ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠠᠬᠢᠭᠤᠯᠬᠤ ᠪᠠ ᠵᠢᠷᠤᠮᠵᠢᠭᠤᠯᠬᠤ ᠲᠤᠬᠠᠶ ᠰᠠᠨᠠᠯ》᠎ᠳᠤ ᠲᠠᠶ᠋ᠢᠯᠤᠮᠵᠢ ᠬᠢᠪᠠ
ᠨᠡᠶ᠋ᠢᠲᠡᠯᠡᠭᠰᠡᠨ ᠴᠠᠭ᠄ 2020-07-09

    ᠣᠶ᠋ᠢᠷ᠎ᠠ᠎ᠳᠤ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠡᠷᠭᠡ ᠨᠠᠢ᠍ᠮᠠᠨ ᠰᠠᠯᠠᠭ᠎ᠠ ᠮᠥᠴᠢᠷ ᠬᠠᠮᠲᠤᠷᠠᠨ 《ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠠᠬᠢᠭᠤᠯᠬᠤ ᠪᠠ ᠵᠢᠷᠤᠮᠵᠢᠭᠤᠯᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ ᠬᠠᠮᠢᠶ᠎ᠠ ᠪᠥᠬᠥᠶ ᠠᠰᠠᠭᠤᠳᠠᠯ᠎ᠤᠨ ᠲᠤᠬᠠᠶ ᠲᠠᠶ᠋ᠢᠯᠤᠮᠵᠢ ᠬᠢᠪᠠ᠃
    ᠨᠢᠭᠡ᠂ 《ᠰᠠᠨᠠᠯ》᠎ᠢ ᠲᠤᠭᠤᠷᠪᠢᠭᠰᠠᠨ ᠠᠬᠤᠶ ᠪᠠᠶ᠋ᠢᠳᠠᠯ ᠪᠠ ᠶᠠᠪᠤᠴᠠ
    ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠵᠢᠷᠤᠮᠵᠢᠭᠰᠠᠨ ᠬᠥᠭᠵᠢᠯᠲᠡ ᠵᠢ ᠠᠬᠢᠭᠤᠯᠬᠤ ᠪᠣᠯ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ᠂ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠬᠡᠯᠪᠡᠷᠢ ᠵᠢ ᠬᠤᠪᠢᠷᠠᠭᠤᠯᠬᠤ᠂ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠤᠨ ᠲᠡᠭᠦᠯᠳᠡᠷᠵᠢᠭᠦᠯᠬᠦ ᠵᠢᠨ ᠵᠠᠶ᠋ᠢᠯᠠᠰᠢ ᠦᠭᠡᠶ ᠱᠠᠭ᠋ᠠᠷᠳᠠᠯᠭ᠎ᠠ ᠪᠣᠯᠤᠨ᠎ᠠ᠃ ᠮᠥᠨ ᠴᠦ᠍ ᠡᠷᠡᠭᠦᠯ ᠡᠩᠬᠡ ᠳᠤᠮᠳᠠᠳᠤ ᠤᠯᠤᠰ ᠪᠣᠯᠤᠨ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠰᠡᠳᠦᠪ᠎ᠲᠠᠬᠢ ᠪᠠᠶ᠋ᠢᠪᠠᠰᠤ ᠵᠣᠬᠢᠬᠤ ᠠᠭᠤᠯᠭ᠎ᠠ ᠪᠣᠯᠤᠨ᠎ᠠ᠃ ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠡᠯ᠎ᠡ ᠲᠥᠷᠥᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠲᠣᠭ᠎ᠠ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠵᠦ᠂ ᠬᠡᠪᠴᠢᠶ᠎ᠡ ᠲᠠᠰᠤᠷᠠᠯᠲᠠ ᠥᠬᠡᠶ ᠥᠷᠭᠡᠵᠢᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭ᠋ᠠᠨ᠎ᠤ ᠪᠡᠶ᠎ᠡ ᠵᠢᠨ ᠲᠠᠮᠢᠷ ᠪᠠ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠶ ᠦᠢ᠍ᠯᠡᠳᠦᠯ ᠦᠵᠡᠭᠦᠯᠪᠡ᠃ ᠭᠡᠪᠡᠴᠦ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ 《ᠪᠠᠭ᠎ᠠ᠂ ᠪᠠᠭᠤᠷᠠᠶ᠂ ᠲᠠᠷᠠᠬᠠᠶ》 ᠠᠰᠠᠭᠤᠳᠠᠯ ᠨᠡᠯᠢᠶᠡᠳ ᠲᠣᠪᠣᠢ᠍ᠮ᠎ᠠ ᠪᠠᠶ᠋ᠢᠵᠤ᠂ ᠵᠠᠷᠢᠮ ᠺᠯᠦ᠋ᠪ ᠲᠣᠭᠲᠠᠭ᠋ᠠᠯ᠎ᠠᠴᠠ ᠵᠥᠷᠢᠴᠡᠨ ᠪᠣᠯᠪᠠᠰᠤᠷᠠᠭᠤᠯᠤᠯ᠎ᠤᠨ ᠠᠵᠢᠯᠯᠠᠭ᠎ᠠ ᠥᠷᠨᠢᠭᠦᠯᠵᠦ᠂   ᠵᠢᠷᠤᠮᠵᠢᠯᠠᠭᠤᠯᠬᠤ ᠴᠢᠬᠤᠯᠠᠲᠠᠶ ᠪᠥᠭᠡᠳ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠴᠢᠬᠤᠯᠠᠲᠠᠶ ᠪᠠᠶ᠋ᠢᠨ᠎ᠠ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠳᠡᠮᠵᠢᠬᠦ ᠪᠠ ᠵᠢᠷᠤᠮᠵᠢᠭᠤᠯᠬᠤ ᠪᠣᠯ ᠨᠢᠭᠡ ᠵᠦᠢ᠍ᠯ᠎ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠣᠯᠠᠨ ᠰᠠᠯᠠᠭ᠎ᠠ ᠮᠥᠴᠢᠷ ᠬᠠᠮᠲᠤᠷᠠᠨ ᠬᠦᠴᠦᠯᠡᠬᠦ ᠴᠢᠬᠤᠯᠠᠲᠠᠶ ᠪᠠᠶ᠋ᠢᠨ᠎ᠠ᠂ ᠡᠨᠡ ᠬᠦ᠌ ᠠᠬᠤᠶ ᠪᠠᠶ᠋ᠢᠳᠠᠯ ᠳᠣᠤᠷ᠎ᠠ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠰᠤᠷᠭ᠋ᠠᠨ ᠬᠥᠮᠦᠵᠢᠯ᠎ᠤᠨ ᠶᠠᠮᠤᠨ ᠵᠡᠷᠭᠡ 7 ᠰᠠᠯᠠᠭ᠎ᠠ ᠮᠥᠴᠢᠷ᠎ᠲᠠᠢ ᠬᠠᠮᠲᠤᠷᠠᠨ 《ᠰᠠᠨᠠᠯ》᠎ᠢ ᠳᠠᠷᠤᠮᠠᠯᠯᠠᠨ ᠲᠠᠷᠬᠠᠭ᠋ᠠᠪᠠ᠃
    《ᠰᠠᠨᠠᠯ》᠎ᠢ ᠰᠤᠳᠤᠯᠤᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠲᠦᠷᠦᠭᠦᠯᠡᠨ ᠲᠤᠭᠤᠷᠪᠢᠬᠤ ᠠᠵᠢᠯ᠎ᠤᠨ ᠳᠤᠭᠤᠶ᠋ᠢᠯᠠᠩ ᠪᠠᠶ᠋ᠢᠭᠤᠯᠵᠤ᠂ ᠪᠢᠴᠢᠭ ᠮᠠᠲ᠋ᠧᠷᠢᠶᠠᠯ᠎ᠤᠨ ᠶᠡᠷᠦᠩᠬᠡᠶ ᠰᠡᠳᠬᠢᠴᠡ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠂ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠡᠷᠭᠡ ᠲᠠᠯ᠎ᠠ᠎ᠳᠤ ᠬᠦᠨᠵᠡᠭᠡᠢ ᠰᠤᠳᠤᠯᠤᠯᠲᠠ ᠪᠠ ᠨᠤᠲᠠᠯᠠᠯᠲᠠ ᠬᠢᠵᠦ᠂ ᠥᠷᠭᠡᠨ ᠳᠡᠯᠭᠡᠷ ᠪᠠᠶ᠋ᠢᠴᠠᠭ᠋ᠠᠨ ᠰᠤᠳᠤᠯᠤᠯᠲᠠ ᠬᠢᠵᠦ᠂ ᠣᠯᠠᠨ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠲᠥᠷᠥᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ ᠡᠷᠳᠡᠮᠲᠡᠳ᠎ᠤᠨ ᠰᠠᠨᠠᠯ᠎ᠢ ᠰᠣᠨᠣᠰᠴᠤ᠂ 《ᠰᠠᠨᠠᠯ》᠎ᠤᠨ ᠲᠥᠰᠦᠯ᠎ᠢ ᠲᠤᠭᠤᠷᠪᠢᠬᠤ ᠪᠥᠭᠡᠳ ᠠᠯᠬᠤᠮ ᠠᠯᠬᠤᠮ ᠵᠶ᠋ᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2019 ᠣᠨ᠎ᠤ 12 ᠰᠠᠷ᠎ᠠ᠎ᠳᠤ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ 《ᠰᠠᠨᠠᠯ》᠎ᠤᠨ ᠲᠥᠰᠦᠯ᠎ᠢ ᠪᠦᠬᠦ ᠤᠯᠤᠰ᠎ᠤᠨ ᠡᠯ᠎ᠡ ᠭᠠᠵᠠᠷ᠎ᠤᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠂ ᠶᠡᠷᠦᠩᠬᠡᠶ ᠲᠣᠪᠴᠢᠶ᠎ᠠ ᠵᠢᠨ ᠰᠢᠰᠲ᠋ᠧᠮ᠎ᠤᠨ ᠡᠯ᠎ᠡ ᠨᠢᠭᠡᠴᠡ᠎ᠳᠤ ᠳᠠᠷᠤᠮᠠᠯᠯᠠᠨ ᠲᠠᠷᠬᠠᠭ᠋ᠠᠵᠤ ᠰᠠᠨᠠᠯ ᠬᠤᠷᠢᠶᠠᠵᠤ᠂ 2020᠎ᠤᠨ 3 ᠰᠠᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠬᠦᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠂ ᠵᠠᠬ᠎ᠠ ᠲᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ ᠰᠠᠨᠠᠯ᠎ᠢ ᠪᠢᠴᠢᠭ ᠵᠶ᠋ᠠᠷ ᠬᠤᠷᠢᠶᠠᠵᠤ᠂ ᠬᠠᠮᠢᠶ᠎ᠠ ᠪᠦᠬᠦᠢ ᠰᠠᠨᠠᠯ᠎ᠢ ᠰᠤᠳᠤᠯᠤᠨ ᠠᠪᠤᠭᠰᠠᠨ᠎ᠤ ᠳᠠᠷᠠᠭ᠎ᠠ ᠬᠠᠮᠲᠤᠷᠠᠨ ᠭᠠᠷ᠎ᠤᠨ ᠦᠰᠦᠭ ᠵᠢᠷᠤᠬᠤ ᠨᠣᠣᠷᠠᠭ᠎ᠢ ᠪᠦᠷᠢᠯᠳᠦᠭᠦᠯᠬᠦ ᠵᠢᠨ ᠬᠠᠮᠲᠤ ᠳᠡᠰ ᠳᠠᠷᠠᠭ᠋ᠠᠯᠠᠯ᠎ᠤᠨ ᠶᠣᠰᠣᠭ᠋ᠠᠷ ᠬᠠᠮᠲᠤᠷᠠᠨ ᠭᠠᠷ᠎ᠤᠨ ᠦᠰᠦᠭ ᠵᠢᠷᠤᠵᠤ ᠳᠠᠷᠤᠮᠠᠯᠯᠠᠨ   ᠲᠠᠷᠬᠠᠭ᠋ᠠᠪᠠ᠃
    ᠬᠣᠶᠠᠷ᠂ 《ᠰᠠᠨᠠᠯ》᠎ᠤᠨ ᠦᠨᠳᠦᠰᠦᠨ ᠪᠣᠷᠣ ᠲᠥᠯᠥᠪ
    《ᠰᠠᠨᠠᠯ》᠎ᠤᠨ ᠶᠡᠷᠦᠩᠬᠡᠶ ᠪᠣᠳᠣᠯᠬᠢᠯᠠᠯ ᠭᠡᠪᠡᠯ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠦᠷᠭᠦᠯᠵᠢᠯᠡᠨ ᠲᠦᠷᠭᠡᠨ ᠬᠥᠭᠵᠢᠬᠦ ᠪᠠ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠎ᠪᠠᠷ ᠡᠬᠢᠯᠡᠯᠲᠡ ᠪᠣᠯᠭ᠋ᠠᠵᠤ᠂ ᠪᠡᠶ᠎ᠡ ᠵᠢᠨ ᠲᠠᠮᠢᠷ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠶ ᠬᠠᠷᠠᠯᠲᠠ ᠵᠢᠨ ᠲᠣᠭᠣᠷᠢᠨ᠎ᠳᠤ ᠬᠦᠭᠵᠢᠭᠦᠯᠬᠦ ᠵᠢ ᠴᠢᠬᠤᠯᠠᠴᠢᠯᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠦᠨᠳᠦᠰᠦᠨ ᠵᠠᠷᠴᠢᠮ᠎ᠢ ᠪᠠᠷᠢᠮᠲᠠᠯᠠᠵᠤ᠂ ᠡᠯ᠎ᠡ ᠲᠥᠷᠥᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠲᠤ ᠳᠡᠮᠵᠢᠯᠭᠡ ᠦᠵᠡᠭᠦᠯᠬᠦ ᠲᠥᠷᠥ ᠵᠢᠨ   ᠪᠤᠳᠤᠯᠭ᠎ᠠ ᠵᠢ ᠲᠣᠳᠣᠷᠬᠠᠶ᠋ᠢᠯᠠᠵᠤ᠂ ᠪᠠᠰᠠ ᠨᠡᠶ᠋ᠢᠲᠡ ᠵᠢᠨ ᠠᠰᠠᠷᠠᠮᠵᠢ ᠵᠢᠨ ᠡᠭᠦᠷᠭᠡ ᠴᠢᠳᠠᠪᠤᠷᠢ ᠵᠢ ᠡᠭᠦᠷᠭᠡᠯᠡᠭᠰᠡᠨ ᠠᠷᠠᠳ᠎ᠠᠴᠠ ᠡᠷᠬᠢᠯᠡᠭᠰᠡᠨ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠪᠠ ᠵᠠᠯᠠᠭᠤᠴᠤᠳ ᠪᠠᠭ᠋ᠠᠴᠤᠳ᠎ᠲᠤ ᠬᠠᠨᠳᠤᠭᠤᠯᠤᠭᠰᠠᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠢ ᠭᠣᠤᠯᠳᠠᠯᠭ᠎ᠠ᠎ᠲᠠᠢ ᠳᠡᠮᠵᠢᠵᠦ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠶ᠃ ᠪᠠᠰᠠ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠲᠤ ᠪᠥᠬᠥ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ   ᠬᠡᠷᠡᠭᠵᠢᠭᠦᠯᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠢ ᠵᠢᠷᠤᠮᠵᠢᠭᠤᠯᠤᠨ ᠬᠥᠭᠵᠢᠭᠦᠯᠬᠦ ᠶᠠᠪᠤᠴᠠ᠎ᠳᠤ   ᠲᠠᠰᠤᠷᠠᠯᠳᠠ ᠥᠬᠡᠶ ᠪᠤᠵᠠᠭ᠋ᠠᠶ᠋ᠢᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
    《ᠰᠠᠨᠠᠯ》᠎ᠢ ᠨᠡᠶ᠋ᠢᠲᠡ ᠵᠢᠷᠭᠤᠭ᠋ᠠᠨ ᠶᠡᠬᠡ ᠬᠡᠰᠡᠭ   ᠬᠤᠪᠢᠶᠠᠪᠠ᠃ ᠨᠢᠭᠡᠳᠦᠭᠡᠷ ᠬᠡᠰᠡᠭ᠎ᠢ 《ᠶᠡᠷᠦᠩᠬᠡᠶ ᠱᠠᠭ᠋ᠠᠷᠳᠠᠯᠭ᠎ᠠ》 ᠭᠡᠵᠦ ᠨᠠᠷᠠᠢ᠌ᠳᠤᠵᠦ᠂ ᠭᠣᠤᠯᠳᠠᠭᠤ 《ᠰᠠᠨᠠᠯ》᠎ᠳᠤ   ᠵᠢᠷᠤᠮᠯᠠᠭᠰᠠᠨ ᠵᠢᠯᠣᠭᠣᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ᠎ᠢ ᠲᠣᠳᠣᠷᠬᠠᠶ᠋ᠢᠯᠠᠪᠠ᠃ ᠬᠣᠶᠠᠳᠤᠭ᠋ᠠᠷ ᠬᠡᠰᠡᠭ᠎ᠨᠢ 《ᠪᠥᠬᠥ ᠲᠠᠯ᠎ᠠ᠎ᠪᠠᠷ ᠳᠡᠮᠵᠢᠨ ᠬᠥᠭᠵᠢᠭᠦᠯᠬᠦ》 ᠪᠣᠯᠤᠨ᠎ᠠ᠂ ᠵᠠᠰᠠᠯᠲᠠ ᠵᠢᠨ ᠪᠦᠲᠦᠴᠡ᠂ ᠦᠨᠡᠯᠡᠯᠲᠡ ᠵᠢᠨ ᠬᠢᠷᠢ ᠲᠦᠪᠰᠢᠨ᠂ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ᠂ ᠲᠠᠯᠠᠪᠠᠶ ᠵᠢᠨ ᠪᠡᠯᠡᠳᠬᠡᠮᠵᠢ᠂ ᠤᠷᠤᠯᠳᠤᠭ᠋ᠠᠨ᠎ᠤ ᠠᠵᠢᠯᠯᠠᠭ᠎ᠠ᠂ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠲᠠᠯ᠎ᠠ᠎ᠪᠠᠷ ᠡᠯ᠎ᠡ ᠲᠥᠷᠥᠯ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠢ ᠳᠡᠮᠵᠢᠬᠦ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃ ᠭᠤᠷᠪᠠᠳᠤᠭ᠋ᠠᠷ ᠬᠡᠰᠡᠭ᠎ᠨᠢ 《ᠬᠥᠭᠵᠢᠯᠲᠡ ᠵᠢᠨ ᠭᠣᠤᠯᠳᠠᠯᠭ᠎ᠠ ᠵᠢ ᠳᠣᠪᠣᠶ᠋ᠢᠯᠭ᠋ᠠᠬᠤ》 ᠪᠣᠯᠤᠨ᠎ᠠ᠂ ᠨᠡᠶ᠋ᠢᠲᠡ ᠵᠢᠨ ᠠᠰᠠᠷᠠᠮᠵᠢ ᠵᠢᠨ ᠡᠭᠦᠷᠭᠡ ᠴᠢᠳᠠᠪᠤᠷᠢ ᠵᠢ ᠡᠭᠦᠷᠭᠡᠯᠡᠵᠦ ᠪᠠᠶ᠋ᠢᠭ᠎ᠠ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠲᠤ ᠨᠠᠩ ᠬᠠᠨᠳᠤᠯᠭ᠋ᠠᠲᠤ ᠴᠢᠨᠠᠷᠲᠠᠶ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠦᠨ᠎ᠡ᠃ ᠳᠥᠷᠪᠡᠳᠦᠭᠡᠷ ᠬᠡᠰᠡᠭ᠎ᠢ 《ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠵᠢᠷᠤᠮᠵᠢᠭᠤᠯᠬᠤ》 ᠭᠡᠵᠦ ᠬᠤᠪᠢᠶᠠᠵᠤ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠪᠣᠯᠪᠠᠰᠤᠷᠠᠭᠤᠯᠤᠯ ᠥᠷᠨᠢᠭᠦᠯᠬᠦ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠪᠠ᠃ ᠲᠠᠪᠤᠳᠤᠭ᠋ᠠᠷ ᠬᠡᠰᠡᠭ᠎ᠨᠢ 《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》᠂ ᠵᠠᠰᠠᠭ᠎ᠤᠨ ᠣᠷᠳᠣᠨ ᠵᠢᠴᠢ   ᠬᠤᠯᠪᠤᠭᠳᠠᠯ ᠪᠥᠬᠥᠶ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠪᠡᠷ᠎ᠤᠨ ᠡᠵᠡᠮᠳᠡᠯ᠎ᠤᠨ ᠠᠵᠢᠯᠯᠠᠭ᠎ᠠ ᠵᠢᠴᠢ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠢᠲᠡᠭᠡᠮᠵᠢ ᠵᠢᠨ ᠲᠣᠭᠲᠠᠴᠠ ᠵᠡᠷᠭᠡ ᠠᠰᠠᠭᠤᠳᠠᠯ᠎ᠤᠨ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃ ᠵᠢᠷᠭᠤᠳᠤᠭ᠋ᠠᠷ ᠬᠡᠰᠡᠭ᠎ᠢ 《ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠬᠤ》 ᠭᠡᠵᠦ ᠬᠤᠪᠢᠶᠠᠵᠤ᠂   ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠎ᠠ᠃
    ᠭᠤᠷᠪᠠ᠂ 《ᠰᠠᠨᠠᠯ》᠎ᠤᠨ ᠭᠣᠤᠯ ᠡᠭᠦᠷᠭᠡ
    (ᠨᠢᠭᠡ) ᠣᠯᠠᠨ ᠲᠠᠯ᠎ᠠ᠎ᠪᠠᠷ ᠬᠦᠴᠦᠯᠡᠵᠦ᠂ ᠡᠯ᠎ᠡ ᠲᠥᠷᠥᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠪᠥᠬᠥ ᠲᠠᠯ᠎ᠠ᠎ᠪᠠᠷ ᠳᠡᠮᠵᠢᠨ᠎ᠡ
    ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠪᠣᠯ ᠪᠦᠬᠦ ᠠᠷᠠᠳ᠎ᠤᠨ ᠪᠡᠶ᠎ᠡ ᠵᠢᠨ ᠲᠠᠮᠢᠷ᠎ᠲᠤ ᠣᠷᠣᠯᠴᠠᠬᠤ ᠵᠢ ᠠᠬᠢᠭᠤᠯᠬᠤ ᠴᠢᠬᠤᠯᠠ ᠲᠠᠪᠴᠠᠩ ᠪᠠ ᠠᠴᠢᠶᠠᠯᠠᠪᠤᠷᠢ ᠪᠣᠯᠤᠨ᠎ᠠ᠃ ᠣᠳᠣᠬᠠᠨ᠎ᠳᠤ᠂ ᠡᠯ᠎ᠡ ᠲᠥᠷᠥᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠲᠦᠷᠭᠡᠨ ᠬᠥᠭᠵᠢᠵᠦ ᠪᠤᠢ᠂ ᠭᠡᠪᠡᠴᠦ ᠥᠷᠭᠡᠨ ᠣᠯᠠᠨ ᠠᠷᠠᠳ ᠲᠦᠮᠡᠨ᠎ᠤ ᠪᠡᠶ᠎ᠡ ᠴᠢᠭᠢᠷᠠᠭᠵᠢᠭᠤᠯᠬᠤ ᠱᠠᠭ᠋ᠠᠷᠳᠠᠯᠭ᠎ᠠ᠎ᠲᠠᠢ ᠬᠠᠷᠢᠴᠠᠭᠤᠯᠪᠠᠯ᠂ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠢ᠌ᠬᠤ ᠲᠤᠳᠠᠭᠳᠠᠯ ᠮᠥᠨ ᠬᠦ᠌ ᠨᠡᠯᠢᠶᠡᠳ ᠲᠣᠪᠣᠢ᠍ᠮ᠎ᠠ ᠪᠠᠶ᠋ᠢᠵᠤ᠂ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠴᠢᠬᠤᠯᠠᠲᠠᠶ ᠪᠠᠶ᠋ᠢᠨ᠎ᠠ᠃
    《ᠰᠠᠨᠠᠯ》᠎ᠳᠤ 《ᠬᠥᠭᠵᠢᠯᠲᠡ ᠵᠢ ᠪᠦᠬᠦ ᠲᠠᠯ᠎ᠠ᠎ᠪᠠᠷ ᠳᠡᠮᠵᠢᠬᠦ》 ᠬᠡᠷᠡᠭᠲᠡᠶ ᠭᠡᠵᠦ ᠳᠤᠷᠠᠳᠴᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠤᠶᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ ᠡᠯ᠎ᠡ ᠲᠥᠷᠥᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠲᠤ ᠵᠠᠰᠠᠭ᠎ᠤᠨ ᠣᠷᠳᠣᠨ᠎ᠤ ᠭᠣᠤᠯᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ᠎ᠳᠤ ᠳᠥᠭᠥᠮ ᠦᠵᠡᠭᠦᠯᠦᠨ᠎ᠡ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠢ ᠰᠢᠮᠳᠠᠭᠤᠯᠵᠤ ᠪᠠᠶ᠋ᠢᠭ᠋ᠠᠳ ᠵᠠᠰᠠᠬᠤ ᠪᠦᠲᠦᠴᠡ ᠵᠢ᠎ᠨᠢ   ᠲᠡᠭᠦᠯᠳᠡᠷᠵᠢᠭᠦᠯᠵᠦ᠂ ᠳᠦᠷᠢᠮ ᠵᠶ᠋ᠠᠷ ᠭᠣᠤᠯ ᠪᠣᠯᠭ᠋ᠠᠭᠰᠠᠨ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠳᠡᠰ ᠲᠣᠭᠲᠠᠭ᠋ᠠᠬᠤ ᠳᠦᠷᠢᠮ᠎ᠢ ᠪᠠᠶ᠋ᠢᠭᠤᠯᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠢᠷᠢ ᠬᠡᠮ᠂ ᠢᠲᠡᠭᠡᠮᠵᠢ᠂ ᠲᠠᠯᠠᠪᠤᠷ ᠭᠠᠵᠠᠷ᠂ ᠤᠷᠤᠯᠳᠤᠭ᠋ᠠᠨ᠂ ᠦᠢ᠍ᠯᠡᠴᠢᠯᠡᠭᠡ ᠵᠡᠷᠭᠡ ᠪᠠᠢ᠍ᠳᠠᠯ᠎ᠳᠤ ᠶᠡᠷᠦᠩᠬᠡᠶ᠋ᠢᠯᠡᠭᠰᠡᠨ ᠦᠨᠡᠯᠡᠯᠲᠡ ᠬᠢᠬᠦ ᠬᠡᠷᠡᠭᠲᠡᠶ᠃ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠳᠠᠰᠬᠠᠯᠵᠢᠭᠤᠯᠤᠭᠴᠢ ᠪᠠ ᠪᠠᠭᠰᠢ ᠵᠢᠨ ᠬᠢᠷᠢ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠵᠤ᠂ ᠭᠠᠳᠠᠭ᠋ᠠᠳᠤ ᠵᠢᠨ ᠳᠠᠰᠬᠠᠯᠵᠢᠭᠤᠯᠤᠭᠴᠢ ᠵᠢ ᠤᠷᠢᠨ ᠬᠡᠷᠡᠭᠯᠡᠬᠦ᠎ᠳᠤ᠂ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠢ᠌ᠬᠤ ᠬᠡᠷᠡᠭᠲᠡᠶ᠃ ᠲᠠᠯᠠᠪᠤᠷ ᠭᠠᠵᠠᠷ᠎ᠤᠨ ᠪᠡᠯᠡᠳᠬᠡᠮᠵᠢ ᠵᠢ ᠪᠠᠲᠤᠯᠠᠵᠤ᠂ ᠨᠥᠬᠥᠪᠥᠷᠢ ᠬᠦᠷᠲᠡᠬᠦ ᠲᠣᠮᠣ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ ᠵᠢᠴᠢ ᠪᠤᠰᠤᠳ ᠡᠯ᠎ᠡ ᠲᠥᠷᠥᠯ᠎ᠤᠨ ᠣᠯᠠᠨ ᠨᠡᠢ᠍ᠢ᠍ᠲᠡ ᠵᠢᠨ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠲᠤ ᠤᠷᠢᠳᠠᠪᠠᠷ ᠬᠠᠷᠠᠭ᠋ᠠᠯᠵᠠᠯ ᠦᠵᠡᠭᠦᠯᠬᠦ ᠵᠢ ᠠᠬᠢᠭᠤᠯᠤᠨ᠎ᠡ᠃ ᠤᠷᠤᠯᠳᠤᠭ᠋ᠠᠨ᠎ᠤ ᠠᠵᠢᠯᠯᠠᠭ᠎ᠠ ᠵᠢᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠰᠢᠰᠲᠸᠮ᠎ᠢ ᠪᠠᠶ᠋ᠢᠭᠤᠯᠤᠨ᠎ᠠ᠃ ᠠᠮᠤᠷ ᠲᠦᠪᠰᠢᠨ᠎ᠤ ᠬᠠᠮᠢᠶᠠᠷᠤᠯᠲᠠ ᠵᠢᠨ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠵᠦ᠂ ᠬᠥᠭᠵᠢᠯᠲᠡ ᠵᠢᠨ ᠶᠠᠪᠤᠴᠠ᠎ᠳᠠᠬᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠠᠰᠠᠭᠤᠳᠠᠯ᠎ᠢ ᠲᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠦᠭᠰᠢᠭᠦᠷᠢ ᠵᠢ ᠡᠵᠡᠮᠳᠡᠬᠦ᠂ ᠳᠠᠯᠳᠠ ᠭᠡᠮ᠎ᠢ ᠪᠠᠶ᠋ᠢᠴᠠᠭ᠋ᠠᠵᠤ ᠵᠠᠰᠠᠬᠤ ᠵᠢᠴᠢ ᠠᠮᠤᠷ ᠲᠦᠪᠰᠢᠨ᠎ᠤ ᠣᠷᠣᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠠᠶᠤᠯ ᠦᠭᠡᠢ ᠦᠢ᠍ᠯᠡᠳᠪᠦᠷᠢᠯᠡᠯ᠎ᠢ ᠦᠨᠡᠨᠬᠦ ᠪᠠᠲᠤᠯᠠᠨ᠎ᠠ᠃
    (ᠬᠣᠶᠠᠷ) ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠭᠣᠤᠯᠳᠠᠯᠭ᠎ᠠ᠎ᠲᠠᠢ ᠳᠡᠮᠵᠢᠨ᠎ᠡ
    ᠪᠡᠶ᠎ᠡ ᠵᠢᠨ ᠲᠠᠮᠢᠷ ᠪᠣᠯ ᠠᠷᠠᠳ᠎ᠤᠨ ᠠᠮᠢᠳᠤᠷᠠᠯ᠎ᠤᠨ ᠨᠢᠭᠡᠨ ᠦᠢ᠍ᠯᠡᠰ ᠮᠥᠨ᠂ ᠠᠷᠠᠳ ᠲᠦᠮᠡᠨ᠎ᠳᠤ   ᠦᠢ᠍ᠯᠡᠴᠢᠯᠡᠬᠦ᠎ᠪᠠᠷ ᠦᠨᠳᠦᠰᠦ ᠪᠣᠯᠭ᠋ᠠᠬᠤ ᠬᠡᠷᠡᠭᠲᠡᠶ᠃ ᠣᠳᠣᠬᠠᠨ᠎ᠳᠤ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢᠴᠢ ᠣᠯᠠᠨ ᠳᠡᠰ ᠳᠠᠪᠬᠤᠷᠭ᠎ᠠ ᠵᠢᠨ ᠣᠯᠠᠨ ᠶᠠᠩᠵᠤᠯᠠᠭᠰᠠᠨ ᠪᠡᠶ᠎ᠡ ᠵᠢᠨ ᠲᠠᠮᠢᠷ᠎ᠤᠨ ᠬᠡᠷᠡᠭᠴᠡᠭᠡ ᠪᠣᠯᠤᠨ ᠪᠡᠶ᠎ᠡ ᠵᠢᠨ ᠲᠠᠮᠢᠷ᠎ᠤᠨ ᠬᠥᠭᠵᠢᠯᠲᠡ ᠲᠡᠩᠴᠡᠭᠦᠷᠢ ᠦᠭᠡᠶ ᠭᠦᠢ᠍ᠴᠡᠳ ᠦᠭᠡᠶ ᠪᠠᠶ᠋ᠢᠬᠤ ᠵᠥᠷᠢᠴᠡᠯ ᠮᠥᠨ ᠬᠦ᠌ ᠳᠣᠪᠣᠶ᠋ᠢᠮ᠎ᠠ ᠪᠠᠶ᠋ᠢᠵᠤ᠂ ᠦᠨᠳᠦᠰᠦᠨ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠬᠦ ᠬᠡᠷᠡᠭᠲᠡᠶ᠃ ᠠᠷᠠᠳ ᠲᠦᠮᠡᠨ᠎ᠤ ᠪᠡᠶ᠎ᠡ ᠴᠢᠭᠢᠷᠠᠭᠵᠢᠭᠤᠯᠬᠤ ᠦᠨᠳᠦᠰᠦᠨ ᠬᠡᠷᠡᠭᠴᠡᠭᠡ ᠵᠢ ᠬᠠᠩᠭ᠋ᠠᠵᠤ᠂ ᠨᠡᠶ᠋ᠢᠲᠡ ᠵᠢᠨ ᠠᠰᠠᠷᠠᠮᠵᠢ ᠵᠢᠨ ᠲᠦᠷᠦᠯ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠳᠡᠮᠵᠢᠬᠦ ᠪᠣᠯ ᠴᠢᠬᠤᠯᠠ᠎ᠠᠴᠠ ᠴᠢᠬᠤᠯᠠ ᠵᠦᠢ᠍ᠯ ᠪᠣᠯᠤᠨ᠎ᠠ᠃
    《ᠰᠠᠨᠠᠯ》᠎ᠳᠤ 《ᠠᠷᠠᠳ᠎ᠠᠴᠠ ᠡᠷᠭᠢᠯᠡᠭᠰᠡᠨ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠪᠠ ᠵᠠᠯᠠᠭᠤᠴᠤᠳ ᠪᠠᠭ᠋ᠠᠴᠤᠳ᠎ᠲᠤ ᠬᠠᠨᠳᠤᠭᠤᠯᠤᠭᠰᠠᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠶᠡᠬᠡ᠎ᠪᠠᠷ ᠳᠡᠮᠵᠢᠨ᠎ᠡ》 ᠭᠡᠵᠦ ᠳᠤᠷᠠᠳᠤᠨ ᠭᠠᠷᠭ᠋ᠠᠪᠠ᠃ ᠠᠷᠠᠳ᠎ᠠᠴᠠ ᠡᠷᠬᠢᠯᠡᠭᠰᠡᠨ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠲᠤᠰ ᠪᠡᠶ᠎ᠡ᠎ᠨᠢ ᠵᠣᠬᠢᠬᠤ ᠬᠡᠮᠵᠢᠶᠡᠨ᠎ᠤ ᠨᠡᠢ᠍ᠢ᠍ᠲᠡ ᠵᠢᠨ ᠠᠰᠠᠷᠠᠮᠵᠢ ᠵᠢᠨ ᠰᠢᠨᠵᠢ ᠴᠢᠨᠠᠷ᠎ᠲᠠᠢ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠷ ᠭᠣᠤᠯ ᠣᠶᠤᠨ ᠴᠢᠳᠠᠯ ᠵᠶ᠋ᠠᠨ ᠥᠷᠭᠡᠨ ᠣᠯᠠᠨ ᠲᠦᠮᠡᠨ᠎ᠳᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠬᠤ ᠳᠡᠭᠡᠷ᠎ᠡ ᠲᠠᠯᠪᠢᠬᠤ ᠬᠡᠷᠡᠭᠲᠡᠶ᠃ ᠦᠨᠳᠦᠰᠦᠨ ᠣᠯᠠᠨ ᠨᠡᠢ᠍ᠢ᠍ᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠴᠢᠬᠤᠯᠠ ᠲᠤᠯᠭ᠋ᠠᠭᠤᠷᠢ ᠪᠣᠯᠤᠨ᠎ᠠ᠃ ᠵᠠᠯᠠᠭᠤᠴᠤᠳ ᠪᠠᠭ᠋ᠠᠴᠤᠳ᠎ᠲᠤ ᠬᠠᠨᠳᠤᠭᠤᠯᠤᠭᠰᠠᠨ ᠠᠰᠢᠭ ᠬᠣᠨᠵᠢᠪᠣᠷᠢ ᠵᠢᠨ ᠴᠢᠨᠠᠷᠲᠠᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠨᠢ ᠪᠡᠶ᠎ᠡ ᠵᠢᠨ ᠲᠠᠮᠢᠷ᠎ᠤᠨ ᠦᠢ᠍ᠯᠡᠰ ᠢᠯᠠᠩᠭᠤᠶ᠎ᠠ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ᠎ᠳᠤ ᠴᠢᠬᠤᠯᠠ ᠠᠴᠢ ᠬᠣᠯᠪᠣᠭᠳᠠᠯ᠎ᠲᠠᠢ᠃ ᠵᠠᠯᠠᠭᠤᠴᠤᠳ ᠪᠠᠭ᠋ᠠᠴᠤᠳ᠎ᠤᠨ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠴᠢᠬᠤᠯᠠ ᠠᠷᠭ᠎ᠠ ᠵᠠᠮ ᠪᠣᠯᠬᠤ ᠪᠥᠭᠡᠳ ᠪᠠᠰᠠ ᠭᠣᠤᠯᠳᠠᠯᠭ᠎ᠠ᠎ᠲᠠᠢ ᠳᠡᠮᠵᠢᠬᠦ ᠬᠡᠷᠡᠭᠲᠡᠶ᠃ ᠨᠡᠶ᠋ᠢᠭᠡᠮ ᠲᠣᠭᠣᠷᠢᠭ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠪᠡᠶ᠎ᠡ ᠵᠢᠨ ᠲᠠᠮᠢᠷ᠎ᠤᠨ ᠲᠠᠯᠠᠪᠠᠢ ᠣᠷᠳᠣᠨ᠎ᠳᠤ ᠲᠦᠰᠢᠭᠯᠡᠨ ᠠᠷᠠᠳ᠎ᠠᠴᠠ ᠡᠷᠬᠢᠯᠡᠭᠰᠡᠨ ᠠᠰᠢᠭ ᠣᠯᠵᠠᠪᠤᠷᠢ ᠵᠢᠨ ᠪᠤᠰᠤ ᠴᠢᠨᠠᠷᠲᠠᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠪᠠ ᠵᠠᠯᠠᠭᠤᠴᠤᠳ ᠪᠠᠭ᠋ᠠᠴᠤᠳ᠎ᠲᠤ ᠬᠠᠨᠳᠤᠭᠤᠯᠤᠭᠰᠠᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠡᠷᠬᠢᠯᠡᠬᠦ ᠵᠢ ᠭᠣᠤᠯᠳᠠᠯᠭ᠎ᠠ᠎ᠲᠠᠢ ᠬᠥᠲᠥᠯᠥᠨ ᠵᠢᠯᠣᠭᠣᠳᠬᠤ ᠪᠠ ᠲᠡᠳᠬᠦᠬᠦ᠎ᠪᠠᠷ ᠳᠠᠮᠵᠢᠭᠤᠯᠤᠨ᠂ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠠᠴᠠ ᠡᠷᠬᠢᠯᠡᠭᠰᠡᠨ ᠪᠥᠭᠡᠳ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠠᠴᠠ ᠡᠭᠦᠷᠭᠡᠯᠡᠬᠦ᠎ᠳᠤ ᠲᠣᠬᠢᠷᠠᠬᠤ ᠪᠡᠶ᠎ᠡ ᠵᠢᠨ ᠲᠠᠮᠢᠷ᠎ᠤᠨ   ᠤᠷᠤᠯᠳᠤᠭ᠋ᠠᠨ᠂ ᠪᠣᠯᠪᠠᠰᠤᠷᠠᠯ ᠵᠡᠷᠭᠡ ᠦᠢ᠍ᠯᠡᠴᠢᠯᠡᠭᠡᠨ᠎ᠤ ᠵᠦᠢ᠍ᠯᠡᠰ᠎ᠢ ᠵᠢᠯᠣᠭᠣᠳᠬᠤ ᠴᠢᠨᠠᠷᠲᠠᠶ ᠭᠠᠷᠴᠠᠭ ᠵᠡᠷᠭᠡ ᠠᠷᠭ᠎ᠠ ᠬᠡᠮᠵᠢᠶ᠎ᠡ᠎ᠳᠤ ᠣᠷᠣᠭᠤᠯᠬᠤ ᠵᠢ ᠠᠬᠢᠭᠤᠯᠤᠨ᠎ᠠ᠃ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ ᠊ᠤ᠊ ᠊ᠨ ᠺᠯᠦ᠋ᠪ᠎ᠤᠨ ᠬᠥᠭᠵᠢᠯᠲᠡ ᠵᠢ ᠳᠡᠮᠵᠢᠨ᠎ᠡ᠃
    (ᠭᠤᠷᠪᠠ) ᠪᠠᠷᠢᠮᠵᠢᠶ᠎ᠠ ᠵᠢ ᠲᠣᠳᠣᠷᠬᠠᠶ᠋ᠢᠯᠠᠨ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠪᠤᠯᠪᠠᠰᠤᠷᠠᠭᠤᠯᠤᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ
    ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ᠎ᠨᠢ ᠥᠷᠭᠡᠨ ᠣᠯᠠᠨ ᠵᠠᠯᠠᠭᠤᠴᠤᠳ ᠪᠠᠭ᠋ᠠᠴᠤᠳ᠎ᠤᠨ ᠪᠡᠶ ᠎ᠡ ᠵᠢᠨ ᠲᠠᠮᠢᠷ᠎ᠤᠨ ᠬᠥᠳᠡᠯᠭᠡᠭᠡᠨ ᠥᠷᠨᠢᠭᠦᠯᠬᠦ᠂ ᠪᠡᠶ᠎ᠡ ᠵᠢᠨ ᠲᠠᠮᠢᠷ᠎ᠤᠨ ᠮᠡᠷᠭᠡᠵᠢᠯ ᠴᠢᠳᠠᠪᠤᠷᠢ ᠵᠢ ᠲᠡᠭᠡᠭᠰᠢᠯᠡᠬᠦᠯᠬᠦ᠎ᠳᠤ ᠴᠢᠬᠤᠯᠠ ᠦᠢ᠍ᠯᠡᠳᠦᠯ ᠦᠵᠡᠭᠦᠯᠳᠡᠭ᠃ ᠣᠳᠣᠬᠠᠨ᠎ᠳᠤ᠂ ᠵᠠᠷᠢᠮ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠠᠵᠤ ᠠᠬᠤᠶ ᠵᠢᠨ ᠦᠷ᠎ᠡ ᠠᠰᠢᠭ᠎ᠢ ᠬᠡᠲᠦᠷᠬᠡᠶ ᠬᠥᠭᠡᠭᠡᠴᠡᠯᠳᠦᠵᠦ᠂ ᠪᠤᠯᠪᠠᠰᠤᠷᠠᠯ᠎ᠤᠨ ᠴᠢᠨᠡᠷ ᠴᠢᠨᠰᠠᠭ᠎ᠠ ᠵᠢ ᠤᠮᠳᠤᠭ᠋ᠠᠢ᠍ᠯᠠᠵᠤ ᠪᠠᠢ᠌ᠨ᠎ᠡ᠃
    《ᠰᠠᠨᠠᠯ》᠎ᠳᠤ 《ᠪᠣᠯᠪᠠᠰᠤᠷᠠᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ》 ᠬᠡᠷᠡᠭᠲᠡᠶ ᠭᠡᠵᠦ   ᠲᠤᠷᠠᠳᠤᠨ᠂ ᠪᠣᠯᠪᠠᠰᠤᠷᠠᠭᠤᠯᠤᠯ᠎ᠤᠨ ᠵᠣᠷᠢᠯᠲᠠ᠂ ᠰᠤᠷᠤᠭᠴᠢ ᠡᠯᠰᠡᠬᠦ ᠠᠵᠢᠯᠯᠠᠭ᠎ᠠ ᠵᠢ ᠵᠢᠷᠤᠮᠵᠢᠭᠤᠯᠬᠤ᠂ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢ ᠴᠢᠩᠭ᠋ᠠᠳᠬᠠᠵᠦ᠂ ᠬᠢᠴᠢᠶᠡᠯ᠎ᠢ ᠰᠢᠨᠵᠢᠯᠡᠬᠦ ᠤᠬᠠᠭ᠋ᠠᠨᠴᠢ᠎ᠪᠠᠷ   ᠲᠤᠬᠢᠷᠠᠭᠤᠯᠬᠤ ᠲᠦᠷᠪᠡᠨ ᠲᠠᠯ᠎ᠠ᠎ᠠᠴᠠ ᠲᠤᠳᠤᠷᠬᠠᠢ᠌ᠯᠠᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ ᠪᠣᠯᠤᠨ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠡᠶ᠎ᠡ ᠵᠢᠨ ᠲᠠᠮᠢᠷ᠎ᠤᠨ ᠪᠤᠯᠪᠠᠰᠤᠷᠠᠭᠤᠯᠤᠯ᠎ᠤᠨ ᠪᠦᠬᠦ ᠶᠠᠪᠤᠴᠠ᠎ᠳᠤ ᠠᠭᠤᠰᠬᠠᠬᠤ ᠵᠢ   ᠱᠠᠭ᠋ᠠᠷᠳᠠᠨ᠂ ᠭᠠᠳᠠᠨ᠎ᠠ ᠵᠢᠨ ᠰᠣᠶᠣᠯ᠎ᠤᠨ ᠵᠠᠯᠠᠭᠤᠴᠤᠳ ᠪᠠᠭ᠋ᠠᠴᠤᠳ᠎ᠲᠤ ᠮᠠᠭᠤ ᠨᠥᠯᠥᠭᠡ ᠦᠵᠡᠭᠦᠯᠬᠦ ᠵᠢ ᠰᠡᠷᠭᠡᠶ᠋ᠢᠯᠡᠨ᠎ᠡ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠰᠤᠷᠤᠭᠴᠢ ᠡᠯᠰᠡᠬᠦ ᠲᠣᠪᠴᠢ ᠳᠦᠷᠢᠮ᠎ᠢ ᠲᠣᠭᠲᠠᠭ᠋ᠠᠨ ᠨᠡᠶ᠋ᠢᠲᠡᠯᠡᠵᠦ᠂ ᠰᠤᠷᠤᠭᠴᠢ ᠡᠯᠰᠡᠬᠦ ᠵᠠᠷ ᠮᠡᠳᠡᠭᠡ ᠵᠣᠬᠢᠶᠠᠵᠤ᠂ ᠤᠬᠠᠮᠰᠠᠷ᠎ᠠᠴᠠ᠎ᠪᠠᠨ ᠬᠢᠨᠠᠯᠲᠠ ᠬᠦᠯᠢᠶᠡᠵᠦ᠂ ᠦᠢ᠍ᠯᠡᠴᠢᠯᠡᠭᠡᠨ᠎ᠤ ᠠᠮᠠᠯᠠᠯᠲᠠ᠎ᠪᠠᠨ ᠬᠢᠨᠠᠮᠠᠭ᠋ᠠᠶ ᠭᠦᠢ᠍ᠴᠡᠳᠬᠡᠨ᠎ᠡ; ᠰᠦᠢ᠍ᠳᠬᠡᠯ ᠬᠤᠷᠢᠶᠠᠬᠤ ᠲᠥᠷᠥᠯ ᠵᠦᠢ᠍ᠯ ᠵᠢᠴᠢ ᠪᠠᠷᠢᠮᠵᠢᠶ᠎ᠠ ᠵᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠵᠦ᠂ ᠡᠭᠦᠨ᠎ᠤ ᠬᠠᠮᠲᠤ ᠲᠣᠭᠲᠠᠭ᠋ᠠᠯ ᠶᠣᠰᠣᠭ᠋ᠠᠷ ᠦᠨ᠎ᠡ ᠬᠠᠩᠰᠢ ᠵᠢ ᠢᠯᠡ ᠬᠠᠳᠠᠬᠤ ᠬᠡᠷᠡᠭᠲᠡᠶ᠂ ᠲᠣᠳᠣᠷᠬᠠᠶ᠋ᠢᠯᠠᠭᠰᠠᠨ ᠦᠭᠡᠢ ᠶᠠᠮᠠᠷ ᠴᠤ᠌ ᠵᠠᠷᠤᠳᠠᠯ ᠬᠤᠷᠢᠶᠠᠵᠤ ᠪᠣᠯᠬᠤ ᠦᠭᠡᠢ᠂ ᠲᠡᠷᠡᠴᠢᠯᠡᠨ ᠤᠷᠢᠳᠴᠢᠯᠠᠨ ᠲᠤᠰᠢᠶᠠᠬᠤ ᠵᠠᠷᠤᠳᠠᠯ᠎ᠤᠨ ᠬᠠᠮᠢᠶᠠᠷᠤᠯᠲᠠ ᠵᠢ   ᠴᠢᠩᠭ᠋ᠠᠳᠬᠠᠨ᠎ᠠ; ᠪᠣᠯᠪᠠᠰᠤᠷᠠᠭᠤᠯᠬᠤ ᠠᠭᠤᠯᠭ᠎ᠠ ᠪᠠ ᠬᠢᠴᠢᠶᠡᠯ᠎ᠨᠢ ᠪᠣᠯᠪᠠᠰᠤᠷᠠᠭᠤᠯᠬᠤ ᠡᠲᠡᠭᠡᠳ᠎ᠤᠨ ᠨᠠᠰᠤ ᠵᠢᠯ᠂ ᠪᠡᠶ᠎ᠡ ᠮᠠᠬᠠᠪᠤᠳ᠎ᠤᠨ ᠪᠠᠶ᠋ᠢᠳᠠᠯ᠂ ᠬᠥᠳᠡᠯᠭᠡᠭᠡᠨ᠎ᠤ ᠴᠢᠳᠠᠪᠤᠷᠢ ᠵᠡᠷᠭᠡ᠎ᠲᠠᠢ ᠵᠣᠬᠢᠴᠠᠯᠳᠤᠬᠤ ᠬᠡᠷᠡᠭᠲᠡᠶ᠃ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠥᠳᠡᠯᠭᠡᠭᠡᠨ᠎ᠤ ᠭᠡᠮᠲᠦᠯ᠎ᠢ ᠰᠡᠷᠭᠡᠶ᠋ᠢᠯᠡᠨ ᠬᠣᠷᠢᠭᠯᠠᠵᠤ᠂ ᠲᠡᠷᠡᠴᠢᠯᠡᠨ ᠪᠣᠯᠪᠠᠰᠤᠷᠠᠭᠤᠯᠤᠯ᠎ᠤᠨ ᠳᠤᠮᠳᠠ ᠬᠥᠭᠡᠷᠦᠭᠦᠯᠬᠦ ᠡᠮ᠎ᠢ ᠡᠰᠡᠷᠭᠦᠴᠡᠬᠦ ᠮᠡᠳᠡᠯᠭᠡ ᠵᠢᠨ ᠬᠥᠮᠦᠵᠢᠯ᠎ᠢ ᠦᠷᠨᠢᠭᠦᠯᠵᠦ᠂ ᠬᠥᠭᠡᠷᠦᠭᠦᠯᠬᠦ ᠡᠮ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃
    (ᠲᠦᠷᠪᠡ) ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠵᠢᠷᠤᠮᠵᠢᠭᠤᠯᠤᠨ ᠬᠥᠭᠵᠢᠬᠦ ᠵᠢ ᠠᠬᠢᠭᠤᠯᠤᠨ᠎ᠠ
    ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠡᠳᠦᠷ ᠲᠤᠲᠤᠮ᠎ᠤᠨ ᠠᠵᠢᠯᠯᠠᠭ᠎ᠠ᠎ᠨᠢ ᠳᠠᠩᠰᠠᠯᠠᠬᠤ᠂ ᠰᠦᠢ᠍ᠳᠬᠡᠯ ᠬᠤᠷᠢᠶᠠᠬᠤ᠂ ᠠᠮᠤᠷ ᠲᠦᠪᠰᠢᠨ᠂ ᠡᠷᠡᠭᠦᠯ ᠬᠠᠮᠠᠭ᠋ᠠᠯᠠᠯ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠂ ᠬᠢᠷᠢ ᠬᠡᠮ ᠵᠡᠷᠭᠡ ᠣᠯᠠᠨ ᠰᠠᠯᠠᠭ᠎ᠠ ᠮᠥᠴᠢᠷ᠎ᠤᠨ ᠣᠯᠠᠨ ᠲᠠᠯ᠎ᠠ ᠵᠢᠨ ᠠᠵᠢᠯ᠎ᠳᠤ ᠬᠣᠯᠪᠣᠭᠳᠠᠵᠤ᠂ ᠲᠡᠭᠦᠨ᠎ᠤ ᠬᠢᠨᠠᠯᠲᠠ ᠬᠠᠮᠢᠶᠠᠷᠤᠯᠲᠠ ᠵᠢᠨ ᠠᠰᠠᠭᠤᠳᠠᠯ᠎ᠨᠢ ᠵᠥᠪᠬᠡᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠲᠤ ᠲᠦᠰᠢᠭᠯᠡᠪᠡᠯ ᠪᠡᠶᠡᠯᠡᠭᠳᠡᠬᠦ᠎ᠳᠤ ᠪᠡᠷᠬᠡ ᠶᠤᠮ᠂ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ᠎ᠤᠨ ᠬᠦᠴᠦᠲᠡᠶ ᠲᠡᠮᠵᠢᠯᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠯᠬᠦᠯᠬᠦ ᠬᠡᠷᠡᠭᠲᠡᠶ᠃
    《ᠰᠠᠨᠠᠯ》᠎ᠳᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠪᠣᠯ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠠᠬᠢᠭᠤᠯᠬᠤ ᠪᠠ ᠵᠢᠷᠤᠮᠵᠢᠭᠤᠯᠬᠤ ᠭᠣᠣᠯ ᠪᠣᠯᠬᠤ ᠠᠵᠢᠯ ᠲᠥᠷᠥᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠮᠥᠨ᠂ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠵᠣᠬᠢᠬᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠬᠦ ᠬᠡᠷᠡᠭᠲᠡᠶ᠃ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠨᠢ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠢ᠎ᠪᠠᠷ ᠬᠥᠭᠵᠢᠬᠦ ᠲᠤᠬᠠᠶ᠋ᠢᠯᠠᠭᠰᠠᠨ ᠠᠵᠢᠯ᠎ᠤᠨ ᠵᠢᠯᠣᠭᠣᠳᠤᠯᠭ᠎ᠠ ᠪᠣᠯᠤᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢᠨ ᠬᠠᠮᠢᠶ᠎ᠠ ᠪᠦᠬᠦᠢ ᠪᠠᠷᠢᠮᠵᠢᠶ᠎ᠠ᠂ ᠠᠵᠢᠯᠯᠠᠭ᠋ᠠᠨ᠎ᠤ ᠵᠢᠷᠤᠮᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠰᠤᠷᠭ᠋ᠠᠭᠤᠯᠢ ᠪᠣᠯᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤ ᠨᠡᠪᠳᠡᠷᠡᠯᠴᠠᠯ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠪᠡᠶ᠎ᠡ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠠᠷᠠᠳ᠎ᠠᠴᠠ ᠡᠷᠬᠢᠯᠡᠭᠰᠡᠨ ᠠᠰᠢᠭ ᠬᠣᠨᠵᠢᠪᠣᠷᠢ ᠵᠢᠨ ᠪᠤᠰᠤ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠲᠤ ᠳᠠᠩᠰᠠᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠬᠦᠢ᠍ᠴᠳᠬᠡᠬᠦ ᠬᠡᠷᠡᠭᠲᠡᠶ᠃ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠣᠳᠣᠭᠴᠢ ᠵᠢᠨ ᠡᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢ ᠬᠢᠨᠠᠨ ᠲᠣᠭᠲᠠᠭ᠋ᠠᠵᠤ ᠦᠨᠡᠯᠡᠬᠦ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠨᠡᠶ᠋ᠢᠭᠡᠮ᠎ᠤᠨ ᠪᠡᠶ᠎ᠡ ᠵᠢᠨ ᠲᠠᠮᠢᠷ  ᠎ᠤᠨ ᠺᠯᠦ᠋ᠪ᠎ᠤᠨ ᠳᠠᠩᠰᠠᠯᠠᠯ᠂ ᠦᠨ᠎ᠡ ᠬᠠᠩᠰᠢ᠂ ᠵᠠᠷ ᠮᠡᠳᠡᠭᠡ ᠵᠢᠨ ᠤᠬᠠᠭᠤᠯᠭ᠎ᠠ᠂ ᠭᠠᠭᠴᠠᠭ᠋ᠠᠷ ᠡᠵᠡᠮᠰᠢᠬᠦ ᠵᠢ ᠡᠰᠡᠷᠭᠦᠴᠡᠬᠦ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠂ ᠢᠳᠡᠭᠡᠨ᠎ᠤ ᠠᠮᠤᠷ ᠲᠦᠪᠰᠢᠨ ᠵᠡᠷᠭᠡ ᠲᠠᠯ᠎ᠠ᠎ᠪᠠᠷ᠎ᠬᠢ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ   ᠭᠦᠢ᠍ᠴᠡᠳᠬᠡᠬᠦ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠪᠣᠯᠤᠨ ᠭᠠᠯ ᠤᠨᠳᠠᠷᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠨᠤᠭᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠤᠰᠤᠭ᠋ᠠᠷ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠲᠦᠰᠢᠭᠯᠡᠵᠦ ᠪᠠᠢ᠌ᠭ᠎ᠠ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠪᠡᠯᠡᠳᠬᠡᠮᠵᠢ ᠵᠢᠴᠢ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ᠂ ᠡᠷᠡᠭᠦᠯ ᠬᠠᠮᠠᠭ᠋ᠠᠯᠠᠯ ᠪᠣᠯᠤᠨ ᠭᠠᠯ ᠤᠨᠲᠠᠷᠠᠭ᠋ᠠᠬᠤ ᠠᠵᠢᠯ ᠵᠡᠷᠭᠡ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠶ᠃
    ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠳᠠᠩ ᠲᠦᠷᠦᠯ᠎ᠤᠨ ᠨᠡᠶ᠋ᠢᠭᠡᠮᠯᠢᠭ᠎ᠤᠳ ᠥᠪᠡᠷ᠎ᠢ᠎ᠪᠠᠨ ᠪᠡᠶ᠎ᠡ᠎ᠪᠠᠨ ᠱᠠᠭ᠋ᠠᠷᠳᠠᠬᠤ ᠵᠢ ᠴᠢᠩᠭ᠋ᠠᠳᠬᠠᠬᠤ ᠪᠣᠯ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠵᠢᠷᠤᠮᠵᠢᠭᠤᠯᠤᠨ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ ᠭᠣᠤᠯᠳᠠᠭᠤ ᠬᠥᠳᠡᠯᠭᠡᠭᠡᠨ᠎ᠤ ᠲᠥᠷᠥᠯ ᠵᠦᠢ᠍ᠯ ᠵᠶ᠋ᠠᠷ ᠠᠴᠢᠶᠠᠯᠠᠪᠤᠷᠢ ᠪᠣᠯᠭ᠋ᠠᠨ ᠠᠵᠢᠯᠯᠠᠭ᠎ᠠ ᠥᠷᠨᠢᠭᠦᠯᠵᠦ᠂ ᠪᠡᠶ᠎ᠡ ᠵᠢᠨ ᠲᠠᠮᠢᠷ᠎ᠤᠨ ᠳᠠᠩ ᠲᠦᠷᠦᠯ᠎ᠤᠨ ᠨᠡᠶ᠋ᠢᠭᠡᠮᠯᠢᠭ᠎ᠨᠢ ᠪᠡᠶ᠎ᠡ ᠵᠢᠨ ᠲᠠᠮᠢᠷ᠎ᠤᠨ ᠲᠥᠷᠥᠯ   ᠵᠦᠢ᠍ᠯ᠎ᠤᠨ ᠬᠥᠭᠵᠢᠯᠲᠡ ᠵᠢ ᠵᠢᠷᠤᠮᠵᠢᠭᠤᠯᠬᠤ ᠲᠠᠯ᠎ᠠ᠎ᠪᠠᠷ ᠴᠢᠬᠤᠯᠠ ᠬᠠᠷᠢᠭᠤᠴᠠᠯᠭ᠎ᠠ ᠡᠭᠦᠷᠭᠡᠯᠡᠨ᠎ᠡ᠃ ᠣᠳᠣᠬᠠᠨ᠎ᠳᠤ᠂ ᠵᠠᠷᠢᠮ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠤᠨ ᠣᠯᠠᠩᠬᠢ᠎ᠨᠢ ᠠᠵᠢᠯ ᠲᠥᠷᠥᠯ᠎ᠤᠨ ᠵᠢᠷᠤᠮᠵᠢᠯ ᠳᠤᠲᠠᠮᠠᠭ᠂ ᠲᠤᠬᠠᠶ᠋ᠢᠯᠠᠭᠰᠠᠨ ᠠᠵᠢᠯ᠎ᠤᠨ ᠪᠠᠷᠢᠮᠵᠢᠶ᠎ᠠ ᠪᠦᠷᠢᠨ ᠪᠤᠰᠤ ᠪᠠᠶ᠋ᠢᠬᠤ᠎ᠲᠠᠢ ᠬᠣᠯᠪᠣᠭ᠎ᠠ᠎ᠲᠠᠢ ᠶᠤᠮ᠃ 《ᠰᠠᠨᠠᠯ》᠎ᠳᠤ ᠪᠦᠬᠦ ᠤᠯᠤᠰ᠎ᠠᠴᠠ ᠴᠢᠨᠠᠷᠲᠠᠶ ᠳᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠨᠢ ᠠᠵᠢᠯ ᠲᠥᠷᠥᠯ᠎ᠤᠨ ᠳᠦᠷᠢᠮᠵᠢᠯ᠎ᠢ ᠴᠢᠩᠭ᠋ᠠᠳᠬᠠᠬᠤ ᠬᠡᠷᠡᠭᠲᠡᠶ ᠭᠡᠵᠦ ᠳᠤᠷᠠᠳᠴᠤ᠂ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠪᠠᠷᠢᠮᠵᠢᠶ᠎ᠠ᠂ ᠠᠵᠢᠯ ᠲᠥᠷᠥᠯ᠎ᠤᠨ ᠵᠢᠷᠤᠮᠵᠢᠯ ᠵᠡᠷᠭᠡ ᠠᠷᠭ᠎ᠠ ᠮᠠᠶᠢᠭ᠎ᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠵᠢᠷᠦᠮᠵᠢᠭᠰᠡᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠲᠡᠭᠡᠬᠦ ᠮᠥᠷᠲᠡᠭᠡᠨ ᠡᠯ᠎ᠡ ᠱᠠᠲᠤᠨ᠎ᠤ ᠳᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠬᠤ ᠵᠢ ᠵᠣᠷᠢᠭᠵᠢᠭᠤᠯᠬᠤ ᠪᠠ ᠳᠡᠮᠵᠢᠵᠦ᠂ ᠢᠯᠡ ᠪᠥᠭᠡᠳ ᠵᠣᠬᠢᠴᠠᠩᠭᠤᠶ ᠪᠠᠶ᠋ᠢᠬᠤ ᠵᠢ ᠲᠤᠷᠠᠳᠤᠨ ᠭᠠᠷᠭ᠋ᠠᠪᠠ᠃
    ᠳᠥᠷᠪᠡ᠂ 《ᠰᠠᠨᠠᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ
    ᠲᠥᠷᠥ ᠵᠢᠨ ᠪᠣᠳᠣᠯᠭ᠎ᠠ ᠵᠢᠨ ᠠᠮᠢᠵᠢᠷᠠᠯ᠎ᠤᠨ ᠬᠦᠴᠦᠨ᠎ᠨᠢ ᠬᠡᠷᠡᠭᠵᠢᠭᠦᠯᠬᠦ᠎ᠳᠤ ᠪᠠᠢ᠍ᠨ᠎ᠠ᠂ 《ᠰᠠᠨᠠᠯ》 ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠳᠣᠲᠣᠷ᠎ᠠ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠵᠢᠯᠣᠭᠣᠳᠬᠤ ᠴᠢᠬᠤᠯᠠ ᠪᠢᠴᠢᠭ ᠮᠠᠲ᠋ᠧᠷᠢᠶᠠᠯ ᠪᠣᠯᠬᠤ ᠲᠤᠯᠠ ᠡᠯ᠎ᠡ   ᠭᠠᠵᠠᠷ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ 《ᠰᠠᠨᠠᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠨ᠎ᠠ᠃ 《ᠰᠠᠨᠠᠯ》᠎ᠳᠤ ᠣᠷᠣᠨ ᠨᠤᠲᠤᠭ᠎ᠤᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠳᠤᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠬᠥᠭᠵᠢᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠲᠤᠰᠬᠠᠶ ᠵᠦᠢ᠍ᠯ᠎ᠤᠨ ᠵᠠᠰᠠᠯᠲᠠ ᠵᠢᠨ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠥᠷᠨᠢᠭᠦᠯᠵᠦ᠂ ᠪᠥᠬᠥ ᠲᠠᠯ᠎ᠠ᠎ᠪᠠᠷ ᠪᠠᠶ᠋ᠢᠴᠠᠭ᠋ᠠᠨ ᠵᠢᠭᠰᠠᠭ᠋ᠠᠵᠤ᠂ ᠠᠰᠠᠭᠤᠳᠠᠯ ᠣᠷᠣᠰᠢᠵᠤ ᠪᠠᠶ᠋ᠢᠭ᠎ᠠ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠢ ᠰᠢᠪᠠᠳᠠᠵᠤ ᠪᠠᠶ᠋ᠢᠭ᠋ᠠᠳ ᠨᠢᠭᠡᠳ ᠨᠢᠭᠡ᠎ᠪᠠᠷ ᠴᠡᠭᠴᠡᠯᠡᠨ ᠰᠠᠶ᠋ᠢᠵᠢᠷᠠᠭᠤᠯᠤᠨ᠎ᠠ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠪᠣᠯᠤᠨ ᠳᠠᠩ ᠲᠦᠷᠦᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠵᠢᠴᠢ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠊ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠵᠢᠴᠢ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠢ᠌ᠭᠤᠯᠤᠮᠵᠢ᠎ᠨᠤᠭᠤᠳ ᠰᠤᠭᠤᠴᠢᠨ ᠪᠠᠶ᠋ᠢᠴᠠᠭ᠋ᠠᠬᠤ᠂ ᠵᠡᠷᠭᠡ ᠳᠡᠰ᠎ᠢ ᠦᠨᠡᠯᠡᠨ ᠲᠣᠭᠲᠠᠭ᠋ᠠᠬᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠠᠷᠢᠭᠤᠴᠠᠯᠭ᠋ᠠᠲᠠᠨ᠂ ᠪᠡᠯᠡ ᠮᠥᠩᠭᠥ᠂ ᠳᠦᠷᠢᠮ᠎ᠤᠨ ᠶᠣᠰᠣᠭ᠋ᠠᠷ ᠠᠵᠢᠯᠯᠠᠭ᠎ᠠ ᠥᠷᠨᠢᠭᠦᠯᠬᠦ ᠵᠢᠴᠢ ᠠᠮᠤᠷ ᠲᠦᠪᠰᠢᠨ᠂ ᠡᠷᠡᠭᠦᠯ ᠬᠠᠮᠠᠭ᠋ᠠᠯᠠᠯ ᠵᠡᠷᠭᠡ ᠪᠠᠢ᠍ᠳᠠᠯ᠎ᠳᠤ ᠬᠢᠨᠠᠯᠲᠠ ᠲᠠᠯᠪᠢᠬᠤ   ᠵᠢ ᠴᠢᠩᠭ᠋ᠠᠳᠬᠠᠨ᠎ᠠ᠃
    《ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠡᠯ᠎ᠡ ᠭᠠᠵᠠᠷ᠎ᠤᠨ᠎ᠬᠢᠨ ᠢᠳᠡᠪᠬᠢᠲᠡᠶ᠎ᠪᠠᠷ ᠬᠥᠳᠡᠯᠦᠯᠴᠡᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠲᠤᠰᠬᠠᠢ ᠲᠦᠷᠦᠯ᠎ᠤᠨ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠠᠬᠢᠭᠤᠯᠤᠨ ᠵᠢᠷᠤᠮᠵᠢᠭᠤᠯᠬᠤ ᠬᠡᠷᠡᠭᠲᠡᠶ᠃ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ 《ᠰᠠᠨᠠᠯ》᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠵᠣᠬᠢᠴᠠᠭᠤᠯᠤᠨ ᠰᠢᠮᠳᠠᠭᠤᠯᠤᠨ ᠵᠢᠯᠣᠭᠣᠳᠤᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
 
            