ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ ᠦᠢ᠍ᠯᠡᠰ᠎ᠤᠨ ᠨᠢᠭᠡᠴᠢ᠎ᠳᠤ᠄
ᠡᠳᠦᠬᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠭᠠᠷᠴᠠᠭ᠎ᠤᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠵᠤ᠂ ᠬᠢᠨᠠᠮᠠᠭ᠋ᠠᠶ ᠵᠢᠷᠤᠮᠯᠠᠨ ᠬᠡᠷᠡᠭᠵᠢᠭᠦᠯᠲᠦᠭᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ
ᠶᠡᠭᠡ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠭᠠᠷᠴᠠᠭ᠎ᠤᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠠᠵᠢᠯᠯᠠᠭ᠎ᠠ ᠵᠢ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠲᠠᠬᠢ ᠬᠠᠮᠢᠶᠠᠷᠤᠯᠲᠠ᠎ᠪᠠᠨ ᠴᠢᠩᠭ᠋ᠠᠳᠬᠠᠬᠤ ᠵᠢᠨ ᠲᠤᠰᠠᠳᠠ᠂ 《ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠡᠰ ᠳᠠᠷᠠᠭ᠋ᠠᠯᠠᠯ᠎ᠤᠨ ᠲᠦᠷ ᠬᠡᠷᠡᠭᠵᠢᠭᠦᠯᠬᠦ ᠲᠦᠷᠢᠮ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠡᠰ ᠳᠠᠷᠠᠭ᠋ᠠᠯᠠᠯ᠎ᠤᠨ ᠲᠣᠭᠲᠠᠭ᠋ᠠᠯ》 (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 248 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠳᠡᠬᠡᠷ᠎ᠤᠨ ᠠᠵᠢᠯ᠎ᠤᠨ ᠰᠠᠯᠠᠭ᠎ᠠ ᠮᠥᠴᠢᠷ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ᠂ ᠲᠤᠬᠢᠷᠠᠭᠤᠯᠤᠯᠲᠠ ᠬᠢᠭᠦ᠎ᠳᠤ ᠲᠤᠰ ᠠᠷᠭ᠎ᠠ ᠬᠡᠷᠡᠭᠯᠡᠭᠳᠡᠨ᠎ᠡ᠃
ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠭᠠᠷᠴᠠᠭ᠎ᠲᠠᠬᠢ ᠬᠠᠮᠢᠶᠠᠷᠤᠯᠲᠠ᠎ᠳᠤ ᠡᠷᠬᠡᠪᠰᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠳᠠᠯᠠᠨ᠂ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠂ ᠠᠷᠠᠳᠴᠢᠯᠠᠯ᠎ᠲᠠᠢ᠂ ᠢᠯᠡ ᠪᠠᠢ᠍ᠢ᠍ᠯᠭ᠋ᠠᠬᠤ᠂ ᠥᠨᠳᠥᠷ ᠪᠦᠲᠦᠮᠵᠢᠲᠡᠶ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠲᠡᠶ᠃
ᠳᠥᠷᠪᠡᠳᠦᠭᠡᠷ ᠵᠦᠢ᠍ᠯ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠡᠰ ᠳᠠᠷᠠᠭ᠋ᠠᠯᠠᠯ᠎ᠤᠨ ᠲᠣᠭᠲᠠᠭ᠋ᠠᠯ》᠎ᠤᠨ ᠭᠤᠷᠪᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠳ᠎ᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠭᠠᠷᠴᠠᠭ᠎ᠤᠨ ᠬᠡᠪᠴᠢᠶᠡᠨ᠎ᠳᠤ ᠣᠷᠣᠭᠤᠯᠬᠤ ᠬᠡᠷᠡᠭᠲᠡᠶ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠭᠠᠷᠴᠠᠭ᠎ᠲᠠᠬᠢ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠤᠳᠤᠷᠢᠳᠤᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠯᠪᠠᠯᠠᠬᠤ ᠰᠠᠯᠠᠭ᠎ᠠ ᠮᠥᠴᠢᠷ᠎ᠤᠳ ᠲᠤᠰ ᠱᠠᠲᠤᠨ᠎ᠤ ᠵᠠᠰᠠᠭ᠎ᠤᠨ ᠣᠷᠳᠣᠨ᠎ᠤ᠎ᠪᠠᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠠᠮᠢᠶ᠎ᠠ ᠪᠦᠬᠦᠢ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠪᠠ ᠵᠢᠭ᠋ᠠᠨ ᠵᠢᠯᠣᠭᠤᠳᠬᠤ ᠵᠡᠷᠭᠡ ᠠᠵᠢᠯ᠎ᠢ ᠬᠠᠷᠢᠭᠤᠴᠠᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ᠎ᠪᠠᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠭᠠᠷᠴᠠᠭ᠎ᠢ ᠨᠠᠶ᠋ᠢᠷᠠᠭᠤᠯᠤᠨ ᠵᠣᠬᠢᠶᠠᠬᠤ᠂ ᠲᠤᠬᠢᠷᠠᠭᠤᠯᠤᠯᠲᠠ ᠬᠢᠬᠦ ᠵᠡᠷᠭᠡ ᠠᠵᠢᠯ᠎ᠢ ᠬᠠᠷᠢᠭᠤᠴᠠᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ ᠨᠢᠭᠡᠴᠢ᠎ᠨᠦᠭᠦᠳ ᠲᠤᠰ ᠰᠠᠯᠠᠭ᠎ᠠ ᠮᠥᠴᠢᠷ ᠨᠢᠭᠡᠴᠢ ᠵᠢᠨ ᠵᠶ᠋ᠠᠨ ᠲᠤᠰ ᠱᠠᠲᠤᠨ᠎ᠤ ᠵᠠᠰᠠᠭ᠎ᠤᠨ ᠣᠷᠳᠣᠨ᠎ᠳᠤ ᠲᠡᠪᠰᠢᠬᠦᠯᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠯᠭ᠋ᠠᠬᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠢ ᠭᠤᠶᠤᠴᠢᠯᠠᠨ ᠮᠡᠳᠡᠭᠦᠯᠬᠦ ᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠭᠠᠷᠴᠠᠭ᠎ᠢ ᠨᠠᠶ᠋ᠢᠷᠠᠭᠤᠯᠤᠨ ᠵᠣᠬᠢᠶᠠᠬᠤ᠂ ᠲᠣᠬᠢᠷᠠᠭᠤᠯᠤᠯᠲᠠ ᠬᠢᠬᠦ᠎ᠳᠤ ᠰᠠᠢ᠍ᠢ᠍ᠳᠤᠷ ᠬᠠᠮᠵᠢᠯᠴᠠᠬᠤ ᠵᠡᠷᠭᠡ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠠᠵᠢᠯ᠎ᠤᠨ ᠰᠠᠯᠠᠭ᠎ᠠ ᠮᠥᠴᠢᠷ ᠨᠢᠭᠡᠴᠢ᠎ᠨᠦᠭᠦᠳ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠢᠷᠡᠬᠦ ᠵᠢᠯ᠎ᠳᠤ ᠲᠤᠰ ᠰᠠᠯᠠᠭ᠎ᠠ ᠮᠥᠴᠢᠷ ᠨᠢᠭᠡᠴᠢ ᠵᠢᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠠᠷ ᠲᠤᠨᠨᠳᠠᠭ᠋ᠠᠵᠦ ᠬᠡᠷᠡᠭᠵᠢᠬᠦᠯᠬᠦ᠎ᠪᠠᠷ ᠪᠠᠢ᠍ᠢ᠍ᠭ᠎ᠠ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠲᠤᠬᠠᠢ ᠰᠠᠨᠠᠭᠤᠯᠭ᠎ᠠ᠎ᠪᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠦᠢ᠍ᠯᠡᠰ᠎ᠤᠨ ᠲᠤᠬᠠᠢ ᠰᠠᠨᠠᠭᠤᠯᠭ᠎ᠠ᠎ᠳᠤ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠵᠦᠢ᠍ᠯᠡᠰ᠎ᠤᠨ ᠨᠡᠷᠡᠶ᠋ᠢᠳᠦᠯ᠂ ᠦᠨᠳᠦᠰᠦᠯᠡᠯ᠂ ᠭᠤᠣᠯ ᠠᠭᠤᠯᠭ᠎ᠠ᠂ ᠰᠢᠢ᠍ᠳᠪᠦᠷᠢᠯᠡᠬᠦ᠎ᠪᠠᠷ ᠪᠠᠶ᠋ᠢᠭ᠎ᠠ ᠭᠤᠣᠯ ᠠᠰᠠᠭᠤᠳᠠᠯ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠡᠰ ᠳᠠᠷᠠᠭ᠋ᠠᠯᠠᠯ᠂ ᠪᠡᠶᠡᠯᠡᠭᠦᠯᠬᠦ ᠴᠠᠭ ᠬᠤᠭᠤᠴᠠᠭ᠎ᠠ ᠵᠡᠷᠭᠡ ᠪᠠᠭᠲᠠᠨ᠎ᠠ᠃
ᠳᠣᠯᠣᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠭᠦᠯᠢᠶᠡᠨ ᠠᠪᠤᠨᠨᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠮᠡᠳᠡᠭᠦᠯᠦᠨ ᠬᠦᠷᠭᠡᠭᠰᠡᠨ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠰᠠᠨᠠᠭᠤᠯᠭ᠎ᠠ ᠵᠢᠨ ᠵᠦᠢ᠍ᠯᠡᠰ᠎ᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠲᠠᠢ ᠬᠠᠮᠳᠤᠷᠠᠯᠴᠠᠨ ᠬᠢᠨᠠᠨ ᠬᠠᠷᠭᠤᠭᠤᠯᠤᠨ᠎ᠠ᠂ ᠴᠢᠬᠤᠯᠠᠲᠠᠢ ᠦᠶ᠎ᠡ᠎ᠳᠤ᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠍ᠢ᠍ᠭᠤᠯᠵᠦ ᠪᠠᠢ᠍ᠢ᠍ᠭ᠋ᠠᠳ ᠯᠠᠪᠯᠠᠨ ᠨᠤᠳᠠᠯᠠᠭᠤᠯᠵᠦ᠂ ᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠵᠦᠢ᠍ᠯᠡᠰ᠎ᠤᠨ ᠭᠠᠷᠴᠠᠭ᠎ᠤᠨ ᠲᠥᠰᠦᠯ᠎ᠢ ᠨᠢᠭᠡᠳᠦᠯᠲᠡᠶ ᠲᠥᠯᠥᠪᠯᠡᠨ ᠲᠤᠭᠤᠷᠪᠢᠨ᠎ᠠ᠃ ᠣᠨ᠎ᠤ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠭᠠᠷᠴᠠᠭ᠎ᠤᠨ ᠲᠥᠰᠦᠯ᠎ᠢ ᠪᠦᠷᠢᠯᠳᠦᠬᠦᠯᠦᠭᠰᠡᠨᠤ ᠳᠠᠷᠠᠭ᠎ᠠ᠂ ᠲᠡᠰ ᠳᠠᠷᠠᠭ᠋ᠠᠯᠠᠯ ᠶᠣᠰᠣᠭ᠋ᠠᠷ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃
ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠠᠵᠢᠯ᠎ᠤᠨ ᠰᠠᠯᠠᠭ᠎ᠠ ᠮᠥᠴᠢᠷ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠰᠠᠨᠠᠭᠤᠯᠭ᠎ᠠ ᠵᠢ ᠮᠡᠳᠡᠭᠦᠯᠦᠨ ᠬᠦᠷᠭᠡᠬᠦ᠎ᠠᠴᠠ ᠡᠮᠦᠨ᠎ᠡ᠂ ᠬᠡᠷᠡᠭᠴᠡᠭᠡ᠎ᠪᠠᠨ ᠦᠨᠳᠦᠰᠦᠯᠡᠨ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ᠂ ᠪᠤᠰᠤᠳ ᠲᠥᠷᠥ ᠵᠢᠨ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠨᠡᠶ᠋ᠢᠭᠡᠮ ᠨᠡᠶ᠋ᠢᠲᠡ᠎ᠠᠴᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠲᠤᠬᠠᠢ ᠰᠠᠨᠠᠭᠤᠯᠭ᠎ᠠ ᠵᠢ ᠴᠤᠨᠨᠯᠠᠭᠤᠯᠬᠤ ᠬᠡᠷᠡᠭᠳᠡᠢ᠃
ᠶᠢᠰᠦᠳᠦᠭᠡᠷ ᠵᠦᠢ᠍ᠯ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠭᠤᠯᠭ᠎ᠠ ᠪᠠ ᠳᠤᠷᠠᠳᠤᠯᠭ᠎ᠠ ᠭᠠᠷᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠲᠤᠬᠠᠢ ᠰᠠᠨᠠᠭᠤᠯᠭ᠎ᠠ ᠳᠤᠷᠠᠳᠤᠭᠰᠠᠨ ᠪᠠᠢ᠍ᠢ᠍ᠪᠠᠯ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠠᠴᠠ ᠴᠠᠭ ᠲᠤᠬᠠᠶ᠎ᠳᠤᠨᠢ ᠰᠤᠳᠤᠯᠬᠤ ᠬᠡᠷᠡᠭᠲᠡᠶ᠃ ᠰᠤᠳᠤᠯᠬᠤ᠎ᠪᠠᠷ ᠳᠠᠮᠵᠢᠭ᠋ᠠᠳ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠲᠤ ᠵᠢᠭᠰᠠᠭ᠋ᠠᠨ ᠣᠷᠣᠭᠤᠯᠬᠤ ᠴᠢᠬᠤᠯᠠᠲᠠᠢ ᠭᠡᠵᠦ ᠦᠵᠡᠪᠡᠯ᠂ ᠲᠣᠭᠲᠠᠭ᠋ᠠᠭᠰᠠᠨ ᠲᠡᠰ ᠳᠠᠷᠠᠭ᠋ᠠᠯᠠᠯ ᠶᠣᠰᠣᠭ᠋ᠠᠷ ᠭᠦᠢ᠍ᠴᠡᠳᠬᠡᠨ᠎ᠡ᠃
ᠠᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ ᠨᠢᠭᠡᠴᠢ᠎ᠨᠢ ᠰᠠᠯᠠᠭ᠎ᠠ ᠮᠥᠴᠢᠷ ᠨᠢᠭᠡᠴᠢ ᠵᠢᠨ ᠵᠶ᠋ᠠᠨ ᠡᠭᠦᠷᠭᠡ ᠬᠠᠷᠢᠭᠤᠴᠠᠯᠭ᠎ᠠ ᠪᠠ ᠣᠨ᠎ᠤ ᠭᠤᠤᠯᠳᠠᠯᠭ᠎ᠠ ᠪᠣᠯᠬᠤ ᠠᠵᠢᠯ᠎ᠲᠠᠢ᠎ᠪᠠᠨ ᠤᠶᠠᠯᠳᠤᠭᠤᠯᠵᠤ᠂ ᠲᠤᠰ ᠰᠠᠯᠠᠭ᠎ᠠ ᠮᠥᠴᠢᠷ ᠨᠢᠭᠡᠴᠢ ᠵᠢᠨ ᠵᠶ᠋ᠠᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠭᠠᠷᠴᠠᠭ᠎ᠢ ᠲᠣᠭᠲᠠᠭ᠋ᠠᠨ ᠬᠡᠷᠡᠭᠵᠢᠭᠦᠯᠬᠦ ᠵᠢᠨ ᠬᠠᠮᠲᠤ ᠨᠡᠶ᠋ᠢᠭᠡᠮ᠎ᠳᠤ ᠨᠡᠢ᠍ᠢ᠍ᠲᠡᠯᠡᠬᠦ ᠬᠡᠷᠡᠭᠳᠡᠢ᠃
ᠠᠷᠪᠠᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠲᠤ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠵᠦᠢ᠍ᠯᠡᠰ᠎ᠤᠨ ᠨᠡᠷᠡᠶ᠋ᠢᠳᠦᠯ᠂ ᠰᠢᠢ᠍ᠳᠪᠦᠷᠢᠲᠦ ᠪᠣᠳᠣᠯᠭ᠎ᠠ ᠲᠤᠨᠨᠲᠠᠭ᠋ᠠᠬᠤ ᠵᠢ ᠳᠠᠭ᠋ᠠᠭ᠋ᠠᠨ ᠭᠦᠢ᠍ᠴᠡᠳᠭᠡᠬᠦ ᠨᠢᠭᠡᠴᠢ᠂ ᠪᠡᠶᠡᠯᠡᠬᠦᠯᠬᠦ᠎ᠪᠠᠷ ᠲᠦᠯᠦᠪᠯᠡᠵᠦ ᠪᠠᠢ᠍ᠢ᠍ᠭ᠎ᠠ ᠴᠠᠭ ᠬᠤᠭᠤᠴᠠᠭ᠎ᠠ ᠵᠡᠷᠭᠡ ᠪᠠᠭᠲᠠᠬᠤ ᠬᠡᠷᠡᠭᠲᠡᠢ᠃ ᠬᠠᠤᠯᠢ ᠶᠣᠰᠣᠭ᠋ᠠᠷ ᠢᠯᠡ ᠪᠣᠯᠭ᠋ᠠᠵᠤ ᠪᠣᠯᠬᠤ ᠦᠭᠡᠶ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠵᠦᠢ᠍ᠯᠡᠰ᠎ᠠᠴᠠ ᠭᠠᠳᠠᠨ᠎ᠠ᠂ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠭᠠᠷᠴᠠᠭ᠎ᠢ ᠵᠠᠷᠴᠢᠮ ᠳᠡᠭᠡᠷ᠎ᠡ᠎ᠪᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠵᠶ᠋ᠠᠷ ᠳᠠᠮᠵᠢᠨ ᠬᠢᠨᠠᠨ ᠵᠦᠪᠯᠡᠵᠦ ᠪᠠᠳᠤᠯᠠᠬᠤ ᠵᠢᠨ ᠬᠠᠮᠲᠤ ᠨᠠᠮ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠯᠠᠬᠤ ᠰᠠᠯᠠᠭ᠎ᠠ ᠮᠥᠴᠢᠷ᠎ᠠᠴᠠ 20 ᠠᠵᠢᠯᠯᠠᠬᠤ ᠡᠳᠦᠷ᠎ᠤᠨ ᠳᠣᠲᠣᠷ᠎ᠠ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠠᠷᠪᠠᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠭᠠᠷᠴᠠᠭ᠎ᠲᠤ ᠬᠦᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠨ᠎ᠤ ᠠᠵᠢᠯ᠎ᠤᠨ ᠡᠭᠦᠷᠭᠡ ᠵᠢᠨ ᠨᠡᠮᠡᠭᠳᠡᠭᠰᠡᠨ᠂ ᠬᠤᠪᠢᠷᠠᠯᠲᠠ ᠭᠠᠷᠤᠨᠨᠰᠠᠨ ᠵᠡᠷᠭᠡ ᠠᠵᠢᠯ᠎ᠤᠨ ᠪᠣᠲᠠᠲᠠᠢ ᠵᠢ ᠦᠨᠳᠦᠰᠦᠯᠡᠨ᠂ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠲᠡᠰ ᠳᠠᠷᠠᠭ᠋ᠠᠯᠠᠯ᠎ᠢ ᠴᠠᠭ ᠲᠣᠬᠠᠢᠳᠤᠨᠢ ᠭᠦᠢ᠍ᠴᠡᠳᠬᠡᠬᠦ ᠬᠡᠷᠡᠭᠳᠡᠢ᠃ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠭᠠᠷᠴᠠᠭ᠎ᠢ ᠪᠦᠷᠢᠳᠬᠡᠨ ᠳᠠᠩᠰᠠᠯᠠᠬᠤ᠎ᠳᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠠᠷᠪᠠᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠭᠠᠷᠴᠠᠭ᠎ᠤᠨ ᠬᠠᠮᠢᠶᠠᠷᠤᠯᠲᠠ᠎ᠳᠤ ᠣᠷᠣᠭᠤᠯᠤᠭᠰᠠᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ ᠪᠦᠬᠦᠨ᠎ᠢ ᠳᠠᠭ᠋ᠠᠭ᠋ᠠᠨ ᠭᠦᠢ᠍ᠴᠡᠳᠬᠡᠬᠦ ᠰᠠᠯᠠᠭ᠎ᠠ ᠮᠥᠴᠢᠷ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠶᠤᠰᠤᠭ᠋ᠠᠷ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠡᠰ ᠳᠠᠷᠠᠭ᠋ᠠᠯᠠᠯ᠎ᠨᠢ ᠵᠦᠢ᠍ᠲᠡᠢ᠂ ᠶᠠᠪᠤᠴᠠ᠎ᠨᠢ ᠢᠯᠡ᠂ ᠬᠠᠷᠢᠭᠤᠴᠠᠯᠭ᠎ᠠ᠎ᠨᠢ ᠲᠣᠳᠣᠷᠬᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠳᠡᠢ᠃
ᠠᠷᠪᠠᠨ ᠳᠥᠷᠪᠡᠳᠦᠭᠡᠷ ᠵᠦᠢ᠍ᠯ ᠲᠤᠰ ᠠᠷᠭ᠎ᠠ ᠵᠢᠨ ᠬᠡᠷᠡᠭᠵᠢᠭᠦᠯᠦᠭᠳᠡᠭᠰᠡᠨ ᠪᠠᠶ᠋ᠢᠳᠠᠯ᠎ᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠠᠵᠢᠯ᠎ᠤᠨ ᠰᠠᠯᠠᠭ᠎ᠠ ᠮᠥᠴᠢᠷ ᠨᠢᠭᠡᠴᠢ ᠵᠢᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠢ ᠰᠢᠯᠭ᠋ᠠᠨ ᠬᠢᠨᠠᠬᠤ ᠠᠭᠤᠯᠭ᠎ᠠ᠎ᠳᠤ ᠤᠷᠤᠭᠤᠯᠤᠨ᠎ᠠ᠃
ᠠᠷᠪᠠᠨ ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠵᠦᠢ᠍ᠯᠡᠰ᠎ᠤᠨ ᠭᠠᠷᠴᠠᠭ᠎ᠲᠠᠬᠢ ᠬᠠᠮᠢᠶᠠᠷᠤᠯᠲᠠ ᠵᠢ ᠲᠤᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠠᠷᠪᠠᠨ ᠵᠢᠷᠭᠤᠳᠤᠭ᠋ᠠᠷ ᠵᠦᠢ᠍ᠯ ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃