᠠ ᠵᠢᠨ ᠪᠠᠷᠢᠮᠵᠢᠶ᠎ᠠ᠎ᠨᠢ 《ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠵᠢᠨ ᠪᠠᠢ᠍ᠢ᠍ᠭᠤᠯᠤᠯᠲᠠ ᠵᠢᠨ ᠬᠠᠮᠢᠶᠠᠷᠤᠯᠲᠠ ᠵᠢᠨ ᠵᠢᠷᠤᠮᠵᠢᠯ》 (DB15/T 1897 — 2020) ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠬᠤᠷᠢᠨ ᠬᠤᠶᠠᠳᠤᠭ᠋ᠠᠷ ᠵᠦᠢ᠍ᠯ ᠲᠣᠰ ᠲᠣᠭᠲᠠᠭ᠋ᠠᠯ᠎ᠤᠨ ᠬᠤᠷᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠳᠠᠬᠢ᠎ᠠᠴᠠ ᠪᠤᠰᠤᠳ ᠰᠤᠮᠤ ᠰᠢᠶᠠᠩ ᠪᠠᠯᠭ᠋ᠠᠰᠤ᠎ᠨᠢ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠪᠠ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠠᠵᠢᠯᠲᠠᠨ᠎ᠲᠠᠢ᠂ ᠲᠡᠷᠭᠡ᠎ᠲᠠᠢ᠂ ᠥᠷᠲᠡᠭᠡᠨ᠎ᠤ ᠭᠡᠷ᠎ᠲᠠᠢ᠂ ᠵᠠᠷᠤᠳᠠᠯ᠎ᠲᠠᠢ ᠪᠠᠢ᠍ᠢ᠍ᠬᠤ ᠲᠤᠰᠬᠠᠢ (ᠬᠠᠪᠰᠤᠷᠭ᠋ᠠᠬᠤ) ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠪᠠᠢ᠍ᠢ᠍ᠭᠤᠯᠬᠤ ᠬᠡᠷᠡᠭᠲᠡᠢ᠃
ᠬᠤᠷᠢᠨ ᠭᠤᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠲᠤᠰᠬᠠᠢ (ᠬᠠᠪᠰᠤᠷᠭ᠋ᠠᠬᠤ) ᠲᠤᠰᠢᠶᠠᠯᠲᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ ᠵᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶᠠᠷᠴᠤ᠂ ᠭᠠᠯ ᠲᠦᠢ᠍ᠮᠠᠷ᠎ᠤᠨ ᠠᠶᠤᠯ᠎ᠤᠨ ᠮᠡᠳᠡᠭᠦᠯᠦᠯᠲᠡ᠂ ᠠᠪᠤᠷᠠᠨ ᠲᠤᠰᠠᠯᠠᠬᠤ ᠲᠤᠰᠠᠯᠠᠮᠵᠢ ᠬᠦᠯᠢᠶᠡᠭᠰᠡᠨ ᠵᠢᠴᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠍ᠢ᠍ᠭᠤᠯᠤᠮᠵᠢ ᠵᠢᠨ ᠵᠠᠷᠯᠢᠭ ᠵᠢᠭ᠋ᠠᠪᠤᠷᠢ ᠵᠢ ᠣᠯᠣᠭᠰᠠᠨ᠎ᠤ ᠳᠠᠷᠠᠭ᠎ᠠ᠂ ᠲᠤᠬᠠᠢ ᠵᠢᠨ ᠲᠠᠯᠠᠪᠤᠷ᠎ᠲᠤ ᠳᠠᠷᠤᠢ ᠲᠦᠷᠭᠡᠨ ᠵᠠᠪᠳᠤᠨ ᠣᠴᠢᠵᠤ ᠰᠢᠢ᠍ᠳᠪᠦᠷᠢᠯᠡᠬᠦ ᠬᠡᠷᠡᠭᠲᠡᠢ᠃
ᠬᠤᠷᠢᠨ ᠳᠥᠷᠪᠡᠳᠦᠭᠡᠷ ᠵᠦᠢ᠍ᠯ ᠭᠠᠴᠠᠭ᠎ᠠ ᠲᠣᠰᠬᠤᠨ᠎ᠨᠢ ᠲᠣᠰᠬᠤᠨ᠎ᠤ ᠠᠷᠠᠳ ᠵᠶ᠋ᠠᠷ ᠪᠦᠷᠢᠯᠳᠦᠭᠰᠡᠨ ᠰᠠᠢ᠍ᠢ᠍ᠨ ᠳᠤᠷ᠎ᠠ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠩᠬᠢ (ᠪᠢᠴᠢᠯ ᠬᠡᠯᠪᠡᠷᠢ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠥᠷᠳᠡᠭᠡ) ᠪᠠᠢ᠍ᠢ᠍ᠭᠤᠯᠵᠤ᠂ ᠪᠠᠭ᠋ᠠᠵᠢ ᠬᠡᠷᠡᠭᠰᠡᠯ᠎ᠤᠨ ᠲᠠᠰᠤᠭ ᠪᠠ ᠵᠢᠵᠢᠭᠦᠷᠯᠡᠬᠦ᠎ᠳᠤ ᠬᠡᠷᠡᠭᠯᠡᠬᠦ ᠭᠡᠷ ᠲᠣᠬᠢᠷᠠᠭᠤᠯᠵᠤ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ᠎ᠳᠤ ᠴᠢᠬᠤᠯᠠ ᠪᠦᠬᠦᠢ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠬᠡᠷᠡᠭᠲᠡᠢ᠃
ᠬᠤᠷᠢᠨ ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠭᠠᠯ ᠤᠨᠲᠠᠷᠠᠭ᠋ᠠᠬᠤ ᠪᠠ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠲᠠᠷᠬᠠᠭ᠋ᠠᠬᠤ ᠪᠡᠯᠡᠳᠭᠡᠯ ᠲᠥᠰᠥᠯ᠎ᠢ ᠲᠣᠭᠲᠠᠭ᠋ᠠᠬᠤ ᠬᠡᠷᠡᠭᠲᠡᠢ᠃ ᠪᠡᠯᠡᠳᠭᠡᠯ ᠲᠥᠰᠥᠯ᠎ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄
(ᠨᠢᠭᠡ) ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠬᠤᠯᠪᠣᠭᠳᠠᠯ ᠪᠦᠬᠦᠢ ᠦᠨᠳᠦᠰᠦᠨ ᠪᠠᠢ᠍ᠢ᠍ᠳᠠᠯ;
(ᠬᠤᠶᠠᠷ) ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ ᠪᠠ ᠭᠠᠯ ᠤᠨᠲᠠᠷᠠᠭ᠋ᠠᠬᠤ ᠲᠡᠷᠭᠡ᠂ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠭᠰᠠᠨ ᠪᠠᠢ᠍ᠢ᠍ᠳᠠᠯ᠂ ᠨᠡᠢ᠍ᠢ᠍ᠲᠡ ᠵᠢᠨ ᠭᠠᠯ ᠤᠨᠲᠠᠷᠠᠭ᠋ᠠᠬᠤ ᠪᠡᠯᠡᠳᠭᠡᠮᠵᠢ ᠵᠢᠨ ᠲᠣᠬᠢᠷᠠᠭᠤᠯᠤᠯᠲᠠ᠂ ᠲᠠᠷᠬᠠᠯᠲᠠ ᠵᠢᠨ ᠪᠠᠢ᠍ᠢ᠍ᠳᠠᠯ;
(ᠭᠤᠷᠪᠠ) ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠣᠬᠢᠶᠠᠨ ᠪᠠᠢ᠍ᠢ᠍ᠭᠤᠯᠤᠯᠲᠠ ᠵᠢᠨ ᠪᠠᠢ᠍ᠢ᠍ᠭᠤᠯᠤᠮᠵᠢ ᠵᠢᠴᠢ ᠠᠵᠢᠯ᠎ᠤᠨ ᠪᠠᠢ᠍ᠢ᠍ᠷᠢ ᠵᠢᠨ ᠡᠭᠦᠷᠭᠡ ᠬᠠᠷᠢᠭᠤᠴᠠᠯᠭ᠎ᠠ;
(ᠳᠥᠷᠪᠡ) ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ᠎ᠢ ᠬᠦᠯᠢᠶᠡᠨ ᠠᠪᠴᠤ ᠰᠢᠢ᠍ᠳᠪᠦᠷᠢᠯᠡᠬᠦ ᠳᠡᠰ ᠳᠠᠷᠠᠭ᠋ᠠᠯᠠᠯ᠂ ᠭᠠᠯ᠎ᠤᠨ ᠠᠶᠤᠯ᠎ᠠᠴᠠ ᠠᠪᠤᠷᠠᠬᠤ᠂ ᠲᠠᠷᠬᠠᠭ᠋ᠠᠨ ᠵᠢᠯᠣᠭᠤᠳᠬᠤ᠂ ᠴᠢᠮᠡᠭᠡ ᠬᠤᠯᠪᠣᠭ᠎ᠠ ᠠᠪᠬᠤ᠂ ᠠᠮᠤᠷ ᠲᠦᠪᠰᠢᠨ ᠵᠶ᠋ᠠᠷ ᠲᠤᠰᠠᠯᠠᠨ ᠠᠪᠤᠷᠠᠬᠤ ᠳᠡᠰ ᠳᠠᠷᠠᠭ᠋ᠠᠯᠠᠯ;
(ᠲᠠᠪᠤ) ᠤᠯᠤᠰ᠎ᠤᠨ ᠶᠡᠷᠦᠩᠬᠡᠢ᠍ᠢ᠍ᠯᠡᠭᠰᠡᠨ ᠴᠢᠨᠠᠷᠲᠠᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠠᠩᠬᠢᠯᠤᠭᠠ ᠬᠠᠮᠵᠢᠯᠴᠠᠬᠤ ᠳᠡᠰ ᠳᠠᠷᠠᠭ᠋ᠠᠯᠠᠯ᠃
ᠬᠤᠷᠢᠨ ᠵᠢᠷᠭᠤᠳᠤᠭ᠋ᠠᠷ ᠵᠦᠢ᠍ᠯ ᠲᠤᠰᠬᠠᠢ ᠲᠤᠰᠢᠶᠠᠯᠲᠤ ᠭᠠᠯ ᠤᠨᠲᠠᠷᠠᠭ᠋ᠠᠬᠤ ᠠᠩᠬᠢ᠂ ᠰᠠᠢ᠍ᠢ᠍ᠨ ᠳᠤᠷ᠎ᠠ ᠵᠢᠨ ᠭᠠᠯ ᠤᠨᠲᠠᠷᠠᠭ᠋ᠠᠬᠤ ᠠᠩᠬᠢ (ᠪᠢᠴᠢᠯ ᠬᠡᠯᠪᠡᠷᠢ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠥᠷᠳᠡᠭᠡ)᠎ᠨᠢ ᠪᠠᠢ᠍ᠢ᠍ᠩᠭᠤ ᠵᠢᠨ ᠴᠢᠨᠠᠷᠲᠠᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠲᠤᠬᠠᠢ᠍ᠢ᠍ᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠬᠦ ᠵᠢᠨ ᠳᠠᠭ᠋ᠠᠤ᠎ᠳᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠰᠣᠷᠢᠯᠲᠠ ᠵᠣᠬᠢᠶᠠᠨ ᠪᠠᠢ᠍ᠢ᠍ᠭᠤᠯᠬᠤ ᠬᠡᠷᠡᠭᠲᠡᠢ᠃
ᠬᠤᠷᠢᠨ ᠳᠣᠯᠣᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠰᠠᠢ᠍ᠢ᠍ᠨ ᠳᠤᠷ᠎ᠠ ᠵᠢᠨ ᠭᠠᠯ ᠤᠨᠲᠠᠷᠠᠭ᠋ᠠᠬᠤ ᠠᠩᠬᠢ ᠵᠢᠨ ᠭᠡᠰᠢᠭᠦᠨ᠎ᠳᠤ ᠰᠠᠨᠠᠭ᠋ᠠᠨ᠎ᠳᠤ ᠦᠭᠡᠢ ᠭᠡᠮᠲᠤᠯ᠎ᠤᠨ ᠳᠠᠭ᠋ᠠᠳᠬᠠᠯ ᠬᠤᠳᠠᠯᠳᠤᠨ ᠠᠪᠴᠤ ᠥᠭᠬᠦ᠂ ᠭᠠᠯ ᠤᠨᠲᠠᠷᠠᠭ᠋ᠠᠬᠤ ᠬᠠᠮᠠᠭ᠋ᠠᠯᠠᠯᠲᠠ ᠵᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ᠎ᠤᠨ ᠲᠤᠬᠠᠢ᠍ᠢ᠍ᠯᠠᠭᠰᠠᠨ ᠠᠵᠢᠯ᠎ᠤᠨ ᠪᠣᠯᠪᠠᠰᠤᠷᠠᠯ ᠪᠠ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠵᠶ᠋ᠠᠷ ᠲᠤᠪᠤᠢ᠌ᠮᠡ ᠠᠩᠬᠢ ᠵᠢᠨ ᠭᠡᠰᠢᠭᠦᠨ᠎ᠳᠤ ᠱᠠᠩᠨᠠᠯ ᠱᠠᠩᠨᠠᠨ ᠥᠭᠬᠦ ᠬᠡᠷᠡᠭᠲᠡᠢ᠃
ᠬᠤᠷᠢᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠭᠠᠯ ᠲᠦᠢ᠍ᠮᠠᠷ ᠭᠠᠷᠪᠠᠯ᠂ ᠭᠠᠯ ᠲᠦᠢ᠍ᠮᠠᠷ ᠡᠭᠦᠰᠦᠭᠰᠡᠨ ᠨᠢᠭᠡᠴᠢ ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠳᠠᠷᠤᠢ ᠲᠦᠷᠭᠡᠨ ᠰᠠᠢ᠍ᠢ᠍ᠨ ᠳᠤᠷ᠎ᠠ ᠵᠢᠨ ᠭᠠᠯ ᠤᠨᠲᠠᠷᠠᠭ᠋ᠠᠬᠤ ᠠᠩᠬᠢ (ᠪᠢᠴᠢᠯ ᠬᠡᠯᠪᠡᠷᠢ ᠵᠢᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠥᠷᠳᠡᠭᠡ) ᠵᠢ ᠵᠣᠬᠢᠶᠠᠨ ᠪᠠᠢ᠍ᠢ᠍ᠭᠤᠯᠵᠤ ᠭᠠᠯ ᠲᠦᠢ᠍ᠮᠠᠷ ᠤᠨᠲᠠᠷᠠᠭ᠋ᠠᠨ ᠠᠪᠤᠷᠠᠬᠤ ᠪᠠ ᠬᠥᠮᠥᠨ ᠬᠠᠷ᠎ᠠ ᠵᠢ ᠲᠠᠷᠬᠠᠭ᠋ᠠᠬᠤ ᠠᠵᠢᠯ ᠬᠢᠬᠦ ᠬᠡᠷᠡᠭᠲᠡᠢ᠃ ᠤᠯᠤᠰ᠎ᠤᠨ ᠶᠡᠷᠦᠩᠬᠡᠢ᠍ᠢ᠍ᠯᠡᠭᠰᠡᠨ ᠴᠢᠨᠠᠷᠲᠠᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠡᠩᠨᠡᠭᠡ᠂ ᠲᠤᠰᠬᠠᠢ ᠲᠤᠰᠢᠶᠠᠯᠲᠤ ᠭᠠᠯ ᠤᠨᠲᠠᠷᠠᠭ᠋ᠠᠬᠤ ᠠᠩᠬᠢ᠎ᠨᠢ ᠲᠦᠭᠰᠢᠭᠦᠷᠢ ᠮᠡᠳᠡᠭᠦᠯᠬᠦ ᠵᠢ ᠲᠣᠰᠣᠨ ᠣᠯᠣᠭᠰᠠᠨ᠎ᠤ ᠳᠠᠷᠠᠭ᠎ᠠ᠂ ᠳᠠᠷᠤᠢ ᠲᠦᠷᠭᠡᠨ ᠭᠠᠯ᠎ᠤᠨ ᠠᠶᠤᠯ ᠡᠭᠦᠰᠦᠭᠰᠡᠨ ᠲᠠᠯᠠᠪᠤᠷ᠎ᠲᠤ ᠵᠠᠪᠳᠤᠨ ᠬᠦᠷᠴᠦ᠂ ᠭᠠᠯ ᠲᠦᠢ᠍ᠮᠠᠷ᠎ᠢ ᠤᠨᠲᠠᠷᠠᠭ᠋ᠠᠬᠤ᠂ ᠠᠶᠤᠯ᠎ᠳᠤ ᠤᠴᠠᠷᠠᠭᠰᠠᠨ ᠬᠥᠮᠥᠰ᠎ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠢ᠍ᠢ᠍ᠳᠠᠯ᠎ᠢ ᠠᠷᠢᠯᠭ᠋ᠠᠬᠤ ᠬᠡᠷᠡᠭᠲᠡᠢ᠃
ᠬᠤᠷᠢ ᠶᠢᠰᠦᠳᠦᠭᠡᠷ ᠵᠦᠢ᠍ᠯ ᠭᠠᠯ ᠲᠦᠢ᠍ᠮᠠᠷ᠎ᠢ ᠤᠨᠲᠠᠷᠠᠭ᠋ᠠᠭᠰᠠᠨᠤ ᠳᠠᠷᠠᠭ᠎ᠠ᠂ ᠭᠠᠯ ᠲᠦᠢ᠍ᠮᠡᠷ ᠡᠭᠦᠰᠦᠭᠰᠡᠨ ᠨᠢᠭᠡᠴᠢ (ᠬᠤᠪᠢ ᠬᠥᠮᠥᠨ) ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠲᠤᠬᠠᠢ ᠵᠢᠨ ᠲᠠᠯᠠᠪᠤᠷ᠎ᠢ ᠬᠠᠮᠠᠭ᠋ᠠᠯᠠᠵᠤ᠂ ᠦᠨᠡᠨ ᠪᠣᠳᠠᠲᠠᠢ᠎ᠪᠠᠷ ᠭᠠᠯ ᠲᠦᠢ᠍ᠮᠠᠷ᠎ᠤᠨ ᠡ᠊ᠨᠳᠡᠯ᠎ᠤᠨ ᠪᠠᠢ᠍ᠢ᠍ᠳᠠᠯ᠎ᠢ ᠬᠠᠩᠭ᠋ᠠᠵᠤ᠂ ᠡ᠊ᠨᠳᠡᠯ᠎ᠤᠨ ᠪᠠᠢ᠍ᠢ᠍ᠳᠠᠯ᠎ᠤᠨ ᠪᠠᠢ᠍ᠢ᠍ᠴᠠᠭ᠋ᠠᠯᠲᠠ ᠵᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠍ᠢ᠍ᠭᠤᠯᠤᠮᠵᠢ ᠵᠢᠨ ᠵᠥᠪᠰᠢᠶᠡᠷᠡᠯ ᠦᠭᠡᠢ᠎ᠪᠠᠷ ᠳᠤᠷ᠎ᠠ᠎ᠪᠠᠷ ᠭᠠᠯ᠎ᠤᠨ ᠠᠶᠤᠯ᠎ᠤᠨ ᠲᠤᠬᠠᠢ ᠵᠢᠨ ᠲᠠᠯᠠᠪᠤᠷ᠎ᠢ ᠠᠷᠢᠯᠭ᠋ᠠᠨ ᠴᠡᠪᠡᠷᠯᠡᠵᠦ ᠪᠣᠯᠬᠤ ᠦᠭᠡᠢ᠃
ᠭᠤᠴᠢᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠨᠡᠯᠢᠶᠡᠳ ᠶᠡᠭᠡ ᠭᠠᠯ ᠲᠦᠢ᠍ᠮᠠᠷ᠎ᠤᠨ ᠠᠶᠤᠯ ᠭᠠᠷᠬᠤ᠂ ᠵᠢᠴᠢ ᠬᠥᠮᠥᠨ ᠬᠠᠷ᠎ᠠ ᠦᠬᠦᠭᠰᠡᠨ ᠪᠤᠶᠤ ᠨᠡᠢ᠍ᠢ᠍ᠭᠡᠮ᠎ᠤᠨ ᠨᠥᠯᠥᠭᠡ᠎ᠲᠠᠢ ᠪᠣᠯᠣᠭᠰᠨᠨ ᠡᠩ᠎ᠤᠨ ᠭᠠᠯ ᠲᠦᠢ᠍ᠮᠠᠷ᠎ᠤᠨ ᠡ᠊ᠨᠳᠡᠯ ᠭᠠᠷᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠠᠷ᠎ᠤᠨ ᠡ᠊ᠨᠳᠡᠯ᠎ᠤᠨ ᠬᠠᠷᠢᠭᠤᠴᠠᠯᠭ᠎ᠠ ᠵᠢᠨ ᠪᠠᠢ᠍ᠢ᠍ᠴᠠᠭ᠋ᠠᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠤᠨ ᠱᠠᠭ᠋ᠠᠷᠳᠠᠯᠭ᠎ᠠ ᠶᠣᠰᠣᠭ᠋ᠠᠷ᠂ ᠪᠠᠢ᠍ᠢ᠍ᠴᠠᠭ᠋ᠠᠬᠤ ᠳᠤᠭᠤᠢ᠍ᠢ᠍ᠯᠠᠩ ᠪᠠᠢ᠍ᠢ᠍ᠭᠤᠯᠵᠤ ᠪᠠᠢ᠍ᠢ᠍ᠴᠠᠭ᠋ᠠᠯᠲᠠ ᠬᠢᠬᠦ ᠬᠡᠷᠡᠭᠲᠡᠢ᠃
ᠲᠠᠷᠢᠶᠠᠯᠠᠬᠤ ᠮᠠᠯᠵᠢᠬᠤ ᠣᠷᠣᠨ᠎ᠳᠤ ᠨᠡᠯᠢᠶᠡᠳ ᠶᠡᠭᠡ ᠭᠠᠯ᠎ᠤᠨ ᠠᠶᠤᠯ ᠭᠠᠷᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠭᠠᠢ ᠭᠠᠮᠰᠢᠭ᠎ᠤᠨ ᠮᠡᠳᠡᠭᠡ ᠵᠠᠩᠬᠢ ᠵᠢ ᠨᠢᠭᠡᠳᠦᠯᠲᠡᠢ ᠨᠡᠢ᠍ᠢ᠍ᠲᠡᠯᠡᠨᠡ᠃
ᠲᠠᠪᠤᠳᠤᠭ᠋ᠠᠷ ᠪᠦᠯᠦᠭ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ
ᠭᠤᠴᠢᠨ ᠨᠢᠭᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ᠎ᠪᠠᠷ ᠪᠠᠢ᠍ᠢ᠍ᠭᠤᠯᠤᠭᠰᠠᠨ ᠪᠠᠷᠢᠯᠭ᠎ᠠ ᠵᠢᠨ ᠭᠠᠯ᠎ᠠᠴᠠ ᠰᠡᠷᠭᠡᠢ᠍ᠢ᠍ᠯᠡᠬᠦ ᠵᠢᠷᠤᠭ ᠲᠥᠯᠥᠪᠯᠡᠭᠡ᠂ ᠣᠳᠣ ᠨᠢᠭᠡᠨᠲᠡ ᠪᠠᠢ᠍ᠢ᠍ᠭ᠎ᠠ ᠪᠠᠷᠢᠯᠭ᠎ᠠ ᠵᠢᠨ ᠭᠠᠯ᠎ᠠᠴᠠ ᠰᠡᠷᠭᠡᠢ᠍ᠢ᠍ᠯᠡᠬᠦ ᠥᠭᠡᠷᠡᠴᠢᠯᠡᠨ ᠰᠢᠨᠡᠳᠭᠡᠬᠦ ᠵᠢᠴᠢ ᠴᠠᠬᠢᠯᠭ᠋ᠠᠨ ᠬᠦᠴᠦᠨ᠎ᠤ ᠲᠣᠣᠷ᠎ᠤᠨ ᠪᠠᠢ᠍ᠢ᠍ᠭᠤᠯᠤᠯᠲᠠ ᠬᠢᠭᠡᠳ ᠥᠭᠡᠷᠡᠴᠢᠯᠡᠨ ᠰᠢᠨᠡᠳᠭᠡᠬᠦ ᠠᠵᠢᠯ᠎ᠨᠢ ᠤᠯᠤᠰ᠎ᠤᠨ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠢ᠍ᠢ᠍ᠴᠡᠬᠦ ᠬᠡᠷᠡᠭᠲᠡᠢ᠃
ᠭᠤᠴᠢᠨ ᠬᠤᠶᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠨᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠥᠮᠥᠵᠢᠯ᠎ᠢ ᠵᠢᠭ᠋ᠠᠨ ᠰᠤᠷᠭ᠋ᠠᠬᠤ ᠠᠭᠤᠯᠭ᠎ᠠ᠎ᠳᠤ᠎ᠪᠠᠨ ᠣᠷᠣᠭᠤᠯᠵᠤ᠂ ᠬᠤᠭᠤᠴᠠᠭ᠎ᠠ ᠪᠦᠷᠢ 4 ᠤᠳᠠᠭ᠎ᠠ᠎ᠠᠴᠠ ᠳᠤᠲᠠᠭᠤ ᠦᠭᠡᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠬᠢᠴᠢᠶᠡᠯ ᠣᠷᠣᠬᠤ ᠬᠡᠷᠡᠭᠲᠡᠢ᠃ ᠡᠭᠦᠨ᠎ᠳᠤ᠂ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ᠎ᠤ ᠳᠠᠷᠠᠭ᠎ᠠ ᠪᠠ ᠴᠢᠯᠦᠭᠡ ᠲᠠᠯᠪᠢᠬᠤ᠎ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠡᠰᠢ ᠰᠦᠷᠡᠯ᠂ ᠲᠦᠯᠡᠭᠡ ᠡᠪᠡᠰᠦ ᠵᠡᠷᠭᠡ ᠨᠣᠴᠣᠮᠠᠲᠠᠭ᠋ᠠᠢ ᠰᠢᠲᠠᠮᠠᠬᠠᠢ ᠮᠠᠲ᠋ᠧᠷᠢᠶᠠᠯ᠎ᠤᠨ ᠣᠪᠣᠭ᠋ᠠᠯᠠᠬᠤ ᠭᠠᠵᠠᠷ᠎ᠤᠨ ᠲᠣᠬᠢᠷᠠᠭᠤᠯᠤᠯᠲᠠ᠎ᠨᠢ ᠳᠣᠣᠷᠠᠬᠢ ᠱᠠᠭ᠋ᠠᠷᠳᠠᠯᠭ᠎ᠠ᠎ᠳᠤ ᠨᠡᠢ᠍ᠢ᠍ᠴᠡᠬᠦ ᠬᠡᠷᠡᠭᠲᠡᠢ᠄
(ᠨᠢᠭᠡ) ᠬᠠᠷᠢᠴᠠᠩᠭᠤᠢ ᠲᠤᠰᠠᠭ᠋ᠠᠷᠯᠠᠭᠰᠠᠨ ᠠᠮᠤᠷ ᠲᠦᠪᠰᠢᠨ᠎ᠤ ᠣᠷᠣᠨ ᠪᠦᠰᠡ᠎ᠳᠤ ᠪᠤᠶᠤ ᠠᠢ᠍ᠢ᠍ᠯ ᠲᠣᠰᠬᠤᠨ᠎ᠤ ᠵᠠᠬ᠎ᠠ ᠬᠥᠪᠡᠭᠡ᠎ᠪᠠᠷ ᠲᠣᠬᠢᠷᠠᠭᠤᠯᠪᠠᠯ ᠵᠣᠬᠢᠰᠲᠠᠢ;
(ᠬᠤᠶᠠᠷ) ᠵᠠᠮ᠂ ᠣᠢ᠍ᠢ᠍ᠲᠤ ᠭᠠᠵᠠᠷ᠎ᠢ ᠡᠵᠡᠯᠡᠨ ᠬᠡᠷᠡᠭᠯᠡᠬᠦ ᠵᠢ ᠴᠠᠭ᠋ᠠᠵᠠᠯᠠᠨ᠎ᠠ; ᠣᠪᠣᠭ᠋ᠠᠯᠠᠬᠤ ᠭᠠᠵᠠᠷ᠎ᠲᠤ ᠮᠠᠰᠢᠨ ᠲᠡᠷᠭᠡ ᠬᠥᠰᠬᠡ ᠵᠣᠭᠰᠣᠭ᠋ᠠᠬᠤ᠂ ᠰᠡᠯᠪᠢᠨ ᠵᠠᠰᠠᠬᠤ ᠵᠢ ᠴᠠᠭ᠋ᠠᠵᠠᠯᠠᠨ᠎ᠠ;
(ᠭᠤᠷᠪᠠ) ᠡᠰᠢ ᠰᠦᠷᠡᠯ᠎ᠢ ᠶᠡᠭᠡ ᠬᠡᠮᠵᠢᠶ᠎ᠡ᠎ᠪᠠᠷ ᠠᠢ᠍ᠢ᠍ᠯ ᠲᠣᠰᠬᠤᠨ ᠡᠷᠦᠬᠡ᠎ᠳᠤ ᠣᠷᠣᠭᠤᠯᠵᠤ ᠪᠣᠯᠬᠤ ᠦᠭᠡᠢ᠂ ᠦᠢ᠍ᠯᠡᠳᠪᠦᠷᠢᠯᠡᠯ᠂ ᠠᠮᠢᠳᠤᠷᠠᠯ᠎ᠤᠨ ᠪᠠᠷᠢᠯᠭ᠎ᠠ ᠵᠢᠨ ᠬᠠᠵᠠᠭᠤ ᠬᠠᠪᠢ᠎ᠪᠠᠷ ᠨᠦᠬᠡᠴᠡᠯᠡᠨ ᠬᠠᠳᠠᠭ᠋ᠠᠯᠠᠵᠤ ᠪᠣᠯᠬᠤ ᠦᠭᠡᠢ᠂ ᠴᠠᠬᠢᠯᠭ᠋ᠠᠨ ᠬᠦᠴᠦᠨ᠎ᠤ ᠳᠡᠭᠦᠵᠢᠯᠡᠭᠦᠷ ᠤᠲᠠᠰᠤ᠂ ᠬᠦᠴᠦᠳᠡᠯ ᠬᠤᠪᠢᠷᠠᠭ᠋ᠠᠭᠴᠢ ᠵᠢᠨ ᠳᠣᠣᠷ᠎ᠠ ᠣᠪᠣᠭ᠋ᠠᠯᠠᠨ ᠲᠠᠯᠪᠢᠵᠤ ᠪᠣᠯᠬᠤ ᠦᠭᠡᠢ;
(ᠳᠥᠷᠪᠡ) ᠰᠢᠲᠠᠮᠠᠬᠠᠢ ᠮᠠᠲ᠋ᠧᠷᠢᠶᠠᠯ ᠣᠪᠣᠭ᠋ᠠᠯᠠᠬᠤ ᠭᠠᠵᠠᠷ᠎ᠤᠨ ᠡᠷᠭᠢᠨ ᠲᠣᠭᠤᠷᠢᠨ᠎ᠤ ᠪᠠᠷᠢᠯᠭ᠎ᠠ᠎ᠳᠤ ᠬᠤᠯᠠᠩ᠎ᠤᠨ ᠳᠡᠭᠡᠷ᠎ᠡ᠎ᠨᠢ ᠭᠠᠯ᠎ᠠᠴᠠ ᠰᠡᠷᠭᠡᠢ᠍ᠢ᠍ᠯᠡᠬᠦ ᠮᠠᠯᠠᠭ᠋ᠠᠢ ᠲᠠᠭ᠋ᠠᠷᠠᠭᠤᠯᠬᠤ ᠵᠡᠷᠭᠡ ᠭᠠᠯ᠎ᠤᠨ ᠣᠴᠢ ᠦᠰᠦᠷᠦᠨ ᠭᠠᠷᠬᠤ᠎ᠠᠴᠠ ᠰᠡᠷᠭᠡᠢ᠍ᠢ᠍ᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ;
(ᠲᠠᠪᠤ) ᠲᠠᠷᠢᠶᠠᠴᠢᠨ ᠮᠠᠯᠴᠢᠨ᠎ᠤ ᠬᠦᠷᠢᠶ᠎ᠡ ᠬᠠᠰᠢᠶᠠᠨ᠎ᠳᠤ ᠣᠪᠣᠭ᠋ᠠᠯᠠᠨ ᠲᠠᠯᠪᠢᠭᠰᠠᠨ ᠪᠠᠭ᠎ᠠ ᠬᠡᠮᠵᠢᠶᠡᠨ᠎ᠤ ᠲᠦᠯᠡᠭᠡ ᠡᠪᠡᠰᠦ᠂ ᠲᠡᠵᠢᠭᠡᠯ ᠪᠣᠷᠳᠤᠭ᠎ᠠ ᠵᠡᠷᠭᠡ ᠪᠠ ᠪᠠᠷᠢᠯᠭ᠎ᠠ ᠵᠢᠨ ᠬᠤᠭᠤᠷᠣᠨᠳᠤ ᠭᠠᠯ᠎ᠠᠴᠠ ᠰᠡᠷᠭᠡᠢ᠍ᠢ᠍ᠯᠡᠵᠦ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠪᠢᠲᠡᠭᠦᠦ ᠮᠠᠶᠢᠭ᠎ᠤᠨ ᠮᠠᠯ᠎ᠤᠨ ᠰᠠᠷᠠᠪᠴᠢ ᠵᠢ ᠠᠰᠲᠠᠭ᠋ᠠᠨ ᠪᠠᠢ᠍ᠢ᠍ᠭᠤᠯᠤᠨ ᠪᠠᠷᠢᠬᠤ ᠵᠢᠨ ᠬᠠᠮᠲᠤ ᠳᠣᠣᠷᠠᠬᠢ ᠲᠣᠭᠲᠠᠭ᠋ᠠᠯ᠎ᠳᠤ ᠨᠡᠢ᠍ᠢ᠍ᠴᠡᠭᠦᠯᠬᠦ ᠬᠡᠷᠡᠭᠲᠡᠢ᠄
(ᠨᠢᠭᠡ) ᠭᠠᠯ ᠳᠠᠭ᠋ᠠᠭ᠋ᠠᠮᠠᠭ᠋ᠠᠢ ᠵᠡᠷᠭᠡ ᠳᠡᠰ᠎ᠨᠢ ᠭᠤᠷᠪᠠᠳᠤᠭ᠋ᠠᠷ ᠳᠡᠰ᠎ᠠᠴᠠ ᠳᠣᠣᠷ᠎ᠠ ᠪᠠᠢ᠍ᠢ᠍ᠵᠤ ᠪᠣᠯᠬᠤ ᠦᠭᠡᠢ᠂ ᠨᠢᠭᠡᠨᠲᠡ ᠪᠠᠢ᠍ᠢ᠍ᠭᠤᠯᠤᠨ ᠪᠠᠷᠢᠭᠰᠠᠨ ᠭᠤᠷᠪᠠᠳᠤᠭ᠋ᠠᠷ ᠳᠡᠰ᠎ᠠᠴᠠ ᠳᠣᠣᠷ᠎ᠠ ᠪᠠᠢ᠍ᠢ᠍ᠬᠤ ᠰᠠᠷᠠᠪᠴᠢ ᠬᠠᠰᠢᠶ᠎ᠠ ᠵᠢ ᠠᠯᠬᠤᠮ ᠳᠠᠷᠠᠭ᠋ᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ;
(ᠬᠤᠶᠠᠷ) ᠴᠠᠬᠢᠯᠭ᠋ᠠᠨ ᠬᠡᠯᠬᠢᠶᠡᠨ᠎ᠤ ᠤᠲᠠᠰᠤ ᠳᠡᠪᠢᠰᠬᠦ᠎ᠳᠤ ᠦᠯᠦ ᠰᠢᠲᠠᠬᠤ ᠬᠤᠭᠤᠯᠠᠢ ᠭᠤᠤᠷᠰᠤ᠎ᠪᠠᠷ ᠨᠡᠪᠲᠡᠷᠡᠭᠦᠯᠵᠦ᠂ ᠲᠡᠭᠦᠨ᠎ᠤ ᠭᠡᠷᠡᠯᠲᠦᠭᠦᠯᠬᠦ ᠳ᠋ᠧᠩ᠎ᠤᠨ ᠬᠡᠷᠡᠭᠰᠡᠯ᠎ᠢ ᠪᠠᠲᠤ ᠪᠠᠬᠢ ᠤᠭᠰᠠᠷᠠᠭᠤᠯᠤᠨ ᠲᠠᠭ᠋ᠠᠷᠠᠭᠤᠯᠬᠤ ᠬᠡᠷᠡᠭᠲᠡᠢ;
(ᠭᠤᠷᠪᠠ) ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ ᠬᠡᠷᠴᠢᠮᠡᠯ ᠡᠪᠡᠰᠦ᠂ ᠲᠡᠵᠢᠭᠡᠯ ᠪᠣᠷᠳᠣᠭ᠋ᠠᠨ᠎ᠤ ᠥᠷᠥᠭᠡ ᠵᠢᠴᠢ ᠲᠡᠵᠢᠭᠡᠭᠴᠢ ᠵᠢᠨ ᠪᠠᠢ᠍ᠢ᠍ᠷᠢ ᠵᠢ ᠬᠠᠰᠢᠶ᠎ᠠ ᠰᠠᠷᠠᠪᠴᠢ᠎ᠲᠠᠢ ᠰᠠᠯᠭ᠋ᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ ᠵᠠᠯᠭ᠋ᠠᠯᠳᠤᠭᠤᠯᠬᠤ ᠴᠢᠬᠤᠯᠠᠲᠠᠢ ᠦᠶ᠎ᠡ᠎ᠳᠤ ᠭᠠᠯ᠎ᠠᠴᠠ ᠰᠡᠷᠭᠡᠢ᠍ᠢ᠍ᠯᠡᠵᠦ ᠵᠠᠭ᠋ᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠲᠣᠭᠤᠭ᠋ᠠᠨ ᠭᠡᠷ᠎ᠤᠨ ᠵᠤᠤᠬ᠎ᠠ ᠵᠢᠨ ᠠᠰ ᠳᠡᠭᠡᠷ᠎ᠡ 1.5 ᠮᠧᠲᠷ᠎ᠤᠨ ᠬᠡᠪᠴᠢᠶᠡᠨ᠎ᠳᠤ ᠰᠢᠲᠠᠮᠠᠬᠠᠢ ᠪᠣᠳᠠᠰ ᠪᠠᠢ᠍ᠢ᠍ᠯᠭ᠋ᠠᠵᠤ ᠪᠣᠯᠬᠤ ᠦᠭᠡᠢ᠃ ᠫᠢᠰᠢᠩ᠂ ᠬᠠᠨᠵᠤ᠂ ᠬᠤᠯᠠᠩᠢ ᠲᠣᠭᠲᠠᠭᠰᠠᠨ ᠬᠤᠭᠤᠴᠠᠭ᠎ᠠ᠎ᠲᠠᠢ᠎ᠪᠠᠷ ᠴᠡᠪᠡᠷᠯᠡᠨ ᠨᠡᠪᠲᠡᠷᠡᠭᠦᠯᠵᠦ᠂ ᠲᠣᠭᠤᠰᠬ᠎ᠠ᠎ᠪᠠᠷ ᠦᠷᠦᠵᠦ ᠪᠠᠷᠢᠭᠰᠠᠨ ᠬᠤᠯᠠᠩ᠎ᠤᠨ ᠳᠣᠲᠣᠭ᠋ᠠᠳᠤ ᠬᠠᠨ᠎ᠠ ᠪᠠ ᠰᠢᠲᠠᠮᠠᠬᠠᠢ ᠪᠣᠳᠠᠰ᠎ᠤᠨ ᠬᠤᠭᠤᠷᠣᠨᠳᠤᠬᠢ ᠵᠠᠢ ᠵᠢ 240 ᠮᠢᠯᠢᠮᠧᠲᠷ᠎ᠠᠴᠠ ᠪᠠᠭ᠎ᠠ ᠪᠠᠢ᠍ᠢ᠍ᠯᠭ᠋ᠠᠵᠤ ᠪᠣᠯᠬᠤ ᠦᠭᠡᠢ᠂ ᠲᠡᠮᠦᠷᠯᠢᠭ ᠵᠶ᠋ᠠᠷ ᠬᠢᠭᠰᠡᠨ ᠬᠤᠯᠠᠩ ᠪᠠ ᠰᠢᠲᠠᠮᠠᠬᠠᠢ ᠪᠣᠳᠠᠰ᠎ᠤᠨ ᠬᠤᠭᠤᠷᠣᠨᠳᠤᠬᠢ ᠵᠠᠢ ᠵᠢ 700 ᠮᠢᠯᠢᠮᠧᠲᠷ᠎ᠠᠴᠠ ᠪᠠᠭ᠎ᠠ ᠪᠠᠢ᠍ᠢ᠍ᠯᠭ᠋ᠠᠵᠤ ᠪᠣᠯᠬᠤ ᠦᠭᠡᠢ᠃
ᠭᠤᠴᠢᠨ ᠵᠢᠷᠭᠤᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠬᠦᠷᠢᠶ᠎ᠡ ᠬᠡᠪᠴᠢᠶᠡᠨ᠎ᠳᠠᠬᠢ ᠨᠢᠭᠡᠴᠢ ᠪᠤᠶᠤ ᠬᠤᠪᠢ ᠬᠥᠮᠥᠨ ᠳᠣᠣᠷᠠᠬᠢ ᠦᠢ᠍ᠯᠡ ᠠᠵᠢᠯᠯᠠᠭ᠎ᠠ᠎ᠲᠠᠢ ᠪᠠᠢ᠍ᠢ᠍ᠬᠤ ᠵᠢ ᠴᠠᠭ᠋ᠠᠵᠠᠯᠠᠨ᠎ᠠ᠄
(ᠨᠢᠭᠡ) ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠪᠡᠯᠡᠳᠭᠡᠮᠵᠢ᠂ ᠪᠠᠭ᠋ᠠᠵᠢ ᠬᠡᠷᠡᠭᠰᠡᠯ ᠪᠠ ᠭᠠᠯ᠎ᠠᠴᠠ ᠰᠡᠷᠭᠡᠢ᠍ᠢ᠍ᠯᠡᠬᠦ ᠲᠡᠮᠳᠡᠭ᠎ᠢ ᠳᠤᠷ᠎ᠠ᠎ᠪᠠᠷ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠨ ᠰᠦᠢ᠍ᠳᠭᠡᠬᠦ᠂ ᠨᠤᠷᠠᠭ᠋ᠠᠵᠤ ᠬᠠᠶᠠᠬᠤ᠂ ᠬᠡᠷᠡᠭᠯᠡᠬᠦ᠎ᠪᠠᠨ ᠵᠣᠭᠰᠣᠬᠤ ᠵᠢ ᠴᠠᠭ᠋ᠠᠵᠠᠯᠠᠨ᠎ᠠ;
(ᠬᠤᠶᠠᠷ) ᠲᠦᠷ ᠴᠠᠭ᠎ᠤᠨ ᠭᠡᠷ ᠪᠠᠷᠢᠯᠭ᠎ᠠ (ᠪᠠᠷᠢᠯᠭ᠎ᠠ ᠵᠢᠨ ᠵᠦᠢ᠍ᠯᠡᠰ) ᠵᠢ ᠪᠠᠷᠢᠵᠤ ᠪᠣᠰᠬᠠᠬᠤ ᠵᠢᠴᠢ ᠲᠦᠯᠡᠭᠡ ᠡᠪᠡᠰᠦ ᠵᠡᠷᠭᠡ ᠥᠯᠥᠭ ᠡᠳ᠋ ᠣᠪᠣᠭ᠋ᠠᠯᠠᠨ ᠲᠠᠯᠪᠢᠬᠤ ᠦᠶ᠎ᠡ᠎ᠳᠤ ᠭᠠᠯ᠎ᠠᠴᠠ ᠰᠡᠷᠭᠡᠢ᠍ᠢ᠍ᠯᠡᠬᠦ ᠵᠠᠢ ᠵᠢ ᠡᠵᠡᠯᠡᠨ ᠬᠡᠷᠡᠭᠯᠡᠬᠦ ᠪᠤᠶᠤ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠢ ᠬᠠᠰᠢᠵᠤ ᠪᠥᠭᠯᠡᠬᠦ ᠵᠢ ᠴᠠᠭ᠋ᠠᠵᠠᠯᠠᠨ᠎ᠠ;
(ᠭᠤᠷᠪᠠ) ᠲᠠᠪᠤᠳᠤᠭ᠋ᠠᠷ ᠳᠡᠰ᠎ᠠᠴᠠ ᠳᠡᠭᠡᠭᠰᠢᠬᠢ ᠶᠡᠭᠡ ᠰᠠᠯᠬᠢ᠎ᠲᠠᠢ ᠡᠳᠦᠷ ᠭᠡᠷ᠎ᠤᠨ ᠭᠠᠳᠠᠨ᠎ᠠ ᠲᠠᠮᠠᠬᠢ ᠲᠠᠲᠠᠬᠤ᠂ ᠬᠤᠭ ᠨᠣᠪᠰᠢ ᠰᠢᠲᠠᠭ᠋ᠠᠬᠤ ᠵᠢ ᠴᠠᠭ᠋ᠠᠵᠠᠯᠠᠨ᠎ᠠ; ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠵᠢ ᠴᠠᠭ᠋ᠠᠵᠠᠯᠠᠨ᠎ᠠ; ᠦᠯᠡᠳᠡᠪᠦᠷᠢ ᠭᠠᠯ᠎ᠢ ᠤᠷᠢᠳ ᠵᠶ᠋ᠠᠷ ᠴᠡᠪᠡᠷᠯᠡᠬᠦ ᠦᠭᠡᠢ᠎ᠪᠠᠷ ᠴᠤᠴᠠᠯᠢ ᠪᠣᠯᠣᠨ ᠲᠣᠪᠷᠠᠭ ᠵᠡᠷᠭᠡ ᠵᠢ ᠴᠢᠳᠬᠤᠬᠤ ᠵᠢ ᠴᠠᠭ᠋ᠠᠵᠠᠯᠠᠨ᠎ᠠ;
(ᠳᠥᠷᠪᠡ) ᠰᠢᠩᠭᠡᠵᠢᠯ ᠴᠢᠯᠠᠭᠤᠨ ᠲᠣᠰᠣᠨ᠎ᠤ ᠰᠢᠲᠠᠮᠠᠬᠠᠢ ᠬᠡᠢ ᠵᠢᠨ ᠪᠣᠯᠣᠳ ᠯᠣᠩᠬᠤ ᠵᠢᠴᠢ ᠰᠢᠲᠠᠮᠠᠬᠠᠢ ᠬᠡᠢ ᠵᠢᠨ ᠲᠣᠭᠤᠭ᠎ᠠ ᠲᠤᠯᠭ᠎ᠠ ᠵᠢ ᠳᠤᠷ᠎ᠠ᠎ᠪᠠᠷ ᠵᠶ᠋ᠠᠨ ᠵᠠᠳᠠᠯᠤᠨ ᠵᠠᠰᠠᠬᠤ ᠵᠢ ᠴᠠᠭ᠋ᠠᠵᠠᠯᠠᠨ᠎ᠠ᠂ ᠰᠢᠩᠭᠡᠵᠢᠯ᠎ᠤᠨ ᠴᠢᠯᠠᠭᠤᠨ ᠲᠣᠰᠣᠨ᠎ᠤ ᠰᠢᠲᠠᠮᠠᠬᠠᠢ ᠬᠡᠢ ᠵᠢᠨ ᠪᠣᠯᠣᠳ ᠯᠣᠩᠬᠤ ᠵᠢᠨ ᠦᠯᠡᠳᠡᠪᠦᠷᠢ ᠰᠢᠩᠭᠡᠨ᠎ᠢ ᠴᠢᠳᠬᠤᠬᠤ ᠵᠢ ᠴᠠᠭ᠋ᠠᠵᠠᠯᠠᠨ᠎ᠠ;
(ᠲᠠᠪᠤ) ᠥᠷᠥᠭᠡ ᠲᠠᠰᠤᠭ᠂ ᠬᠦᠷᠢᠶ᠎ᠡ ᠬᠠᠰᠢᠶ᠎ᠠ᠎ᠳᠤ ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠢ ᠬᠠᠳᠠᠭ᠋ᠠᠯᠠᠵᠤ ᠲᠠᠯᠪᠢᠬᠤ ᠪᠠ ᠦᠢ᠍ᠯᠡᠳᠪᠦᠷᠢᠯᠡᠬᠦ ᠵᠢ ᠴᠠᠭ᠋ᠠᠵᠠᠯᠠᠨ᠎ᠠ;
(ᠵᠢᠷᠭᠤᠭ᠎ᠠ) ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭ᠋ᠠᠯᠠᠨ ᠲᠠᠯᠪᠢᠬᠤ ᠭᠠᠵᠠᠷ ᠪᠠ ᠲᠦᠯᠡᠭᠡ ᠡᠪᠡᠰᠦ᠂ ᠲᠡᠵᠢᠭᠡᠯ ᠡᠪᠡᠰᠦ ᠣᠪᠣᠭ᠋ᠠᠯᠠᠨ ᠲᠠᠯᠪᠢᠬᠤ ᠭᠠᠵᠠᠷ᠎ᠤᠨ ᠣᠢ᠍ᠢ᠍ᠷ᠎ᠠ ᠬᠠᠪᠢ᠎ᠪᠠᠷ ᠬᠤᠸᠠᠷ ᠫᠤᠤᠵᠢᠩ ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠵᠢ ᠴᠠᠭ᠋ᠠᠵᠠᠯᠠᠨ᠎ᠠ᠃
ᠭᠤᠴᠢᠨ ᠳᠣᠯᠣᠳᠤᠭ᠋ᠠᠷ ᠵᠦᠢ᠍ᠯ ᠲᠠᠷᠢᠶᠠᠯᠠᠩ᠎ᠤᠨ ᠬᠤᠷᠢᠶᠠᠯᠲᠠ ᠵᠢᠨ ᠤᠯᠠᠷᠢᠯ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠠᠷ᠎ᠠᠴᠠ ᠰᠡᠷᠭᠡᠢ᠍ᠢ᠍ᠯᠡᠬᠦ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ᠎ᠤᠨ ᠡᠳᠦᠷ ᠵᠢᠴᠢ ᠨᠠᠭ᠋ᠠᠳᠤᠮ᠎ᠤᠨ ᠬᠤᠷᠠᠯ ᠵᠡᠷᠭᠡ ᠴᠢᠬᠤᠯᠠ ᠠᠵᠢᠯᠯᠠᠭ᠋ᠠᠨ᠎ᠤ ᠬᠤᠭᠤᠴᠠᠭ᠋ᠠᠨ᠎ᠳᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠍ᠢ᠍ᠴᠠᠭ᠋ᠠᠯᠲᠠ ᠵᠢ ᠵᠣᠬᠢᠶᠠᠨ ᠪᠠᠢ᠍ᠢ᠍ᠭᠤᠯᠤᠨ ᠬᠢᠵᠦ᠂ ᠬᠠᠨᠳᠤᠯᠭ᠋ᠠᠲᠤ ᠴᠢᠨᠠᠷᠲᠠᠢ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠤᠬᠠᠭᠤᠯᠭ᠎ᠠ ᠬᠥᠮᠥᠵᠢᠯ ᠥᠷᠨᠢᠭᠦᠯᠵᠦ᠂ ᠭᠠᠯ᠎ᠤᠨ ᠠᠶᠤᠯ᠎ᠢ ᠰᠡᠷᠭᠡᠢ᠍ᠢ᠍ᠯᠡᠬᠦ ᠠᠷᠭ᠎ᠠ ᠬᠡᠮᠵᠢᠶ᠎ᠡ ᠵᠢ ᠨᠡᠢ᠍ᠢ᠍ᠳᠠᠪᠤᠷᠢᠵᠢᠭᠤᠯᠬᠤ ᠵᠢ ᠰᠢᠪᠠᠳᠠᠨ ᠱᠠᠭ᠋ᠠᠷᠳᠠᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠳ᠋ᠧᠩᠯᠦ ᠵᠢᠨ ᠬᠤᠷᠠᠯ᠂ ᠰᠦᠮ᠎ᠡ ᠵᠢᠨ ᠴᠤᠭᠯᠠᠭ᠋ᠠᠨ᠂ ᠤᠷᠠᠨ ᠰᠠᠢ᠍ᠢ᠍ᠬᠠᠨ᠎ᠤ ᠲᠣᠭᠯᠠᠯᠲᠠ ᠵᠡᠷᠭᠡ ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠢ ᠠᠵᠢᠯᠯᠠᠭ᠋ᠠᠨ ᠶᠠᠪᠤᠭᠳᠠᠭᠤᠯᠬᠤ᠎ᠳᠤ᠂ ᠭᠤᠣᠯᠯᠠᠨ ᠡᠷᠬᠢᠯᠡᠭᠰᠡᠨ ᠨᠢᠭᠡᠴᠢ᠎ᠨᠢ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠍ᠢ᠍ᠭᠤᠯᠭ᠎ᠠ᠎ᠠᠴᠠ ᠠᠮᠤᠷ ᠲᠦᠪᠰᠢᠨ᠎ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭ᠋ᠠᠬᠤ ᠪᠠ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠲᠠᠷᠬᠠᠭ᠋ᠠᠵᠤ ᠶᠠᠪᠤᠭᠤᠯᠬᠤ ᠵᠢᠨ ᠪᠡᠯᠡᠳᠭᠡᠯ ᠲᠥᠰᠥᠯ᠎ᠢ ᠲᠣᠭᠲᠠᠭ᠋ᠠᠵᠤ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠵᠢ ᠬᠠᠮᠢᠶᠠᠷᠬᠤ ᠠᠵᠢᠯᠲᠠᠨ ᠪᠠ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ ᠲᠣᠬᠢᠷᠠᠭᠤᠯᠵᠤ᠂ ᠲᠠᠷᠬᠠᠭ᠋ᠠᠵᠤ ᠶᠠᠪᠤᠭᠤᠯᠬᠤ ᠵᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠨ᠎ᠠ᠃ ᠭᠤᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠠᠵᠢᠯᠯᠠᠭ᠋ᠠᠨ ᠶᠠᠪᠤᠭᠤᠯᠤᠭᠰᠠᠨ ᠭᠠᠵᠠᠷ᠎ᠤᠨ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠠᠴᠠ ᠬᠠᠷᠢᠭᠤᠴᠠᠨ᠎ᠠ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠭᠤᠴᠢ ᠶᠢᠰᠦᠳᠦᠭᠡᠷ ᠵᠦᠢ᠍ᠯ ᠲᠣᠰ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠍ᠢ᠍ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠦᠰᠦᠭ [2006] 389 ᠳ᠋ᠤᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃