ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢ᠍ᠯᠡᠰ᠎ᠤᠨ ᠨᠢᠭᠡᠴᠢ᠎ᠳᠤ᠄
《ᠪᠥᠬᠦ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠤᠨᠨᠳᠠᠯᠴᠠᠭ᠋ᠠᠨ᠎ᠤ ᠪᠠᠶ᠋ᠢᠭᠤᠯᠤᠯᠲᠠ ᠵᠢᠨ ᠠᠵᠢᠯ᠎ᠤᠨ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
ᠪᠥᠬᠦ ᠣᠷᠣᠨ᠎ᠤ ᠨᠢᠭᠡ ᠴᠤᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ
ᠳ᠋ᠠᠶ᠋ᠢᠲ᠋ᠠ ᠵᠢᠨ ᠲᠤᠨᠨᠳᠠᠯᠴᠠᠭ᠋ᠠᠨ᠎ᠤ ᠪᠠᠢ᠍ᠢ᠍ᠭᠤᠯᠤᠯᠲᠠ ᠵᠢᠨ ᠠᠵᠢᠯ᠎ᠤᠨ ᠲᠦᠰᠦᠯ
《ᠲᠣᠭ᠋ᠠᠵᠢᠭᠤᠯᠤᠭᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠢᠯᠣᠭᠤᠳᠬᠤ ᠰᠠᠨᠠᠯ》 (ᠲᠥᠷᠥ ᠲᠠᠷᠬᠠᠭ᠋ᠠᠭᠰᠠᠨ [2022] 14 ᠳ᠋ᠤᠭᠡᠷ ᠲᠣᠭ᠋ᠠᠲᠤ)᠂ 《ᠪᠥᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠤᠨᠨᠳᠠᠯᠴᠠᠭ᠋ᠠᠨ᠎ᠤ ᠪᠠᠶ᠋ᠢᠭᠤᠯᠤᠯᠲᠠ ᠵᠢᠨ ᠵᠦᠭᠯᠡᠭᠦᠷ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠵᠠᠬᠢᠳᠠᠯ [ 2022] 102 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠪᠠᠷᠢᠮᠵᠢᠶ᠎ᠠ᠎ᠨᠢ ᠨᠢᠭᠡᠳᠦᠯᠲᠡᠶ᠂ ᠪᠠᠢ᠍ᠢ᠍ᠷᠢᠰᠢᠭᠤᠯᠤᠯᠲᠠᠨᠢ ᠵᠦᠶ ᠵᠣᠬᠢᠰᠲᠠᠶ᠂ ᠬᠠᠮᠵᠢᠯᠴᠠᠨ ᠬᠠᠮᠢᠶᠠᠷᠤᠨᠨᠰᠠᠨ᠂ ᠠᠮᠤᠷ ᠲᠦᠪᠰᠢᠨ ᠪᠥᠭᠡᠳ ᠨᠠᠶ᠋ᠢᠳᠠᠪᠤᠷᠢᠲᠠᠶ ᠪᠥᠬᠦ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ ᠵᠢ ᠡᠮᠬᠢᠯᠡᠨ ᠨᠡᠶ᠋ᠢᠯᠡᠭᠦᠯᠵᠦ ᠴᠤᠭᠴᠠᠯᠠᠨ ᠪᠠᠢ᠍ᠢ᠍ᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠣᠰ ᠲᠥᠰᠦᠯ᠎ᠢ ᠲᠣᠭᠲᠠᠭ᠋ᠠᠪᠠ᠃
ᠨᠢᠭᠡ᠂ ᠨᠢᠭᠡᠳᠦᠯᠲᠡᠶ ᠲᠥᠯᠥᠪᠯᠡᠬᠦ ᠪᠠ ᠬᠠᠮᠢᠶᠠᠷᠬᠤ ᠵᠢᠨ ᠨᠢᠭᠡ ᠴᠣᠭᠴᠠᠵᠢᠭᠤᠯᠤᠯᠲᠠ ᠵᠢ ᠠᠬᠢᠭᠤᠯᠤᠨ᠎ᠠ
(ᠨᠢᠭᠡ) ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠬᠦ᠂ ᠰᠢᠢ᠍ᠳᠪᠦᠷᠢᠯᠡᠬᠦ᠂ ᠬᠠᠮᠲᠤ᠎ᠪᠠᠷ ᠭᠥᠷᠳᠡᠬᠦ᠂ ᠨᠡᠭᠡᠭᠡᠯᠲᠡ᠎ᠲᠠᠢ ᠪᠣᠯᠭ᠋ᠠᠬᠤ᠂ ᠬᠡᠷᠡᠭᠯᠡᠬᠦ᠂ ᠠᠮᠤᠷ ᠲᠦᠪᠰᠢᠨ ᠪᠠᠢ᠍ᠢ᠍ᠯᠭ᠋ᠠᠬᠤ᠂ ᠬᠠᠳᠠᠭ᠋ᠠᠯᠠᠬᠤ᠂ ᠳᠠᠩᠰᠠᠨ᠎ᠳᠤ ᠣᠷᠣᠭᠤᠯᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ᠂ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ᠎ᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠬᠠᠮᠢᠶᠠᠷᠤᠯᠲᠠ ᠵᠢᠨ ᠠᠵᠢᠯ ᠵᠶ᠋ᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠵᠤ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠰᠠᠭᠤᠷᠢ ᠲᠤᠭ᠎ᠠ ᠵᠢ ᠣᠢ᠍ᠢ᠍ᠯᠠᠭ᠋ᠠᠨ ᠲᠣᠳᠣᠯᠠᠵᠤ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠢ᠍ᠢ᠍ᠲ᠋ᠠ ᠵᠢᠨ ᠲᠠᠪᠴᠠᠩ᠎ᠳᠤ ᠲᠦᠰᠢᠭᠯᠡᠨ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠯᠦᠭᠡ ᠳ᠋ᠠᠢ᠍ᠢ᠍ᠲ᠋ᠠ ᠵᠢ ᠬᠠᠮᠲᠤ᠎ᠪᠠᠷ ᠭᠥᠷᠳᠡᠵᠦ ᠬᠡᠷᠡᠭᠯᠡᠬᠦ ᠵᠢ ᠦᠷᠨᠢᠭᠦᠯᠬᠦ ᠬᠡᠷᠡᠭᠲᠡᠢ᠂ ᠰᠠᠯᠠᠭ᠎ᠠ ᠮᠥᠴᠢᠷ ᠠᠯᠤᠰᠯᠠᠭᠰᠠᠨ ᠳ᠋ᠠᠢ᠍ᠢ᠍ᠲ᠋ᠠ ᠵᠢ ᠬᠠᠮᠲᠤ᠎ᠪᠠᠷ ᠭᠥᠷᠳᠡᠵᠦ ᠰᠣᠯᠢᠯᠴᠠᠬᠤ ᠨᠡᠪᠲᠡᠷᠡᠯ ᠵᠠᠮ᠎ᠢ ᠠᠰᠲᠠᠭ᠋ᠠᠨ ᠪᠠᠶ᠋ᠢᠭᠤᠯᠵᠤ ᠪᠣᠯᠬᠤ ᠥᠬᠡᠶ᠂ ᠨᠢᠭᠡᠨᠲᠡ ᠪᠠᠶ᠋ᠢᠭ᠎ᠠ ᠨᠡᠪᠲᠡᠷᠡᠯ ᠵᠠᠮ᠎ᠢ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠢ᠍ᠢ᠍ᠲ᠋ᠠ ᠵᠢᠨ ᠲᠠᠪᠴᠠᠩ᠎ᠤᠨ ᠬᠠᠮᠲᠤ᠎ᠪᠠᠷ ᠭᠥᠷᠳᠡᠵᠦ ᠰᠣᠯᠢᠯᠴᠠᠬᠤ ᠰᠢᠰᠲ᠋ᠧᠮ᠎ᠤᠨ ᠬᠠᠮᠢᠶᠠᠷᠤᠯᠲᠠ᠎ᠳᠤ ᠣᠷᠤᠭᠤᠯᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠡᠯ᠎ᠡ ᠠᠢ᠍ᠢ᠍ᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠎ᠤ᠎ᠪᠠᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠲᠠᠨᠢᠨ ᠮᠡᠳᠡᠵᠦ ᠠᠪᠬᠤ ᠪᠠ ᠨᠠᠶ᠋ᠢᠷᠠᠭᠤᠯᠤᠨ ᠵᠣᠬᠢᠶᠠᠬᠤ ᠠᠵᠢᠯ ᠵᠶ᠋ᠠᠨ ᠨᠢᠭᠡᠳᠦᠯᠲᠡᠶ ᠲᠥᠯᠥᠪᠯᠡᠬᠦ ᠵᠢ ᠬᠠᠷᠢᠭᠤᠴᠠᠵᠤ᠂ ᠬᠡᠷᠡᠭᠴᠡᠭᠡ᠎ᠪᠠᠨ ᠦᠨᠳᠦᠰᠦᠯᠡᠵᠦ ᠲᠣᠰ ᠭᠠᠵᠠᠷ ᠣᠷᠣᠨ᠎ᠤ᠎ᠪᠠᠨ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠵᠦ᠂ ᠣᠷᠣᠨ ᠪᠦᠰᠡ ᠲᠠᠰ ᠱᠠᠲᠤ ᠠᠯᠤᠰᠯᠠᠨ ᠳ᠋ᠠᠢ᠍ᠢ᠍ᠲ᠋ᠠ ᠵᠢ ᠬᠠᠮᠲᠤ᠎ᠪᠠᠷ ᠭᠥᠷᠳᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠲᠠ ᠵᠢ ᠴᠢᠩᠭ᠋ᠠᠳᠬᠠᠬᠤ ᠬᠡᠷᠡᠭᠲᠡᠶ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠬᠤᠶᠠᠷ) ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠥᠷᠲᠡᠵᠦ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠡ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠬᠠᠮᠲᠤ᠎ᠪᠠᠷ ᠬᠥᠷᠲᠡᠬᠦ ᠠᠵᠢᠯ᠎ᠢ ᠨᠢᠭᠡᠲᠦᠯᠲᠡᠢ ᠲᠥᠯᠥᠪᠯᠡᠨ ᠠᠬᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠭᠥᠷᠳᠡᠬᠦ ᠴᠢᠬᠤᠯᠠ ᠲᠥᠯᠥᠪᠵᠢᠭᠦᠯᠭᠡ ᠪᠠ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠵᠤ᠂ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ; ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠬᠠᠮᠲᠤ᠎ᠪᠠᠷ ᠬᠥᠷᠲᠡᠬᠦ ᠲᠠᠯ᠎ᠠ ᠵᠢᠨ ᠬᠠᠤᠯᠢ ᠲᠣᠭᠲᠠᠭ᠋ᠠᠯ ᠲᠦᠷᠢᠮ ᠭᠤᠷᠢᠮ᠂ ᠪᠠᠷᠢᠮᠵᠢᠶ᠎ᠠ ᠵᠢᠷᠤᠮᠵᠢᠯ᠂ ᠠᠮᠤᠷ ᠲᠦᠪᠰᠢᠨ᠎ᠤ ᠲᠣᠭᠲᠠᠴᠠ ᠵᠢᠨ ᠪᠠᠶ᠋ᠢᠭᠤᠯᠤᠯᠲᠠ ᠪᠠ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠠᠵᠢᠯ᠎ᠢ ᠠᠬᠢᠭᠤᠯᠤᠨ᠎ᠠ; ᠪᠥᠬᠦ ᠣᠷᠣᠨ᠎ᠤ ᠨᠢᠭᠡ ᠴᠤᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ ᠪᠠ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠲᠤᠨᠨᠳᠠᠯᠴᠠᠭ᠋ᠠᠨ᠎ᠤ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠭ᠋ᠠᠵᠢᠭᠤᠯᠤᠭᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠵᠦ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠭᠤᠤᠯ ᠪᠣᠯᠬᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ᠎ᠳᠤ ᠵᠣᠬᠢᠴᠠᠭᠤᠯᠭ᠎ᠠ᠎ᠨᠢ ᠡᠷᠴᠢᠮᠲᠡᠢ᠂ ᠡᠭᠦᠷᠭᠡ ᠬᠠᠷᠢᠭᠤᠴᠠᠯᠭ᠎ᠠ᠎ᠨᠢ ᠲᠣᠳᠣᠷᠬᠠᠶ᠂ ᠠᠵᠢᠯᠯᠠᠭ᠋ᠠᠨ᠎ᠨᠢ ᠤᠷᠤᠭᠰᠢᠲᠠᠶ᠂ ᠬᠠᠮᠢᠶᠠᠷᠤᠯᠲᠠ᠎ᠨᠢ ᠵᠢᠷᠤᠮᠵᠢᠭᠤᠨ᠂ ᠠᠮᠤᠷ ᠲᠦᠪᠰᠢᠨ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ 2023 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ) ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠨᠢᠭᠡ ᠴᠤᠭᠴᠠᠵᠢᠭᠤᠯᠤᠨ ᠪᠠᠶ᠋ᠢᠷᠢᠰᠢᠭᠤᠯᠵᠤ᠂ ᠪᠦᠬᠦᠯᠢ ᠴᠣᠭᠴᠠᠲᠤ ᠴᠢᠨᠠᠷᠲᠠᠶ᠎ᠪᠠᠷ ᠠᠬᠢᠭᠤᠯᠤᠨ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠬᠦ᠂ ᠰᠢᠢ᠍ᠳᠪᠦᠷᠢᠯᠡᠬᠦ᠂ ᠬᠠᠮᠲᠤ᠎ᠪᠠᠷ ᠭᠥᠷᠳᠡᠬᠦ᠂ ᠨᠡᠭᠡᠭᠡᠯᠲᠡ᠎ᠲᠠᠢ ᠪᠣᠯᠭ᠋ᠠᠬᠤ᠂ ᠬᠡᠷᠡᠭᠯᠡᠬᠦ᠂ ᠠᠮᠤᠷ ᠲᠦᠪᠰᠢᠨ ᠪᠠᠢ᠍ᠢ᠍ᠯᠭ᠋ᠠᠬᠤ᠂ ᠬᠠᠳᠠᠭ᠋ᠠᠯᠠᠬᠤ᠂ ᠳᠠᠩᠰᠠᠨ᠎ᠳᠤ ᠣᠷᠣᠭᠤᠯᠬᠤ ᠡᠯ᠎ᠡ ᠭᠤᠭᠴᠤᠭ᠎ᠠ ᠪᠥᠬᠦ ᠶᠠᠪᠤᠴᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠷᠴᠠᠭ᠎ᠤᠨ ᠬᠠᠮᠢᠶᠠᠷᠤᠯᠲᠠ᠂ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠬᠦ᠂ ᠳ᠋ᠠᠢ᠍ᠢ᠍ᠲ᠋ᠠ ᠵᠢᠨ ᠵᠠᠰᠠᠯᠲᠠ᠂ ᠲᠣᠮᠣ ᠳ᠋ᠠᠢ᠍ᠢ᠍ᠲ᠋ᠠ᠎ᠪᠠᠷ ᠵᠠᠳᠠᠯᠤᠯᠲᠠ ᠬᠢᠬᠦ᠂ ᠠᠮᠤᠷ ᠲᠦᠪᠰᠢᠨ᠎ᠢ ᠬᠠᠮᠠᠭ᠋ᠠᠯᠠᠬᠤ ᠵᠡᠷᠭᠡ ᠴᠢᠳᠠᠪᠤᠷᠢ ᠵᠢ ᠦᠨᠳᠦᠰᠦᠨ᠎ᠳᠤ᠎ᠪᠠᠨ ᠪᠦᠷᠢᠳᠦᠭᠦᠯᠦᠭᠰᠡᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠢ᠍ᠢ᠍ᠲ᠋ᠠ ᠵᠢᠨ ᠲᠠᠪᠴᠠᠩ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
ᠬᠤᠶᠠᠷ᠂ ᠳ᠋ᠠᠢ᠍ᠢ᠍ᠲ᠋ᠠ ᠵᠢᠨ ᠭᠠᠷᠴᠠᠭ᠎ᠤᠨ ᠨᠢᠭᠡ ᠴᠣᠭᠴᠠᠵᠢᠭᠤᠯᠤᠯᠲᠠ ᠵᠢ ᠠᠬᠢᠭᠤᠯᠤᠨ᠎ᠠ
(ᠭᠤᠷᠪᠠ) ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠭᠦᠢ᠍ᠴᠡᠳ ᠬᠡᠮᠵᠢᠶ᠎ᠡ᠎ᠪᠠᠷ ᠨᠠᠶ᠋ᠢᠷᠠᠭᠤᠯᠤᠨ ᠵᠣᠬᠢᠶᠠᠨ᠎ᠠ᠃ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠤᠨ ᠰᠢᠰᠲ᠋ᠧᠮ᠎ᠢ ᠪᠠᠢ᠍ᠢ᠍ᠭᠤᠯᠤᠨ ᠲᠡᠭᠦᠯᠳᠡᠷᠵᠢᠭᠦᠯᠵᠦ᠂ ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠨᠢᠭᠡᠲᠦᠯᠲᠡᠢ ᠲᠦᠯᠦᠪᠯᠡᠨ ᠬᠠᠮᠢᠶᠠᠷᠴᠤ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠰᠠᠭᠤᠷᠢ ᠲᠤᠭ᠎ᠠ ᠵᠢ ᠪᠦᠬᠦ ᠲᠠᠯ᠎ᠠ᠎ᠪᠠᠷ ᠣᠢ᠍ᠢ᠍ᠯᠠᠭ᠋ᠠᠨ ᠲᠣᠳᠣᠯᠠᠵᠤ᠂ ᠥᠪᠡᠷᠲᠡᠭᠡᠨ ᠵᠠᠰᠠᠬᠤ ᠣᠷᠣᠨ — ᠠᠶ᠋ᠢᠮᠠᠭ ᠬᠤᠲᠠ — ᠬᠤᠰᠢᠭᠤ ᠰᠢᠶᠠᠨ (ᠬᠤᠲᠠ᠂ ᠲᠣᠭᠤᠷᠢᠭ) — ᠰᠣᠮᠣ ᠰᠢᠶᠠᠩ ᠪᠠᠯᠭ᠋ᠠᠰᠤ ᠵᠡᠷᠭᠡ ᠳᠡᠰ ᠱᠠᠲᠤ ᠵᠢ ᠬᠠᠮᠤᠷᠤᠭᠰᠠᠨ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠪᠠᠶ᠋ᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠵᠢᠷᠤᠮᠵᠢᠭᠤᠯᠤᠭᠰᠠᠨ ᠪᠣᠯᠪᠠᠰᠤᠷᠠᠯ᠎ᠢ ᠴᠢᠩᠭ᠋ᠠᠳᠬᠠᠨ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ 《ᠨᠢᠭᠡᠳᠪᠦᠷᠢ ᠲᠠᠩᠰᠠ》 ᠵᠢ ᠪᠣᠶ ᠪᠣᠯᠭ᠋ᠠᠵᠤ᠂ ᠲᠠᠰ ᠱᠠᠲᠤ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶ᠋ᠢᠯᠠᠭᠰᠠᠨ ᠠᠵᠢᠯ ᠠᠯᠤᠰᠯᠠᠭᠰᠠᠨ ᠳ᠋ᠠᠢ᠍ᠢ᠍ᠲ᠋ᠠ ᠵᠢ ᠡᠮᠬᠢ ᠵᠢᠷᠤᠮ᠎ᠲᠠᠢ ᠭᠦᠢ᠍ᠯᠬᠡᠬᠡᠯᠡᠬᠦ ᠪᠠ ᠬᠠᠮᠲᠤ᠎ᠪᠠᠷ ᠭᠥᠷᠳᠡᠵᠦ ᠬᠡᠷᠡᠭᠯᠡᠬᠦ᠎ᠳᠤ ᠲᠤᠯᠭ᠋ᠠᠭᠤᠷᠢᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ) ᠡᠯ᠎ᠡ ᠠᠢ᠍ᠢ᠍ᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠎ᠤ᠎ᠪᠠᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠠᠷᠴᠠᠭ᠎ᠢ ᠬᠢᠨᠠᠨ ᠬᠠᠷᠭᠤᠭᠤᠯᠬᠤ᠂ ᠬᠤᠷᠢᠶᠠᠩᠭᠤᠶ᠋ᠢᠯᠠᠬᠤ᠂ ᠮᠡᠳᠡᠭᠦᠯᠦᠨ ᠬᠦᠷᠭᠡᠬᠦ ᠪᠠ ᠨᠡᠶ᠋ᠢᠲᠡᠯᠡᠬᠦ ᠠᠵᠢᠯ᠎ᠢ ᠬᠠᠷᠢᠭᠤᠴᠠᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠠᠷᠴᠠᠭ᠎ᠤᠨ ᠺᠣᠳ᠋᠎ᠤᠨ ᠲᠦᠷᠢᠮ᠂ ᠳ᠋ᠠᠶ᠋ᠢᠲ᠋ᠠ ᠵᠢᠨ ᠡᠬᠢ ᠪᠠᠶᠠᠯᠢᠭ᠎ᠢ ᠨᠤᠮᠧᠷᠯᠠᠬᠤ ᠲᠦᠷᠢᠮ᠂ ᠡᠰᠢ ᠳ᠋ᠠᠶ᠋ᠢᠲ᠋ᠠ ᠵᠢᠨ ᠵᠢᠷᠤᠮᠵᠢᠯ ᠵᠡᠷᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ ᠵᠢ ᠬᠢᠨᠠᠨ ᠬᠠᠷᠭᠤᠭᠤᠯᠬᠤ᠎ᠪᠠᠨ ᠴᠢᠩᠭ᠋ᠠᠳᠬᠠᠬᠤ ᠬᠡᠷᠡᠭᠲᠡᠶ᠃ (ᠡᠯ᠎ᠡ ᠠᠢ᠍ᠢ᠍ᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ) ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ᠎ᠤᠨ ᠵᠶ᠋ᠠᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠡᠮᠬᠢᠯᠡᠨ ᠲᠢᠭᠯᠡᠬᠦ᠂ ᠤᠷᠢᠳᠴᠢᠯᠠᠨ ᠨᠠᠶ᠋ᠢᠷᠠᠭᠤᠯᠬᠤ ᠵᠢ ᠬᠠᠷᠢᠭᠤᠴᠠᠨ᠎ᠠ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ 《ᠭᠤᠷᠪᠠ ᠵᠢ ᠲᠣᠭᠲᠠᠭ᠋ᠠᠬᠤ》 ᠲᠥᠰᠦᠯ᠎ᠤᠨ ᠶᠣᠰᠣᠭ᠋ᠠᠷ ᠲᠤᠰ ᠰᠠᠯᠠᠭ᠎ᠠ ᠮᠥᠴᠢᠷ᠎ᠤᠨ ᠵᠶ᠋ᠠᠨ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠪᠠ ᠭᠤᠣᠯ ᠪᠣᠯᠬᠤ ᠲᠤᠬᠠᠶ᠋ᠢᠯᠠᠭᠰᠠᠨ ᠠᠵᠢᠯ᠎ᠢ ᠨᠠᠷᠢᠨ ᠬᠢᠨᠠᠮᠠᠭ᠋ᠠᠶ ᠡᠮᠬᠢᠯᠡᠨ ᠳᠢᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠥᠴᠢᠷ᠎ᠤᠨ ᠳ᠋ᠠᠢ᠍ᠢ᠍ᠲ᠋ᠠ ᠵᠢᠨ ᠭᠠᠷᠴᠠᠭ᠎ᠤᠨ ᠠᠭᠤᠯᠭ᠎ᠠ᠂ ᠲᠥᠷᠥᠯ ᠠᠩᠬᠢᠯᠠᠵᠤ ᠲᠠᠰ ᠬᠤᠪᠢᠶᠠᠬᠤ ᠵᠡᠷᠭᠡ ᠬᠠᠮᠢᠶ᠎ᠠ ᠪᠥᠬᠦᠶ ᠪᠠᠷᠢᠮᠵᠢᠶ᠎ᠠ ᠱᠠᠭ᠋ᠠᠷᠳᠠᠯᠭ᠎ᠠ ᠶᠣᠰᠣᠭ᠋ᠠᠷ ᠭᠦᠢ᠍ᠴᠡᠳ ᠬᠡᠮᠵᠢᠶ᠎ᠡ᠎ᠪᠠᠷ ᠭᠠᠷᠴᠠᠭᠯᠠᠵᠤ᠂ ᠭᠠᠷᠴᠠᠭ᠎ᠲᠠᠬᠢ ᠭᠤᠤᠯ ᠳ᠋ᠠᠢ᠍ᠢ᠍ᠲ᠋ᠠ᠂ ᠰᠡᠷᠭᠡᠭ ᠳ᠋ᠠᠢ᠍ᠢ᠍ᠲ᠋ᠠ ᠵᠢ ᠬᠠᠮᠲᠤ᠎ᠪᠠᠷ ᠬᠦᠷᠲᠡᠬᠦ ᠲᠦᠷᠢᠮ᠎ᠢ ᠲᠣᠳᠣᠷᠬᠠᠢ ᠲᠣᠭᠲᠠᠭ᠋ᠠᠵᠤ᠂ ᠠᠳᠠᠯᠢ ᠨᠢᠭᠡᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ ᠬᠢᠭᠡᠳ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠥᠴᠢᠷ᠎ᠤᠨ ᠳ᠋ᠠᠢ᠍ᠢ᠍ᠲ᠋ᠠ ᠵᠢᠨ ᠭᠠᠷᠴᠠᠭ᠎ᠲᠤ ᠠᠭᠤᠯᠤᠭᠳᠠᠵᠤ ᠪᠠᠶ᠋ᠢᠭ᠎ᠠ ᠮᠡᠳᠡᠭᠡ ᠵᠠᠩᠭᠢ ᠵᠢ ᠦᠨᠳᠦᠰᠦᠨ᠎ᠳᠤ᠎ᠪᠠᠨ ᠨᠢᠭᠡᠳᠦᠯᠲᠡᠶ ᠪᠠᠶ᠋ᠢᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
(ᠳᠥᠷᠪᠡ) ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠵᠢᠷᠤᠮᠵᠢᠭᠤᠯᠤᠨ ᠨᠠᠢ᠍ᠢ᠍ᠷᠠᠭᠤᠯᠤᠨ ᠵᠣᠬᠢᠶᠠᠨ᠎ᠠ᠃ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠤᠨ ᠵᠠᠰᠠᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠤᠯᠤᠰ᠎ᠠᠴᠠ ᠪᠠᠭᠤᠯᠭ᠋ᠠᠭᠰᠠᠨ ᠲᠤᠷᠰᠢᠯᠲᠠ ᠵᠢᠨ ᠴᠡᠭ᠎ᠤᠨ ᠡᠭᠦᠷᠭᠡ ᠵᠢ ᠪᠡᠶᠡᠯᠡᠭᠦᠯᠦᠨ᠂ ᠳ᠋ᠠᠢ᠍ᠢ᠍ᠲ᠋ᠠ ᠵᠢᠨ ᠢᠷᠡᠯᠲᠡ ᠵᠢ ᠢᠯᠭ᠋ᠠᠨ ᠳᠣᠲᠣᠯᠠᠬᠤ᠂ ᠳ᠋ᠠᠢ᠍ᠢ᠍ᠲ᠋ᠠ ᠵᠢ ᠲᠥᠷᠥᠯ ᠠᠩᠬᠢᠯᠠᠵᠤ ᠲᠠᠰ ᠬᠤᠪᠢᠶᠠᠬᠤ᠂ 《ᠨᠢᠭᠡ ᠳ᠋ᠠᠢ᠍ᠢ᠍ᠲ᠋ᠠ ᠨᠢᠭᠡ ᠢᠷᠡᠯᠲᠡ》 《ᠭᠠᠷᠴᠠᠭ — ᠳ᠋ᠠᠢ᠍ᠢ᠍ᠲ᠋ᠠ》 ᠵᠢ ᠬᠤᠯᠪᠣᠭᠳᠠᠭᠤᠯᠬᠤ᠂ 《ᠳ᠋ᠠᠢ᠍ᠢ᠍ᠲ᠋ᠠ — ᠰᠢᠰᠲ᠋ᠧᠮ》᠎ᠢ ᠬᠤᠯᠪᠣᠭᠳᠠᠭᠤᠯᠬᠤ ᠵᠡᠷᠭᠡ ᠱᠠᠭ᠋ᠠᠷᠳᠠᠯᠭ᠎ᠠ ᠵᠢᠨ ᠪᠣᠳᠠᠲᠠᠶ ᠬᠡᠷᠡᠭᠵᠢᠭᠦᠯᠬᠦ ᠠᠷᠭ᠎ᠠ ᠵᠠᠮ᠎ᠢ ᠰᠦᠪᠡᠭᠴᠢᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠲᠣᠮᠣ ᠳ᠋ᠠᠶ᠋ᠢᠲ᠋ᠠ ᠵᠢᠨ ᠲᠥᠪ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ 2023 ᠣᠨ᠎ᠤ 9 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ) ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠭᠠᠷᠴᠠᠭ᠎ᠢ ᠨᠠᠷᠢᠨ ᠬᠠᠭᠤᠳᠠᠰᠤ ᠪᠣᠯᠭ᠋ᠠᠨ ᠬᠠᠮᠢᠶᠠᠷᠬᠤ ᠱᠠᠭ᠋ᠠᠷᠳᠠᠯᠭ᠎ᠠ ᠶᠣᠰᠣᠭ᠋ᠠᠷ᠂ ᠳ᠋ᠠᠢ᠍ᠢ᠍ᠲ᠋ᠠ ᠵᠢᠨ ᠡᠬᠢ ᠪᠠᠶᠠᠯᠢᠭ ᠪᠣᠢ ᠪᠣᠯᠣᠭᠰᠠᠨ᠎ᠤ ᠳᠠᠷᠠᠭ᠎ᠠ ᠳ᠋ᠠᠢ᠍ᠢ᠍ᠲ᠋ᠠ ᠵᠢᠨ ᠢᠷᠡᠯᠲᠡ ᠵᠢ ᠢᠯᠭ᠋ᠠᠨ ᠳᠣᠲᠣᠯᠠᠬᠤ᠂ ᠳ᠋ᠠᠢ᠍ᠢ᠍ᠲ᠋ᠠ ᠵᠢ ᠲᠥᠷᠥᠯ ᠠᠩᠬᠢᠯᠠᠵᠤ ᠲᠠᠰ ᠬᠤᠪᠢᠶᠠᠬᠤ ᠵᠢᠴᠢ ᠲᠣᠭᠲᠠᠭ᠋ᠠᠯ᠎ᠳᠤ ᠨᠡᠶ᠋ᠢᠴᠡᠬᠦ ᠴᠢᠨᠠᠷ᠂ ᠠᠮᠤᠷ ᠲᠦᠪᠰᠢᠨ ᠴᠢᠨᠠᠷ᠂ ᠬᠡᠷᠡᠭᠯᠡᠵᠦ ᠪᠣᠯᠬᠤᠶ᠋ᠢᠴᠠ ᠴᠢᠨᠠᠷ᠎ᠲᠤ ᠥᠪᠡᠰᠦᠪᠡᠨ ᠪᠠᠢ᠍ᠢ᠍ᠴᠠᠭ᠋ᠠᠯᠲᠠ ᠬᠢᠵᠦ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠳᠠᠩᠰᠠᠯᠠᠯᠲᠠ ᠵᠢ ᠪᠡᠶᠡᠯᠡᠭᠦᠯᠵᠦ᠂ 《ᠭᠠᠷᠴᠠᠭ — ᠳ᠋ᠠᠢ᠍ᠢ᠍ᠲ᠋ᠠ》 《ᠳ᠋ᠠᠢ᠍ᠢ᠍ᠲ᠋ᠠ — ᠰᠢᠰᠲ᠋ᠧᠮ》᠎ᠤᠨ ᠬᠤᠯᠪᠤᠭᠳᠠᠬᠤ ᠬᠠᠷᠢᠴᠠᠭ᠎ᠠ ᠵᠢ ᠪᠠᠶ᠋ᠢᠭᠤᠯᠤᠨ᠂ ᠳ᠋ᠠᠢ᠍ᠢ᠍ᠲ᠋ᠠ ᠵᠢᠨ ᠢᠷᠡᠯᠲᠡ ᠵᠢ ᠲᠣᠳᠣᠷᠬᠠᠢ ᠲᠣᠨᠨᠳᠠᠭ᠋ᠠᠵᠦ᠂ ᠳ᠋ᠠᠢ᠍ᠢ᠍ᠲ᠋ᠠ ᠵᠢ ᠳᠠᠬᠢᠨ ᠳᠠᠪᠲᠠᠨ ᠴᠤᠭᠯᠠᠭᠤᠯᠬᠤ᠎ᠠᠴᠠ ᠵᠠᠶ᠋ᠢᠯᠠᠰᠬᠢᠵᠦ᠂ ᠳ᠋ᠠᠢ᠍ᠢ᠍ᠲ᠋ᠠ ᠵᠢᠨ ᠬᠠᠩᠭ᠋ᠠᠯᠭ᠎ᠠ ᠬᠡᠷᠡᠭᠴᠡᠭᠡ ᠵᠢ ᠵᠠᠯᠭ᠋ᠠᠯᠳᠤᠭᠤᠯᠬᠤ᠎ᠳᠤ ᠲᠥᠬᠦᠮ ᠦᠵᠡᠭᠦᠯᠦᠨ᠂ 《ᠨᠢᠭᠡ ᠳ᠋ᠠᠢ᠍ᠢ᠍ᠲ᠋ᠠ᠎ᠳᠤ ᠨᠢᠭᠡ ᠢᠷᠡᠯᠲᠡ᠎ᠲᠠᠢ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠥᠬᠡᠶ ᠭᠠᠷᠴᠠᠭ᠎ᠢ ᠪᠤᠴᠠᠭ᠋ᠠᠨ ᠵᠠᠯᠠᠷᠠᠭᠤᠯᠤᠭᠤᠯᠵᠤ᠂ ᠭᠠᠷᠴᠠᠭ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠦᠨᠡᠨ ᠬᠦ᠌ ᠵᠢᠷᠤᠮᠵᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
(ᠲᠠᠪᠤ) ᠭᠠᠷᠴᠠᠭ᠎ᠢ ᠵᠡᠷᠭᠡ᠎ᠪᠠᠷ ᠰᠢᠨᠡᠳᠬᠡᠬᠦ ᠬᠠᠮᠢᠶᠠᠷᠤᠯᠲᠠ ᠵᠢ ᠴᠢᠩᠭ᠋ᠠᠳᠬᠠᠨ᠎ᠠ᠃ ᠭᠠᠷᠴᠠᠭ᠎ᠢ ᠵᠡᠷᠭᠡ᠎ᠪᠠᠷ ᠰᠢᠨᠡᠳᠬᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠳ᠋ᠠᠶ᠋ᠢᠲ᠋ᠠ ᠵᠢᠨ ᠭᠠᠷᠴᠠᠭ᠎ᠲᠤ ᠲᠣᠬᠢᠷᠠᠭᠤᠯᠤᠯᠲᠠ ᠬᠢᠬᠦ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠳᠤ ᠴᠠᠭ ᠲᠤᠬᠠᠶ᠎ᠳᠤᠨᠢ ᠵᠡᠷᠭᠡ᠎ᠪᠠᠷ ᠰᠢᠨᠡᠳᠬᠡᠬᠦ ᠬᠡᠷᠡᠭᠲᠡᠶ᠃ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭᠠᠳᠤ ᠬᠤᠪᠢᠷᠠᠯᠲᠠ ᠭᠠᠷᠪᠠᠯ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠲᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ ᠬᠡᠷᠡᠭᠲᠡᠢ; ᠨᠢᠭᠡᠨᠲᠡ ᠳᠠᠩᠰᠠᠯᠠᠭᠤᠯᠤᠭᠰᠠᠨ ᠳ᠋ᠠᠢ᠍ᠢ᠍ᠲ᠋ᠠ ᠵᠢᠨ ᠡᠬᠢ ᠪᠠᠶᠠᠯᠢᠭ᠎ᠢ ᠴᠠᠭ ᠲᠤᠬᠠᠶ᠎ᠳᠤᠨᠢ ᠰᠢᠨᠡᠳᠬᠡᠬᠦ ᠵᠢᠨ ᠬᠠᠮᠲᠤ᠂ 《ᠳ᠋ᠠᠢ᠍ᠢ᠍ᠲ᠋ᠠ — ᠰᠢᠰᠲ᠋ᠧᠮ》᠎ᠤᠨ ᠬᠤᠯᠪᠣᠭᠳᠠᠬᠤ ᠬᠠᠷᠢᠴᠠᠭ᠎ᠠ ᠵᠢ ᠵᠡᠷᠭᠡ᠎ᠪᠠᠷ ᠰᠢᠨᠡᠳᠬᠡᠬᠦ ᠬᠡᠷᠡᠭᠲᠡᠶ᠃ ᠵᠠᠷᠴᠢᠮ ᠳᠡᠭᠡᠷ᠎ᠡ᠎ᠪᠠᠨ᠂ ᠭᠠᠷᠴᠠᠭ᠎ᠲᠤ ᠬᠤᠯᠪᠣᠭᠳᠠᠯ ᠪᠥᠬᠦᠶ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠡᠬᠢ ᠪᠠᠶᠠᠯᠢᠭ ᠰᠢᠨ᠎ᠡ᠎ᠪᠠᠷ ᠨᠡᠮᠡᠭᠳᠡᠭᠰᠡᠨ ᠪᠠᠶ᠋ᠢᠪᠠᠯ᠂ 20 ᠠᠵᠢᠯᠯᠠᠬᠤ ᠡᠳᠦᠷ᠎ᠤᠨ ᠳᠣᠲᠣᠷ᠎ᠠ ᠳᠡᠩᠰᠡᠯᠡᠵᠦ ᠳᠠᠭᠤᠰᠬᠠᠬᠤ ᠬᠡᠷᠡᠭᠲᠡᠶ; ᠭᠠᠷᠴᠠᠭ᠎ᠤᠨ ᠮᠡᠳᠡᠭᠡ ᠵᠠᠩᠭᠢ᠎ᠳᠤ ᠬᠤᠪᠢᠷᠠᠯᠲᠠ ᠭᠠᠷᠪᠠᠯ᠂ 20 ᠠᠵᠢᠯᠯᠠᠬᠤ ᠡᠳᠦᠷ᠎ᠤᠨ ᠳᠣᠲᠣᠷ᠎ᠠ ᠰᠢᠨᠡᠳᠬᠡᠵᠦ ᠳᠠᠭᠤᠰᠬᠠᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
ᠭᠤᠷᠪᠠ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠨᠢᠭᠡ ᠴᠣᠭᠴᠠᠵᠢᠭᠤᠯᠤᠯᠲᠠ ᠵᠢ ᠴᠢᠩᠭ᠋ᠠᠷᠠᠭᠤᠯᠤᠨ᠎ᠠ
(ᠵᠢᠷᠭᠤᠭ᠎ᠠ) ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠳᠤ ᠲᠦᠰᠢᠭᠯᠡᠨ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠠᠷᠴᠠᠭ ᠵᠶ᠋ᠠᠷ ᠰᠠᠭᠤᠷᠢ ᠪᠣᠯᠭ᠋ᠠᠵᠤ᠂ ᠳ᠋ᠠᠶ᠋ᠢᠲ᠋ᠠ ᠵᠢᠨ ᠡᠬᠢ ᠪᠠᠶᠠᠯᠢᠭ᠎ᠢ 《ᠬᠡᠷᠡᠭᠴᠡᠭᠡ᠎ᠪᠠᠨ ᠦᠨᠳᠦᠰᠦᠯᠡᠵᠦ ᠴᠤᠭᠯᠠᠭᠤᠯᠤᠨ ᠨᠡᠢ᠍ᠢ᠍ᠯᠡᠭᠦᠯᠵᠦ᠂ ᠴᠤᠭᠯᠠᠭᠤᠯᠬᠤ ᠵᠣᠬᠢᠰᠲᠠᠢ ᠵᠢ᠎ᠨᠢ ᠪᠦᠬᠦᠨ᠎ᠢ ᠴᠤᠭᠯᠠᠭᠤᠯᠬᠤ》 ᠵᠢ ᠠᠬᠢᠭᠤᠯᠤᠨ᠂ ᠯᠣᠬᠢᠭ᠎ᠲᠤ ᠵᠠᠯᠭ᠋ᠠᠨ ᠣᠷᠣᠭᠤᠯᠬᠤ ᠠᠷᠭ᠎ᠠ ᠮᠠᠶᠢᠭ ᠪᠠ ᠹᠢᠽᠢᠺ ᠴᠤᠭᠯᠠᠷᠠᠯ᠎ᠤᠨ ᠠᠷᠭ᠎ᠠ ᠮᠠᠶᠢᠭ ᠵᠶ᠋ᠠᠷ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠢ ᠴᠤᠭᠯᠠᠭᠤᠯᠤᠨ ᠨᠡᠢ᠍ᠢ᠍ᠯᠡᠭᠦᠯᠬᠦ ᠵᠢᠨ ᠬᠠᠮᠲᠤ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠯᠣᠭᠢᠭ ᠳᠡᠭᠡᠷ᠎ᠡ᠎ᠪᠠᠨ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠤᠨ ᠬᠥᠮᠥᠷᠭᠡ ᠵᠢ ᠪᠥᠬᠦ ᠬᠡᠮᠵᠢᠶ᠎ᠡ᠎ᠪᠠᠷ ᠵᠠᠯᠭ᠋ᠠᠨ ᠣᠷᠣᠭᠤᠯᠤᠨ᠎ᠠ; ᠹᠢᠽᠢᠺ᠎ᠤᠨ ᠲᠠᠯ᠎ᠠ᠎ᠪᠠᠷ ᠬᠡᠷᠡᠭᠴᠡᠭᠡ᠎ᠪᠠᠨ ᠦᠨᠳᠦᠰᠦᠯᠡᠵᠦ ᠬᠥᠮᠦᠨ ᠠᠮᠠ᠂ ᠬᠠᠤᠯᠢ ᠵᠢᠨ ᠡᠷᠬᠡᠲᠡᠨ᠂ ᠢᠲᠡᠭᠡᠮᠵᠢ ᠵᠢᠨ ᠮᠡᠳᠡᠭᠡ ᠵᠠᠩᠭᠢ᠂ ᠡᠯᠧᠺᠲᠷᠣᠨ ᠭᠡᠷᠡᠴᠢ ᠦᠨᠡᠮᠯᠡᠯ ᠵᠡᠷᠭᠡ ᠰᠠᠭᠤᠷᠢ ᠬᠥᠮᠥᠷᠭᠡ ᠵᠢ ᠴᠤᠭᠯᠠᠭᠤᠯᠤᠨ᠎ᠠ᠃ ᠬᠡᠷᠡᠭᠴᠡᠭᠡ᠎ᠪᠠᠨ ᠦᠨᠳᠦᠰᠦᠯᠡᠵᠦ ᠨᠠᠮ᠎ᠤᠨ ᠬᠤᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠤᠯᠤᠰ ᠲᠥᠷᠥ ᠵᠢᠨ ᠵᠥᠪᠯᠡᠯᠭᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠰᠢᠭᠦᠬᠦ ᠬᠤᠷᠢᠶ᠎ᠠ᠂ ᠪᠠᠶ᠋ᠢᠴᠠᠭ᠋ᠠᠬᠤ ᠬᠤᠷᠢᠶ᠎ᠠ ᠵᠡᠷᠭᠡ ᠪᠠᠶ᠋ᠢᠭᠤᠯᠤᠮᠵᠢ ᠵᠢᠨ ᠳ᠋ᠠᠢ᠍ᠢ᠍ᠲ᠋ᠠ ᠵᠢᠴᠢ ᠣᠯᠠᠨ ᠨᠡᠶ᠋ᠢᠲᠡ ᠵᠢᠨ ᠳ᠋ᠠᠢ᠍ᠢ᠍ᠲ᠋ᠠ ᠪᠠ ᠨᠡᠶ᠋ᠢᠭᠡᠮ᠎ᠤᠨ ᠳ᠋ᠠᠢ᠍ᠢ᠍ᠲ᠋ᠠ ᠵᠢ ᠵᠠᠯᠭ᠋ᠠᠨ ᠣᠷᠣᠭᠤᠯᠵᠤ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠥᠪᠡᠷᠲᠡᠭᠡᠨ ᠵᠠᠰᠠᠬᠤ ᠣᠷᠣᠨ᠎ᠤ ᠡᠭᠴᠡ ᠪᠠᠢ᠍ᠢ᠍ᠭᠤᠯᠤᠭᠰᠠᠨ ᠰᠢᠰᠲ᠋ᠧᠮ᠎ᠤᠨ ᠳ᠋ᠠᠶ᠋ᠢᠲ᠋ᠠ ᠵᠢ ᠦᠨᠳᠦᠰᠦᠨ ᠱᠠᠲᠤᠨ᠎ᠳᠤ ᠪᠠᠭᠤᠯᠭ᠋ᠠᠵᠤ ᠪᠤᠴᠠᠭ᠋ᠠᠬᠤ᠎ᠪᠠᠨ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠦᠯᠢᠶᠡᠨ ᠠᠪᠴᠤ ᠰᠢᠢ᠍ᠳᠪᠦᠷᠢᠯᠡᠬᠦ ᠲᠠᠪᠴᠠᠩ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠤᠬᠠᠶ᠋ᠢᠯᠠᠭᠰᠠᠨ ᠠᠵᠢᠯ᠎ᠤᠨ ᠶᠡᠷᠦᠩᠬᠡᠢ᠍ᠢ᠍ᠯᠡᠭᠰᠡᠨ ᠭᠦᠢ᠍ᠴᠡᠳᠬᠡᠬᠦ ᠲᠠᠪᠴᠠᠩ ᠵᠡᠷᠭᠡ ᠣᠷᠣᠨ᠎ᠤ ᠡᠭᠴᠡ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠨᠢ ᠬᠡᠷᠡᠭᠴᠡᠭᠡ᠎ᠪᠠᠨ ᠦᠨᠳᠦᠰᠦᠯᠡᠵᠦ ᠳ᠋ᠠᠢ᠍ᠢ᠍ᠲ᠋ᠠ ᠵᠢᠨ ᠡᠬᠢ ᠪᠠᠶᠠᠯᠢᠭ᠎ᠢ ᠬᠠᠮᠲᠤ᠎ᠪᠠᠷ ᠭᠥᠷᠳᠡᠵᠦ᠂ ᠬᠤᠤᠰ ᠴᠢᠭᠯᠡᠯ᠎ᠤᠨ ᠳ᠋ᠠᠢ᠍ᠢ᠍ᠲ᠋ᠠ ᠵᠢᠨ ᠵᠠᠯᠭ᠋ᠠᠭ᠋ᠠᠰᠤ ᠵᠢ ᠣᠨᠣᠴᠠᠲᠠᠶ᠎ᠪᠠᠷ ᠨᠡᠢ᠍ᠢ᠍ᠲᠡᠯᠡᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠪᠥᠬᠦ ᠴᠤᠪᠤᠷᠠᠯ᠎ᠤᠨ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》᠎ᠳᠤ ᠲᠤᠯᠭ᠋ᠠᠭᠤᠷᠢᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠳᠣᠯᠤᠭ᠎ᠠ) ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠵᠠᠰᠠᠯᠲᠠ ᠵᠢ ᠴᠢᠩᠭ᠋ᠠᠳᠬᠠᠨ᠎ᠠ᠃ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠬᠦ᠂ ᠰᠢᠢ᠍ᠳᠪᠦᠷᠢᠯᠡᠬᠦ᠂ ᠬᠠᠮᠲᠤ᠎ᠪᠠᠷ ᠬᠥᠷᠲᠡᠬᠦ᠂ ᠨᠡᠭᠡᠭᠡᠯᠲᠡ᠎ᠲᠠᠢ ᠪᠣᠯᠭ᠋ᠠᠬᠤ᠂ ᠬᠡᠷᠡᠭᠯᠡᠬᠦ᠂ ᠠᠮᠤᠷ ᠲᠦᠪᠰᠢᠨ ᠪᠠᠢ᠍ᠢ᠍ᠯᠭ᠋ᠠᠬᠤ᠂ ᠬᠠᠳᠠᠭ᠋ᠠᠯᠠᠬᠤ᠂ ᠳᠠᠩᠰᠠᠨ᠎ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠵᠢ ᠬᠠᠮᠤᠷᠤᠭᠰᠠᠨ ᠳ᠋ᠠᠢ᠍ᠢ᠍ᠲ᠋ᠠ ᠵᠢᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠳ᠋ᠠᠢ᠍ᠢ᠍ᠲ᠋ᠠ ᠵᠢᠨ ᠵᠠᠰᠠᠯᠲᠠ ᠵᠢᠨ ᠲᠦᠷᠢᠮ᠎ᠢ ᠲᠤᠳᠤᠷᠬᠠᠢ ᠲᠣᠭᠲᠠᠭ᠋ᠠᠨ᠂ ᠴᠤᠭᠯᠠᠭᠤᠯᠤᠨ ᠨᠡᠢ᠍ᠢ᠍ᠯᠡᠭᠦᠯᠦᠭᠰᠡᠨ ᠳ᠋ᠠᠢ᠍ᠢ᠍ᠲ᠋ᠠ᠎ᠳᠤ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠵᠢᠷᠤᠮᠵᠢᠭᠰᠠᠨ ᠵᠠᠰᠠᠯᠲᠠ ᠬᠢᠨ᠎ᠠ᠃ 《ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ ᠬᠠᠩᠭ᠋ᠠᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ》 ᠵᠠᠷᠴᠢᠮ ᠶᠣᠰᠣᠭ᠋ᠠᠷ᠂ ᠳ᠋ᠠᠢ᠍ᠢ᠍ᠲ᠋ᠠ ᠵᠢᠨ ᠶᠠᠰᠤ ᠴᠢᠨᠠᠷ᠎ᠢ ᠬᠠᠷᠢᠭᠤ ᠲᠤᠰᠬᠠᠨ ᠴᠡᠭᠴᠡᠯᠡᠨ ᠰᠠᠢ᠍ᠢ᠍ᠵᠢᠷᠠᠭᠤᠯᠬᠤ ᠬᠠᠷᠢᠭᠤᠴᠠᠯᠭ᠎ᠠ ᠵᠢᠨ ᠲᠣᠭᠲᠠᠴᠠ ᠪᠠ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠳ᠋ᠠᠢ᠍ᠢ᠍ᠲ᠋ᠠ ᠵᠢᠨ ᠶᠠᠰᠤ ᠴᠢᠨᠠᠷ᠎ᠲᠤ ᠠᠵᠢᠯ ᠶᠠᠪᠤᠳᠠᠯ᠎ᠤᠨ ᠡᠮᠦᠨ᠎ᠡ᠂ ᠠᠵᠢᠯ ᠶᠠᠪᠤᠳᠠᠯ᠎ᠤᠨ ᠳᠤᠮᠳᠠ ᠪᠠ ᠠᠵᠢᠯ ᠶᠠᠪᠤᠳᠠᠯ᠎ᠤᠨ ᠳᠠᠷᠠᠭ᠎ᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠂ ᠠᠰᠠᠭᠤᠳᠠᠯ᠎ᠲᠠᠢ ᠳ᠋ᠠᠢ᠍ᠢ᠍ᠲ᠋ᠠ ᠵᠢ ᠬᠠᠷᠢᠭᠤ ᠲᠤᠰᠬᠠᠵᠤ ᠪᠣᠯᠬᠤ᠂ ᠬᠠᠮᠲᠤ᠎ᠪᠠᠷ ᠭᠥᠷᠳᠡᠬᠦ ᠶᠠᠪᠤᠴᠠ ᠵᠢ ᠮᠦᠷᠳᠡᠨ ᠤᠬᠤᠴᠢᠯᠠᠵᠤ ᠪᠣᠯᠬᠤ᠂ ᠳ᠋ᠠᠢ᠍ᠢ᠍ᠲ᠋ᠠ ᠵᠢᠨ ᠶᠠᠰᠤ ᠴᠢᠨᠠᠷ᠎ᠤᠨ ᠠᠰᠠᠭᠤᠳᠠᠯ᠎ᠤᠨ ᠬᠠᠷᠢᠭᠤᠴᠠᠯᠭ᠎ᠠ ᠵᠢ ᠲᠣᠭᠲᠠᠭ᠋ᠠᠵᠤ ᠪᠣᠯᠬᠤ ᠵᠢ ᠪᠡᠶᠡᠯᠡᠭᠦᠯᠵᠦ᠂ ᠳ᠋ᠠᠢ᠍ᠢ᠍ᠲ᠋ᠠ ᠵᠢ ᠡᠬᠢ ᠡᠭᠦᠰᠦᠯ᠎ᠠᠴᠠ᠎ᠨᠢ ᠵᠠᠰᠠᠬᠤ᠂ ᠰᠢᠰᠲ᠋ᠧᠮ᠎ᠲᠠᠢ ᠵᠠᠰᠠᠬᠤ ᠵᠢ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠲᠥᠷᠥᠯ ᠬᠤᠪᠢᠶᠠᠨ ᠬᠠᠮᠢᠶᠠᠷᠬᠤ ᠵᠢ ᠴᠢᠩᠭ᠋ᠠᠳᠬᠠᠵᠤ᠂ ᠳ᠋ᠠᠢ᠍ᠢ᠍ᠲ᠋ᠠ ᠵᠢᠨ ᠲᠤᠬᠠᠶ᠋ᠢᠯᠠᠭᠰᠠᠨ ᠠᠵᠢᠯ᠎ᠤᠨ ᠬᠠᠷᠢᠶᠠᠯᠠᠯ᠂ ᠢᠷᠡᠯᠲᠡ ᠵᠢᠨ ᠬᠠᠷᠢᠶᠠᠯᠠᠯ᠂ ᠬᠠᠮᠲᠤ᠎ᠪᠠᠷ ᠭᠥᠷᠳᠡᠬᠦ ᠵᠢᠨ ᠬᠠᠷᠢᠶᠠᠯᠠᠯ᠂ ᠨᠡᠭᠡᠭᠡᠯᠲᠡ ᠵᠢᠨ ᠬᠠᠷᠢᠶᠠᠯᠠᠯ ᠵᠡᠷᠭᠡ ᠵᠢ ᠵᠢᠷᠤᠮᠵᠢᠭᠤᠯᠤᠨ᠎ᠠ᠃ ᠣᠯᠠᠨ ᠡᠬᠢᠲᠦ ᠬᠠᠷᠢᠴᠠᠭᠤᠯᠤᠯ᠂ ᠭᠠᠷᠤᠯ ᠬᠤᠯᠪᠣᠭ᠎ᠠ ᠵᠢᠨ ᠵᠠᠳᠠᠯᠤᠯᠲᠠ᠂ ᠵᠣᠬᠢᠶᠠᠮᠠᠯ ᠣᠶᠤᠨ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠳ᠋ᠠᠢ᠍ᠢ᠍ᠲ᠋ᠠ ᠵᠢᠨ ᠶᠠᠰᠤ ᠴᠢᠨᠠᠷ᠎ᠲᠤ ᠣᠯᠠᠨ ᠡᠬᠢ᠎ᠪᠠᠷ ᠬᠠᠷᠭᠤᠭᠤᠯᠤᠨ ᠬᠢᠨᠠᠬᠤ ᠪᠠ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠠᠵᠢᠯ᠎ᠢ ᠥᠷᠨᠢᠭᠦᠯᠵᠦ᠂ ᠬᠦᠴᠦᠨ ᠥᠬᠡᠶ ᠳ᠋ᠠᠢ᠍ᠢ᠍ᠲ᠋ᠠ᠂ ᠪᠤᠷᠤᠭᠤ ᠳ᠋ᠠᠢ᠍ᠢ᠍ᠲ᠋ᠠ ᠵᠢ ᠪᠠᠭ᠋ᠠᠰᠬᠠᠨ᠂ ᠳᠠᠬᠢᠨ ᠳᠠᠪᠲᠠᠨ ᠴᠤᠭᠯᠠᠭᠤᠯᠤᠭᠰᠠᠨ ᠳ᠋ᠠᠢ᠍ᠢ᠍ᠲ᠋ᠠ ᠵᠢ ᠢᠯᠭ᠋ᠠᠨ ᠲᠠᠨᠢᠵᠤ᠂ ᠡᠷᠬᠡ ᠰᠦᠷᠲᠦ ᠳ᠋ᠠᠢ᠍ᠢ᠍ᠲ᠋ᠠ ᠵᠢᠨ ᠢᠷᠡᠯᠲᠡ ᠵᠢ ᠲᠣᠳᠣᠷᠬᠠᠢ᠍ᠢ᠍ᠯᠠᠨ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠨᠢᠭᠡᠳᠦᠯᠲᠦ ᠴᠢᠨᠠᠷ᠎ᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠬᠤᠯᠪᠣᠭᠳᠠᠯ ᠪᠥᠬᠦᠶ ᠪᠠᠷᠢᠮᠵᠢᠶ᠎ᠠ ᠵᠢᠷᠤᠮᠵᠢᠯ ᠶᠣᠰᠣᠭ᠋ᠠᠷ᠂ ᠳ᠋ᠠᠢ᠍ᠢ᠍ᠲ᠋ᠠ ᠵᠢᠨ ᠵᠠᠰᠠᠯᠲᠠ ᠵᠢᠨ ᠡᠭᠦᠷᠭᠡ ᠬᠠᠷᠢᠭᠤᠴᠠᠯᠭ᠎ᠠ ᠵᠢ ᠴᠢᠩᠭ᠋ᠠᠷᠠᠭᠤᠯᠤᠨ᠎ᠠ᠃ ᠳ᠋ᠠᠢ᠍ᠢ᠍ᠲ᠋ᠠ ᠬᠠᠩᠭ᠋ᠠᠬᠤ ᠰᠠᠯᠠᠭ᠎ᠠ ᠮᠥᠴᠢᠷ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠶᠣᠰᠣᠭ᠋ᠠᠷ᠂ ᠳ᠋ᠠᠢ᠍ᠢ᠍ᠲ᠋ᠠ ᠵᠢ ᠴᠤᠭᠯᠠᠭᠤᠯᠤᠨ ᠨᠡᠢ᠍ᠢ᠍ᠯᠡᠭᠦᠯᠬᠦ᠂ ᠰᠢᠢ᠍ᠳᠪᠦᠷᠢᠯᠡᠬᠦ᠂ ᠬᠠᠮᠲᠤ᠎ᠪᠠᠷ ᠭᠥᠷᠳᠡᠬᠦ ᠵᠡᠷᠭᠡ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠴᠢᠩᠭ᠎ᠠ ᠭᠦᠢ᠍ᠴᠡᠳᠬᠡᠵᠦ᠂ ᠳ᠋ᠠᠢ᠍ᠢ᠍ᠲ᠋ᠠ ᠵᠢᠨ ᠦᠨᠡᠨ ᠪᠣᠳᠠᠲᠠᠶ᠂ ᠬᠡᠷᠡᠭᠯᠡᠵᠦ ᠪᠣᠯᠬᠤ᠂ ᠪᠦᠲᠦᠮᠵᠢᠲᠡᠶ ᠬᠠᠮᠲᠤ᠎ᠪᠠᠷ ᠭᠥᠷᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ; ᠳ᠋ᠠᠢ᠍ᠢ᠍ᠲ᠋ᠠ ᠬᠡᠷᠡᠭᠯᠡᠬᠦ ᠰᠠᠯᠠᠭ᠎ᠠ ᠮᠥᠴᠢᠷ᠎ᠨᠢ ᠳ᠋ᠠᠢ᠍ᠢ᠍ᠲ᠋ᠠ ᠵᠢ ᠲᠣᠭᠲᠠᠭ᠋ᠠᠯ᠎ᠳᠤ ᠨᠡᠶ᠋ᠢᠴᠡᠭᠦᠯᠦᠨ ᠵᠥᠪ ᠣᠨᠣᠪᠴᠢᠲᠠᠶ᠎ᠪᠠᠷ ᠬᠡᠷᠡᠭᠯᠡᠵᠦ᠂ ᠳ᠋ᠠᠢ᠍ᠢ᠍ᠲ᠋ᠠ ᠵᠢ ᠪᠦᠲᠦᠮᠵᠢᠲᠡᠶ ᠠᠰᠢᠬᠯᠠᠬᠤ᠂ ᠠᠮᠤᠷ ᠲᠦᠪᠰᠢᠨ ᠵᠶ᠋ᠠᠷ ᠬᠠᠳᠠᠭ᠋ᠠᠯᠠᠬᠤ᠂ ᠪᠥᠬᠦ ᠲᠠᠯ᠎ᠠ᠎ᠪᠠᠷ ᠳᠠᠩᠰᠠᠨ᠎ᠳᠤ ᠣᠷᠣᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠳ᠋ᠠᠢ᠍ᠢ᠍ᠲ᠋ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠳ᠋ᠠᠢ᠍ᠢ᠍ᠲ᠋ᠠ ᠬᠠᠩᠭ᠋ᠠᠬᠤ᠂ ᠬᠡᠷᠡᠭᠯᠡᠬᠦ ᠰᠠᠯᠠᠭ᠎ᠠ ᠮᠥᠴᠢᠷ᠎ᠲᠠᠢ ᠬᠠᠮᠳᠤᠷᠠᠯᠴᠠᠨ᠂ ᠳ᠋ᠠᠢ᠍ᠢ᠍ᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠬᠠᠮᠵᠢᠯᠴᠠᠨ ᠠᠵᠢᠯᠯᠠᠬᠤ ᠲᠣᠭᠲᠠᠴᠠ ᠵᠢ ᠪᠠᠶ᠋ᠢᠭᠤᠯᠤᠨ᠂ ᠳ᠋ᠠᠢ᠍ᠢ᠍ᠲ᠋ᠠ ᠵᠢᠨ ᠵᠠᠰᠠᠯᠲᠠ ᠵᠢᠨ ᠲᠤᠬᠠᠶ᠋ᠢᠯᠠᠭᠰᠠᠨ ᠠᠵᠢᠯ᠎ᠤᠨ ᠴᠤᠪᠤᠷᠠᠯ᠎ᠢ ᠨᠠᠷᠢᠯᠢᠬ᠍ᠵᠢᠭᠤᠯᠵᠤ᠂ ᠳ᠋ᠠᠢ᠍ᠢ᠍ᠲ᠋ᠠ ᠵᠢ ᠬᠠᠮᠲᠤ᠎ᠪᠠᠷ ᠭᠥᠷᠳᠡᠵᠦ ᠬᠡᠷᠡᠭᠯᠡᠬᠦ ᠶᠠᠪᠤᠴᠠ᠎ᠳᠤ ᠳ᠋ᠠᠢ᠍ᠢ᠍ᠲ᠋ᠠ ᠵᠢᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠨᠠᠢ᠍ᠮᠠ) ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠬᠥᠮᠦᠨ ᠠᠮᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠵᠤ ᠠᠬᠤᠶ ᠵᠡᠷᠭᠡ ᠵᠢᠨ ᠰᠠᠭᠤᠷᠢ ᠬᠥᠮᠥᠷᠭᠡ ᠵᠢ ᠦᠷᠭᠦᠯᠵᠢᠯᠡᠨ ᠪᠠᠶ᠋ᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠮᠡᠨᠳᠦ᠂ ᠨᠡᠶ᠋ᠢᠭᠡᠮ᠎ᠤᠨ ᠪᠠᠲᠤᠯᠠᠭ᠎ᠠ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠢᠲᠡᠭᠡᠮᠵᠢ ᠵᠢᠨ ᠲᠣᠭᠲᠠᠯᠴᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠡᠷᠭᠡ ᠭᠤᠤᠯ ᠰᠡᠳᠦᠪᠲᠦ ᠬᠥᠮᠥᠷᠭᠡ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠋ᠠᠨ᠎ᠤ ᠬᠠᠮᠢᠶᠠᠷᠤᠯᠲᠠ᠎ᠳᠤ ᠨᠢᠭᠡᠳᠦᠯᠲᠡᠶ ᠣᠷᠣᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠎ᠠᠴᠠ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠡᠯᠧᠺᠲᠷᠣᠨ ᠭᠡᠷᠡᠴᠢ ᠦᠨᠡᠮᠯᠡᠯ᠎ᠤᠨ ᠬᠥᠮᠥᠷᠭᠡ᠂ ᠬᠠᠤᠯᠢ ᠵᠢᠨ ᠡᠷᠬᠡᠲᠡᠨ᠎ᠤ ᠬᠠᠮᠲᠤ᠎ᠪᠠᠷ ᠭᠥᠷᠳᠡᠬᠦ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠤᠤᠯ ᠰᠡᠳᠦᠪᠲᠦ ᠬᠥᠮᠥᠷᠭᠡ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠲᠡᠭᠦᠯᠳᠡᠷᠵᠢᠭᠦᠯᠵᠦ᠂ ᠬᠡᠷᠡᠭᠴᠡᠭᠡ᠎ᠪᠠᠨ ᠦᠨᠳᠦᠰᠦᠯᠡᠵᠦ ᠰᠠᠭᠤᠷᠢ ᠳ᠋ᠠᠢ᠍ᠢ᠍ᠲ᠋ᠠ ᠪᠠ ᠭᠤᠤᠯ ᠰᠡᠳᠦᠪᠲᠦ ᠳ᠋ᠠᠢ᠍ᠢ᠍ᠲ᠋ᠠ ᠵᠢ ᠴᠤᠭᠯᠠᠭᠤᠯᠤᠨ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠡᠷᠡᠭᠯᠡᠭᠴᠢᠳ᠎ᠢ ᠬᠠᠮᠤᠷᠤᠭᠰᠠᠨ 《ᠨᠢᠭᠡ ᠬᠥᠮᠦᠨ᠎ᠳᠤ ᠨᠢᠭᠡ ᠲᠠᠩᠰᠠ》 《ᠨᠢᠭᠡ ᠠᠵᠤ ᠠᠬᠤᠶ᠋ᠢᠯᠠᠯ᠎ᠳᠤ ᠨᠢᠭᠡ ᠲᠠᠩᠰᠠ》 ᠵᠢᠨ ᠭᠤᠤᠯ ᠰᠡᠳᠦᠪᠲᠦ ᠳ᠋ᠠᠢ᠍ᠢ᠍ᠲ᠋ᠠ ᠵᠢᠨ ᠬᠥᠮᠥᠷᠭᠡ ᠵᠢ ᠪᠦᠷᠢᠯᠳᠦᠭᠦᠯᠵᠦ᠂ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠍ᠢ᠍ᠲ᠋ᠠ ᠵᠢᠨ ᠲᠣᠭᠲᠠᠯᠴᠠᠭ᠎ᠠ᠎ᠳᠤ ᠨᠢᠭᠡᠳᠦᠯᠲᠡᠶ ᠣᠷᠣᠭᠤᠯᠤᠨ᠂ ᠠᠵᠤ ᠠᠬᠤᠶ᠋ᠢᠯᠠᠯ ᠪᠠ ᠬᠤᠪᠢ ᠬᠥᠮᠦᠨ᠎ᠳᠤ ᠲᠤᠰᠬᠠᠶ ᠬᠠᠷᠢᠶᠠᠯᠠᠭᠳᠠᠬᠤ ᠣᠷᠣᠨ ᠵᠠᠶ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠳᠡᠭᠡᠭᠰᠢᠯᠡᠯᠲᠡ᠎ᠳᠤ ᠲᠤᠯᠭ᠋ᠠᠭᠤᠷᠢᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ 2023 ᠣᠨ᠎ᠤ 11 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ)
ᠳᠥᠷᠪᠡ᠂ ᠬᠠᠮᠲᠤ᠎ᠪᠠᠷ ᠬᠦᠷᠲᠡᠵᠦ ᠰᠤᠯᠢᠯᠴᠠᠬᠤ ᠵᠢᠨ ᠨᠢᠭᠡ ᠴᠣᠭᠴᠠᠵᠢᠭᠤᠯᠤᠯᠲᠠ ᠵᠢ ᠠᠬᠢᠭᠤᠯᠤᠨ᠎ᠠ
(ᠶᠢᠰᠦ) ᠨᠢᠭᠡᠳᠦᠯᠲᠡᠶ ᠬᠠᠮᠲᠤ᠎ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠠ ᠤᠯᠤᠰ᠎ᠤᠨ ᠳ᠋ᠠᠢ᠍ᠢ᠍ᠲ᠋ᠠ ᠵᠢ ᠬᠠᠮᠲᠤ᠎ᠪᠠᠷ ᠬᠥᠷᠲᠡᠬᠦ ᠰᠣᠯᠢᠯᠴᠠᠭ᠋ᠠᠨ᠎ᠤ ᠲᠠᠪᠴᠠᠩ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠵᠦ ᠲᠤᠯᠭ᠋ᠠᠭᠤᠷᠢᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠬᠠᠮᠲᠤ᠎ᠪᠠᠷ ᠭᠥᠷᠳᠡᠬᠦ ᠭᠤᠶᠤᠴᠢᠯᠠᠯ᠎ᠢ ᠨᠢᠭᠡᠳᠦᠯᠲᠡᠶ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠦᠢ᠍ᠯᠡᠴᠢᠯᠡᠭᠡ ᠬᠠᠩᠭ᠋ᠠᠨ᠂ ᠥᠪᠡᠷᠲᠡᠭᠡᠨ ᠵᠠᠰᠠᠬᠤ ᠣᠷᠣᠨ — ᠠᠶ᠋ᠢᠮᠠᠭ ᠬᠤᠲᠠ — ᠬᠤᠰᠢᠭᠤ ᠰᠢᠶᠠᠨ (ᠬᠤᠲᠠ᠂ ᠲᠣᠭᠤᠷᠢᠭ) ᠵᠡᠷᠭᠡ ᠳᠡᠰ ᠱᠠᠲᠤ ᠵᠢ ᠬᠠᠮᠤᠷᠤᠭᠰᠠᠨ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠵᠢ ᠪᠣᠶ ᠪᠣᠯᠭ᠋ᠠᠵᠤ᠂ ᠬᠡᠷᠡᠭᠴᠡᠭᠡ᠎ᠪᠠᠨ ᠦᠨᠳᠦᠰᠦᠯᠡᠵᠦ ᠰᠢᠶᠠᠩ ᠪᠠᠯᠭ᠋ᠠᠰᠤ ᠰᠤᠮᠤ ᠲᠡᠢ᠍ᠢ᠍ᠰᠢ ᠤᠷᠲᠤᠳᠬᠠᠨ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠳ᠋ᠠᠶ᠋ᠢᠲ᠋ᠠ ᠵᠢ ᠬᠠᠮᠲᠤ᠎ᠪᠠᠷ ᠭᠥᠷᠳᠡᠬᠦ ᠬᠡᠷᠡᠭᠴᠡᠭᠡ ᠱᠠᠭ᠋ᠠᠷᠳᠠᠯᠭ᠎ᠠ ᠵᠢ᠎ᠨᠢ ᠥᠨᠳᠥᠷ ᠦᠷ᠎ᠡ ᠪᠦᠲᠦᠮᠵᠢᠲᠡᠶ᠎ᠪᠠᠷ ᠬᠠᠩᠭ᠋ᠠᠨ᠎ᠠ᠃ (ᠥ ᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠡᠯ᠎ᠡ ᠠᠢ᠍ᠢ᠍ᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠲᠠᠪᠴᠠᠩ᠎ᠢ ᠪᠥᠬᠦ ᠣᠷᠣᠨ᠎ᠤ ᠨᠢᠭᠡ ᠴᠤᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ᠎ᠳᠤ ᠨᠢᠭᠡᠳᠦᠯᠲᠡᠶ ᠣᠷᠣᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠠᠯᠠᠭ᠎ᠠ ᠮᠥᠴᠢᠷ᠎ᠤᠨ ᠬᠤᠭᠤᠷᠣᠨᠳᠣ᠂ ᠭᠠᠵᠠᠷ ᠣᠷᠣᠨ᠎ᠤ ᠬᠤᠭᠤᠷᠣᠨᠳᠣ ᠳ᠋ᠠᠶ᠋ᠢᠲ᠋ᠠ ᠵᠢ ᠭᠦᠢ᠍ᠯᠬᠡᠬᠡᠯᠡᠬᠦ ᠪᠠ ᠬᠠᠮᠲᠤ᠎ᠪᠠᠷ ᠭᠥᠷᠳᠡᠬᠦ᠎ᠳᠤ ᠲᠤᠯᠭ᠋ᠠᠭᠤᠷᠢᠯᠠᠵᠤ᠂ ᠬᠡᠷᠡᠭᠯᠡᠭᠡ᠎ᠪᠠᠷ ᠬᠥᠲᠥᠯᠦᠮᠵᠢ ᠪᠣᠯᠭ᠋ᠠᠨ᠂ ᠳ᠋ᠠᠶ᠋ᠢᠲ᠋ᠠ ᠵᠢ ᠬᠠᠮᠲᠤ᠎ᠪᠠᠷ ᠭᠥᠷᠳᠡᠬᠦ ᠦᠢ᠍ᠯᠡᠴᠢᠯᠡᠭᠡᠨ᠎ᠤ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ (ᠡᠯ᠎ᠡ ᠠᠶ᠋ᠢᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳ᠋ᠠᠢ᠍ᠢ᠍ᠲ᠋ᠠ ᠵᠢ ᠴᠠᠭ ᠲᠤᠬᠠᠶ᠎ᠳᠤᠨᠢ ᠰᠣᠯᠢᠯᠴᠠᠬᠤ ᠰᠢᠰᠲ᠋ᠧᠮ᠎ᠢ ᠲᠥᠯᠥᠪᠵᠢᠭᠦᠯᠦᠨ ᠵᠣᠬᠢᠶᠠᠵᠤ᠂ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ᠎ᠳᠤ ᠨᠢᠭᠡᠳᠦᠯᠲᠡᠶ ᠣᠷᠣᠭᠤᠯᠤᠨ᠂ ᠶᠡᠭᠡ ᠬᠡᠮᠵᠢᠶᠡᠨ᠎ᠤ ᠳ᠋ᠠᠢ᠍ᠢ᠍ᠲ᠋ᠠ ᠵᠢ ᠳᠡᠭᠡᠳᠦ ᠬᠤᠷᠳᠤᠴᠠ᠎ᠪᠠᠷ ᠳᠠᠮᠵᠢᠭᠤᠯᠬᠤ᠎ᠳᠤ ᠲᠡᠮᠵᠢᠯᠭᠡ ᠦᠵᠡᠬᠦᠯᠵᠦ᠂ ᠳ᠋ᠠᠢ᠍ᠢ᠍ᠲ᠋ᠠ ᠵᠢ ᠮᠢᠨᠦ᠋ᠲ᠎ᠲᠤ ᠬᠠᠮᠲᠤ᠎ᠪᠠᠷ ᠭᠥᠷᠳᠡᠬᠦ᠂ ᠳ᠋ᠠᠢ᠍ᠢ᠍ᠲ᠋ᠠ ᠵᠢ ᠬᠤᠤᠰ ᠴᠢᠭᠯᠡᠯ ᠵᠶ᠋ᠠᠷ ᠭᠦᠢ᠍ᠯᠬᠡᠬᠡᠯᠡᠬᠦ ᠵᠢ ᠪᠡᠶᠡᠯᠡᠭᠦᠯᠦᠨ᠂ ᠠᠮᠤᠷ ᠲᠦᠪᠰᠢᠨ ᠪᠦᠭᠡᠳ ᠲᠣᠭᠲᠠᠭᠤᠨ᠂ ᠠᠵᠢᠯᠯᠠᠭ᠋ᠠᠨ᠎ᠨᠢ ᠥᠨᠳᠥᠷ ᠪᠦᠲᠦᠮᠵᠢᠲᠡᠶ ᠳ᠋ᠠᠢ᠍ᠢ᠍ᠲ᠋ᠠ ᠵᠢᠨ ᠬᠠᠩᠭ᠋ᠠᠯᠭ᠎ᠠ ᠵᠢᠨ ᠬᠡᠯᠬᠢᠶ᠎ᠡ ᠵᠢ ᠪᠣᠶ ᠪᠣᠯᠭ᠋ᠠᠵᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠲᠠᠰ ᠱᠠᠲᠤ ᠠᠯᠤᠰᠯᠠᠭᠰᠠᠨ ᠳ᠋ᠠᠢ᠍ᠢ᠍ᠲ᠋ᠠ ᠵᠢ ᠪᠦᠲᠦᠮᠵᠢᠲᠡᠶ ᠭᠦᠢ᠍ᠯᠬᠡᠬᠡᠯᠡᠬᠦ ᠪᠠ ᠭᠦᠢ᠍ᠴᠡᠳ ᠬᠠᠮᠲᠤ᠎ᠪᠠᠷ ᠭᠥᠷᠳᠡᠬᠦ ᠵᠢᠴᠢ ᠡᠯ᠎ᠡ ᠱᠠᠲᠤᠨ᠎ᠤ ᠰᠠᠯᠠᠭ᠎ᠠ ᠮᠥᠴᠢᠷ᠎ᠤᠨ ᠡᠭᠴᠡ ᠬᠠᠮᠢᠶᠠᠷᠬᠤ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠯᠤᠭ᠎ᠠ ᠲᠣᠰ ᠱᠠᠲᠤᠨ᠎ᠳᠤ ᠵᠠᠯᠭ᠋ᠠᠯᠳᠤᠭᠤᠯᠬᠤ ᠵᠡᠷᠭᠡ ᠠᠵᠢᠯ᠎ᠳᠤ ᠲᠤᠯᠭ᠋ᠠᠭᠤᠷᠢᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠵᠤ᠂ 2023 ᠣᠨ᠎ᠤ 9 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ)
(ᠠᠷᠪᠠ) ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠵᠢᠯᠴᠠᠨ ᠬᠠᠮᠲᠤ᠎ᠪᠠᠷ ᠬᠥᠷᠲᠡᠬᠦ ᠵᠢ ᠭᠦᠨᠵᠡᠭᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠢ ᠳᠡᠭᠡᠭᠰᠢ ᠤᠯᠤᠰ᠎ᠤᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠳᠤ ᠵᠠᠯᠭ᠋ᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠠᠯᠠᠭ᠎ᠠ ᠮᠥᠴᠢᠷ᠎ᠤᠨ ᠬᠤᠭᠤᠷᠣᠨᠳᠣ᠂ ᠭᠠᠵᠠᠷ ᠣᠷᠣᠨ᠎ᠤ ᠬᠤᠭᠤᠷᠣᠨᠳᠣ ᠳ᠋ᠠᠶ᠋ᠢᠲ᠋ᠠ ᠵᠢ ᠭᠦᠢ᠍ᠯᠬᠡᠬᠡᠯᠡᠬᠦ ᠪᠠ ᠬᠠᠮᠲᠤ᠎ᠪᠠᠷ ᠭᠥᠷᠳᠡᠬᠦ᠎ᠳᠤ ᠲᠤᠯᠭ᠋ᠠᠭᠤᠷᠢᠯᠠᠨ᠎ᠠ᠃ ᠬᠡᠷᠡᠭᠯᠡᠭᠡ᠎ᠪᠠᠷ ᠬᠥᠲᠥᠯᠦᠮᠵᠢ ᠪᠣᠯᠭ᠋ᠠᠵᠤ᠂ ᠣᠯᠠᠨ ᠨᠡᠶ᠋ᠢᠲᠡ ᠵᠢᠨ ᠳ᠋ᠠᠢ᠍ᠢ᠍ᠲ᠋ᠠ ᠪᠠ ᠨᠡᠶ᠋ᠢᠭᠡᠮ᠎ᠤᠨ ᠳ᠋ᠠᠢ᠍ᠢ᠍ᠲ᠋ᠠ ᠵᠢ ᠬᠠᠮᠲᠤ᠎ᠪᠠᠷ ᠭᠥᠷᠳᠡᠬᠦ ᠵᠢ ᠬᠠᠮᠵᠢᠯᠴᠠᠨ ᠠᠬᠢᠭᠤᠯᠵᠤ᠂ ᠨᠡᠶ᠋ᠢᠭᠡᠮ᠎ᠤᠨ ᠳ᠋ᠠᠢ᠍ᠢ᠍ᠲ᠋ᠠ ᠵᠢ 《ᠨᠢᠭᠡᠳᠦᠯᠲᠡᠶ ᠴᠤᠭᠯᠠᠭᠤᠯᠤᠨ ᠬᠠᠮᠲᠤ᠎ᠪᠠᠷ ᠬᠡᠷᠡᠭᠯᠡᠬᠦ》 ᠵᠢ ᠬᠠᠶ᠋ᠢᠨ ᠰᠦᠪᠡᠭᠴᠢᠯᠡᠵᠦ᠂ ᠵᠠᠰᠠᠭ᠎ᠤᠨ ᠣᠷᠳᠣᠨ᠎ᠤ ᠬᠠᠮᠲᠤ᠎ᠪᠠᠷ ᠬᠦᠷᠲᠡᠭᠡᠬᠦ ᠨᠡᠶ᠋ᠢᠭᠡᠮ᠎ᠤᠨ ᠳ᠋ᠠᠶ᠋ᠢᠲ᠋ᠠ᠎ᠳᠠᠬᠢ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠂ ᠤᠯᠤᠰ ᠭᠦᠷᠦᠨ᠂ ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶ᠋ᠢᠯᠠᠯ ᠵᠡᠷᠭᠡ ᠠᠳᠠᠯᠢ ᠪᠤᠰᠤ ᠱᠠᠲᠤ ᠳᠠᠪᠬᠤᠷᠭ᠎ᠠ ᠵᠢᠨ ᠳ᠋ᠠᠢ᠍ᠢ᠍ᠲ᠋ᠠ ᠵᠢᠨ ᠬᠠᠮᠵᠢᠯᠴᠠᠨ ᠬᠠᠮᠲᠤ᠎ᠪᠠᠷ ᠭᠥᠷᠳᠡᠬᠦ ᠲᠣᠭᠲᠠᠴᠠ ᠵᠢ ᠪᠣᠶ ᠪᠣᠯᠭ᠋ᠠᠵᠤ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ (ᠥ ᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
ᠲᠠᠪᠤ᠂ ᠳ᠋ᠠᠶ᠋ᠢᠲ᠋ᠠ ᠵᠢᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠤᠯᠲᠠ ᠵᠢ ᠠᠬᠢᠭᠤᠯᠤᠨ᠎ᠠ
(ᠠᠷᠪᠠᠨ ᠨᠢᠭᠡ) ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠦᠢ᠍ᠯᠡᠴᠢᠯᠡᠭᠡᠨ᠎ᠤ ᠫᠣᠷᠲ᠋ᠧᠯᠢ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠬᠥᠷᠲᠡᠬᠦ ᠲᠠᠪᠴᠠᠩ᠂ ᠣᠯᠠᠨ ᠨᠡᠶ᠋ᠢᠲᠡ ᠵᠢᠨ ᠳ᠋ᠠᠢ᠍ᠢ᠍ᠲ᠋ᠠ ᠵᠢᠨ ᠨᠡᠭᠡᠭᠡᠯᠲᠡᠲᠦ ᠲᠠᠪᠴᠠᠩ ᠪᠠ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠢ᠍ᠢ᠍ᠲ᠋ᠠ ᠵᠢᠨ ᠲᠠᠪᠴᠠᠩ᠎ᠤᠨ ᠳ᠋ᠠᠢ᠍ᠢ᠍ᠲ᠋ᠠ ᠵᠢᠨ ᠦᠢ᠍ᠯᠡᠴᠢᠯᠡᠭᠡᠨ᠎ᠤ ᠶᠡᠷᠦᠩᠬᠡᠢ ᠫᠤᠷᠲ᠋ᠧᠯᠢ ᠪᠠᠢ᠍ᠢ᠍ᠭᠤᠯᠵᠤ᠂ ᠭᠠᠷᠴᠠᠭ᠎ᠤᠨ ᠬᠠᠮᠢᠶᠠᠷᠤᠯᠲᠠ᠂ ᠬᠠᠩᠭ᠋ᠠᠯᠭ᠎ᠠ ᠬᠡᠷᠡᠭᠴᠡᠭᠡ ᠵᠢ ᠵᠠᠯᠭ᠋ᠠᠯᠳᠤᠭᠤᠯᠬᠤ᠂ ᠡᠬᠢ ᠪᠠᠶᠠᠯᠢᠭ᠎ᠤᠨ ᠬᠠᠮᠢᠶᠠᠷᠤᠯᠲᠠ᠂ ᠳ᠋ᠠᠢ᠍ᠢ᠍ᠲ᠋ᠠ ᠵᠢ ᠬᠠᠮᠲᠤ᠎ᠪᠠᠷ ᠬᠥᠷᠲᠡᠬᠦ᠂ ᠳ᠋ᠠᠢ᠍ᠢ᠍ᠲ᠋ᠠ ᠵᠢ ᠨᠡᠭᠡᠭᠡᠯᠲᠡ᠎ᠲᠠᠢ ᠪᠣᠯᠭ᠋ᠠᠬᠤ᠂ ᠵᠠᠳᠠᠯᠤᠨ ᠰᠢᠢ᠍ᠳᠪᠦᠷᠢᠯᠡᠬᠦ ᠵᠡᠷᠭᠡ ᠴᠢᠳᠠᠮᠵᠢ ᠵᠢ ᠡᠮᠬᠢᠯᠡᠨ ᠨᠡᠶ᠋ᠢᠯᠡᠭᠦᠯᠵᠦ ᠨᠢᠭᠡᠳᠭᠡᠨ᠂ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ᠂ ᠡᠬᠢ ᠪᠠᠶᠠᠯᠢᠭ᠎ᠢ ᠴᠤᠭᠯᠠᠭᠤᠯᠤᠨ ᠨᠡᠢ᠍ᠢ᠍ᠯᠡᠭᠦᠯᠬᠦ᠂ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠬᠠᠷᠭᠤᠭᠤᠯᠵᠤ ᠡᠷᠬᠡ ᠣᠯᠭᠤᠬᠤ᠂ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ᠂ ᠪᠦᠷᠢᠳᠬᠡᠨ ᠵᠠᠳᠠᠯᠬᠤ᠂ ᠦᠵᠡᠭᠳᠡᠮᠡᠯ ᠪᠣᠯᠭ᠋ᠠᠨ ᠳᠡᠯᠭᠡᠨ ᠦᠵᠡᠭᠦᠯᠬᠦ ᠪᠠ ᠠᠵᠢᠯᠯᠠᠭᠤᠯᠤᠨ ᠬᠠᠮᠢᠶᠠᠷᠬᠤ ᠵᠡᠷᠭᠡ ᠦᠢ᠍ᠯᠡᠴᠢᠯᠡᠭᠡ ᠵᠢ ᠬᠠᠩᠭ᠋ᠠᠵᠤ᠂ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ 《ᠨᠢᠭᠡᠳᠪᠦᠷᠢ ᠳᠠᠩᠰᠠ》᠎ᠪᠠᠷ ᠳᠡᠯᠭᠡᠨ ᠦᠵᠡᠭᠦᠯᠵᠦ᠂ 《ᠨᠢᠭᠡ ᠥᠷᠲᠡᠭᠡᠴᠢᠯᠡᠭᠰᠡᠨ ᠮᠠᠶᠢᠭ》 ᠵᠶ᠋ᠠᠷ ᠭᠤᠶᠤᠴᠢᠯᠠᠵᠤ᠂ 《ᠨᠢᠭᠡ ᠲᠠᠪᠴᠠᠩ》 ᠵᠶ᠋ᠠᠷ ᠲᠣᠬᠢᠷᠠᠭᠤᠯᠬᠤ ᠵᠢ ᠪᠡᠶᠡᠯᠡᠭᠦᠯᠦᠨ᠂ ᠡᠯ᠎ᠡ ᠠᠶ᠋ᠢᠮᠠᠭ ᠬᠤᠲᠠ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠠᠵᠠᠷ ᠣᠷᠣᠨ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠠᠰ ᠱᠠᠲᠤ ᠠᠯᠤᠰᠯᠠᠨ ᠬᠠᠷᠢᠯᠴᠠᠨ ᠮᠡᠳᠡᠷᠡᠵᠦ ᠬᠠᠮᠲᠤ᠎ᠪᠠᠷ ᠭᠥᠷᠳᠡᠬᠦ᠎ᠳᠤ ᠲᠤᠯᠭ᠋ᠠᠭᠤᠷᠢᠯᠠᠵᠤ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ᠂ ᠴᠢᠨᠠᠷ ᠰᠠᠶ᠋ᠢᠲᠠᠶ ᠬᠠᠩᠭ᠋ᠠᠯᠭ᠎ᠠ ᠵᠢ ᠪᠡᠶᠡᠯᠡᠬᠦᠯᠦᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
(ᠠᠷᠪᠠᠨ ᠬᠤᠶᠠᠷ) ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠰᠠᠭᠤᠷᠢ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠳ᠋ᠠᠢ᠍ᠢ᠍ᠲ᠋ᠠ ᠵᠢᠨ ᠪᠣᠳᠣᠯᠭ᠎ᠠ᠂ ᠬᠦᠷᠢᠶ᠎ᠡ ᠴᠠᠷᠠᠭ᠎ᠠ ᠬᠤᠪᠢᠶᠠᠵᠦ ᠲᠠᠰ ᠢᠯᠭ᠋ᠠᠨᠨᠰᠠᠨ ᠬᠡᠷᠡᠭᠯᠡᠭᠴᠢᠳ᠎ᠤᠨ ᠬᠠᠮᠢᠶᠠᠷᠤᠯᠲᠠ ᠪᠠ ᠳ᠋ᠠᠢ᠍ᠢ᠍ᠲ᠋ᠠ ᠵᠢᠨ ᠡᠯᠡᠰᠦᠨ ᠬᠠᠢ᠍ᠢ᠍ᠷᠴᠠᠭ᠎ᠤᠨ ᠵᠠᠭᠪᠤᠷ᠎ᠤᠨ ᠨᠡᠭᠡᠭᠡᠨ ᠠᠰᠢᠬᠯᠠᠯᠲᠠ ᠵᠡᠷᠭᠡ ᠴᠢᠳᠠᠪᠤᠷᠢ ᠵᠢ ᠪᠦᠷᠢᠳᠦᠭᠦᠯᠦᠭᠰᠡᠨ ᠲᠣᠮᠣ ᠳ᠋ᠠᠢ᠍ᠢ᠍ᠲ᠋ᠠ ᠵᠢ ᠰᠢᠢ᠍ᠳᠪᠦᠷᠢᠯᠡᠨ ᠵᠠᠳᠠᠯᠬᠤ ᠰᠢᠰᠲ᠋ᠧᠮ᠎ᠢ ᠪᠠᠶ᠋ᠢᠭᠤᠯᠵᠤ᠂ ᠣᠯᠠᠨ ᠡᠰᠢᠲᠦ᠂ ᠣᠨᠳᠣᠤ ᠪᠦᠲᠦᠴᠡᠲᠦ᠂ ᠶᠡᠭᠡ ᠬᠡᠮᠵᠢᠶᠡᠨ᠎ᠤ ᠳ᠋ᠠᠢ᠍ᠢ᠍ᠲ᠋ᠠ ᠵᠢ ᠠᠭᠤᠰᠤᠯᠴᠠᠭᠤᠯᠤᠨ ᠬᠡᠷᠡᠭᠯᠡᠵᠦ ᠰᠢᠨ᠎ᠡ ᠵᠢ ᠡᠭᠦᠳᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ᠂ ᠨᠠᠲ᠋ᠦ᠋ᠷᠠᠯ ᠬᠡᠯᠡ ᠵᠢ ᠰᠢᠢ᠍ᠳᠪᠦᠷᠢᠯᠡᠬᠦ᠂ ᠸᠢᠳᠢᠣ᠋ ᠵᠢᠷᠤᠮᠠᠭ᠎ᠤᠨ ᠵᠠᠳᠠᠯᠤᠯᠲᠠ᠂ ᠣᠶᠤᠨᠴᠢ ᠠᠰᠠᠭᠤᠯᠲᠠ ᠬᠠᠷᠢᠭᠤᠯᠲᠠ᠂ ᠮᠠᠰᠢᠨ ᠣᠷᠴᠢᠭᠤᠯᠭ᠎ᠠ᠂ ᠳ᠋ᠠᠢ᠍ᠢ᠍ᠲ᠋ᠠ ᠵᠢ ᠠᠭᠤᠳᠠᠯᠤᠨ ᠵᠠᠳᠠᠯᠬᠤ᠂ ᠳ᠋ᠠᠢ᠍ᠢ᠍ᠲ᠋ᠠ ᠵᠢ ᠦᠵᠡᠭᠳᠡᠮᠡᠯ ᠪᠣᠯᠭ᠋ᠠᠬᠤ᠂ ᠳ᠋ᠠᠢ᠍ᠢ᠍ᠲ᠋ᠠ ᠵᠢ ᠨᠡᠭᠡᠭᠡᠯᠲᠡ᠎ᠲᠠᠢ ᠪᠣᠯᠭ᠋ᠠᠬᠤ᠎ᠳᠤ ᠡᠷᠬᠡ ᠣᠯᠭᠤᠬᠤ᠂ ᠳ᠋ᠠᠢ᠍ᠢ᠍ᠲ᠋ᠠ ᠵᠢ ᠠᠭᠤᠰᠤᠯᠴᠠᠭᠤᠯᠤᠨ ᠪᠤᠳᠤᠬᠤ ᠵᠡᠷᠭᠡ ᠴᠢᠳᠠᠮᠵᠢ ᠵᠢ ᠨᠢᠭᠡᠳᠭᠡᠭᠰᠡᠨ ᠨᠡᠶ᠋ᠢᠳᠡᠮ ᠬᠡᠷᠡᠭᠯᠡᠭᠡᠨ᠎ᠤ ᠪᠤᠳᠤᠬᠤ ᠠᠷᠭ᠎ᠠ ᠵᠢᠨ ᠵᠠᠭᠪᠤᠷ ᠪᠠ ᠡᠵᠡᠮᠰᠢᠭᠦᠷ᠎ᠤᠨ ᠬᠥᠮᠥᠷᠭᠡ ᠵᠢ ᠪᠠᠢ᠍ᠢ᠍ᠭᠤᠯᠵᠤ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠳ᠋ᠠᠢ᠍ᠢ᠍ᠲ᠋ᠠ ᠵᠢᠨ ᠦᠢ᠍ᠯᠡᠴᠢᠯᠡᠭᠡ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠠᠷᠪᠠᠨ ᠭᠤᠷᠪᠠ) ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠬᠡᠷᠡᠭᠯᠡᠭᠡᠨ᠎ᠤ ᠰᠢᠨ᠎ᠡ ᠵᠢ ᠡᠭᠦᠳᠬᠦ ᠡᠷᠴᠢᠮ᠎ᠢ ᠴᠢᠩᠭ᠋ᠠᠷᠠᠭᠤᠯᠤᠨ᠎ᠠ᠃ ᠬᠤᠲᠠ ᠵᠢᠨ ᠵᠠᠰᠠᠯᠲᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ᠎ᠤ ᠠᠮᠤᠷ ᠲᠦᠪᠰᠢᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ᠂ ᠠᠵᠤ ᠠᠬᠤᠶ ᠵᠢᠨ ᠠᠵᠢᠯᠯᠠᠭ᠋ᠠᠨ ᠵᠡᠷᠭᠡ ᠬᠡᠷᠡᠭᠯᠡᠭᠡᠨ᠎ᠤ ᠠᠬᠤᠢ ᠪᠠᠢ᠍ᠢ᠍ᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠨᠢᠭᠡ ᠬᠡᠷᠡᠭᠯᠡᠭᠡᠨ᠎ᠳᠤ ᠨᠢᠭᠡ ᠳ᠋ᠠᠢ᠍ᠢ᠍ᠲ᠋ᠠ ᠵᠢᠨ ᠬᠥᠮᠥᠷᠭᠡ》 ᠵᠢᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ᠎ᠬᠢᠨ᠎ᠤ ᠪᠥᠬᠦ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ᠎ᠳᠤ ᠲᠦᠰᠢᠭᠯᠡᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠬᠥᠮᠥᠷᠭᠡ ᠪᠠᠶ᠋ᠢᠭᠤᠯᠬᠤ ᠵᠢ᠎ᠨᠢ ᠠᠬᠢᠭᠤᠯᠵᠤ᠂ ᠣᠯᠠᠨ ᠠᠵᠢᠯ ᠲᠥᠷᠥᠯ ᠪᠠ ᠣᠯᠠᠨ ᠠᠬᠤᠢ ᠪᠠᠢ᠍ᠢ᠍ᠳᠠᠯ ᠠᠯᠤᠰᠯᠠᠭᠰᠠᠨ ᠬᠡᠷᠡᠭᠯᠡᠭᠡᠨ᠎ᠳᠤ ᠣᠯᠠᠨ ᠶᠠᠩᠵᠤᠳᠠᠢ ᠬᠠᠮᠲᠤ᠎ᠪᠠᠷ ᠭᠥᠷᠳᠡᠬᠦ ᠦᠢ᠍ᠯᠡᠴᠢᠯᠡᠭᠡ ᠬᠠᠩᠭ᠋ᠠᠨ᠎ᠠ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠠᠷᠪᠠᠨ ᠳᠥᠷᠪᠡ) ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠢ ᠨᠡᠭᠡᠭᠡᠨ ᠠᠰᠢᠬᠯᠠᠬᠤ ᠵᠢ ᠠᠬᠢᠭᠤᠯᠤᠨ᠎ᠠ᠃ ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠎ᠠ᠎ᠳᠤ ᠰᠠᠭᠤᠷᠢᠯᠠᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠨᠡᠬᠡᠬᠡᠨ ᠠᠰᠢᠨᠨᠯᠠᠬᠤ ᠲᠣᠭᠲᠠᠯᠴᠠᠭ᠎ᠠ ᠵᠢ ᠪᠠᠢ᠍ᠢ᠍ᠭᠤᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠨᠡᠬᠡᠬᠡᠨ ᠠᠰᠢᠨᠨᠯᠠᠬᠤ ᠲᠠᠪᠴᠠᠩ ᠪᠠ ᠡᠯ᠎ᠡ ᠠᠶ᠋ᠢᠮᠠᠭ ᠬᠤᠲᠠ ᠵᠢᠨ ᠳ᠋ᠠᠢ᠍ᠢ᠍ᠲ᠋ᠠ ᠵᠢᠨ ᠨᠡᠬᠡᠬᠡᠨ ᠠᠰᠢᠨᠨᠯᠠᠬᠤ ᠲᠠᠪᠴᠠᠩ ᠵᠶ᠋ᠠᠷ ᠳᠠᠮᠵᠢᠭᠤᠯᠤᠨ᠂ ᠳ᠋ᠠᠢ᠍ᠢ᠍ᠲ᠋ᠠ ᠵᠢ ᠠᠮᠤᠷ ᠲᠦᠪᠰᠢᠨ ᠪᠦᠭᠡᠳ ᠡᠮᠬᠢ ᠵᠢᠷᠤᠮ᠎ᠲᠠᠢ ᠨᠡᠬᠡᠬᠡᠨ ᠠᠰᠢᠨᠨᠯᠠᠬᠤ ᠵᠢ ᠠᠬᠢᠭᠤᠯᠵᠤ᠂ ᠪᠡᠶ᠎ᠡ ᠵᠢᠨ ᠭᠠᠷᠤᠯ᠎ᠢ ᠭᠡᠷᠡᠴᠢᠯᠡᠨ ᠡᠷᠬᠡ ᠣᠯᠭᠤᠬᠤ᠂ ᠳ᠋ᠠᠢ᠍ᠢ᠍ᠲ᠋ᠠ ᠵᠢᠨ ᠡᠯᠡᠰᠦᠨ ᠬᠠᠢ᠍ᠢ᠍ᠷᠴᠠᠭ᠂ ᠠᠮᠤᠷ ᠲᠦᠪᠰᠢᠨ ᠵᠶ᠋ᠠᠷ ᠣᠯᠠᠨ ᠲᠠᠯ᠎ᠠ᠎ᠪᠠᠷ ᠪᠤᠳᠤᠬᠤ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠰᠦᠪᠡᠭᠴᠢᠯᠡᠨ ᠠᠰᠢᠬᠯᠠᠵᠤ᠂ ᠳ᠋ᠠᠢ᠍ᠢ᠍ᠲ᠋ᠠ ᠵᠢᠨ 《ᠬᠡᠷᠡᠭᠯᠡᠵᠦ ᠪᠣᠯᠬᠤ ᠪᠣᠯᠪᠠᠴᠤ ᠥᠯᠤ ᠦᠵᠡᠭᠳᠡᠬᠦ》 ᠵᠢ ᠪᠡᠶᠡᠯᠡᠭᠦᠯᠦᠨ᠂ ᠳ᠋ᠠᠢ᠍ᠢ᠍ᠲ᠋ᠠ ᠵᠢ ᠨᠡᠬᠡᠬᠡᠨ ᠠᠰᠢᠨᠨᠯᠠᠵᠦ ᠰᠢᠨ᠎ᠡ ᠵᠢ ᠡᠭᠦᠳᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠨᠡᠭᠡᠭᠡᠨ ᠠᠰᠢᠬᠯᠠᠬᠤ ᠲᠣᠭᠲᠠᠭ᠋ᠠᠯ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠣᠨ᠎ᠤ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠨᠡᠬᠡᠬᠡᠨ ᠠᠰᠢᠨᠨᠯᠠᠬᠤ ᠭᠤᠣᠯᠳᠠᠯᠭ᠎ᠠ᠎ᠲᠠᠢ ᠨᠠᠷᠢᠨ ᠬᠠᠭᠤᠳᠠᠰᠤ ᠵᠢ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠲᠦᠭᠰᠢᠭᠦᠷᠢ ᠵᠢ᠎ᠨᠢ ᠡᠵᠡᠮᠳᠡᠵᠦ ᠲᠡᠢ᠍ᠢ᠍ᠯᠬᠦ ᠵᠠᠷᠴᠢᠮ ᠳᠣᠤᠷ᠎ᠠ ᠠᠯᠢ ᠴᠢᠳᠠᠬᠤ᠎ᠪᠠᠷ ᠨᠡᠬᠡᠬᠡᠨ ᠠᠰᠢᠨᠨᠯᠠᠬᠤ ᠵᠢ ᠠᠬᠢᠭᠤᠯᠵᠤ᠂ ᠳ᠋ᠠᠢ᠍ᠢ᠍ᠲ᠋ᠠ ᠵᠢ ᠨᠡᠬᠡᠬᠡᠨ ᠠᠰᠢᠨᠨᠯᠠᠬᠤ ᠡᠷᠬᠡ ᠪᠠ ᠡᠭᠦᠷᠭᠡ ᠵᠢ ᠲᠣᠳᠣᠷᠬᠠᠢ᠍ᠢ᠍ᠯᠠᠵᠤ᠂ ᠳ᠋ᠠᠢ᠍ᠢ᠍ᠲ᠋ᠠ ᠵᠢ ᠨᠡᠬᠡᠬᠡᠨ ᠠᠰᠢᠨᠨᠯᠠᠬᠤ ᠬᠡᠪᠴᠢᠶ᠎ᠡ ᠪᠠ ᠬᠠᠷᠢᠭᠤᠴᠠᠯᠭ᠎ᠠ ᠵᠢ ᠵᠠᠭ᠋ᠠᠭᠯᠠᠨ ᠲᠣᠭᠲᠠᠭ᠋ᠠᠵᠤ᠂ ᠳ᠋ᠠᠢ᠍ᠢ᠍ᠲ᠋ᠠ ᠵᠢ ᠨᠡᠭᠡᠭᠡᠨ ᠠᠰᠢᠨᠨᠯᠠᠬᠤ᠎ᠳᠤ ᠠᠮᠤᠷ ᠲᠦᠪᠰᠢᠨ ᠵᠶ᠋ᠠᠷ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠵᠤ᠂ ᠠᠷᠠᠳ᠎ᠤᠨ ᠠᠮᠢᠳᠤᠷᠠᠯ᠎ᠯᠤᠭ᠎ᠠ ᠨᠢᠭᠲᠠ ᠬᠤᠯᠪᠣᠭ᠎ᠠ᠎ᠲᠠᠢ᠂ ᠨᠡᠶ᠋ᠢᠭᠡᠮ᠎ᠤᠨ ᠲᠤᠯᠭ᠋ᠠᠮ᠎ᠠ ᠬᠡᠷᠡᠭᠴᠡᠭᠡ ᠪᠥᠬᠦᠶ᠂ ᠠᠵᠢᠯ ᠲᠥᠷᠥᠯ᠎ᠤᠨ ᠥᠷᠲᠡᠭ᠎ᠤᠨ ᠨᠡᠮᠡᠭᠳᠡᠯ᠎ᠤᠨ ᠳᠠᠯᠳᠠ ᠬᠦᠴᠦᠨ ᠵᠶ᠋ᠠᠷ ᠢᠯᠡᠷᠬᠡᠶ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢ ᠤᠷᠢᠳ ᠵᠶ᠋ᠠᠷ ᠨᠡᠬᠡᠬᠡᠨ ᠠᠰᠢᠨᠨᠯᠠᠨᠠ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ) ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠡᠷᠬᠡ ᠣᠯᠭᠤᠵᠤ ᠠᠵᠢᠯᠯᠠᠭᠤᠯᠬᠤ ᠵᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠬᠦ ᠵᠢ᠎ᠨᠢ ᠵᠣᠷᠢᠬ᠍ᠵᠢᠭᠤᠯᠵᠤ᠂ ᠳ᠋ᠠᠢ᠍ᠢ᠍ᠲ᠋ᠠ ᠵᠢᠨ ᠡᠬᠢ ᠪᠠᠶᠠᠯᠢᠭ᠎ᠢ ᠨᠡᠭᠡᠭᠡᠨ ᠠᠰᠢᠬᠯᠠᠬᠤ ᠵᠢ ᠢᠳᠡᠪᠬᠢᠲᠡᠶ ᠠᠬᠢᠭᠤᠯᠵᠤ᠂ ᠳ᠋ᠠᠢ᠍ᠢ᠍ᠲ᠋ᠠ ᠵᠢᠨ ᠬᠦᠴᠦᠨ ᠵᠦᠢ᠍ᠯ᠎ᠤᠨ ᠵᠠᠬ᠎ᠠ ᠳᠡᠯᠭᠡᠭᠦᠷ᠎ᠢ ᠪᠤᠶ᠋ᠢᠵᠢᠭᠤᠯᠤᠨ᠂ ᠪᠦᠲᠦᠮᠵᠢᠲᠡᠶ ᠬᠠᠩᠭ᠋ᠠᠬᠤ᠂ ᠡᠮᠬᠢ ᠵᠢᠷᠤᠮ᠎ᠲᠠᠢ ᠨᠡᠭᠡᠭᠡᠨ ᠠᠰᠢᠬᠯᠠᠬᠤ ᠰᠠᠶ᠋ᠢᠨ ᠰᠠᠶ᠋ᠢᠬᠠᠨ ᠠᠮᠢ ᠠᠬᠤᠶ ᠵᠢ ᠪᠣᠶ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠲᠦᠷᠦᠭᠦᠯᠡᠵᠦ᠂ ᠡᠯ᠎ᠡ ᠠᠶ᠋ᠢᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
ᠵᠢᠷᠭᠤᠭ᠎ᠠ᠂ ᠪᠣᠳᠣᠬᠤ ᠬᠦᠴᠦᠨ᠎ᠤ ᠪᠡᠯᠡᠳᠬᠡᠮᠵᠢ ᠵᠢᠨ ᠨᠢᠭᠡ ᠴᠣᠭᠴᠠᠵᠢᠭᠤᠯᠤᠯᠲᠠ ᠵᠢ ᠲᠦᠷᠭᠡᠳᠬᠡᠨ᠎ᠡ
(ᠠᠷᠪᠠᠨ ᠲᠠᠪᠤ) ᠪᠣᠳᠣᠬᠤ ᠬᠦᠴᠦᠨ᠎ᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠪᠣᠳᠣᠬᠤ ᠬᠦᠴᠦᠨ᠎ᠤ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠵᠦ᠂ ᠪᠣᠳᠣᠬᠤ ᠬᠦᠴᠦᠨ᠎ᠤ ᠶᠡᠷᠦᠩᠬᠡᠶ ᠬᠡᠮᠵᠢᠶ᠎ᠡ᠂ ᠪᠣᠳᠣᠬᠤ ᠬᠦᠴᠦᠨ᠎ᠤ ᠲᠠᠷᠬᠠᠯᠲᠠ᠂ ᠪᠣᠳᠣᠬᠤ ᠬᠦᠴᠦᠨ᠎ᠤ ᠪᠦᠷᠢᠯᠳᠦᠯ ᠪᠠ ᠮᠡᠷᠭᠡᠵᠢᠯ᠎ᠤᠨ ᠬᠡᠯᠪᠡᠷᠢ ᠵᠢᠨ ᠰᠣᠩᠭᠤᠯᠲᠠ ᠵᠡᠷᠭᠡ ᠵᠢ ᠣᠢ᠍ᠢ᠍ᠯᠠᠭ᠋ᠠᠨ ᠲᠣᠳᠣᠯᠠᠵᠤ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠪᠣᠳᠣᠬᠤ ᠬᠦᠴᠦᠨ᠎ᠤ 《ᠨᠢᠭᠡᠳᠪᠦᠷᠢ ᠳᠠᠩᠰᠠ》 ᠵᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠂ ᠡᠯ᠎ᠡ ᠠᠶ᠋ᠢᠮᠠᠭ ᠬᠤᠲᠠ ᠵᠢᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ᠎ᠤ 9 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ) ᠥᠪᠡᠷᠲᠡᠭᠡᠨ ᠵᠠᠰᠠᠬᠤ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠡᠭᠦᠯᠡᠨ ᠬᠢᠨᠠᠨ ᠰᠢᠯᠭ᠋ᠠᠵᠦ ᠵᠠᠳᠠᠯᠬᠤ ᠰᠢᠰᠲ᠋ᠧᠮ᠎ᠢ ᠪᠠᠢ᠍ᠢ᠍ᠭᠤᠯᠤᠨ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠡᠭᠦᠯᠡᠨ ᠬᠢᠨᠠᠨ ᠰᠢᠯᠭ᠋ᠠᠯᠲᠠ ᠵᠠᠳᠠᠯᠤᠯᠲᠠ ᠵᠢ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠡᠭᠦᠯᠡᠨ ᠡᠬᠢ ᠪᠠᠶᠠᠯᠢᠭ᠎ᠤᠨ ᠠᠰᠢᠬᠯᠠᠯᠲᠠ᠂ ᠲᠤᠬᠠᠶ᠋ᠢᠯᠠᠭᠰᠠᠨ ᠠᠵᠢᠯ᠎ᠤᠨ ᠰᠢᠨᠵᠢ ᠴᠢᠳᠠᠮᠵᠢ ᠵᠡᠷᠭᠡ ᠳ᠋ᠠᠢ᠍ᠢ᠍ᠲ᠋ᠠ ᠵᠢ ᠬᠤᠷᠠᠮᠳᠤᠭᠤᠯᠤᠨ᠂ ᠵᠠᠰᠠᠭ᠎ᠤᠨ ᠶᠠᠪᠤᠳᠠᠯ᠎ᠤᠨ ᠡᠭᠦᠯᠡᠨ ᠡᠬᠢ ᠪᠠᠶᠠᠯᠢᠭ᠎ᠤᠨ ᠬᠡᠷᠡᠭᠯᠡᠯᠲᠡ ᠵᠢᠨ ᠪᠠᠶ᠋ᠢᠳᠠᠯ᠎ᠢ ᠡᠵᠡᠮᠰᠢᠨ᠂ ᠡᠭᠦᠯᠡᠨ ᠡᠬᠢ ᠪᠠᠶᠠᠯᠢᠭ᠎ᠤᠨ ᠵᠠᠳᠠᠯᠤᠯᠲᠠ ᠦᠨᠡᠯᠡᠨ ᠵᠢᠱ᠌ᠢᠯᠲᠡ ᠵᠢ ᠥᠷᠨᠢᠭᠦᠯᠵᠦ᠂ ᠡᠭᠦᠯᠡᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯᠯᠠᠭᠤᠯᠤᠨ ᠡᠵᠡᠩᠨᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠡᠭᠦᠯᠡᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠥᠨᠳᠥᠷ ᠪᠦᠲᠦᠮᠵᠢᠲᠡᠶ ᠬᠡᠷᠡᠭᠯᠡᠬᠦ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠡᠭᠦᠯᠡᠨ ᠡᠬᠢ ᠪᠠᠶᠠᠯᠢᠭ᠎ᠢ ᠨᠢᠭᠡᠳᠦᠯᠲᠡᠶ ᠳᠣᠭᠢᠷᠠᠭᠤᠯᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠪᠥᠬᠦ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠤᠨ ᠲᠣᠭᠲᠠᠯᠴᠠᠭ᠎ᠠ ᠵᠢ ᠪᠠᠶ᠋ᠢᠭᠤᠯᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
(ᠠᠷᠪᠠᠨ ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠡᠭᠦᠯᠡᠨ ᠭᠤᠤᠯ ᠪᠡᠯᠡᠳᠬᠡᠯ ᠵᠠᠩᠭᠢᠶᠠᠰᠤ ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠤᠤᠯ ᠪᠡᠯᠡᠳᠬᠡᠯ ᠵᠠᠩᠭᠢᠶᠠᠰᠤ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠡᠭᠦᠯᠡᠨ᠎ᠤ ᠥᠨᠳᠥᠷ ᠠᠰᠢᠬᠯᠠᠮᠵᠢ᠎ᠲᠤ ᠬᠡᠷᠡᠭᠯᠡᠵᠦ ᠪᠣᠯᠬᠤᠶ᠋ᠢᠴᠠ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠤᠨ ᠪᠣᠳᠣᠬᠤ ᠬᠦᠴᠦᠨ᠎ᠤ ᠪᠡᠯᠡᠳᠬᠡᠮᠵᠢ ᠵᠢ ᠰᠢᠯᠢᠳᠡᠭᠵᠢᠭᠦᠯᠵᠦ᠂ ᠡᠭᠦᠯᠡᠨ ᠲᠠᠪᠴᠠᠩ᠂ ᠲᠣᠮᠣ ᠳ᠋ᠠᠶ᠋ᠢᠲ᠋ᠠ ᠵᠢᠨ ᠲᠠᠪᠴᠠᠩ᠎ᠤᠨ ᠰᠠᠭᠤᠷᠢ 《ᠰᠠᠭᠤᠳᠠᠯ》᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠂ ᠳ᠋ᠠᠶ᠋ᠢᠲ᠋ᠠ ᠵᠢ ᠴᠤᠭᠯᠠᠭᠤᠯᠬᠤ᠂ ᠬᠠᠳᠠᠭ᠋ᠠᠯᠠᠬᠤ᠂ ᠪᠤᠳᠤᠬᠤ᠂ ᠵᠠᠰᠠᠬᠤ᠂ ᠵᠠᠳᠠᠯᠬᠤ᠂ ᠦᠢ᠍ᠯᠡᠴᠢᠯᠡᠬᠦ ᠵᠡᠷᠭᠡ ᠰᠠᠭᠤᠷᠢ ᠴᠢᠳᠠᠮᠵᠢ ᠵᠢ ᠬᠠᠩᠭ᠋ᠠᠵᠤ᠂ ᠳ᠋ᠠᠶ᠋ᠢᠲ᠋ᠠ ᠵᠢᠨ ᠭᠠᠷᠴᠠᠭ᠂ ᠵᠠᠰᠠᠯᠲᠠ᠂ ᠬᠠᠮᠲᠤ᠎ᠪᠠᠷ ᠭᠥᠷᠳᠡᠬᠦ ᠵᠡᠷᠭᠡ ᠰᠢᠰᠲ᠋ᠧᠮ᠎ᠤᠨ ᠠᠵᠢᠯᠯᠠᠭ᠋ᠠᠨ᠎ᠢ ᠠᠴᠢᠶᠠᠯᠠᠨ᠂ ᠬᠡᠷᠡᠭᠴᠡᠭᠡ᠎ᠪᠠᠨ ᠦᠨᠳᠦᠰᠦᠯᠡᠵᠦ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠢ ᠴᠤᠭᠯᠠᠭᠤᠯᠤᠨ ᠨᠢᠭᠡᠲᠦᠭᠦᠯᠵᠦ ᠡᠮᠬᠢᠳᠭᠡᠨ ᠨᠡᠢ᠍ᠢ᠍ᠯᠡᠭᠦᠯᠵᠦ ᠬᠠᠮᠲᠤ᠎ᠪᠠᠷ ᠬᠦᠷᠲᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ᠎ᠤᠨ ᠠᠵᠢᠯᠯᠠᠭ᠋ᠠᠨ᠎ᠢ ᠪᠠᠲᠤᠯᠠᠨ᠎ᠠ᠃ 《ᠬᠤᠶᠠᠷ ᠭᠠᠵᠠᠷ ᠭᠤᠷᠪᠠᠨ ᠲᠥᠪ》᠎ᠤᠨ ᠵᠠᠭᠪᠤᠷ᠎ᠲᠤ ᠰᠠᠭᠤᠷᠢᠯᠠᠨ ᠲᠣᠰ ᠭᠠᠵᠠᠷ᠂ ᠣᠨᠳᠣᠤ ᠭᠠᠵᠠᠷ᠎ᠲᠤ ᠳ᠋ᠠᠶ᠋ᠢᠲ᠋ᠠ ᠵᠢᠨ ᠭᠠᠢ᠎ᠠᠴᠠ ᠰᠡᠷᠬᠡᠢ᠍ᠢ᠍ᠯᠡᠬᠦ ᠨᠦᠬᠡᠴᠡ ᠲᠥᠪ᠎ᠢ ᠪᠠᠶ᠋ᠢᠭᠤᠯᠵᠤ᠂ ᠲᠤᠬᠠᠶ᠋ᠢᠯᠠᠭᠰᠠᠨ ᠠᠵᠢᠯ᠎ᠤᠨ ᠥᠷᠭᠦᠯᠵᠢᠯᠡᠬᠦᠢ᠍ᠴᠡ ᠴᠢᠨᠠᠷ᠂ ᠲᠣᠭᠲᠠᠪᠤᠷᠢᠲᠤ ᠴᠢᠨᠠᠷ᠎ᠤᠨ ᠱᠠᠭ᠋ᠠᠷᠳᠠᠯᠭ᠎ᠠ᠎ᠪᠠᠷ ᠥᠨᠳᠥᠷ ᠵᠠᠩᠭᠢᠯᠠᠭ᠎ᠠ ᠵᠢᠨ ᠲᠤᠬᠠᠶ᠋ᠢᠯᠠᠭᠰᠠᠨ ᠠᠵᠢᠯ᠎ᠤᠨ ᠲᠣᠰ ᠭᠠᠵᠠᠷ ᠣᠷᠣᠨ᠎ᠳᠠᠬᠢ 《ᠬᠤᠤᠰ ᠠᠵᠢᠯᠯᠠᠭᠤᠷ》᠎ᠢ ᠠᠬᠢᠭᠤᠯᠵᠤ᠂ ᠴᠢᠬᠤᠯᠠ ᠳ᠋ᠠᠶ᠋ᠢᠲ᠋ᠠ ᠵᠢᠨ ᠣᠨᠳᠣᠤ ᠭᠠᠵᠠᠷ᠎ᠲᠤ ᠲᠣᠭᠲᠠᠭᠰᠠᠨ ᠬᠤᠭᠤᠴᠠᠭ᠎ᠠ᠎ᠪᠠᠷ ᠭᠠᠢ᠎ᠠᠴᠠ ᠰᠡᠷᠬᠡᠢ᠍ᠢ᠍ᠯᠡᠵᠦ ᠨᠦᠬᠡᠴᠡᠯᠡᠬᠦ ᠵᠢ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
(ᠠᠷᠪᠠᠨ ᠳᠣᠯᠤᠭ᠎ᠠ) ᠪᠣᠳᠣᠬᠤ ᠬᠦᠴᠦᠨ᠎ᠤ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠣᠳᠣᠬᠤ ᠬᠦᠴᠦᠨ᠎ᠤ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠡᠭᠦᠯᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠍ᠢ᠍ᠷᠢᠰᠢᠭᠤᠯᠵᠤ᠂ ᠡᠷᠴᠢᠮᠵᠢᠭᠦᠯᠦᠨ ᠬᠥᠭᠵᠢᠭᠦᠯᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠡᠭᠦᠯᠡᠨ ᠡᠬᠢ ᠪᠠᠶᠠᠯᠢᠭ᠎ᠤᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠵᠦ᠂ 《ᠹᠢᠽᠢᠺ ᠲᠠᠷᠬᠠᠯᠲᠠ᠎ᠲᠠᠢ ᠪᠠᠢ᠍ᠢ᠍ᠯᠭ᠋ᠠᠬᠤ᠂ ᠯᠣᠭᠢᠭ ᠲᠦᠪᠯᠡᠷᠡᠯ᠎ᠢ ᠪᠡᠶᠡᠯᠡᠭᠦᠯᠬᠦ᠂ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ᠂ ᠠᠮᠤᠷ ᠲᠦᠪᠰᠢᠨ᠎ᠢ ᠡᠵᠡᠮᠳᠡᠵᠦ ᠪᠣᠯᠬᠤ》 ᠵᠠᠷᠴᠢᠮ ᠶᠣᠰᠣᠭ᠋ᠠᠷ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠲᠥᠪ᠎ᠢ ᠡᠮᠬᠢᠯᠡᠨ ᠨᠡᠢ᠍ᠢ᠍ᠯᠡᠭᠦᠯᠵᠦ ᠥᠭᠡᠷᠡᠴᠢᠯᠡᠬᠦ ᠵᠢ ᠠᠬᠢᠭᠤᠯᠤᠨ᠎ᠠ᠃ ᠬᠡᠷᠡᠭᠴᠡᠭᠡ᠎ᠪᠠᠨ ᠦᠨᠳᠦᠰᠦᠯᠡᠵᠦ ᠵᠢᠷᠤᠮᠠᠭ ᠦᠵᠡᠭᠦᠯᠬᠦ ᠰᠢᠢ᠍ᠳᠪᠦᠷᠢᠯᠡᠭᠦᠷ (GPU)᠂ ᠲᠤᠰᠬᠠᠶ ᠬᠤᠷᠠᠮᠠᠯ ᠴᠠᠬᠢᠯᠭ᠋ᠠᠨ ᠬᠡᠯᠬᠢᠶᠡᠨ᠎ᠤ ᠴᠢᠫ (ASIC) ᠵᠡᠷᠭᠡ ᠣᠨᠳᠣᠤ ᠪᠦᠲᠦᠴᠡᠲᠦ ᠪᠣᠳᠣᠬᠤ ᠴᠢᠳᠠᠪᠤᠷᠢ ᠵᠢ ᠪᠣᠶ ᠪᠣᠯᠭ᠋ᠠᠵᠤ᠂ ᠬᠠᠳᠠᠭ᠋ᠠᠯᠠᠬᠤ ᠪᠠ ᠪᠤᠳᠤᠬᠤ ᠵᠢ ᠰᠠᠯᠭ᠋ᠠᠬᠤ᠂ ᠵᠢᠷᠤᠭ ᠵᠶ᠋ᠠᠷ ᠪᠤᠳᠤᠬᠤ᠂ ᠨᠢᠭᠤᠴᠠ᠎ᠪᠠᠷ ᠪᠤᠳᠤᠬᠤ ᠵᠡᠷᠭᠡ ᠰᠢᠨ᠎ᠡ ᠬᠡᠯᠪᠡᠷᠢ ᠵᠢᠨ ᠳ᠋ᠠᠢ᠍ᠢ᠍ᠲ᠋ᠠ ᠵᠢ ᠵᠠᠳᠠᠯᠤᠨ ᠬᠠᠮᠢᠶᠠᠷᠬᠤ ᠴᠢᠳᠠᠪᠤᠷᠢ ᠵᠢ ᠴᠣᠭᠴᠠᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
ᠳᠣᠯᠤᠭ᠎ᠠ᠂ ᠪᠠᠷᠢᠮᠵᠢᠶ᠎ᠠ ᠵᠢᠷᠤᠮᠵᠢᠯ᠎ᠤᠨ ᠨᠢᠭᠡ ᠴᠣᠭᠴᠠᠵᠢᠭᠤᠯᠤᠯᠲᠠ ᠵᠢ ᠠᠬᠢᠭᠤᠯᠤᠨ᠎ᠠ
(ᠠᠷᠪᠠᠨ ᠨᠠᠢ᠍ᠮᠠ) ᠤᠯᠤᠰ᠎ᠤᠨ ᠪᠠᠷᠢᠮᠵᠢᠶ᠎ᠠ ᠵᠢᠨ ᠲᠣᠭᠲᠠᠯᠴᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠬᠠᠮᠢᠶᠠᠷᠤᠯᠲᠠ᠂ ᠮᠡᠷᠭᠡᠵᠢᠯ᠎ᠤᠨ ᠲᠠᠪᠴᠠᠩ᠎ᠤᠨ ᠪᠠᠶ᠋ᠢᠭᠤᠯᠤᠯᠲᠠ ᠪᠠ ᠳ᠋ᠠᠢ᠍ᠢ᠍ᠲ᠋ᠠ ᠵᠢᠨ ᠬᠡᠷᠡᠭᠯᠡᠭᠡᠨ᠎ᠤ ᠦᠢ᠍ᠯᠡᠴᠢᠯᠡᠭᠡ ᠵᠡᠷᠭᠡ ᠭᠤᠤᠯᠳᠠᠯᠭ᠎ᠠ᠎ᠲᠠᠢ ᠲᠠᠯ᠎ᠠ ᠵᠢᠨ ᠲᠣᠭᠤᠷᠢᠨ᠎ᠳᠤ᠂ ᠤᠯᠤᠰ᠎ᠤᠨ ᠪᠠᠷᠢᠮᠵᠢᠶ᠎ᠠ ᠵᠢᠷᠤᠮᠵᠢᠯ᠎ᠢ ᠪᠤᠳᠠᠳᠠᠢ᠍ᠢ᠍ᠵᠢᠭᠤᠯᠤᠨ ᠨᠠᠢ᠍ᠢ᠍ᠳᠠᠪᠤᠷᠢᠵᠢᠭᠤᠯᠬᠤ ᠵᠢ ᠠᠬᠢᠭᠤᠯᠵᠤ᠂ ᠪᠠᠷᠢᠮᠵᠢᠶ᠎ᠠ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠨᠡᠶ᠋ᠢᠲᠡᠯᠡᠵᠦ᠂ ᠣᠷᠣᠨ ᠨᠤᠲᠤᠭ᠎ᠤᠨ ᠪᠠᠷᠢᠮᠵᠢᠶ᠎ᠠ ᠵᠢᠷᠤᠮᠵᠢᠯᠳᠤ ᠵᠠᠰᠠᠪᠤᠷᠢ ᠣᠷᠣᠭᠤᠯᠤᠨ᠂ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠠ ᠳ᠋ᠠᠢ᠍ᠢ᠍ᠲ᠋ᠠ ᠵᠢ ᠬᠠᠮᠲᠤ᠎ᠪᠠᠷ ᠭᠥᠷᠳᠡᠵᠦ ᠨᠡᠭᠡᠭᠡᠯᠲᠡ᠎ᠲᠠᠢ ᠪᠣᠯᠭ᠋ᠠᠬᠤ ᠦᠢ᠍ᠯᠡᠴᠢᠯᠡᠭᠡ ᠥᠷᠨᠢᠭᠦᠯᠬᠦ ᠪᠠᠷᠢᠮᠵᠢᠶᠠᠨ᠎ᠤ ᠦᠨᠳᠦᠰᠦᠯᠡᠯ᠎ᠢ ᠲᠣᠳᠣᠷᠬᠠᠢ ᠲᠣᠨᠨᠳᠠᠭ᠋ᠠᠨᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ ᠤᠯᠤᠰ᠎ᠤᠨ ᠪᠠᠷᠢᠮᠵᠢᠶ᠎ᠠ ᠵᠢᠷᠤᠮᠵᠢᠯ᠎ᠢ ᠨᠡᠢ᠍ᠢ᠍ᠲᠡᠯᠡᠭᠰᠡᠨ 3 ᠰᠠᠷ᠎ᠠ ᠵᠢᠨ ᠳᠣᠲᠣᠷ᠎ᠠ)
(ᠠᠷᠪᠠ ᠶᠢᠰᠦ) ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠵᠢ ᠲᠦᠷᠭᠡᠳᠬᠡᠨ᠎ᠡ᠃ ᠤᠯᠤᠰ᠎ᠤᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠪᠠᠷᠢᠮᠵᠢᠶ᠎ᠠ ᠵᠢᠨ ᠲᠤᠨᠨᠳᠠᠯᠴᠠᠭ᠋ᠠᠨ᠎ᠤ ᠪᠣᠷᠣ ᠲᠦᠰᠦᠪ ᠪᠠ ᠤᠯᠤᠰ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠣᠳᠠᠲᠠᠶ᠎ᠳᠤ ᠲᠣᠬᠢᠷᠠᠭᠰᠠᠨ ᠣᠷᠣᠨ ᠨᠤᠲᠤᠭ᠎ᠤᠨ ᠪᠠᠷᠢᠮᠵᠢᠶ᠎ᠠ ᠵᠢ ᠨᠠᠢ᠍ᠢ᠍ᠷᠠᠭᠤᠯᠤᠨ ᠵᠣᠬᠢᠶᠠᠨ᠎ᠠ᠃ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ᠂ ᠲᠠᠪᠴᠠᠩ᠎ᠤᠨ ᠮᠡᠷᠭᠡᠵᠢᠯ᠂ ᠳ᠋ᠠᠢ᠍ᠢ᠍ᠲ᠋ᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠡᠵᠡᠩᠨᠡᠯᠲᠡ᠂ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠤᠨ ᠪᠠᠶ᠋ᠢᠭᠤᠯᠤᠯᠲᠠ ᠪᠠ ᠬᠢᠨᠠᠨ ᠰᠢᠨᠵᠢᠬᠦ ᠬᠦᠷᠢᠶ᠎ᠡ ᠴᠠᠷᠠᠭ᠋ᠠᠨ᠎ᠤ ᠪᠠᠷᠢᠮᠵᠢᠶ᠎ᠠ ᠵᠢ ᠭᠤᠤᠯᠳᠠᠯᠭ᠎ᠠ᠎ᠲᠠᠢ ᠰᠤᠳᠤᠯᠤᠨ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠲᠣᠮᠣ ᠳ᠋ᠠᠶ᠋ᠢᠲ᠋ᠠ ᠵᠢᠨ ᠲᠥᠪ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠂ ᠦᠷᠭᠦᠯᠵᠢᠯᠡᠨ ᠠᠬᠢᠭᠤᠯᠤᠨ᠎ᠠ)
(ᠬᠤᠷᠢ) ᠪᠠᠷᠢᠮᠵᠢᠶ᠎ᠠ ᠵᠢᠷᠤᠮᠵᠢᠯ᠎ᠢ ᠪᠤᠲᠠᠲᠠᠢ᠍ᠢ᠍ᠵᠢᠭᠤᠯᠤᠨ ᠬᠡᠷᠡᠭᠵᠢᠭᠦᠯᠬᠦ ᠵᠢ ᠬᠠᠮᠵᠢᠯᠴᠠᠨ ᠠᠬᠢᠭᠤᠯᠤᠨ᠎ᠠ᠃ ᠪᠠᠷᠢᠮᠵᠢᠶ᠎ᠠ ᠵᠢᠷᠤᠮᠵᠢᠯ᠎ᠢ ᠪᠤᠲᠠᠲᠠᠢ᠍ᠢ᠍ᠵᠢᠭᠤᠯᠤᠨ ᠳᠡᠯᠭᠡᠷᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠬᠠᠮᠢᠶ᠎ᠠ ᠪᠦᠬᠦᠢ ᠤᠯᠤᠰ᠎ᠤᠨ ᠪᠠᠷᠢᠮᠵᠢᠶ᠎ᠠ ᠵᠢᠷᠤᠮᠵᠢᠯ᠂ ᠣᠷᠣᠨ ᠨᠤᠲᠤᠭ᠎ᠤᠨ ᠪᠠᠷᠢᠮᠵᠢᠶ᠎ᠠ ᠵᠢᠷᠤᠮᠵᠢᠯ ᠪᠠ ᠠᠵᠢᠯ ᠲᠥᠷᠥᠯ᠎ᠤᠨ ᠪᠠᠷᠢᠮᠵᠢᠶ᠎ᠠ ᠵᠢᠷᠤᠮᠵᠢᠯ᠎ᠢ ᠦᠨᠳᠦᠰᠦᠯᠡᠨ᠂ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠲᠠᠪᠴᠠᠩ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠳ᠋ᠠᠢ᠍ᠢ᠍ᠲ᠋ᠠ ᠵᠢᠨ ᠬᠠᠮᠢᠶᠠᠷᠤᠯᠲᠠ ᠵᠢᠨ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠵᠣᠬᠢᠴᠠᠬᠤ ᠴᠢᠨᠠᠷ᠎ᠤᠨ ᠬᠢᠨᠠᠨ ᠪᠠᠶ᠋ᠢᠴᠠᠭ᠋ᠠᠯᠲᠠ ᠪᠠ ᠬᠡᠷᠡᠭᠵᠢᠭᠦᠯᠦᠯᠲᠡ᠎ᠳᠤ ᠠᠮᠵᠢᠯᠲᠠ ᠪᠦᠲᠦᠮᠵᠢ ᠵᠢᠨ ᠦᠨᠡᠯᠡᠨ ᠵᠢᠱ᠌ᠢᠯᠲᠡ ᠵᠢ ᠥᠷᠨᠢᠭᠦᠯᠵᠦ᠂ ᠵᠢᠷᠤᠮᠵᠢᠯ᠎ᠨᠢ ᠨᠢᠭᠡᠳᠦᠯᠲᠡᠶ᠂ ᠥᠨᠳᠥᠷ ᠪᠦᠳᠦᠮᠵᠢᠳᠡᠢ ᠬᠠᠮᠵᠢᠯᠴᠠᠭᠰᠠᠨ᠂ ᠲᠤᠯᠭ᠋ᠠᠭᠤᠷᠢᠯᠠᠯ᠎ᠨᠢ ᠬᠦᠴᠦᠲᠡᠶ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠍ᠢ᠍ᠲ᠋ᠠ ᠵᠢᠨ ᠪᠠᠷᠢᠮᠵᠢᠶᠠᠨ᠎ᠤ ᠲᠣᠭᠲᠠᠯᠴᠠᠭ᠎ᠠ ᠵᠢ ᠪᠣᠶ ᠪᠣᠯᠭ᠋ᠠᠬᠤ ᠵᠢ ᠠᠬᠢᠭᠤᠯᠵᠤ᠂ ᠪᠠᠷᠢᠮᠵᠢᠶᠠᠨ᠎ᠤ ᠲᠤᠨᠨᠳᠠᠯᠴᠠᠭ᠋ᠠᠨ᠎ᠤ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠲᠣᠮᠣ ᠳ᠋ᠠᠶ᠋ᠢᠲ᠋ᠠ ᠵᠢᠨ ᠲᠥᠪ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
ᠨᠠᠢ᠍ᠮᠠ᠂ ᠠᠮᠤᠷ ᠲᠦᠪᠰᠢᠨ᠎ᠤ ᠪᠠᠲᠤᠯᠠᠭ᠎ᠠ ᠵᠢᠨ ᠨᠢᠭᠡ ᠴᠣᠭᠴᠠᠵᠢᠭᠤᠯᠤᠯᠲᠠ ᠵᠢ ᠲᠦᠷᠭᠡᠳᠬᠡᠨ᠎ᠡ
(ᠬᠤᠷᠢᠨ ᠨᠢᠭᠡ) ᠳ᠋ᠠᠢ᠍ᠢ᠍ᠲ᠋ᠠ ᠵᠢᠨ ᠠᠮᠤᠷ ᠲᠦᠪᠰᠢᠨ᠎ᠤ ᠲᠦᠷᠢᠮ ᠵᠢᠷᠤᠮᠵᠢᠯ᠎ᠢ ᠪᠦᠷᠢᠨᠰᠢᠭᠦᠯᠦᠨ᠎ᠡ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠤᠨ ᠳ᠋ᠠᠢ᠍ᠢ᠍ᠲ᠋ᠠ ᠵᠢᠨ ᠠᠮᠤᠷ ᠲᠦᠪᠰᠢᠨ᠎ᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳ᠋ᠠᠢ᠍ᠢ᠍ᠲ᠋ᠠ ᠵᠢ ᠲᠥᠷᠥᠯ ᠠᠩᠬᠢᠯᠠᠵᠤ ᠲᠠᠰ ᠬᠤᠪᠢᠶᠠᠬᠤ᠂ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠬᠢᠬᠦ ᠵᠡᠷᠭᠡ ᠪᠣᠳᠠᠲᠠᠶ ᠲᠦᠷᠢᠮ ᠪᠠ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠨ᠎ᠠ᠃ ᠳ᠋ᠠᠢ᠍ᠢ᠍ᠲ᠋ᠠ ᠵᠢᠨ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠤ᠂ 《ᠬᠡᠨ ᠬᠠᠮᠢᠶᠠᠷᠪᠠᠯ ᠲᠡᠷᠡ ᠬᠠᠷᠢᠭᠤᠴᠠᠬᠤ》 ᠪᠠ 《ᠬᠡᠨ ᠬᠡᠷᠡᠭᠯᠡᠪᠡᠯ ᠲᠡᠷᠡ ᠬᠠᠷᠢᠭᠤᠴᠠᠬᠤ》 ᠵᠠᠷᠴᠢᠮ ᠶᠣᠰᠣᠭ᠋ᠠᠷ᠂ ᠳ᠋ᠠᠢ᠍ᠢ᠍ᠲ᠋ᠠ ᠵᠢᠨ ᠡᠷᠭᠢᠯᠲᠡ ᠵᠢᠨ ᠪᠥᠬᠦ ᠴᠣᠪᠣᠷᠠᠯ᠎ᠳᠠᠬᠢ ᠡᠯ᠎ᠡ ᠲᠠᠯ᠎ᠠ ᠵᠢᠨ ᠡᠷᠬᠡ ᠡᠭᠦᠷᠭᠡ ᠪᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠢᠯᠭ᠋ᠠᠨ ᠲᠣᠳᠣᠷᠬᠠᠢ᠍ᠢ᠍ᠯᠠᠨᠠ᠃ ᠳ᠋ᠠᠶ᠋ᠢᠲ᠋ᠠ ᠵᠢᠨ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ ᠵᠢᠨ ᠲᠣᠭᠤᠷᠢᠨ᠎ᠳᠤ ᠰᠣᠷᠪᠣᠯᠵᠢᠯᠠᠬᠤ ᠡᠷᠬᠡ ᠬᠢᠵᠠᠭ᠋ᠠᠷ᠎ᠢ ᠡᠵᠡᠮᠳᠡᠬᠦ᠂ ᠬᠡᠪ᠎ᠤᠨ ᠪᠤᠰᠤ ᠲᠦᠭᠰᠢᠭᠦᠷᠢ ᠵᠢ ᠢᠯᠭ᠋ᠠᠨ ᠲᠠᠨᠢᠬᠤ᠂ ᠠᠮᠤᠷ ᠲᠦᠪᠰᠢᠨ᠎ᠤ ᠲᠦᠭᠰᠢᠭᠦᠷᠢ ᠵᠢ ᠰᠢᠢ᠍ᠳᠪᠦᠷᠢᠯᠡᠬᠦ᠂ ᠦᠢ᠍ᠯᠡ ᠠᠵᠢᠯᠯᠠᠭ᠎ᠠ ᠵᠢ ᠬᠢᠨᠠᠨ ᠪᠤᠳᠤᠬᠤ᠂ ᠳ᠋ᠠᠶ᠋ᠢᠲ᠋ᠠ ᠵᠢ ᠠᠮᠤᠷ ᠲᠦᠪᠰᠢᠨ ᠵᠶ᠋ᠠᠷ ᠤᠰᠠᠳᠬᠠᠬᠤ᠂ ᠭᠦᠢ᠍ᠴᠡᠳᠬᠡᠯ ᠲᠤᠭ᠎ᠠ ᠵᠢ ᠦᠨᠡᠯᠡᠨ ᠵᠢᠱ᠌ᠢᠬᠦ ᠵᠡᠷᠭᠡ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ᠎ᠢ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠬᠤᠷᠢᠨ ᠬᠤᠶᠠᠷ) ᠲᠠᠪᠴᠠᠩ᠎ᠤᠨ ᠮᠡᠷᠭᠡᠵᠢᠯ᠎ᠤᠨ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠳ᠋ᠠᠢ᠍ᠢ᠍ᠲ᠋ᠠ ᠵᠢᠨ ᠠᠮᠤᠷ ᠲᠦᠪᠰᠢᠨ᠎ᠤ ᠪᠠᠶ᠋ᠢᠳᠠᠯ᠎ᠢ ᠰᠡᠷᠡᠵᠦ ᠮᠡᠳᠡᠷᠡᠬᠦ ᠲᠠᠪᠴᠠᠩ᠎ᠢ ᠪᠠᠶ᠋ᠢᠭᠤᠯᠵᠤ᠂ ᠳ᠋ᠠᠢ᠍ᠢ᠍ᠲ᠋ᠠ ᠵᠢᠨ ᠠᠮᠤᠷ ᠲᠦᠪᠰᠢᠨ᠎ᠢ ᠪᠠᠢ᠍ᠢ᠍ᠩᠭᠤᠵᠢᠭᠤᠯᠤᠨ ᠪᠠᠶ᠋ᠢᠴᠠᠭ᠋ᠠᠨ ᠰᠢᠨᠵᠢᠬᠦ ᠪᠠ ᠮᠡᠷᠭᠡᠵᠢᠯ᠎ᠤᠨ ᠲᠠᠯ᠎ᠠ᠎ᠪᠠᠷ ᠰᠡᠷᠭᠡᠶ᠋ᠢᠯᠡᠨ ᠬᠠᠮᠠᠭ᠋ᠠᠯᠠᠬᠤ᠎ᠪᠠᠨ ᠴᠢᠩᠭ᠋ᠠᠳᠬᠠᠨ᠂ ᠳ᠋ᠠᠢ᠍ᠢ᠍ᠲ᠋ᠠ᠎ᠳᠤ ᠬᠠᠨᠳᠤᠭᠤᠯᠤᠭᠰᠠᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠮᠡᠷᠭᠡᠵᠢᠯ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠬᠦᠯᠵᠦ᠂ ᠠᠮᠤᠷ ᠲᠦᠪᠰᠢᠨ᠎ᠤ ᠰᠡᠷᠭᠡᠢ᠍ᠢ᠍ᠯᠡᠯᠲᠡ ᠬᠠᠮᠠᠭ᠋ᠠᠯᠠᠯᠲᠠ ᠵᠢᠨ ᠬᠢᠨᠠᠨ ᠰᠢᠨᠵᠢᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠡᠯᠧᠺᠲᠷᠣᠨ ᠵᠶ᠋ᠠᠷ ᠭᠡᠷᠡᠴᠢᠯᠡᠬᠦ᠂ ᠳ᠋ᠠᠢ᠍ᠢ᠍ᠲ᠋ᠠ ᠵᠢ ᠨᠢᠭᠤᠴᠠᠯᠠᠨ ᠬᠠᠳᠠᠭ᠋ᠠᠯᠠᠬᠤ᠂ ᠳᠠᠮᠵᠢᠭᠤᠯᠬᠤ ᠪᠠ ᠬᠡᠷᠡᠭᠯᠡᠬᠦ ᠠᠷᠭ᠎ᠠ ᠪᠠᠷᠢᠯ᠎ᠢ ᠭᠦᠢ᠍ᠴᠡᠳ ᠠᠰᠢᠬᠯᠠᠨ᠂ ᠳ᠋ᠠᠢ᠍ᠢ᠍ᠲ᠋ᠠ ᠵᠢ ᠥᠭᠡᠷᠡᠲᠦᠭᠦᠯᠬᠦ ᠵᠢ ᠰᠡᠷᠭᠡᠢ᠍ᠢ᠍ᠯᠡᠵᠦ᠂ ᠳ᠋ᠠᠢ᠍ᠢ᠍ᠲ᠋ᠠ ᠵᠢᠨ ᠰᠡᠷᠬᠡᠭᠴᠡ ᠦᠬᠡᠢ᠍ᠢ᠍ᠳᠡᠬᠦᠯᠦᠨ ᠬᠡᠷᠡᠭᠯᠡᠬᠦ ᠵᠢ ᠠᠬᠢᠭᠤᠯᠵᠤ᠂ ᠴᠢᠬᠤᠯᠠ ᠳ᠋ᠠᠢ᠍ᠢ᠍ᠲ᠋ᠠ ᠪᠠ ᠬᠤᠪᠢ ᠬᠥᠮᠦᠨ᠎ᠤ ᠨᠢᠭᠤᠴᠠ᠂ ᠬᠤᠳᠠᠯᠳᠤᠭ᠋ᠠᠨ᠎ᠤ ᠨᠢᠭᠤᠴᠠ ᠵᠢᠨ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ ᠳ᠋ᠠᠢ᠍ᠢ᠍ᠲ᠋ᠠ ᠵᠢ ᠰᠤᠷᠪᠤᠯᠵᠢᠯᠠᠨ ᠦᠵᠡᠬᠦ ᠦᠢ᠍ᠯᠡ ᠠᠵᠢᠯᠯᠠᠭ᠎ᠠ ᠵᠢ ᠴᠢᠩᠭ᠎ᠠ ᠬᠠᠮᠢᠶᠠᠷᠤᠨ ᠡᠵᠡᠮᠳᠡᠵᠦ᠂ ᠶᠠᠪᠤᠴᠠ ᠵᠢ ᠪᠦᠷᠢᠨ ᠲᠡᠮᠳᠡᠭᠯᠡᠬᠦ ᠪᠠ ᠡᠷᠬᠡ ᠵᠢᠨ ᠬᠢᠵᠠᠭ᠋ᠠᠷ᠎ᠢ ᠨᠠᠷᠢᠯᠢᠬ᠍ᠵᠢᠭᠤᠯᠤᠨ ᠬᠠᠮᠢᠶᠠᠷᠬᠤ ᠵᠢ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠲᠦᠷᠦᠭᠦᠯᠡᠨ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ) ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠰᠦᠯᠵᠢᠶᠡᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠵᠤ᠂ ᠪᠥᠬᠦ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠲᠣᠤᠷ ᠰᠦᠯᠵᠢᠶ᠎ᠡ ᠪᠠ ᠳ᠋ᠠᠢ᠍ᠢ᠍ᠲ᠋ᠠ ᠵᠢᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠯᠤᠰ᠎ᠤᠨ ᠲᠠᠪᠴᠠᠩ᠎ᠯᠤᠭ᠎ᠠ ᠵᠡᠷᠭᠡ᠎ᠪᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠥᠪ᠎ᠢ ᠲᠠᠰ ᠳᠡᠪᠰᠢᠭᠦᠯᠬᠦ ᠵᠢᠨ ᠬᠠᠮᠲᠤ ᠳᠡᠭᠡᠭᠰᠢ᠎ᠪᠠᠨ ᠤᠯᠤᠰ᠎ᠤᠨ ᠲᠠᠪᠴᠠᠩ᠎ᠳᠤ ᠵᠠᠯᠭ᠋ᠠᠨ ᠣᠷᠣᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠬᠠᠶ᠋ᠢᠯᠠᠭᠰᠠᠨ ᠠᠵᠢᠯ᠎ᠢ ᠲᠠᠰᠤᠯᠳᠠᠭᠤᠯᠬᠤ ᠥᠬᠡᠶ᠂ ᠬᠠᠭᠤᠳᠠᠰᠤ ᠨᠢᠭᠤᠷ᠎ᠢ ᠥᠭᠡᠷᠡᠲᠦᠭᠦᠯᠬᠦ ᠥᠬᠡᠶ᠂ ᠳ᠋ᠠᠢ᠍ᠢ᠍ᠲ᠋ᠠ ᠵᠢ ᠵᠠᠳᠠᠷᠠᠭᠤᠯᠬᠤ ᠦᠭᠡᠢ ᠪᠠᠢ᠍ᠢ᠍ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠬᠤᠷᠢᠨ ᠭᠤᠷᠪᠠ) ᠳ᠋ᠠᠢ᠍ᠢ᠍ᠲ᠋ᠠ ᠵᠢᠨ ᠠᠮᠤᠷ ᠲᠦᠪᠰᠢᠨ ᠵᠶ᠋ᠠᠷ ᠠᠵᠢᠯᠯᠠᠭᠤᠯᠬᠤ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠳ᠋ᠠᠶ᠋ᠢᠲ᠋ᠠ ᠵᠢ ᠠᠮᠤᠷ ᠲᠦᠪᠰᠢᠨ ᠵᠶ᠋ᠠᠷ ᠠᠵᠢᠯᠯᠠᠭᠤᠯᠵᠤ ᠬᠠᠮᠠᠭ᠋ᠠᠯᠠᠬᠤ ᠪᠠ ᠡᠵᠡᠩᠨᠡᠵᠦ ᠠᠵᠢᠯᠯᠠᠭᠤᠯᠬᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠠᠯ᠎ᠠ ᠵᠢᠨ ᠡᠷᠬᠡ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠤ᠂ ᠳ᠋ᠠᠶ᠋ᠢᠲ᠋ᠠ ᠵᠢᠨ ᠠᠮᠤᠷ ᠲᠦᠪᠰᠢᠨ᠎ᠤ ᠲᠦᠭᠰᠢᠭᠦᠷᠢ ᠵᠢᠨ ᠮᠡᠳᠡᠭᠡ ᠵᠠᠩᠭᠢ ᠵᠢ ᠤᠯᠬᠤ᠂ ᠵᠠᠳᠠᠯᠬᠤ᠂ ᠰᠤᠳᠤᠯᠤᠨ ᠮᠠᠭ᠋ᠠᠳᠯᠠᠬᠤ᠂ ᠰᠡᠷᠡᠮᠵᠢᠯᠡᠭᠦᠯᠬᠦ ᠵᠢ ᠴᠢᠩᠭ᠋ᠠᠳᠬᠠᠨ᠎ᠠ᠃ ᠠᠵᠢᠯ ᠶᠠᠪᠤᠳᠠᠯ᠎ᠤᠨ ᠡᠮᠦᠨ᠎ᠡ ᠬᠢᠨᠠᠨ ᠵᠥᠪᠰᠢᠶᠡᠷᠡᠬᠦ ᠵᠢ ᠬᠠᠮᠢᠶᠠᠷᠬᠤ᠂ ᠠᠵᠢᠯ ᠶᠠᠪᠤᠳᠠᠯ᠎ᠤᠨ ᠳᠤᠮᠳᠠ ᠪᠦᠬᠦᠨ᠎ᠢ ᠣᠷᠣᠮ ᠦᠯᠡᠳᠡᠭᠡᠬᠦ᠂ ᠠᠵᠢᠯ ᠶᠠᠪᠤᠳᠠᠯ᠎ᠤᠨ ᠳᠠᠷᠠᠭ᠎ᠠ ᠮᠦᠷᠳᠡᠨ ᠤᠬᠤᠴᠢᠯᠠᠵᠤ ᠪᠣᠯᠬᠤ ᠳ᠋ᠠᠢ᠍ᠢ᠍ᠲ᠋ᠠ ᠵᠢᠨ ᠠᠮᠤᠷ ᠲᠦᠪᠰᠢᠨ ᠠᠵᠢᠯᠯᠠᠭ᠋ᠠᠨ᠎ᠤ ᠬᠢᠨᠠᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠳ᠋ᠠᠢ᠍ᠢ᠍ᠲ᠋ᠠ ᠰᠣᠯᠢᠯᠴᠠᠬᠤ ᠬᠠᠷᠢᠭᠤᠴᠠᠯᠭ᠎ᠠ ᠵᠢᠨ ᠭᠤᠤᠯ ᠴᠣᠭᠴᠠ ᠵᠢ ᠲᠣᠳᠣᠷᠬᠠᠢ ᠲᠣᠭᠲᠠᠭ᠋ᠠᠵᠤ᠂ ᠳ᠋ᠠᠢ᠍ᠢ᠍ᠲ᠋ᠠ ᠵᠢ ᠬᠡᠷᠡᠭᠯᠡᠬᠦ ᠭᠤᠶᠤᠴᠢᠯᠠᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ ᠪᠠ ᠳ᠋ᠠᠢ᠍ᠢ᠍ᠲ᠋ᠠ ᠵᠢ ᠣᠯᠤᠭᠰᠠᠨ᠎ᠤ ᠳᠠᠷᠠᠭ᠎ᠠ ᠬᠡᠷᠡᠭᠯᠡᠯᠲᠡ ᠵᠢᠨ ᠴᠠᠭ᠋ᠠᠨ ᠳᠠᠩᠰᠠ ᠵᠢᠨ ᠡᠵᠡᠮᠳᠡᠯ᠎ᠢ ᠴᠢᠩᠭ᠋ᠠᠳᠬᠠᠵᠤ᠂ ᠳ᠋ᠠᠢ᠍ᠢ᠍ᠲ᠋ᠠ ᠵᠢᠨ ᠬᠡᠪ᠎ᠤᠨ ᠪᠤᠰᠤ ᠬᠡᠷᠡᠭᠯᠡᠯᠲᠡ ᠵᠢᠨ ᠦᠢ᠍ᠯᠡ ᠠᠵᠢᠯᠯᠠᠭ᠎ᠠ ᠵᠢ ᠢᠯᠡᠷᠡᠭᠦᠯᠬᠦ᠂ ᠢᠷᠡᠯᠲᠡ ᠵᠢ ᠡᠷᠢᠬᠦ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠳ᠋ᠠᠢ᠍ᠢ᠍ᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠢᠲᠡᠭᠦᠦ ᠴᠦᠷᠭᠡᠯᠡᠭᠡ ᠵᠢ ᠪᠣᠶ ᠪᠣᠯᠭ᠋ᠠᠵᠤ᠂ ᠳ᠋ᠠᠢ᠍ᠢ᠍ᠲ᠋ᠠ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠬᠠᠷᠢᠭᠤᠴᠠᠵᠤ᠂ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)
ᠶᠢᠰᠦ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠤᠲᠠᠲᠠᠢ᠍ᠢ᠍ᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠨ᠎ᠠ
(ᠬᠤᠷᠢᠨ ᠳᠥᠷᠪᠡ) ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠪᠠᠨ ᠴᠢᠩᠭ᠋ᠠᠳᠬᠠᠨ᠎ᠠ᠃ ᠪᠥᠬᠦ ᠣᠷᠣᠨ᠎ᠤ ᠨᠢᠭᠡ ᠴᠤᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠬᠠᠮᠢᠶᠠᠷᠤᠯᠲᠠ ᠪᠠ ᠬᠡᠷᠡᠭᠯᠡᠭᠡᠨ᠎ᠤ ᠦᠨᠡᠯᠡᠨ ᠵᠢᠱ᠌ᠢᠯᠲᠡ ᠦᠨᠡᠯᠡᠯᠲᠡ ᠵᠢᠨ ᠲᠣᠭᠲᠠᠯᠴᠠᠭ᠎ᠠ ᠵᠢ ᠰᠤᠳᠤᠯᠤᠨ ᠲᠣᠭᠲᠠᠭ᠋ᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠵᠢᠯᠣᠭᠤᠳᠤᠨ ᠵᠠᠰᠠᠭ᠎ᠤᠨ ᠶᠠᠪᠤᠳᠠᠯ᠎ᠤᠨ ᠳ᠋ᠠᠢ᠍ᠢ᠍ᠲ᠋ᠠ ᠵᠢᠨ ᠬᠠᠮᠢᠶᠠᠷᠤᠯᠲᠠ ᠪᠠ ᠬᠡᠷᠡᠭᠯᠡᠯᠲᠡ ᠵᠢ ᠴᠢᠩᠭ᠋ᠠᠳᠬᠠᠵᠤ᠂ ᠡᠯ᠎ᠡ ᠭᠠᠵᠠᠷ ᠣᠷᠣᠨ᠎ᠢ ᠰᠢᠮᠳᠠᠭᠤᠯᠵᠤ ᠪᠠᠶ᠋ᠢᠭ᠋ᠠᠳ ᠬᠠᠮᠢᠶ᠎ᠠ ᠪᠥᠬᠦᠶ ᠠᠵᠢᠯ᠎ᠢ ᠵᠠᠰᠠᠭ᠎ᠤᠨ ᠣᠷᠳᠣᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠰᠢᠯᠭ᠋ᠠᠨ ᠬᠢᠨᠠᠯᠲᠠ᠎ᠳᠤ ᠣᠷᠣᠭᠤᠯᠬᠤ ᠵᠢᠨ ᠬᠠᠮᠲᠤ᠂ ᠱᠠᠭ᠋ᠠᠷᠳᠠᠯᠭ᠎ᠠ ᠶᠣᠰᠣᠭ᠋ᠠᠷ ᠡᠭᠦᠷᠭᠡ᠎ᠪᠠᠨ ᠪᠡᠶᠡᠯᠡᠭᠦᠯᠦᠭᠰᠡᠨ ᠥᠬᠡᠶ ᠵᠢ᠎ᠨᠢ ᠭᠤᠤᠯᠳᠠᠯᠭ᠎ᠠ᠎ᠲᠠᠢ ᠰᠢᠮᠳᠠᠭᠤᠯᠤᠨ ᠪᠠᠶ᠋ᠢᠴᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠬᠤᠷᠢᠨ ᠲᠠᠪᠤ) ᠬᠢᠨᠠᠯᠲᠠ ᠲᠠᠯᠪᠢᠵᠤ ᠦᠨᠡᠯᠡᠨ ᠵᠢᠱ᠌ᠢᠬᠦ ᠵᠢ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠠᠵᠢᠯ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠠᠷᠭ᠎ᠠ ᠵᠢ ᠰᠤᠳᠤᠯᠤᠨ ᠲᠣᠭᠲᠠᠭ᠋ᠠᠨ᠎ᠠ᠃ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠯᠲᠡ᠂ ᠲᠤᠰᠬᠠᠶ ᠪᠠᠶ᠋ᠢᠭᠤᠯᠤᠮᠵᠢ ᠵᠢᠨ ᠦᠨᠡᠯᠡᠨ ᠲᠣᠭᠲᠠᠭ᠋ᠠᠯᠲᠠ᠂ ᠬᠡᠷᠡᠭᠯᠡᠭᠴᠢ ᠵᠢᠨ ᠬᠠᠨᠤᠮᠵᠢᠲᠠᠢ ᠪᠠᠢ᠍ᠢ᠍ᠬᠤ ᠬᠡᠮᠵᠢᠶ᠎ᠡ ᠵᠢᠨ ᠦᠨᠡᠯᠡᠯᠲᠡ ᠵᠡᠷᠭᠡ ᠠᠷᠭ᠎ᠠ ᠮᠠᠶᠢᠭ᠎ᠢ ᠢᠳᠡᠪᠬᠢᠲᠡᠶ᠎ᠪᠠᠷ ᠬᠡᠷᠡᠭᠯᠡᠨ ᠦᠨᠡᠯᠡᠨ ᠵᠢᠱ᠌ᠢᠯᠲᠡ ᠦᠨᠡᠯᠡᠯᠲᠡ ᠵᠢ ᠥᠷᠨᠢᠭᠦᠯᠦᠨ᠎ᠡ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)
(ᠬᠤᠷᠢᠨ ᠵᠢᠷᠭᠤᠭ᠎ᠠ) ᠵᠠᠷᠤᠳᠠᠯ᠎ᠤᠨ ᠬᠠᠮᠢᠶᠠᠷᠤᠯᠲᠠ ᠵᠢ ᠴᠢᠩᠳᠠᠯᠠᠨ᠎ᠠ᠃ ᠪᠥᠬᠦ ᠣᠷᠣᠨ᠎ᠤ ᠨᠢᠭᠡ ᠴᠤᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠮᠢᠶ᠎ᠠ ᠪᠥᠬᠦᠶ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠦ ᠵᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ᠎ᠳᠤ ᠣᠷᠣᠭᠤᠯᠵᠤ᠂ ᠬᠠᠮᠢᠶ᠎ᠠ ᠪᠥᠬᠦᠶ ᠠᠵᠢᠯ᠎ᠤᠨ ᠵᠠᠷᠤᠳᠠᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠲᠥᠰᠥᠪ᠎ᠲᠤ ᠣᠷᠣᠭᠤᠯᠤᠨ ᠨᠢᠭᠡᠲᠦᠯᠲᠡᠢ ᠲᠦᠯᠦᠪᠯᠡᠨ ᠲᠣᠬᠢᠷᠠᠭᠤᠯᠤᠨ᠎ᠠ᠃ ᠬᠠᠮᠢᠶ᠎ᠠ ᠪᠥᠬᠦᠶ ᠵᠠᠷᠤᠳᠠᠯ᠎ᠤᠨ ᠪᠥᠬᠦ ᠶᠠᠪᠤᠴᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠬᠠᠮᠢᠶᠠᠷᠤᠯᠲᠠ ᠵᠢ ᠰᠠᠢ᠍ᠢ᠍ᠵᠢᠷᠠᠭᠤᠯᠬᠤ ᠪᠠ ᠲᠥᠰᠦᠪ᠎ᠢ ᠳᠣᠭᠢᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠤᠨᠨᠳᠠᠯᠴᠠᠭ᠋ᠠᠨ᠎ᠤ ᠪᠠᠶ᠋ᠢᠭᠤᠯᠤᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠦᠬᠦᠨ᠎ᠳᠤ᠎ᠨᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ ᠬᠢᠬᠦ ᠦᠭᠡᠢ᠂ ᠠᠵᠢᠯᠯᠠᠭᠤᠯᠵᠤ ᠬᠠᠮᠠᠭ᠋ᠠᠯᠠᠬᠤ ᠪᠠ ᠡᠵᠡᠩᠨᠡᠵᠦ ᠠᠵᠢᠯᠯᠠᠭᠤᠯᠬᠤ ᠵᠠᠷᠤᠳᠠᠯ ᠳᠣᠭᠢᠷᠠᠭᠤᠯᠬᠤ ᠥᠬᠡᠶ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ)