ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2024-04-03

    ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ ᠤᠯᠤᠰ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
    ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ᠎ᠳᠤ ᠲᠣᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
    ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠭᠤᠶᠤᠴᠢᠯᠠᠨ ᠠᠪᠬᠤ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠭᠡᠨ᠎ᠡ᠃
    ᠭᠤᠷᠪᠠᠳᠤᠭ᠋ᠠᠷ ᠵᠦᠢ᠍ᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠦᠢ᠍ᠯᠡᠳᠦᠨ ᠲᠠᠷᠬᠠᠭ᠋ᠠᠭᠰᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠬᠡᠷᠡᠭᠵᠢᠭᠦᠯᠬᠦ ᠬᠢᠷᠢ ᠭᠡᠮ ᠪᠠᠶ᠋ᠢᠬᠤ ᠵᠢ ᠭᠡᠷᠡᠴᠢᠯᠡᠬᠦ ᠭᠡᠷᠡᠴᠢ ᠲᠡᠮᠳᠡᠭ᠎ᠢ ᠵᠢᠭ᠋ᠠᠵᠤ ᠪᠣᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠲᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠪᠠᠭᠲᠠᠨ᠎ᠠ᠃
    ᠲᠣᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠳᠤ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠵᠶ᠋ᠠᠨ ᠬᠡᠷᠡᠭᠵᠢᠭᠦᠯᠬᠦ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠂ ᠬᠠᠤᠯᠢ ᠶᠣᠰᠣᠭ᠋ᠠᠷ ᠨᠠᠶ᠋ᠢᠳᠠᠯᠭ᠎ᠠ ᠬᠦᠯᠢᠶᠡᠵᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ᠎ᠢ ᠬᠡᠷᠡᠭᠵᠢᠭᠦᠯᠬᠦ ᠵᠣᠬᠢᠶᠠᠨ ᠪᠠᠶ᠋ᠢᠭᠤᠯᠤᠯᠲᠠ ᠪᠠᠭᠲᠠᠨ᠎ᠠ᠃
    ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠬᠦ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠣᠯᠣᠭᠰᠠᠨ ᠪᠠᠶ᠋ᠢᠬᠤ ᠬᠡᠷᠡᠭᠲᠡᠢ᠃
    ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ᠎ᠳᠤ ᠨᠢᠭᠡᠳᠦᠯᠲᠡᠢ ᠵᠣᠬᠢᠶᠠᠨ ᠪᠠᠶ᠋ᠢᠭᠤᠯᠬᠤ᠂ ᠠᠵᠢᠯ᠎ᠤᠨ ᠬᠤᠪᠢᠶᠠᠷᠢᠯᠠᠯ ᠵᠶ᠋ᠠᠷ ᠬᠠᠷᠢᠭᠤᠴᠠᠬᠤ᠂ ᠱᠠᠲᠤ ᠬᠤᠪᠢᠶᠠᠨ ᠬᠢᠨᠠᠯᠲᠠ ᠲᠠᠯᠪᠢᠬᠤ ᠵᠠᠷᠴᠢᠮ᠎ᠢ ᠪᠠᠷᠢᠮᠲᠠᠯᠠᠨ᠎ᠠ᠃
    ᠵᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠦᠢ᠍ᠯᠡᠳᠬᠦ᠎ᠳᠤ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠰᠢᠯᠭ᠋ᠠᠯᠲᠠ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ᠎ᠳᠤ ᠬᠡᠷᠡᠭᠰᠡᠬᠦ ᠵᠠᠷᠤᠳᠠᠯ᠎ᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠤᠨ᠎ᠠ᠃
    ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ᠎ᠳᠤ ᠵᠢᠭ᠋ᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠬᠤ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠰᠢᠯᠭ᠋ᠠᠯᠲᠠ ᠪᠠ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠷᠭᠤᠭᠤᠯᠤᠨ ᠲᠠᠷᠬᠠᠭ᠋ᠠᠬᠤ᠂ ᠬᠠᠮᠢᠶᠠᠷᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃
    ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ᠎ᠳᠤ ᠵᠢᠭ᠋ᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠬᠤ ᠵᠢ ᠬᠠᠷᠢᠭᠤᠴᠠᠵᠤ᠂ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠰᠢᠯᠭ᠋ᠠᠯᠲᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃
    ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠰᠢᠯᠭ᠋ᠠᠯᠲᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ᠎ᠢ ᠬᠠᠷᠢᠭᠤᠴᠠᠨ᠎ᠠ᠃
    ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠲᠣᠰ ᠨᠢᠭᠡᠴᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯᠲᠠᠨ᠎ᠤ ᠬᠢᠷᠢ ᠭᠡᠮ᠎ᠢ ᠬᠢᠨᠠᠨ ᠪᠠᠶ᠋ᠢᠴᠠᠭ᠋ᠠᠬᠤ ᠵᠢᠴᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠭᠤᠶᠤᠴᠢᠯᠠᠨ ᠠᠪᠬᠤ᠂ ᠲᠠᠷᠬᠠᠭ᠋ᠠᠬᠤ ᠪᠠ ᠡᠳᠦᠷ ᠲᠤᠲᠤᠮ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
    ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠥᠬᠦ ᠣᠷᠣᠨ᠎ᠤ ᠨᠢᠭᠡᠳᠦᠯᠲᠡᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠪᠥᠬᠦ ᠴᠤᠪᠤᠷᠠᠯ ᠵᠶ᠋ᠠᠷ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠬᠡᠷᠡᠭᠵᠢᠭᠦᠯᠦᠨ᠎ᠡ᠃
    ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠠᠷᠯᠠᠨ ᠨᠡᠶ᠋ᠢᠲᠡᠯᠡᠬᠦ ᠲᠠᠪᠴᠠᠩ ᠵᠶ᠋ᠠᠷ ᠳᠠᠮᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠮᠡᠳᠡᠭᠡ ᠵᠠᠩᠬᠢ ᠵᠢ ᠵᠠᠷᠯᠠᠨ ᠨᠡᠶ᠋ᠢᠲᠡᠯᠡᠵᠦ᠂ ᠠᠰᠠᠭᠤᠨ ᠯᠠᠪᠯᠠᠬᠤ ᠦᠢ᠍ᠯᠡᠴᠢᠯᠡᠭᠡ ᠬᠠᠩᠭ᠋ᠠᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃ ᠤᠯᠤᠰ᠎ᠤᠨ ᠨᠢᠭᠤᠴᠠ᠎ᠲᠠᠢ ᠬᠤᠯᠪᠣᠭᠳᠠᠬᠤ ᠮᠡᠳᠡᠭᠡ ᠵᠠᠩᠬᠢ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠤᠨ᠎ᠠ᠃
    ᠠᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠭᠤᠶᠤᠴᠢᠯᠠᠨ ᠠᠪᠬᠤ ᠠᠵᠢᠯᠲᠠᠨ᠎ᠨᠢ ᠳᠣᠣᠷᠠᠬᠢ ᠨᠦᠭᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
    (ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠵᠦ᠂ ᠤᠯᠤᠰ ᠲᠥᠷᠥ ᠵᠢᠨ ᠬᠡᠪ ᠴᠢᠨᠠᠷ ᠪᠠ ᠶᠣᠰᠣ ᠰᠤᠷᠲᠠᠬᠤᠨ ᠵᠠᠩ ᠮᠣᠷᠠᠯ ᠰᠠᠶ᠋ᠢᠨ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠨ ᠰᠠᠬᠢᠵᠤ᠂ ᠠᠷᠢᠭᠤᠨ ᠴᠢᠭᠡᠴᠢ᠂ ᠲᠥᠪ ᠭᠤᠣᠯᠴᠢ ᠪᠠᠶ᠋ᠢᠬᠤ ᠬᠡᠷᠡᠭᠲᠡᠢ;
    (ᠬᠤᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠵᠢᠨ ᠣᠷᠣᠨ ᠲᠤᠭ᠎ᠠ ᠠᠵᠢᠯ᠎ᠤᠨ ᠪᠠᠶ᠋ᠢᠷᠢ᠎ᠳᠤ ᠪᠠᠶ᠋ᠢᠬᠤ ᠠᠵᠢᠯᠲᠠᠨ;
    (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠎ᠢ ᠬᠦᠷᠲᠡᠭᠰᠡᠨ ᠮᠥᠷᠲᠡᠭᠡᠨ ᠰᠢᠯᠭ᠋ᠠᠯᠲᠠ᠎ᠳᠤ ᠬᠢᠷᠢ ᠲᠡᠩᠴᠡᠭᠰᠡᠨ;
    (ᠳᠥᠷᠪᠡ) ᠡᠭᠦᠷᠭᠡ ᠬᠠᠷᠢᠭᠤᠴᠠᠯᠭ᠎ᠠ᠎ᠪᠠᠨ ᠬᠡᠪ ᠵᠶ᠋ᠠᠷ ᠭᠦᠢ᠍ᠴᠡᠳᠭᠡᠬᠦ ᠪᠡᠶ᠎ᠡ ᠮᠠᠬᠠᠪᠤᠳ᠎ᠤᠨ ᠨᠦᠭᠦᠴᠡᠯ᠎ᠲᠠᠢ ᠪᠠᠶ᠋ᠢᠬᠤ ᠬᠡᠷᠡᠭᠲᠡᠢ᠃
    ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠢ ᠣᠯᠣᠭᠰᠠᠨ ᠠᠵᠢᠯᠲᠠᠨ᠎ᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠰᠢᠯᠭ᠋ᠠᠯᠲᠠ᠎ᠠᠴᠠ ᠬᠡᠯᠲᠦᠷᠢᠭᠦᠯᠵᠦ ᠪᠣᠯᠣᠨ᠎ᠠ᠃
    ᠠᠷᠪᠠᠨ ᠨᠢᠭᠡᠳᠦᠭᠡᠷ ᠵᠦᠢ᠍ᠯ ᠳᠣᠣᠷᠠᠬᠢ ᠠᠵᠢᠯᠲᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠎ᠢ ᠥᠩᠭᠡᠷᠡᠭᠡᠭᠰᠡᠨ᠎ᠤ ᠳᠠᠷᠠᠭ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠭᠡᠷᠡᠴᠢ ᠲᠡᠮᠳᠡᠭ᠎ᠢ ᠭᠤᠶᠤᠴᠢᠯᠠᠨ ᠠᠪᠴᠤ ᠪᠣᠯᠣᠨ᠎ᠠ᠄
    (ᠨᠢᠭᠡ) ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠭᠦᠨ;
    (ᠬᠤᠶᠠᠷ) ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯ᠎ᠢ ᠬᠢᠵᠦ ᠪᠠᠶ᠋ᠢᠭ᠎ᠠ ᠣᠷᠣᠨ ᠲᠤᠭ᠎ᠠ ᠠᠵᠢᠯ᠎ᠤᠨ ᠪᠠᠶ᠋ᠢᠷᠢ᠎ᠳᠤ ᠪᠠᠶ᠋ᠢᠬᠤ ᠠᠵᠢᠯᠲᠠᠨ;
     (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ ᠪᠠ ᠬᠠᠤᠯᠢ ᠳᠦᠷᠢᠮ᠎ᠤᠨ ᠠᠵᠢᠯ᠎ᠢ ᠬᠢᠵᠦ ᠪᠠᠶ᠋ᠢᠭ᠎ᠠ ᠣᠷᠣᠨ ᠲᠤᠭ᠎ᠠ ᠠᠵᠢᠯ᠎ᠤᠨ ᠪᠠᠶ᠋ᠢᠷᠢ᠎ᠳᠤ ᠪᠠᠶ᠋ᠢᠬᠤ ᠠᠵᠢᠯᠲᠠᠨ;
     (ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠨ ᠠᠪᠴᠤ ᠪᠣᠯᠬᠤ ᠪᠤᠰᠤᠳ ᠠᠵᠢᠯᠲᠠᠨ᠃
      ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠬᠤ᠎ᠪᠠᠷ ᠪᠠᠶ᠋ᠢᠭ᠎ᠠ ᠠᠵᠢᠯᠲᠠᠨ ᠵᠡᠷᠭᠡ᠎ᠳᠤ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ᠎ᠪᠠᠷ ᠭᠤᠶᠤᠴᠢᠯᠠᠵᠤ ᠪᠣᠯᠬᠤ ᠦᠭᠡᠢ᠃
      ᠠᠷᠪᠠᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠨᠢᠭᠡᠳᠦᠯᠲᠡᠢ ᠭᠤᠶᠤᠴᠢᠯᠠᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ᠂ ᠬᠠᠮᠢᠶ᠎ᠠ ᠪᠦᠬᠦᠢ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠵᠢᠨ ᠬᠠᠮᠲᠤ᠂ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃
      ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ᠎ᠪᠠᠷ ᠭᠤᠶᠤᠴᠢᠯᠠᠬᠤ᠎ᠳᠤ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠢ᠃
      ᠠᠷᠪᠠᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠠᠷᠭ᠎ᠠ ᠵᠢᠨ ᠠᠷᠪᠠᠳᠤᠭ᠋ᠠᠷ ᠵᠦᠢ᠍ᠯ ᠪᠠ ᠠᠷᠪᠠᠨ ᠨᠢᠭᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠵᠢᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠳᠤ ᠬᠢᠨᠠᠨ ᠪᠠᠶ᠋ᠢᠴᠠᠭ᠋ᠠᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠱᠠᠲᠤ ᠳᠠᠷᠠᠭ᠋ᠠᠯᠠᠨ ᠮᠡᠳᠡᠭᠦᠯᠵᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠠᠷᠭᠤᠭᠤᠯᠤᠨ ᠲᠠᠷᠬᠠᠭ᠋ᠠᠬᠤ ᠬᠡᠷᠡᠭᠲᠡᠢ᠃
      ᠠᠷᠪᠠᠨ ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠲᠤ ᠳᠣᠣᠷᠠᠬᠢ ᠮᠡᠳᠡᠭᠡ ᠵᠠᠩᠬᠢ ᠪᠠᠭᠲᠠᠬᠤ ᠬᠡᠷᠡᠭᠲᠡᠢ᠄
     (ᠨᠢᠭᠡ) ᠭᠡᠷᠡᠴᠢ ᠲᠡᠮᠳᠡᠭ ᠡᠵᠡᠮᠰᠢᠭᠴᠢ ᠵᠢᠨ ᠨᠡᠷ᠎ᠡ ᠠᠯᠳᠠᠷ᠂ ᠰᠡᠭᠦᠳᠡᠷ ᠪᠠ ᠬᠤᠶᠠᠷ ᠬᠡᠮᠵᠢᠯᠲᠦ ᠺᠣᠳ᠋;
     (ᠬᠤᠶᠠᠷ) ᠬᠠᠷᠢᠶᠠᠯᠠᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠵᠢᠨ ᠨᠡᠷᠡᠶ᠋ᠢᠳᠦᠯ ᠪᠠ ᠬᠠᠤᠯᠢ ᠬᠡᠷᠡᠭᠵᠢᠭᠦᠯᠬᠦ ᠲᠥᠷᠥᠯ ᠵᠦᠢ᠍ᠯ;
     (ᠭᠤᠷᠪᠠ) ᠨᠣᠮᠧᠷ ᠳ᠋ᠤᠭ᠋ᠠᠷ᠂ ᠬᠦᠴᠦᠨ᠎ᠲᠠᠢ ᠬᠤᠭᠤᠴᠠᠭ᠎ᠠ ᠪᠠ ᠦᠢ᠍ᠯᠡᠳᠦᠨ ᠲᠠᠷᠬᠠᠭ᠋ᠠᠭᠰᠠᠨ ᠪᠠᠶ᠋ᠢᠭᠤᠯᠭ᠎ᠠ᠃
      ᠠᠷᠪᠠᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯᠲᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠬᠦ᠎ᠳᠤ᠂ ᠰᠠᠨᠠᠭ᠋ᠠᠴᠢᠯᠠᠭ᠎ᠠ᠎ᠠᠴᠠ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠵᠶ᠋ᠠᠨ ᠭᠠᠷᠭ᠋ᠠᠵᠤ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ ᠵᠢᠨ ᠬᠢᠵᠠᠭ᠋ᠠᠷ᠂ ᠣᠷᠣᠨ ᠪᠦᠰᠡ ᠵᠢᠨ ᠬᠡᠪᠴᠢᠶᠡᠨ᠎ᠠᠴᠠ᠎ᠪᠠᠨ ᠳᠠᠪᠠᠵᠤ ᠬᠠᠤᠯᠢ ᠬᠡᠷᠡᠭᠵᠢᠭᠦᠯᠪᠡᠯ᠂ ᠲᠤᠬᠠᠢ ᠵᠢᠨ ᠬᠥᠮᠥᠨ ᠲᠡᠭᠦᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠲᠡᠪᠴᠢᠬᠦ ᠡᠷᠬᠡ᠎ᠲᠠᠢ᠃
      ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢᠨ ᠲᠠᠪᠴᠠᠩ᠎ᠳᠤ ᠪᠦᠷᠢᠯᠳᠦᠭᠰᠡᠨ ᠡᠯᠧᠺᠲᠷᠣᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠨᠢ ᠪᠣᠳᠠᠲᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠯᠦᠭᠡ ᠠᠳᠠᠯᠢᠬᠠᠨ ᠦᠢ᠍ᠯᠡᠳᠦᠯ ᠬᠦᠴᠦᠨ᠎ᠲᠠᠢ᠃
      ᠠᠷᠪᠠᠨ ᠵᠢᠷᠭᠤᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠪᠠᠯᠠᠯᠤᠨ ᠵᠠᠰᠠᠬᠤ᠂ ᠪᠤᠰᠤᠳ᠎ᠲᠤ ᠵᠢᠭᠡᠯᠡᠭᠦᠯᠦᠨ ᠬᠡᠷᠡᠭᠯᠡᠭᠦᠯᠬᠦ᠂ ᠬᠠᠭᠤᠷᠮᠠᠭ ᠵᠶ᠋ᠠᠷ ᠵᠣᠬᠢᠶᠠᠬᠤ ᠪᠠ ᠬᠠᠤᠯᠢ ᠪᠤᠰᠤ᠎ᠪᠠᠷ ᠳᠠᠷᠤᠮᠠᠯᠯᠠᠨ ᠦᠢ᠍ᠯᠡᠳᠴᠦ ᠪᠣᠯᠬᠤ ᠦᠭᠡᠢ᠃
      ᠠᠷᠪᠠᠨ ᠳᠣᠯᠣᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠦᠴᠦᠨ᠎ᠲᠠᠢ ᠬᠤᠭᠤᠴᠠᠭ᠎ᠠ᠎ᠨᠢ ᠵᠢᠷᠭᠤᠭ᠋ᠠᠨ ᠵᠢᠯ ᠪᠣᠯᠣᠨ᠎ᠠ᠃ ᠬᠦᠴᠦᠨ᠎ᠲᠠᠢ ᠬᠤᠭᠤᠴᠠᠭ᠎ᠠ᠎ᠨᠢ ᠭᠦᠢ᠍ᠴᠡᠬᠦ᠎ᠠᠴᠠ ᠭᠤᠷᠪᠠᠨ ᠰᠠᠷ᠎ᠠ ᠵᠢᠨ ᠡᠮᠦᠨ᠎ᠡ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠦᠯᠬᠦ᠎ᠪᠠᠷ ᠭᠤᠶᠤᠴᠢᠯᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ᠂ ᠭᠡᠷᠡᠴᠢ ᠲᠡᠮᠳᠡᠭ ᠡᠵᠡᠮᠰᠢᠭᠴᠢ ᠵᠢᠨ ᠠᠵᠢᠯ᠎ᠤᠨ ᠪᠠᠶ᠋ᠢᠷᠢ ᠰᠣᠯᠢᠭᠳᠠᠭᠰᠠᠨ᠎ᠠᠴᠠ ᠪᠣᠯᠵᠤ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠬᠤᠪᠢᠷᠠᠯᠲᠠ ᠭᠠᠷᠤᠭᠰᠠᠨ ᠪᠣᠯ᠂ ᠠᠵᠢᠯ ᠰᠢᠯᠵᠢᠵᠦ ᠣᠴᠢᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠬᠠᠤᠯᠢ ᠴᠠᠭ᠋ᠠᠵᠠ ᠵᠢᠨ ᠮᠡᠳᠡᠯᠭᠡ ᠪᠠ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠭᠰᠠᠨ᠎ᠤ ᠳᠠᠷᠠᠭ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠦᠯᠬᠦ᠎ᠪᠠᠷ ᠭᠤᠶᠤᠴᠢᠯᠠᠨ᠎ᠠ᠃
      ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠲᠤ ᠲᠣᠳᠣᠷᠬᠠᠶ᠋ᠢᠯᠠᠭᠰᠠᠨ ᠵᠦᠢ᠍ᠯᠡᠰ᠎ᠨᠢ ᠬᠤᠪᠢᠷᠠᠯᠲᠠ ᠭᠠᠷᠬᠤ ᠪᠤᠶᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠨᠢ ᠬᠦᠨᠳᠦ ᠨᠣᠴᠢᠲᠠᠢ ᠡᠪᠳᠡᠭᠳᠡᠨ ᠰᠦᠢ᠍ᠳᠭᠡᠭᠳᠡᠭᠰᠡᠨ ᠪᠠᠶ᠋ᠢᠪᠠᠯ᠂ ᠭᠡᠷᠡᠴᠢ ᠲᠡᠮᠳᠡᠭ ᠡᠵᠡᠮᠰᠢᠭᠴᠢ ᠵᠢᠨ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠦᠯᠬᠦ᠎ᠪᠠᠷ ᠭᠤᠶᠤᠴᠢᠯᠠᠨ᠎ᠠ᠃
      ᠠᠷᠪᠠ ᠶᠢᠰᠦᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠨᠢ ᠭᠡᠭᠡᠭᠳᠡᠭᠰᠡᠨ ᠪᠠᠶ᠋ᠢᠪᠠᠯ᠂ ᠭᠡᠷᠡᠴᠢ ᠲᠡᠮᠳᠡᠭ ᠡᠵᠡᠮᠰᠢᠭᠴᠢ ᠴᠠᠭ ᠲᠤᠬᠠᠢ᠎ᠳᠤ᠎ᠨᠢ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠳᠤ᠎ᠪᠠᠨ ᠮᠡᠳᠡᠭᠦᠯᠬᠦ ᠬᠡᠷᠡᠭᠲᠡᠢ᠃ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠲᠤᠬᠠᠢ ᠵᠢᠨ ᠭᠠᠵᠠᠷ᠎ᠤᠨ ᠭᠤᠣᠯ ᠪᠣᠯᠬᠤ ᠰᠣᠨᠢᠨ ᠰᠡᠳᠭᠦᠯ᠂ ᠵᠠᠰᠠᠭ᠎ᠤᠨ ᠣᠷᠳᠣᠨ᠎ᠤ ᠰᠦᠯᠵᠢᠶᠡᠨ ᠥᠷᠳᠡᠭᠡ ᠪᠤᠶᠤ ᠪᠤᠰᠤᠳ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠵᠠᠭᠤᠴᠢᠯᠠᠭᠤᠷ ᠵᠶ᠋ᠠᠷ ᠬᠦᠴᠦᠨ ᠦᠭᠡᠢ ᠪᠣᠯᠣᠭᠰᠠᠨ᠎ᠢ ᠨᠡᠶ᠋ᠢᠭᠡᠮ᠎ᠳᠤ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ ᠭᠤᠴᠢᠨ ᠡᠳᠦᠷ ᠪᠣᠯᠣᠨ᠎ᠠ᠃ ᠵᠠᠷᠯᠠᠨ ᠨᠡᠶ᠋ᠢᠲᠡᠯᠡᠬᠦ ᠬᠤᠭᠤᠴᠠᠭ᠎ᠠ ᠭᠦᠢ᠍ᠴᠡᠭᠰᠡᠨ᠎ᠤ ᠳᠠᠷᠠᠭ᠎ᠠ ᠵᠠᠷᠯᠠᠯ ᠵᠶ᠋ᠠᠷ ᠪᠠᠷᠢᠮᠲᠠ ᠪᠣᠯᠭ᠋ᠠᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠥᠬᠦᠨ ᠠᠪᠬᠤ᠎ᠪᠠᠷ ᠭᠤᠶᠤᠴᠢᠯᠠᠨ᠎ᠠ᠃
      ᠬᠤᠷᠢᠳᠤᠭ᠋ᠠᠷ ᠵᠦᠢ᠍ᠯ ᠭᠡᠷᠡᠴᠢ ᠲᠡᠮᠳᠡᠭ ᠡᠵᠡᠮᠰᠢᠭᠴᠢ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠡᠭᠦᠨ᠎ᠤ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠪᠢᠴᠢᠭ ᠬᠠᠷ᠎ᠠ ᠵᠢ ᠵᠣᠬᠢᠶᠠᠨ ᠲᠠᠷᠬᠠᠭ᠋ᠠᠵᠤ ᠪᠣᠯᠣᠨ᠎ᠠ᠄
     (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠤ ᠳᠤᠮᠳᠠ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠵᠶ᠋ᠠᠨ ᠭᠠᠷᠭ᠋ᠠᠵᠤ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ ᠵᠢᠨ ᠬᠢᠵᠠᠭ᠋ᠠᠷ᠂ ᠣᠷᠣᠨ ᠪᠦᠰᠡ ᠵᠢᠨ ᠬᠡᠪᠴᠢᠶᠠᠨ᠎ᠠᠴᠠ᠎ᠪᠠᠨ ᠳᠠᠪᠠᠵᠤ ᠬᠠᠤᠯᠢ ᠬᠡᠷᠡᠭᠵᠢᠭᠦᠯᠦᠭᠰᠡᠨ;
     (ᠬᠤᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠵᠶ᠋ᠠᠨ ᠭᠡᠭᠡᠭᠳᠡᠭᠦᠯᠦᠭᠡᠳ ᠴᠠᠭ ᠲᠤᠬᠠᠢ᠎ᠳᠤ᠎ᠨᠢ ᠮᠡᠳᠡᠭᠦᠯᠦᠭᠰᠡᠨ ᠦᠭᠡᠢ ᠪᠤᠶᠤ ᠬᠦᠴᠦᠨ ᠦᠭᠡᠢ ᠪᠣᠯᠣᠭᠰᠠᠨ᠎ᠢ ᠵᠠᠷᠯᠠᠨ ᠨᠡᠶ᠋ᠢᠲᠡᠯᠡᠭᠰᠡᠨ ᠦᠭᠡᠢ᠎ᠠᠴᠠ ᠮᠠᠭᠤ ᠦᠷ᠎ᠡ ᠳ᠋ᠦᠩ ᠭᠠᠷᠤᠭᠰᠠᠨ;
      (ᠭᠤᠷᠪᠠ) ᠪᠠᠯᠠᠯᠤᠨ ᠵᠠᠰᠠᠭᠰᠠᠨ᠂ ᠬᠠᠭᠤᠷᠮᠠᠭ ᠵᠶ᠋ᠠᠷ ᠵᠣᠬᠢᠶᠠᠭᠰᠠᠨ ᠪᠠ ᠬᠠᠤᠯᠢ ᠪᠤᠰᠤ᠎ᠪᠠᠷ ᠳᠠᠷᠤᠮᠠᠯᠯᠠᠨ ᠵᠣᠬᠢᠶᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠡᠷᠡᠭᠯᠡᠬᠦ ᠪᠤᠶᠤ ᠪᠤᠰᠤᠳ᠎ᠲᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠵᠶ᠋ᠠᠨ ᠵᠢᠭᠡᠯᠡᠭᠦᠯᠦᠨ ᠬᠡᠷᠡᠭᠯᠡᠭᠦᠯᠦᠭᠰᠡᠨ;
      (ᠳᠥᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢᠨ ᠪᠤᠰᠤᠳ ᠲᠣᠭᠲᠠᠭ᠋ᠠᠯ᠎ᠢ ᠵᠥᠷᠢᠴᠡᠭᠰᠡᠨ ᠪᠠᠶ᠋ᠢᠳᠠᠯ᠃
      ᠬᠤᠷᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠭᠡᠷᠡᠴᠢ ᠲᠡᠮᠳᠡᠭ ᠡᠵᠡᠮᠰᠢᠭᠴᠢ ᠵᠢᠨ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠪᠤᠶᠤ ᠪᠤᠰᠤᠳ ᠬᠠᠤᠯᠢ ᠪᠤᠰᠤ ᠠᠷᠭ᠎ᠠ ᠪᠠᠷᠢᠯ ᠵᠶ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠣᠯᠣᠭᠰᠠᠨ᠎ᠢ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠱᠠᠲᠤ ᠳᠠᠷᠠᠭ᠋ᠠᠯᠠᠨ ᠮᠡᠳᠡᠭᠦᠯᠵᠦ   ᠵᠠᠰᠠᠭ   ᠵᠠᠬᠢᠷᠭ᠋ᠠᠨ ᠎ᠤ   ᠬᠠᠤᠯᠢ   ᠬᠡᠷᠡᠭᠵᠢᠭᠦᠯᠬᠦ   ᠭᠡᠷᠡᠴᠢ   ᠲᠡᠮᠳᠡᠭ᠎ᠢ᠎ᠨᠢ   ᠬᠦᠴᠦᠨ   ᠦᠭᠡᠢ   ᠪᠣᠯᠭ᠋ᠠᠬᠤ ᠬᠡᠷᠡᠭᠲᠡᠢ᠃
      ᠬᠤᠷᠢᠨ ᠬᠤᠶᠠᠳᠤᠭ᠋ᠠᠷ ᠵᠦᠢ᠍ᠯ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠱᠠᠲᠤ ᠳᠠᠷᠠᠭ᠋ᠠᠯᠠᠨ ᠮᠡᠳᠡᠭᠦᠯᠵᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠦᠴᠦᠨ ᠦᠭᠡᠢ ᠪᠣᠯᠭ᠋ᠠᠬᠤ ᠬᠡᠷᠡᠭᠲᠡᠢ᠄
     (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠦᠴᠦᠨ᠎ᠲᠠᠢ ᠬᠤᠭᠤᠴᠠᠭ᠎ᠠ ᠭᠦᠢ᠍ᠴᠡᠭᠰᠡᠨ;
     (ᠬᠤᠶᠠᠷ) ᠭᠡᠷᠡᠴᠢ ᠲᠡᠮᠳᠡᠭ ᠡᠵᠡᠮᠰᠢᠭᠴᠢ ᠵᠢᠨ ᠲᠤᠰᠢᠶᠠᠯ᠎ᠠᠴᠠ᠎ᠪᠠᠨ ᠪᠠᠭᠤᠬᠤ᠂ ᠠᠵᠢᠯ᠎ᠠᠴᠠ᠎ᠨᠢ ᠪᠠᠭᠤᠯᠭ᠋ᠠᠬᠤ᠂ ᠠᠵᠢᠯ᠎ᠠᠴᠠ᠎ᠪᠠᠨ ᠠᠮᠠᠷᠠᠬᠤ᠂ ᠦᠬᠦᠬᠦ᠂ ᠰᠢᠯᠵᠢᠭᠦᠯᠦᠨ ᠶᠠᠪᠤᠭᠤᠯᠬᠤ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ᠎ᠠᠴᠠ ᠰᠠᠯᠤᠭᠰᠠᠨ;
     (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠭᠰᠠᠨ;
     (ᠳᠥᠷᠪᠡ) ᠬᠠᠥᠯᠢ ᠶᠣᠰᠣᠭ᠋ᠠᠷ ᠬᠦᠴᠦᠨ ᠦᠭᠡᠢ ᠪᠣᠯᠭ᠋ᠠᠪᠠᠰᠤ ᠵᠣᠬᠢᠬᠤ ᠪᠤᠰᠤᠳ ᠪᠠᠶ᠋ᠢᠳᠠᠯ᠃
      ᠬᠤᠷᠢᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠰᠡᠨ᠂ ᠬᠦᠴᠦᠨ ᠦᠭᠡᠢ ᠪᠣᠯᠭ᠋ᠠᠭᠰᠠᠨ ᠪᠠᠶ᠋ᠢᠪᠠᠯ᠂ ᠭᠡᠷᠡᠴᠢ ᠲᠡᠮᠳᠡᠭ ᠡᠵᠡᠮᠰᠢᠭᠴᠢ ᠵᠢᠨ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠴᠠᠭ ᠲᠤᠬᠠᠢ᠎ᠳᠤ᠎ᠨᠢ ᠤᠤᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠤᠷᠢᠶᠠᠨ ᠠᠪᠬᠤ ᠵᠢᠨ ᠬᠠᠮᠲᠤ᠂ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠠᠪᠬᠤ᠎ᠪᠠᠷ ᠭᠤᠶᠤᠴᠢᠯᠠᠭᠰᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠲᠤᠰᠢᠶᠠᠨ ᠤᠰᠠᠳᠬᠠᠯᠭ᠋ᠠᠵᠤ᠂ ᠤᠰᠠᠳᠬᠠᠭᠰᠠᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠱᠠᠲᠤ ᠳᠠᠷᠠᠭ᠋ᠠᠯᠠᠨ ᠮᠡᠳᠡᠭᠦᠯᠬᠦ ᠬᠡᠷᠡᠭᠲᠡᠢ᠃
      ᠬᠤᠷᠢᠨ ᠳᠥᠷᠪᠡᠳᠦᠭᠡᠷ ᠵᠦᠢ᠍ᠯ ᠭᠡᠷᠡᠴᠢ ᠲᠡᠮᠳᠡᠭ ᠡᠵᠡᠮᠰᠢᠭᠴᠢ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠵᠶ᠋ᠠᠨ ᠬᠦᠴᠦᠨ ᠦᠭᠡᠢ ᠪᠣᠯᠭ᠋ᠠᠭᠳᠠᠭᠰᠠᠨ ᠪᠠ ᠬᠠᠰᠤᠭᠤᠯᠤᠭᠰᠠᠨ ᠶᠠᠪᠤᠳᠠᠯ᠎ᠳᠤ ᠣᠨᠳᠣᠣ ᠰᠠᠨᠠᠯ᠎ᠲᠠᠢ ᠪᠠᠶ᠋ᠢᠪᠠᠯ᠂ ᠰᠢᠢ᠍ᠳᠪᠦᠷᠢᠯᠡᠭᠰᠡᠨ ᠳ᠋ᠦᠩ᠎ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ᠎ᠠᠴᠠ ᠡᠬᠢᠯᠡᠵᠦ ᠭᠤᠴᠢᠨ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠥᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠬᠢᠨ ᠬᠢᠨᠠᠭᠤᠯᠬᠤ᠎ᠪᠠᠷ ᠭᠤᠶᠤᠴᠢᠯᠠᠵᠤ ᠪᠣᠯᠣᠨ᠎ᠠ᠃
      ᠬᠤᠷᠢᠨ ᠲᠠᠪᠤᠳᠤᠭ᠋ᠠᠷ ᠵᠦᠢ᠍ᠯ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠳᠤ ᠲᠣᠰ ᠠᠷᠭ᠎ᠠ ᠵᠢᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠣᠯᠵᠤ ᠮᠡᠳᠡᠪᠡᠯ᠂ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠬᠦ ᠠᠵᠢᠯᠲᠠᠨ᠎ᠤ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠪᠤᠶᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ ᠪᠣᠯᠣᠨ᠎ᠠ᠃ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠭ᠎ᠠ᠎ᠨᠢ ᠭᠤᠴᠢᠨ ᠡᠳᠦᠷ᠎ᠤᠨ ᠳᠣᠲᠣᠷ᠎ᠠ ᠰᠢᠢ᠍ᠳᠪᠦᠷᠢᠯᠡᠬᠦ ᠲᠣᠭᠲᠠᠭ᠋ᠠᠯ ᠭᠠᠷᠭ᠋ᠠᠬᠤ ᠵᠢᠨ ᠬᠠᠮᠲᠤ ᠢᠯᠡᠴᠢᠯᠡᠨ ᠮᠡᠳᠡᠭᠦᠯᠦᠭᠴᠢ᠎ᠳᠤ ᠬᠠᠷᠢᠭᠤ ᠥᠭᠬᠦ ᠬᠡᠷᠡᠭᠲᠡᠢ᠃
     ᠬᠤᠷᠢᠨ ᠵᠢᠷᠭᠤᠳᠤᠭ᠋ᠠᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ᠂ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
      ᠬᠤᠷᠢᠨ ᠳᠣᠯᠣᠳᠤᠭ᠋ᠠᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠢ ᠵᠥᠷᠢᠴᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠎ᠨᠢ ᠨᠦᠭᠦᠴᠡᠯ᠎ᠳᠤ ᠨᠡᠶ᠋ᠢᠴᠡᠬᠦ ᠦᠭᠡᠢ ᠠᠵᠢᠯᠲᠠᠨ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠭᠤᠶᠤᠴᠢᠯᠠᠨ ᠥᠭᠭᠦᠭᠰᠡᠨ ᠪᠠᠶ᠋ᠢᠪᠠᠯ᠂ ᠲᠡᠭᠦᠨ᠎ᠤ ᠳᠡᠭᠡᠷ᠎ᠡ ᠱᠠᠲᠤᠨ᠎ᠤ ᠭᠤᠣᠯᠴᠢᠯᠠᠨ ᠬᠠᠮᠢᠶᠠᠷᠬᠤ ᠪᠠᠶ᠋ᠢᠭᠤᠯᠭ᠎ᠠ ᠪᠤᠶᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠣᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠋ᠠᠲᠠᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
     ᠬᠤᠷᠢᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢᠨ ᠠᠵᠢᠯ᠎ᠳᠤ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠬᠦ᠂ ᠬᠤᠪᠢ ᠵᠢᠨ ᠨᠡᠢ᠍ᠷ ᠲᠠᠯ᠎ᠠ ᠬᠠᠷᠠᠵᠤ ᠬᠠᠥᠯᠢ ᠶᠣᠰᠣ ᠵᠢ ᠵᠥᠷᠢᠴᠡᠪᠡᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠋ᠠᠲᠠᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ; ᠶᠠᠯ᠎ᠠ᠎ᠳᠤ ᠬᠥᠷᠥᠭᠰᠡᠨ ᠪᠠᠶ᠋ᠢᠪᠠᠯ᠂ ᠬᠠᠥᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
     ᠬᠤᠷᠢ ᠶᠢᠰᠦᠳᠦᠭᠡᠷ ᠵᠦᠢ᠍ᠯ ᠲᠣᠰ ᠠᠷᠭ᠎ᠠ ᠵᠢ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 2015 ᠣᠨ᠎ᠤ 9 ᠳ᠋ᠤᠭᠡᠷ ᠰᠠᠷ᠎ᠠ ᠵᠢᠨ 30᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠶ᠋ᠢᠲᠡᠯᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 216 ᠳ᠋ᠤᠭ᠋ᠠᠷ ᠲᠣᠭ᠋ᠠᠲᠤ) ᠵᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            